ᠭᠤᠷᠪᠠᠳᠤᠭᠠᠷ ᠪᠦᠯᠦᠭ ᠬᠠᠤᠯᠢ ᠶᠢᠨ ᠬᠦᠮᠦᠨ | ᠨᠢᠭᠡᠳᠦᠭᠡᠷ ᠬᠡᠰᠡᠭ ᠡ᠊ᠩ ᠤᠨ ᠲᠤᠭᠳᠠᠭᠠᠯ | ᠲᠠᠪᠢᠨ ᠲᠤᠯᠤᠳᠤᠭᠠᠷ ᠵᠦᠢᠯ ᠬᠠᠤᠯᠢ ᠶᠢᠨ ᠬᠦᠮᠦᠨ ᠪᠣᠯ ᠢᠷᠭᠡᠨ ᠤ ᠬᠡᠷᠡᠭ ᠤᠨ ᠡᠷᠬᠡ ᠶᠢᠨ ᠴᠢᠳᠠᠪᠤᠷᠢ ᠪᠠ | ᠢᠷᠭᠡᠨ ᠤ ᠬᠡᠷᠡᠭ ᠤᠨ ᠤᠢᠢᠯᠠ ᠠᠵᠢᠯᠯᠠᠭ᠎ᠠ ᠶᠢᠨ ᠴᠢᠳᠠᠪᠤᠷᠢ ᠲᠠᠢ᠂ ᠬᠠᠤᠯᠢ ᠶᠤᠰᠤᠭᠠᠷ ᠪᠡᠶ᠎ᠡ ᠪᠠᠨ ᠳᠠᠭᠠᠭᠠᠵᠦ | ᠢᠷᠭᠡᠨ ᠤ ᠬᠡᠷᠡᠭ ᠤᠨ ᠡᠷᠬᠡ ᠶᠢ ᠡᠳ᠋ᠯᠡᠬᠦ ᠪᠠ ᠢᠷᠭᠡᠨ ᠤ ᠬᠡᠷᠡᠭ ᠤᠨ ᠡᠭᠦᠷᠭᠡ ᠶᠢ ᠡᠭᠦᠷᠭᠡᠯᠡᠭᠦ ᠵᠤᠬᠢᠶᠠᠨ ᠪᠠᠶᠢᠭᠤᠯᠤᠯᠳᠠ | ᠮᠦᠨ᠃ | ᠲᠠᠪᠢᠨ ᠨᠠᠢᠮᠠᠳᠤᠭᠠᠷ ᠵᠦᠢᠯ ᠬᠠᠤᠯᠢ ᠶᠢᠨ ᠬᠦᠮᠤᠨ ᠢ ᠬᠠᠤᠯᠢ ᠶᠤᠰᠤᠭᠠᠷ ᠪᠠᠶᠢᠭᠤᠯᠬᠤ ᠭᠡᠷᠡᠭᠳᠠᠢ᠃ | ᠬᠠᠤᠯᠢ ᠶᠢᠨ ᠬᠦᠮᠤᠨ ᠳᠤ ᠦᠪᠡᠷ ᠤᠨ ᠨᠠᠷᠠᠶᠢᠳᠤᠯ᠂ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ᠂ ᠤᠷᠤᠨ | ᠰᠠᠭᠤᠴᠠ᠂ ᠡᠳ᠋ ᠬᠦᠷᠦᠩᠭᠡ ᠪᠤᠶᠤ ᠵᠠᠷᠤᠳᠠᠯ ᠲᠠᠢ ᠪᠠᠶᠢᠬᠤ ᠭᠡᠷᠡᠭᠳᠠᠢ᠃ ᠬᠠᠤᠯᠢ ᠶᠢᠨ ᠬᠦᠮᠤᠨ ᠢ ᠪᠠᠶᠢᠭᠤᠯᠬᠤ | ᠪᠤᠳᠠᠳᠠᠢ ᠨᠦᠬᠦᠴᠡᠯ ᠪᠠ ᠵᠢᠷᠤᠮ ᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠬᠳᠠᠭᠠᠯ ᠤᠨ ᠲᠤᠬᠳᠠᠭᠠᠯ | ᠶᠤᠰᠤᠭᠠᠷ ᠶᠠᠪᠤᠭᠤᠯᠤᠨ᠎ᠠ᠃ | ᠬᠠᠤᠯᠢ ᠶᠢᠨ ᠬᠦᠮᠤᠨ ᠢ ᠪᠠᠶᠢᠭᠤᠯᠬᠤ ᠳᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠬᠳᠠᠭᠠᠯ ᠳᠤ | ᠬᠤᠯᠪᠤᠬᠳᠠᠯ ᠪᠦᠬᠦᠢ ᠪᠠᠶᠢᠭᠤᠯᠭ᠎ᠠ ᠪᠠᠷ ᠵᠦᠪᠰᠢᠶᠡᠷᠡᠬᠦᠯᠬᠦ ᠭᠡᠷᠡᠭᠳᠠᠢ ᠭᠡᠵᠤ ᠲᠤᠭᠳᠠᠭᠠᠬᠰᠠᠨ ᠪᠠᠶᠢᠪᠠᠯ᠂ ᠲᠠᠷᠠ | ᠲᠤᠬᠳᠠᠭᠠᠯ ᠶᠤᠰᠤᠭᠠᠷ ᠶᠠᠪᠤᠭᠤᠯᠤᠨ᠎ᠠ᠃ | ᠲᠠᠪᠢ ᠶᠢᠰᠤᠳᠤᠭᠡᠷ ᠵᠦᠢᠯ ᠬᠠᠤᠯᠢ ᠶᠢᠨ ᠬᠦᠮᠦᠨ ᠤ ᠢᠷᠭᠡᠨ ᠤ ᠬᠡᠷᠡᠭ ᠤᠨ ᠡᠷᠬᠡ ᠶᠢᠨ ᠴᠢᠳᠠᠪᠤᠷᠢ ᠪᠠ | ᠢᠷᠭᠡᠨ ᠤ ᠬᠡᠷᠡᠭ ᠤᠨ ᠤᠢᠢᠯᠠ ᠠᠵᠢᠯᠯᠠᠭ᠎ᠠ ᠶᠢᠨ ᠴᠢᠳᠠᠪᠤᠷᠢ ᠨᠢ ᠬᠠᠤᠯᠢ ᠶᠢᠨ ᠬᠦᠮᠦᠨ ᠤ ᠪᠠᠶᠢᠭᠤᠯᠤᠭᠳᠠᠭᠰᠠᠨ | ᠴᠠᠭ ᠠᠴᠠ ᠪᠤᠢ ᠪᠤᠯᠵᠦ᠂ ᠬᠠᠤᠯᠢ ᠶᠢᠨ ᠬᠦᠮᠦᠨ ᠲᠠᠭᠤᠰᠬᠤ ᠦᠶ᠎ᠡ ᠳᠤ ᠤᠰᠠᠳᠤᠨ᠎ᠠ᠃ | ᠵᠢᠷᠠᠳᠤᠭᠠᠷ ᠵᠦᠢᠯ ᠬᠠᠤᠯᠢ ᠶᠢᠨ ᠬᠦᠮᠤᠨ ᠪᠦᠬᠦ ᠡᠳ᠋ ᠬᠦᠷᠦᠩᠭᠡ ᠪᠠᠷ ᠢᠶᠠᠨ ᠪᠡᠶ᠎ᠠ ᠪᠠᠨ ᠲᠠᠭᠠᠭᠠᠵᠤ ᠢᠷᠭᠡᠨ ᠤ | ᠭᠡᠷᠡᠭ ᠤᠨ ᠬᠠᠷᠢᠭᠤᠴᠠᠯᠭ᠎ᠠ ᠡᠬᠦᠷᠭᠡᠯᠡᠨ᠎ᠠ᠃ | ᠵᠢᠷᠠᠨ ᠨᠢᠭᠡᠳᠤᠭᠡᠷ ᠵᠦᠢᠯ ᠬᠠᠤᠯᠢ ᠴᠠᠭᠠᠵᠠ ᠪᠤᠶᠤ ᠬᠠᠤᠯᠢ ᠶᠢᠨ ᠬᠦᠮᠤᠨ ᠤ ᠲᠦᠷᠢᠮ ᠤᠨ ᠲᠤᠬᠳᠠᠭᠠᠯ | ᠶᠤᠰᠤᠭᠠᠷ᠂ ᠬᠠᠤᠯᠢ ᠶᠢᠨ ᠬᠦᠮᠤᠨ ᠢ ᠲᠦᠯᠦᠭᠡᠯᠡᠨ ᠢᠷᠭᠡᠨ ᠤ ᠭᠡᠷᠡᠭ ᠤᠨ ᠠᠵᠢᠯᠯᠠᠭ᠎ᠠ ᠡᠷᠬᠢᠯᠡᠬᠦ ᠬᠠᠷᠢᠭᠤᠴᠠᠯᠭᠠᠳᠠᠨ | ᠪᠤᠯ ᠬᠠᠤᠯᠢ ᠶᠢᠨ ᠬᠦᠮᠤᠨ ᠤ ᠬᠠᠤᠯᠢ ᠪᠠᠷ ᠲᠤᠭᠳᠠᠭᠠᠬᠰᠠᠨ ᠲᠦᠯᠦᠭᠡᠯᠡᠭᠴᠢ ᠮᠦᠨ᠃ | ᠬᠠᠤᠯᠢ ᠪᠠᠷ ᠲᠤᠭᠳᠠᠭᠠᠬᠰᠠᠨ ᠲᠦᠯᠦᠭᠡᠯᠡᠭᠴᠢ ᠶᠢᠨ ᠬᠠᠤᠯᠢ ᠶᠢᠨ ᠬᠦᠮᠤᠨ ᠤ ᠨᠡᠷ᠎ᠠ ᠪᠠᠷ ᠡᠷᠬᠢᠯᠡᠭᠰᠡᠨ ᠢᠷᠭᠡᠨ ᠤ | ᠭᠡᠷᠡᠭ ᠤᠨ ᠠᠵᠢᠯᠯᠠᠭ᠎ᠠ ᠶᠢᠨ ᠬᠠᠤᠯᠢ ᠴᠠᠭᠠᠵᠠ ᠶᠢᠨ ᠦᠷ᠎ᠠ ᠳ᠋ᠦᠩ ᠢ ᠬᠠᠤᠯᠢ ᠶᠢᠨ ᠬᠦᠮᠤᠨ ᠬᠦᠯᠢᠶᠠᠵᠤ ᠠᠪᠤᠨ᠎ᠠ᠃ | ᠬᠠᠤᠯᠢ ᠪᠠᠷ ᠲᠤᠬᠳᠠᠭᠠᠬᠰᠠᠨ ᠲᠦᠯᠦᠭᠡᠯᠡᠭᠴᠢ ᠶᠢᠨ ᠲᠦᠯᠦᠭᠡᠯᠡᠬᠦ ᠡᠷᠭᠡ ᠶᠢᠨ ᠲᠤᠬᠠᠢ ᠬᠠᠤᠯᠢ ᠶᠢᠨ ᠬᠦᠮᠤᠨ ᠤ | ᠲᠦᠷᠢᠮ ᠪᠤᠶᠤ ᠬᠠᠣᠯᠢ ᠶᠢᠨ ᠭᠦᠮᠦᠨ ᠤ ᠡᠷᠭᠡᠳᠤ ᠪᠠᠶᠢᠭᠤᠯᠤᠮᠵᠢ ᠶᠢᠨ ᠬᠢᠵᠠᠭᠠᠷᠯᠠᠯ ᠨᠢ ᠰᠡᠶᠢᠠ ᠰᠡᠨᠡᠭᠠᠳᠤ | ᠬᠠᠷᠢᠴᠡᠩᠭᠤᠢ ᠬᠦᠮᠦᠠ ᠲᠠᠢ ᠡᠰᠡᠷᠬᠦᠴᠡᠯᠳᠤᠵᠤ ᠪᠤᠯᠬᠤ ᠦᠭᠡᠢ᠃ | ᠵᠢᠷᠠᠨ ᠬᠤᠶᠠᠳᠤᠭᠠᠷ ᠵᠦᠢᠯ ᠬᠠᠤᠯᠢ ᠪᠠᠷ ᠲᠤᠭᠳᠠᠭᠠᠬᠰᠠᠨ ᠲᠦᠯᠦᠭᠡᠯᠡᠭᠴᠢ ᠨᠢ ᠲᠤᠰᠢᠶᠠᠯ ᠢᠶᠠᠨ | ᠬᠦᠢᠴᠡᠳᠭᠡᠭᠰᠡᠨ ᠠᠴᠠ ᠪᠤᠯᠵᠤ ᠪᠤᠰᠤᠳ ᠲᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠬᠠᠤᠯᠢ ᠶᠢᠨ ᠬᠦᠮᠤᠨ | ᠢᠷᠭᠡᠨ ᠤ ᠭᠡᠷᠡᠭ ᠤᠨ ᠬᠠᠷᠢᠭᠤᠴᠠᠯᠭ᠎ᠠ ᠡᠬᠦᠷᠭᠡᠯᠡᠨ᠎ᠠ᠃ | ᠬᠠᠤᠯᠢ ᠶᠢᠨ ᠬᠦᠮᠤᠨ ᠢᠷᠭᠡᠨ ᠤ ᠭᠡᠷᠡᠭ ᠤᠨ ᠬᠠᠷᠢᠭᠤᠴᠠᠯᠭ᠎ᠠ ᠡᠬᠦᠷᠭᠡᠯᠡᠭᠰᠡᠨ ᠤ ᠪᠠᠨ ᠲᠠᠷᠠᠭ᠎ᠠ᠂ ᠬᠠᠤᠯᠢ | ᠴᠠᠭᠠᠵᠠ ᠪᠤᠶᠤ ᠬᠠᠤᠯᠢ ᠶᠢᠨ ᠬᠦᠮᠤᠨ ᠤ ᠲᠦᠷᠢᠮ ᠤᠨ ᠲᠤᠬᠳᠠᠭᠠᠯ ᠶᠤᠰᠤᠭᠠᠷ᠂ ᠤᠰᠤᠯ ᠭᠠᠷᠭᠠᠬᠰᠠᠨ ᠬᠠᠤᠯᠢ ᠪᠠᠷ | ᠲᠤᠬᠳᠠᠭᠠᠬᠰᠠᠨ ᠲᠦᠯᠦᠭᠡᠯᠡᠭᠴᠢ ᠪᠠᠷ ᠨᠡᠭᠡᠮᠵᠢᠯᠡᠨ ᠲᠦᠯᠤᠬᠦᠯᠵᠤ ᠪᠤᠯᠤᠨ᠎ᠠ᠃ | ᠵᠢᠷᠠᠨ ᠭᠤᠷᠪᠠᠳᠤᠭᠠᠷ ᠵᠦᠢᠯ ᠬᠠᠤᠯᠢ ᠶᠢᠨ ᠬᠦᠮᠤᠨ ᠭᠡᠷᠡᠭ ᠡᠷᠬᠢᠯᠡᠬᠦ ᠭᠤᠤᠯ ᠪᠠᠶᠢᠭᠤᠯᠤᠮᠵᠢ ᠶᠢᠨ ᠢᠶᠠᠨ ᠪᠠᠶᠢᠭ᠎ᠠ | ᠭᠠᠵᠡᠷ ᠢᠶᠠᠷ ᠤᠷᠤᠨ ᠰᠠᠭᠤᠴᠠ ᠪᠠᠨ ᠪᠤᠯᠭᠠᠨ᠎ᠠ᠃ ᠬᠠᠤᠯᠢ ᠶᠤᠰᠤᠭᠠᠷ ᠬᠠᠤᠯᠢ ᠶᠢᠨ ᠬᠦᠮᠤᠨ ᠤ ᠲᠠᠩᠰᠠᠯᠠᠯᠳᠠ ᠬᠢᠯᠭᠡᠬᠦ | ᠴᠢᠬᠤᠯᠠᠳᠠᠢ ᠪᠣᠯ᠂ ᠭᠡᠷᠡᠭ ᠡᠷᠬᠢᠯᠡᠬᠦ ᠭᠤᠤᠯ ᠪᠠᠶᠢᠭᠤᠯᠤᠮᠵᠢ ᠶᠢᠨ ᠢᠶᠠᠨ ᠪᠠᠶᠢᠭ᠎ᠠ ᠭᠠᠵᠡᠷ ᠢ ᠤᠷᠤᠨ ᠰᠠᠭᠤᠴᠠ ᠪᠠᠷ | ᠲᠠᠩᠰᠠᠯᠠᠭᠤᠯᠬᠤ ᠭᠡᠷᠡᠭᠳᠠᠢ᠃ | ᠵᠢᠷᠠᠨ ᠲᠦᠷᠪᠡᠳᠤᠭᠡᠷ ᠵᠦᠢᠯ ᠬᠠᠤᠯᠢ ᠶᠢᠨ ᠬᠦᠮᠤᠨ ᠤ ᠦᠷᠬᠦᠯᠵᠢᠯᠡᠨ ᠤᠷᠤᠰᠢᠬᠤ ᠬᠤᠭᠤᠴᠠᠭᠠᠨ ᠳᠤ | ᠲᠠᠩᠰᠠᠯᠠᠭᠤᠯᠤᠬᠰᠠᠨ ᠵᠦᠢᠯᠡᠰ ᠲᠤᠨᠢ ᠬᠤᠪᠢᠷᠠᠯᠳᠠ ᠭᠠᠷᠤᠬᠰᠠᠨ ᠪᠠᠶᠢᠪᠠᠯ᠂ ᠲᠠᠩᠰᠠᠯᠠᠬᠤ ᠪᠠᠶᠢᠭᠤᠯᠭ᠎ᠠ ᠳᠤ | ᠲᠠᠩᠰᠠᠯᠠᠯᠳᠠ ᠶᠢ ᠬᠤᠪᠢᠷᠠᠭᠤᠯᠬᠤ ᠪᠠᠷ ᠬᠠᠤᠯᠢ ᠶᠤᠰᠤᠭᠠᠷ ᠭᠤᠶᠤᠴᠢᠯᠠᠬᠤ ᠭᠡᠷᠡᠭᠳᠠᠢ᠃ | ᠵᠢᠷᠠᠨ ᠲᠠᠪᠤᠳᠤᠭᠠᠷ ᠵᠦᠢᠯ ᠬᠠᠤᠯᠢ ᠶᠢᠨ ᠬᠦᠮᠤᠨ ᠤ ᠪᠤᠳᠠᠳᠠᠢ ᠪᠠᠶᠢᠳᠠᠯ ᠨᠢ ᠲᠠᠩᠰᠠᠯᠠᠭᠤᠯᠤᠬᠰᠠᠨ | ᠵᠦᠢᠯᠡᠰ ᠲᠠᠢ ᠨᠢ ᠨᠢᠭᠡᠳᠤᠯ ᠦᠭᠡᠢ ᠪᠠᠶᠢᠪᠠᠯ᠂ ᠰᠠᠶᠢᠨ ᠰᠠᠨᠠᠭᠠᠳᠦ ᠬᠠᠷᠢᠴᠠᠩᠭᠤᠢ ᠬᠦᠮᠤᠨ ᠲᠠᠢ ᠡᠰᠡᠷᠬᠦᠴᠡᠯᠳᠤᠵᠤ | ᠪᠤᠯᠬᠤ ᠦᠭᠡᠢ᠃ | ᠵᠢᠷᠠᠨ ᠵᠢᠷᠭᠤᠳᠤᠭᠠᠷ ᠵᠦᠢᠯ ᠲᠠᠩᠰᠠᠯᠠᠬᠤ ᠪᠠᠶᠢᠭᠤᠯᠭ᠎ᠠ ᠨᠢ ᠬᠠᠤᠯᠢ ᠶᠢᠨ ᠬᠦᠮᠤᠨ ᠤ ᠲᠠᠩᠰᠠᠯᠠᠭᠤᠯᠤᠬᠰᠠᠨ | ᠬᠤᠯᠪᠤᠬᠳᠠᠯ ᠪᠦᠬᠦᠢ ᠮᠡᠳᠡᠭᠡ ᠵᠠᠩᠬᠢ ᠶᠢ ᠬᠠᠤᠯᠢ ᠶᠤᠰᠤᠭᠠᠷ ᠴᠠᠭ ᠲᠤᠬᠠᠢ ᠳᠤᠨᠢ ᠵᠠᠷᠯᠠᠨ ᠨᠡᠶᠢᠳᠡᠯᠡᠬᠦ ᠭᠡᠷᠡᠭᠳᠠᠢ᠃ | ᠵᠢᠷᠠᠨ ᠲᠤᠯᠤᠳᠤᠭᠠᠷ ᠵᠦᠢᠯ ᠬᠠᠤᠯᠢ ᠶᠢᠨ ᠬᠦᠮᠤᠨ ᠨᠡᠶᠢᠯᠡᠭᠰᠡᠨ ᠪᠠᠶᠢᠪᠠᠯ᠂ ᠡᠷᠭᠡ ᠪᠠ ᠡᠬᠦᠷᠭᠡ ᠶᠢ ᠨᠢ | ᠨᠡᠶᠢᠯᠡᠭᠰᠡᠨ ᠤ ᠲᠠᠷᠠᠭᠠᠬᠢ ᠬᠠᠤᠯᠢ ᠶᠢᠨ ᠬᠦᠮᠤᠨ ᠡᠳ᠋ᠯᠡᠭᠦ ᠪᠠ ᠡᠬᠦᠷᠭᠡᠯᠡᠨ᠎ᠠ᠃ | ᠬᠠᠤᠯᠢ ᠶᠢᠨ ᠬᠦᠮᠤᠨ ᠰᠠᠯᠤᠬᠰᠠᠨ ᠪᠠᠶᠢᠪᠠᠯ᠂ ᠡᠷᠭᠡ ᠪᠠ ᠡᠬᠦᠷᠭᠡ ᠳᠤᠨᠢ ᠰᠠᠯᠤᠬᠰᠠᠨ ᠤ ᠲᠠᠷᠠᠭᠠᠬᠢ ᠬᠠᠤᠯᠢ ᠶᠢᠨ | ᠬᠦᠮᠤᠨ ᠬᠤᠯᠪᠦᠯᠳᠦᠬᠰᠡᠠ ᠠᠪᠴᠠᠭ᠎ᠠ ᠡᠳ᠋ᠯᠡᠵᠦ ᠬᠤᠯᠪᠦᠯᠳᠦᠬᠰᠡᠠ ᠤᠢᠭ᠍ᠴᠡᠭᠡ ᠡᠬᠦᠷᠭᠡᠯᠡᠨ᠎ᠡ᠂ ᠭᠡᠪᠡᠴᠤ ᠠᠪᠴᠠᠭᠠᠳᠠᠨ | ᠪᠠ ᠦᠭᠴᠡᠭᠡᠳᠡᠨ ᠠᠰᠳᠠᠭᠠᠨ ᠪᠤᠯᠵᠤᠯ ᠲᠠᠢ ᠨᠢ ᠡᠬᠦᠨ ᠳᠤ ᠪᠠᠭᠳᠠᠬᠤ ᠦᠭᠡᠢ᠃ | ᠵᠢᠷᠠᠨ ᠨᠠᠢᠮᠠᠳᠤᠭᠠᠷ ᠵᠦᠢᠯ ᠲᠤᠤᠷ᠎ᠠ ᠵᠢᠬᠰᠠᠭᠠᠬᠰᠠᠨ ᠰᠢᠯᠳᠠᠭᠠᠨ ᠤ ᠨᠢᠭᠡ ᠨᠢ ᠪᠠᠶᠢᠬᠤ ᠪᠦᠭᠡᠳ ᠢᠯᠭᠠᠷᠠᠭᠤᠯᠤᠨ | ᠪᠤᠳᠤᠬᠤ᠂ ᠲᠠᠩᠰᠠᠯᠠᠯᠳᠠ ᠶᠢ ᠬᠠᠰᠤᠬᠤ ᠶᠢ ᠬᠠᠤᠯᠢ ᠶᠤᠰᠤᠭᠠᠷ ᠬᠦᠢᠴᠡᠳᠭᠡᠵᠤ ᠲᠠᠭᠤᠰᠤᠬᠰᠠᠨ ᠪᠠᠶᠢᠪᠠᠯ᠂ | ᠬᠠᠤᠯᠢ ᠶᠢᠨ ᠬᠦᠮᠤᠨ ᠲᠠᠭᠤᠰᠤᠨ᠎ᠠ᠄ | ︵ᠨᠢᠭᠡ︶ ᠬᠠᠤᠯᠢ ᠶᠢᠨ ᠬᠦᠮᠤᠨ ᠲᠠᠷᠬᠠᠬᠰᠠᠨ︔ | ︵ᠬᠤᠶᠠᠷ︶ ᠬᠠᠤᠯᠢ ᠶᠢᠨ ᠬᠦᠮᠤᠨ ᠲᠠᠮᠫᠤᠷᠠᠬᠰᠠᠨ ᠢᠶᠠᠷ ᠵᠠᠷᠯᠠᠬᠳᠠᠬᠰᠠᠨ︔ | ︵ᠭᠤᠷᠪᠠ︶ ᠬᠠᠤᠯᠢ ᠴᠠᠭᠠᠵᠠ ᠳᠤ ᠲᠤᠭᠳᠠᠭᠠᠬᠰᠠᠨ ᠪᠤᠰᠤᠳ ᠰᠢᠯᠳᠠᠭᠠᠨ᠃ | ᠬᠠᠤᠯᠢ ᠶᠢᠨ ᠬᠦᠮᠤᠨ ᠲᠠᠭᠤᠰᠬᠤ ᠳᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ | ᠬᠤᠯᠪᠤᠬᠳᠠᠯ ᠪᠦᠬᠦᠢ ᠪᠠᠶᠢᠭᠤᠯᠭ᠎ᠠ ᠪᠠᠷ ᠵᠦᠪᠰᠢᠶᠡᠷᠡᠬᠦᠯᠬᠦ ᠭᠡᠷᠡᠭᠳᠠᠢ ᠭᠡᠵᠤ ᠲᠤᠬᠳᠠᠭᠠᠬᠰᠠᠨ ᠪᠠᠶᠢᠪᠠᠯ᠂ ᠲᠠᠷᠠ | ᠲᠤᠬᠳᠠᠭᠠᠯ ᠶᠤᠰᠤᠭᠠᠷ ᠶᠠᠪᠤᠭᠤᠯᠤᠨ᠎ᠠ᠃ | ᠵᠢᠷᠠ ᠶᠢᠰᠤᠳᠤᠭᠡᠷ ᠵᠦᠢᠯ ᠲᠤᠤᠷ᠎ᠠ ᠵᠢᠬᠰᠠᠭᠠᠬᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠠᠤᠯᠢ ᠶᠢᠨ ᠬᠦᠮᠤᠨ | ᠲᠠᠷᠬᠠᠨ᠎ᠠ᠄ | ︵ᠨᠢᠭᠡ︶ ᠬᠠᠤᠯᠢ ᠶᠢᠨ ᠬᠦᠮᠤᠨ ᠤ ᠲᠦᠷᠢᠮ ᠳᠤ ᠲᠤᠭᠳᠠᠭᠠᠬᠰᠠᠨ ᠦᠷᠬᠦᠯᠵᠢᠯᠡᠨ ᠤᠷᠤᠰᠢᠬᠤ | ᠬᠤᠭᠤᠴᠠᠭ᠎ᠠ ᠨᠢ ᠲᠦᠬᠦᠷᠦᠭᠰᠡᠨ ᠪᠤᠶᠤ ᠬᠠᠤᠯᠢ ᠶᠢᠨ ᠬᠦᠮᠤᠨ ᠤ ᠲᠦᠷᠢᠮ ᠳᠤ ᠲᠤᠭᠳᠠᠭᠠᠬᠰᠠᠨ ᠪᠤᠰᠤᠳ ᠲᠠᠷᠬᠠᠬᠤ | ᠤᠴᠢᠷ ᠰᠢᠯᠳᠠᠭᠠᠨ ᠢᠯᠡᠷᠡᠭᠰᠡᠨ︔ | ︵ᠬᠤᠶᠠᠷ︶ ᠬᠠᠤᠯᠢ ᠶᠢᠨ ᠬᠦᠮᠤᠨ ᠤ ᠡᠷᠭᠡᠳᠤ ᠪᠠᠶᠢᠭᠤᠯᠤᠮᠵᠢ ᠲᠠᠷᠬᠠᠭᠠᠬᠤ ᠰᠢᠢᠳᠪᠤᠷᠢ ᠭᠠᠷᠭᠠᠬᠰᠠᠨ︔ | ︵ᠭᠤᠷᠪᠠ︶ ᠬᠠᠤᠯᠢ ᠶᠢᠨ ᠬᠦᠮᠤᠨ ᠨᠡᠶᠢᠯᠡᠭᠰᠡᠨ ᠪᠤᠶᠤ ᠬᠠᠤᠯᠢ ᠶᠢᠨ ᠬᠦᠮᠤᠨ ᠰᠠᠯᠤᠬᠰᠠᠨ ᠠᠴᠠ ᠪᠤᠯᠵᠤ | ᠲᠠᠷᠬᠠᠬᠤ ᠴᠢᠬᠤᠯᠠᠳᠠᠢ ᠪᠤᠯᠤᠭᠰᠠᠨ︔ | ︵ᠲᠦᠷᠪᠡ︶ ᠬᠠᠤᠯᠢ ᠶᠢᠨ ᠬᠦᠮᠤᠨ ᠤ ᠡᠵᠡᠩᠨᠡᠯᠳᠠ ᠶᠢᠨ ᠦᠨᠡᠮᠯᠡᠯ᠂ ᠲᠠᠩᠰᠠᠯᠠᠯᠳᠠ ᠶᠢᠨ ᠦᠨᠡᠮᠯᠡᠯ ᠢ ᠬᠠᠤᠯᠢ | ᠶᠤᠰᠤᠭᠠᠷ ᠬᠤᠷᠢᠶᠠᠨ ᠠᠪᠴᠤ ᠬᠦᠴᠤᠨ ᠦᠭᠡᠢ ᠪᠤᠯᠭᠠᠬᠰᠠᠨ᠂ ᠬᠠᠤᠯᠢ ᠶᠢᠨ ᠬᠦᠮᠤᠨ ᠢ ᠵᠠᠷᠯᠢᠬᠳᠠᠵᠤ ᠡᠬᠦᠳᠠ ᠶᠢ ᠨᠢ | ᠬᠠᠭᠠᠯᠭᠠᠬᠰᠠᠨ ᠪᠤᠶᠤ ᠬᠦᠴᠤᠨ ᠦᠭᠡᠢ ᠪᠤᠯᠭᠠᠬᠰᠠᠨ︔ | ︵ᠲᠠᠪᠤ︶ ᠬᠠᠤᠯᠢ ᠴᠠᠭᠠᠵᠠ ᠳᠤ ᠲᠤᠭᠳᠠᠭᠠᠬᠰᠠᠨ ᠪᠤᠰᠤᠳ ᠪᠠᠶᠢᠳᠠᠯ᠃ | ᠲᠠᠯᠠᠳᠤᠭᠠᠷ ᠵᠦᠢᠯ ᠬᠠᠤᠯᠢ ᠶᠢᠨ ᠬᠦᠮᠤᠨ ᠲᠠᠷᠬᠠᠬᠰᠠᠨ ᠪᠠᠶᠢᠪᠠᠯ᠂ ᠨᠠᠶᠢᠯᠡᠭᠰᠡᠨ ᠪᠣᠶᠣ ᠰᠠᠯᠣᠭᠰᠠᠨ ᠪᠠᠶᠢᠳᠠᠯ ᠢ | ᠭᠠᠷᠭᠠᠪᠠᠯ᠂ ᠢᠯᠭᠠᠷᠠᠭᠤᠯᠤᠨ ᠪᠤᠳᠤᠬᠤ ᠡᠬᠦᠷᠭᠡᠳᠤ ᠬᠦᠮᠤᠨ ᠴᠠᠭ ᠲᠤᠬᠠᠢ ᠳᠤᠨᠢ ᠢᠯᠭᠠᠷᠠᠭᠤᠯᠤᠨ ᠪᠤᠳᠤᠬᠤ | ᠲᠤᠭᠤᠢᠢᠯᠠᠩ ᠪᠠᠶᠢᠭᠤᠯᠵᠤ ᠢᠯᠭᠠᠷᠠᠭᠤᠯᠤᠨ ᠪᠤᠳᠤᠬᠤ ᠭᠡᠷᠡᠭᠳᠠᠢ᠃ | ᠬᠠᠤᠯᠢ ᠶᠢᠨ ᠬᠦᠮᠤᠨ ᠤ ᠭᠡᠷᠡᠭ ᠮᠡᠳᠡᠭᠴᠢ᠂ ᠭᠡᠷᠡᠭ ᠡᠷᠬᠢᠯᠡᠭᠴᠢ ᠵᠡᠷᠭᠡ ᠬᠦᠢᠴᠡᠳᠭᠡᠬᠦ ᠪᠠᠶᠢᠭᠤᠯᠤᠮᠵᠢ ᠪᠣᠶᠣ | ᠪᠣᠳᠣᠯᠭ᠎ᠠ ᠲᠣᠭᠳᠠᠭᠠᠬᠤ ᠪᠠᠶᠢᠭᠤᠯᠣᠮᠵᠢ ᠶᠢᠨ ᠪᠦᠷᠢᠯᠳᠦᠬᠦᠨ ᠪᠤᠯ ᠢᠯᠭᠠᠷᠠᠭᠤᠯᠤᠨ ᠪᠤᠳᠤᠬᠤ ᠡᠬᠦᠷᠭᠡᠳᠤ ᠬᠦᠮᠤᠨ | ᠮᠦᠨ᠃ ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠣᠯᠢ ᠲᠣᠭᠳᠠᠭᠠᠯ ᠳᠤ ᠠᠰᠳᠠᠭᠠᠨ ᠲᠤᠬᠳᠠᠭᠠᠯ ᠲᠠᠢ ᠪᠠᠶᠢᠪᠠᠯ᠂ | ᠲᠠᠷᠠ ᠲᠤᠬᠳᠠᠭᠠᠯ ᠶᠤᠰᠤᠭᠠᠷ ᠶᠠᠪᠤᠭᠤᠯᠤᠨ᠎ᠠ᠃ | ᠢᠯᠭᠠᠷᠠᠭᠤᠯᠤᠨ ᠪᠤᠳᠤᠬᠤ ᠡᠬᠦᠷᠭᠡᠳᠤ ᠬᠦᠮᠤᠨ ᠢᠯᠭᠠᠷᠠᠭᠤᠯᠤᠨ ᠪᠤᠳᠤᠬᠤ ᠡᠬᠦᠷᠭᠡ ᠪᠠᠨ ᠴᠠᠭ ᠲᠤᠬᠠᠢ ᠳᠤᠨᠢ | ᠬᠦᠢᠴᠡᠳᠭᠡᠭᠰᠡᠨ ᠦᠭᠡᠢ ᠠᠴᠠ ᠪᠤᠯᠵᠤ ᠬᠤᠬᠢᠷᠠᠯ ᠭᠠᠷᠭᠠᠬᠰᠠᠨ ᠪᠠᠶᠢᠪᠠᠯ᠂ ᠢᠷᠭᠡᠨ ᠤ ᠭᠡᠷᠡᠭ ᠤᠨ ᠬᠠᠷᠢᠭᠤᠴᠠᠯᠭ᠎ᠠ | ᠡᠬᠦᠷᠭᠡᠯᠡᠬᠦ ᠭᠡᠷᠡᠭᠳᠠᠢ︔ ᠡᠷᠬᠢᠯᠡᠨ ᠬᠠᠮᠢᠶᠡᠷᠬᠤ ᠪᠠᠶᠢᠭᠤᠯᠭ᠎ᠠ ᠪᠤᠶᠤ ᠠᠰᠢᠭ ᠬᠤᠤᠷ ᠤᠨ ᠬᠠᠷᠢᠴᠠᠭ᠎ᠠ ᠲᠠᠢ ᠬᠦᠮᠤᠨ | ᠠᠷᠠᠳ ᠤᠨ ᠰᠢᠬᠦᠬᠦ ᠬᠤᠷᠢᠶ᠎ᠠ ᠪᠠᠷ ᠬᠤᠯᠪᠤᠬᠳᠠᠯ ᠪᠦᠬᠦᠢ ᠬᠦᠮᠤᠰ ᠢ ᠵᠢᠭᠠᠨ ᠲᠤᠬᠳᠠᠭᠠᠯᠭᠠᠵᠤ ᠢᠯᠭᠠᠷᠠᠭᠤᠯᠣᠨ | ᠪᠤᠳᠤᠬᠤ ᠲᠤᠭᠤᠢᠢᠯᠠᠩ ᠪᠠᠶᠢᠭᠤᠯᠤᠨ ᠢᠯᠭᠠᠷᠠᠭᠤᠯᠤᠨ ᠪᠤᠳᠤᠭᠤᠯᠬᠤ ᠪᠠᠷ ᠭᠤᠶᠤᠴᠢᠯᠠᠵᠤ ᠪᠤᠯᠤᠨ᠎ᠠ᠃ | ᠲᠠᠯᠠᠨ ᠨᠢᠭᠡᠳᠤᠭᠡᠷ ᠵᠦᠢᠯ ᠬᠠᠤᠯᠢ ᠶᠢᠨ ᠬᠦᠮᠤᠨ ᠢ ᠢᠯᠭᠠᠷᠠᠭᠤᠯᠤᠨ ᠪᠤᠳᠤᠬᠤ ᠵᠢᠷᠤᠮ ᠪᠠ ᠢᠯᠭᠠᠷᠠᠭᠤᠯᠤᠨ | ᠪᠤᠳᠤᠬᠤ ᠲᠤᠭᠤᠢᠢᠯᠠᠩ ᠤᠨ ᠡᠷᠭᠡ ᠲᠤᠰᠢᠶᠠᠯ ᠢ ᠬᠤᠯᠪᠤᠬᠳᠠᠯ ᠪᠦᠬᠦᠢ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ | ᠶᠠᠪᠤᠭᠤᠯᠤᠨ᠎ᠠ︔ ᠲᠤᠬᠳᠠᠭᠠᠯ ᠦᠭᠡᠢ ᠪᠤᠯ ᠺᠤᠮᠫᠠᠨᠢ ᠶᠢᠨ ᠬᠠᠤᠯᠢ ᠴᠠᠭᠠᠵᠠ ᠶᠢᠨ ᠬᠤᠯᠪᠤᠬᠳᠠᠯ ᠪᠦᠬᠦᠢ ᠲᠤᠬᠳᠠᠭᠠᠯ ᠢ | ᠯᠠᠪᠯᠠᠯᠳᠠ ᠪᠤᠯᠭᠠᠵᠤ ᠲᠤᠬᠢᠷᠠᠭᠤᠯᠤᠨ ᠭᠡᠷᠡᠭᠯᠡᠨ᠎ᠠ᠃ | ᠲᠠᠯᠠᠨ ᠬᠤᠶᠠᠳᠤᠭᠠᠷ ᠵᠦᠢᠯ ᠢᠯᠭᠠᠷᠠᠭᠤᠯᠤᠨ ᠪᠤᠳᠤᠬᠤ ᠬᠤᠭᠤᠴᠠᠭᠠᠨ ᠳᠤ ᠬᠠᠤᠯᠢ ᠶᠢᠨ ᠬᠦᠮᠤᠨ | ᠦᠷᠬᠦᠯᠵᠢᠯᠡᠠ ᠤᠷᠤᠰᠢᠨ᠎ᠠ᠂ ᠭᠡᠪᠡᠴᠤ ᠢᠯᠭᠠᠷᠠᠭᠤᠯᠤᠨ ᠪᠤᠳᠤᠯᠳᠠ ᠲᠠᠢ ᠬᠤᠯᠪᠤᠭ᠎ᠠ ᠦᠭᠡᠢ ᠠᠵᠢᠯᠯᠠᠭ᠎ᠠ ᠬᠢᠵᠤ | ᠪᠤᠯᠬᠤ ᠦᠭᠡᠢ᠃ | ᠬᠠᠤᠯᠢ ᠶᠢᠨ ᠬᠦᠮᠤᠨ ᠤ ᠢᠯᠭᠠᠷᠠᠭᠤᠯᠤᠨ ᠪᠤᠳᠤᠬᠰᠠᠨ ᠤ ᠲᠠᠷᠠᠭᠠᠬᠢ ᠦᠯᠡᠳᠡᠪᠤᠷᠢ ᠡᠳ᠋ ᠬᠦᠷᠦᠩᠭᠡ ᠶᠢ | ᠬᠠᠤᠯᠢ ᠶᠢᠨ ᠬᠦᠮᠤᠨ ᠤ ᠲᠦᠷᠢᠮ ᠤᠨ ᠲᠤᠬᠳᠠᠭᠠᠯ ᠪᠤᠶᠤ ᠬᠠᠤᠯᠢ ᠶᠢᠨ ᠬᠦᠮᠤᠨ ᠤ ᠡᠷᠭᠡᠳᠤ ᠪᠠᠶᠢᠭᠤᠯᠤᠮᠵᠢ ᠶᠢᠨ | ᠰᠢᠢᠳᠪᠤᠷᠢ ᠶᠣᠰᠤᠭᠠᠷ ᠰᠢᠢᠳᠪᠤᠷᠢᠯᠡᠨ᠎ᠠ᠃ ᠬᠠᠤᠯᠢ ᠴᠠᠭᠠᠵᠠ ᠳᠤ ᠠᠰᠳᠠᠭᠠᠨ ᠲᠤᠬᠳᠠᠭᠠᠯ ᠲᠠᠢ ᠪᠠᠶᠢᠪᠠᠯ᠂ ᠲᠠᠷᠠ | ᠲᠤᠬᠳᠠᠭᠠᠯ ᠶᠤᠰᠤᠭᠠᠷ ᠶᠠᠪᠤᠭᠤᠯᠤᠨ᠎ᠠ᠃ | ᠢᠯᠭᠠᠷᠠᠭᠤᠯᠤᠨ ᠪᠤᠳᠤᠵᠤ ᠲᠠᠭᠤᠰᠤᠬᠰᠠᠨ ᠪᠦᠭᠡᠳ ᠬᠠᠤᠯᠢ ᠶᠢᠨ ᠬᠦᠮᠤᠨ ᠤ ᠲᠠᠩᠰᠠᠯᠠᠯᠳᠠ ᠶᠢ ᠬᠠᠰᠣᠬᠰᠠᠨ | ᠴᠠᠭ ᠠᠴᠠ ᠬᠠᠤᠯᠢ ᠶᠢᠨ ᠬᠦᠮᠤᠨ ᠲᠠᠭᠤᠰᠤᠨ᠎ᠠ︔ ᠬᠠᠤᠯᠢ ᠶᠤᠰᠤᠭᠠᠷ ᠬᠠᠤᠯᠢ ᠶᠢᠨ ᠬᠦᠮᠤᠨ ᠤ ᠲᠠᠩᠰᠠᠯᠠᠯᠳᠠ ᠬᠢᠯᠭᠡᠬᠦ | ᠴᠢᠬᠤᠯᠠ ᠦᠭᠡᠢ ᠪᠠᠶᠢᠭᠰᠠᠨ ᠪᠣᠯ᠂ ᠢᠯᠭᠠᠷᠠᠭᠤᠯᠤᠨ ᠪᠤᠳᠤᠵᠤ ᠲᠠᠭᠤᠰᠤᠬᠰᠠᠨ ᠴᠠᠭ ᠠᠴᠠ ᠬᠠᠤᠯᠢ ᠶᠢᠨ ᠬᠦᠮᠤᠨ | ᠲᠠᠭᠤᠰᠤᠨ᠎ᠠ᠃ | ᠲᠠᠯᠠᠨ ᠭᠤᠷᠪᠠᠳᠤᠭᠠᠷ ᠵᠦᠢᠯ ᠬᠠᠤᠯᠢ ᠶᠢᠨ ᠬᠦᠮᠤᠨ ᠲᠠᠮᠫᠤᠷᠠᠬᠰᠠᠨ ᠢᠶᠠᠷ ᠵᠠᠷᠯᠠᠬᠳᠠᠬᠰᠠᠨ ᠪᠠᠶᠢᠪᠠᠯ᠂ ᠬᠠᠤᠯᠢ | ᠶᠤᠰᠤᠭᠠᠷ ᠲᠠᠮᠫᠤᠷᠠᠯ ᠤᠨ ᠢᠯᠭᠠᠷᠠᠭᠤᠯᠤᠨ ᠪᠤᠳᠤᠯᠳᠠ ᠬᠢᠭᠰᠡᠨ ᠪᠦᠭᠡᠳ ᠬᠠᠤᠯᠢ ᠶᠢᠨ ᠬᠦᠮᠤᠨ ᠤ ᠲᠠᠩᠰᠠᠯᠠᠯᠳᠠ ᠶᠢ | ᠬᠠᠰᠤᠬᠰᠠᠨ ᠴᠠᠭ ᠠᠴᠠ ᠬᠠᠤᠯᠢ ᠶᠢᠨ ᠬᠦᠮᠤᠨ ᠲᠠᠭᠤᠰᠤᠨ᠎ᠠ᠃ | ᠲᠠᠯᠠᠨ ᠲᠦᠷᠪᠡᠳᠤᠭᠡᠷ ᠵᠦᠢᠯ ᠬᠠᠦᠯᠢ ᠶᠢᠨ ᠬᠦᠮᠦᠨ ᠬᠠᠦᠯᠢ ᠶᠤᠰᠤᠭᠠᠷ ᠰᠠᠯᠪᠤᠷᠢ ᠪᠠᠶᠢᠭᠤᠯᠤᠮᠵᠢ ᠪᠠᠶᠢᠭᠤᠯᠵᠦ | ᠪᠤᠯᠤᠨ᠎ᠠ᠃ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠬᠳᠠᠭᠠᠯ ᠳᠤ ᠰᠠᠯᠪᠤᠷᠢ ᠪᠠᠶᠢᠭᠤᠯᠤᠮᠵᠢ ᠶᠢ | ᠲᠠᠩᠰᠠᠯᠠᠭᠤᠯᠬᠤ ᠬᠡᠷᠡᠭᠳᠠᠢ ᠬᠡᠵᠦ ᠲᠤᠬᠳᠠᠭᠠᠬᠰᠠᠨ ᠪᠠᠶᠢᠪᠠᠯ᠂ ᠲᠡᠷᠨ ᠲᠤᠬᠳᠠᠭᠠᠯ ᠶᠤᠰᠤᠭᠠᠷ ᠶᠠᠪᠤᠭᠤᠯᠤᠨ᠎ᠠ᠃ | ᠰᠠᠯᠪᠤᠷᠢ ᠪᠠᠶᠢᠭᠤᠯᠤᠮᠵᠢ ᠶᠢᠨ ᠦᠪᠡᠷ ᠤᠨ ᠢᠶᠠᠨ ᠨᠡᠷ᠎ᠠ ᠪᠠᠷ ᠢᠷᠭᠡᠨ ᠤ ᠬᠡᠷᠡᠭ ᠤᠨ ᠠᠵᠢᠯᠯᠠᠭ᠎ᠠ ᠬᠢᠭᠡᠳ ᠪᠤᠢ | ᠪᠤᠯᠭᠠᠭᠰᠠᠨ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠬᠠᠦᠯᠢ ᠶᠢᠨ ᠬᠦᠮᠦᠨ ᠡᠬᠦᠷᠭᠡᠯᠡᠨ᠎ᠠ︔ ᠤᠷᠢᠳ ᠢᠶᠠᠷ ᠲᠤᠰ | ᠰᠠᠯᠪᠤᠷᠢ ᠪᠠᠶᠢᠭᠤᠯᠤᠮᠵᠢ ᠶᠢᠨ ᠬᠠᠮᠢᠶᠠᠷᠴᠦ ᠪᠠᠶᠢᠭ᠎ᠠ ᠡᠳ᠋ ᠬᠦᠷᠦᠩᠭᠡ ᠪᠠᠷ ᠡᠬᠦᠷᠭᠡᠯᠡᠭᠰᠡᠨ ᠴᠦ ᠪᠤᠯᠤᠨ᠎ᠠ᠂ ᠡᠬᠦᠷᠭᠡᠯᠡᠵᠦ | ᠬᠦᠷᠬᠦ ᠦᠭᠡᠢ ᠪᠠᠶᠢᠪᠠᠯ ᠬᠠᠦᠯᠢ ᠶᠢᠨ ᠬᠦᠮᠦᠨ ᠡᠬᠦᠷᠭᠡᠯᠡᠨ᠎ᠠ᠃ | ᠲᠠᠯᠠᠨ ᠲᠠᠪᠤᠳᠤᠭᠠᠷ ᠵᠦᠢᠯ ᠪᠠᠶᠢᠭᠤᠯᠤᠬᠴᠢ ᠠᠴᠠ ᠬᠠᠦᠯᠢ ᠶᠢᠨ ᠬᠦᠮᠦᠨ ᠪᠠᠶᠢᠭᠤᠯᠬᠤ ᠶᠢᠨ ᠲᠦᠯᠦᠭᠡ ᠬᠢᠭᠰᠡᠨ | ᠢᠷᠭᠡᠨ ᠤ ᠬᠡᠷᠡᠭ ᠤᠨ ᠠᠵᠢᠯᠯᠠᠭ᠎ᠠ ᠶᠢᠨ ᠬᠠᠦᠯᠢ ᠴᠠᠭᠠᠵᠠ ᠶᠢᠨ ᠦᠷ᠎ᠠ ᠳ᠋ᠦᠩ ᠢ ᠬᠠᠦᠯᠢ ᠶᠢᠨ ᠬᠦᠮᠤᠨ ᠬᠦᠯᠢᠶᠡᠵᠦ | ᠠᠪᠤᠨ᠎ᠠ︔ ᠬᠠᠦᠯᠢ ᠶᠢᠨ ᠬᠦᠮᠦᠨ ᠪᠠᠶᠢᠭᠤᠯᠤᠬᠳᠠᠬᠰᠠᠨ ᠦᠭᠡᠢ ᠪᠠᠶᠢᠪᠠᠯ᠂ ᠲᠡᠬᠦᠨ ᠤ ᠬᠠᠦᠯᠢ ᠴᠠᠭᠠᠵᠠ ᠶᠢᠨ ᠦᠷ᠎ᠠ | ᠳ᠋ᠦᠩ ᠢ ᠪᠠᠶᠢᠭᠤᠯᠤᠬᠴᠢ ᠬᠦᠯᠢᠶᠡᠵᠦ ᠠᠪᠤᠨ᠎ᠠ᠂ ᠪᠠᠶᠢᠭᠤᠯᠤᠬᠴᠢ ᠨᠢ ᠬᠤᠶᠠᠷ ᠬᠦᠮᠦᠨ ᠠᠴᠠ ᠲᠡᠭᠡᠭᠰᠢ ᠪᠠᠶᠢᠪᠠᠯ᠂ | ᠬᠤᠯᠪᠤᠯᠳᠤᠬᠰᠠᠨ ᠠᠪᠴᠠᠭ᠎ᠠ ᠡᠳ᠋ᠯᠡᠵᠦ ᠬᠤᠯᠪᠤᠯᠳᠤᠬᠰᠠᠨ ᠦᠭᠴᠡᠭᠡ ᠡᠬᠦᠷᠭᠡᠯᠡᠨ᠎ᠠ᠃ | ᠪᠠᠶᠢᠭᠤᠯᠤᠬᠴᠢ ᠶᠢᠨ ᠬᠠᠦᠯᠢ ᠶᠢᠨ ᠬᠦᠮᠦᠨ ᠪᠠᠶᠢᠭᠤᠯᠬᠤ ᠶᠢᠨ ᠲᠦᠯᠦᠭᠡ ᠦᠪᠡᠷ ᠤᠨ ᠢᠶᠠᠨ ᠨᠡᠷ᠎ᠠ ᠪᠠᠷ | ᠢᠷᠭᠡᠨ ᠤ ᠬᠡᠷᠡᠭ ᠤᠨ ᠠᠵᠢᠯᠯᠠᠭ᠎ᠠ ᠬᠢᠭᠡᠳ ᠪᠤᠢ ᠪᠤᠯᠭᠠᠭᠰᠠᠨ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠣᠯ᠂ | ᠭᠤᠷᠪᠠᠳᠠᠬᠢ ᠬᠦᠮᠦᠨ ᠨᠢ ᠬᠠᠦᠯᠢ ᠶᠢᠨ ᠬᠦᠮᠦᠨ ᠪᠤᠶᠤ ᠪᠠᠶᠢᠭᠤᠯᠤᠬᠴᠢ ᠶᠢᠨ ᠨᠢᠭᠡ ᠪᠠᠷ ᠨᠢ ᠡᠬᠦᠷᠭᠡᠯᠡᠬᠦᠯᠬᠦ ᠪᠠᠷ | ᠰᠤᠩᠭᠤᠨ ᠭᠤᠶᠤᠴᠢᠯᠠᠬᠤ ᠡᠷᠭᠡ ᠲᠠᠢ᠃ | ᠬᠤᠶᠠᠳᠤᠭᠠᠷ ᠬᠡᠰᠡᠭ ᠠᠰᠢᠬ ᠬᠤᠨᠵᠢᠪᠤᠷᠢᠳᠦ ᠬᠠᠦᠯᠢ ᠶᠢᠨ ᠬᠦᠮᠦᠨ | ᠲᠠᠯᠠᠨ ᠵᠢᠷᠭᠤᠳᠤᠭᠠᠷ ᠵᠦᠢᠯ ᠠᠰᠢᠭ ᠣᠯᠵᠠᠪᠤᠷᠢ ᠤᠯᠬᠤ ᠪᠦᠭᠡᠳ ᠠᠰᠢᠭ ᠬᠤᠨᠵᠢᠪᠤᠷᠢ ᠪᠠᠨ ᠬᠤᠪᠢ | ᠤᠷᠤᠭᠤᠯᠤᠬᠴᠢ ᠵᠡᠷᠭᠡ ᠪᠡᠯᠡ ᠭᠠᠷᠭᠠᠬᠴᠢ ᠳᠤ ᠬᠤᠪᠢᠶᠠᠷᠢᠯᠠᠨ ᠦᠭᠭᠦ ᠵᠤᠷᠢᠯᠭ᠎ᠠ ᠪᠠᠷ ᠪᠠᠶᠢᠭᠤᠯᠤᠬᠰᠠᠨ ᠬᠠᠦᠯᠢ ᠶᠢᠨ | ᠬᠦᠮᠦᠨ ᠪᠤᠯ ᠠᠰᠢᠭ ᠬᠤᠨᠵᠢᠪᠤᠷᠢᠳᠦ ᠬᠠᠦᠯᠢ ᠶᠢᠨ ᠬᠦᠮᠦᠨ ᠮᠦᠨ᠃ | ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠳᠤ ᠬᠢᠵᠠᠭᠠᠷᠳᠦ ᠬᠠᠷᠢᠭᠤᠴᠠᠯᠭᠠᠳᠦ ᠺᠤᠮᠫᠠᠨᠢ᠂ ᠬᠤᠪᠢ | ᠤᠷᠤᠭᠤᠯᠤᠬᠰᠠᠨ ᠬᠢᠵᠠᠭᠠᠷᠳᠦ ᠺᠤᠮᠫᠠᠨᠢ ᠪᠠ ᠪᠤᠰᠤᠳ ᠠᠵᠦ ᠠᠬᠤᠢᠢᠯᠡᠯ ᠬᠠᠦᠯᠢ ᠶᠢᠨ ᠬᠦᠮᠦᠨ ᠵᠡᠷᠭᠡ ᠪᠠᠭᠳᠠᠨ᠎ᠠ᠃ | ᠲᠠᠯᠠᠨ ᠲᠤᠯᠤᠳᠤᠭᠠᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠬᠠᠦᠯᠢ ᠶᠤᠰᠤᠭᠠᠷ | ᠲᠠᠩᠰᠠᠯᠠᠭᠤᠯᠬᠤ ᠪᠠᠷ ᠲᠠᠮᠵᠢᠨ ᠪᠠᠶᠢᠭᠤᠯᠤᠬᠳᠠᠨ᠎ᠠ᠃ | ᠲᠠᠯᠠᠨ ᠨᠠᠢᠮᠠᠳᠤᠭᠠᠷ ᠵᠦᠢᠯ ᠬᠠᠦᠯᠢ ᠶᠤᠰᠤᠭᠠᠷ ᠪᠠᠶᠢᠭᠤᠯᠤᠬᠰᠠᠨ ᠠᠰᠢᠬ ᠬᠤᠨᠵᠢᠪᠤᠷᠢᠳᠦ ᠬᠠᠦᠯᠢ ᠶᠢᠨ | ᠬᠦᠮᠦᠨ ᠳᠤ᠂ ᠲᠠᠩᠰᠠᠯᠠᠬᠤ ᠪᠠᠶᠢᠭᠤᠯᠭ᠎ᠠ ᠠᠴᠠ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠤ ᠡᠵᠡᠩᠨᠡᠯᠳᠡ ᠶᠢᠨ | ᠦᠨᠡᠮᠯᠡᠯ ᠤᠯᠭᠤᠨ᠎ᠠ᠃ ᠡᠵᠡᠩᠨᠡᠯᠳᠡ ᠶᠢᠨ ᠦᠨᠡᠮᠯᠡᠯ ᠳᠤ ᠭᠠᠷ ᠤᠨ ᠦᠰᠦᠭ ᠵᠢᠷᠤᠵᠦ ᠤᠯᠭᠤᠬᠰᠠᠨ ᠡᠳᠤᠷ ᠰᠠᠷ᠎ᠠ | ᠪᠤᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠤ ᠪᠠᠶᠢᠭᠤᠯᠤᠬᠳᠠᠬᠰᠠᠨ ᠡᠳᠤᠷ ᠰᠠᠷ᠎ᠠ ᠪᠤᠯᠤᠨ᠎ᠠ᠃ | ᠲᠠᠯ᠎ᠠ ᠶᠢᠰᠦᠳᠦᠭᠡᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠢ ᠪᠠᠶᠢᠭᠤᠯᠬᠤ ᠳᠤ ᠬᠠᠦᠯᠢ | ᠶᠤᠰᠤᠭᠠᠷ ᠬᠠᠦᠯᠢ ᠶᠢᠨ ᠬᠦᠮᠦᠨ ᠤ ᠲᠦᠷᠢᠮ ᠲᠤᠬᠳᠠᠭᠠᠬᠤ ᠬᠡᠷᠡᠭᠳᠠᠢ᠃ | ᠨᠠᠶᠠᠳᠤᠭᠠᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠡᠷᠭᠡᠳᠦ ᠪᠠᠶᠢᠭᠤᠯᠤᠮᠵᠢ ᠪᠠᠶᠢᠭᠤᠯᠬᠤ | ᠬᠡᠷᠡᠭᠳᠠᠢ᠃ | ᠡᠷᠭᠡᠳᠦ ᠪᠠᠶᠢᠭᠤᠯᠤᠮᠵᠢ ᠨᠢ ᠬᠠᠦᠯᠢ ᠶᠢᠨ ᠬᠦᠮᠦᠨ ᠤ ᠲᠦᠷᠢᠮ ᠳᠤ ᠵᠠᠰᠠᠪᠤᠷᠢ ᠤᠷᠤᠭᠤᠯᠬᠤ᠂ ᠬᠦᠢᠴᠡᠳᠭᠡᠬᠦ | ᠪᠠᠶᠢᠭᠤᠯᠤᠮᠵᠢ ᠪᠠ ᠬᠢᠨᠠᠯᠳᠡ ᠲᠠᠯᠪᠢᠬᠤ ᠪᠠᠶᠢᠭᠤᠯᠤᠮᠵᠢ ᠶᠢᠨ ᠪᠦᠷᠢᠯᠳᠦᠬᠦᠨ ᠢ ᠰᠤᠩᠭᠤᠬᠤ ᠪᠤᠶᠤ ᠰᠤᠯᠢᠬᠤ ᠵᠢᠴᠢ | ᠬᠠᠦᠯᠢ ᠶᠢᠨ ᠬᠦᠮᠦᠨ ᠤ | ᠨᠠᠶᠠᠨ ᠨᠢᠭᠡᠳᠦᠭᠡᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠬᠦᠢᠴᠡᠳᠭᠡᠬᠦ ᠪᠠᠶᠢᠭᠤᠯᠤᠮᠵᠢ | ᠪᠠᠶᠢᠭᠤᠯᠬᠤ ᠬᠡᠷᠡᠭᠳᠠᠢ᠃ | ᠬᠦᠢᠴᠡᠳᠭᠡᠬᠦ ᠪᠠᠶᠢᠭᠤᠯᠤᠮᠵᠢ ᠨᠢ ᠡᠷᠭᠡᠳᠦ ᠪᠠᠶᠢᠭᠤᠯᠤᠮᠵᠢ ᠶᠢᠨ ᠬᠤᠷᠠᠯ ᠢ ᠬᠤᠷᠠᠯᠳᠤᠭᠤᠯᠬᠤ᠂ ᠬᠠᠦᠯᠢ ᠶᠢᠨ | ᠬᠦᠮᠦᠨ ᠤ ᠡᠵᠡᠩᠨᠡᠯᠳᠡ ᠶᠢᠨ ᠲᠦᠯᠦᠪᠯᠡᠭᠡ ᠪᠠ ᠪᠡᠯᠡ ᠤᠷᠤᠭᠤᠯᠬᠤ ᠲᠦᠰᠦᠯ ᠢ ᠲᠤᠬᠳᠠᠭᠠᠬᠤ᠂ ᠬᠠᠦᠯᠢ ᠶᠢᠨ | ᠬᠦᠮᠦᠨ ᠤ ᠲᠤᠳᠤᠭᠠᠳᠦ ᠬᠠᠮᠢᠶᠠᠷᠤᠯᠳᠡ ᠶᠢᠨ ᠪᠠᠶᠢᠭᠤᠯᠤᠮᠵᠢ ᠪᠠᠶᠢᠭᠤᠯᠬᠤ ᠶᠢ ᠲᠤᠬᠳᠠᠭᠠᠬᠤ ᠵᠢᠴᠢ ᠬᠠᠦᠯᠢ ᠶᠢᠨ | ᠬᠦᠮᠦᠨ ᠤ ᠲᠦᠷᠢᠮ ᠳᠤ ᠲᠤᠬᠳᠠᠭᠠᠬᠰᠠᠨ ᠪᠤᠰᠤᠳ ᠡᠷᠭᠡ ᠲᠤᠰᠢᠶᠡᠯ ᠢ ᠬᠡᠷᠡᠭᠵᠢᠬᠦᠯᠦᠨ᠎ᠠ᠃ | ᠬᠡᠷᠡᠭ ᠮᠡᠳᠡᠭᠴᠢᠳ ᠤᠨ ᠬᠤᠷᠠᠯ ᠪᠤᠶᠤ ᠬᠦᠢᠴᠡᠳᠭᠡᠬᠦ ᠬᠡᠷᠡᠭ ᠮᠡᠳᠡᠭᠴᠢ ᠨᠢ ᠬᠦᠢᠴᠡᠳᠭᠡᠬᠦ ᠪᠠᠶᠢᠭᠤᠯᠤᠮᠵᠢ ᠪᠤᠯᠤᠭᠰᠠᠨ | ᠪᠠᠶᠢᠪᠠᠯ᠂ ᠬᠡᠷᠡᠭ ᠮᠡᠳᠡᠭᠴᠢᠳ ᠤᠨ ᠲᠠᠷᠤᠭ᠎ᠠ᠂ ᠬᠦᠢᠴᠡᠳᠭᠡᠬᠦ ᠬᠡᠷᠡᠭ ᠮᠡᠳᠡᠭᠴᠢ ᠪᠤᠶᠤ ᠲᠠᠭᠠᠭᠠᠮᠠᠯ ᠨᠢ ᠬᠠᠦᠯᠢ ᠶᠢᠨ | ᠬᠦᠮᠦᠨ ᠤ ᠲᠦᠷᠢᠮ ᠤᠨ ᠲᠤᠬᠳᠠᠭᠠᠯ ᠶᠤᠰᠤᠭᠠᠷ ᠬᠠᠦᠯᠢ ᠪᠠᠷ ᠲᠤᠬᠳᠠᠭᠠᠬᠰᠠᠨ ᠲᠦᠯᠦᠭᠡᠯᠡᠭᠴᠢ ᠪᠤᠯᠤᠨ᠎ᠠ︔ ᠬᠡᠷᠡᠭ | ᠮᠡᠳᠡᠭᠴᠢᠳ ᠤᠨ ᠬᠤᠷᠠᠯ ᠪᠤᠶᠤ ᠬᠦᠢᠴᠡᠳᠭᠡᠬᠦ ᠬᠡᠷᠡᠭ ᠮᠡᠳᠡᠭᠴᠢ ᠭᠠᠷᠭᠠᠬᠰᠠᠨ ᠦᠭᠡᠢ ᠪᠤᠯ᠂ ᠬᠠᠦᠯᠢ ᠶᠢᠨ ᠬᠦᠮᠦᠨ ᠤ | ᠲᠦᠷᠢᠮ ᠳᠤ ᠲᠤᠬᠳᠠᠭᠠᠬᠰᠠᠨ ᠭᠤᠤᠯ ᠬᠠᠷᠢᠭᠤᠴᠠᠯᠭᠠᠳᠡᠨ ᠨᠢ ᠲᠡᠬᠦᠨ ᠤ ᠬᠦᠢᠴᠡᠳᠭᠡᠬᠦ ᠪᠠᠶᠢᠭᠤᠯᠤᠮᠵᠢ ᠪᠠ | ᠬᠠᠦᠯᠢ ᠪᠠᠷ ᠲᠤᠬᠳᠠᠭᠠᠬᠰᠠᠨ ᠲᠦᠯᠦᠭᠡᠯᠡᠭᠴᠢ ᠮᠦᠨ᠃ | ᠨᠠᠶᠠᠨ ᠬᠤᠶᠠᠳᠤᠭᠠᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠨᠢ ᠬᠡᠷᠡᠭ ᠬᠢᠨᠠᠬᠴᠢᠳ ᠤᠨ ᠬᠤᠷᠠᠯ | ᠪᠤᠶᠤ ᠬᠡᠷᠡᠭ ᠬᠢᠨᠠᠬᠴᠢ ᠵᠡᠷᠭᠡ ᠬᠢᠨᠠᠯᠳᠡ ᠲᠠᠯᠪᠢᠬᠤ ᠪᠠᠶᠢᠭᠤᠯᠤᠮᠵᠢ ᠪᠠᠶᠢᠭᠤᠯᠤᠬᠰᠠᠨ ᠪᠠᠶᠢᠪᠠᠯ᠂ ᠬᠢᠨᠠᠯᠳᠡ ᠲᠠᠯᠪᠢᠬᠤ | ᠪᠠᠶᠢᠭᠤᠯᠤᠮᠵᠢ ᠨᠢ ᠬᠠᠦᠯᠢ ᠶᠢᠨ ᠬᠦᠮᠦᠨ ᠤ ᠡᠳ᠋ ᠤᠨ ᠶᠠᠪᠤᠳᠡᠯ ᠢ ᠪᠠᠶᠢᠴᠠᠭᠠᠬᠤ᠂ ᠬᠦᠢᠴᠡᠳᠭᠡᠬᠦ ᠪᠠᠶᠢᠭᠤᠯᠤᠮᠵᠢ ᠶᠢᠨ | ᠪᠦᠷᠢᠯᠳᠦᠬᠦᠨ᠂ ᠲᠡᠭᠡᠳᠦ ᠵᠡᠷᠭᠡ ᠶᠢᠨ ᠬᠠᠮᠢᠶᠠᠷᠤᠯᠳᠡ ᠶᠢᠨ ᠠᠵᠢᠯᠳᠡᠨ ᠤ ᠬᠠᠦᠯᠢ ᠶᠢᠨ ᠬᠦᠮᠦᠨ ᠤ ᠲᠤᠰᠢᠶᠡᠯ ᠢᠶᠠᠨ | ᠬᠦᠢᠴᠡᠳᠭᠡᠵᠦ ᠪᠠᠶᠢᠭ᠎ᠠ ᠦᠢᠯᠡ ᠠᠵᠢᠯᠯᠠᠭ᠎ᠠ ᠳᠤ ᠬᠢᠨᠠᠯᠳᠡ ᠲᠠᠯᠪᠢᠬᠤ᠂ ᠵᠢᠴᠢ ᠬᠠᠦᠯᠢ ᠶᠢᠨ ᠬᠦᠮᠦᠨ ᠤ ᠲᠦᠷᠢᠮ ᠳᠤ | ᠲᠤᠬᠳᠠᠭᠠᠬᠰᠠᠨ ᠪᠤᠰᠤᠳ ᠡᠷᠭᠡ ᠲᠤᠰᠢᠶᠡᠯ ᠢ ᠬᠠᠦᠯᠢ ᠶᠤᠰᠤᠭᠠᠷ ᠬᠡᠷᠡᠭᠵᠢᠬᠦᠯᠦᠨ᠎ᠠ᠃ | ᠨᠠᠶᠠᠨ ᠭᠤᠷᠪᠠᠳᠤᠭᠠᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠤ ᠪᠡᠯᠡ ᠭᠠᠷᠭᠠᠬᠴᠢ ᠨᠢ ᠪᠡᠯᠡ | ᠭᠠᠷᠭᠠᠬᠴᠢ ᠶᠢᠨ ᠡᠷᠭᠡ ᠪᠠᠨ ᠲᠤᠷ᠎ᠠ ᠪᠠᠷ ᠢᠶᠠᠨ ᠬᠡᠷᠡᠭᠯᠡᠨ ᠬᠠᠦᠯᠢ ᠶᠢᠨ ᠬᠦᠮᠦᠨ ᠪᠤᠶᠤ ᠪᠤᠰᠤᠳ ᠪᠡᠯᠡ | ᠭᠠᠷᠭᠠᠬᠴᠢ ᠶᠢᠨ ᠠᠰᠢᠭ ᠲᠤᠰᠠ ᠶᠢ ᠬᠤᠬᠢᠷᠠᠭᠤᠯᠵᠦ ᠪᠤᠯᠬᠤ ᠦᠭᠡᠢ︔ ᠪᠡᠯᠡ ᠭᠠᠷᠭᠠᠬᠴᠢ ᠶᠢᠨ ᠡᠷᠭᠡ ᠪᠠᠨ | ᠲᠤᠷ᠎ᠠ ᠪᠠᠷ ᠢᠶᠠᠨ ᠬᠡᠷᠡᠭᠯᠡᠵᠦ ᠬᠠᠦᠯᠢ ᠶᠢᠨ ᠬᠦᠮᠦᠨ ᠪᠤᠶᠤ ᠪᠤᠰᠤᠳ ᠪᠡᠯᠡ ᠭᠠᠷᠭᠠᠬᠴᠢ ᠳᠤ ᠬᠤᠬᠢᠷᠠᠯ | ᠤᠴᠠᠷᠠᠭᠤᠯᠤᠬᠰᠠᠨ ᠪᠠᠶᠢᠪᠠᠯ᠂ ᠬᠠᠦᠯᠢ ᠶᠤᠰᠤᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠬᠦᠷᠭᠡᠯᠡᠬᠦ ᠬᠡᠷᠡᠭᠳᠠᠢ᠃ | ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠤ ᠪᠡᠯᠡ ᠭᠠᠷᠭᠠᠬᠴᠢ ᠨᠢ ᠬᠠᠦᠯᠢ ᠶᠢᠨ ᠬᠦᠮᠤᠨ ᠤ ᠪᠡᠶ᠎ᠡ ᠪᠠᠨ | ᠲᠠᠭᠠᠭᠠᠭᠰᠠᠨ ᠪᠠᠶᠢᠷᠢ ᠰᠠᠭᠤᠷᠢ ᠪᠤᠯᠤᠨ ᠪᠡᠯᠡ ᠭᠠᠷᠭᠠᠬᠴᠢ ᠶᠢᠨ ᠬᠢᠵᠠᠭᠠᠷᠳᠦ ᠬᠠᠷᠢᠭᠤᠴᠠᠯᠭ᠎ᠠ ᠶᠢ ᠲᠤᠷ᠎ᠠ ᠪᠠᠷ ᠢᠶᠠᠨ | ᠬᠡᠷᠡᠭᠯᠡᠵᠦ ᠬᠠᠦᠯᠢ ᠶᠢᠨ ᠬᠦᠮᠦᠨ ᠤ ᠠᠪᠴᠠᠭᠠᠳᠡᠨ ᠤ ᠠᠰᠢᠭ ᠲᠤᠰᠠ ᠶᠢ ᠬᠤᠬᠢᠷᠠᠭᠤᠯᠵᠦ ᠪᠤᠯᠬᠤ ᠦᠭᠡᠢ︔ | ᠬᠠᠦᠯᠢ ᠶᠢᠨ ᠬᠦᠮᠤᠨ ᠤ ᠪᠡᠶ᠎ᠡ ᠪᠠᠨ ᠲᠠᠭᠠᠭᠠᠭᠰᠠᠨ ᠪᠠᠶᠢᠷᠢ ᠰᠠᠭᠤᠷᠢ ᠪᠤᠯᠤᠨ ᠪᠡᠯᠡ ᠶᠢᠨ ᠬᠢᠵᠠᠭᠠᠷᠳᠦ | ᠬᠠᠷᠢᠭᠤᠴᠠᠯᠭ᠎ᠠ ᠶᠢ ᠲᠤᠷ᠎ᠠ ᠪᠠᠷ ᠢᠶᠠᠨ ᠬᠡᠷᠡᠭᠯᠡᠵᠦ ᠦᠭᠴᠡᠭᠡ ᠠᠴᠠ ᠵᠠᠶᠢᠯᠠᠨ᠂ ᠬᠠᠦᠯᠢ ᠶᠢᠨ ᠬᠦᠮᠦᠨ ᠤ | ᠠᠪᠴᠠᠭᠠᠳᠡᠨ ᠤ ᠠᠰᠢᠭ ᠲᠤᠰᠠ ᠶᠢ ᠬᠦᠨᠳᠦ ᠨᠤᠴᠢᠳᠠᠢ ᠬᠤᠬᠢᠷᠠᠭᠤᠯᠤᠬᠰᠠᠨ ᠪᠠᠶᠢᠪᠠᠯ᠂ ᠬᠠᠦᠯᠢ ᠶᠢᠨ ᠬᠦᠮᠦᠨ ᠤ | ᠦᠭᠴᠡᠭᠡ ᠳᠤ ᠬᠤᠯᠪᠤᠯᠳᠤᠬᠰᠠᠨ ᠬᠠᠷᠢᠭᠤᠴᠠᠯᠭ᠎ᠠ ᠡᠬᠦᠷᠭᠡᠯᠡᠬᠦ ᠬᠡᠷᠡᠭᠳᠠᠢ᠃ | ᠨᠠᠶᠠᠨ ᠲᠦᠷᠪᠡᠳᠦᠭᠡᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠤ ᠬᠤᠪᠢ ᠡᠵᠡᠮᠳᠡᠭᠰᠡᠨ ᠪᠡᠯᠡ | ᠭᠠᠷᠭᠠᠬᠴᠢ᠂ ᠪᠤᠳᠠᠳᠠᠢ ᠡᠵᠡᠮᠰᠢᠭᠴᠢ᠂ ᠬᠡᠷᠡᠭ ᠮᠡᠳᠡᠭᠴᠢ᠂ ᠬᠡᠷᠡᠭ ᠬᠢᠨᠠᠬᠴᠢ᠂ ᠲᠡᠭᠡᠳᠦ ᠵᠡᠷᠭᠡ ᠶᠢᠨ | ᠬᠠᠮᠢᠶᠠᠷᠤᠯᠳᠡ ᠶᠢᠨ ᠠᠵᠢᠯᠳᠡᠨ ᠬᠤᠯᠪᠤᠬᠳᠠᠯᠲᠤ ᠬᠠᠷᠢᠴᠠᠭ᠎ᠠ ᠪᠠᠨ ᠠᠰᠢᠬᠯᠠᠨ ᠬᠠᠦᠯᠢ ᠶᠢᠨ ᠬᠦᠮᠦᠨ ᠤ ᠠᠰᠢᠭ | ᠲᠤᠰᠠ ᠶᠢ ᠬᠤᠬᠢᠷᠠᠭᠤᠯᠵᠦ ᠪᠤᠯᠬᠤ ᠦᠭᠡᠢ︔ ᠬᠤᠯᠪᠤᠬᠳᠠᠯᠲᠤ ᠬᠠᠷᠢᠴᠠᠭ᠎ᠠ ᠪᠠᠨ ᠠᠰᠢᠬᠯᠠᠨ ᠬᠠᠦᠯᠢ ᠶᠢᠨ | ᠬᠦᠮᠦᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠬᠦᠷᠭᠡᠯᠡᠬᠦ ᠬᠡᠷᠡᠭᠳᠠᠢ᠃ | ᠨᠠᠶᠠᠨ ᠲᠠᠪᠤᠳᠤᠭᠠᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠤ ᠡᠷᠭᠡᠳᠦ ᠪᠠᠶᠢᠭᠤᠯᠤᠮᠵᠢ᠂ | ᠬᠦᠢᠴᠡᠳᠭᠡᠬᠦ ᠪᠠᠶᠢᠭᠤᠯᠤᠮᠵᠢ ᠶᠢᠨ ᠰᠢᠢᠳᠪᠦᠷᠢ ᠭᠠᠷᠭᠠᠬᠤ ᠬᠤᠷᠠᠯ ᠢ ᠬᠤᠷᠠᠯᠳᠤᠭᠤᠯᠬᠤ ᠵᠢᠷᠤᠮ᠂ ᠪᠠᠳᠤᠯᠠᠬᠤ ᠠᠷᠭ᠎ᠠ | ᠬᠡᠯᠪᠡᠷᠢ ᠨᠢ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠬᠳᠠᠭᠠᠯ᠂ ᠬᠠᠦᠯᠢ ᠶᠢᠨ ᠬᠦᠮᠦᠨ ᠤ ᠲᠦᠷᠢᠮ ᠢ | ᠵᠦᠷᠢᠴᠡᠭᠰᠡᠨ᠂ ᠡᠰᠡᠬᠦᠯ᠎ᠠ ᠰᠢᠢᠳᠪᠤᠷᠢ ᠶᠢᠨ ᠠᠭᠤᠯᠭ᠎ᠠ ᠨᠢ ᠬᠠᠦᠯᠢ ᠶᠢᠨ ᠬᠦᠮᠦᠨ ᠤ ᠲᠦᠷᠢᠮ ᠢ ᠵᠦᠷᠢᠴᠡᠭᠰᠡᠨ | ᠪᠠᠶᠢᠪᠠᠯ᠂ ᠠᠰᠢᠭ ᠬᠤᠨᠵᠢᠪᠤᠷᠢᠳᠦ ᠬᠠᠦᠯᠢ ᠶᠢᠨ ᠬᠦᠮᠦᠨ ᠤ ᠪᠡᠯᠡ ᠭᠠᠷᠭᠠᠬᠴᠢ ᠨᠢ ᠠᠷᠠᠳ ᠤᠨ ᠰᠢᠬᠦᠬᠦ ᠬᠤᠷᠢᠶ᠎ᠠ ᠳᠤ | ᠲᠣᠰ ᠰᠢᠢᠳᠪᠦᠷᠢ ᠶᠢ ᠬᠦᠴᠦᠨ ᠦᠭᠡᠢ ᠪᠤᠯᠭᠠᠭᠤᠯᠬᠤ ᠪᠠᠷ ᠭᠤᠶᠤᠴᠢᠯᠠᠵᠦ ᠪᠤᠯᠤᠨ᠎ᠠ᠃ ᠬᠡᠪᠡᠴᠦ ᠠᠰᠢᠬ | ᠬᠤᠨᠵᠢᠪᠤᠷᠢᠳᠦ ᠬᠠᠦᠯᠢ ᠶᠢᠨ ᠬᠦᠮᠦᠨ ᠤ ᠲᠤᠰ ᠰᠢᠢᠳᠪᠤᠷᠢ ᠳᠤ ᠦᠨᠳᠦᠰᠦᠯᠡᠵᠦ ᠰᠠᠶᠢᠨ ᠰᠠᠨᠠᠭᠠᠳᠦ ᠬᠠᠷᠢᠴᠠᠩᠭᠤᠢ | ᠬᠦᠮᠦᠨ ᠯᠦᠭᠡ ᠪᠦᠷᠢᠯᠳᠦᠬᠦᠯᠦᠭᠰᠡᠨ ᠢᠷᠭᠡᠨ ᠤ ᠬᠡᠷᠡᠭ ᠤᠨ ᠬᠠᠦᠯᠢ ᠴᠠᠭᠠᠵᠠ ᠶᠢᠨ ᠬᠠᠷᠢᠴᠠᠭ᠎ᠠ ᠡᠬᠦᠨ ᠳᠤ | ᠨᠦᠯᠦᠭᠡᠯᠡᠭᠳᠡᠬᠦ ᠦᠭᠡᠢ᠃ | ᠨᠠᠶᠠᠨ ᠵᠢᠷᠭᠤᠳᠤᠭᠠᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠡᠵᠡᠩᠨᠡᠯᠳᠡ ᠶᠢᠨ ᠠᠵᠢᠯᠯᠠᠭ᠎ᠠ | ᠬᠢᠬᠦ ᠳᠡᠭᠡᠨ᠂ ᠬᠤᠳᠠᠯᠳᠤᠭᠠᠨ ᠤ ᠶᠤᠰᠤ ᠮᠤᠷᠠᠯ ᠢ ᠵᠢᠷᠤᠮᠯᠠᠨ ᠰᠠᠬᠢᠵᠦ᠂ ᠠᠷᠠᠯᠵᠢᠶᠠᠨ ᠤ ᠠᠮᠤᠷ ᠲᠦᠪᠰᠢᠨ ᠢ | ᠬᠠᠮᠠᠭᠠᠯᠠᠵᠦ᠂ ᠵᠠᠰᠠᠭ ᠤᠨ ᠤᠷᠳᠤᠨ ᠪᠤᠯᠤᠨ ᠨᠠᠶᠢᠭᠡᠮ ᠤᠨ ᠬᠢᠨᠠᠯᠳᠡ ᠶᠢ ᠬᠦᠯᠢᠶᠡᠵᠦ᠂ ᠨᠠᠶᠢᠭᠡᠮ ᠤᠨ | ᠬᠠᠷᠢᠭᠤᠴᠠᠯᠭ᠎ᠠ ᠶᠢ ᠡᠬᠦᠷᠭᠡᠯᠡᠬᠦ ᠬᠡᠷᠡᠭᠳᠠᠢ᠃ ︵ᠦᠷᠬᠦᠯᠵᠢᠯᠡᠯ ᠪᠤᠢ︶ |