ᠣᠳᠤᠭ ᠤᠨ ᠡᠮᠦᠨᠡᠳᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ  ᠤᠨ ᠵᠠᠷᠯᠠᠯ
ᠨᠡᠶᠢᠲᠡᠯᠡᠭᠰᠡᠨ ᠴᠠᠭ᠄
2021/10/20
    10 ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠳᠠᠯ᠎ᠠ᠂ ᠱᠠᠨᠰᠢ ᠮᠣᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠨᠢᠩᠰᠢᠶᠡ ᠶᠢᠨ ᠢᠷᠭᠠᠢ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ ᠠᠴᠠ ᠪᠦᠭᠡᠮ ᠬᠦᠴᠢᠯ ᠤᠨ ᠬᠡᠮᠵᠢᠯᠳᠡ ᠪᠠᠷ ᠠᠷᠭ᠎ᠠ ᠴᠢᠨᠠᠷ ᠤᠨ ᠡᠪᠡᠳᠴᠢᠳᠠᠨ  ᠤ ᠵᠢᠱᠢᠶ᠎ᠡ ᠰᠢᠨ᠎ᠡ ᠪᠠᠷ 3 ᠨᠡᠮᠡᠭᠳᠡᠭᠰᠡᠨ ᠢ ᠨᠡᠶᠢᠳᠡᠯᠠᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠡᠴᠡᠭᠦᠣ ᠪᠣᠳᠣᠯᠢᠶᠠᠨᠳᠠᠢ ᠪᠣᠯᠣᠭᠰᠠᠨ ᠢ ᠬᠠᠷᠠᠭᠤᠯᠪᠠ᠃     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠣᠯᠠᠮ ᠨᠢᠭᠡ ᠠᠯᠬᠤᠮ ᠪᠣᠳᠠᠳᠠᠶᠢᠵᠢᠭᠤᠯᠵᠣ᠂ ᠬᠢᠵᠢᠭ ᠲᠠᠷᠬᠠᠬᠤ ᠶᠢ ᠴᠢᠩᠭ᠎ᠠ ᠬᠢᠵᠠᠭᠠᠷᠯᠠᠵᠣ᠂ ᠭᠠᠳᠠᠨ᠎ᠠ ᠠᠴᠠ ᠣᠷᠣᠵᠣ ᠢᠷᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠣᠨᠣᠪᠴᠢᠳᠠᠢ ᠰᠠᠶᠢᠳᠦᠷ ᠬᠢᠵᠣ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠬᠠᠯᠳᠠᠪᠦᠷᠢᠯᠠᠨ ᠲᠡᠯᠭᠡᠷᠡᠬᠦ ᠶᠢ ᠴᠢᠩᠭ᠎ᠠ ᠰᠡᠷᠭᠡᠶᠢᠯᠡᠭᠦ ᠶᠢᠨ ᠲᠣᠰᠠᠳᠠ ᠬᠤᠯᠪᠣᠭᠳᠠᠯ ᠪᠦᠬᠦᠢ ᠣᠴᠢᠷ ᠢ ᠲᠣᠣᠷᠠᠬᠢ ᠮᠡᠳᠦ ᠮᠡᠳᠡᠭᠳᠡᠪᠡ᠄     ᠨᠢᠭᠡ᠂ 9 ᠰᠠᠷ᠎ᠠ ᠶᠢᠨ 29 ᠤ ᠡᠳᠦᠷ ᠠᠴᠠ ᠨᠠᠭᠠᠰᠢ ᠦᠪᠦᠷ ᠮᠣᠩᠭᠤᠯ ᠤᠨ ᠡᠷᠢᠶᠠᠨ ᠬᠤᠳᠠ᠂ 10 ᠰᠠᠷ᠎ᠠ  ᠶᠢᠨ 2 ᠤᠨ ᠡᠳᠦᠷ ᠠᠴᠠ ᠨᠠᠭᠠᠰᠢ ᠱᠠᠩᠬᠠᠢ ᠬᠤᠳᠠ᠂ 10 ᠰᠠᠷ᠎ᠠ ᠶᠢᠨ 9 ᠤ ᠡᠳᠦᠷ ᠠᠴᠠ ᠨᠠᠭᠠᠰᠢ ᠱᠠᠨᠰᠢ ᠮᠣᠵᠢ  ᠶᠢᠨ ᠰᠢ ᠠᠨ ᠬᠤᠳᠠ᠂ ᠨᠢᠩᠰᠢᠶᠠ ᠶᠢᠨ ᠢᠷᠭᠠᠢ ᠬᠤᠳᠠ᠂ ᠭᠠᠨᠰᠦ ᠮᠣᠵᠢ ᠶᠢᠨ ᠵᠠᠩ ᠶᠧ ᠬᠤᠳᠠ᠂ ᠵᠢᠣ ᠴᠢᠣᠸᠠᠨ ᠬᠤᠳᠠ᠂ ᠵᠢᠶᠠ ᠢᠦᠢ ᠭᠤᠸᠠᠨ ᠬᠤᠳᠠ᠂ ᠦᠪᠦᠷ ᠮᠣᠩᠭᠤᠯ ᠤᠨ ᠡᠵᠡᠨ᠎ᠡ ᠬᠤᠰᠢᠭᠤ ᠪᠠᠷ ᠶᠠᠪᠣᠵᠣ ᠦᠩᠭᠡᠷᠡᠭᠰᠡᠨ ᠬᠦᠮᠦᠰ ᠡᠩ ᠲᠡᠷᠢᠭᠦᠨ ᠳᠤ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠠᠶᠢᠭᠤᠯᠭ᠎ᠠ ᠨᠢᠭᠡᠴᠡ᠂ ᠪᠠᠭᠤᠳᠠᠯ ᠳᠤ ᠪᠠᠨ ᠮᠡᠳᠡᠭᠦᠯᠬᠦ ᠬᠡᠷᠡᠭᠳᠡᠢ᠃     ᠬᠤᠶᠠᠷ᠂ ᠡᠯ᠎ᠡ ᠪᠠᠯᠭᠠᠰᠦ᠂ ᠨᠡᠶᠢᠭᠡᠮ ᠤᠨ ᠬᠠᠮᠢᠶᠠᠷᠣᠨ ᠡᠵᠡᠮᠳᠡᠬᠦ ᠲᠣᠭᠤᠶᠢᠯᠠᠩ ᠨᠢ ᠲᠡᠭᠡᠷ᠎ᠡ ᠲᠣᠷᠠᠳᠣᠭᠰᠠᠨ ᠬᠤᠳᠠ ᠣᠷᠣᠨ ᠠᠴᠠ ᠮᠠᠨ ᠤ ᠬᠤᠰᠢᠭᠤᠨ ᠳᠤ ᠣᠷᠣᠵᠣ ᠢᠷᠡᠭᠰᠡᠨ ᠬᠦᠮᠦᠰ ᠪᠣᠶᠣ ᠣᠳᠤᠭ ᠤᠨ ᠡᠮᠦᠨᠡᠳᠦ ᠬᠤᠰᠢᠭᠤᠨ ᠤ ᠡᠷᠦᠭᠡ ᠠᠮᠠ ᠲᠠᠢ ᠬᠦᠮᠦᠰ ᠲᠡᠭᠡᠷ᠎ᠡ ᠲᠣᠷᠠᠳᠣᠭᠰᠠᠨ ᠬᠤᠳᠠ ᠣᠷᠣᠨ ᠤ ᠣᠨᠣᠰᠢᠯᠠᠭᠰᠠᠨ ᠡᠪᠡᠳᠴᠢᠨ  ᠤ ᠵᠢᠱᠢᠶ᠎ᠠ᠂ ᠰᠡᠵᠢᠭᠯᠡᠯᠳᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠪᠠᠶᠢᠳᠠᠯ ᠦᠭᠡᠢ ᠬᠠᠯᠳᠠᠪᠦᠷᠢᠯᠠᠭᠳᠠᠭᠴᠢ ᠲᠠᠢ ᠨᠢᠭᠳᠠ ᠣᠶᠢᠷᠠᠳᠣᠭᠰᠠᠨ ᠬᠦᠮᠦᠰ ᠢ ᠭᠤᠣᠯᠳᠠᠯᠭ᠎ᠠ ᠲᠠᠢ ᠪᠠᠶᠢᠴᠠᠭᠠᠬᠤ ᠶᠢᠨ ᠬᠠᠮᠳᠦ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠶᠣᠰᠣᠭᠠᠷ ᠡᠷᠡᠭᠦᠯ ᠴᠢᠬᠢᠷᠠᠭ ᠤᠨ ᠬᠢᠨᠠᠨ ᠬᠡᠮᠵᠢᠯᠳᠡ ᠪᠠ ᠬᠢᠨᠠᠨ ᠰᠢᠨᠵᠢᠯᠳᠡ  ᠶᠢ ᠨᠠᠶᠢᠳᠠᠪᠦᠷᠢᠵᠢᠭᠤᠯᠬᠤ ᠬᠡᠷᠡᠭᠳᠡᠢ᠃ ᠪᠦᠬᠦ ᠬᠤᠰᠢᠭᠤᠨ ᠤ ᠡᠯ᠎ᠡ ᠱᠠᠳᠣᠨ ᠤ ᠨᠠᠮ ᠵᠠᠰᠠᠭ ᠤᠨ ᠪᠠᠶᠢᠭᠤᠯᠭ᠎ᠠ᠂ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ᠂ ᠰᠣᠷᠭᠠᠭᠤᠯᠢ᠂ ᠡᠮ ᠡᠮᠨᠡᠯᠭᠡ ᠶᠢᠨ ᠪᠠᠶᠢᠭᠤᠯᠣᠮᠵᠢ ᠰᠠᠨᠠᠭᠠᠴᠢᠯᠠᠭ᠎ᠠ ᠲᠠᠢ  ᠪᠠᠷ ᠪᠠᠶᠢᠴᠠᠭᠠᠯᠳᠠ ᠦᠷᠨᠢᠭᠦᠯᠵᠣ᠂ ᠲᠣᠰ ᠪᠠᠶᠢᠭᠤᠯᠭ᠎ᠠ ᠶᠢᠨ ᠠᠵᠢᠯᠳᠠᠨ ᠪᠠ ᠭᠡᠷ ᠪᠦᠯᠢ ᠶᠢᠨ ᠪᠦᠷᠢᠯᠳᠦᠭᠦᠨ ᠤ ᠣᠶᠢᠷ᠎ᠠ ᠶᠢᠨ ᠬᠤᠭᠤᠴᠠᠭᠠᠨ ᠳᠤ ᠬᠢ ᠵᠢᠭᠤᠯᠴᠢᠯᠠᠯ ᠤᠨ ᠪᠠᠶᠢᠳᠠᠯ ᠢ ᠴᠠᠭ ᠲᠣᠬᠠᠢ ᠳᠤᠨᠢ ᠡᠵᠡᠮᠰᠢᠵᠣ᠂ ᠲᠡᠭᠡᠷ᠎ᠡ ᠲᠣᠷᠠᠳᠣᠭᠰᠠᠨ ᠬᠤᠳᠠ ᠣᠷᠣᠨ ᠢᠶᠠᠷ ᠶᠠᠪᠣᠵᠣ ᠦᠩᠭᠡᠷᠡᠭᠰᠡᠨ ᠬᠦᠮᠦᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠳᠡ  ᠶᠢ ᠰᠠᠶᠢᠳᠦᠷ ᠬᠢᠬᠦ ᠬᠡᠷᠡᠭᠳᠡᠢ᠃     ᠭᠤᠷᠪᠠ᠂ ᠦᠷᠭᠡᠨ ᠣᠯᠠᠨ ᠰᠠᠭᠤᠭᠠᠯᠢ ᠠᠷᠠᠳ ᠭᠠᠳᠠᠭᠰᠢ ᠭᠠᠷᠬᠤ ᠦᠭᠡᠢ ᠪᠣᠯ ᠰᠠᠶᠢᠨ᠃ ᠢᠯᠠᠩᠭᠤᠶ᠎ᠠ ᠣᠶᠢᠷ᠎ᠠ ᠶᠢᠨ ᠬᠤᠭᠤᠴᠠᠭᠠᠨ ᠳᠤ ᠬᠢ ᠬᠢᠵᠢᠭ ᠤᠨ ᠪᠠᠶᠢᠳᠠᠯ ᠢᠯᠡᠷᠡᠭᠰᠡᠨ ᠬᠠᠮᠢᠶ᠎ᠠ ᠲᠠᠢ ᠬᠤᠳᠠ ᠣᠷᠣᠨ ᠢᠶᠠᠷ ᠶᠠᠪᠣᠬᠤ ᠦᠭᠡᠢ ᠪᠣᠯ ᠰᠠᠶᠢᠨ᠃ ᠶᠠᠭ ᠣᠨᠴᠠᠭᠠᠢ ᠪᠠᠶᠢᠳᠠᠯ ᠲᠠᠢ ᠡᠷᠭᠡᠪᠰᠢ ᠣᠴᠢᠬᠤ ᠴᠢᠬᠤᠯᠠ ᠲᠠᠢ ᠪᠣᠯ ᠬᠠᠷᠢᠶ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠪᠠᠶᠢᠭᠤᠯᠭ᠎ᠠ ᠨᠢᠭᠡᠴᠡ ᠳᠤ ᠪᠠᠨ ᠴᠠᠭ ᠲᠣᠬᠠᠢ ᠳᠤ ᠨᠢ ᠮᠡᠳᠡᠭᠦᠯᠦᠨ ᠲᠠᠩᠰᠠᠯᠠᠭᠤᠯᠬᠤ ᠬᠡᠷᠡᠭᠳᠡᠢ᠃ ᠬᠠᠷᠢᠵᠣ ᠢᠷᠡᠭᠦ ᠠᠴᠠ ᠡᠮᠦᠨ᠎ᠡ ᠬᠠᠷᠢᠶ᠎ᠠ ᠭᠠᠴᠠᠭ᠎ᠠ ᠲᠣᠰᠬᠤᠨ︵ᠨᠡᠶᠢᠭᠡᠮ ᠲᠣᠭᠤᠷᠢᠭ︶᠂ ᠪᠠᠶᠢᠭᠤᠯᠭ᠎ᠠ ᠨᠢᠭᠡᠴᠡ ᠳᠤ ᠪᠠᠨ ᠬᠦᠷᠴᠦ ᠢᠷᠡᠬᠦ ᠡᠳᠦᠷ ᠬᠤᠭᠤᠴᠠᠭ᠎ᠠ ᠪᠠᠨ ᠮᠡᠳᠡᠭᠦᠯᠬᠦ ᠶᠢᠨ ᠬᠠᠮᠳᠦ ᠬᠠᠮᠢᠶ᠎ᠠ ᠪᠦᠬᠦᠢ ᠬᠠᠮᠢᠶᠠᠷᠣᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠦᠷᠢᠵᠢᠭᠤᠯᠬᠤ ᠬᠡᠷᠡᠭᠳᠡᠢ᠃     ᠲᠦᠷᠪᠡ᠂ ᠦᠷᠭᠡᠨ ᠣᠯᠠᠨ ᠰᠠᠭᠤᠭᠠᠯᠢ ᠠᠷᠠᠳ ᠦᠪᠡᠷ ᠤᠨ ᠪᠠ ᠭᠡᠷ ᠤᠨ ᠬᠦᠮᠦᠰ ᠤᠨ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠤᠨ ᠪᠠᠶᠢᠳᠠᠯ ᠳᠤ ᠴᠠᠭ ᠢᠮᠠᠭᠳᠠ ᠠᠩᠬᠠᠷᠣᠯ ᠲᠠᠯᠪᠢᠵᠣ᠂ ᠬᠠᠯᠠᠭᠤᠷᠠᠬᠤ᠂ ᠬᠠᠨᠢᠶᠠᠬᠤ ᠵᠡᠷᠭᠡ ᠰᠡᠵᠢᠭᠯᠡᠯᠳᠡᠢ ᠪᠠᠶᠢᠳᠠᠯ ᠢᠯᠡᠷᠡᠪᠡᠯ ᠠᠯᠢ ᠲᠦᠷᠭᠡᠨ ᠢᠶᠠᠷ ᠡᠮᠨᠡᠯᠭᠡ ᠳᠤ ᠬᠦᠷᠴᠦ ᠡᠪᠡᠳᠴᠢᠨ ᠢᠶᠠᠨ ᠦᠵᠡᠭᠦᠯᠬᠦ ᠶᠢᠨ ᠬᠠᠮᠳᠦ ᠵᠢᠭᠤᠯᠴᠢᠯᠠᠯ ᠤᠨ ᠦᠩᠭᠡᠷᠡᠯᠳᠡ ᠪᠠᠨ ᠦᠨᠡᠨ ᠮᠦᠨ ᠢᠶᠠᠷ ᠲᠣᠰᠢᠶᠠᠬᠤ ᠬᠡᠷᠡᠭᠳᠡᠢ᠃ ᠡᠮᠴᠢᠯᠡᠭᠦᠯᠬᠦ ᠵᠠᠮ ᠳᠤ  ᠪᠠᠨ ᠬᠤᠪᠢ ᠪᠡᠶ᠎ᠡ ᠶᠢᠨ ᠰᠡᠷᠭᠡᠶᠢᠯᠡᠯᠳᠡ ᠶᠢ ᠰᠠᠶᠢᠳᠦᠷ ᠬᠢᠵᠣ᠂ ᠨᠡᠶᠢᠳᠡ ᠶᠢᠨ ᠲᠡᠷᠭᠡ ᠮᠠᠰᠢᠨ ᠳᠤ ᠰᠠᠭᠤᠬᠤ ᠠᠴᠠ ᠵᠠᠶᠢᠯᠠᠰᠬᠢᠬᠦ ᠬᠡᠷᠡᠭᠳᠡᠢ᠃     ᠲᠠᠪᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠬᠦ ᠸᠠᠺᠽᠢᠨ ᠲᠠᠷᠢᠬᠤ ᠪᠣᠯ ᠠᠷᠠᠳ ᠢᠷᠭᠡᠳ ᠨᠢᠭᠡᠪᠦᠷᠢ ᠶᠢᠨ ᠭᠦᠢᠴᠡᠳᠭᠡᠪᠡᠰᠦ ᠵᠣᠬᠢᠬᠤ ᠬᠠᠷᠢᠭᠤᠴᠠᠯᠭ᠎ᠠ ᠪᠠ ᠡᠭᠦᠷᠭᠡ ᠮᠦᠨ᠃ ᠲᠠᠷᠢᠯᠭ᠎ᠠ ᠲᠠᠷᠢᠬᠤ ᠨᠦᠭᠦᠴᠡᠯ ᠳᠤ ᠨᠡᠶᠢᠴᠡᠭᠰᠡᠨ ᠬᠤᠳᠠ ᠶᠢᠨ ᠠᠷᠠᠳ ᠸᠠᠺᠽᠢᠨ ᠤ ᠲᠠᠷᠢᠯᠭ᠎ᠠ ᠶᠢᠨ ᠴᠡᠭ ᠲᠤ ᠡᠮᠬᠢ ᠵᠢᠷᠦᠮ ᠲᠠᠢ ᠪᠠᠷ ᠬᠦᠷᠴᠦ ᠸᠠᠺᠽᠢᠨ ᠲᠠᠷᠢᠭᠤᠯᠬᠤ ᠬᠡᠷᠡᠭᠳᠡᠢ᠃     ᠵᠢᠷᠭᠤᠭ᠎ᠠ᠂ ᠦᠷᠭᠡᠨ ᠣᠯᠠᠨ ᠰᠠᠭᠤᠭᠠᠯᠢ ᠠᠷᠠᠳ ᠬᠢᠵᠢᠭ ᠤᠨ ᠡᠮᠦᠨ᠎ᠡ ᠯᠠᠪᠳᠠᠭᠤᠨ ᠲᠣᠭᠳᠠᠭᠤᠨ ᠪᠠᠶᠢᠬᠤ ᠬᠡᠷᠡᠭᠳᠡᠢ᠃ ᠴᠣᠣᠷᠬᠠᠯ ᠢ ᠢᠳᠡᠭᠡᠭᠦ ᠦᠭᠡᠢ᠂ ᠴᠣᠣᠷᠬᠠᠯ ᠢ ᠲᠠᠷᠬᠠᠭᠠᠬᠤ ᠦᠭᠡᠢ ᠪᠠᠷ ᠬᠢᠵᠢᠭ ᠤᠨ ᠪᠠᠶᠢᠳᠠᠯ ᠢ ᠰᠠᠷᠭᠡᠶᠢᠯᠡᠨ ᠬᠢᠵᠠᠭᠠᠷᠯᠠᠬᠤ ᠮᠡᠳᠡᠭᠡ ᠵᠠᠩᠬᠢ ᠶᠢ ᠠᠩᠬᠠᠷᠴᠦ᠂ ᠰᠢᠨᠵᠢᠯᠡᠬᠦ ᠣᠬᠠᠭᠠᠨᠴᠢ ᠪᠠᠷ ᠰᠡᠷᠭᠡᠶᠢᠯᠡᠨ ᠬᠢᠵᠠᠭᠠᠷᠯᠠᠬᠤ᠂ ᠣᠶᠣᠨᠴᠢ ᠪᠠᠷ ᠬᠠᠨᠳᠣᠬᠤ ᠨᠡᠶᠢᠭᠡᠮ ᠤᠨ ᠠᠭᠤᠷ ᠠᠮᠢᠰᠬᠤᠯ ᠢ ᠬᠠᠮᠳᠦ ᠪᠠᠷ ᠪᠣᠢ ᠪᠣᠯᠭᠠᠬᠤ ᠬᠡᠷᠡᠭᠳᠡᠢ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号