ᠨᠠᠩᠰᠣ ᠪᠠᠯᠭᠠᠰᠣ ᠶᠠᠳᠠᠭᠤ ᠠᠴᠠ ᠠᠩᠭᠢᠵᠢᠷᠠᠭᠤᠯᠬᠤ ᠲᠦᠷᠦᠯ ᠵᠣᠶᠢᠯ ᠤᠨ ᠣᠷᠴᠢᠨ ᠬᠠᠮᠠᠭᠠᠯᠠᠯᠳᠠ ᠶᠢᠨ ᠲᠣᠭᠤᠰᠬᠠᠨ ᠣᠶᠢᠯᠠᠳᠪᠦᠷᠢ ᠶᠢᠨ ᠡᠬᠢᠯᠡᠯᠳᠡ ᠶᠢᠨ ᠶᠣᠰᠣᠯᠠᠯ ᠶᠠᠪᠣᠭᠳᠠᠭᠤᠯᠪᠠ
ᠨᠡᠶᠢᠲᠡᠯᠡᠭᠰᠡᠨ ᠴᠠᠭ᠄
2020/9/14
ᠮᠣᠭᠠᠶᠢᠳᠦ ᠭᠠᠴᠠᠭᠠᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠪᠠᠶᠢᠴᠠᠭᠠᠨ ᠰᠣᠳᠣᠯᠣᠯᠳᠠ᠂ ᠣᠯᠠᠨ ᠲᠠᠯ᠎ᠠ  ᠶᠢᠨ ᠵᠣᠬᠢᠴᠠᠭᠤᠯᠣᠯᠳᠠ ᠪᠠᠷ ᠲᠠᠮᠵᠢᠭᠤᠯᠣᠨ᠂ ᠲᠡᠭᠡᠳᠦ ᠰᠢᠨ᠎ᠡ ᠮᠡᠷᠭᠡᠵᠢᠯ ᠤᠨ ᠠᠵᠣ ᠠᠬᠤᠶᠢᠯᠠᠯ ᠪᠡᠭᠡᠵᠢᠩ ᠤᠨ ᠵᠢᠶᠠ ᠾᠧ ᠲᠢᠶᠠᠨ ᠬᠤᠸᠠ ᠡᠨᠧᠷᠬᠢ ᠠᠷᠪᠢᠯᠠᠬᠤ ᠣᠷᠴᠢᠨ ᠬᠠᠮᠠᠭᠠᠯᠠᠯᠳᠠ ᠶᠢᠨ ᠺᠣᠮᠫᠠᠨᠢ ᠶᠢ ᠣᠷᠢᠨ ᠠᠪᠴᠠᠷᠠᠵᠣ᠂ ᠨᠠᠩᠰᠦ ᠪᠠᠯᠭᠠᠰᠣᠨ ᠤ ᠮᠣᠭᠠᠶᠢᠳᠦ ᠭᠠᠴᠠᠭᠠᠨ ᠳᠤ 3500 ᠭᠠᠷᠣᠢ ᠲᠦᠮᠡᠨ ᠲᠦᠭᠦᠷᠢᠭ ᠤᠨ ᠪᠡᠯᠡ ᠣᠷᠣᠭᠤᠯᠣᠨ᠂ ᠵᠢᠯ ᠳᠤ 6 ᠲᠦᠮᠡᠨ ᠪᠣᠰᠤᠭ᠎ᠠ ᠲᠦᠷᠪᠡᠯᠵᠢᠨ ᠮᠧᠲᠷ ᠠᠭᠤᠷᠬᠠᠢ ᠶᠢᠨ ᠬᠤᠳᠳᠤᠭ ᠤᠨ ᠰᠢᠩᠭᠡᠨ ᠰᠢᠪᠠᠷ᠂ 1.2 ᠲᠦᠮᠡᠨ ᠲᠣᠨ ᠨᠡᠭᠦᠷᠡᠰᠣᠨ ᠴᠢᠯᠠᠭᠤ ᠶᠢ ᠰᠢᠢᠳᠪᠦᠷᠢᠯᠡᠨ ᠠᠰᠢᠭᠯᠠᠵᠣ᠂ 1 ᠳ᠋ᠦᠩᠰᠢᠭᠤᠷ ᠣᠷᠴᠢᠨ ᠬᠠᠮᠠᠭᠠᠯᠠᠯᠳᠠ ᠶᠢᠨ ᠲᠣᠭᠤᠰᠬ᠎ᠠ ᠣᠶᠢᠯᠠᠳᠪᠦᠷᠢᠯᠠᠬᠦ ᠴᠢᠳᠠᠪᠦᠷᠢ ᠲᠠᠢ ᠶᠠᠳᠠᠭᠤ ᠠᠴᠠ ᠠᠩᠬᠢᠵᠢᠷᠠᠭᠤᠯᠬᠤ ᠲᠦᠷᠦᠯ ᠵᠣᠶᠢᠯ ᠤᠨ ᠣᠷᠴᠢᠨ ᠬᠠᠮᠠᠭᠠᠯᠠᠯᠳᠠ ᠶᠢᠨ ᠲᠣᠭᠤᠰᠬᠠᠨ ᠣᠶᠢᠯᠠᠳᠪᠦᠷᠢ ᠪᠠᠶᠢᠭᠤᠯᠵᠠᠢ᠃ ᠮᠣᠭᠠᠶᠢᠳᠦ ᠭᠠᠴᠠᠭᠠᠨ ᠤ ᠶᠠᠳᠠᠭᠤ ᠠᠴᠠ ᠠᠩᠬᠢᠵᠢᠷᠠᠭᠤᠯᠬᠤ ᠬᠤᠷᠰᠢᠶᠠᠵᠢᠯ ᠠᠴᠠ ᠬᠡᠷᠡᠭᠯᠡᠬᠦ ᠭᠠᠵᠠᠷ ᠰᠢᠷᠣᠢ ᠪᠠᠷ ᠬᠤᠪᠢ ᠣᠷᠣᠬᠤ ᠬᠡᠯᠪᠡᠷᠢ ᠪᠠᠷ ᠲᠣᠰ ᠠᠵᠣ ᠠᠬᠤᠶᠢᠯᠠᠯ ᠲᠠᠢ ᠬᠤᠷᠰᠢᠨ ᠡᠨᠡᠬᠦ ᠲᠣᠭᠤᠰᠬᠠᠨ ᠣᠶᠢᠯᠠᠳᠪᠦᠷᠢ ᠶᠢ ᠪᠠᠶᠢᠭᠤᠯᠵᠣ᠂ ᠡᠬᠢ ᠰᠣᠷᠪᠣᠯᠵᠢ ᠶᠢ ᠡᠳ᠋ ᠬᠦᠷᠦᠩᠭᠡ ᠪᠣᠯᠭᠠᠬᠤ᠂ ᠡᠳ᠋ ᠬᠦᠷᠦᠩᠭᠡ ᠶᠢ ᠪᠡᠯᠡ ᠮᠦᠩᠭᠦ ᠪᠣᠯᠭᠠᠬᠤ᠂ ᠪᠡᠯᠡ ᠮᠦᠩᠭᠦ ᠶᠢ ᠬᠤᠪᠢ ᠣᠷᠣᠭᠤᠯᠣᠭᠰᠠᠨ ᠮᠦᠩᠭᠦ ᠪᠣᠯᠭᠠᠬᠤ ᠶᠢ ᠪᠡᠶᠡᠯᠡᠭᠦᠯᠦᠭᠰᠡᠨ ᠮᠦᠷᠳᠡᠭᠡᠨ ᠭᠠᠴᠠᠭ᠎ᠠ ᠪᠣᠯᠣᠨ ᠣᠶᠢᠷ᠎ᠠ ᠬᠠᠪᠢ ᠶᠢᠨ ᠮᠠᠯᠴᠢᠨ ᠲᠠᠷᠢᠶᠠᠴᠢᠳ  ᠤᠨ ᠠᠵᠢᠯ ᠣᠯᠬᠤ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ ᠲᠣᠰ ᠲᠦᠷᠦᠯ ᠵᠣᠶᠢᠯ 2019 ᠣᠨ ᠤ 11 ᠰᠠᠷ᠎ᠠ ᠳᠤ ᠪᠠᠷᠢᠯᠭ᠎ᠠ ᠡᠬᠢᠯᠡᠨ᠂ ᠡᠳᠦᠭᠡ ᠨᠢᠭᠡᠨᠳᠡ ᠲᠣᠷᠰᠢᠨ ᠣᠶᠢᠯᠠᠳᠪᠦᠷᠢᠯᠡᠵᠣ ᠡᠬᠢᠯᠡᠭᠰᠡᠨ ᠠᠴᠠ ᠮᠣᠭᠠᠶᠢᠳᠦ ᠭᠠᠴᠠᠭᠠᠨ ᠤ ᠶᠠᠳᠠᠭᠤ ᠠᠴᠠ ᠠᠩᠬᠢᠵᠢᠷᠠᠭᠤᠯᠬᠤ ᠬᠤᠷᠰᠢᠶᠠᠵᠢᠯ ᠵᠢᠯ ᠪᠣᠯᠭᠠᠨ 40 ᠭᠠᠷᠣᠢ ᠲᠦᠮᠡᠨ ᠲᠦᠭᠦᠷᠢᠭ ᠤᠨ ᠠᠰᠢᠭ ᠬᠤᠪᠢᠶᠠᠵᠣ ᠣᠯᠬᠤ ᠪᠣᠯᠣᠨ᠎ᠠ᠃ ᠪᠦᠳᠦᠭᠡᠨ ᠪᠠᠶᠢᠭᠤᠯᠣᠯᠳᠠ ᠶᠢᠨ ᠬᠤᠭᠤᠴᠠᠭᠠᠨ ᠳᠤ᠂ ᠭᠠᠴᠠᠭᠠᠨ ᠳᠤ ᠰᠠᠭᠤᠭ᠎ᠠ ᠠᠵᠢᠯᠯᠠᠬᠤ ᠠᠩᠬᠢ ᠶᠠᠳᠠᠭᠤ ᠠᠴᠠ ᠠᠩᠬᠢᠵᠢᠷᠠᠭᠤᠯᠬᠤ ᠲᠣᠭᠤᠰᠬᠠᠨ ᠣᠶᠢᠯᠠᠳᠪᠦᠷᠢ ᠶᠢᠨ ᠭᠠᠵᠠᠷ ᠰᠢᠷᠣᠢ  ᠶᠢᠨ ᠦᠨᠡᠮᠯᠡᠯ ᠤᠨ ᠭᠠᠷ ᠭᠦᠢᠴᠡᠳᠬᠡᠯ᠂ 10kv ᠴᠠᠬᠢᠯᠭᠠᠨ ᠬᠦᠴᠦᠨ ᠤ ᠱᠣᠭᠤᠮ ᠤᠨ ᠪᠠᠶᠢᠭᠤᠯᠣᠯᠳᠠ ᠶᠢᠨ ᠵᠣᠬᠢᠴᠠᠭᠤᠯᠣᠯᠳᠠ ᠵᠡᠷᠭᠡ ᠠᠵᠢᠯ ᠳᠤ ᠢᠳᠡᠪᠬᠢᠳᠡᠢ ᠬᠠᠮᠵᠢᠯᠴᠠᠨ᠂ ᠲᠣᠭᠤᠰᠬᠠᠨ ᠣᠶᠢᠯᠠᠳᠪᠦᠷᠢ ᠠᠰᠢᠭᠯᠠᠯᠳᠠ ᠳᠤ ᠣᠷᠣᠭᠤᠯᠬᠤ ᠶᠢ ᠠᠬᠢᠭᠤᠯᠣᠭᠰᠠᠨ ᠪᠠᠶᠢᠨ᠎ᠠ᠃ ᠨᠠᠩᠰᠦ ᠶᠢᠨ ᠶᠠᠳᠠᠭᠤ ᠠᠴᠠ ᠠᠩᠬᠢᠵᠢᠷᠠᠭᠤᠯᠬᠤ ᠲᠦᠷᠦᠯ ᠵᠣᠶᠢᠯ ᠤᠨ ᠣᠷᠴᠢᠨ ᠬᠠᠮᠠᠭᠠᠯᠠᠯᠳᠠ ᠶᠢᠨ ᠲᠣᠭᠤᠰᠬᠠᠨ ᠣᠶᠢᠯᠠᠳᠪᠦᠷᠢ ᠠᠰᠢᠭᠯᠠᠯᠳᠠ ᠳᠤ ᠣᠷᠣᠭᠰᠠᠨ ᠶᠠᠪᠣᠳᠠᠯ ᠪᠣᠯ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠢᠯᠠᠯᠳᠠ ᠶᠢ ᠣᠯᠬᠤ ᠪᠠᠰᠠ ᠨᠢᠭᠡ ᠴᠢᠬᠤᠯᠠ ᠠᠷᠭ᠎ᠠ ᠠᠪᠴᠠᠯ ᠪᠣᠯᠬᠤ ᠶᠣᠮ᠂ ᠨᠠᠩᠰᠦ ᠪᠠᠯᠭᠠᠰᠣᠨ ᠤ ᠺᠠᠳ᠋ᠷ ᠣᠯᠠᠨ ᠲᠦᠮᠡᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠣᠨ ᠤ ᠦᠵᠡᠯᠳᠡ ᠶᠢ ᠬᠢᠨᠠᠮᠠᠭᠠᠢ ᠰᠣᠷᠣᠯᠴᠠᠵᠣ᠂ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠬᠤ᠂ ᠪᠣᠬᠢᠷᠳᠣᠯ ᠦᠭᠡᠢ ᠬᠦᠭᠵᠢᠯᠳᠡ ᠶᠢ ᠪᠠᠷᠢᠮᠳᠠᠯᠠᠨ᠂ ᠶᠠᠳᠠᠭᠤ ᠠᠴᠠ ᠠᠩᠬᠢᠵᠢᠷᠠᠭᠤᠯᠬᠤ ᠲᠣᠭᠤᠰᠬᠠᠨ ᠣᠶᠢᠯᠠᠳᠪᠦᠷᠢ ᠶᠢᠨ ᠣᠶᠢᠯᠠᠳᠪᠦᠷᠢᠯᠠᠯ ᠢ ᠴᠢᠨᠠᠷᠯᠢᠭ᠂ ᠦᠨᠳᠦᠷ ᠪᠠᠷᠢᠮᠵᠢᠶ᠎ᠠ ᠲᠠᠢ ᠪᠠᠷ ᠶᠠᠪᠣᠭᠳᠠᠭᠤᠯᠬᠤ ᠪᠠᠷ ᠪᠣᠢ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号