ᠬᠤᠰᠢᠭᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ 136 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/22
    1 ᠳ᠋ᠣᠭᠡᠷ ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ 136 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠬᠤᠷᠠᠯᠳᠣᠭᠤᠯᠵᠣ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠣᠭᠠᠷ ᠬᠤᠭᠤᠴᠠᠭᠠᠨ ᠤ ᠠᠷᠪᠠᠨ ᠭᠤᠷᠪᠠᠳᠣᠭᠠᠷ ᠣᠳᠠᠭᠠᠨ ᠤ ᠪᠦᠬᠦᠳᠡ ᠬᠤᠷᠠᠯᠳᠣᠭᠠᠨ ᠵᠢᠴᠢ ᠪᠦᠬᠦ ᠣᠷᠣᠨ ᠤ ᠠᠵᠣ ᠠᠬᠤᠢ ᠶᠢᠨ ᠠᠵᠢᠯ ᠤᠨ ᠬᠤᠷᠠᠯ᠂ ᠬᠤᠳᠠ ᠶᠢᠨ ᠨᠠᠮ ᠤᠨ ᠬᠤᠷᠢᠶ᠎ᠠ  ᠶᠢᠨ ᠲᠦᠷᠪᠡᠳᠦᠭᠡᠷ ᠬᠤᠭᠤᠴᠠᠭᠠᠨ ᠤ ᠠᠷᠪᠠᠨ ᠬᠤᠶᠠᠳᠣᠭᠠᠷ ᠣᠳᠠᠭᠠᠨ ᠤ ᠪᠦᠬᠦᠳᠠ ᠬᠤᠷᠠᠯᠳᠣᠭᠠᠨ ᠵᠢᠴᠢ ᠪᠦᠬᠦ ᠬᠤᠳᠠ ᠶᠢᠨ ᠠᠵᠣ ᠠᠬᠤᠢ ᠶᠢᠨ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠣ᠂ ᠬᠤᠰᠢᠭᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠬᠤᠷᠢᠳᠣᠭᠠᠷ ᠣᠳᠠᠭᠠᠨ ᠤ ᠪᠦᠬᠦᠳᠡ ᠬᠤᠷᠠᠯᠳᠣᠭᠠᠨ ᠵᠢᠴᠢ ᠬᠤᠰᠢᠭᠤᠨ ᠤ ᠠᠵᠣ ᠠᠬᠤᠢ ᠶᠢᠨ ᠠᠵᠢᠯ ᠤᠨ ᠬᠤᠷᠠᠯ ᠤᠨ ᠲᠣᠬᠠᠢ ᠣᠴᠢᠷ ᠶᠠᠪᠣᠳᠠᠯ ᠵᠡᠷᠭᠡ ᠶᠢ ᠰᠣᠳᠣᠯᠣᠨ ᠶᠠᠷᠢᠯᠴᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠪᠦᠷᠢᠨᠴᠢᠮᠡᠭ ᠬᠤᠷᠠᠯ ᠡᠷᠬᠢᠯᠡᠵᠦ ᠶᠠᠷᠢᠶ᠎ᠠ ᠲᠠᠯᠪᠢᠪᠠ᠃     ᠬᠤᠷᠠᠯ ᠲᠡᠭᠡᠷ᠎ᠡ᠂ ᠬᠤᠰᠢᠭᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠬᠤᠷᠢᠳᠣᠭᠠᠷ ᠣᠳᠠᠭᠠᠨ  ᠤ ᠪᠦᠬᠦᠳᠡ ᠬᠤᠷᠠᠯᠳᠣᠭᠠᠨ ᠵᠢᠴᠢ ᠪᠦᠬᠦ ᠬᠤᠰᠢᠭᠤᠨ ᠤ ᠠᠵᠣ ᠠᠬᠤᠢ ᠶᠢᠨ ᠠᠵᠢᠯ ᠤᠨ ᠬᠤᠷᠠᠯ ᠤᠨ ᠪᠡᠯᠡᠳᠬᠡᠯ ᠠᠵᠢᠯ ᠤᠨ ᠮᠡᠳᠡᠭᠦᠯᠦᠯᠳᠡ ᠶᠢ ᠰᠣᠨᠣᠰᠣᠨ᠂ ︽ᠲᠣᠮᠳᠠᠳᠦ ᠣᠯᠣᠰ ᠤᠨ ᠡᠪ ᠬᠠᠮᠳᠦ ᠨᠠᠮ ᠤᠨ ᠣᠳᠤᠭ ᠤᠨ ᠡᠮᠦᠨᠡᠳᠦ ᠬᠤᠰᠢᠭᠤᠨ ᠤ ᠬᠤᠷᠢᠶ᠎ᠠ ᠶᠢᠨ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠠᠷᠪᠠᠨ ᠲᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ ᠪᠣᠯᠣᠨ 2035 ᠣᠨ ᠪᠣᠯᠳᠠᠯᠠᠬᠢ ᠠᠯᠣᠰ ᠤᠨ ᠬᠠᠷᠠᠯᠳᠠ ᠶᠢ ᠲᠣᠭᠳᠠᠭᠠᠬᠤ ᠰᠠᠨᠠᠯ︾ ᠢ ᠬᠢᠨᠠᠨ ᠵᠦᠪᠯᠡᠪᠡ᠃ ᠬᠤᠷᠠᠯ ᠠᠴᠠ᠂ ᠦᠨᠦ ᠵᠢᠯ ᠪᠣᠯ ︽ᠠᠷᠪᠠᠨ ᠲᠦᠷᠪᠡᠳᠦᠭᠡᠷ ᠲᠠᠪᠣᠨ ᠵᠢᠯ︾ ᠤᠨ ᠡᠬᠢᠨ ᠤ ᠵᠢᠯ ᠮᠦᠷᠳᠡᠭᠡᠨ ᠨᠠᠮ ᠪᠠᠶᠢᠭᠤᠯᠣᠭᠳᠠᠭᠰᠠᠨ 100 ᠵᠢᠯ ᠤᠨ ᠣᠢ ᠶᠢᠨ ᠪᠠᠶᠠᠷ ᠪᠣᠯᠣᠨ᠎ᠠ᠃ ᠦᠨᠦ ᠵᠢᠯ ᠤᠨ ᠪᠦᠬᠦᠳᠡ ᠬᠤᠷᠠᠯᠳᠣᠭᠠᠨ ᠢ ᠰᠠᠶᠢᠳᠦᠷ ᠬᠢᠬᠦ ᠨᠢ ᠲᠠᠷᠠᠭ᠎ᠠ ᠵᠢᠯ ᠴᠢᠨᠠᠭᠰᠢᠯᠠᠭᠠᠳ ᠬᠤᠶᠢᠰᠢᠳᠡ ᠶᠢᠨ ᠲᠠᠪᠣᠨ ᠵᠢᠯ ᠤᠨ ᠠᠵᠢᠯ ᠲᠠᠢ ᠴᠢᠬᠤᠯᠠ ᠠᠴᠢ ᠬᠤᠯᠪᠣᠭᠳᠠᠯ ᠲᠠᠢ ᠶᠣᠮ᠃ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠯᠪᠠᠨ ᠭᠡᠷ ᠬᠢᠨᠠᠮᠠᠭᠠᠢ ᠵᠣᠬᠢᠰᠳᠠᠢ ᠪᠠᠷ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠬᠦᠯᠢᠶᠡᠨ ᠠᠪᠴᠦ᠂ ᠬᠤᠯᠪᠣᠭᠳᠠᠯ ᠪᠦᠬᠦᠢ ᠮᠡᠲ᠋ᠧᠷᠢᠶᠠᠯ ᠢ ᠣᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠦᠬᠦᠳᠡ ᠬᠤᠷᠠᠯᠳᠣᠭᠠᠨ ᠢ ᠡᠷᠴᠢᠮᠳᠡᠢ ᠬᠦᠭᠵᠢᠯᠳᠡ ᠶᠢᠨ ᠰᠦᠪᠡᠭᠴᠢᠯᠡᠯ ᠤᠨ ᠬᠤᠷᠠᠯ ᠪᠣᠯᠭᠠᠨ ᠬᠤᠷᠠᠯᠳᠣᠭᠤᠯᠬᠤ ᠬᠡᠷᠡᠭᠳᠡᠢ ᠭᠡᠵᠣ ᠵᠢᠭᠠᠭᠰᠠᠨ ᠪᠠᠶᠢᠨ᠎ᠠ᠃     ᠬᠤᠷᠠᠯ ᠲᠡᠭᠡᠷ᠎ᠡ᠂ 2021 ᠣᠨ ᠤ ᠪᠦᠬᠦ ᠬᠤᠰᠢᠭᠤᠨ ᠤ ᠠᠵᠣ ᠠᠬᠤᠢ ᠶᠢᠨ ᠭᠤᠣᠯ ᠭᠦᠢᠴᠡᠳᠭᠡᠯ ᠤᠨ ᠲᠦᠰᠦᠭᠡᠯᠡᠯ ᠢ ᠰᠣᠳᠣᠯᠪᠠ᠃ ᠬᠤᠷᠠᠯ ᠠᠴᠠ᠂ 2021 ᠣᠨ ᠤ ᠠᠵᠣ ᠠᠬᠤᠢ ᠶᠢᠨ ᠭᠤᠣᠯ ᠭᠦᠢᠴᠡᠳᠬᠡᠯ ᠢ ᠰᠢᠨᠵᠢᠯᠡᠬᠦ ᠣᠬᠠᠭᠠᠨᠴᠢ ᠪᠠᠷ ᠪᠣᠳᠠᠳᠠᠶᠢᠴᠢᠯᠠᠨ ᠲᠣᠭᠳᠠᠭᠠᠵᠣ᠂ ᠣᠳᠣᠬᠠᠨ ᠤ ᠰᠠᠭᠤᠷᠢ ᠶᠢ ᠪᠣᠳᠣᠯᠬᠢᠯᠠᠨ᠂ ᠦᠨᠡᠨ  ᠠᠴᠠ ᠵᠦᠪ ᠢ ᠡᠷᠢᠬᠦ ᠶᠢ ᠪᠠᠷᠢᠮᠳᠠᠯᠠᠵᠣ᠂ ᠬᠦᠭᠵᠢᠯᠳᠡ ᠶᠢᠨ ᠱᠠᠭᠠᠷᠳᠠᠯᠭ᠎ᠠ ᠳᠤ ᠲᠣᠬᠢᠷᠠᠯᠴᠠᠭᠤᠯᠣᠨ᠂ ᠲᠠᠷᠣᠯᠳᠠ ᠶᠢᠨ ᠬᠦᠴᠦᠨ ᠢᠶᠠᠨ ᠨᠡᠮᠡᠭᠳᠡᠭᠦᠯᠵᠣ᠂ ᠲᠠᠯᠳᠠ ᠬᠦᠴᠦᠨ ᠢᠶᠠᠨ ᠪᠠᠳᠠᠷᠠᠭᠤᠯᠣᠨ᠂ ᠡᠯ᠎ᠡ ᠲᠦᠷᠦᠯ ᠤᠨ ᠠᠵᠣ ᠠᠬᠤᠢ ᠶᠢᠨ ᠭᠤᠣᠯ ᠭᠦᠢᠴᠡᠳᠬᠡᠯ ᠲᠤᠭ᠎ᠠ ᠶᠢ ᠬᠢᠨᠠᠮᠠᠭᠠᠢ ᠰᠣᠳᠣᠯᠵᠣ᠂ ᠡᠯ᠎ᠡ ᠲᠦᠷᠦᠯ ᠤᠨ ᠠᠵᠣ ᠠᠬᠤᠢ ᠤᠨ ᠠᠵᠢᠯ ᠤᠨ ᠬᠠᠷᠠᠯᠳᠠ ᠡᠭᠦᠷᠭᠡ ᠶᠢ ᠨᠢᠭᠡᠳᠦᠯᠳᠡᠢ ᠲᠦᠯᠦᠪᠵᠢᠭᠦᠯᠦᠨ᠂ ᠠᠵᠣ ᠠᠬᠤᠢ ᠶᠢᠨ ᠠᠵᠢᠯ ᠤᠨ ᠰᠠᠨᠠᠭᠠᠴᠢᠯᠭᠠᠳᠦ ᠡᠷᠬᠡ ᠶᠢ ᠪᠠᠳᠦ ᠡᠵᠡᠮᠳᠡᠵᠣ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠪᠦᠬᠦ ᠲᠠᠯ᠎ᠠ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠷᠠᠯ ᠲᠡᠭᠡᠷ᠎ᠡ᠂ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠲᠣᠭᠤᠷᠢᠨ ᠪᠠᠶᠢᠴᠠᠭᠠᠬᠤ ᠠᠯᠪᠠᠨ ᠭᠡᠷ ᠤᠨ ᠠᠵᠢᠯ ᠤᠨ ᠮᠡᠳᠡᠭᠦᠯᠦᠯᠳᠡ ᠶᠢ ᠰᠣᠨᠣᠰᠪᠠ᠃ ᠬᠤᠷᠠᠯ ᠠᠴᠠ᠂ ᠦᠩᠭᠡᠷᠡᠭᠰᠡᠨ ᠨᠢᠭᠡ ᠵᠢᠯ ᠳᠤ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠲᠣᠭᠤᠷᠢᠨ ᠪᠠᠶᠢᠴᠠᠭᠠᠬᠤ ᠠᠯᠪᠠᠨ ᠭᠡᠷ ᠭᠤᠣᠯᠳᠠᠯᠭ᠎ᠠ ᠶᠢᠨ ᠲᠣᠭᠤᠷᠢᠨ ᠳᠤ ᠪᠦᠬᠦ ᠲᠠᠯ᠎ᠠ  ᠳᠤ ᠣᠶᠢᠯᠡᠴᠢᠯᠡᠵᠣ᠂ ᠡᠯ᠎ᠡ ᠲᠦᠷᠦᠯ ᠤᠨ ᠠᠵᠢᠯ ᠳᠤ ᠦᠨᠡᠨ ᠬᠦ ᠬᠦᠴᠦᠯᠡᠨ᠂ ᠢᠯᠡᠷᠬᠡᠢ ᠪᠦᠳᠦᠮᠵᠢ ᠣᠯᠣᠭᠰᠠᠨ ᠪᠠᠶᠢᠨ᠎ᠠ᠃ ᠣᠬᠢ ᠰᠠᠶᠢᠨ ᠠᠵᠢᠯᠯᠠᠬᠤ ᠰᠣᠷᠳᠠᠯ ᠪᠣᠯᠣᠨ ᠬᠢᠨᠠᠮᠠᠭᠠᠢ ᠠᠵᠢᠯᠯᠠᠬᠤ ᠣᠪᠣᠷ ᠢᠶᠠᠨ ᠦᠷᠭᠦᠯᠵᠢᠯᠡᠨ ᠪᠠᠳᠣᠯᠠᠵᠣ᠂ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠴᠢᠬᠤᠯᠠᠴᠢᠯᠠᠨ᠂ ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠣ᠂ ᠪᠦᠬᠦ ᠬᠦᠴᠦᠨ ᠢᠶᠠᠷ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠪᠦᠬᠦ ᠲᠠᠯ᠎ᠠ ᠳᠤ ᠵᠢᠳᠬᠦᠯ ᠢᠶᠠᠨ ᠦᠵᠡᠭᠦᠯᠬᠦ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号