ᠣᠲᠤᠭ ᠤᠨ ᠡᠮᠣᠨᠡᠲᠣ ᠬᠤᠰᠢᠭᠤᠨ ᠤ ᠰᠣᠩᠭᠤᠭᠤᠯᠢ ᠶᠢᠨ ᠵᠦᠪᠯᠡᠯ ᠠᠴᠠ ᠪᠦᠬᠦ ᠬᠤᠰᠢᠭᠤᠨ ᠤ ᠰᠣᠩᠭᠤᠭᠤᠯᠢ ᠶᠢᠨ ᠠᠷᠠᠳ ᠲᠤ ᠦᠭᠭᠦᠭᠰᠡᠨ ᠵᠠᠬᠢᠳᠠᠯ
ᠨᠡᠶᠢᠲᠡᠯᠡᠭᠰᠡᠨ ᠴᠠᠭ᠄
2021/10/18
ᠰᠣᠩᠭᠤᠭᠤᠯᠢ ᠶᠢᠨ ᠠᠷᠠᠳ ᠲᠤ᠄     ᠰᠣᠩᠭᠤᠭᠤᠯᠢ ᠶᠢᠨ ᠬᠠᠣᠯᠢ᠂ ᠣᠷᠣᠨ ᠨᠣᠲᠤᠭ ᠤᠨ ᠵᠣᠬᠢᠶᠠᠨ ᠪᠠᠶᠢᠭᠤᠯᠬᠤ ᠬᠠᠣᠯᠢ ᠶᠢᠨ ᠲᠣᠭᠲᠠᠭᠠᠯ ᠢ ᠦᠨᠳᠣᠰᠣᠯᠡᠨ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶ᠎ᠠ ᠶᠢᠨ ᠨᠢᠬᠡᠳᠣᠯᠲᠠᠢ ᠪᠠᠶᠢᠷᠢᠯᠠᠭᠤᠯᠣᠯᠲᠠ ᠶᠣᠰᠣᠭᠠᠷ 2021 ᠣᠨ ᠤ 9 ᠰᠠᠷ᠎ᠠ ᠠᠴᠠ 2022 ᠣᠨ ᠤ 1 ᠰᠠᠷ᠎ᠠ ᠪᠣᠯᠲᠠᠯ᠎ᠠ ᠬᠤᠰᠢᠭᠤ᠂ ᠪᠠᠯᠭᠠᠰᠣ ᠬᠤᠶᠠᠷ ᠱᠠᠲᠣᠨ ᠤ ᠠᠷᠠᠳ ᠤᠨ ᠲᠦᠯᠦᠬᠡᠯᠡᠭᠴᠢᠳ  ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢ ᠶᠠᠪᠣᠭᠳᠠᠭᠤᠯᠣᠨ᠎ᠠ᠂ ᠡᠨᠡ ᠨᠢ ᠪᠦᠬᠦ ᠬᠤᠰᠢᠭᠤᠨ  ᠤ ᠡᠯ᠎ᠡ ᠦᠨᠳᠣᠰᠣᠲᠡᠨ ᠤ ᠠᠷᠠᠳ ᠲᠦᠮᠡᠨ ᠤ ᠣᠯᠣᠰ ᠲᠦᠷᠦ ᠶᠢᠨ ᠠᠮᠢᠳᠣᠷᠠᠯ ᠲᠣᠮᠳᠠᠬᠢ ᠴᠢᠬᠤᠯᠠ ᠶᠡᠭᠡ ᠶᠠᠪᠣᠳᠠᠯ ᠪᠣᠯᠬᠤ ᠶᠣᠮ᠃ ᠲᠣᠰ ᠣᠳᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠰᠠᠶᠢᠲᠣᠷ ᠬᠢᠬᠦ ᠨᠢ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠬᠦᠯᠣᠨ᠂ ᠠᠷᠠᠳ ᠲᠦᠮᠡᠨ ᠤ ᠡᠷᠬᠡ ᠮᠡᠳᠡᠯ ᠢ ᠪᠠᠲᠣᠯᠠᠵᠣ᠂ ᠣᠯᠣᠰ ᠤᠨ ᠦᠨᠳᠣᠰᠣᠨ ᠱᠠᠲᠣᠨ ᠤ ᠵᠠᠰᠠᠭ ᠤᠨ ᠡᠷᠬᠡ ᠶᠢᠨ ᠪᠠᠶᠢᠭᠤᠯᠣᠯᠲᠠ ᠶᠢ ᠴᠢᠩᠭᠠᠳᠬᠠᠨ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠬᠦᠯᠳᠡᠷᠵᠢᠬᠦᠯᠵᠣ᠂ ︽ᠠᠷᠪᠠᠨ ᠲᠦᠷᠪᠡᠳᠣᠭᠡᠷ ᠲᠠᠪᠣᠨ ᠵᠢᠯ︾ ᠤᠨ ᠬᠤᠭᠤᠴᠠᠭᠠᠨ ᠳᠠᠬᠢ ᠠᠵᠣ ᠠᠬᠤᠢ ᠨᠡᠶᠢᠬᠡᠮ  ᠤᠨ ᠴᠢᠨᠠᠷᠯᠢᠭ ᠬᠦᠭᠵᠢᠯᠲᠠ ᠶᠢ ᠠᠬᠢᠭᠤᠯᠣᠨ᠂ ᠪᠦᠬᠦ ᠬᠤᠰᠢᠭᠤᠨ ᠤ ᠡᠯ᠎ᠡ ᠦᠨᠳᠣᠰᠣᠲᠡᠨ ᠤ ᠠᠷᠠᠳ ᠲᠦᠮᠡᠨ ᠢ ᠵᠣᠬᠢᠶᠠᠨ ᠪᠠᠶᠢᠭᠤᠯᠣᠨ ᠲᠠᠶᠢᠴᠢᠯᠠᠵᠣ᠂ ᠰᠢᠨ᠎ᠡ ᠴᠠᠭ ᠦᠶ᠎ᠡ ᠶᠢᠨ ᠰᠢᠨ᠎ᠠ ᠠᠶᠠᠨ ᠤ ᠰᠢᠨ᠎ᠠ ᠱᠠᠳᠣᠨ ᠳᠠᠬᠢ ᠣᠲᠤᠭ  ᠤᠨ ᠡᠮᠣᠨᠡᠲᠣ ᠬᠤᠰᠢᠭᠤᠨ ᠤ ᠰᠢᠨ᠎ᠡ ᠬᠠᠭᠤᠳᠠᠰᠣ ᠶᠢ ᠪᠢᠴᠢᠭᠯᠡᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠣᠮ᠃     ᠦᠨᠳᠣᠰᠣᠨ ᠬᠠᠣᠯᠢ ᠳᠤ᠄ ᠪᠦᠬᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠤᠨ ᠪᠦᠬᠦᠯᠢ ᠠᠷᠪᠠᠨ ᠨᠠᠢᠮᠠᠨ ᠨᠠᠰᠣᠨ ᠳᠤ ᠬᠦᠷᠦᠭᠰᠡᠨ ᠠᠷᠠᠳ ᠢᠷᠬᠡᠨ ᠦᠨᠳᠣᠰᠣᠲᠡᠨ᠂ ᠠᠷᠠᠰᠣᠲᠠᠨ᠂ ᠡᠷᠡᠭᠲᠡᠢ ᠡᠮᠡᠭᠲᠡᠢ᠂ ᠠᠵᠢᠯ᠂ ᠭᠡᠷ ᠤᠨ ᠭᠠᠷᠣᠯ᠂ ᠱᠠᠰᠢᠨ ᠰᠢᠲᠣᠯᠬᠡ᠂ ᠬᠦᠮᠦᠵᠢᠯ ᠬᠦᠷᠲᠡᠭᠰᠡᠨ ᠬᠡᠮᠵᠢᠶ᠎ᠡ᠂ ᠡᠳ᠋ ᠬᠦᠷᠦᠩᠭᠡ ᠶᠢᠨ ᠪᠠᠶᠢᠳᠠᠯ᠂ ᠣᠷᠣᠰᠢᠨ ᠰᠠᠭᠤᠭᠰᠠᠨ ᠬᠤᠭᠤᠴᠠᠭ᠎ᠠ ᠶᠢᠨ ᠢᠯᠭᠠᠯ ᠦᠬᠡᠢ ᠴᠦᠮ ᠰᠣᠩᠭᠤᠬᠤ ᠪᠠ ᠰᠣᠩᠭᠤᠭᠳᠠᠬᠤ ᠡᠷᠬᠡ ᠲᠠᠢ ︵ᠣᠯᠣᠰ ᠲᠦᠷᠦ ᠶᠢᠨ ᠡᠷᠬᠡ ᠪᠠᠨ ᠬᠠᠣᠯᠢ ᠶᠣᠰᠣᠭᠠᠷ ᠬᠠᠰᠣᠭᠤᠯᠣᠭᠰᠠᠨ ᠬᠦᠮᠦᠰ ᠡᠬᠦᠨ ᠳᠤ ᠪᠠᠭᠲᠠᠬᠤ ᠦᠬᠡᠢ︶ ᠬᠡᠵᠣ ᠲᠣᠭᠲᠠᠭᠠᠭᠰᠠᠨ ᠪᠠᠶᠢᠳᠠᠭ᠃ ᠦᠷᠬᠡᠨ ᠣᠯᠠᠨ ᠰᠣᠩᠭᠤᠭᠤᠯᠢ ᠶᠢᠨ ᠠᠷᠠᠳ ᠦᠨᠳᠣᠰᠣᠨ ᠬᠠᠤᠯᠢ ᠠᠴᠠ ᠣᠯᠭᠤᠭᠰᠠᠨ ᠡᠵᠡᠨ ᠰᠠᠭᠤᠵᠣ ᠡᠷᠬᠡ ᠮᠡᠳᠡᠬᠦ ᠠᠷᠠᠳᠴᠢᠯᠠᠯ ᠤᠨ ᠡᠷᠬᠡ ᠪᠠᠨ ᠬᠦᠨᠳᠣᠳᠬᠡᠵᠣ᠂ ᠣᠯᠣᠰ ᠬᠦᠷᠦᠨ ᠤ ᠡᠵᠡᠨ ᠬᠦᠮᠦᠨ  ᠤ ᠣᠪᠣᠷ ᠪᠣᠯᠣᠨ ᠲᠡᠬᠡᠳᠣ ᠬᠡᠮᠵᠢᠶᠡᠨ ᠤ ᠬᠠᠷᠢᠭᠤᠴᠠᠯᠭᠠᠲᠣ ᠵᠣᠷᠢᠭ ᠰᠠᠨᠠᠭ᠎ᠠ ᠪᠠᠷ ᠰᠣᠩᠭᠤᠭᠤᠯᠢ ᠶᠢᠨ ᠡᠯ᠎ᠡ ᠲᠦᠷᠦᠯ  ᠤᠨ ᠠᠵᠢᠯᠯᠠᠭ᠎ᠠ ᠳᠤ ᠢᠳᠡᠪᠬᠢᠲᠠᠢ ᠣᠷᠣᠯᠴᠠᠨ᠂ ᠲᠦᠪ ᠬᠢᠨᠠᠮᠠᠭᠠᠢ ᠪᠠᠷ ᠦᠪᠡᠷ ᠤᠨ ᠠᠷᠢᠭᠤᠨ ᠲᠠᠷᠬᠠᠨ ᠪᠢᠯᠧᠲ  ᠢᠶᠠᠨ ᠦᠭᠴᠤ᠂ ᠦᠪᠡᠷᠲᠡᠬᠡᠨ ᠰᠡᠳᠬᠢᠯ ᠬᠠᠨᠣᠮᠵᠢᠲᠠᠢ ᠮᠦᠷᠲᠡᠬᠡᠨ ᠰᠣᠩᠭᠤᠭᠤᠯᠢ ᠶᠢᠨ ᠠᠷᠠᠳ ᠢ ᠲᠦᠯᠦᠬᠡᠯᠡᠨ ᠣᠯᠣᠰ ᠣᠷᠣᠨ ᠤ ᠬᠡᠷᠡᠭ ᠶᠠᠪᠣᠳᠠᠯ ᠤᠨ ᠬᠠᠮᠢᠶᠠᠷᠣᠯᠲᠠ ᠳᠤ ᠣᠷᠣᠯᠴᠠᠨ ᠬᠦᠢᠴᠡᠳᠬᠡᠵᠣ ᠴᠢᠳᠠᠬᠤ ᠠᠷᠠᠳ ᠤᠨ ᠲᠦᠯᠦᠬᠡᠯᠡᠭᠴᠢ ᠶᠢ ᠰᠣᠩᠭᠤᠨ ᠭᠠᠷᠭᠠᠬᠤ ᠬᠡᠷᠡᠭᠲᠡᠢ᠃     ᠮᠠᠨ ᠤ ᠬᠤᠰᠢᠭᠤᠨ ᠤ ᠬᠤᠰᠢᠭᠤ᠂ ᠪᠠᠯᠭᠠᠰᠣ ᠬᠤᠶᠠᠷ ᠱᠠᠲᠣᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ ᠰᠣᠩᠭᠤᠭᠤᠯᠢ ᠶᠢ 2021 ᠣᠨ ᠤ 11 ᠰᠠᠷ᠎ᠠ ᠶᠢᠨ 16 ᠤ ᠡᠳᠣᠷ ᠶᠠᠪᠣᠭᠳᠠᠭᠤᠯᠬᠤ ᠪᠠᠷ ᠲᠣᠭᠲᠠᠪᠠ᠃ ᠰᠣᠩᠭᠤᠭᠤᠯᠢ ᠶᠢᠨ ᠬᠠᠣᠯᠢ ᠶᠢᠨ ᠲᠣᠭᠲᠠᠭᠠᠯ ᠶᠣᠰᠣᠭᠠᠷ᠂ ᠰᠣᠩᠭᠤᠭᠤᠯᠢ ᠶᠢᠨ ᠵᠦᠪᠯᠡᠯ ᠰᠣᠩᠭᠤᠭᠤᠯᠢ ᠶᠢᠨ ᠡᠳᠣᠷ ᠠᠴᠠ 20 ᠡᠳᠣᠷ ᠤᠨ ᠡᠮᠣᠨ᠎ᠡ ᠡᠯ᠎ᠡ ᠰᠣᠩᠭᠤᠭᠤᠯᠢ ᠶᠢᠨ ᠲᠣᠭᠤᠷᠢᠭ ᠤᠨ ᠰᠣᠩᠭᠤᠭᠤᠯᠢ ᠶᠢᠨ ᠠᠷᠠᠳ ᠤᠨ ᠨᠡᠷᠡᠰ ᠢ ᠨᠡᠶᠢᠲᠠᠯᠡᠵᠣ᠂ ᠰᠣᠩᠭᠤᠭᠤᠯᠢ ᠶᠢᠨ ᠠᠷᠠᠳ ᠤᠨ ᠦᠨᠡᠮᠯᠡᠯ ᠢ ᠲᠠᠷᠬᠠᠭᠠᠨ᠎ᠠ︔ ᠡᠯ᠎ᠡ ᠨᠠᠮ ᠪᠦᠯᠦᠭ᠂ ᠠᠷᠠᠳ ᠤᠨ ᠪᠦᠯᠬᠦᠮ ᠲᠦᠯᠦᠬᠡᠯᠡᠭᠴᠢ ᠪᠠᠷ ᠵᠢᠱᠢᠭᠳᠡᠭᠰᠡᠳ ᠢᠶᠠᠨ ᠬᠠᠮᠲᠣ ᠪᠠᠷ ᠪᠣᠶᠣ ᠲᠣᠰ ᠲᠣᠰ ᠢᠶᠠᠷ ᠢᠶᠠᠨ ᠲᠠᠨᠢᠯᠴᠠᠭᠤᠯᠵᠣ ᠪᠣᠯᠣᠨ᠎ᠠ᠂ ᠰᠣᠩᠭᠤᠭᠤᠯᠢ ᠶᠢᠨ ᠠᠷᠠᠳ 10 ᠬᠦᠮᠦᠨ ᠠᠴᠠ ᠲᠡᠭᠡᠭᠰᠢ ᠨᠡᠷ᠎ᠡ ᠬᠠᠮᠲᠣᠷᠠᠵᠣ ᠲᠦᠯᠦᠬᠡᠯᠡᠭᠴᠢ ᠪᠠᠷ ᠵᠢᠱᠢᠭᠳᠡᠭᠰᠡᠳ ᠢ ᠲᠠᠨᠢᠯᠴᠠᠭᠤᠯᠵᠣ ᠪᠠᠰᠠ ᠪᠣᠯᠣᠨ᠎ᠠ︔ ᠲᠠᠨᠢᠯᠴᠠᠭᠤᠯᠣᠭᠰᠠᠨ ᠲᠦᠯᠦᠬᠡᠯᠡᠭᠴᠢ ᠪᠠᠷ ᠠᠩᠬ᠎ᠠ ᠵᠢᠱᠢᠭᠳᠡᠭᠰᠡᠳ ᠤᠨ ᠨᠡᠷᠡᠰ ᠢ ᠰᠣᠩᠭᠤᠭᠤᠯᠢ ᠶᠢᠨ ᠵᠦᠪᠯᠡᠯ ᠠᠴᠠ ᠰᠣᠩᠭᠤᠭᠤᠯᠢ ᠶᠢᠨ ᠡᠳᠣᠷ ᠠᠴᠠ 15 ᠡᠳᠣᠷ ᠤᠨ ᠡᠮᠣᠨ᠎ᠡ  ᠨᠡᠶᠢᠲᠡᠯᠡᠨ᠎ᠡ︔ ᠡᠯ᠎ᠡ ᠰᠣᠩᠭᠤᠭᠤᠯᠢ ᠶᠢᠨ ᠲᠣᠭᠤᠷᠢᠭ ᠤᠨ ᠰᠣᠩᠭᠤᠭᠤᠯᠢ  ᠶᠢᠨ ᠠᠷᠠᠳ ᠢᠶᠠᠷ ᠶᠠᠷᠢᠯᠴᠠᠭᠤᠯᠣᠨ ᠵᠦᠪᠳᠡᠬᠦᠯᠣᠬᠡᠳ᠂ ᠰᠣᠩᠭᠤᠭᠤᠯᠢ ᠶᠢᠨ ᠵᠦᠪᠯᠡᠯ ᠠᠴᠠ ᠣᠯᠠᠩᠬᠢ  ᠲᠣᠭᠠᠨ ᠤ ᠰᠣᠩᠭᠤᠭᠤᠯᠢ ᠶᠢᠨ ᠠᠷᠠᠳ ᠤᠨ ᠰᠠᠨᠠᠯ ᠢ ᠦᠨᠳᠣᠰᠣᠯᠡᠨ᠂ ᠰᠣᠩᠭᠤᠭᠤᠯᠢ ᠶᠢᠨ ᠬᠠᠣᠯᠢ ᠶᠢᠨ ᠭᠤᠴᠢᠨ ᠨᠢᠬᠡᠳᠣᠭᠡᠷ ᠵᠦᠢᠯ ᠤᠨ ︽ᠲᠦᠯᠦᠬᠡᠯᠡᠭᠴᠢ ᠪᠠᠷ ᠵᠢᠱᠢᠭᠳᠡᠭᠰᠡᠳ ᠤᠨ ᠲᠤᠭ᠎ᠠ ᠨᠢ ᠰᠣᠩᠭᠤᠬᠤ ᠶᠣᠰᠣᠲᠠᠢ ᠲᠦᠯᠦᠬᠡᠯᠡᠭᠴᠢ ᠶᠢᠨ ᠲᠣᠭᠠᠨ ᠤ ᠭᠤᠷᠪᠠᠨ ᠤ ᠨᠢᠬᠡ ᠬᠤᠪᠢᠨ ᠠᠴᠠ ᠲᠠᠬᠢᠨ ᠬᠦᠷᠲᠡᠯ᠎ᠡ ᠢᠯᠡᠬᠦᠦ ᠪᠠᠶᠢᠬᠤ︾ ᠵᠦᠷᠢᠶᠡᠲᠣ ᠬᠠᠷᠢᠴᠠᠯ ᠤᠨ ᠲᠣᠭᠲᠠᠭᠠᠯ ᠶᠣᠰᠣᠭᠠᠷ ᠵᠢᠩᠬᠢᠨᠢ ᠲᠦᠯᠦᠬᠡᠯᠡᠭᠴᠢ ᠪᠠᠷ ᠵᠢᠱᠢᠭᠳᠡᠭᠰᠡᠳ ᠤᠨ ᠨᠡᠷᠡᠰ ᠢ ᠲᠣᠭᠲᠠᠭᠠᠵᠣ᠂ ᠰᠣᠩᠭᠤᠭᠤᠯᠢ  ᠶᠢᠨ ᠡᠳᠣᠷ ᠠᠴᠠ 7 ᠡᠳᠣᠷ ᠤᠨ ᠡᠮᠣᠨ᠎ᠡ ᠨᠡᠶᠢᠲᠡᠯᠡᠨ᠎ᠡ︔ ᠰᠣᠩᠭᠤᠭᠤᠯᠢ ᠳᠤ ᠴᠦᠮ ᠨᠡᠷ᠎ᠡ ᠪᠠᠨ ᠪᠢᠴᠢᠬᠦ ᠦᠬᠡᠢ  ᠪᠠᠷ ᠪᠢᠯᠧᠲ ᠦᠭᠬᠦ ᠠᠷᠭ᠎ᠠ ᠶᠢ ᠬᠡᠷᠡᠭᠯᠡᠨ᠎ᠡ᠃ ᠲᠦᠯᠦᠬᠡᠯᠡᠭᠴᠢ ᠰᠣᠩᠭᠤᠬᠤ ᠦᠶ᠎ᠡ ᠳᠤ ᠪᠦᠬᠦ ᠰᠣᠩᠭᠤᠭᠤᠯᠢ ᠶᠢᠨ ᠠᠷᠠᠳ ᠤᠨ ᠬᠠᠭᠠᠰ ᠠᠴᠠ ᠲᠡᠭᠡᠭᠰᠢᠬᠢ ᠨᠢ ᠣᠷᠣᠯᠴᠠᠵᠣ ᠪᠢᠯᠧᠲ ᠦᠭᠬᠦᠭᠰᠡᠨ ᠪᠠᠶᠢᠪᠠᠯ ᠰᠣᠩᠭᠤᠭᠤᠯᠢ ᠬᠦᠴᠦᠨ  ᠲᠠᠢ᠂ ᠵᠢᠩᠬᠢᠨᠢ ᠲᠦᠯᠦᠬᠡᠯᠡᠭᠴᠢ ᠪᠠᠷ ᠵᠢᠱᠢᠭᠳᠡᠭᠰᠡᠳ ᠨᠢ ᠰᠣᠩᠭᠤᠭᠤᠯᠢ ᠳᠤ ᠣᠷᠣᠯᠴᠠᠭᠰᠠᠨ ᠰᠣᠩᠭᠤᠭᠤᠯᠢ ᠶᠢᠨ ᠠᠷᠠᠳ ᠤᠨ ᠬᠠᠭᠠᠰ ᠠᠴᠠ ᠲᠡᠭᠡᠭᠰᠢᠬᠢ ᠲᠣᠭᠠᠨ ᠤ ᠰᠣᠩᠭᠤᠭᠤᠯᠢ ᠶᠢᠨ ᠪᠢᠯᠧᠲ ᠢ ᠣᠯᠪᠠᠯ ᠰᠠᠶ᠋ᠢ ᠰᠣᠩᠭᠤᠭᠳᠠᠭᠰᠠᠨ  ᠢᠶᠠᠷ ᠲᠣᠭᠠᠴᠠᠨ᠎ᠠ︔ ᠰᠣᠩᠭᠤᠭᠤᠯᠢ ᠶᠢᠨ ᠠᠷᠠᠳ ᠨᠢᠬᠡᠪᠣᠷᠢ ᠵᠦᠪᠬᠡᠨ ᠨᠢᠬᠡ ᠯᠠ ᠪᠢᠯᠧᠲ ᠦᠭᠬᠦ ᠡᠷᠬᠡ ᠲᠠᠢ᠂ ᠨᠠᠶᠢᠳᠠᠯᠭ᠎ᠠ ᠪᠠᠷ ᠣᠷᠣᠯᠠᠨ ᠦᠭᠬᠦ ᠪᠢᠯᠧᠲ ᠨᠢ 3 ᠠᠴᠠ ᠲᠠᠪᠠᠵᠣ ᠪᠣᠯᠬᠤ ᠦᠬᠡᠢ᠂ ᠲᠦᠯᠦᠬᠡᠯᠡᠭᠴᠢ ᠪᠠᠷ ᠵᠢᠱᠢᠭᠳᠡᠭᠰᠡᠳ ᠨᠢ ᠪᠣᠰᠣᠳ ᠰᠣᠩᠭᠤᠭᠤᠯᠢ ᠶᠢᠨ ᠠᠷᠠᠳ ᠤᠨ ᠨᠠᠶᠢᠳᠠᠯᠭ᠎ᠠ ᠶᠢ ᠬᠦᠯᠢᠶᠡᠵᠣ ᠪᠣᠯᠬᠤ ᠦᠬᠡᠢ᠃     ᠰᠣᠩᠭᠤᠭᠤᠯᠢ ᠶᠢᠨ ᠠᠷᠠᠳ ᠡ᠂ ᠰᠣᠩᠭᠤᠭᠤᠯᠢ ᠶᠢᠨ ᠡᠷᠬᠡ ᠪᠣᠯ ᠦᠨᠳᠣᠰᠣᠨ ᠬᠠᠣᠯᠢ ᠪᠣᠯᠣᠨ ᠬᠠᠣᠯᠢ ᠴᠠᠭᠠᠵᠠ ᠠᠴᠠ ᠣᠯᠭᠤᠭᠰᠠᠨ ᠡᠷᠬᠡ ᠪᠣᠯᠬᠤᠷ ᠦᠨᠳᠣᠰᠣᠨ ᠬᠠᠣᠯᠢ ᠪᠣᠯᠣᠨ ᠬᠠᠣᠯᠢ ᠴᠠᠭᠠᠵᠠ ᠳᠤ ᠬᠠᠮᠠᠭᠠᠯᠠᠭᠳᠠᠨ᠎ᠠ᠃ ᠰᠣᠩᠭᠤᠭᠤᠯᠢ ᠶᠢᠨ ᠠᠷᠠᠳ ᠨᠢᠬᠡᠪᠣᠷᠢ ᠵᠠᠪᠠᠯ ᠣᠯᠣᠰ ᠣᠷᠣᠨ ᠪᠣᠯᠣᠨ ᠠᠷᠠᠳ ᠲᠦᠮᠡᠨ ᠳᠤ ᠬᠠᠷᠢᠭᠤᠴᠠᠬᠤ ᠣᠪᠣᠷ  ᠢᠶᠠᠷ ᠦᠪᠡᠷ ᠤᠨ ᠠᠷᠠᠳᠴᠢᠯᠠᠯ ᠤᠨ ᠡᠷᠬᠡ ᠪᠠᠨ ᠬᠢᠨᠠᠮᠠᠭᠠᠢ ᠬᠡᠷᠡᠭᠵᠢᠬᠦᠯᠵᠣ᠂ ᠠᠷᠠᠳ ᠤᠨ ᠲᠦᠯᠦᠬᠡᠯᠡᠭᠴᠢ ᠪᠠᠨ ᠰᠠᠶᠢᠲᠣᠷ ᠰᠣᠩᠭᠤᠬᠤ ᠬᠡᠷᠡᠭᠲᠡᠢ᠃              ᠡᠬᠦᠨ ᠤ ᠲᠣᠯᠠ                     ᠣᠲᠤᠭ ᠤᠨ ᠡᠮᠣᠨᠡᠳᠣ ᠬᠤᠰᠢᠭᠤᠨ ᠤ ᠰᠣᠩᠭᠤᠭᠤᠯᠢ ᠶᠢᠨ ᠵᠦᠪᠯᠡᠯ ᠠᠴᠠ                            2021 ᠣᠨ ᠤ 10 ᠰᠠᠷ᠎ᠠ ᠶᠢᠨ 8 ᠤ ᠡᠳᠣᠷ
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号