ᠣᠲᠤᠭ ᠤᠨ ᠡᠮᠦᠨᠡᠲᠦ ᠬᠤᠰᠢᠭᠤᠨ ᠤ ᠱᠠᠩᠬᠠᠢ ᠶᠢᠨ ᠰᠦᠮ᠎ᠡ ᠪᠠᠯᠭᠠᠰᠣ ᠣᠰᠣ ᠴᠠᠭᠢᠯᠭᠠᠨ ᠵᠠᠮ ᠴᠢᠮᠡᠭᠡ ᠬᠤᠯᠪᠣᠭᠠᠨ ᠤ ᠪᠠᠶᠢᠭᠤᠯᠣᠯᠲᠠ ᠶᠢ ᠴᠢᠩᠭᠠᠳᠬᠠᠵᠤ ᠴᠢᠨᠡᠭᠡᠯᠢᠭ ᠨᠡᠶᠢᠬᠡᠮ ᠢ ᠴᠤᠭᠴᠠᠯᠠᠨ ᠠᠷᠠᠳ ᠢᠶᠠᠨ ᠪᠠᠶᠠᠵᠢᠭᠤᠯᠵᠣ ᠪᠣᠢ
ᠨᠡᠶᠢᠲᠡᠯᠡᠭᠰᠡᠨ ᠴᠠᠭ᠄
2020/9/4
    ᠱᠠᠩᠬᠠᠢ ᠶᠢᠨ ᠰᠦᠮ᠎ᠡ ᠪᠠᠯᠭᠠᠰᠣ ᠭᠠᠴᠠᠭ᠎ᠠ ᠲᠣᠰᠬᠤᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠣᠰᠣ᠂ ᠴᠠᠭᠢᠯᠭᠠᠨ᠂ ᠵᠠᠮ᠂ ᠴᠢᠮᠡᠭᠡ ᠬᠤᠯᠪᠣᠭᠠᠨ ᠤ ᠲᠠᠯ᠎ᠠ ᠳᠡᠭᠡᠷ᠎ᠡ ᠬᠦᠴᠦᠯᠡᠵᠦ᠂ ᠰᠠᠭᠤᠷᠢ ᠲᠦᠭᠦᠭᠡᠷᠦᠮᠵᠢ ᠬᠠᠷᠢᠴᠠᠩᠭᠤᠢ ᠬᠤᠴᠣᠷᠣᠩᠭᠤᠢ ᠪᠠᠭᠤᠷᠠᠢ ᠭᠤᠭᠴᠤᠭ᠎ᠠ ᠶᠢ ᠰᠢᠪᠲᠤᠯᠤᠨ᠂ ᠣᠰᠣ ᠴᠠᠬᠢᠯᠭᠠᠨ ᠵᠠᠮ ᠴᠢᠮᠡᠭᠡ ᠬᠤᠯᠪᠣᠭᠠᠨ ᠤ ᠰᠠᠭᠠᠳ ᠦᠭᠡᠢ ᠨᠡᠪᠲᠡᠷᠡᠯ ᠢ ᠠᠬᠢᠭᠤᠯᠵᠣ᠂ ᠣᠯᠠᠨ ᠲᠦᠮᠡᠨ ᠤ ᠠᠵᠣ ᠠᠮᠢᠳᠣᠷᠠᠯ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠪᠦᠬᠦ ᠬᠦᠴᠦᠨ ᠢᠶᠠᠷ ᠳᠡᠭᠡᠭᠰᠢᠯᠡᠭᠦᠯᠵᠦ ᠪᠣᠢ᠃     ᠣᠰᠣᠨ ᠤ ᠡᠬᠢ ᠪᠠᠶᠠᠯᠢᠭ ᠤᠨ ᠬᠠᠮᠢᠶᠠᠷᠣᠯᠲᠠ ᠶᠢ ᠲᠡᠭᠦᠯᠳᠡᠷᠵᠢᠭᠦᠯᠵᠦ᠂ ᠠᠮᠢ ᠠᠬᠤᠢ ᠣᠰᠣᠨ ᠠᠰᠢᠭᠯᠠᠯᠲᠠ ᠪᠠᠷ ᠠᠷᠠᠳ ᠲᠤ ᠠᠰᠢᠭ  ᠬᠦᠷᠲᠡᠭᠡᠪᠡ᠃ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠪᠠᠷ ᠵᠤᠷᠢᠯᠭ᠎ᠠ ᠪᠠᠨ ᠪᠣᠯᠭᠠᠵᠣ᠂ ᠣᠰᠣᠨ ᠠᠰᠢᠭᠯᠠᠯᠲᠠ ᠶᠢᠨ ᠰᠠᠭᠤᠷᠢ ᠶᠢ ᠪᠠᠬᠢᠵᠢᠭᠦᠯᠬᠦ ᠪᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠶᠢ ᠨᠢᠭᠲᠠ ᠣᠶᠠᠯᠳᠣᠭᠤᠯᠣᠨ᠂ ᠬᠠᠷᠢᠴᠠᠩᠭᠤᠢ ᠬᠤᠴᠣᠷᠣᠩᠭᠤᠢ ᠭᠠᠴᠠᠭ᠎ᠠ ᠲᠣᠰᠬᠤᠨ ᠤ ᠦᠢᠯᠡᠳᠪᠦᠷᠢᠯᠡᠯ ᠠᠮᠢᠳᠣᠷᠠᠯ ᠤᠨ ᠨᠦᠬᠦᠴᠡᠯ ᠢ ᠲᠠᠰᠣᠷᠠᠯᠲᠠ ᠦᠭᠡᠢ ᠰᠠᠶᠢᠵᠢᠷᠠᠭᠤᠯᠵᠣ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠪᠠᠲᠤ ᠴᠢᠩᠭ᠎ᠠ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠪᠠ᠃ ᠪᠦᠬᠦ ᠪᠠᠯᠭᠠᠰᠣ ᠣᠰᠣ ᠣᠮᠳᠠ ᠶᠢᠨ ᠬᠦᠴᠢᠷᠳᠡᠯᠲᠡᠢ ᠮᠠᠯᠴᠢᠨ ᠲᠠᠷᠢᠶᠠᠴᠢᠨ ᠳᠤ ᠨᠡᠶᠢᠲᠡ 54 ᠣᠰᠣᠨ ᠵᠤᠭᠤᠷᠢ᠂ 11 ᠣᠰᠣ ᠬᠠᠩᠭᠠᠬᠤ ᠬᠤᠳᠳᠤᠭ ᠤᠨ ᠲᠦᠷᠦᠯ ᠵᠦᠢᠯ ᠢ ᠴᠢᠷᠮᠠᠶᠢᠨ ᠣᠯᠵᠣ᠂ 62 ᠮᠠᠯᠴᠢᠨ ᠲᠠᠷᠢᠶᠠᠴᠢᠨ ᠡᠷᠦᠬᠡ ᠳᠤ ᠣᠰᠣ ᠴᠡᠪᠡᠷᠰᠢᠭᠦᠯᠬᠦ ᠲᠦᠭᠦᠭᠡᠷᠦᠮᠵᠢ ᠣᠭᠰᠠᠷᠠᠨ᠂ ᠭᠠᠩ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ 2 ᠬᠤᠳᠳᠤᠭ ᠢ ᠰᠡᠯᠪᠢᠨ ᠵᠠᠰᠠᠵᠣ᠂ 7.8 ᠺᠢᠯᠦᠮᠧᠲᠷ ᠣᠰᠣ ᠬᠠᠩᠭᠠᠬᠤ ᠬᠤᠭᠤᠯᠠᠢ ᠶᠢ ᠳᠠᠷᠣᠨ᠂ 90 ᠭᠠᠷᠣᠢ ᠮᠠᠯᠴᠢᠨ ᠲᠠᠷᠢᠶᠠᠴᠢᠨ ᠡᠷᠦᠭᠡ ᠶᠢᠨ ᠣᠰᠣᠨ ᠵᠣᠭᠤᠷᠢ ᠶᠢᠨ ᠬᠠᠲᠠᠭᠤᠵᠢᠭᠤᠯᠣᠯᠲᠠ ᠶᠢᠨ ᠠᠵᠢᠯ ᠢ ᠪᠠᠶᠠᠯᠠᠭᠦᠯᠵᠦ᠂ ᠮᠠᠯᠴᠢᠨ ᠲᠠᠷᠢᠶᠠᠴᠢᠨ ᠤ ᠣᠰᠣ ᠣᠮᠳᠠ ᠶᠢᠨ ᠬᠦᠴᠢᠷᠳᠡᠯ ᠢ ᠶᠡᠬᠡᠬᠡᠨ ᠨᠠᠮᠳᠠᠭᠤᠯᠪᠠ᠃     ᠴᠠᠬᠢᠯᠭᠠᠨ ᠲᠣᠣᠷ ᠤᠨ ᠦᠭᠡᠷᠡᠴᠢᠯᠡᠯᠲᠡ ᠶᠢ ᠴᠢᠩᠭᠠᠳᠬᠠᠵᠣ᠂ ᠲᠦᠭᠦᠭᠡᠷᠦᠮᠵᠢ ᠶᠢᠨ ᠲᠡᠭᠦᠯᠳᠡᠷᠵᠢᠭᠦᠯᠦᠯᠲᠡ ᠪᠠᠷ ᠠᠷᠠᠳ ᠲᠤ ᠬᠠᠷᠠᠭᠠᠯᠵᠠᠯ ᠦᠵᠡᠭᠦᠯᠪᠡ᠃ ᠴᠠᠬᠢᠯᠭᠠᠨ ᠬᠠᠩᠭᠠᠬᠤ ᠦᠭᠡᠷᠡᠴᠢᠯᠡᠯᠲᠡ ᠳᠡᠭᠡᠷ᠎ᠡ ᠬᠦᠴᠦᠯᠡᠨ᠂ ᠴᠠᠬᠢᠯᠭᠠᠨ ᠬᠠᠩᠭᠠᠬᠤ ᠭᠠᠵᠠᠷ ᠲᠠᠢ ᠬᠠᠮᠲᠤᠷᠠᠨ ᠴᠠᠭᠢᠯᠭᠠᠨ ᠬᠦᠴᠦᠨ ᠤ ᠲᠦᠭᠦᠭᠡᠷᠦᠮᠵᠢ ᠶᠢ ᠲᠡᠰ ᠳᠡᠪᠰᠢᠭᠦᠯᠦᠨ ᠦᠭᠡᠷᠡᠴᠢᠯᠡᠵᠦ᠂ ᠴᠠᠭᠢᠯᠭᠠᠨ ᠬᠠᠩᠭᠠᠯᠭ᠎ᠠ ᠲᠤᠭᠲᠠᠪᠣᠷᠢ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ ᠴᠠᠬᠢᠯᠭᠠᠨ ᠤ ᠬᠡᠷᠡᠭᠯᠡᠭᠡ ᠶᠢᠨ ᠴᠢᠨᠠᠷ ᠢ ᠦᠨᠡᠨ ᠬᠦ ᠳᠡᠭᠡᠭᠰᠢᠯᠡᠭᠦᠯᠪᠡ᠃ ᠨᠡᠶᠢᠲᠡ 20 ᠭᠠᠷᠣᠢ ᠡᠷᠦᠬᠡ ᠶᠢᠨ ᠰᠣᠯᠠ ᠴᠠᠭᠢᠯᠭᠠᠨ ᠤ ᠬᠦᠴᠦᠳᠡᠯ ᠢ ᠨᠡᠮᠡᠭᠳᠡᠭᠦᠯᠬᠦ ᠪᠠᠷ ᠭᠤᠶᠤᠴᠢᠯᠠᠵᠤ᠂ 1 ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠳᠤ ᠦᠨᠳᠦᠷ ᠬᠦᠴᠦᠳᠡᠯᠲᠦ ᠴᠠᠭᠢᠯᠭᠠᠨ ᠨᠡᠪᠲᠡᠷᠡᠭᠦᠯᠦᠨ᠂ ᠴᠠᠬᠢᠯᠭᠠᠨ ᠬᠡᠷᠡᠭᠯᠡᠬᠦ ᠳᠤ ᠬᠦᠴᠢᠷᠳᠡᠯᠲᠡᠢ ᠭᠠᠴᠠᠭ᠎ᠠ ᠲᠣᠰᠬᠤᠨ ᠳᠤ ᠰᠢᠨ᠎ᠡ ᠪᠠᠷ 24 ᠺᠢᠯᠦᠮᠧᠲᠷ ᠦᠨᠳᠦᠷ ᠬᠦᠴᠦᠳᠡᠯᠲᠦ ᠱᠣᠭᠤᠮ ᠢ ᠨᠡᠪᠲᠡᠷᠡᠭᠦᠯᠵᠦ᠂ 20 ᠮᠠᠯᠴᠢᠨ ᠲᠠᠷᠢᠶᠠᠴᠢᠨ ᠡᠷᠦᠬᠡ ᠶᠢᠨ ᠴᠠᠬᠢᠯᠭᠠᠨ ᠬᠡᠷᠡᠭᠯᠡᠬᠦ ᠳᠤ ᠬᠦᠴᠢᠷᠲᠡᠢ ᠪᠠᠶᠢᠭᠰᠠᠨ ᠠᠰᠠᠭᠤᠳᠠᠯ ᠢ ᠰᠢᠢᠳᠪᠦᠷᠢᠯᠡᠪᠡ᠃ ᠮᠠᠯᠵᠢᠬᠤ ᠲᠠᠷᠢᠶᠠᠯᠠᠬᠤ ᠣᠷᠣᠨ ᠤ ᠠᠶᠣᠯᠭᠦᠢ ᠴᠠᠬᠢᠯᠭᠠᠨ ᠬᠡᠷᠡᠭᠯᠡᠭᠡ᠂ ᠰᠠᠨᠠᠭ᠎ᠠ ᠠᠮᠣᠷ ᠴᠠᠬᠢᠯᠭᠠᠨ ᠬᠡᠷᠡᠭᠯᠡᠭᠡ ᠳᠤ ᠪᠠᠲᠤ ᠰᠠᠭᠤᠷᠢ ᠶᠢ ᠲᠠᠯᠪᠢᠪᠠ᠃ ᠴᠠᠬᠢᠯᠭᠠᠨ ᠬᠦᠴᠦ ᠬᠠᠩᠭᠠᠮᠵᠢᠲᠠᠢ ᠪᠣᠯᠣᠭᠰᠠᠨ ᠠᠴᠠ ᠤᠯᠠᠨ ᠲᠦᠮᠡᠨ ᠳᠤ ᠨᠡᠩ ᠣᠯᠠᠨ ᠪᠠᠶᠠᠵᠢᠯ ᠤᠨ ᠵᠠᠮ ᠤᠨ ᠰᠣᠩᠭᠤᠯᠲᠠ ᠲᠠᠢ ᠪᠣᠯᠵᠣ᠂ ᠴᠢᠨᠡᠭᠡᠯᠢᠭ ᠨᠡᠶᠢᠬᠡᠮ ᠤᠨ ᠪᠠᠶᠢᠭᠤᠯᠤᠯᠲᠠ ᠶᠢᠨ ᠲᠠᠷᠳᠠᠩ ᠬᠠᠷᠭᠤᠢ ᠴᠤ ᠴᠠᠬᠢᠯᠭᠠᠨ ᠲᠣᠣᠷ ᠤᠨ ᠲᠠᠰᠣᠷᠠᠯᠲᠠ ᠦᠭᠡᠢ ᠦᠷᠭᠡᠳᠦᠯ ᠢ ᠳᠠᠭᠠᠯᠳᠣᠨ ᠡᠮᠦᠨᠡᠰᠢ ᠪᠠᠨ ᠰᠣᠨᠣᠯᠵᠠᠵᠣ ᠪᠣᠢ᠃     ᠵᠠᠮ ᠬᠠᠷᠢᠯᠴᠠᠭᠠᠨ ᠤ ᠪᠦᠲᠦᠭᠡᠨ ᠪᠠᠶᠢᠭᠤᠯᠣᠯᠲᠠ ᠶᠢ ᠲᠡᠭᠦᠯᠳᠡᠷᠵᠢᠭᠦᠯᠵᠦ᠂ ᠴᠢᠨᠡᠭᠡᠯᠢᠭ ᠨᠡᠶᠢᠬᠡᠮ ᠤᠨ ᠪᠠᠶᠢᠭᠤᠯᠣᠯᠲᠠ ᠶᠢ ᠪᠠᠬᠢᠵᠢᠭᠦᠯᠦᠨ ᠠᠷᠠᠳ ᠢ ᠲᠣᠰᠠᠯᠠᠪᠠ᠃ ᠪᠠᠶᠠᠵᠢᠬᠤ ᠳᠤ ᠣᠷᠢᠳ ᠢᠶᠠᠷ ᠵᠠᠮ ᠢ ᠨᠡᠪᠲᠡᠷᠡᠭᠦᠯᠵᠦ᠂ ᠵᠠᠮ ᠬᠠᠷᠢᠯᠴᠠᠭ᠎ᠠ ᠰᠠᠭᠠᠳ ᠦᠭᠡᠢ ᠪᠣᠯᠣᠮᠠᠨᠵᠢᠨ ᠮᠠᠯ ᠲᠠᠷᠢᠶᠠᠯᠠᠩ ᠤᠨ ᠪᠦᠲᠦᠭᠡᠭᠳᠡᠭᠦᠨ ᠰᠠᠶ᠋ᠢ ᠵᠠᠬ᠎ᠠ ᠳᠡᠯᠭᠡᠭᠦᠷ ᠲᠤ ᠰᠢᠭᠤᠳ ᠣᠷᠣᠵᠣ ᠴᠢᠳᠠᠨ᠎ᠠ᠃ ᠱᠠᠩᠬᠠᠢ ᠶᠢᠨ ᠰᠦᠮ᠎ᠡ ᠪᠠᠯᠭᠠᠰᠣ ᠮᠠᠯᠵᠢᠬᠤ ᠲᠠᠷᠢᠶᠠᠯᠠᠬᠤ ᠣᠷᠣᠨ ᠤ ᠵᠠᠮ ᠲᠡᠭᠡᠭᠡᠪᠦᠷᠢ ᠶᠢᠨ ᠨᠦᠬᠦᠴᠡᠯ ᠢ ᠰᠠᠶᠢᠵᠢᠷᠠᠭᠤᠯᠬᠤ ᠪᠠᠷ ᠬᠦᠴᠦᠯᠡᠵᠦ᠂ ᠣᠯᠠᠨ ᠲᠦᠮᠡᠨ ᠳᠤ ᠵᠠᠮ ᠲᠡᠭᠡᠭᠡᠪᠦᠷᠢ ᠶᠢᠨ ᠦᠨᠳᠦᠰᠦᠨ ᠨᠡᠶᠢᠲᠡ ᠶᠢᠨ ᠦᠢᠯᠡᠴᠢᠯᠡᠭᠡ ᠶᠢ ᠡᠳ᠋ᠯᠡᠭᠦᠯᠬᠦ ᠶᠢ ᠪᠠᠲᠤᠯᠠᠬᠤ ᠪᠠᠷ ᠬᠠᠷᠠᠯᠲᠠ ᠪᠠᠨ ᠪᠣᠯᠭᠠᠨ᠂ ᠭᠠᠳᠠᠭᠰᠢ ᠨᠡᠪᠲᠡᠷᠡᠨ ᠲᠣᠲᠣᠨ᠎ᠠ ᠬᠢ ᠶᠢ ᠬᠤᠯᠪᠣᠭᠰᠠᠨ᠂ ᠠᠮᠣᠷ ᠳᠦᠪᠰᠢᠨ ᠳᠦᠭᠦᠮ ᠲᠦᠳᠠ ᠬᠦᠳᠡᠭᠡ ᠲᠣᠰᠬᠤᠨ ᠤ ᠵᠠᠰᠠᠮᠠᠯ ᠵᠠᠮ ᠤᠨ ᠪᠠᠶᠢᠭᠤᠯᠣᠯᠲᠠ ᠶᠢ ᠲᠦᠷᠭᠡᠪᠴᠢᠯᠡᠨ ᠲᠡᠭᠦᠯᠳᠡᠷᠵᠢᠭᠦᠯᠪᠡ᠃ ᠤᠷᠢᠳ ᠬᠤᠵᠢᠳ 82.5 ᠺᠢᠯᠦᠮᠧᠲᠷ ᠬᠦᠳᠡᠭᠡ ᠲᠣᠰᠬᠤᠨ ᠤ ᠴᠠᠷᠳᠠᠮᠠᠯ ᠵᠠᠮ᠂ ᠬᠠᠶᠢᠷ ᠴᠢᠯᠠᠭᠤᠨ ᠵᠠᠮ ᠢ ᠰᠢᠨ᠎ᠡ ᠪᠠᠷ ᠪᠠᠶᠢᠭᠤᠯᠵᠣ᠂  ᠵᠠᠮ ᠳᠠᠭᠠᠣ 196 ᠡᠷᠦᠬᠡ ᠮᠠᠯᠴᠢᠨ ᠲᠠᠷᠢᠶᠠᠴᠢᠨ ᠤ ᠣᠷᠣᠵᠣ ᠭᠠᠷᠬᠤ ᠨᠦᠬᠦᠴᠡᠯ ᠢ ᠰᠠᠶᠢᠵᠢᠷᠠᠭᠤᠯᠣᠨ᠂ ᠮᠠᠯᠴᠢᠨ ᠲᠠᠷᠢᠶᠠᠴᠢᠨ ᠤ ᠵᠠᠮ ᠬᠠᠷᠢᠯᠴᠠᠭ᠎ᠠ ᠳᠤ ᠲᠦᠰᠢᠭᠯᠡᠨ᠂ ᠮᠠᠯ ᠲᠠᠷᠢᠶᠠᠯᠠᠩ ᠤᠨ ᠪᠦᠲᠦᠭᠡᠭᠳᠡᠭᠦᠨ ᠤ ᠬᠦᠢᠯᠭᠡᠭᠡ ᠰᠣᠯᠢᠯᠴᠠᠭ᠎ᠠ ᠪᠠᠷ ᠣᠷᠣᠯᠭ᠎ᠠ ᠪᠠᠨ ᠨᠡᠮᠡᠭᠳᠡᠭᠦᠯᠵᠦ ᠴᠢᠨᠡᠭᠡᠯᠢᠭᠵᠢᠬᠦ ᠵᠣᠷᠢᠯᠭ᠎ᠠ ᠳᠤ ᠬᠦᠷᠬᠦ ᠶᠢ ᠪᠡᠶᠡᠯᠡᠭᠦᠯᠪᠡ᠃     ᠨᠡᠭᠦᠳᠡᠯ ᠴᠢᠮᠡᠭᠡ ᠬᠤᠯᠪᠣᠭᠠᠨ ᠤ ᠰᠦᠯᠵᠢᠶ᠎ᠡ ᠶᠢ ᠨᠡᠪᠲᠡᠷᠡᠭᠦᠯᠵᠦ᠂ ᠨᠠᠶᠢᠬᠡᠮ ᠤᠨ ᠠᠮᠣᠷ ᠲᠣᠭᠲᠠᠭᠤᠨ ᠢᠶᠠᠷ ᠠᠷᠠᠳ ᠢ  ᠪᠠᠶᠠᠰᠣᠭᠤᠯᠪᠠ᠃ ᠬᠤᠲᠠ᠂ ᠬᠤᠰᠢᠭᠤᠨ ᠤ ᠨᠡᠭᠦᠳᠡᠯ ᠬᠤᠯᠪᠤᠭᠠᠨ ᠤ ᠺᠣᠮᠫᠠᠨᠢ ᠲᠠᠢ ᠵᠦᠪᠳᠡᠯᠴᠡᠭᠦ ᠪᠠᠷ ᠳᠠᠮᠵᠢᠨ ᠭᠡᠰᠡᠭ ᠭᠠᠴᠠᠭ᠎ᠠ ᠲᠣᠰᠬᠤᠨ ᠤ ᠴᠢᠮᠡᠭᠡ ᠬᠤᠯᠪᠣᠭᠠᠨ ᠤ ᠲᠤᠬᠢᠶ᠎ᠠ ᠮᠠᠭᠤᠲᠠᠢ᠂ ᠮᠡᠳᠡᠭᠡ ᠵᠠᠩᠬᠢ ᠪᠦᠭᠯᠡᠭᠦᠦ ᠵᠡᠷᠭᠡ ᠳᠣᠪᠣᠶᠢᠮ᠎ᠠ ᠠᠰᠠᠭᠤᠳᠠᠯ ᠢ ᠬᠠᠮᠲᠤ ᠪᠠᠷ ᠰᠢᠢᠳᠪᠦᠷᠢᠯᠡᠨ᠂ ᠬᠤᠲᠠ ᠬᠦᠳᠡᠭᠡ ᠶᠢᠨ ︽ᠲᠤᠭᠠᠴᠠᠯᠠᠯᠲᠠ ᠶᠢᠨ ᠵᠦᠷᠢᠶ᠎ᠡ︾ ᠶᠢ ᠪᠠᠭᠠᠰᠬᠠᠵᠣ᠂ ᠣᠯᠠᠨ ᠲᠦᠮᠡᠨ ᠢᠨᠲ᠋ᠧᠷ ᠰᠦᠯᠵᠢᠶ᠎ᠡ ᠪᠠᠷ ᠳᠠᠮᠵᠢᠨ ᠦᠢᠯᠡᠳᠪᠦᠷᠢᠯᠡᠯ ᠤᠨ ᠮᠡᠷᠭᠡᠵᠢᠯ ᠮᠡᠳᠡᠯᠭᠡ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠵᠡᠷᠭᠡ ᠡᠯ᠎ᠡ ᠲᠦᠷᠦᠯ ᠤᠨ ᠮᠡᠳᠡᠭᠡ ᠵᠠᠩᠬᠢ ᠶᠢ ᠡᠵᠡᠮᠰᠢᠬᠦ ᠳᠤ ᠳᠦᠭᠦᠮ ᠦᠵᠡᠭᠦᠯᠪᠡ᠃ ᠣᠳᠣᠬᠠᠨ ᠳᠤ᠂ ᠲᠤᠬᠢᠶ᠎ᠠ ᠮᠠᠭᠤᠲᠠᠢ ᠭᠠᠵᠠᠷ ᠣᠷᠣᠨ ᠳᠤ ᠲᠤᠬᠢᠶᠠᠨ ᠤ ᠰᠠᠭᠤᠷᠢ ᠦᠷᠲᠡᠭᠡ ᠶᠢ 4 ᠪᠠᠶᠢᠭᠤᠯᠵᠣ᠂ 90 ᠡᠷᠦᠬᠡ 196 ᠮᠠᠯᠴᠢᠨ ᠲᠠᠷᠢᠶᠠᠴᠢᠨ ᠤ ᠠᠰᠢᠭᠯᠠᠬᠤ ᠨᠡᠭᠦᠳᠡᠯ ᠬᠤᠯᠪᠣᠭᠠᠨ ᠤ ᠲᠤᠬᠢᠶᠠᠨ ᠪᠦᠬᠦ ᠪᠦᠷᠬᠦᠴᠡ ᠶᠢ ᠪᠡᠶᠡᠯᠡᠭᠦᠯᠪᠡ᠃ 7 ᠰᠠᠷ᠎ᠠ ᠶᠢᠨ ᠳᠣᠮᠳᠠᠴᠢ ᠪᠠᠷ ᠭᠦᠨ ᠣᠰᠣ ᠭᠠᠴᠠᠭᠠᠨ ᠤ ᠬᠠᠮᠤᠭ ᠰᠢᠨ᠎ᠡ 4G ᠲᠤᠬᠢᠶᠠᠨ ᠤ ᠰᠠᠭᠤᠷᠢ ᠦᠷᠲᠡᠭᠡ ᠠᠮᠵᠢᠯᠲᠠᠲᠠᠢ ᠠᠰᠢᠭᠯᠠᠯᠲᠠ ᠳᠤ ᠣᠷᠣᠵᠣ᠂ ᠲᠤᠬᠢᠶ᠎ᠠ ᠰᠠᠶᠢᠵᠢᠷᠠᠨ ᠰᠦᠯᠵᠢᠶᠡᠨ ᠳᠤ ᠭᠠᠷᠴᠤ ᠳᠡᠶᠢᠯᠬᠦ ᠪᠣᠯᠣᠭᠰᠠᠨ ᠮᠠᠯᠴᠢᠨ ᠲᠠᠷᠢᠶᠠᠴᠢᠨ ᠤ ᠪᠠᠶᠠᠷ ᠤᠨ ᠮᠠᠩᠨᠠᠢ ᠲᠡᠨᠡᠶᠢᠭᠰᠡᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号