ᠤᠷᠤᠨ ᠤ ᠳᠤᠳᠤᠷ᠎ᠠ ᠤᠨᠳᠤᠤ ᠭᠠᠵᠠᠷ ᠲᠤ ᠡᠮᠨᠡᠬᠦᠯᠬᠦ ᠳᠤ ᠳᠠᠩᠰᠠᠯᠠᠭᠤᠯᠬᠤ ᠴᠢᠬᠤᠯᠠ ᠦᠬᠡᠢ ᠪᠤᠯᠵᠠᠢ
ᠨᠡᠶᠢᠲᠡᠯᠡᠭᠰᠡᠨ ᠴᠠᠭ᠄
2021/10/15
     ᠦᠪᠡᠷᠳᠡᠬᠡᠨ ᠵᠠᠰᠠᠬᠤ ᠤᠷᠤᠨ ᠤ ᠡᠮᠴᠢᠯᠡᠬᠡᠨ ᠤ ᠪᠠᠳᠤᠯᠠᠭ᠎ᠠ ᠶᠢᠨ ᠳᠤᠪᠴᠢᠶ᠎ᠠ ᠶᠢᠨ ︽ᠤᠷᠤᠨ ᠤ ᠳᠤᠳᠤᠷ᠎ᠠ ᠡᠮᠨᠡᠬᠦᠯᠬᠦ ᠳᠤ ᠭᠠᠵᠠᠷ ᠤᠷᠤᠨ ᠢᠶᠠᠷ ᠦᠯᠤ ᠬᠢᠵᠠᠭᠠᠷᠯᠠᠬᠤ ᠶᠢ ᠲᠦᠷᠬᠡᠨ ᠠᠬᠢᠭᠤᠯᠬᠤ ᠳᠤᠬᠠᠢ ᠮᠡᠳᠡᠭᠳᠡᠯ︾ ᠳᠤ᠂ 2021 ᠤᠨ ᠤ 10 ᠰᠠᠷ᠎ᠠ ᠶᠢᠨ 8 ᠤ ᠡᠳᠤᠷ ᠠᠴᠠ ᠡᠬᠢᠯᠡᠨ᠂ ᠠᠵᠢᠯᠳᠠᠨ ᠠᠵᠢᠯᠴᠢᠨ ᠤ ᠦᠨᠳᠤᠰᠤᠨ ᠡᠮᠴᠢᠯᠡᠬᠡᠨ ᠤ ᠳᠠᠭᠠᠤᠨᠬᠠᠯ ᠪᠠ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠦᠨᠳᠤᠰᠤᠨ ᠡᠮᠴᠢᠯᠡᠬᠡᠨ ᠤ ᠳᠠᠭᠠᠤᠨᠬᠠᠯ ᠳᠤ ᠤᠷᠤᠯᠴᠠᠭᠰᠠᠤᠨ ᠦᠪᠡᠷᠳᠡᠬᠡᠨ ᠵᠠᠰᠠᠬᠤ ᠤᠷᠤᠨ ᠤ ᠡᠯ᠎ᠡ ᠭᠠᠵᠠᠷ ᠤᠨ ᠡᠮᠴᠢᠯᠡᠬᠡᠨ ᠤ ᠳᠠᠭᠠᠤᠨᠬᠠᠯ  ᠤᠨ ᠬᠡᠪᠴᠢᠶᠡᠨ ᠳᠠᠬᠢ ᠳᠤᠷ᠎ᠠ ᠶᠢᠨ ᠨᠢᠬᠡᠨ ᠡᠮᠴᠢᠯᠡᠬᠡᠨ ᠤ ᠪᠠᠶᠢᠭᠤᠯᠤᠮᠵᠢ ᠳᠤ ᠡᠪᠡᠤᠨᠴᠢᠨ ᠢᠶᠠᠨ ᠦᠵᠡᠬᠦᠯᠵᠤ ᠪᠤᠯᠤᠨ᠎ᠠ᠂ ᠳᠠᠩᠰᠠᠯᠠᠭᠤᠯᠬᠤ ᠴᠢᠬᠤᠯᠠ ᠦᠬᠡᠢ᠂ ᠡᠮᠨᠡᠯᠬᠡ ᠠᠴᠠ ᠭᠠᠷᠬᠤ ᠦᠶ᠎ᠡ ᠳᠤ ᠵᠠᠷᠤᠳᠠᠯ ᠢ ᠨᠢ ᠰᠢᠭᠤᠤᠨ ᠳ᠋ᠦᠩᠨᠡᠨ ᠪᠤᠳᠤᠵᠤ᠂ ︽ᠡᠪᠡᠤᠨᠴᠢᠨ ᠦᠵᠡᠬᠦᠯᠬᠦ ᠭᠠᠵᠠᠷ ᠤᠨ ᠦᠨᠳᠤᠰᠤᠨ ᠡᠮᠴᠢᠯᠡᠬᠡᠨ ᠤ ᠭᠠᠷᠴᠠᠭ᠂ ᠳᠠᠭᠠᠤᠨᠬᠠᠯ  ᠳᠤ ᠤᠷᠤᠯᠴᠠᠭᠰᠡᠨ ᠭᠠᠵᠠᠷ ᠤᠨ ᠲᠦᠷᠤ ᠶᠢᠨ ᠪᠤᠳᠤᠯᠭ᠎ᠠ︾ ᠶᠢ ᠬᠡᠷᠡᠭᠵᠢᠬᠦᠯᠤᠨ᠎ᠠ᠃     ᠤᠶᠢᠯᠠᠭᠠᠭᠰᠡᠨ ᠢᠶᠠᠷ᠂ ᠤᠨᠳᠤᠤ ᠭᠠᠵᠠᠷ ᠲᠤ ᠡᠮᠨᠡᠬᠦᠯᠬᠦ ᠤᠶᠢᠯᠡᠴᠢᠯᠡᠭᠡ ᠶᠢ ᠤᠯᠠᠮ ᠴᠢᠨᠠᠭᠰᠢᠳᠠ ᠰᠢᠯᠢᠳᠡᠭᠵᠢᠬᠦᠯᠵᠤ᠂ ᠤᠷᠤᠨ ᠤ ᠳᠤᠳᠤᠷ᠎ᠠ ᠤᠨᠳᠤᠤ ᠭᠠᠵᠠᠷ ᠲᠤ ᠡᠮᠨᠡᠬᠦᠯᠦᠭᠰᠡᠨ ᠵᠠᠷᠤᠳᠠᠯ ᠢ ᠰᠢᠭᠤᠤᠨ ᠳ᠋ᠦᠩᠨᠡᠨ ᠪᠤᠳᠤᠬᠤ ᠳᠤ ᠲᠦᠬᠦᠮ ᠦᠵᠡᠬᠦᠯᠬᠦ ᠶᠢᠨ ᠲᠦᠯᠤᠬᠡ᠂ ᠤᠷᠤᠨ ᠤ ᠳᠤᠳᠤᠷ᠎ᠠ ᠤᠨᠳᠤᠤ ᠭᠠᠵᠠᠷ ᠤᠨ ᠡᠮᠨᠡᠯᠬᠡ ᠳᠤ  ᠰᠠᠭᠤᠭᠰᠠᠤᠨ ᠢ ᠳᠠᠩᠰᠠᠯᠠᠬᠤ ᠶᠢ ᠬᠦᠴᠤᠨ ᠦᠬᠡᠢ ᠪᠤᠯᠭᠠᠨ᠎ᠠ᠃ ᠳᠠᠭᠠᠤᠨᠬᠠᠯ ᠳᠤ ᠤᠷᠤᠯᠴᠠᠭᠰᠠᠤᠨ ᠤᠷᠤᠨ ᠤ ᠳᠤᠳᠤᠷ᠎ᠠ ᠤᠨᠳᠤᠤ ᠭᠠᠵᠠᠷ ᠤᠨ ᠳᠤᠭᠳᠠᠭᠰᠡᠨ ᠡᠮᠴᠢᠯᠡᠬᠡᠨ ᠤ ᠪᠠᠶᠢᠭᠤᠯᠤᠮᠵᠢ ᠳᠤ ᠡᠪᠡᠤᠨᠴᠢᠨ ᠦᠵᠡᠬᠦᠯᠬᠦ ᠳᠤ ᠳᠠᠩᠰᠠᠯᠠᠭᠤᠯᠬᠤ ᠴᠢᠬᠤᠯᠠ ᠦᠬᠡᠢ᠂ ᠤᠷᠤᠨ ᠤ ᠳᠤᠳᠤᠷ᠎ᠠ ᠤᠨᠳᠤᠤ ᠭᠠᠵᠠᠷ ᠡᠪᠡᠤᠨᠴᠢᠨ ᠦᠵᠡᠬᠦᠯᠦᠭᠰᠡᠨ ᠵᠠᠷᠤᠳᠠᠯ ᠢ ᠰᠢᠭᠤᠤᠨ ᠳ᠋ᠦᠩᠨᠡᠨ ᠪᠤᠳᠤᠬᠤ ᠶᠢ ᠪᠡᠶᠡᠯᠡᠬᠦᠯᠤᠨ᠎ᠠ᠃ ᠤᠨᠴᠠᠭᠠᠢ ᠪᠠᠶᠢᠳᠠᠯ ᠠᠴᠠ ᠪᠤᠯᠵᠤ ᠰᠢᠭᠤᠤᠨ ᠳ᠋ᠦᠩᠨᠡᠨ ᠪᠤᠳᠤᠬᠤ ᠶᠢᠨ ᠠᠷᠭ᠎ᠠ ᠦᠬᠡᠢ ᠪᠤᠯ ᠳᠠᠭᠠᠤᠨᠬᠠᠯ ᠳᠤ ᠤᠷᠤᠯᠴᠠᠭᠰᠡᠨ ᠭᠠᠵᠠᠷ ᠤᠨ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠶᠢᠨ ᠳᠤᠭᠳᠠᠭᠠᠯ ᠶᠤᠰᠤᠭᠠᠷ ᠬᠡᠷᠡᠭᠵᠢᠬᠦᠯᠤᠨ᠎ᠠ᠃ ᠡᠮᠨᠡᠬᠦᠯᠬᠦ ᠭᠠᠵᠠᠷ ᠤᠨ ᠳᠤᠭᠳᠠᠭᠠᠭᠰᠡᠨ ᠵᠠᠷᠤᠳᠠᠯ ᠳᠤᠰᠢᠶᠠᠬᠤ ᠬᠡᠪᠴᠢᠶ᠎ᠡ ᠵᠢᠴᠢ ᠪᠡᠷᠢᠮᠵᠢᠶ᠎ᠡ ᠶᠢ ᠬᠡᠷᠡᠭᠵᠢᠬᠦᠯᠤᠨ᠎ᠠ︔ ᠡᠮᠴᠢᠯᠡᠬᠡᠨ ᠤ ᠳᠠᠭᠠᠤᠨᠬᠠᠯ ᠤᠨ ᠰᠠᠭᠤᠷᠢ ᠮᠦᠩᠬᠦ  ᠶᠢᠨ ᠡᠬᠢᠯᠡᠵᠤ ᠳᠤᠰᠢᠶᠠᠬᠤ ᠪᠡᠷᠢᠮᠵᠢᠶ᠎ᠡ᠂ ᠳᠤᠰᠢᠶᠠᠬᠤ ᠬᠠᠷᠢᠴᠠᠯ᠂ ᠬᠠᠮᠤᠭ ᠤᠨ ᠦᠨᠳᠤᠷ ᠳᠤᠰᠢᠶᠠᠬᠤ ᠬᠢᠵᠠᠭᠠᠷ ᠳᠤᠭ᠎ᠠ ᠵᠢᠴᠢ ᠪᠤᠰᠤᠤᠨ ᠲᠦᠷᠤ ᠶᠢᠨ ᠪᠤᠳᠤᠯᠭ᠎ᠠ ᠶᠢᠨ ᠳᠤᠭᠳᠠᠭᠠᠯ ᠵᠡᠷᠬᠡ ᠳᠤ ᠳᠠᠭᠠᠤᠨᠬᠠᠯ ᠳᠤ ᠤᠷᠤᠯᠴᠠᠭᠰᠡᠨ ᠭᠠᠵᠠᠷ ᠤᠨ ᠤᠯᠭᠤᠮᠵᠢ ᠶᠢᠨ ᠲᠦᠷᠤ ᠶᠢᠨ ᠪᠤᠳᠤᠯᠭ᠎ᠠ ᠶᠢᠨ ᠳᠤᠭᠳᠠᠭᠠᠯ ᠵᠡᠷᠬᠡ ᠳᠤ ᠳᠠᠭᠠᠤᠨᠬᠠᠯ ᠳᠤ ᠤᠷᠤᠯᠴᠠᠭᠰᠡᠨ ᠭᠠᠵᠠᠷ ᠤᠨ ᠤᠯᠭᠤᠮᠵᠢ ᠶᠢᠨ ᠲᠦᠷᠤ ᠶᠢᠨ ᠪᠤᠳᠤᠯᠭ᠎ᠠ ᠪᠠ ᠳ᠋ᠦᠩᠨᠡᠨ ᠪᠤᠳᠤᠬᠤ ᠠᠷᠭ᠎ᠠ ᠶᠢ ᠬᠡᠷᠡᠭᠵᠢᠬᠦᠯᠤᠨ᠎ᠠ᠃ ᠤᠷᠤᠨ ᠤ ᠳᠤᠳᠤᠷᠠᠬᠢ ᠪᠤᠰᠤᠤᠨ ᠨᠢᠬᠡᠳᠤᠯᠳᠠᠢ ᠲᠦᠯᠤᠪᠵᠢᠬᠦᠯᠦᠭᠰᠡᠨ ᠤᠷᠤᠨ ᠳᠤ ᠡᠮᠨᠡᠬᠦᠯᠬᠦ ᠳᠤ᠂ ᠡᠬᠢᠯᠡᠵᠤ ᠳᠤᠰᠢᠶᠠᠬᠤ ᠵᠠᠷᠤᠳᠠᠯ ᠤᠨ ᠪᠠᠷᠢᠮᠵᠢᠶ᠎ᠠ ᠶᠢ ᠳᠡᠬᠡᠭᠰᠢᠯᠡᠬᠦᠯᠬᠦ ᠦᠬᠡᠢ᠂ ᠳᠠᠩᠰᠠ ᠳᠠᠶᠢᠯᠬᠤ ᠬᠠᠷᠢᠴᠠᠯ ᠢ ᠪᠠᠭᠤᠷᠠᠭᠤᠯᠵᠤ᠂ ᠠᠳᠠᠯᠢ ᠱᠠᠳᠤᠨ ᠤ ᠡᠮᠴᠢᠯᠡᠬᠡᠨ ᠤ ᠪᠠᠶᠢᠭᠤᠯᠤᠮᠵᠢ ᠶᠢᠨ ᠠᠳᠠᠯᠢ ᠤᠯᠭᠤᠮᠵᠢ ᠶᠢᠨ ᠲᠦᠷᠤ ᠶᠢᠨ ᠪᠤᠳᠤᠯᠭ᠎ᠠ ᠶᠢ ᠬᠡᠷᠡᠭᠵᠢᠬᠦᠯᠤᠨ᠎ᠠ᠃     ᠦᠪᠡᠷᠳᠡᠬᠡᠨ ᠵᠠᠰᠠᠬᠤ ᠤᠷᠤᠨ ᠤ ᠡᠮᠴᠢᠯᠡᠬᠡᠨ ᠤ ᠪᠠᠳᠤᠯᠠᠭ᠎ᠠ ᠶᠢᠨ ᠳᠤᠪᠴᠢᠶ᠎ᠠ ᠠᠴᠠ ᠪᠦᠬᠦ ᠤᠷᠤᠨ ᠤ ᠡᠯ᠎ᠡ ᠱᠠᠳᠤᠨ ᠤ ᠡᠮᠴᠢᠯᠡᠬᠡᠨ ᠤ ᠳᠠᠭᠠᠤᠨᠬᠠᠯ ᠤᠨ ᠰᠠᠯᠠᠭ᠎ᠠ ᠮᠦᠴᠢᠷ ᠢ ᠡᠮᠴᠢᠯᠡᠬᠡᠨ ᠤ ᠳᠠᠭᠠᠤᠨᠬᠠᠯ ᠤᠨ ᠳᠤᠭᠠᠴᠠᠭ᠎ᠠ ᠬᠢᠬᠦ ᠬᠡᠪᠴᠢᠶᠡᠨ ᠳᠤ ᠤᠷᠤᠭᠤᠯᠤᠭᠰᠡᠨ ᠡᠮᠴᠢᠯᠡᠬᠡᠨ ᠤ ᠤᠶᠢᠯᠡᠴᠢᠯᠡᠬᠡᠨ ᠤ ᠠᠵᠢᠯᠯᠠᠭ᠎ᠠ ᠪᠠ ᠡᠮᠴᠢᠯᠡᠬᠡᠨ ᠤ ᠵᠠᠷᠤᠳᠠᠯ ᠳᠤ ᠬᠢᠨᠠᠯᠳᠠ ᠳᠠᠯᠪᠢᠵᠤ ᠬᠠᠮᠢᠶᠠᠷᠬᠤ ᠪᠠᠨ ᠴᠢᠩᠭᠠᠤᠨᠬᠠᠵᠤ᠂ ᠳᠤᠭᠳᠠᠭᠰᠡᠨ ᠡᠮ ᠡᠮᠨᠡᠯᠬᠡ ᠶᠢᠨ ᠪᠠᠶᠢᠭᠤᠯᠤᠮᠵᠢ ᠪᠠ ᠳᠠᠭᠠᠤᠨᠬᠠᠯ ᠳᠤ ᠤᠷᠤᠯᠴᠠᠭᠰᠠᠤᠨ ᠡᠮᠴᠢᠯᠡᠬᠡᠨ ᠤ ᠪᠠᠳᠤᠯᠠᠭ᠎ᠠ ᠶᠢᠨ ᠤᠯᠭᠤᠮᠵᠢ ᠬᠦᠷᠳᠡᠬᠦ ᠳᠤᠬᠢᠶᠠᠯ ᠢ ᠠᠰᠢᠭᠯᠠᠨ ᠬᠠᠤᠯᠢ ᠪᠤᠰᠤ ᠠᠰᠢᠭ ᠳᠤᠰᠠ ᠤᠯᠵᠤ ᠪᠤᠯᠬᠤ ᠦᠬᠡᠢ᠃ ᠤᠨᠳᠤᠤ ᠭᠠᠵᠠᠷ ᠲᠤ ᠡᠮᠨᠡᠬᠦᠯᠬᠦ ᠳᠤᠬᠠᠶᠢᠯᠠᠭᠰᠡᠨ ᠠᠵᠢᠯ  ᠤᠨ ᠬᠠᠮᠵᠢᠯᠴᠠᠨ ᠬᠠᠮᠢᠶᠠᠷᠬᠤ ᠠᠵᠢᠯ ᠤᠨ ᠳᠤᠭᠳᠠᠴᠠ ᠶᠢ ᠪᠠᠶᠢᠭᠤᠯᠵᠤ᠂ ᠵᠠᠭᠠᠯᠳᠤᠵᠤ ᠢᠯᠡᠴᠢᠯᠡᠨ ᠮᠡᠳᠡᠬᠦᠯᠬᠦ ᠠᠷᠭ᠎ᠠ ᠵᠠᠮ ᠢ ᠰᠠᠭᠠᠤᠨ ᠦᠬᠡᠢ ᠨᠡᠪᠳᠡᠷᠡᠬᠦᠯᠤᠨ᠂ ᠤᠨᠳᠤᠤ ᠭᠠᠵᠠᠷ ᠲᠤ ᠡᠮᠨᠡᠬᠦᠯᠬᠦ ᠲᠦᠷᠤ ᠶᠢᠨ ᠪᠤᠳᠤᠯᠭ᠎ᠠ ᠶᠢ ᠠᠰᠢᠭᠯᠠᠨ ᠳᠠᠭᠠᠤᠨᠬᠠᠯ ᠢ ᠮᠡᠬᠡᠯᠡᠨ ᠠᠪᠬᠤ ᠤᠶᠢᠯᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠳᠠᠭᠠᠤᠨᠬᠠᠯ ᠢ ᠮᠡᠬᠡᠯᠡᠨ ᠠᠪᠤᠭᠰᠡᠨ ᠬᠡᠷᠡᠭ ᠢ ᠬᠠᠤᠯᠢ ᠳᠤᠭᠳᠠᠭᠠᠯ ᠶᠤᠰᠤᠭᠠᠷ ᠴᠢᠩᠭ᠎ᠠ ᠪᠠᠶᠢᠴᠠᠭᠠᠨ ᠰᠢᠢᠤᠨᠪᠤᠷᠢᠯᠡᠬᠦ ᠬᠡᠷᠡᠭᠳᠠᠢ ᠬᠡᠵᠤ ᠱᠠᠭᠠᠷᠳᠠᠪᠠ᠃
 
ᠢᠷᠡᠯᠲᠡ᠄ ᠦᠪᠤᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号