ᠣᠲᠤᠭ ᠤᠨ ᠡᠮᠦᠨᠡᠲᠦ ᠬᠤᠰᠢᠭᠤᠨ ᠤ ︽ᠳᠥᠴᠢᠨ ᠣᠨ ᠤ ᠠᠮᠵᠢᠯᠲᠠ ᠪᠥᠲᠥᠮᠵᠢ᠂ ᠲᠣᠷᠪᠢᠯᠢᠭ ᠳᠠᠪᠰᠢᠯᠲᠠ ᠶᠢᠨ ᠰᠢᠨ᠎ᠡ ᠡᠷᠢᠨ︾ ᠤᠷᠠᠨ ᠰᠠᠶᠢᠬᠠᠨ ᠤ ᠦᠳᠡᠰᠢᠯᠡᠭᠡ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2021/1/6
    12 ᠰᠠᠷ᠎ᠠ ᠶᠢᠨ30 ᠤ ᠡᠳᠦᠷ᠂ ᠤᠲᠤᠭ ᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠬᠤᠰᠢᠭᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤ ᠰᠤᠶᠤᠯ ᠪᠠ ᠵᠢᠭᠤᠯᠴᠢᠯᠠᠯ ᠤᠨ ᠳᠣᠪᠴᠢᠶ᠎ᠠ ᠠᠴᠠ ᠳᠠᠭᠠᠭᠠᠴᠢᠯᠠᠨ ᠡᠷᠬᠢᠯᠡᠭᠰᠡᠨ ︽ᠳᠥᠴᠢᠨ ᠣᠨ ᠤ ᠠᠮᠵᠢᠯᠲᠠ ᠪᠥᠲᠥᠮᠵᠢ᠂ ᠲᠣᠷᠪᠢᠯᠢᠭ ᠳᠠᠪᠰᠢᠯᠲᠠ ᠶᠢᠨ ᠰᠢᠨ᠎ᠡ ᠡᠷᠢᠨ︾ ᠤᠷᠠᠨ ᠰᠠᠶᠢᠬᠠᠨ ᠤ ᠦᠳᠡᠰᠢᠯᠡᠭᠡ ᠲᠤᠯᠤᠨ ᠣᠷᠳᠤᠨ ᠳᠤ  ᠭᠤᠴᠤ ᠰᠠᠶᠢᠬᠠᠨ ᠶᠠᠪᠤᠭᠳᠠᠪᠠ᠃     ᠬᠤᠰᠢᠭᠤ ᠨᠠᠮ ᠤᠨ ᠬᠤᠷᠢᠶᠠᠨ ᠤ ᠱᠦᠵᠢ ᠪᠥᠷᠢᠨᠴᠢᠮᠡᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢᠤ ᠶᠤᠸᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤ ᠳᠠᠷᠤᠭ᠎ᠠ ᠡᠤ ᠶᠦᠨ᠂ ᠬᠤᠰᠢᠭᠤ ᠤᠯᠤᠰ ᠲᠦᠷᠥ ᠶᠢᠨ ᠵᠥᠪᠯᠡᠯᠭᠡᠨ ᠤ ᠲᠡᠷᠢᠭᠦᠯᠡᠭᠴᠢ ᠭᠤᠤ ᠷᠦᠩ ᠲᠠᠩ ᠨᠠᠷ ᠦᠳᠡᠰᠢᠯᠡᠭᠡ ᠶᠢ ᠰᠣᠨᠢᠷᠬᠠᠪᠠ᠃     ᠦᠳᠡᠰᠢᠯᠡᠭᠡ ᠨᠢ ︽ᠲᠠᠯ᠎ᠠ ᠨᠤᠲᠤᠭ ᠲᠤ ᠮᠤᠷᠢᠯᠠᠨ ᠰᠠᠭᠠᠲᠠᠭᠠᠷᠠᠢ︾ ᠭᠡᠬᠦ ᠳᠠᠭᠤᠤ ᠪᠥᠵᠢᠭ ᠢᠶᠠᠷ ᠬᠦᠰᠢᠭᠡ ᠪᠠᠨ ᠰᠡᠬᠦᠵᠦ᠂ ᠰᠢᠨ᠎ᠡ ᠬᠠᠪᠤᠷ ᠤᠨ ᠴᠢᠮᠡᠭᠡ᠂ ᠭᠠᠶᠢᠬᠠᠮᠰᠢᠭᠲᠤ ᠣᠨ ᠰᠠᠷ᠎ᠠ᠂ ᠰᠢᠨ᠎ᠡ ᠠᠶᠠᠨ ᠤ ᠭᠠᠷᠤᠭ᠎ᠠ ᠭᠡᠬᠦ ᠭᠤᠷᠪᠠᠨ ᠪᠥᠯᠥᠭ ᠢᠶᠠᠷ ᠶᠠᠪᠤᠭᠳᠠᠨ᠂ ︽ᠲᠠᠯ᠎ᠠ ᠨᠤᠲᠤᠭ ᠤᠨ ᠮᠠᠯᠴᠢᠳ ᠤᠨ ᠳᠠᠭᠤᠯᠠᠯ︾᠂ ︽ᠡᠬᠡ ᠨᠤᠲᠤᠭ ᠤᠨ ᠢᠷᠦᠭᠡᠯ ᠵᠥᠩᠨᠡᠯ︾᠂ ︽ᠮᠠᠯᠴᠢᠨ ᠲᠦᠮᠡᠨ ᠡᠪ ᠬᠠᠮᠲᠤ ᠨᠠᠮ ᠢᠶᠠᠨ ᠳᠠᠭᠤᠯᠠᠨ᠎ᠠ︾᠂ ︽ᠲᠠᠯ᠎ᠠ ᠨᠤᠲᠤᠭ ᠲᠤ ᠮᠥᠩᠬᠡ ᠶᠢᠨ ᠨᠠᠷᠠ ᠮᠠᠨᠳᠤᠯ᠎ᠠ︾ ᠵᠡᠷᠭᠡ ᠤᠶᠠᠩᠭᠠᠲᠤ ᠳᠠᠭᠤᠤ ᠪᠠᠷ ᠢᠶᠠᠨ ᠨᠠᠮ ᠤᠨ ᠤᠷᠢᠶᠠᠯᠠᠭ᠎ᠠ ᠲᠣᠣᠷᠠᠬᠢ ᠣᠲᠤᠭ ᠤᠨ ᠡᠮᠦᠨᠡᠲᠦ ᠬᠤᠰᠢᠭᠤᠨ ᠤ ᠪᠠᠨ ᠳᠥᠴᠢᠨ ᠣᠨ ᠤ ᠥᠭᠡᠳᠡᠯᠡᠯ ᠳᠠᠪᠰᠢᠯ᠂ ᠬᠥᠭᠵᠢᠯ ᠪᠠᠳᠠᠷᠠᠯ ᠢᠶᠠᠨ ᠮᠠᠭᠲᠠᠨ ᠳᠠᠭᠤᠯᠠᠵᠤ᠂ ᠢᠷᠡᠬᠦ ᠰᠢᠨ᠎ᠡ ᠣᠨ ᠤ ᠠᠮᠵᠢᠯᠲᠠ ᠶᠢᠨ ᠳᠡᠭᠡᠳᠦ ᠪᠥᠬᠦᠨ ᠢ ᠪᠡᠯᠭᠡᠳᠡᠭᠰᠡᠨ ᠪᠥᠭᠡᠳ ︽ᠮᠠᠯᠴᠢᠳ ᠤᠨ ᠷᠤᠮᠠᠨᠲ᠋ᠢᠭ ᠠᠶ᠎ᠠ︾᠂ ︽ᠥᠯᠵᠡᠶᠢᠲᠤ ᠬᠤᠷᠢᠮ ᠤᠨ ᠪᠠᠶᠠᠷ︾᠂ ︽ᠡᠪᠦᠭᠡᠨ ᠱᠦᠵᠢ︾᠂ ︽ᠦᠨᠳᠦᠰᠦᠨ ᠱᠠᠲᠤᠨ ᠳᠤ︾ ᠭᠡᠬᠦ ᠪᠥᠵᠢᠭ ᠢᠶᠠᠷ ᠢᠶᠠᠨ ᠣᠲᠤᠭ ᠤᠨ ᠡᠮᠦᠨᠡᠲᠦ ᠬᠤᠰᠢᠭᠤᠨ ᠤ ᠦᠨᠳᠦᠰᠦᠲᠡᠨ  ᠨᠦᠭᠦᠳ ᠤᠨ ᠠᠷᠠᠳ ᠲᠦᠮᠡᠨ ᠬᠠᠮᠲᠤ ᠪᠠᠷ ᠨᠤᠲᠤᠭ ᠤᠰᠤᠨ ᠤ ᠪᠠᠨ ᠪᠥᠲᠦᠭᠡᠨ ᠪᠠᠶᠢᠭᠤᠯᠤᠯᠲᠠ ᠳᠤ ᠭᠠᠷᠮᠠᠭᠠᠶᠢᠯᠠᠨ ᠤᠷᠤᠯᠴᠠᠵᠤ᠂ ᠦᠵᠡᠰᠭᠦᠯᠡᠩᠲᠦ ᠰᠠᠶᠢᠬᠠᠨ ᠬᠤᠲᠠ ᠬᠦᠳᠡᠭᠡ ᠪᠠᠨ ᠪᠥᠲᠦᠭᠡᠨ ᠪᠠᠶᠢᠭᠤᠯᠤᠨ᠂ ᠬᠦᠰᠡᠯ ᠵᠢᠭᠦᠷᠯᠡᠭᠦᠯᠦᠭᠰᠡᠨ ᠰᠢᠨ᠎ᠡ ᠴᠠᠭ ᠦᠶ᠎ᠡ ᠶᠢᠨ ᠳᠠᠷᠳᠠᠩ ᠬᠠᠷᠭᠤᠢ ᠪᠠᠷ ᠡᠷᠡᠮᠡᠬᠡᠶᠢᠯᠡᠨ ᠳᠠᠪᠰᠢᠵᠤ᠂ ᠡᠪ ᠨᠠᠶᠢᠷᠠᠮᠳᠠᠭᠤ ᠵᠣᠯ ᠵᠢᠷᠭᠠᠯᠲᠤ ᠠᠮᠢᠳᠤᠷᠠᠯ ᠢᠶᠠᠨ ᠴᠤᠭᠴᠠᠯᠠᠵᠤ ᠪᠠᠶᠢᠭ᠎ᠠ ᠶᠢ ᠬᠠᠷᠠᠭᠤᠯᠪᠠ᠃ ᠨᠠᠶᠢᠷᠠᠯ ᠬᠥᠭᠵᠢᠮ ︽ᠠᠳᠤᠭᠤᠴᠢᠨ ᠵᠠᠯᠠᠭᠤ︾᠂ ᠬᠥᠭᠡᠮᠡᠢ ︽ᠲᠠᠯ᠎ᠠ ᠨᠤᠲᠤᠭ ᠤᠨ ᠮᠠᠭᠲᠠᠭᠠᠯ︾᠂ ᠠᠷᠠᠳ ᠤᠨ ᠨᠠᠶᠢᠷᠠᠯ ᠬᠥᠭᠵᠢᠮ ︽ᠰᠢᠨ᠎ᠡ ᠣᠨ︾ ᠵᠡᠷᠭᠡ ᠲᠤᠭᠯᠠᠯᠲᠠ ᠪᠠᠷ ᠢᠶᠠᠨ ᠣᠲᠤᠭ ᠤᠨ ᠡᠮᠦᠨᠡᠲᠦ ᠬᠤᠰᠢᠭᠤᠨ ᠤ ᠪᠠᠨ ᠳᠥᠴᠢᠨ ᠣᠨ ᠤ ᠨᠡᠶᠢᠭᠡᠮ ᠤᠨ ᠳᠠᠪᠰᠢᠯᠲᠠ᠂ ᠠᠵᠤ ᠠᠬᠤᠢ ᠶᠢᠨ ᠬᠥᠭᠵᠢᠯᠲᠡ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠡᠯ᠎ᠡ  ᠬᠦᠷᠢᠶ᠎ᠡ ᠴᠠᠷᠠᠭᠠᠨ  ᠳᠤ ᠣᠯᠣᠭᠰᠠᠨ ᠰᠣᠳᠤᠨ ᠠᠮᠵᠢᠯᠲᠠ ᠪᠠᠨ ᠵᠢᠷᠤᠭᠯᠠᠵᠤ᠂ ᠭᠤᠴᠣ ᠰᠠᠶᠢᠬᠠᠨ ᠲᠤᠭᠯᠠᠯᠲᠠ ᠪᠠᠷ ᠠᠬᠤᠢ ᠲᠠᠯᠠᠪᠡᠢ ᠶᠢᠨ ᠦᠵᠡᠭᠴᠢ ᠲᠦᠮᠡᠨ ᠤ ᠬᠠᠯᠠᠭᠤᠨ ᠠᠯᠠᠭ᠎ᠠ ᠳᠠᠰᠢᠯᠲᠠ ᠶᠢ ᠣᠯᠣᠭᠰᠠᠨ ᠪᠠᠶᠢᠨ᠎ᠠ᠃     ᠦᠳᠡᠰᠢᠯᠡᠭᠡ ᠨᠢ ︽ᠡᠭᠦᠯᠡᠨ ᠴᠡᠩᠬᠡᠷ ᠨᠤᠲᠤᠭ︾ ᠭᠡᠬᠦ ᠳᠠᠭᠤᠤ ᠪᠥᠵᠢᠭ ᠢᠶᠠᠷ ᠦᠨᠳᠦᠷᠯᠡᠵᠦ᠂ ᠪᠦᠬᠦ ᠬᠤᠰᠢᠭᠤᠨ ᠤ ᠳᠡᠳ᠋ ᠰᠢᠶᠠᠨ ᠤ ᠳᠡᠰ  ᠠᠴᠠ ᠳᠡᠭᠡᠭᠰᠢᠬᠢ ᠤᠳᠤᠷᠢᠳᠤᠯᠭ᠎ᠠ᠂ ᠬᠦᠳᠡᠯᠮᠦᠷᠢ ᠶᠢᠨ ᠵᠢᠱᠢᠶᠡᠴᠢ᠂ ᠲᠡᠷᠢᠭᠦᠨ ᠤ ᠠᠵᠢᠯᠲᠠᠨ ᠵᠢᠴᠢ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠤᠯᠠᠨ ᠲᠦᠮᠡᠨ  ᠦᠳᠡᠰᠢᠯᠡᠭᠡ ᠶᠢ ᠰᠣᠨᠢᠷᠬᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号