ᠪᠦᠬᠦ ᠲᠡᠯᠡᠬᠡᠢ ᠶᠢᠨ ᠠᠩᠬᠠᠳᠠᠭᠴᠢ ᠨᠡᠭᠦᠷᠡᠰᠦᠳᠦ᠋ᠷᠦᠭᠴᠢ ᠦᠭᠡᠢ ᠠᠵᠣ ᠣᠶᠢᠯᠠᠰ ᠤᠨ ᠬᠦᠷᠢᠶᠡᠯᠡᠩ ᠣᠷᠳᠣᠰ ᠲᠤ ᠰᠠᠭᠤᠷᠢᠰᠢᠪᠡ
ᠨᠡᠶᠢᠲᠡᠯᠡᠭᠰᠡᠨ ᠴᠠᠭ᠄
2021/10/15
    ︽ᠨᠡᠭᠦᠷᠡᠰᠣᠨ ᠤ ᠲᠣᠮᠣ ᠬᠤᠳᠠ︾ ᠭᠡᠵᠣ ᠨᠡᠷᠡᠶᠢᠳᠡᠭᠳᠡᠭᠰᠡᠨ ᠣᠷᠳᠣᠰ ᠤᠨ ᠠᠯᠪᠠᠨ ᠤ ᠲᠠᠯ᠎ᠠ ᠶᠢᠨ ᠬᠢᠨ 12  ᠤᠨ ᠡᠳᠦᠷ᠂ ᠪᠦᠬᠦ ᠲᠡᠯᠡᠭᠡᠢ ᠶᠢᠨ ᠠᠩᠬᠠᠳᠠᠭᠴᠢ ᠨᠡᠭᠦᠷᠡᠰᠣᠳᠦ᠋ᠷᠦᠭᠴᠢ ᠦᠭᠡᠢ ᠠᠵᠣ ᠣᠶᠢᠯᠠᠰ ᠤᠨ ᠬᠦᠷᠢᠶᠡᠯᠡᠩ ᠣᠷᠳᠣᠰ ᠲᠤ ᠵᠢᠩᠬᠢᠨᠢ ᠪᠠᠷ ᠰᠠᠭᠤᠷᠢᠰᠢᠭᠰᠠᠨ ᠢ ᠨᠡᠶᠢᠳᠡᠯᠡᠪᠡ᠃     ᠠᠯᠪᠠᠨ ᠤ ᠲᠠᠯ᠎ᠠ ᠶᠢᠨ ᠬᠢᠨ ᠤ ᠢᠯᠡᠷᠭᠡᠶᠢᠯᠡᠭᠰᠡᠨ ᠢᠶᠠᠷ᠂ ᠣᠷᠳᠣᠰ ᠬᠤᠳᠠ ᠶᠢᠨ ᠬᠢᠨ ᠪᠦᠬᠦ ᠲᠡᠯᠡᠭᠡᠢ ᠶᠢᠨ ᠠᠩᠬᠠᠳᠠᠭᠴᠢ ᠨᠡᠭᠦᠷᠡᠰᠣᠳᠦ᠋ᠷᠦᠭᠴᠢ ᠦᠭᠡᠢ ᠠᠵᠣ ᠣᠶᠢᠯᠠᠰ ᠤᠨ ᠬᠦᠷᠢᠶᠡᠯᠡᠩ ᠢ ᠪᠠᠶᠢᠭᠤᠯᠬᠤ ᠶᠢ ᠪᠣᠳᠣᠵᠣ ᠣᠯᠣᠭᠰᠠᠨ ᠨᠢ ᠲᠣᠬᠠᠢ ᠶᠢᠨ ᠭᠠᠵᠠᠷ ᠤᠨ ᠡᠯᠪᠡᠭ ᠲᠡᠯᠪᠡᠭ ᠲᠠᠬᠢᠨ ᠠᠰᠢᠭᠯᠠᠵᠣ ᠪᠣᠯᠬᠤ ᠡᠨᠧᠷᠬᠢ ᠶᠢᠨ ᠰᠣᠷᠪᠣᠯᠵᠢ  ᠶᠢᠨ ᠡᠬᠢ ᠪᠠᠶᠠᠯᠢᠭ ᠪᠠ ᠣᠶᠣᠨᠳᠦ ᠴᠠᠬᠢᠯᠭᠠᠨ ᠲᠣᠣᠷ ᠤᠨ ᠰᠢᠰᠲ᠋ᠧᠮ ᠳᠤ ᠰᠠᠭᠤᠷᠢᠠᠯᠵᠣ᠂ ᠦᠨᠳᠦᠷ ᠬᠠᠷᠢᠴᠠᠯ ᠲᠠᠢ᠂ ᠲᠣᠣᠷ᠎ᠠ ᠦᠪᠡᠷ ᠤᠨ ᠦᠷᠳᠡᠭ ᠲᠠᠢ᠂ ᠬᠠᠩᠭᠠᠮᠵᠢᠳᠠᠢ ᠠᠰᠢᠭᠯᠠᠵᠣ ᠪᠣᠯᠬᠤ ᠡᠨᠧᠷᠬᠢ ᠶᠢᠨ ᠰᠣᠷᠪᠣᠯᠵᠢ ᠶᠢᠨ ᠣᠶᠢᠯᠠᠳᠪᠦᠷᠢᠯᠠᠯ ᠪᠠ ᠬᠡᠷᠡᠭᠯᠡᠯᠳᠡ ᠶᠢ ᠪᠡᠶᠡᠯᠡᠭᠦᠯᠵᠣ ᠴᠢᠳᠠᠬᠤ ᠪᠣᠯᠣᠨ᠎ᠠ᠃     ᠵᠠᠳᠠᠯᠣᠭᠴᠢᠳ ᠤᠨ ᠦᠵᠡᠬᠦ ᠪᠠᠷ᠂ ᠪᠦᠬᠦ ᠲᠡᠯᠡᠭᠡᠢ ᠶᠢᠨ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠣᠨ ᠬᠤᠪᠢᠷᠠᠭᠤᠯᠬᠤ ᠲᠡᠣᠬᠡᠨ ᠠᠵᠠ ᠲᠣᠬᠢᠶᠠᠯ ᠤᠨ ᠡᠮᠦᠨ᠎ᠡ᠂ ᠣᠷᠳᠣᠰ ᠤᠨ ᠪᠠᠶᠢᠭᠤᠯᠣᠭᠰᠠ ᠨᠡᠭᠦᠷᠡᠰᠣᠳᠦ᠋ᠷᠦᠭᠴᠢ ᠦᠭᠡᠢ ᠠᠵᠣ ᠣᠶᠢᠯᠠᠰ ᠤᠨ ᠬᠦᠷᠢᠶᠡᠯᠡᠩ ᠨᠢ ᠴᠠᠬᠢᠯᠭᠠᠨ ᠬᠦᠳᠡᠯᠭᠡᠭᠦᠷᠳᠦ ᠲᠡᠷᠭᠡ ᠬᠢᠭᠡᠳ ᠰᠢᠨ᠎ᠡ ᠡᠨᠧᠷᠬᠢ ᠶᠢᠨ ᠲᠦᠮᠡᠨ ᠳ᠋ᠦᠩᠰᠢᠭᠤᠷ ᠤᠨ ᠲᠡᠰ ᠤᠨ ᠠᠵᠣ ᠣᠶᠢᠯᠠᠰ ᠤᠨ ᠬᠦᠭᠵᠢᠯᠳᠡ ᠶᠢᠨ ᠣᠶᠠᠯᠳᠣᠯ ᠢ ᠲᠦᠯᠬᠢᠨ ᠠᠬᠢᠭᠤᠯᠬᠤ ᠪᠣᠯᠣᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号