ᠤᠯᠤᠰ ᠤᠨ ᠣᠢ ᠰᠢᠭᠤᠢ ᠨᠣᠲᠤᠭ ᠪᠡᠯᠴᠢᠭᠡᠷ ᠤᠨ ᠲᠤᠪᠴᠢᠶᠠᠨ ᠤ ᠳᠡᠳ᠋ ᠳᠠᠷᠤᠭ᠎ᠠ ᠯᠢ ᠱᠤ᠋ ᠮᠢᠩ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2020/9/4
    8 ᠰᠠᠷ᠎ᠠ ᠶᠢᠨ ᠣᠲᠤᠭ ᠤᠨ ᠡᠮᠦᠨᠡᠲᠦ ᠬᠤᠰᠢᠭᠤ ᠲᠡᠭᠷᠢ ᠨᠢ ᠴᠡᠯᠮᠡᠭ᠂  ᠲᠠᠯ᠎ᠠ ᠨᠢ ᠨᠤᠮᠢᠨ᠃ 8 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠤᠯᠤᠰ ᠤᠨ ᠣᠢ ᠰᠢᠭᠤᠢ ᠨᠣᠲᠤᠭ ᠪᠡᠯᠴᠢᠭᠡᠷ ᠤᠨ ᠲᠤᠪᠴᠢᠶᠠᠨ  ᠤ ᠳᠡᠳ᠋ ᠳᠠᠷᠤᠭ᠎ᠠ ᠯᠢ ᠱᠤ᠋ ᠮᠢᠩ᠂ ᠤᠯᠤᠰ ᠤᠨ ᠣᠢ ᠰᠢᠭᠤᠢ ᠨᠣᠲᠤᠭ ᠪᠡᠯᠴᠢᠭᠡᠷ ᠤᠨ ᠲᠤᠪᠴᠢᠶᠠᠨ ᠤ ᠨᠣᠲᠤᠭ ᠪᠡᠯᠴᠢᠭᠡᠷ ᠤᠨ ᠬᠠᠮᠢᠶᠠᠷᠤᠯᠲᠠ ᠶᠢᠨ ᠵᠣᠷᠭᠠᠨ ᠤ ᠳᠠᠷᠤᠭ᠎ᠠ ᠲᠠᠩ ᠹᠠᠩ ᠯᠢᠨ ᠵᠡᠷᠭᠡ ᠣᠳᠣᠷᠢᠳᠣᠯᠭ᠎ᠠ ᠮᠠᠨ ᠤ ᠬᠤᠰᠢᠭᠤᠨ ᠳᠤ ᠢᠷᠡᠵᠦ᠂ ᠴᠦᠯᠡᠷᠬᠡᠭ ᠪᠡᠯᠴᠢᠭᠡᠷ ᠤᠨ ᠶᠡᠷᠦᠩᠬᠡᠶᠢᠯᠡᠭᠰᠡᠨ ᠵᠠᠰᠠᠯᠲᠠ ᠪᠠ ᠨᠣᠲᠤᠭ ᠪᠠᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢ ᠨᠠᠶᠢᠲᠠᠪᠤᠷᠢᠵᠢᠭᠤᠯᠤᠭᠰᠠᠨ ᠪᠠᠶᠢᠳᠠᠯ ᠵᠢᠴᠢ ᠨᠣᠲᠤᠭ ᠪᠠᠯᠴᠢᠭᠡᠷ ᠤᠨ ᠲᠤᠭᠠᠴᠠᠯᠠᠭᠰᠠᠨ ᠬᠠᠮᠢᠶᠠᠷᠤᠯᠲᠠ ᠶᠢᠨ ᠠᠵᠢᠯ ᠳᠤ ᠪᠠᠶᠢᠴᠠᠭᠠᠨ ᠰᠣᠳᠣᠯᠣᠯᠲᠠ ᠬᠢᠪᠡ᠃     ᠦᠪᠡᠷᠲᠡᠭᠡᠨ ᠵᠠᠰᠠᠬᠤ ᠣᠷᠣᠨ ᠤ ᠣᠢ ᠰᠢᠭᠤᠢ ᠨᠣᠲᠤᠭ ᠪᠡᠯᠴᠢᠭᠡᠷ ᠤᠨ ᠲᠤᠪᠴᠢᠶᠠᠨ ᠤ ᠨᠢᠭᠡᠳᠦᠭᠡᠷ ᠲᠡᠰ ᠤᠨ ᠲᠤᠭᠤᠷᠢᠨ  ᠪᠠᠶᠢᠴᠠᠭᠠᠭᠴᠢ ᠰᠦᠬᠡᠪᠠᠲᠤ᠂ ᠦᠪᠡᠷᠲᠡᠭᠡᠨ ᠵᠠᠰᠠᠬᠤ ᠣᠷᠣᠨ ᠤ ᠣᠢ ᠰᠢᠭᠤᠢ ᠨᠣᠲᠤᠭ ᠪᠡᠯᠴᠢᠭᠡᠷ ᠤᠨ ᠲᠤᠪᠴᠢᠶᠠᠨ ᠤ ᠨᠣᠲᠤᠭ ᠪᠡᠯᠴᠢᠭᠡᠷ ᠤᠨ ᠭᠠᠵᠠᠷ ᠤᠨ ᠳᠠᠷᠤᠭ᠎ᠠ ᠴᠧᠨ ᠶᠦᠩ ᠴᠢᠦᠸᠡᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠤ ᠵᠢᠶᠦ᠋ᠨ ᠶᠡᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠱᠢ ᠯᠢᠶᠠᠩ᠂ ᠬᠤᠲᠠ ᠶᠢᠨ ᠵᠠᠰᠠᠭ ᠤᠨ ᠣᠷᠳᠣᠨ ᠤ  ᠳᠡᠳ᠋ ᠳᠠᠷᠤᠭ᠎ᠠ ᠱᠢ ᠶᠡᠨ ᠵᠢᠶᠧ᠂ ᠬᠤᠲᠠ ᠶᠢᠨ ᠣᠢ ᠰᠢᠭᠤᠢ ᠨᠣᠲᠤᠭ ᠪᠡᠯᠴᠢᠭᠡᠷ ᠤᠨ ᠲᠤᠪᠴᠢᠶᠠᠨ ᠤ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ ᠬᠠᠨ ᠢᠦᠢ ᠹᠸᠢ᠂ ᠬᠤᠰᠢᠭᠤ ᠨᠠᠮ ᠤᠨ ᠬᠤᠷᠢᠶᠠᠨ ᠤ ᠱᠦᠵᠢ ᠪᠦᠷᠢᠨᠴᠢᠮᠡᠭ ᠬᠠᠮᠲᠤ ᠪᠠᠶᠢᠴᠠᠭᠠᠨ ᠰᠣᠳᠣᠯᠣᠯᠲᠠ ᠬᠢᠪᠡ᠃     ᠯᠢ ᠱᠤ᠋ ᠮᠢᠩ ᠣᠷᠢᠳ ᠬᠤᠵᠢᠳ ᠪᠠᠷᠠᠭᠤᠨ ᠣᠷᠣᠨ ᠤ ᠴᠦᠯᠡᠷᠭᠡᠭ ᠪᠡᠯᠴᠢᠭᠡᠷ ᠤᠨ ᠨᠣᠣᠯᠣᠭᠤᠷ ᠤᠨ ᠢᠮᠠᠭᠠᠨ  ᠤ ᠦᠨᠳᠦᠷ ᠪᠦᠲᠦᠮᠵᠢᠲᠡᠢ ᠠᠮᠢ ᠠᠬᠤᠶᠢᠴᠢ ᠠᠷᠠᠴᠢᠯᠠᠯᠲᠠ ᠡᠭᠦᠯᠳᠡᠷ ᠪᠤᠶᠢᠵᠢᠭᠤᠯᠤᠯᠲᠠ ᠶᠢᠨ ᠰᠠᠭᠤᠷᠢᠨ ᠭᠠᠵᠠᠷ᠂ ᠬᠤᠰᠢᠭᠤ ᠨᠣᠲᠤᠭ ᠪᠡᠯᠴᠢᠭᠡᠷ ᠤᠨ  ᠲᠤᠭᠠᠴᠠᠯᠠᠭᠰᠠᠨ ᠮᠡᠳᠡᠭᠡ ᠵᠠᠩᠭᠢ ᠶᠢᠨ ᠲᠦᠪ ᠲᠤ ᠬᠦᠷᠴᠤ᠂ ᠬᠠᠮᠢᠶ᠎ᠠ ᠪᠦᠬᠦᠢ ᠠᠵᠢᠯ ᠤᠨ ᠲᠠᠨᠢᠯᠴᠠᠭᠤᠯᠭ᠎ᠠ ᠶᠢ ᠬᠢᠨᠠᠮᠠᠭᠠᠢ ᠰᠣᠨᠣᠰᠣᠨ᠂ ᠮᠠᠨ ᠤ ᠬᠤᠰᠢᠭᠤᠨ ᠤ ᠴᠦᠯᠡᠷᠭᠡᠭ ᠪᠡᠯᠴᠢᠭᠡᠷ ᠢ ᠶᠡᠷᠦᠩᠬᠡᠶᠢᠯᠡᠨ ᠵᠠᠰᠠᠭᠰᠠᠨ᠂ ᠲᠤᠤᠷᠯᠠᠨ ᠬᠦᠷᠢᠶᠡᠯᠡᠭᠰᠡᠨ᠂ ᠣᠬᠤᠷ ᠬᠤᠭᠤᠴᠠᠭ᠎ᠠ ᠪᠠᠷ ᠪᠡᠯᠴᠢᠭᠡᠷᠯᠡᠭᠦᠯᠬᠦ ᠶᠢ ᠬᠤᠷᠢᠭᠯᠠᠭᠰᠠᠨ᠂ ᠣᠯᠠᠨ ᠲᠦᠷᠦᠯ ᠤᠨ ᠡᠪᠡᠰᠦ ᠶᠢ ᠬᠠᠭᠠᠯᠪᠤᠷᠢᠯᠠᠬᠤ ᠦᠭᠡᠢ ᠪᠠᠷ ᠨᠦᠬᠦᠵᠦ ᠲᠠᠷᠢᠭᠰᠠᠨ᠂ ᠨᠤᠲᠤᠭ ᠪᠡᠯᠴᠢᠭᠡᠷ ᠤᠨ ᠲᠤᠭᠠᠴᠠᠯᠠᠭᠰᠠᠨ ᠬᠠᠮᠢᠶᠠᠷᠤᠯᠲᠠ ᠶᠢᠨ ᠠᠵᠢᠯ ᠢ ᠦᠷᠨᠢᠬᠦᠯᠦᠭᠰᠡᠨ ᠪᠠᠶᠢᠳᠠᠯ ᠪᠠ ︽3S︾ ᠨᠣᠲᠤᠭ ᠪᠡᠯᠴᠢᠭᠡᠷ ᠤᠨ ᠲᠤᠭᠠᠴᠠᠯᠠᠭᠰᠠᠨ ᠬᠠᠮᠢᠶᠠᠷᠤᠯᠲᠠ ᠶᠢᠨ ᠳᠠᠪᠴᠠᠩ ᠤᠨ ᠪᠠᠶᠢᠭᠤᠯᠤᠯᠲᠠ ᠶᠢᠨ ᠠᠵᠢᠯᠯᠠᠮᠵᠢ ᠶᠢᠨ ᠪᠠᠶᠢᠳᠠᠯ  ᠢ ᠨᠠᠷᠢᠨ ᠣᠶᠢᠯᠭᠠᠪᠠ᠃     ᠯᠢ ᠱᠤ᠋ ᠮᠢᠩ ᠮᠠᠨ ᠤ ᠬᠤᠰᠢᠭᠤᠨ ᠤ ᠴᠦᠯᠡᠷᠬᠡᠭ ᠪᠡᠯᠴᠢᠭᠡᠷ ᠤᠨ ᠶᠡᠷᠦᠩᠬᠡᠶᠢᠯᠡᠭᠰᠡᠨ ᠵᠠᠰᠠᠯᠲᠠ ᠪᠠ ᠨᠣᠲᠤᠭ ᠪᠠᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢ ᠨᠠᠶᠢᠲᠠᠪᠤᠷᠢᠵᠢᠭᠤᠯᠤᠭᠰᠠᠨ ᠪᠠᠶᠢᠳᠠᠯ᠂ ᠨᠣᠲᠤᠭ ᠪᠡᠯᠴᠢᠭᠡᠷ ᠤᠨ ᠲᠤᠭᠠᠴᠠᠯᠠᠭᠰᠠᠨ ᠬᠠᠮᠢᠶᠠᠷᠤᠯᠲᠠ ᠶᠢᠨ ᠠᠵᠢᠯ ᠳᠤ ᠬᠦᠢᠴᠡᠳ ᠨᠣᠲᠠᠯᠠᠯᠲᠠ ᠦᠭᠴᠡᠢ᠃ ᠲᠡᠷᠡ᠂ ᠣᠲᠤᠭ ᠤᠨ ᠡᠮᠦᠨᠡᠲᠦ ᠬᠤᠰᠢᠭᠤ ᠭᠠᠵᠠᠷ ᠣᠷᠣᠨ ᠤ ᠪᠣᠲᠠᠲᠤ ᠪᠠᠶᠢᠳᠠᠯ ᠳᠤ ᠪᠠᠨ ᠰᠠᠭᠤᠷᠢᠯᠠᠨ᠂ ᠡᠯᠡᠰᠦ ᠮᠠᠩᠬᠠᠨ ᠤ ᠡᠬᠢ ᠶᠢᠨ ᠵᠠᠰᠠᠯᠲᠠ᠂ ᠨᠣᠲᠤᠭ ᠪᠡᠯᠴᠢᠭᠡᠷ ᠠᠮᠢ ᠠᠬᠤᠢ ᠶᠢᠨ ᠰᠡᠷᠭᠦᠭᠡᠯᠲᠡ ᠵᠡᠷᠭᠡ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ   ᠲᠠᠢ ᠨᠢᠭᠲᠠ ᠣᠶᠠᠯᠳᠣᠭᠤᠯᠵᠣ᠂ ᠰᠢᠨᠵᠢᠯᠡᠭᠡ ᠮᠡᠷᠭᠡᠵᠢᠯ ᠤᠨ ᠠᠷᠭ᠎ᠠ ᠪᠠᠷᠢᠯ ᠢᠶᠠᠷ ᠲᠤᠯᠭᠠᠭᠤᠷᠢᠯᠠᠯ ᠪᠣᠯᠭᠠᠨ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠ ᠰᠠᠶᠢᠵᠢᠷᠠᠭᠤᠯᠬᠤ ᠠᠷᠭ᠎ᠠ ᠠᠪᠴᠠᠯ   ᠢᠶᠠᠨ  ᠰᠢᠨᠡᠴᠢᠯᠡᠵᠦ᠂ ᠴᠦᠯᠡᠷᠬᠡᠭ ᠪᠡᠯᠴᠢᠭᠡᠷ ᠤᠨ ︽ᠠᠮᠢ ᠠᠬᠤᠢ ᠶᠢ ᠲᠠᠷᠢᠭᠦᠨ ᠪᠠᠶᠢᠷᠢᠨ ᠳᠤ ᠲᠠᠯᠪᠢᠵᠦ᠂ ᠪᠣᠬᠢᠷᠳᠣᠯ ᠦᠭᠡᠢ ᠪᠠᠷ ᠬᠦᠭᠵᠢᠬᠦᠯᠬᠦ︾ ᠰᠢᠨ᠎ᠡ ᠵᠠᠮ ᠢ ᠢᠳᠡᠪᠬᠢᠲᠡᠢ ᠪᠠᠷ ᠰᠦᠪᠡᠭᠴᠢᠯᠡᠨ᠂ ᠨᠣᠲᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠲᠠ ᠬᠢᠭᠡᠳ ᠪᠠᠶᠢᠭᠤᠯᠤᠯᠲᠠ ᠶᠢᠨ ᠬᠤᠤᠰ ᠢᠯᠠᠯᠲᠠ   ᠶᠢ ᠣᠯᠣᠭᠰᠠᠨ ᠪᠠᠶᠢᠨ᠎ᠠ ᠭᠡᠵᠦ ᠵᠢᠭᠠᠨ ᠭᠠᠷᠭᠠᠪᠠ᠃     ᠯᠢ ᠱᠣ᠋ ᠮᠢᠩ᠂ ᠣᠲᠤᠭ ᠤᠨ ᠡᠮᠦᠨᠡᠲᠦ ᠬᠤᠰᠢᠭᠤ ︽ᠣᠩᠭᠤᠨ ᠲᠠᠷᠬᠠᠨ ᠪᠠᠶᠢᠭᠠᠯᠢ ᠪᠣᠯ ᠦᠨᠡᠯᠡᠰᠢ ᠦᠭᠡᠢ ᠦᠪ ᠡᠷᠳᠡᠨᠢ︾ ᠭᠡᠬᠦ ᠣᠶᠢᠯᠭᠠᠭᠳᠠᠬᠤᠨ ᠢ ᠦᠷᠭᠦᠯᠵᠢᠯᠡᠨ ᠬᠦᠨᠵᠡᠭᠡᠢ ᠦᠢᠯᠡᠳᠦᠯᠭᠡᠵᠢᠭᠦᠯᠵᠦ᠂ ︽ᠬᠠᠲᠤᠨ ᠭᠤᠤᠯ  ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷᠯᠢᠭ ᠬᠦᠭᠵᠢᠯᠲᠡ︾ ᠶᠢᠨ ᠪᠠᠶᠢᠯᠳᠤᠬᠤ ᠪᠣᠳᠣᠯᠭ᠎ᠠ ᠲᠠᠢ ᠤᠶᠠᠯᠳᠣᠭᠤᠯᠣᠨ᠂ ᠣᠳᠣ ᠦᠶ᠎ᠡ ᠶᠢᠨ ᠴᠢᠮᠡᠭᠡ ᠬᠤᠯᠪᠤᠭ᠎ᠠ᠂ ᠳ᠋ᠠᠶᠢᠲ᠋ᠠ ᠬᠦᠮᠦᠷᠭᠡ ᠳᠤ ᠰᠠᠭᠤᠷᠢᠯᠠᠵᠤ᠂ ᠵᠠᠩᠭᠢᠴᠢᠯᠠᠭᠰᠠᠨ᠂ ᠣᠶᠣᠨᠴᠢᠯᠠᠭᠰᠠᠨ᠂ ᠰᠢᠨᠵᠢᠯᠡᠬᠦ ᠤᠬᠠᠭᠠᠨᠴᠢᠯᠠᠭᠰᠠᠨ ᠠᠷᠭ᠎ᠠ ᠪᠠᠷᠢᠯ ᠢᠶᠠᠷ  ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠢᠳᠪᠦᠷᠢᠲᠦ ᠪᠣᠳᠣᠯᠭ᠎ᠠ ᠶᠢᠨ ᠲᠤᠭᠲᠠᠭᠠᠯᠲᠠ᠂ ᠬᠠᠮᠢᠶᠠᠷᠤᠯᠲᠠ ᠪᠠ ᠬᠠᠤᠯᠢ ᠬᠡᠷᠡᠭᠵᠢᠬᠦᠯᠦᠯᠲᠡ ᠳᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠨ᠂ ᠴᠦᠯᠡᠷᠭᠡᠭ ᠪᠡᠯᠴᠢᠭᠡᠷ ᠤᠨ ᠣᠷᠭᠤᠮᠠᠯ ᠤᠨ ᠪᠦᠷᠬᠦᠪᠴᠢ ᠶᠢᠨ ᠠᠰᠢᠭᠯᠠᠯᠲᠠ᠂ ᠬᠢᠨᠠᠨ ᠬᠡᠮᠵᠢᠯᠲᠡ ᠪᠠ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠲᠠᠰᠣᠷᠠᠯᠲᠠ ᠦᠭᠡᠢ ᠰᠢᠨᠡᠴᠢᠯᠡᠵᠦ᠂ ᠠᠰᠢᠭᠯᠠᠯᠲᠠ ᠶᠢᠨ ᠳᠣᠮᠳᠠ ᠬᠠᠮᠠᠭᠠᠯᠠᠬᠤ᠂ ᠬᠠᠮᠠᠭᠠᠯᠠᠯᠲᠠ ᠶᠢᠨ ᠳᠣᠮᠳᠠ ᠠᠰᠢᠭᠯᠠᠬᠤ ᠶᠢ ᠪᠠᠷᠢᠮᠲᠠᠯᠠᠨ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠬᠡᠮ ᠤᠨ ᠦᠷ᠎ᠡ ᠠᠰᠢᠭ ᠤᠨ ᠭᠤᠷᠪᠠᠨ ᠠᠮᠵᠢᠯᠲᠠ ᠶᠢ ᠴᠢᠷᠮᠡᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃     ᠪᠠᠶᠢᠴᠠᠭᠠᠨ ᠰᠣᠳᠣᠯᠣᠯᠲᠠ ᠶᠢᠨ ᠳᠣᠮᠳᠠ᠂ ᠪᠦᠷᠢᠨᠴᠢᠮᠡᠭ ᠮᠠᠨ ᠤ ᠬᠤᠰᠢᠭᠤᠨ ᠤ ᠬᠠᠮᠢᠶ᠎ᠠ ᠪᠦᠬᠦᠢ ᠠᠵᠢᠯ ᠢ ᠲᠠᠨᠢᠯᠴᠠᠭᠤᠯᠪᠠ᠃ ᠣᠶᠢᠷ᠎ᠠ ᠶᠢᠨ ᠵᠢᠯ ᠳᠤ᠂ ᠣᠲᠤᠭ ᠤᠨ ᠡᠮᠦᠨᠡᠲᠦ ᠬᠤᠰᠢᠭᠤ ᠴᠦᠯᠡᠷᠬᠡᠭ ᠪᠡᠯᠴᠢᠭᠡᠷ ᠤᠨ ᠶᠡᠷᠦᠩᠬᠡᠶᠢᠯᠡᠭᠰᠡᠨ ᠵᠠᠰᠠᠯᠲᠠ ᠪᠠ ᠨᠣᠲᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠵᠤ᠂ ᠪᠡᠯᠡ ᠣᠷᠣᠭᠤᠯᠣᠯᠲᠠ ᠶᠢᠨ ᠬᠦᠴᠦᠯᠡᠴᠡ᠂ ᠠᠵᠢᠯ ᠤᠨ ᠠᠷᠭ᠎ᠠ ᠠᠪᠴᠠᠯ ᠤᠨ ᠰᠢᠨᠡᠴᠢᠯᠡᠯ ᠢ ᠲᠠᠰᠣᠷᠠᠯᠲᠠ ᠦᠭᠡᠢ ᠴᠢᠩᠭᠠᠳᠬᠠᠨ᠂ ᠮᠠᠯ ᠲᠠᠷᠢᠶᠠᠯᠠᠩ ᠤᠨ ᠠᠵᠤ ᠦᠢᠯᠡᠰ ᠤᠨ ᠬᠦᠭᠵᠢᠯᠲᠠ ᠶᠢᠨ ᠠᠷᠭ᠎ᠠ ᠮᠠᠶ᠋ᠢᠭ ᠢ ᠡᠷᠴᠢᠮᠲᠡᠢ ᠪᠦᠲᠦᠮᠵᠢᠲᠡᠢ ᠦᠭᠡᠷᠡᠴᠢᠯᠡᠵᠦ᠂ ᠮᠠᠯ ᠲᠠᠷᠢᠶᠠᠯᠠᠩ ᠤᠨ ᠠᠵᠤ ᠠᠬᠤᠢ ᠶᠢᠨ ᠪᠦᠲᠦᠴᠡ ᠶᠢᠨ ᠲᠤᠬᠢᠷᠠᠭᠤᠯᠤᠯᠲᠠ ᠶᠢ ᠰᠢᠯᠢᠳᠡᠭᠵᠢᠭᠦᠯᠦᠨ᠂ ᠨᠣᠲᠤᠭ ᠪᠡᠯᠴᠢᠭᠡᠷ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠ ᠰᠡᠷᠭᠦᠭᠡᠯᠲᠡ ᠶᠢᠨ ᠢᠯᠡᠷᠬᠡᠢ ᠪᠦᠲᠦᠮᠵᠢ ᠶᠢ ᠣᠯᠪᠠ᠃ ᠳᠠᠷᠠᠭ᠎ᠠ ᠠᠯᠬᠤᠮ ᠳᠤ᠂ ᠣᠲᠤᠭ ᠤᠨ ᠡᠮᠦᠨᠡᠲᠦ ᠬᠤᠰᠢᠭᠤ ᠲᠤᠷᠰᠢᠯᠭ᠎ᠠ ᠪᠠᠨ ᠬᠢᠨᠠᠮᠠᠭᠠᠢ ᠳ᠋ᠦᠩᠨᠡᠵᠦ᠂ ᠨᠣᠲᠤᠭ ᠪᠡᠯᠴᠢᠭᠡᠷ ᠤᠨ ᠬᠦᠭᠵᠢᠯᠲᠡ ᠶᠢᠨ ᠵᠢᠮ᠎ᠡ ᠶᠤᠰᠤ ᠶᠢ ᠭᠦᠨᠵᠡᠭᠡᠢ ᠲᠠᠨᠢᠨ ᠣᠨᠣᠪᠴᠢᠲᠡᠢ ᠡᠵᠡᠮᠳᠡᠵᠦ᠂ ᠨᠣᠲᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠂ ᠠᠮᠢ ᠠᠬᠤᠢ ᠶᠢ ᠲᠠᠷᠢᠭᠦᠨ ᠪᠠᠶᠢᠷᠢᠨ ᠳᠤ ᠲᠠᠯᠪᠢᠵᠦ᠂ ᠪᠣᠬᠢᠷᠳᠣᠯ ᠦᠭᠡᠢ ᠪᠠᠷ ᠬᠦᠭᠵᠢᠬᠦᠯᠬᠦ ᠪᠠᠷ ᠣᠳᠣᠷᠢᠳᠣᠮᠵᠢ ᠪᠣᠯᠭᠠᠨ ᠴᠢᠨᠠᠷᠯᠢᠭ ᠬᠦᠭᠵᠢᠯᠲᠡ ᠶᠢᠨ ᠰᠢᠨ᠎ᠡ ᠵᠠᠮ ᠢᠶᠠᠷ ᠭᠤᠶᠢᠪᠠᠰᠢ ᠦᠭᠡᠢ ᠵᠠᠮᠨᠠᠨ᠎ᠠ ᠭᠡᠵᠡᠢ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号