ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠭ ᠤᠨ ᠡᠮᠥᠨᠡᠳᠤ ᠬᠤᠰᠢᠭᠤᠨ ᠤ ᠶᠢᠰᠥᠳᠥᠭᠡᠷ ᠬᠤᠭᠤᠴᠠᠭᠠᠨ ᠤ | ᠬᠤᠷᠢᠶ᠎ᠠ ᠶᠢᠨ ᠬᠤᠷᠢᠳᠦᠭᠠᠷ ᠤᠳᠠᠭᠠᠨ ᠤ ᠪᠦᠬᠦᠳᠠ ᠬᠤᠷᠠᠯᠳᠤᠭᠠᠨ ᠤ ᠠᠯᠪᠠᠨ ᠮᠡᠳᠡᠭᠡ | ︵2021 ᠣᠨ ᠤ 1 ᠰᠠᠷ᠎ᠠ ᠶᠢᠨ 20 ᠡᠳᠦᠷ ᠲᠣᠮᠳᠠᠳᠦ ᠣᠯᠣᠰ ᠤᠨ ᠡᠪ ᠬᠠᠮᠳᠦ ᠨᠠᠮ ᠤᠨ ᠣᠳᠤᠭ ᠤᠨ | ᠡᠮᠦᠨᠡᠳᠦ ᠬᠤᠰᠢᠭᠤᠨ ᠤ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠬᠤᠷᠢᠳᠣᠭᠠᠷ ᠣᠳᠠᠭᠠᠨ ᠤ ᠪᠦᠬᠦᠳᠠ | ᠬᠤᠷᠠᠯᠳᠣᠭᠠᠨ ᠢᠶᠠᠷ ᠪᠠᠳᠣᠯᠠᠪᠠ ︶ | | | ᠲᠣᠮᠳᠠᠳᠦ ᠣᠯᠣᠰ ᠤᠨ ᠡᠪ ᠬᠠᠮᠳᠦ ᠨᠠᠮ ᠤᠨ ᠣᠳᠤᠭ ᠤᠨ ᠡᠮᠦᠨᠡᠳᠦ ᠬᠤᠰᠢᠭᠤᠨ ᠤ ᠶᠢᠰᠦᠳᠦᠭᠡᠷ | ᠬᠤᠭᠤᠴᠠᠭᠠᠨ ᠤ ᠬᠤᠷᠢᠶ᠎ᠠ ᠶᠢᠨ ᠬᠤᠷᠢᠳᠣᠭᠠᠷ ᠣᠳᠠᠭᠠᠨ ᠤ ᠪᠦᠬᠦᠳᠠ ᠬᠤᠷᠠᠯᠳᠣᠭᠠᠨ 2021 ᠤᠨ ᠤ 1 ᠰᠠᠷᠠᠶᠢᠨ | 20 ᠤ ᠡᠳᠥᠷ ᠤᠯᠵᠠᠴᠢ ᠪᠠᠯᠭᠠᠰᠤᠨ ᠳᠤ ᠶᠠᠪᠤᠭᠳᠠᠪᠠ᠃ | ᠬᠤᠷᠠᠯ ᠳᠤ ᠤᠷᠤᠯᠴᠠᠭᠰᠠᠨ ᠬᠤᠰᠢᠭᠤ ᠨᠠᠮ ᠤᠨ ᠬᠤᠷᠢᠶᠠᠨ ᠤ ᠬᠡᠰᠢᠬᠦᠨ 28 ᠬᠦᠮᠥᠨ᠂ ᠤᠷᠤᠯᠠᠭᠴᠢ | ᠬᠡᠰᠢᠬᠦᠨ 4 ᠬᠦᠮᠥᠨ᠃ ᠬᠤᠰᠢᠭᠤ ᠬᠠᠮᠢᠶ᠎ᠠ ᠪᠦᠬᠦᠢ ᠤᠳᠤᠷᠢᠳᠤᠯᠭ᠎ᠠ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ | ᠶᠢᠨ ᠪᠠᠶᠢᠩᠭᠤ ᠶᠢᠨ ᠬᠡᠰᠢᠬᠦᠨ᠂ ᠬᠢᠨᠠᠨ ᠪᠠᠶᠢᠴᠠᠭᠠᠬᠤ ᠵᠦᠪᠯᠡᠯ ᠤᠨ ᠬᠡᠰᠢᠬᠦᠨ᠂ ᠬᠤᠯᠪᠤᠭᠳᠠᠯ ᠪᠦᠬᠦᠢ | ᠬᠠᠷᠢᠭᠤᠴᠠᠯᠭᠠᠳᠠᠳ ᠪᠤᠯᠤᠨ ᠬᠤᠳᠠ ᠶᠢᠨ ᠲᠦᠷᠪᠡᠳᠦᠭᠡᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ | ᠬᠡᠰᠡᠭ ᠲᠦᠯᠦᠭᠡᠯᠡᠭᠴᠢ᠂ ᠬᠤᠰᠢᠭᠤ ᠶᠢᠰᠦᠳᠦᠭᠡᠷ ᠬᠤᠭᠤᠴᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ | ᠦᠨᠳᠦᠰᠦᠨ ᠱᠠᠳᠣᠨ ᠤ ᠨᠠᠮ ᠤᠨ ᠲᠦᠯᠦᠭᠡᠯᠡᠭᠴᠢ ᠬᠤᠷᠠᠯ ᠳᠤ ᠰᠤᠯᠠ ᠤᠷᠤᠯᠴᠠᠪᠠ᠃ | ᠪᠦᠬᠦᠳᠠ ᠬᠤᠷᠠᠯᠳᠤᠭᠠᠨ ᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠵᠤ᠂ | ᠬᠤᠰᠢᠭᠤ ᠨᠠᠮ ᠤᠨ ᠬᠤᠷᠢᠶ᠎ᠠ ᠶᠢᠨ ᠱᠥᠵᠢ ᠪᠦᠷᠢᠨᠴᠢᠮᠡᠭ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠥᠵᠢ᠂ | ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠲᠠᠷᠤᠭ᠎ᠠ ᠦ᠋ ᠶᠦᠨ ᠲᠣᠰᠪᠣᠷᠢ ᠶᠠᠷᠢᠶ᠎ᠠ ᠳᠠᠯᠪᠢᠪᠠ᠃ | ᠪᠦᠬᠦᠳᠠ ᠬᠤᠷᠠᠯᠳᠤᠭᠠᠨ ᠨᠢ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠥᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠣᠭᠠᠷ᠂ ᠭᠤᠷᠪᠠᠳᠣᠭᠠᠷ᠂ | ᠲᠦᠷᠪᠡᠳᠦᠭᠡᠷ᠂ ᠲᠠᠪᠣᠳᠣᠭᠠᠷ ᠪᠦᠬᠦᠳᠠ ᠬᠤᠷᠠᠯᠳᠤᠭᠠᠨ ᠤ ᠵᠤᠷᠢᠭ ᠰᠠᠨᠠᠭ᠎ᠠ ᠵᠢᠴᠢ ᠲᠦᠪ ᠤᠨ ᠠᠵᠣ ᠠᠬᠤᠢ ᠶᠢᠨ | ᠠᠵᠢᠯ ᠤᠨ ᠬᠤᠷᠠᠯᠳᠣᠭᠠᠨ ᠤ ᠵᠣᠷᠢᠭ ᠰᠠᠨᠠᠭ᠎ᠠ ᠶᠢ ᠬᠦᠨᠵᠡᠬᠡᠢ ᠰᠣᠷᠣᠯᠴᠠᠨ ᠳᠤᠤᠱᠯᠠᠭᠤᠯᠵᠤ᠂ ᠶᠡᠷᠦᠩᠬᠡᠢ ᠱᠦᠵᠢ ᠰᠢ | ᠶᠢᠨ ᠫᠢᠩ ᠤᠨ ᠦᠪᠦᠷ ᠮᠣᠩᠭᠤᠯ ᠤᠨ ᠠᠵᠢᠯ ᠳᠤ ᠦᠭᠭᠦᠭᠰᠡᠨ ᠴᠢᠬᠤᠯᠠ ᠵᠢᠭᠠᠪᠦᠷᠢ ᠴᠣᠬᠤᠯᠠᠪᠦᠷᠢ ᠶᠢᠨ ᠵᠣᠷᠢᠭ | ᠰᠠᠨᠠᠭ᠎ᠠ ᠶᠢ ᠬᠢᠨᠠᠮᠠᠭᠠᠢ ᠰᠣᠷᠣᠯᠴᠠᠵᠣ ᠲᠣᠣᠱᠯᠠᠭᠤᠯᠣᠨ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠳᠣᠭᠠᠷ ᠬᠤᠭᠤᠴᠠᠭᠠᠨ ᠤ ᠠᠷᠪᠠᠨ ᠭᠤᠷᠪᠠᠳᠣᠭᠠᠷ ᠣᠳᠠᠭ᠎ᠠ ᠶᠢᠨ ᠪᠦᠬᠦᠳᠡ ᠬᠤᠷᠠᠯᠳᠣᠭᠠᠨ ᠵᠢᠴᠢ ᠪᠦᠬᠦ ᠣᠷᠣᠨ | ᠤ ᠠᠵᠣ ᠠᠬᠤᠢ ᠶᠢᠨ ᠠᠵᠢᠯ ᠤᠨ ᠬᠤᠷᠠᠯᠳᠣᠭᠠᠨ ᠪᠠ ᠬᠤᠳᠠ ᠶᠢᠨ ᠨᠠᠮ ᠤᠨ ᠬᠤᠷᠢᠶ᠎ᠠ ᠶᠢᠨ ᠲᠦᠷᠪᠡᠳᠦᠭᠡᠷ | ᠬᠤᠭᠤᠴᠠᠭᠠᠨ ᠤ ᠠᠷᠪᠠᠨ ᠬᠤᠶᠠᠳᠣᠭᠠᠷ ᠣᠳᠠᠭ᠎ᠠ ᠶᠢᠨ ᠪᠦᠬᠦᠳᠠ ᠬᠤᠷᠠᠯᠳᠣᠭᠠᠨ ᠵᠢᠴᠢ ᠬᠤᠳᠠ ᠶᠢᠨ ᠠᠵᠣ ᠠᠬᠤᠢ | ᠶᠢᠨ ᠠᠵᠢᠯ ᠤᠨ ᠬᠤᠷᠠᠯᠳᠣᠭᠠᠨ ᠤ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠵᠣ᠂ ᠪᠦᠷᠢᠨᠴᠢᠮᠡᠭ ᠨᠦᠬᠦᠷ ᠤᠨ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠬᠢᠭᠰᠡᠨ ᠠᠵᠢᠯ ᠤᠨ | ᠮᠡᠳᠡᠭᠦᠯᠦᠯᠳᠡ ᠶᠢ ᠰᠣᠨᠣᠰᠣᠨ ᠶᠠᠷᠢᠯᠴᠠᠵᠣ᠂ ︽ᠲᠣᠮᠳᠠᠳᠦ ᠣᠯᠣᠰ ᠤᠨ ᠡᠪ ᠬᠠᠮᠳᠦ ᠨᠠᠮ ᠤᠨ ᠣᠳᠤᠭ ᠤᠨ | ᠡᠮᠦᠨᠡᠳᠦ ᠬᠤᠰᠢᠭᠤᠨ ᠤ ᠬᠤᠷᠢᠶ᠎ᠠ ᠶᠢᠨ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ | ᠠᠷᠪᠠᠨ ᠲᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ ᠪᠣᠯᠣᠨ 2035 ᠣᠨ ᠪᠣᠯᠳᠠᠯᠠᠬᠢ ᠠᠯᠣᠰ ᠤᠨ | ᠬᠠᠷᠠᠯᠳᠠ ᠶᠢᠨ ᠲᠣᠭᠳᠠᠭᠠᠬᠤ ᠰᠠᠨᠠᠯ︾ ᠢ ᠬᠢᠨᠠᠨ ᠪᠠᠳᠣᠯᠠᠵᠣ᠂ 2020 ᠣᠨ ᠤ ᠠᠵᠢᠯ ᠢᠶᠠᠨ ᠳ᠋ᠦᠩᠨᠡᠨ᠂ 2021 | ᠣᠨ ᠤ ᠠᠵᠢᠯ ᠢᠶᠠᠨ ᠪᠠᠶᠢᠷᠢᠯᠠᠭᠤᠯᠪᠠ᠃ ᠪᠦᠷᠢᠨᠴᠢᠮᠡᠭ ᠨᠦᠬᠦᠷ ᠠᠴᠠ ︽ᠰᠠᠨᠠᠯ ︵ᠶᠠᠷᠢᠯᠴᠠᠬᠤ ᠨᠣᠣᠷᠠᠭ︶︾ ᠤᠨ | ᠲᠣᠬᠠᠢ ᠪᠦᠬᠦᠳᠠ ᠬᠤᠷᠠᠯᠳᠣᠭᠠᠨ ᠳᠤ ᠲᠠᠶᠢᠯᠪᠦᠷᠢ ᠬᠢᠪᠠ᠃ | ᠪᠦᠬᠦᠳᠠ ᠬᠤᠷᠠᠯᠳᠤᠭᠠᠨ ᠠᠴᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ | ᠦᠩᠬᠡᠷᠡᠭᠰᠡᠨ ᠨᠢᠬᠡ ᠵᠢᠯ ᠤᠨ ᠠᠵᠢᠯ ᠢ ᠬᠦᠢᠴᠡᠳ ᠨᠣᠲᠠᠯᠠᠪᠠ᠃ ᠬᠤᠷᠠᠯ ᠠᠴᠠ᠂ 2020 ᠣᠨ ᠪᠣᠯ ᠤᠳᠤᠭ ᠤᠨ | ᠡᠮᠤᠨᠡᠳᠤ ᠬᠤᠰᠢᠭᠤ ᠶᠠᠳᠠᠭᠤ ᠠᠴᠠ ᠠᠩᠬᠢᠵᠢᠷᠠᠭᠤᠯᠬᠤ ᠰᠢᠪᠲᠣᠯᠣᠯᠲᠠ᠂ ᠴᠢᠨᠡᠬᠡᠯᠢᠭ ᠨᠡᠶᠢᠬᠡᠮ ᠤᠨ ᠪᠦᠬᠦ ᠲᠠᠯ᠎ᠠ ᠶᠢᠨ | ᠪᠠᠶᠢᠭᠤᠯᠣᠯᠲᠠ ᠪᠣᠯᠣᠨ ︽ᠠᠷᠪᠠᠨ ᠭᠤᠷᠪᠠᠳᠣᠭᠠᠷ ᠲᠠᠪᠣᠨ ᠵᠢᠯ ᠤᠨ ᠲᠦᠯᠦᠪᠵᠢᠬᠦᠯᠬᠡ︾ ᠪᠠᠨ ᠠᠮᠵᠢᠯᠲᠠ ᠲᠠᠢ | ᠪᠡᠶᠡᠯᠡᠭᠦᠯᠦᠭᠰᠡᠨ ᠵᠢᠯ ᠪᠣᠯᠣᠨ᠎ᠠ᠃ ᠲᠣᠰ ᠵᠢᠯ ᠳᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ | ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠥᠵᠡᠯ | ᠰᠠᠨᠠᠭ᠎ᠠ ᠶᠢ ᠵᠢᠯᠤᠭᠤᠳᠤᠯᠭ᠎ᠠ ᠪᠤᠯᠭᠠᠨ ᠪᠠᠷᠢᠮᠲᠠᠯᠠᠵᠣ᠂ ᠪᠦᠬᠦ ᠬᠤᠰᠢᠭᠤᠨ ᠤ ᠡᠯ᠎ᠡ ᠦᠨᠳᠣᠰᠣᠲᠠᠨ ᠤ ᠺᠠᠳ᠋ᠷ ᠣᠯᠠᠨ | ᠲᠦᠮᠡᠨ ᠢ ᠪᠦᠯᠬᠦᠮᠳᠡᠬᠦᠯᠣᠨ ᠲᠠᠶᠢᠴᠢᠯᠠᠵᠣ᠂ ᠪᠡᠷᠬᠡ ᠪᠠᠶᠢᠳᠠᠯ ᠤᠨ ᠲᠣᠮᠳᠠ ᠬᠠᠲᠠᠭᠤᠵᠢᠨ ᠲᠠᠪᠰᠢᠵᠣ᠂ ᠬᠤᠪᠢᠷᠠᠯᠲᠠ | ᠶᠢᠨ ᠲᠣᠮᠳᠠ ᠰᠠᠨᠠᠭᠠᠴᠢᠯᠠᠭ᠎ᠠ ᠲᠠᠢ ᠠᠵᠢᠯᠯᠠᠨ᠂ ︽ᠵᠢᠷᠭᠤᠭ᠎ᠠ ᠶᠢ ᠲᠣᠭᠲᠠᠪᠣᠷᠢᠵᠢᠭᠤᠯᠬᠤ︾ ᠠᠵᠢᠯ ᠢ ᠯᠠᠪᠳᠠᠭᠤᠨ | ᠪᠠᠲᠣᠲᠠᠢ ᠠᠬᠢᠭᠤᠯᠵᠣ᠂ ︽ᠵᠢᠷᠭᠤᠭ᠎ᠠ ᠶᠢ ᠪᠠᠲᠣᠯᠠᠬᠤ︾ ᠡᠬᠦᠷᠬᠡ ᠶᠢ ᠪᠦᠬᠦ ᠲᠠᠯ᠎ᠠ ᠪᠠᠷ ᠨᠠᠶᠢᠲᠠᠪᠣᠷᠢᠵᠢᠭᠤᠯᠣᠨ᠂ | ᠠᠵᠣ ᠠᠬᠤᠢ ᠨᠡᠶᠢᠬᠡᠮ ᠤᠨ ᠪᠤᠳᠤᠯᠢᠶᠠᠨᠳᠤ ᠪᠠᠶᠢᠳᠠᠯ ᠤᠨ ᠲᠣᠮᠳᠠ ᠬᠦᠭᠵᠢᠯᠲᠠ ᠶᠢᠨ ᠣᠬᠢ ᠪᠠᠶᠢᠳᠠᠯ ᠢᠶᠠᠨ | ᠪᠠᠲᠣᠯᠠᠭᠰᠠᠨ ᠬᠡᠵᠣ ᠰᠠᠨᠠᠯ ᠨᠢᠬᠡᠲᠡᠢ ᠦᠵᠡᠭᠰᠡᠨ ᠪᠠᠶᠢᠨ᠎ᠠ᠃ | ᠪᠦᠬᠦᠳᠠ ᠬᠤᠷᠠᠯᠳᠤᠭᠠᠨ ᠠᠴᠠ᠂ ᠪᠦᠬᠦ ᠬᠤᠰᠢᠭᠤᠨ ᠤ ᠴᠢᠨᠡᠬᠡᠯᠢᠭ ᠨᠡᠶᠢᠬᠡᠮ ᠤᠨ ᠪᠦᠬᠦ ᠲᠠᠯ᠎ᠠ ᠶᠢᠨ | ᠪᠠᠶᠢᠭᠤᠯᠣᠯᠲᠠ ᠰᠢᠢᠳᠪᠣᠷᠢᠯᠡᠭᠴᠢ ᠴᠢᠨᠠᠷᠲᠠᠢ ᠪᠦᠲᠦᠮᠵᠢ ᠣᠯᠵᠣ᠂ ︽ᠠᠷᠪᠠᠨ ᠭᠤᠷᠪᠠᠳᠣᠭᠠᠷ ᠲᠠᠪᠣᠨ ᠵᠢᠯ ᠤᠨ | ᠲᠦᠯᠦᠪᠵᠢᠬᠦᠯᠬᠡ︾ ᠶᠢᠨ ᠬᠤᠭᠤᠴᠠᠭᠠᠨ ᠳᠤ ᠶᠡᠷᠣᠩᠬᠡᠶᠢᠯᠡᠭᠰᠡᠨ ᠪᠣᠳᠠᠲᠣ ᠬᠦᠴᠦᠨ ᠯᠠᠪᠳᠠᠭᠤᠨ ᠢᠶᠠᠷ ᠲᠡᠬᠡᠭᠰᠢᠯᠡᠨ᠂ | ᠠᠵᠣ ᠦᠢᠯᠡᠰ ᠤᠨ ᠬᠡᠯᠪᠡᠷᠢ ᠶᠢᠨ ᠬᠤᠪᠢᠷᠠᠭᠤᠯᠣᠯᠲᠠ ᠲᠦᠷᠬᠡᠳᠴᠣ᠂ ᠭᠤᠷᠪᠠᠨ ᠶᠡᠭᠡ ᠰᠢᠪᠲᠣᠯᠣᠯᠲᠠ ᠶᠢᠨ ᠠᠵᠢᠯ | ᠡᠯᠪᠡᠭ ᠠᠮᠵᠢᠯᠲᠠ ᠡᠬᠦᠳᠣᠨ᠂ ᠬᠦᠭᠵᠢᠯᠲᠡ ᠶᠢᠨ ᠠᠮᠢᠳᠣᠯᠢᠭ ᠬᠦᠴᠦᠨ ᠢᠯᠡᠳᠲᠡ ᠨᠡᠮᠡᠭᠳᠡᠵᠣ᠂ ᠠᠷᠠᠳ ᠤᠨ | ᠠᠮᠢᠳᠣᠷᠠᠯ ᠤᠨ ᠪᠠᠲᠣᠯᠠᠭ᠎ᠠ ᠪᠠᠬᠢᠵᠢᠨ᠂ ᠪᠦᠯᠬᠦᠮᠳᠠᠯ ᠲᠠᠪᠰᠢᠯᠲᠠ ᠶᠢᠨ ᠬᠦᠴᠦᠨ ᠪᠦᠲᠦᠮᠵᠢᠲᠠᠢ ᠨᠢᠭᠲᠠᠷᠠᠵᠣ᠂ | ︽ᠠᠷᠪᠠᠨ ᠭᠤᠷᠪᠠᠳᠣᠭᠠᠷ ᠲᠠᠪᠣᠨ ᠵᠢᠯ ᠤᠨ ᠲᠦᠯᠦᠪᠵᠢᠬᠦᠯᠬᠡ︾ ᠶᠢᠨ ᠬᠠᠷᠠᠯᠲᠠ ᠡᠬᠦᠷᠬᠡ ᠣᠷᠣᠭᠰᠢᠲᠠᠢ ᠪᠡᠶᠡᠯᠡᠭᠳᠡᠨ᠂ | ᠴᠢᠨᠡᠬᠡᠯᠢᠭ ᠨᠡᠶᠢᠬᠡᠮ ᠤᠨ ᠪᠦᠬᠦ ᠲᠠᠯ᠎ᠠ ᠶᠢᠨ ᠪᠠᠶᠢᠭᠤᠯᠣᠯᠲᠠ ᠪᠡᠶᠡᠯᠡᠭᠳᠡᠬᠦ ᠪᠣᠯᠵᠣ᠂ ᠴᠢᠨᠠᠷᠯᠢᠭ ᠬᠦᠭᠵᠢᠯᠲᠡ | ᠡᠷᠴᠢᠲᠠᠢ ᠠᠬᠢᠨ᠂ ᠤᠳᠤᠭ ᠤᠨ ᠡᠮᠤᠨᠡᠳᠤ ᠬᠤᠰᠢᠭᠤᠨ ᠤ ᠨᠡᠶᠢᠬᠡᠮ ᠵᠢᠷᠣᠮᠳᠣ ᠣᠳᠣᠬᠢᠴᠢᠯᠠᠯᠲᠠ ᠶᠢᠨ | ᠪᠠᠶᠢᠭᠤᠯᠣᠯᠲᠠ ᠶᠢ ᠪᠦᠬᠦ ᠲᠠᠯ᠎ᠠ ᠪᠠᠷ ᠡᠬᠢᠯᠡᠬᠦᠯᠬᠦ ᠰᠢᠨ᠎ᠡ ᠠᠶᠠᠨ ᠳᠤ ᠪᠠᠲᠣ ᠰᠠᠭᠤᠷᠢ ᠲᠠᠯᠪᠢᠭᠰᠠᠨ ᠬᠡᠵᠣ ᠦᠨᠡᠯᠡᠭᠰᠡᠨ | ᠪᠠᠶᠢᠨ᠎ᠠ᠃ | ᠪᠦᠬᠦᠳᠠ ᠬᠤᠷᠠᠯᠳᠤᠭᠠᠨ ᠠᠴᠠ ᠲᠣᠷᠠᠳᠣᠭᠰᠠᠨ 2035 ᠣᠨ ᠪᠣᠯᠲᠠᠯᠠᠬᠢ ᠠᠯᠣᠰ ᠤᠨ ᠬᠠᠷᠠᠯᠲᠠ ᠪᠣᠯ᠄ | 2035 ᠣᠨ ᠪᠣᠯᠬᠤ ᠳᠤ ᠤᠳᠤᠭ ᠤᠨ ᠡᠮᠤᠨᠡᠳᠤ ᠬᠤᠰᠢᠭᠤ ᠪᠦᠬᠦ ᠣᠯᠣᠰ ᠲᠠᠢ ᠬᠠᠮᠲᠣ ᠪᠠᠷ ᠨᠡᠶᠢᠬᠡᠮ ᠵᠢᠷᠣᠮᠳᠣ | ᠣᠳᠣᠬᠢᠴᠢᠯᠠᠯᠲᠠ ᠶᠢ ᠪᠡᠶᠡᠯᠡᠬᠦᠯᠬᠦ ᠶᠠᠪᠣᠳᠠᠯ ᠪᠣᠯᠣᠨ᠎ᠠ᠃ ᠪᠦᠬᠦ ᠬᠤᠰᠢᠭᠤᠨ ᠤ ᠠᠵᠣ ᠠᠬᠤᠢ ᠶᠢᠨ ᠪᠣᠳᠠᠲᠣ ᠬᠦᠴᠦ | ᠶᠡᠬᠡᠪᠡᠷ ᠲᠡᠬᠡᠭᠰᠢᠯᠡᠨ᠂ ᠠᠵᠣ ᠦᠢᠯᠡᠰ ᠤᠨ ᠬᠡᠯᠪᠡᠷᠢ ᠶᠢᠨ ᠬᠤᠪᠢᠷᠠᠭᠤᠯᠣᠯᠲᠠ ᠴᠢᠬᠤᠯᠠ ᠰᠢᠪᠲᠣᠯᠣᠯᠲᠠ ᠲᠠᠢ ᠪᠣᠯᠵᠣ᠂ | ᠦᠬᠡᠷᠡᠴᠢᠯᠡᠯᠲᠡ ᠨᠡᠬᠡᠬᠡᠯᠲᠡ ᠣᠯᠠᠮ ᠠᠬᠢᠨ᠂ ᠬᠤᠳᠠᠯᠳᠤᠭ᠎ᠠ ᠡᠵᠡᠩᠨᠡᠬᠦ ᠣᠷᠴᠢᠨ ᠪᠦᠬᠦ ᠲᠠᠯ᠎ᠠ ᠪᠠᠷ ᠰᠢᠯᠢᠳᠡᠭᠵᠢᠵᠣ᠂ | ᠨᠡᠶᠢᠬᠡᠮ ᠤᠨ ᠪᠣᠯᠪᠠᠰᠣᠨ ᠢᠯᠡᠷᠬᠡᠢ ᠲᠡᠬᠡᠭᠰᠢᠯᠡᠨ᠂ ᠬᠤᠲᠠ ᠬᠦᠳᠡᠭᠡ ᠶᠢᠨ ᠬᠦᠭᠵᠢᠯᠲᠡ ᠶᠢᠨ ᠪᠠᠶᠢᠳᠠᠯ ᠪᠦᠬᠦ ᠲᠠᠯ᠎ᠠ | ᠪᠠᠷ ᠰᠠᠶᠢᠵᠢᠷᠠᠵᠣ᠂ ᠠᠷᠠᠳ ᠤᠨ ᠠᠮᠢᠳᠣᠷᠠᠯ ᠤᠨ ᠠᠰᠢᠭ ᠵᠢᠷᠭᠠᠯ ᠨᠡᠩ ᠦᠨᠳᠣᠷ ᠲᠦᠪᠰᠢᠨ ᠳᠤ ᠲᠠᠪᠰᠢᠨ᠂ | ᠨᠡᠶᠢᠬᠡᠮ ᠤᠨ ᠵᠠᠰᠠᠯᠲᠠ ᠶᠢᠨ ᠪᠦᠲᠦᠮᠵᠢ ᠰᠢᠨ᠎ᠡ ᠲᠡᠬᠡᠭᠰᠢᠯᠡᠯᠲᠡ ᠲᠠᠢ ᠪᠣᠯᠵᠣ᠂ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠳᠤ ᠴᠢᠬᠤᠯᠠ ᠲᠠᠪᠰᠢᠯᠳᠠ ᠢᠯᠡᠷᠡᠨ᠂ ᠠᠮᠢ ᠠᠬᠤᠢ ᠶᠢ ᠴᠢᠬᠤᠯᠠᠴᠢᠯᠠᠨ ᠪᠤᠬᠢᠷᠳᠤᠯ ᠥᠭᠡᠢ | ᠭᠥᠭᠵᠢᠭᠦᠯᠭᠦ ᠪᠠᠷ ᠤᠳᠤᠷᠢᠳᠤᠮᠵᠢ ᠪᠤᠯᠭᠠᠭᠰᠠᠨ ᠴᠢᠨᠠᠷᠯᠢᠭ ᠭᠥᠭᠵᠢᠯᠳᠡ ᠶᠢᠨ ᠰᠢᠨ᠎ᠡ ᠵᠠᠮ ᠢᠶᠠᠷ ᠡᠩ ᠲᠡᠷᠢᠭᠦᠨ ᠳᠤ | ᠵᠠᠮᠨᠠᠨ᠎ᠠ᠃ | ᠪᠥᠭᠦᠳᠡ ᠬᠤᠷᠠᠯᠳᠤᠭᠠᠨ ᠠᠴᠠ᠂ ︽ᠠᠷᠪᠠᠨ ᠲᠥᠷᠪᠡᠳᠥᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ | ᠬᠤᠭᠤᠴᠠᠭᠠᠨ ᠳᠤ ᠬᠢ ᠪᠥᠭᠦ ᠬᠤᠰᠢᠭᠤᠨ ᠤ ᠠᠵᠤ ᠠᠬᠤᠢ ᠨᠡᠶᠢᠭᠡᠮ ᠤᠨ ᠭᠥᠭᠵᠢᠯᠳᠡ ᠶᠢᠨ ᠶᠠᠷᠥᠩᠭᠡᠢ ᠱᠠᠭᠠᠷᠳᠠᠯᠭ᠎ᠠ | ᠶᠢ ᠲᠤᠳᠤᠷᠬᠠᠶᠢᠯᠠᠵᠤ᠂ ᠨᠠᠮ ᠤᠨ ᠠᠷᠪᠠ ᠶᠢᠰᠥᠳᠥᠭᠡᠷ ᠬᠤᠭᠤᠴᠠᠭᠠᠨ ᠤ ᠲᠠᠪᠤᠳᠤᠭᠠᠷ ᠪᠥᠭᠦᠳᠡ ᠬᠤᠷᠠᠯᠳᠤᠭᠠᠨ ᠠᠴᠠ | ᠲᠤᠷᠠᠳᠤᠭᠰᠠᠨ ︽ᠠᠷᠪᠠᠨ ᠲᠥᠷᠪᠡᠳᠥᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ ᠬᠢ ᠠᠵᠤ | ᠠᠬᠤᠢ ᠨᠡᠶᠢᠭᠡᠮ ᠤᠨ ᠭᠥᠭᠵᠢᠯᠳᠡ ᠶᠢᠨ ᠵᠢᠯᠤᠭᠤᠳᠬᠤ ᠥᠵᠡᠯ ᠰᠠᠨᠠᠭ᠎ᠠ ᠪᠤᠯᠤᠨ ᠥᠨᠳᠥᠰᠥᠨ ᠵᠠᠷᠴᠢᠮ ᠢ ᠡᠷᠭᠡᠪᠰᠢ | ᠡᠷᠡᠰ ᠲᠤᠤᠱᠯᠠᠭᠤᠯᠤᠨ ᠪᠥᠭᠦ ᠲᠯᠠ ᠪᠠᠷ ᠨᠠᠶᠢᠳᠠᠪᠤᠷᠢᠵᠢᠭᠤᠯᠬᠤ ᠶᠢᠨ ᠬᠠᠮᠳᠤ ᠭᠥᠭᠵᠢᠯᠳᠡ ᠶᠢᠨ ᠥᠢᠯᠡᠳᠥᠯᠭᠡ | ᠲᠤᠮᠳᠠ ᠭᠡᠳᠤᠨ ᠲᠠᠯ᠎ᠠ ᠶᠢᠨ ᠭᠤᠤᠯᠳᠠᠯᠭ᠎ᠠ ᠶᠢ ᠰᠠᠶᠢᠳᠤᠷ ᠡᠵᠡᠮᠳᠡᠭᠦ ᠭᠡᠷᠡᠭᠳᠡᠢ᠄ ᠨᠠᠮ ᠤᠨ ᠪᠥᠭᠦ ᠲᠠᠯ᠎ᠠ ᠶᠢᠨ | ᠤᠳᠤᠷᠢᠳᠤᠯᠭ᠎ᠠ᠂ ᠠᠷᠠᠳ ᠲᠥᠮᠡᠨ ᠢᠶᠠᠷ ᠭᠤᠤᠯᠯᠠᠭᠤᠯᠬᠤ ᠵᠠᠷᠴᠢᠮ᠂ ᠰᠢᠨ᠎ᠡ ᠭᠥᠭᠵᠢᠯᠳᠡ ᠶᠢᠨ ᠥᠵᠡᠯᠳᠡ᠂ ᠠᠮᠢ | ᠠᠬᠤᠢ ᠶᠢ ᠲᠡᠷᠢᠭᠦᠨ ᠳᠤ ᠲᠠᠯᠪᠢᠬᠤ ᠱᠠᠭᠠᠷᠳᠠᠯᠭ᠎ᠠ᠂ ᠰᠢᠨᠡᠴᠢᠯᠡᠯ ᠢᠶᠠᠷ ᠲᠠᠶᠢᠴᠢᠯᠠᠭᠰᠠᠨ ᠭᠥᠭᠵᠢᠯᠳᠡ᠂ | ᠥᠭᠡᠷᠡᠴᠢᠯᠡᠯᠳᠡ ᠨᠡᠭᠡᠭᠡᠯᠳᠡ ᠶᠢᠨ ᠭᠥᠨᠵᠡᠭᠡᠶᠢᠷᠡᠯ ᠢ ᠪᠠᠷᠢᠮᠳᠠᠯᠠᠬᠤ ᠬᠡᠷᠡᠭᠳᠡᠢ᠃ ᠪᠥᠭᠦᠳᠡ ᠬᠤᠷᠠᠯᠳᠤᠭᠠᠨ ᠠᠴᠠ | ᠲᠤᠷᠠᠳᠤᠭᠰᠠᠨ ︽ᠠᠷᠪᠠᠨ ᠲᠥᠷᠪᠡᠳᠥᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ ᠬᠢ ᠪᠥᠭᠦ | ᠬᠤᠰᠢᠭᠤᠨ ᠤ ᠠᠵᠤ ᠠᠬᠤᠢ ᠨᠡᠶᠢᠭᠡᠮ ᠤᠨ ᠭᠥᠭᠵᠢᠯᠳᠡ ᠶᠢᠨ ᠭᠤᠤᠯ ᠪᠤᠯᠬᠤ ᠬᠠᠷᠠᠯᠳᠠ ᠪᠤᠯ᠄ ᠤᠯᠤᠰ ᠤᠨ ᠲᠡᠰ | ᠤᠨ ᠴᠡᠪᠡᠷ ᠡᠨᠧᠷᠬᠢ ᠶᠢᠨ ᠭᠠᠷᠭᠠᠯᠳᠠ ᠶᠢᠨ ᠰᠠᠭᠤᠷᠢᠨ᠂ ᠥᠪᠡᠷᠳᠡᠭᠡᠨ ᠵᠠᠰᠠᠬᠤ ᠤᠷᠤᠨ ᠤ ᠪᠠᠷᠠᠭᠤᠨ ᠪᠡᠶ᠎ᠡ ᠶᠢᠨ | ᠴᠢᠨᠠᠷ ᠰᠠᠶᠢᠳᠠᠢ ᠮᠠᠯ ᠲᠠᠷᠢᠶᠠᠯᠠᠩ ᠤᠨ ᠪᠥᠳᠥᠭᠡᠭᠳᠡᠭᠦᠨ ᠤ ᠠᠷᠠᠯᠵᠢᠶᠠᠨ ᠤ ᠲᠥᠪ᠂ ᠪᠥᠭᠦ ᠤᠯᠤᠰ ᠤᠨ | ᠬᠤᠪᠢᠰᠬᠠᠯᠳᠤ ᠭᠥᠮᠥᠵᠢᠯ ᠪᠤᠯᠪᠠᠰᠤᠷᠠᠯ ᠤᠨ ᠰᠠᠭᠤᠷᠢᠨ ᠪᠤᠯᠤᠨ ᠪᠥᠭᠦ ᠴᠠᠷᠠᠭ᠎ᠠ ᠶᠢᠨ ᠬᠤᠪᠢᠰᠬᠠᠯᠳᠤ ᠭᠥᠮᠥᠵᠢᠯ ᠤᠨ | ᠵᠢᠭᠤᠯᠴᠢᠯᠠᠯ ᠤᠨ ᠲᠠᠭᠤᠷᠢᠶᠠᠯ ᠬᠤᠰᠢᠭᠤ᠂ ᠤᠷᠤᠨ ᠪᠥᠰᠡ ᠠᠯᠤᠰᠯᠠᠭᠰᠠᠨ ᠵᠤᠬᠢᠴᠠᠩᠭᠤᠢ ᠭᠥᠭᠵᠢᠯᠳᠡ ᠶᠢᠨ ᠵᠢᠱᠢᠶ᠎ᠡ | ᠥᠵᠡᠭᠦᠯᠭᠦ ᠤᠷᠤᠨ᠂ ᠪᠠᠷᠠᠭᠤᠨ ᠬᠤᠶᠢᠳᠤ ᠶᠢᠨ ᠠᠮᠢ ᠠᠬᠤᠢ ᠶᠢᠨ ᠪᠤᠯᠪᠠᠰᠤᠨ ᠨᠡᠶᠢᠳᠡᠯᠢᠭ ᠲᠠᠭᠤᠷᠢᠶᠠᠯ ᠢ | ᠴᠤᠭᠴᠠᠯᠠᠬᠤ ᠶᠠᠪᠤᠳᠠᠯ ᠪᠤᠯᠤᠨ᠎ᠠ᠃ | ᠪᠥᠭᠦᠳᠡ ᠬᠤᠷᠠᠯᠳᠤᠭᠠᠨ ᠠᠴᠠ᠂ ︽ᠠᠷᠪᠠᠨ ᠲᠥᠷᠪᠡᠳᠥᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ | ᠬᠤᠭᠤᠴᠠᠭᠠᠨ ᠳᠤ ᠬᠢ ᠠᠵᠤ ᠠᠬᠤᠢ ᠨᠡᠶᠢᠭᠡᠮ ᠤᠨ ᠭᠥᠭᠵᠢᠭᠦᠯᠥᠯᠳᠡ ᠶᠢᠨ ᠡᠭᠦᠷᠭᠡ ᠶᠢ ᠪᠥᠭᠦ ᠲᠠᠯ᠎ᠠ ᠪᠠᠷ | ᠪᠠᠶᠢᠷᠢᠰᠢᠭᠤᠯᠪᠠ᠃ ᠬᠤᠷᠠᠯ ᠠᠴᠠ ᠪᠤᠳᠠᠳᠤ ᠴᠤᠭᠴᠠ ᠶᠢᠨ ᠠᠵᠤ ᠠᠬᠤᠢ ᠶᠢᠨ ᠪᠤᠵᠠᠭᠠᠶᠢᠷᠠᠯ ᠲᠠᠪᠠᠭᠤᠯᠢᠭ ᠢ | ᠪᠠᠷᠢᠮᠳᠠᠯᠠᠬᠤ᠂ ᠠᠵᠤ ᠥᠢᠯᠡᠰ ᠤᠨ ᠰᠠᠭᠤᠷᠢ ᠶᠢ ᠲᠡᠰ ᠲᠡᠪᠰᠢᠭᠦᠯᠭᠦ ᠪᠠ ᠠᠵᠤ ᠥᠢᠯᠡᠰ ᠤᠨ ᠬᠡᠯᠬᠢᠶᠡᠵᠢᠯ ᠤᠨ | ᠤᠳᠤᠬᠢᠴᠢᠯᠠᠯᠳᠠ ᠶᠢ ᠠᠬᠢᠭᠤᠯᠬᠤ᠂ ᠠᠵᠤ ᠥᠢᠯᠡᠰ ᠤᠨ ᠰᠢᠰᠲ᠋ᠧᠮ ᠤᠨ ᠥᠷᠢᠰᠭᠦ ᠭᠥᠴᠥᠨ᠂ ᠰᠢᠨᠡᠴᠢᠯᠡᠭᠦ | ᠭᠥᠴᠥᠨ ᠬᠢᠭᠡᠳ ᠡᠵᠡᠮᠳᠡᠭᠦ ᠭᠥᠴᠥᠨ ᠢ ᠴᠢᠩᠭᠠᠳᠬᠠᠬᠤ ᠬᠡᠷᠡᠭᠳᠡᠢ᠃ ᠠᠷᠠᠳ ᠲᠦᠮᠡᠨ ᠢᠶᠠᠷ ᠭᠤᠤᠯᠯᠠᠭᠤᠯᠬᠤ ᠶᠢ | ᠪᠠᠷᠢᠮᠳᠠᠯᠠᠨ᠂ ᠰᠢᠨ᠎ᠡ ᠮᠠᠶ᠋ᠢᠭ ᠤᠨ ᠬᠤᠳᠠ ᠪᠠᠯᠭᠠᠰᠤᠵᠢᠭᠤᠯᠬᠤ ᠪᠤᠳᠤᠯᠭ᠎ᠠ ᠬᠢᠭᠡᠳ ᠭᠥᠳᠡᠭᠡ ᠤᠷᠤᠨ ᠢ | ᠭᠥᠴᠥᠷᠭᠡᠭᠵᠢᠭᠦᠯᠭᠦ ᠪᠤᠳᠤᠯᠭ᠎ᠠ ᠶᠢ ᠭᠥᠨᠵᠡᠭᠡᠶᠢᠷᠡᠭᠦᠯᠥᠨ ᠬᠡᠷᠡᠭᠵᠢᠭᠦᠯᠵᠤ᠂ ᠤᠷᠤᠨ ᠪᠥᠰᠡ ᠬᠤᠳᠠ ᠪᠠᠯᠭᠠᠰᠤᠨ ᠤ | ᠵᠤᠬᠢᠴᠠᠩᠭᠤᠢ ᠭᠥᠭᠵᠢᠯᠳᠡ ᠶᠢ ᠨᠡᠩ ᠥᠨᠳᠥᠷ ᠲᠥᠪᠰᠢᠨ ᠢᠶᠠᠷ ᠠᠬᠢᠭᠤᠯᠬᠤ ᠬᠡᠷᠡᠭᠳᠡᠢ᠃ ᠥᠭᠡᠷᠡᠴᠢᠯᠡᠯᠳᠡ ᠬᠢᠭᠡᠳ | ᠭᠥᠭᠵᠢᠭᠦᠯᠥᠯᠳᠡ ᠶᠢ ᠪᠥᠳᠥᠮᠵᠢᠳᠡᠢ ᠬᠠᠮᠳᠤᠷᠠᠯᠴᠠᠭᠤᠯᠤᠨ ᠭᠥᠨᠵᠡᠭᠡᠢ ᠠᠭᠤᠰᠤᠯᠴᠠᠭᠤᠯᠬᠤ ᠶᠢ ᠪᠠᠷᠢᠮᠳᠠᠯᠠᠵᠤ᠂ | ᠭᠤᠤᠯᠳᠠᠯᠭᠠᠳᠤ ᠭᠥᠷᠢᠶ᠎ᠡ ᠴᠠᠷᠠᠭᠠᠨ ᠤ ᠵᠠᠩᠬᠢᠯᠠᠭ᠎ᠠ ᠶᠢᠨ ᠭᠤᠭᠴᠤᠭᠠᠨ ᠤ ᠥᠭᠡᠷᠡᠴᠢᠯᠡᠯᠳᠡ ᠶᠢ ᠰᠢᠰᠲ᠋ᠧᠮ ᠲᠠᠢ | ᠠᠬᠢᠭᠤᠯᠤᠨ᠂ ᠭᠠᠵᠠᠷ ᠤᠷᠤᠨ ᠤ ᠭᠥᠭᠵᠢᠯᠳᠡ ᠳᠤ ᠠᠮᠢᠳᠤᠯᠢᠭ ᠭᠥᠴᠥᠨ ᠢ ᠬᠠᠩᠭᠠᠬᠤ ᠬᠡᠷᠡᠭᠳᠡᠢ᠃ ᠠᠮᠢ | ᠠᠬᠤᠶᠢᠴᠢ ᠭᠥᠭᠵᠢᠭᠦᠯᠥᠯᠳᠡ ᠶᠢ ᠲᠡᠷᠢᠭᠦᠨ ᠳᠤ ᠪᠠᠷᠢᠮᠳᠠᠯᠠᠵᠤ᠂ ᠠᠵᠤ ᠠᠬᠤᠢ ᠨᠡᠶᠢᠭᠡᠮ ᠤᠨ ᠭᠥᠭᠵᠢᠯᠳᠡ ᠶᠢᠨ ᠪᠥᠭᠦ | ᠲᠠᠯ᠎ᠠ ᠶᠢᠨ ᠪᠤᠬᠢᠷᠳᠤᠯ ᠥᠭᠡᠢ ᠬᠡᠯᠪᠡᠷᠢ ᠬᠤᠪᠢᠷᠠᠭᠤᠯᠤᠯᠳᠠ ᠶᠢ ᠱᠠᠯᠠᠪᠳᠠᠭᠤᠯᠤᠨ᠂ ᠬᠥᠮᠥᠨ ᠪᠠᠶᠢᠭᠠᠯᠢ ᠡᠶᠡᠯᠳᠥᠨ | ᠵᠤᠬᠢᠴᠠᠭᠰᠠᠨ ᠥᠵᠡᠰᠭᠦᠯᠡᠩᠳᠤ ᠰᠠᠶᠢᠬᠠᠨ ᠤᠳᠤᠭ ᠤᠨ ᠡᠮᠥᠨᠡᠳᠤ ᠬᠤᠰᠢᠭᠤ ᠶᠢ ᠴᠤᠭᠴᠠᠯᠠᠬᠤ ᠬᠡᠷᠡᠭᠳᠡᠢ᠃ ᠠᠷᠠᠳ | ᠲᠦᠮᠡᠨ ᠢᠶᠠᠷ ᠭᠤᠤᠯ ᠪᠤᠯᠭᠠᠭᠰᠠᠨ ᠭᠥᠭᠵᠢᠯᠳᠡ ᠶᠢᠨ ᠰᠡᠳᠬᠢᠮᠵᠢ ᠶᠢ ᠪᠠᠷᠢᠮᠳᠠᠯᠠᠵᠤ᠂ ᠥᠷᠭᠡᠨ ᠲᠥᠮᠡᠨ ᠤ | ᠥᠨᠳᠥᠰᠥᠨ ᠠᠰᠢᠭ ᠲᠤᠰᠠ ᠶᠢ ᠬᠠᠮᠠᠭᠠᠯᠠᠨ ᠪᠤᠳᠠᠳᠠᠶᠢᠵᠢᠭᠤᠯᠵᠤ ᠪᠠᠳᠤᠳᠬᠠᠨ᠂ ᠠᠷᠠᠳ ᠤᠯᠠᠨ ᠤ ᠭᠥᠰᠡᠯ ᠵᠢᠷᠭᠠᠯ | ᠢ ᠬᠠᠩᠭᠠᠬᠤ ᠬᠡᠷᠡᠭᠳᠡᠢ᠃ ᠠᠮᠤᠷ ᠲᠥᠪᠰᠢᠨ ᠢ ᠭᠥᠭᠵᠢᠭᠦᠯᠥᠯᠳᠡ ᠶᠢᠨ ᠡᠯ᠎ᠡ ᠭᠥᠷᠢᠶ᠎ᠡ ᠴᠠᠷᠠᠭ᠎ᠠ ᠬᠢᠭᠡᠳ ᠪᠥᠭᠦᠶᠢᠯᠡ | ᠶᠠᠪᠤᠴᠠ ᠲᠤᠮᠳᠠ ᠢᠮᠠᠭᠳᠠ ᠲᠤᠤᠱᠯᠠᠭᠤᠯᠵᠤ᠂ ᠨᠡᠩ ᠲᠥᠪᠰᠢᠨ ᠲᠠᠢ ᠠᠮᠤᠷ ᠠᠮᠤᠭᠤᠯᠠᠩᠳᠤ ᠤᠳᠤᠭ ᠤᠨ ᠡᠮᠥᠨᠡᠳᠤ | ᠬᠤᠰᠢᠭᠤ ᠶᠢ ᠴᠤᠭᠴᠠᠯᠠᠨ᠂ ᠤᠳᠤᠬᠢᠴᠢᠯᠠᠯᠳᠠ ᠪᠠᠶᠢᠭᠤᠯᠤᠯᠳᠠ ᠳᠤ ᠡᠶ᠎ᠡ ᠲᠤᠭᠳᠠᠭᠤᠨ ᠤᠷᠴᠢᠨ ᠠᠬᠤᠢ ᠶᠢ ᠪᠤᠢ | ᠪᠤᠯᠭᠠᠬᠤ ᠬᠡᠷᠡᠭᠳᠡᠢ ᠬᠡᠵᠤ ᠴᠢᠬᠤᠯᠠᠴᠢᠯᠠᠭᠰᠠᠨ ᠪᠠᠶᠢᠨ᠎ᠠ᠃ | ᠪᠥᠭᠦᠳᠡ ᠬᠤᠷᠠᠯᠳᠤᠭᠠᠨ ᠠᠴᠠ᠂ ︽ᠠᠷᠪᠠᠨ ᠲᠥᠷᠪᠡᠳᠤᠭᠡᠷ ᠲᠠᠪᠤᠨ ᠵᠢᠯ ᠤᠨ ᠲᠥᠯᠥᠪᠵᠢᠭᠦᠯᠭᠡ︾ ᠬᠢᠭᠡᠳ | 2035 ᠤᠨ ᠤ ᠠᠯᠤᠰ ᠤᠨ ᠬᠠᠷᠠᠯᠳᠠ ᠶᠢ ᠪᠡᠶᠡᠯᠡᠭᠦᠯᠭᠦ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ ᠪᠥᠭᠦ ᠲᠠᠯ᠎ᠠ | ᠪᠠᠷ ᠴᠢᠩᠭᠠᠳᠬᠠᠵᠤ᠂ ᠨᠡᠶᠢᠭᠡᠮ ᠵᠢᠷᠤᠮᠳᠤ ᠤᠯᠤᠰ ᠲᠥᠷᠥ ᠶᠢᠨ ᠪᠠᠶᠢᠭᠤᠯᠤᠯᠳᠠ ᠶᠢ ᠭᠥᠨᠵᠡᠭᠡᠶᠢᠷᠡᠭᠦᠯᠥᠨ᠂ ᠴᠢᠭᠡᠴᠢ | ᠲᠥᠪᠰᠢᠨ ᠭᠥᠭᠵᠢᠯᠳᠡ ᠶᠢᠨ ᠤᠷᠴᠢᠨ ᠢ ᠪᠤᠢ ᠪᠤᠯᠭᠠᠵᠤ᠂ ᠲᠥᠯᠥᠪᠵᠢᠭᠦᠯᠭᠡ ᠲᠤᠭᠳᠠᠭᠠᠬᠤ ᠪᠠ | ᠨᠠᠶᠢᠳᠠᠪᠤᠷᠢᠵᠢᠭᠤᠯᠬᠤ ᠲᠤᠭᠳᠠᠴᠠ ᠶᠢ ᠪᠥᠷᠢᠨᠰᠢᠭᠦᠯᠥᠨ᠂ ᠠᠯᠢᠪᠠ ᠢᠳᠡᠪᠬᠢ ᠭᠥᠴᠥᠨ ᠵᠥᠢᠯ ᠢ ᠭᠥᠢᠴᠡᠳ | ᠭᠥᠭᠵᠢᠭᠡᠵᠤ᠂ ᠬᠠᠮᠵᠢᠯᠴᠠᠵᠤ ᠪᠤᠯᠬᠤ ᠭᠥᠴᠥᠨ ᠯᠦᠭᠡ ᠥᠷᠭᠡᠨ ᠢᠶᠠᠷ ᠪᠥᠯᠭᠦᠮᠳᠠᠨ᠂ ᠭᠥᠭᠵᠢᠯᠳᠡ ᠶᠢ | ᠤᠷᠤᠭᠰᠢᠯᠠᠭᠤᠯᠬᠤ ᠭᠥᠴᠥᠷᠭᠡᠭ ᠬᠠᠮ ᠭᠥᠴᠥᠨ ᠢ ᠪᠥᠷᠢᠯᠳᠥᠭᠦᠯᠭᠦ ᠬᠡᠷᠡᠭᠳᠡᠢ ᠭᠡᠵᠤ ᠵᠢᠭᠠᠭᠰᠠᠨ ᠪᠠᠶᠢᠨ᠎ᠠ᠃ | ᠪᠥᠭᠦᠳᠡ ᠬᠤᠷᠠᠯᠳᠤᠭᠠᠨ ᠠᠴᠠ᠂ ᠡᠨᠡ ᠵᠢᠯ ᠪᠤᠯ ︽ᠠᠷᠪᠠᠨ ᠲᠥᠷᠪᠡᠳᠥᠭᠡᠷ ᠲᠠᠪᠤᠨ ᠵᠢᠯ ᠤᠨ | ᠲᠥᠯᠥᠪᠵᠢᠭᠦᠯᠭᠡ︾ ᠶᠢᠨ ᠡᠬᠢᠯᠡᠯᠳᠡ ᠶᠢᠨ ᠤᠨ᠂ ᠨᠡᠶᠢᠭᠡᠮ ᠵᠢᠷᠤᠮᠳᠤ ᠤᠳᠤᠬᠢᠴᠢᠯᠠᠭᠰᠠᠨ ᠤᠯᠤᠰ ᠢ ᠪᠥᠭᠦ ᠲᠠᠯ᠎ᠠ | ᠪᠠᠷ ᠪᠥᠳᠥᠭᠡᠨ ᠪᠠᠶᠢᠭᠤᠯᠬᠤ ᠶᠢᠨ ᠲᠥᠷᠥᠭᠦᠴᠢ ᠶᠢᠨ ᠠᠯᠬᠤᠮ ᠪᠤᠯᠬᠤᠷ᠂ ᠪᠥᠭᠦ ᠬᠤᠰᠢᠭᠤᠨ ᠤ ᠠᠵᠤ ᠠᠬᠤᠢ | ᠨᠡᠶᠢᠭᠡᠮ ᠤᠨ ᠠᠵᠢᠯ ᠢ ᠰᠠᠶᠢᠳᠤᠷ ᠬᠢᠭᠦ ᠨᠢ ᠠᠭᠤᠯᠭ᠎ᠠ ᠵᠤᠵᠠᠭᠠᠨ ᠤᠳᠬ᠎ᠠ ᠭᠥᠨ ᠶᠤᠮ᠃ ᠬᠤᠰᠢᠭᠤ ᠲᠠᠶᠠᠭᠠᠷ ᠢᠶᠠᠨ | ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠬᠢᠭᠡᠳ ᠥᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠭᠦᠳᠡ ᠬᠤᠷᠠᠯᠳᠤᠭᠠᠨ ᠵᠢᠴᠢ ᠪᠥᠭᠦ ᠤᠷᠤᠨ | ᠤ ᠠᠵᠤ ᠠᠬᠤᠢ ᠶᠢᠨ ᠠᠵᠢᠯ ᠤᠨ ᠬᠤᠷᠠᠯᠳᠤᠭᠠᠨ᠂ ᠬᠤᠳᠠ ᠶᠢᠨ ᠨᠠᠮ ᠤᠨ ᠬᠤᠷᠢᠶ᠎ᠠ ᠶᠢᠨ ᠲᠥᠷᠪᠡᠳᠥᠭᠡᠷ | ᠬᠤᠭᠤᠴᠠᠭᠠᠨ ᠤ ᠠᠷᠪᠠᠨ ᠬᠤᠶᠠᠳᠤᠭᠠᠷ ᠪᠥᠭᠦᠳᠡ ᠬᠤᠷᠠᠯᠳᠤᠭᠠᠨ ᠵᠢᠴᠢ ᠪᠥᠭᠦ ᠬᠤᠳᠠ ᠶᠢᠨ ᠠᠵᠤ ᠠᠬᠤᠢ ᠶᠢᠨ | ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠭᠥᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠭᠥᠭᠵᠢᠯᠳᠡ | ᠶᠢᠨ ᠲᠤᠭᠳᠠᠯᠴᠠᠭ᠎ᠠ ᠲᠤᠮᠳᠠ ᠤᠷᠤᠰᠢᠵᠤ ᠪᠤᠢ ᠰᠢᠨ᠎ᠡ ᠲᠤᠬᠢᠶᠠᠯ ᠢ ᠰᠢᠨᠵᠢᠯᠡᠭᠦ ᠤᠬᠠᠭᠠᠨᠴᠢ ᠪᠠᠷ ᠵᠥᠢᠳᠡᠢ ᠮᠠᠭᠠᠳᠯᠠᠨ᠂ | ᠬᠤᠪᠢ ᠪᠡᠶ᠎ᠡ ᠶᠢᠨ ᠭᠥᠭᠵᠢᠯᠳᠡ ᠶᠢᠨ ᠱᠠᠳᠤᠴᠢ ᠴᠢᠨᠠᠷ ᠲᠠᠢ ᠤᠨᠴᠠᠯᠢᠭ ᠪᠠᠶᠢᠳᠠᠯ ᠢ ᠤᠨᠤᠪᠴᠢᠳᠠᠢ ᠡᠵᠡᠮᠳᠡᠵᠤ᠂ | ᠬᠤᠰᠢᠭᠤ ᠬᠡᠪᠴᠢᠶᠡᠨ ᠤ ᠠᠵᠤ ᠠᠬᠤᠢ ᠨᠡᠶᠢᠭᠡᠮ ᠤᠨ ᠭᠥᠭᠵᠢᠯᠳᠡ ᠶᠢᠨ ᠰᠡᠳᠬᠢᠮᠵᠢ ᠶᠢ ᠵᠠᠯᠭᠠᠮᠵᠢᠯᠠᠵᠤ | ᠲᠡᠭᠦᠯᠳᠡᠷᠵᠢᠭᠦᠯᠥᠨ᠂ ᠭᠥᠭᠵᠢᠯᠳᠡ ᠶᠢᠨ ᠰᠢᠨ᠎ᠡ ᠱᠠᠳᠤ ᠥᠶ᠎ᠡ ᠳᠤ ᠬᠤᠰᠢᠭᠤ ᠨᠤᠳᠤᠭ ᠢᠶᠠᠨ ᠨᠡᠩ ᠲᠡᠯᠭᠡᠷ | ᠪᠥᠳᠥᠮᠵᠢ ᠲᠠᠢ ᠪᠤᠯᠭᠠᠬᠤ ᠪᠠᠷ ᠭᠥᠴᠥᠯᠡᠭᠦ ᠬᠡᠷᠡᠭᠳᠡᠢ ᠭᠡᠵᠤ ᠴᠢᠬᠤᠯᠠᠴᠢᠯᠠᠭᠰᠠᠨ ᠪᠠᠶᠢᠨ᠎ᠠ᠃ | ᠪᠦᠭᠦᠳᠠ ᠬᠤᠷᠠᠯᠳᠣᠭᠠᠨ ᠠᠴᠠ᠂ ᠦᠨᠦ ᠵᠢᠯ ᠤᠨ ᠠᠵᠣ ᠠᠬᠤᠢ ᠶᠢᠨ ᠠᠵᠢᠯ ᠢ ᠰᠠᠶᠢᠲᠣᠷ ᠬᠢᠬᠦ ᠳᠤ᠂ | ᠲᠣᠭᠲᠠᠭᠤᠨ ᠪᠣᠯ ᠣᠷᠢᠳᠠᠯ ᠰᠠᠭᠤᠷᠢ᠂ ᠣᠷᠣᠭᠰᠢᠯᠠᠬᠤ ᠪᠣᠯ ᠬᠠᠷᠠᠯᠲᠠ ᠴᠢᠭᠯᠡᠯ ᠪᠣᠯᠣᠨ᠎ᠠ᠂ ᠲᠦᠪ᠂ ᠦᠪᠡᠷᠲᠡᠭᠡᠨ | ᠵᠠᠰᠠᠬᠤ ᠣᠷᠣᠨ᠂ ᠬᠤᠲᠠ ᠶᠢᠨ ᠠᠵᠣ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠢ | ᠡᠵᠡᠮᠳᠡᠵᠦ᠂ ᠰᠢᠢᠳᠪᠦᠷᠢᠲᠦ ᠢᠯᠠᠯᠲᠠ ᠶᠢ ᠣᠯᠬᠤ ᠡᠷᠴᠢ ᠵᠣᠷᠢᠭ ᠢᠶᠠᠷ ᠠᠵᠢᠯ ᠢᠶᠠᠨ ᠡᠬᠢᠯᠡᠭᠦᠯᠬᠦ ᠬᠡᠷᠡᠭᠲᠡᠢ᠃ | ᠪᠣᠬᠢᠷᠳᠣᠯ ᠦᠭᠡᠢ ᠬᠦᠭᠵᠢᠭᠦᠯᠦᠯᠳᠡ᠂ ᠬᠤᠪᠢᠰᠬᠠᠯᠳᠦ ᠬᠦᠮᠦᠵᠢᠯ ᠵᠢᠭᠤᠯᠴᠢᠯᠠᠯ ᠢ ᠨᠡᠩ ᠲᠣᠪᠣᠶᠢᠯᠭᠠᠨ᠂ ᠠᠵᠣ | ᠣᠶᠢᠯᠠᠰ ᠤᠨ ᠲᠡᠰᠵᠢᠯ ᠲᠠᠪᠰᠢᠯᠳᠡ᠂ ᠪᠦᠳᠦᠭᠡᠭᠳᠡᠭᠦᠨ ᠤ ᠴᠢᠨᠠᠷᠯᠢᠭ ᠬᠠᠩᠭᠠᠯᠭ᠎ᠠ ᠶᠢ ᠡᠷᠴᠢᠮᠳᠠᠢ ᠠᠬᠢᠭᠤᠯᠵᠣ᠂ | ᠲᠠᠪᠠᠭᠤᠯᠢᠭ ᠠᠵᠣ ᠣᠶᠢᠯᠠᠰ ᠢᠶᠠᠷ ᠬᠤᠰᠢᠭᠤ ᠪᠠᠨ ᠬᠦᠴᠦᠷᠭᠡᠭᠵᠢᠭᠦᠯᠣᠨ᠂ ᠣᠬᠢ ᠰᠢᠯᠢᠳᠡᠭ ᠣᠷᠴᠢᠨ ᠠᠬᠤᠢ ᠪᠠᠷ | ᠬᠤᠰᠢᠭᠤ ᠪᠠᠨ ᠱᠣᠭᠤᠵᠣ᠂ ᠣᠳᠤᠭ ᠤᠨ ᠡᠮᠦᠨᠡᠳᠦ ᠬᠤᠰᠢᠭᠤᠨ ᠤ ︽ᠠᠮᠢ ᠠᠬᠤᠢ ᠶᠢ ᠲᠡᠷᠢᠭᠦᠨ ᠳᠤ ᠲᠠᠯᠪᠢᠨ᠂ | ᠪᠣᠬᠢᠷᠳᠣᠯ ᠦᠭᠡᠢ ᠪᠠᠷ ᠬᠦᠭᠵᠢᠭᠦᠯᠬᠦ︾ ᠰᠢᠨ᠎ᠡ ᠬᠠᠭᠤᠳᠠᠰᠦ ᠶᠢ ᠪᠢᠴᠢᠭᠯᠡᠨ᠂ ᠬᠤᠰᠢᠭᠤ ᠬᠡᠪᠴᠢᠶᠡᠨ ᠤ ᠠᠵᠣ | ᠠᠬᠤᠢ ᠨᠡᠶᠢᠭᠡᠮ ᠤᠨ ᠵᠣᠬᠢᠴᠠᠩᠭᠤᠢ ᠬᠦᠭᠵᠢᠯᠳᠡ ᠶᠢ ᠨᠡᠩ ᠴᠢᠬᠤᠯᠠᠴᠢᠯᠠᠵᠣ᠂ ᠠᠵᠣ ᠣᠶᠢᠯᠠᠰ ᠠᠭᠤᠰᠣᠯᠴᠠᠭᠰᠠᠨ᠂ | ᠦᠭᠡᠷᠡᠴᠢᠯᠡᠯᠳᠡ ᠰᠢᠨᠡᠴᠢᠯᠡᠯᠳᠡ ᠪᠠᠷ ᠲᠠᠶᠢᠴᠢᠯᠠᠭᠰᠠᠨ᠂ ᠠᠮᠢ ᠠᠬᠤᠢ ᠣᠷᠴᠢᠨ ᠲᠣᠭᠤᠷᠢᠨ ᠰᠠᠶᠢᠵᠢᠷᠠᠭᠰᠠᠨ᠂ ᠠᠰᠢᠭ | ᠵᠢᠷᠭᠠᠯ ᠢ ᠬᠠᠮᠳᠦ ᠪᠠᠷ ᠡᠭᠦᠳᠦᠨ ᠴᠤᠭ ᠡᠳ᠋ᠯᠡᠭᠰᠡᠨ ᠲᠠᠯ᠎ᠠ ᠨᠣᠳᠤᠭ ᠤᠨ ᠪᠣᠯᠪᠠᠰᠣᠨ ᠬᠤᠳᠠ᠂ ᠬᠡᠪ ᠴᠢᠨᠰᠠᠭᠠᠳᠦ | ᠡᠮᠦᠨᠡᠳᠦ ᠣᠳᠤᠭ ᠢ ᠬᠦᠴᠦᠯᠡᠨ ᠴᠣᠭᠴᠠᠯᠠᠬᠤ ᠬᠡᠷᠡᠭᠲᠡᠢ ᠭᠡᠵᠦ ᠵᠢᠭᠠᠭᠰᠠᠨ ᠪᠠᠶᠢᠨ᠎ᠠ᠃ | ᠪᠦᠭᠦᠳᠠ ᠬᠤᠷᠠᠯᠳᠣᠭᠠᠨ ᠠᠴᠠ᠂ ᠦᠨᠦ ᠵᠢᠯ ᠤᠨ ᠠᠵᠣ ᠠᠬᠤᠢ ᠨᠡᠶᠢᠬᠡᠮ ᠤᠨ ᠭᠦᠭᠵᠢᠯᠲᠡ ᠶᠢᠨ ᠡᠯ᠎ᠡ | ᠲᠦᠷᠦᠯ ᠤᠨ ᠠᠵᠢᠯ ᠢ ᠯᠠᠪᠳᠠᠭᠤᠨ ᠪᠠᠲᠣᠲᠠᠢ ᠰᠠᠶᠢᠲᠣᠷ ᠬᠢᠬᠦ ᠬᠡᠷᠡᠭᠲᠡᠢ᠃ ᠪᠦᠲᠦᠮᠵᠢᠲᠡᠢ ᠪᠡᠯᠡ ᠣᠷᠣᠭᠤᠯᠣᠯᠲᠠ ᠶᠢ | ᠦᠷᠭᠡᠳᠭᠡᠵᠦ᠂ ᠵᠠᠬ᠎ᠠ ᠳᠡᠯᠭᠡᠭᠦᠷ ᠢ ᠲᠣᠭᠲᠠᠪᠣᠷᠢᠵᠢᠭᠤᠯᠣᠨ᠂ ᠬᠦᠴᠦᠨ ᠢᠶᠠᠨ ᠰᠢᠪᠬᠠᠨ ᠲᠦᠷᠦᠯ ᠵᠦᠢᠯ ᠤᠨ | ᠪᠠᠶᠢᠭᠤᠯᠣᠯᠲᠠ ᠶᠢ ᠰᠠᠶᠢᠲᠣᠷ ᠠᠳᠬᠤᠵᠣ᠂ ᠬᠤᠳᠠᠯᠳᠤᠭ᠎ᠠ ᠡᠵᠡᠩᠨᠡᠯᠲᠡ ᠶᠢᠨ ᠣᠷᠴᠢᠨ ᠢ ᠭᠤᠶᠢᠪᠢᠰᠢ ᠦᠭᠡᠢ ᠪᠠᠷ | ᠰᠢᠯᠢᠳᠡᠭᠵᠢᠭᠦᠯᠦᠨ᠂ ᠪᠣᠳᠠᠲᠣ ᠴᠣᠭᠴᠠ ᠶᠢᠨ ᠠᠵᠣ ᠠᠬᠤᠢ ᠶᠢᠨ ᠭᠦᠭᠵᠢᠯᠲᠡ ᠶᠢ ᠲᠣᠣᠱᠲᠠᠢ ᠠᠬᠢᠭᠤᠯᠵᠣ᠂ ᠠᠵᠣ | ᠠᠬᠤᠢ ᠶᠢᠨ ᠭᠦᠭᠵᠢᠯᠲᠡ ᠶᠢᠨ ᠨᠦᠭᠡᠴᠡ ᠬᠦᠴᠦᠨ ᠢ ᠲᠠᠰᠣᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠪᠦᠲᠦᠴᠡ ᠶᠢ | ᠰᠢᠯᠢᠳᠡᠭᠵᠢᠭᠦᠯᠬᠦ᠂ ᠴᠢᠨᠰᠠᠭ᠎ᠠ ᠶᠢ ᠳᠡᠭᠡᠭᠰᠢᠯᠡᠭᠦᠯᠵᠦ ᠪᠦᠲᠦᠮᠵᠢ ᠶᠢ ᠨᠡᠮᠡᠭᠳᠡᠭᠦᠯᠬᠦ ᠳᠤ ᠠᠩᠬᠠᠷᠣᠯ ᠢᠶᠠᠨ | ᠲᠦᠪᠯᠡᠷᠡᠭᠦᠯᠦᠨ᠂ ᠠᠵᠣ ᠦᠢᠯᠡᠳᠪᠦᠷᠢ ᠶᠢᠨ ᠦᠨᠳᠦᠷ ᠴᠢᠨᠰᠠᠭ᠎ᠠ ᠲᠣᠣᠷ᠎ᠠ ᠨᠡᠭᠦᠷᠡᠰᠦᠳᠦ᠋ᠷᠦᠭᠴᠢᠳᠦ ᠬᠦᠭᠵᠢᠯᠲᠡ᠂ | ᠮᠠᠯ ᠲᠠᠷᠢᠶᠠᠯᠠᠩ ᠤᠨ ᠴᠢᠨᠠᠷᠯᠢᠭ ᠪᠦᠳᠦᠮᠵᠢᠳᠡᠢ ᠬᠦᠭᠵᠢᠯᠲᠡ ᠶᠢ ᠠᠬᠢᠭᠤᠯᠣᠨ᠂ ᠦᠢᠯᠡᠴᠢᠯᠡᠭᠡᠨ ᠤ ᠦᠢᠯᠡᠰ ᠤᠨ | ᠰᠢᠨ᠎ᠡ ᠶᠢ ᠡᠭᠦᠳᠬᠦ ᠠᠭᠤᠰᠣᠯᠴᠠᠯ ᠬᠦᠭᠵᠢᠯᠲᠡ ᠶᠢ ᠳᠡᠮᠵᠢᠵᠦ᠂ ᠠᠵᠣ ᠦᠢᠯᠡᠰ ᠤᠨ ᠬᠡᠯᠪᠡᠷᠢ ᠶᠢ ᠬᠤᠪᠢᠷᠠᠭᠤᠯᠣᠨ | ᠲᠡᠰ ᠳᠡᠪᠰᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠪᠠᠶᠢᠭᠤᠯᠬᠤ ᠬᠠᠮᠢᠶᠠᠷᠬᠤ ᠶᠢ ᠬᠠᠮᠲᠣ ᠳᠤ ᠨᠢ | ᠠᠳᠬᠤᠬᠤ᠂ ᠵᠣᠬᠢᠴᠠᠩᠭᠤᠢ ᠪᠠᠷ ᠭᠦᠭᠵᠢᠭᠦᠯᠬᠦ ᠶᠢ ᠴᠢᠬᠤᠯᠠᠴᠢᠯᠠᠨ᠂ ᠠᠮᠢ ᠠᠬᠤᠢ ᠶᠢᠨ ᠪᠣᠯᠪᠠᠰᠣᠨ ᠤ | ᠪᠠᠶᠢᠭᠤᠯᠣᠯᠲᠠ ᠶᠢ ᠦᠷᠭᠦᠯᠵᠢᠯᠡᠨ ᠠᠬᠢᠭᠤᠯᠵᠣ᠂ ᠬᠦᠳᠡᠭᠡ ᠣᠷᠣᠨ ᠢ ᠬᠦᠴᠦᠷᠭᠡᠭᠵᠢᠭᠦᠯᠦᠨ ᠮᠠᠨᠳᠣᠭᠤᠯᠬᠤ | ᠪᠠᠶᠢᠯᠳᠣᠬᠤ ᠪᠣᠳᠣᠯᠭ᠎ᠠ ᠶᠢ ᠯᠠᠪᠳᠠᠭᠤᠨ ᠪᠠᠲᠣᠲᠠᠢ ᠠᠬᠢᠭᠤᠯᠣᠨ᠂ ᠲᠣᠭᠠᠴᠠᠯᠠᠭᠰᠠᠨ ᠪᠠᠶᠢᠭᠤᠯᠣᠯᠲᠠ ᠶᠢᠨ ᠠᠬᠢᠴᠠ ᠶᠢ | ᠪᠦᠬᠦ ᠲᠠᠯ᠎ᠠ ᠪᠠᠷ ᠲᠦᠷᠭᠡᠳᠭᠡᠵᠦ᠂ ᠰᠠᠭᠤᠷᠢ ᠲᠦᠬᠦᠭᠡᠷᠦᠮᠵᠢ ᠶᠢ ᠲᠠᠰᠣᠷᠠᠯᠲᠠ ᠦᠭᠡᠢ ᠲᠡᠭᠦᠯᠳᠡᠷᠵᠢᠭᠦᠯᠦᠨ᠂ ᠭᠠᠵᠠᠷ | ᠣᠷᠣᠨ ᠤ ᠭᠦᠭᠵᠢᠯᠲᠡ ᠶᠢᠨ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ᠃ ᠦᠭᠡᠷᠡᠴᠢᠯᠡᠯᠲᠡ | ᠰᠢᠨᠡᠴᠢᠯᠡᠯᠲᠡ ᠶᠢ ᠭᠦᠨᠵᠡᠭᠡᠶᠢᠷᠡᠭᠦᠯᠦᠨ᠂ ᠴᠢᠯᠦᠭᠡᠲᠡᠢ ᠶᠠᠪᠣᠯᠴᠠᠭ᠎ᠠ ᠶᠢ ᠠᠬᠢᠭᠤᠯᠵᠣ᠂ ᠭᠤᠣᠯᠳᠠᠯᠭᠠᠲᠣ | ᠦᠭᠡᠷᠡᠴᠢᠯᠡᠯᠲᠡ ᠪᠠᠷ ᠬᠦᠳᠡᠯᠭᠡᠭᠴᠢ ᠬᠦᠴᠦᠨ ᠢᠶᠠᠨ ᠨᠡᠮᠡᠭᠳᠡᠭᠦᠯᠦᠨ᠂ ᠬᠦᠷᠢᠶ᠎ᠡ ᠴᠠᠷᠠᠭᠠᠨ ᠤ ᠬᠤᠷᠰᠢᠯᠴᠠᠭ᠎ᠠ ᠪᠠᠷ | ᠠᠮᠢᠵᠢᠷᠠᠯ ᠤᠨ ᠬᠦᠴᠦᠨ ᠢᠶᠠᠨ ᠬᠦᠭᠵᠢᠭᠡᠵᠦ᠂ ᠴᠢᠳᠠᠪᠦᠷᠢᠳᠡᠨ ᠤ ᠣᠷᠣᠭᠤᠯᠣᠯᠳᠠ ᠪᠠᠷ ᠦᠷᠢᠰᠦᠯᠳᠦᠬᠦ ᠬᠦᠴᠦᠨ ᠢ | ᠣᠷᠮᠠᠰᠢᠭᠤᠯᠣᠨ᠂ ᠭᠠᠵᠠᠷ ᠣᠷᠣᠨ ᠤ ᠬᠦᠭᠵᠢᠯᠲᠡ ᠶᠢᠨ ᠠᠮᠢᠳᠣᠯᠢᠭ ᠬᠦᠴᠦᠨ ᠢ ᠪᠦᠬᠦ ᠲᠠᠯ᠎ᠠ ᠪᠠᠷ ᠬᠦᠭᠵᠢᠭᠡᠬᠦ | ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ᠂ ᠬᠠᠮᠲᠣ ᠪᠠᠷ ᠪᠠᠶᠢᠭᠤᠯᠵᠣ ᠡᠳ᠋ᠯᠡᠬᠦ ᠶᠢ ᠪᠠᠷᠢᠮᠲᠠᠯᠠᠨ᠂ | ᠨᠡᠶᠢᠬᠡᠮ ᠤᠨ ᠦᠢᠯᠡᠰ ᠢ ᠴᠡᠴᠡᠭᠯᠡᠭᠦᠯᠦᠨ ᠬᠦᠭᠵᠢᠭᠦᠯᠵᠦ᠂ ᠨᠡᠶᠢᠬᠡᠮ ᠤᠨ ᠨᠠᠭᠠᠲᠣ ᠵᠠᠬ᠎ᠠ ᠶᠢᠨ ᠪᠠᠲᠣᠯᠠᠭ᠎ᠠ ᠶᠢ | ᠲᠡᠭᠦᠯᠳᠡᠷᠵᠢᠭᠦᠯᠦᠨ ᠪᠦᠷᠢᠨᠰᠢᠭᠦᠯᠵᠦ᠂ ᠨᠤᠴᠢᠲᠠᠢ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠵᠦ᠂ ᠦᠨᠳᠦᠰᠦᠲᠡᠨ ᠤ | ᠪᠦᠯᠬᠦᠮᠳᠡᠯ ᠲᠠᠪᠰᠢᠯᠳᠡ ᠶᠢ ᠠᠬᠢᠭᠤᠯᠵᠣ᠂ ᠣᠯᠠᠨ ᠲᠦᠮᠡᠨ ᠤ ᠵᠣᠯ ᠵᠢᠷᠭᠠᠯ ᠤᠨ ᠬᠠᠨᠣᠮᠵᠢ ᠶᠢ ᠳᠡᠭᠡᠭᠰᠢᠯᠡᠬᠦᠯᠬᠦ | ᠬᠡᠷᠡᠭᠲᠡᠢ᠃ ᠠᠵᠣ ᠠᠬᠤᠢ ᠶᠢᠨ ᠠᠵᠢᠯ ᠳᠠᠬᠢ ᠨᠠᠮ ᠤᠨ ᠨᠢᠭᠡᠳᠦᠯᠲᠡᠢ ᠲᠦᠪᠯᠡᠷᠡᠩᠬᠦᠢ ᠣᠳᠣᠷᠢᠳᠣᠯᠭ᠎ᠠ ᠶᠢ ᠪᠦᠬᠦ | ᠲᠠᠯ᠎ᠠ ᠪᠠᠷ ᠴᠢᠩᠭᠠᠳᠬᠠᠵᠣ᠂ ᠨᠠᠮ ᠤᠨ ᠠᠵᠣ ᠠᠬᠤᠢ ᠶᠢᠨ ᠠᠵᠢᠯ ᠳᠠᠬᠢ ᠣᠳᠣᠷᠢᠳᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠣᠨ᠂ ᠨᠠᠮ ᠤᠨ ᠠᠵᠣ ᠠᠬᠤᠢ ᠶᠢᠨ ᠠᠵᠢᠯ ᠢ ᠵᠢᠯᠣᠭᠤᠳᠬᠤ ᠴᠢᠳᠠᠪᠣᠷᠢ ᠶᠢᠨ ᠳᠦᠪᠰᠢᠨ ᠢ | ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠨ ᠠᠵᠢᠯᠯᠠᠬᠤ ᠪᠠ ᠦᠢᠯᠡᠰ ᠪᠣᠰᠬᠠᠬᠤ ᠢᠳᠡᠪᠬᠢᠲᠦ ᠣᠳᠣᠷᠢᠳᠣᠮᠵᠢ ᠶᠢ | ᠴᠢᠩᠭᠠᠳᠬᠠᠨ᠂ ︽ᠠᠷᠪᠠᠨ ᠳᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ︾ ᠶᠢᠨ ᠬᠢᠨᠠᠯᠲᠠ ᠳᠤ ᠡᠷᠴᠢᠲᠦ | ᠪᠠᠲᠣᠯᠠᠭ᠎ᠠ ᠬᠠᠩᠭᠠᠬᠤ ᠪᠠᠷ ᠴᠢᠷᠮᠠᠶᠢᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ | ᠪᠦᠬᠦᠳᠡ ᠬᠤᠷᠠᠯᠳᠣᠭᠠᠨ ᠠᠴᠠ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷᠯᠢᠭ ᠬᠦᠭᠵᠢᠯᠲᠡ ᠶᠢ | ᠳᠣᠪᠣᠶᠢᠯᠠᠭᠠᠨ ᠠᠳᠬᠤᠵᠤ᠂ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠮᠵᠢ ᠶᠢᠨ ᠨᠡᠮᠡᠭᠳᠡᠯ ᠢ ᠲᠦᠷᠭᠡᠳᠬᠡᠨ᠂ | ᠴᠠᠬᠢᠯᠭᠠᠨ ᠬᠦᠷᠭᠡᠯᠲᠡ ᠶᠢᠨ ᠴᠢᠳᠠᠪᠤᠷᠢ ᠶᠢ ᠴᠢᠩᠭᠠᠳᠬᠠᠵᠤ᠂ ᠬᠡᠯᠬᠢᠶᠡᠵᠢᠯ ᠢ ᠣᠷᠲᠣᠳᠬᠠᠨ ᠨᠦᠬᠦᠪᠦᠷᠢᠯᠡᠵᠦ | ᠠᠭᠤᠰᠤᠯᠴᠠᠭᠤᠯᠬᠤ ᠶᠢ ᠪᠠᠷᠢᠮᠲᠠᠯᠠᠨ᠂ ᠴᠡᠪᠡᠷ ᠡᠨᠧᠷᠬᠢ ᠶᠢ ᠡᠷᠴᠢᠮᠲᠡᠢ ᠬᠦᠭᠵᠢᠬᠦᠯᠬᠦ ᠬᠡᠷᠡᠭᠲᠡᠢ᠃ ᠬᠦᠳᠡᠭᠡ ᠣᠷᠣᠨ | ᠢ ᠬᠦᠴᠦᠷᠭᠡᠭᠵᠢᠭᠦᠯᠦᠨ ᠮᠠᠨᠳᠣᠭᠤᠯᠬᠤ ᠦᠨᠳᠦᠷ ᠪᠠᠷᠢᠮᠵᠢᠶᠠᠲᠤ ᠳᠠᠭᠤᠷᠢᠶᠠᠯ᠂ ᠬᠡᠪᠴᠢᠶᠡᠵᠢᠭᠰᠡᠨ ᠪᠠᠶᠢᠷᠢᠯᠠᠭᠤᠯᠤᠯᠲᠠ᠂ | ᠵᠤᠬᠢᠶᠠᠨ ᠪᠠᠶᠢᠭᠤᠯᠤᠯᠲᠠ ᠶᠢᠨ ᠴᠢᠨᠠᠷᠲᠠᠢ ᠵᠢᠯᠤᠭᠤᠳᠤᠯᠭ᠎ᠠ᠂ ᠨᠡᠷᠡᠲᠦ ᠲᠡᠮᠲᠡᠭᠴᠢᠯᠡᠭᠰᠡᠨ ᠦᠷ᠎ᠡ ᠠᠰᠢᠭ ᠤᠨ | ᠨᠡᠮᠡᠭᠳᠡᠭᠦᠯᠦᠯᠲᠡ᠂ ᠰᠠᠶᠢᠨ ᠡᠭᠦᠯᠳᠡᠷ ᠤᠨ ᠴᠢᠨᠠᠷ ᠤᠨ ᠳᠡᠭᠡᠭᠰᠢᠯᠡᠬᠦᠯᠦᠯᠲᠡ᠂ ᠲᠤᠭᠠᠴᠠᠯᠠᠭᠰᠠᠨ ᠮᠡᠷᠭᠡᠵᠢᠯ ᠤᠨ | ᠨᠡᠮᠡᠷᠢᠯᠡᠯᠲᠡ ᠶᠢ ᠨᠢᠭᠡᠳᠦᠯᠲᠡᠢ ᠲᠦᠯᠦᠪᠵᠢᠬᠦᠯᠦᠨ ᠠᠬᠢᠭᠤᠯᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠬᠦᠨᠵᠡᠭᠡᠢ | ᠠᠭᠤᠰᠤᠯᠴᠠᠯ ᠢ ᠠᠬᠢᠭᠤᠯᠵᠦ᠂ ᠰᠣᠳᠣᠯᠭ᠎ᠠ ᠰᠣᠷᠣᠯᠴᠠᠯᠭ᠎ᠠ ᠪᠠ ᠵᠢᠭᠤᠯᠴᠢᠯᠠᠯ ᠢ ᠬᠠᠷᠢᠯᠴᠠᠨ ᠠᠭᠤᠰᠤᠯᠴᠠᠭᠤᠯᠬᠤ᠂ | ᠰᠣᠶᠣᠯ ᠵᠢᠭᠤᠯᠴᠢᠯᠠᠯ ᠤᠨ ᠣᠷᠣᠨ ᠪᠦᠰᠡ ᠶᠢ ᠬᠠᠷᠢᠯᠴᠠᠨ ᠠᠭᠤᠰᠤᠯᠴᠠᠭᠤᠯᠬᠤ ᠬᠡᠷᠡᠭᠲᠡᠢ᠃ ᠬᠤᠳᠠᠯᠳᠤᠭ᠎ᠠ | ᠡᠵᠡᠩᠨᠡᠬᠦ ᠣᠷᠴᠢᠨ ᠲᠤᠭᠤᠷᠢᠨ ᠤ ᠦᠨᠳᠦᠷ ᠪᠦᠲᠦᠮᠵᠢᠲᠦ ᠰᠢᠯᠢᠳᠡᠭᠵᠢᠬᠦᠯᠦᠯᠲᠡ ᠶᠢ ᠪᠦᠬᠦ ᠬᠦᠴᠦᠨ ᠢᠶᠠᠷ | ᠲᠦᠷᠭᠡᠳᠬᠡᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠴᠢᠨᠠᠭᠰᠢᠳᠠ ᠬᠦᠨᠵᠡᠭᠡᠶᠢᠷᠡᠭᠦᠯᠦᠨ᠂ | ᠦᠢᠯᠡᠴᠢᠯᠡᠭᠡᠨ ᠤ ᠬᠢᠷᠢ ᠳᠦᠪᠰᠢᠨ ᠢ ᠡᠷᠴᠢᠮᠲᠡᠢ ᠳᠡᠭᠡᠭᠰᠢᠯᠡᠬᠦᠯᠵᠦ᠂ ᠦᠨᠡᠨᠴᠢ ᠢᠲᠡᠭᠡᠮᠵᠢᠲᠡᠢ ᠬᠠᠤᠯᠢ ᠶᠢ ᠰᠠᠬᠢᠬᠤ | ᠬᠦᠭᠵᠢᠯᠲᠡ ᠶᠢᠨ ᠠᠬᠤᠢ ᠪᠠᠶᠢᠳᠠᠯ ᠢ ᠪᠣᠢ ᠪᠤᠯᠭᠠᠬᠤ ᠬᠡᠷᠡᠭᠲᠡᠢ᠃ ᠠᠮᠢ ᠠᠬᠤᠢ ᠶᠢᠨ ᠪᠤᠯᠪᠠᠰᠣᠨ ᠤ ᠦᠨᠳᠦᠷ | ᠵᠤᠭᠰᠤᠴᠠ ᠲᠠᠢ ᠨᠢᠭᠡᠳᠦᠯᠲᠡᠢ ᠲᠦᠯᠦᠪᠵᠢᠬᠦᠯᠭᠡ ᠶᠢ ᠨᠡᠩ ᠴᠢᠬᠤᠯᠠᠴᠢᠯᠠᠨ᠂ ᠠᠮᠢ ᠠᠬᠤᠢ ᠶᠢᠨ ᠣᠷᠣᠨ ᠵᠠᠢ ᠶᠢᠨ | ᠰᠢᠨ᠎ᠡ ᠲᠤᠭᠲᠠᠯᠴᠠᠭ᠎ᠠ ᠶᠢ ᠴᠤᠭᠴᠠᠯᠠᠵᠤ᠂ ᠪᠣᠬᠢᠷᠳᠣᠯ ᠦᠭᠡᠢ ᠬᠦᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ | ᠬᠡᠷᠡᠭᠲᠡᠢ᠃ ᠠᠷᠠᠳ ᠤᠨ ᠠᠮᠢᠳᠣᠷᠠᠯ ᠤᠨ ᠬᠡᠪ ᠴᠢᠨᠰᠠᠭᠠᠨ ᠤ ᠠᠵᠢᠯ ᠤᠨ ᠱᠠᠭᠠᠷᠳᠠᠯᠭ᠎ᠠ ᠶᠢ ᠨᠠᠷᠢᠯᠢᠭᠵᠢᠭᠤᠯᠵᠦ | ᠨᠠᠶᠢᠲᠠᠪᠤᠷᠢᠵᠢᠭᠤᠯᠤᠨ᠂ ᠠᠷᠠᠳ ᠤᠨ ᠠᠮᠢᠳᠣᠷᠠᠯ ᠤᠨ ᠳᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠠᠷᠠᠳ ᠤᠨ ᠠᠮᠢᠳᠣᠷᠠᠯ ᠤᠨ ᠲᠤᠲᠠᠭᠤᠳᠠᠯ ᠪᠠᠭᠤᠷᠠᠢ ᠭᠤᠭᠴᠤᠭ᠎ᠠ ᠶᠢ ᠦᠳᠲᠡᠷ ᠲᠦᠷᠭᠡᠨ ᠢᠶᠠᠷ ᠨᠦᠬᠦᠪᠦᠷᠢᠯᠡᠨ᠂ | ᠰᠢᠨ᠎ᠡ ᠦᠵᠡᠯᠲᠡ ᠶᠢ ᠲᠤᠤᠱᠯᠠᠭᠤᠯᠬᠤ᠂ ᠰᠢᠨ᠎ᠡ ᠪᠠᠶᠢᠳᠠᠯ ᠳᠤ ᠠᠭᠤᠰᠤᠯᠴᠠᠬᠤ᠂ ᠰᠢᠨ᠎ᠡ ᠠᠶᠠᠯᠠᠯ ᠢ ᠡᠬᠢᠯᠡᠬᠦᠯᠬᠦ | ᠭᠠᠷᠤᠭᠠᠨ ᠳᠤ ᠣᠲᠤᠭ ᠤᠨ ᠡᠮᠦᠨᠡᠲᠦ ᠬᠤᠰᠢᠭᠤᠨ ᠤ ᠬᠦᠭᠵᠢᠯᠳᠡ ᠰᠢᠨ᠎ᠡ ᠲᠠᠪᠠᠭᠤᠯᠢᠭ ᠢ ᠡᠭᠦᠳᠬᠦ ᠬᠡᠷᠡᠭᠲᠡᠢ ᠭᠡᠵᠦ | ᠵᠢᠭᠠᠭᠰᠠᠨ ᠪᠠᠶᠢᠨ᠎ᠠ᠃ | ᠪᠦᠬᠦᠳᠠ ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ | ᠦᠷᠬᠡᠨ ᠤᠯᠠᠨ ᠨᠠᠮ ᠤᠨ ᠬᠡᠰᠢᠬᠦᠨ ᠺᠠᠳ᠋ᠷ ᠣᠯᠠᠨ ᠲᠦᠮᠡᠨ ᠰᠢ ᠶᠢᠨ ᠫᠢᠩ ᠢᠶᠠᠷ ᠲᠦᠪᠯᠡᠭᠦᠯᠦᠭᠰᠡᠨ ᠨᠠᠮ ᠤᠨ ᠲᠦᠪ | ᠬᠤᠷᠢᠶᠠᠨ ᠤ ᠲᠤᠭᠤᠷᠢᠨ ᠳᠤ ᠨᠡᠩ ᠨᠢᠭᠲᠠ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠣᠮᠳᠠᠳᠣ ᠣᠯᠣᠰ ᠤᠨ ᠣᠨᠴᠠᠯᠢᠭᠲᠤ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ | ︽ᠳᠦᠷᠪᠡᠨ ᠣᠬᠠᠮᠰᠠᠷ︾ ᠢᠶᠠᠨ ᠳᠡᠭᠡᠭᠰᠢᠯᠡᠬᠦᠯᠵᠦ᠂ ︽ᠳᠦᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ | ᠬᠠᠮᠠᠭᠠᠯᠠᠬᠤ︾ ᠶᠢ ᠦᠢᠯᠡᠳᠦᠯᠭᠡᠵᠢᠬᠦᠯᠵᠦ᠂ ᠣᠯᠣᠰ ᠲᠦᠷᠦ ᠶᠢᠨ ᠵᠤᠭᠰᠤᠴᠠ ᠪᠠᠨ ᠳᠡᠭᠡᠭᠰᠢᠯᠡᠬᠦᠯᠦᠨ᠂ ᠦᠵᠡᠯᠲᠡ | ᠶᠢᠨ ᠦᠭᠡᠷᠡᠴᠢᠯᠡᠯᠲᠡ ᠳᠤ ᠠᠩᠬᠠᠷᠤᠯ ᠢᠶᠠᠨ ᠲᠦᠪᠯᠡᠷᠡᠭᠦᠯᠵᠦ᠂ ᠪᠣᠲᠠᠲᠠᠢ ᠠᠵᠢᠯᠯᠠᠬᠤ ᠡᠬᠦᠷᠭᠡ ᠬᠠᠷᠢᠭᠤᠴᠠᠯᠭ᠎ᠠ ᠪᠠᠨ | ᠳᠣᠪᠣᠶᠢᠯᠭᠠᠨ᠂ ᠨᠠᠶᠢᠲᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠣᠭ ᠰᠠᠨᠠᠭ᠎ᠠ ᠪᠠᠨ ᠦᠯᠦ ᠮᠠᠷᠳᠠᠨ᠂ ᠡᠭᠦᠷᠭᠡ | ᠬᠠᠷᠢᠭᠤᠴᠠᠯᠭ᠎ᠠ ᠪᠠᠨ ᠪᠠᠳᠦ ᠴᠡᠭᠡᠵᠢᠯᠡᠵᠣ᠂ ᠵᠠᠮ ᠨᠡᠭᠡᠭᠡᠨ ᠰᠢᠨ᠎ᠡ ᠶᠢ ᠡᠭᠦᠳᠦᠨ᠂ ᠭᠠᠪᠰᠢᠭᠠᠶᠢᠯᠠᠨ ᠳᠠᠪᠰᠢᠵᠦ᠂ | ᠰᠢᠨ᠎ᠡ ᠴᠠᠭ ᠦᠶ᠎ᠡ ᠶᠢᠨ ᠣᠲᠤᠭ ᠤᠨ ᠡᠮᠦᠨᠡᠲᠦ ᠬᠤᠰᠢᠭᠤᠨ ᠤ ᠨᠠᠩ ᠬᠡᠷᠡᠯ ᠰᠠᠴᠣᠷᠠᠩᠭᠤᠢ ᠬᠠᠭᠤᠳᠠᠰᠦ ᠶᠢ | ᠴᠢᠷᠮᠠᠶᠢᠨ ᠪᠢᠴᠢᠭᠯᠡᠰᠣᠭᠡᠢ ᠬᠡᠵᠤ ᠤᠷᠢᠶᠠᠯᠠᠭᠰᠡᠨ ᠪᠠᠶᠢᠨ᠎ᠠ︕ |