ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠬᠤᠯᠪᠤᠭᠠᠲᠤ ᠠᠵᠢᠯ ᠤᠨ ᠬᠤᠷᠠᠯ ᠵᠢᠴᠢ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯᠯᠠᠭᠠᠨ ᠤ ᠳᠠᠶᠢᠴᠢᠯᠠᠯᠲᠠ ᠪᠠᠶᠢᠷᠢᠯᠠᠭᠤᠯᠤᠯᠲᠠ  ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/18
    1 ᠰᠠᠷ᠎ᠠ ᠶᠢᠨ 8 ᠤ ᠡᠳᠦᠷ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠬᠤᠯᠪᠤᠭᠠᠲᠤ ᠠᠵᠢᠯ ᠤᠨ ᠬᠤᠷᠠᠯ ᠵᠢᠴᠢ ᠵᠥᠷᠢᠴᠡᠯ  ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯᠯᠠᠭᠠᠨ ᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠪᠥᠷᠢᠨᠴᠢᠮᠡᠭ ᠬᠤᠷᠠᠯ ᠳᠤ ᠣᠷᠣᠯᠴᠠᠨ ᠶᠠᠷᠢᠶ᠎ᠠ ᠲᠠᠯᠪᠢᠵᠦ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠡᠤ ᠶᠦᠨ ᠬᠤᠷᠠᠯ ᠢ ᠡᠷᠬᠢᠯᠡᠪᠡ᠃     ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠥ ᠬᠠᠤᠯᠢ ᠴᠠᠭᠠᠵᠠ ᠶᠢᠨ ᠵᠥᠪᠯᠡᠯ ᠤᠨ ᠱᠦᠵᠢ ᠼᠦᠢ ᠵᠢᠩ ᠰᠢᠶᠠᠩ ︽ᠣᠲᠤᠭ ᠤᠨ ᠡᠮᠦᠨᠡᠲᠦ ᠬᠤᠰᠢᠭᠤᠨ ᠤ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯᠯᠠᠭᠠᠨ ᠤ ᠳᠥᠰᠥᠯ︾ ᠢ ᠲᠠᠶᠢᠯᠪᠤᠷᠢᠯᠠᠪᠠ᠃ ᠡᠯ᠎ᠡ ᠪᠠᠯᠭᠠᠰᠤ ᠶᠢᠨ ᠬᠢᠨ ᠳᠠᠷᠠᠭᠠᠯᠠᠨ ᠣᠪᠤᠷ ᠢᠶᠠᠨ ᠢᠯᠡᠳᠭᠡᠬᠦ ᠶᠠᠷᠢᠶ᠎ᠠ ᠲᠠᠯᠪᠢᠪᠠ᠃     ᠪᠥᠷᠢᠨᠴᠢᠮᠡᠭ᠂ ᠬᠥᠭᠵᠢᠯᠲᠡ ᠪᠣᠯ ᠬᠠᠲᠠᠭᠤ ᠶᠤᠰᠤ᠂ ᠲᠡᠷᠢᠭᠦᠨ ᠡᠭᠦᠷᠭᠡ᠂ ᠲᠤᠭᠲᠠᠭᠤᠨ ᠪᠣᠯ ᠬᠠᠲᠠᠭᠤ ᠡᠭᠦᠷᠭᠡ᠂ ᠲᠡᠷᠢᠭᠦᠨ ᠬᠠᠷᠢᠭᠤᠴᠠᠯᠭ᠎ᠠ  ᠪᠣᠯᠬᠤ ᠲᠤᠯᠠ ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠵᠠᠬᠢᠳᠠᠯ ᠰᠤᠷᠪᠤᠯᠵᠢᠯᠠᠭ᠎ᠠ ᠠᠮᠤᠷ ᠲᠣᠭᠲᠠᠭᠤᠨ ᠤ ᠠᠵᠢᠯ ᠢ ᠤᠯᠤᠰ ᠲᠦᠷᠥ ᠶᠢᠨ ᠡᠭᠦᠷᠭᠡ ᠪᠠᠨ ᠪᠣᠯᠭᠠᠵᠤ᠂ ︽ᠬᠡᠨ ᠬᠠᠮᠢᠶᠠᠷᠪᠠᠯ ᠬᠡᠨ ᠬᠠᠷᠢᠭᠤᠴᠠᠬᠤ᠂ ᠬᠡᠨ ᠤ ᠠᠰᠠᠭᠤᠳᠠᠯ ᠪᠣᠯ ᠬᠡᠨ ᠰᠢᠢᠳᠪᠦᠷᠢᠯᠡᠬᠦ︾ ᠵᠠᠷᠴᠢᠮ ᠶᠤᠰᠤᠭᠠᠷ᠂ ᠵᠠᠬᠢᠳᠠᠯ ᠰᠤᠷᠪᠤᠯᠵᠢᠯᠠᠭ᠎ᠠ ᠶᠢᠨ ᠡᠬᠢ ᠡᠭᠦᠰᠦᠯ᠂ ᠵᠥᠷᠢᠴᠡᠯ ᠤᠨ ᠳᠠᠯᠳᠠ ᠭᠡᠮ ᠪᠠ ᠵᠢᠭᠤᠷᠠᠭᠠᠨ ᠢ ᠰᠢᠢᠳᠪᠦᠷᠢᠯᠡᠬᠦ ᠲᠠᠯ᠎ᠠ ᠪᠠᠷ  ᠬᠢ ᠠᠵᠢᠯ ᠢ ᠰᠠᠶᠢᠳᠤᠷ ᠬᠢᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠳᠤ ᠠᠮᠤᠷ ᠲᠤᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠪᠥᠷᠢᠨᠴᠢᠮᠡᠭ᠂ ᠪᠦᠬᠦ ᠲᠠᠯ᠎ᠠ ᠪᠠᠷ ᠨᠠᠷᠢᠯᠢᠭ ᠪᠠᠶᠢᠴᠠᠭᠠᠨ᠂ ᠭᠤᠣᠯᠳᠠᠯᠭᠠᠲᠤ ᠬᠦᠷᠢᠶ᠎ᠡ ᠬᠡᠪᠴᠢᠶ᠎ᠡ᠂ ᠭᠤᠣᠯᠳᠠᠯᠭᠠᠲᠤ ᠬᠦᠮᠦᠰ ᠲᠤ  ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠤᠨ ︽ᠵᠠᠩᠭᠢᠯᠠᠭ᠎ᠠ︾ ᠶᠢ ᠵᠥᠪ ᠡᠷᠢᠨ᠂ ᠵᠠᠬᠢᠳᠠᠯ ᠰᠤᠷᠪᠤᠯᠵᠢᠯᠠᠭ᠎ᠠ ᠠᠮᠤᠷ ᠲᠤᠭᠲᠠᠭᠤᠨ ᠤ ᠠᠵᠢᠯ ᠤᠨ ︽ᠠᠩᠬᠠᠨ ᠤ ᠰᠡᠷᠭᠡᠶᠢᠯᠡᠯᠲᠡ ᠶᠢᠨ ᠱᠤᠭᠤᠮ︾ ᠢ ᠪᠠᠬᠢᠵᠢᠭᠦᠯᠬᠦ ᠬᠡᠷᠡᠭᠲᠡᠢ᠃ ᠡᠬᠢ ᠡᠭᠦᠰᠦᠯ ᠤᠨ ᠬᠠᠮᠢᠶᠠᠷᠤᠯᠲᠠ ᠪᠠᠨ ᠴᠢᠩᠭᠠᠳᠬᠠᠨ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠳᠠᠷᠤᠢ ᠲᠦᠷᠭᠡᠨ ᠡᠵᠡᠮᠰᠢᠬᠦ ᠪᠠ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠠᠷᠭ᠎ᠠ ᠵᠠᠮ ᠢ ᠰᠢᠯᠤᠭᠤᠳᠬᠠᠨ᠂ ᠱᠠᠭᠠᠷᠳᠠᠯᠭ᠎ᠠ ᠠᠴᠠ ᠪᠠᠨ ᠵᠠᠬᠢᠳᠠᠯ‌‍ᠰᠤᠷᠪᠤᠯᠵᠢᠯᠠᠭ᠎ᠠ ᠬᠦᠯᠢᠶᠡᠨ ᠠᠪᠬᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠠᠰᠠᠭᠤᠳᠠᠯ ᠢ ᠦᠨᠡᠨ ᠬᠦ ᠦᠨᠳᠦᠰᠦᠨ ᠱᠠᠲᠤᠨ ᠳᠤ ᠰᠢᠢᠳᠪᠦᠷᠢᠯᠡᠬᠦ ᠬᠡᠷᠡᠭᠲᠡᠢ᠃ ᠢᠳᠡᠪᠬᠢᠲᠡᠢ ᠪᠠᠷ ᠰᠢᠢᠳᠪᠦᠷᠢᠯᠡᠬᠦ ᠶᠢ ᠠᠬᠢᠭᠤᠯᠤᠨ᠂        ︽ᠵᠠᠭᠠᠯᠳᠤᠯᠭ᠎ᠠ ᠰᠤᠷᠪᠤᠯᠵᠢᠯᠠᠭ᠎ᠠ ᠪᠠᠨ ᠵᠣᠭᠰᠤᠭᠠᠬᠤ᠂ ᠬᠡᠷᠡᠭ ᠤᠴᠢᠷ ᠰᠢᠢᠳᠪᠦᠷᠢᠯᠡᠭᠳᠡᠬᠦ᠂ ᠠᠷᠠᠳ ᠤᠨ ᠰᠡᠳᠬᠢᠯ ᠬᠠᠨᠤᠮᠵᠢᠲᠠᠢ ᠪᠣᠯᠬᠤ︾ ᠪᠠᠷ ᠠᠵᠢᠯ ᠤᠨ ᠪᠠᠷᠢᠮᠵᠢᠶ᠎ᠠ ᠪᠤᠯᠭᠠᠵᠤ᠂ ᠨᠢᠭᠡ ᠠᠰᠠᠭᠤᠳᠠᠯ ᠳᠤ ᠨᠢᠭᠡ ᠤᠳᠤᠷᠢᠳᠤᠯᠭ᠎ᠠ᠂ ᠨᠢᠭᠡ ᠪᠠᠭ᠂ ᠨᠢᠭᠡ ᠳᠥᠰᠥᠯ ᠲᠠᠢ ᠪᠠᠷ ᠡᠷᠴᠢᠮᠲᠠᠢ ᠠᠳᠬᠤᠬᠤ ᠠᠵᠢᠯ ᠤᠨ ᠱᠠᠭᠠᠷᠳᠠᠯᠭ᠎ᠠ ᠶᠢ ᠲᠥᠪ ᠴᠢᠩᠭ᠎ᠠ ᠪᠠᠷ ᠨᠠᠶᠢᠲᠠᠪᠤᠷᠢᠵᠢᠭᠤᠯᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠶᠢ ᠬᠠᠤᠯᠢ ᠳᠥᠷᠢᠮᠵᠢᠭᠦᠯᠬᠦ ᠬᠡᠷᠡᠭᠲᠡᠢ᠃ ᠠᠵᠢᠯ  ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ︽ᠲᠤᠰᠬᠠᠢ ᠠᠵᠢᠯᠯᠠᠭᠠᠨ ᠤ ᠳᠥᠰᠥᠯ︾ ᠤᠨ ᠱᠠᠭᠠᠷᠳᠠᠯᠭ᠎ᠠ ᠶᠤᠰᠤᠭᠠᠷ ᠠᠵᠢᠯ ᠢᠶᠠᠨ ᠨᠠᠷᠢᠨ ᠬᠤᠪᠢᠶᠠᠷᠢᠯᠠᠵᠤ᠂ ᠬᠠᠷᠢᠭᠤᠴᠠᠯᠭ᠎ᠠ ᠶᠢ ᠬᠤᠪᠢ ᠬᠦᠮᠦᠨ ᠳᠤ ᠲᠤᠯᠲᠠᠯ᠎ᠠ ᠨᠠᠷᠢᠯᠢᠭᠵᠢᠭᠤᠯᠤᠨ᠂ ᠬᠠᠮᠢᠶ᠎ᠠ ᠪᠥᠬᠦᠢ ᠬᠦᠮᠦᠰ ᠤᠨ ᠠᠵᠢᠯ ᠤᠨ ᠪᠠᠶᠢᠷᠢ ᠪᠠᠨ ᠪᠠᠲᠤ ᠰᠠᠬᠢᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠠᠰᠠᠭᠤᠳᠠᠯ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠡᠤ ᠶᠦᠨ᠂ ᠦᠨᠳᠦᠰᠦᠨ ᠱᠠᠲᠤ᠂ ᠠᠶᠢᠯ ᠡᠷᠦᠬᠡ᠂ ᠬᠡᠷᠡᠭ ᠤᠴᠢᠷ ᠡᠭᠦᠰᠦᠭᠰᠡᠨ ᠲᠤᠬᠠᠢ ᠶᠢᠨ ᠭᠠᠵᠠᠷ ᠲᠤ ᠭᠦᠨᠵᠡᠭᠡᠶᠢᠷᠡᠨ᠂ ᠪᠦᠬᠦ ᠲᠠᠯ᠎ᠠ ᠪᠠᠷ ᠨᠠᠷᠢᠯᠢᠭ ᠪᠠᠶᠢᠴᠠᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠦᠨᠳᠦᠷ ᠪᠥᠲᠦᠮᠵᠢᠲᠡᠢ ᠠᠬᠢᠭᠤᠯᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠂ ᠠᠷᠠᠳ ᠤᠨ ᠰᠠᠨᠠᠯ ᠢ ᠰᠤᠨᠤᠰᠴᠤ᠂ ᠠᠷᠠᠳ ᠤᠨ ᠰᠠᠨᠠᠭᠠᠰᠢᠷᠠᠵᠤ ᠪᠠᠶᠢᠭ᠎ᠠ ᠵᠤᠶᠢᠯ ᠳᠤ ᠬᠠᠪᠰᠤᠷᠤᠯᠴᠠᠨ᠂ ᠠᠷᠠᠳ ᠤᠨ ᠵᠣᠭᠰᠣᠯᠲᠠ ᠪᠠ ᠬᠠᠷᠠᠭᠠᠰᠤ ᠠᠴᠠ ᠠᠰᠠᠭᠤᠳᠠᠯ ᠢ ᠣᠶᠢᠯᠠᠭᠠᠵᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠩᠭᠢ ᠡᠩᠨᠡᠭᠡ ᠪᠠᠨ ᠲᠤᠰ ᠪᠡᠶ᠎ᠡ ᠪᠠᠷ ᠢᠶᠠᠨ ᠳᠠᠶᠢᠴᠢᠯᠠᠵᠤ ᠠᠰᠠᠭᠤᠳᠠᠯ ᠢ ᠪᠡᠶᠡᠴᠢᠯᠡᠨ ᠰᠢᠢᠳᠪᠦᠷᠢᠯᠡᠵᠦ᠂ ᠪᠠᠭ᠎ᠠ ᠤᠴᠢᠷ ᠢ ᠭᠠᠴᠠᠭ᠎ᠠ ᠲᠤᠰᠬᠤᠨ ᠳᠤ ᠰᠢᠢᠳᠪᠦᠷᠢᠯᠡᠨ᠂ ᠵᠥᠷᠢᠴᠡᠯ ᠠᠰᠠᠭᠤᠳᠠᠯ  ᠢ ᠳᠡᠭᠡᠭᠰᠢ ᠲᠤᠰᠢᠶᠠᠬᠤ ᠦᠭᠡᠢ ᠰᠢᠢᠳᠪᠦᠷᠢᠯᠡᠵᠦ᠂ ᠴᠣᠬᠤᠶᠢᠯᠲᠠ ᠶᠢᠨ ᠴᠢᠨᠠᠷᠲᠠᠢ ᠳᠠᠯᠳᠠ ᠭᠡᠮ ᠶᠢ ᠦᠨᠡᠨ ᠬᠦ ᠴᠠᠭ ᠲᠤᠬᠠᠢ ᠳᠤᠨᠢ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃         ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠢ ᠤᠳᠤᠷᠢᠳᠤᠯᠭ᠎ᠠ᠂ ᠬᠤᠰᠢᠭᠤ ᠰᠢᠭᠦᠭᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠱᠠᠩᠬᠠᠢ ᠶᠢᠨ ᠰᠥᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠡᠯ᠎ᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠪᠠᠯᠭᠠᠰᠤᠨ ᠳᠠᠷᠤᠭ᠎ᠠ᠂ ᠳᠡᠳ᠋ ᠱᠦᠵᠢ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠢ ᠰᠠᠯᠠᠭ᠎ᠠ ᠮᠥᠴᠢᠷ᠂ ᠡᠯ᠎ᠡ ᠣᠯᠠᠨ ᠲᠥᠮᠡᠨᠴᠢ ᠪᠥᠯᠬᠦᠮ ᠤᠨ ᠭᠤᠣᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号