ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ ᠰᠤᠷᠤᠭᠴᠢᠳ ᠲᠤ ᠨᠡᠩ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠨ᠎ᠡ
ᠨᠡᠶᠢᠲᠡᠯᠡᠭᠰᠡᠨ ᠴᠠᠭ᠄
2021/10/9
    ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ ᠰᠤᠷᠤᠭᠴᠢᠳ ᠲᠤ ᠨᠡᠩ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠨ᠎ᠡ — ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠬᠡᠳᠤ ᠰᠤᠷᠭᠠᠭᠤᠯᠢ ᠶᠢᠨ ᠳᠡᠳ᠋ ᠵᠠᠬᠢᠷᠤᠯ᠂ ᠫᠷᠦᠹᠧᠰᠰᠤᠷ ᠡᠦ ᠶᠢᠩ ᠵᠧ ᠶᠢ ᠰᠤᠷᠪᠤᠯᠵᠢᠯᠠᠭᠰᠠᠨ ᠨᠢ                 ᠦᠪᠦᠷ ᠮᠤᠩᠭᠤᠯ ᠤᠨ ᠡᠳᠦᠷ ᠤᠨ ᠰᠤᠨᠢᠨ ᠤ ᠰᠤᠷᠪᠤᠯᠵᠢᠯᠠᠭᠴᠢ ᠨᠠᠪᠴᠢ     ︽ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠣᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠴᠤ ᠬᠡᠷᠡᠭᠯᠡᠬᠦ ᠴᠢᠬᠤᠯᠠ ᠠᠴᠢᠶᠠᠯᠠᠪᠤᠷᠢ ᠪᠠ ᠪᠦᠲᠦᠮᠵᠢᠲᠡᠢ ᠠᠷᠭ᠎ᠠ ᠵᠠᠮ ᠮᠥᠨ᠃ ᠤᠯᠠᠨ ᠵᠦᠢᠯ ᠤᠨ ᠦᠭᠡ ᠬᠡᠯᠡ ᠦᠰᠦᠭ ᠪᠢᠴᠢᠭ ᠢ ᠡᠵᠡᠮᠰᠢᠭᠰᠡᠨ ᠴᠥᠭᠡᠨ ᠲᠣᠭᠠᠲᠤ ᠦᠨᠳᠦᠰᠦᠲᠡᠨ ᠤ ᠪᠠᠭᠰᠢ ᠪᠣᠯᠤᠭᠰᠠᠨ ᠤ ᠬᠤᠪᠢ ᠳᠤ᠂ ᠮᠢᠨᠦ ᠦᠵᠡᠬᠦ ᠪᠠᠷ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠨᠢ ᠰᠤᠷᠤᠭᠴᠢᠳ ᠢ ᠬᠠᠷᠠᠬᠠᠨ ᠪᠠᠭ᠎ᠠ ᠠᠴᠠ ᠨᠢ ᠰᠠᠶᠢᠨ ᠰᠠᠶᠢᠬᠠᠨ ᠵᠣᠷᠢᠭ ᠰᠠᠨᠠᠭ᠎ᠠ ᠵᠠᠩ ᠠᠷᠠᠨᠰᠢᠨ᠂ ᠶᠣᠰᠣ ᠰᠤᠷᠲᠠᠬᠤᠨ ᠤ ᠬᠡᠪ ᠪᠣᠯᠪᠠᠰᠤᠷᠠᠯ ᠲᠠᠢ ᠪᠣᠯᠭᠠᠬᠤ᠂ ᠵᠥᠪ ᠣᠨᠣᠪᠴᠢᠲᠠᠢ ᠬᠠᠤᠯᠢᠵᠢᠯ ᠤᠨ ᠦᠵᠡᠯᠲᠡ ᠪᠣᠯᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠲᠠᠢ ᠪᠣᠯᠭᠠᠬᠤ᠂ ︿ᠲᠦᠷᠪᠡᠨ ᠢᠲᠡᠭᠡᠯ﹀ ᠢ ᠪᠠᠲᠤᠳᠬᠠᠬᠤ᠂ ︿ᠲᠠᠪᠤᠨ ᠬᠠᠮᠲᠤ ᠶᠢᠨ ᠲᠠᠨᠢᠯᠲᠠ﹀ ᠶᠢ ᠨᠡᠮᠡᠭᠳᠡᠬᠦᠯᠬᠦ ᠳᠤ ᠠᠰᠢᠭᠲᠠᠢ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠰᠣᠶᠣᠯ ᠮᠡᠳᠡᠯᠭᠡ ᠶᠢ ᠨᠡᠩ ᠰᠠᠶᠢᠨ ᠰᠤᠷᠤᠯᠴᠠᠬᠤ᠂ ᠨᠡᠩ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠳ᠋ᠯᠡᠬᠦ᠂ ᠨᠡᠶᠢᠭᠡᠮ ᠲᠠᠢ ᠨᠡᠩ ᠰᠠᠶᠢᠨ ᠠᠭᠤᠰᠤᠯᠴᠠᠬᠤ ᠳᠤ ᠠᠰᠢᠭᠲᠠᠢ ᠶᠤᠮ︾ ᠬᠡᠵᠦ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ᠂ ᠫᠷᠤᠹᠧᠰᠰᠤᠷ ᠦ᠋ ᠶᠢᠩ ᠵᠧ ᠤᠢᠢᠷ᠎ᠠ ᠳᠤ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠵᠤ ᠪᠠᠶᠢᠯ᠎ᠠ᠃ ᠡᠦ ᠶᠢᠩ ᠵᠧ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠠᠴᠠ ᠴᠥᠭᠡᠨ ᠲᠣᠭᠠᠲᠤ ᠦᠨᠳᠦᠰᠦᠲᠡᠨ ᠤ ᠦᠬᠡ ᠬᠡᠯᠡ ᠪᠠᠷ ᠰᠤᠷᠭᠠᠨ ᠬᠦᠮᠦᠵᠢᠯ ᠬᠦᠷᠳᠡᠵᠦ᠂ ᠪᠠᠭ᠎ᠠ ᠰᠤᠷᠭᠠᠭᠤᠯᠢ ᠶᠢᠨ ᠭᠤᠷᠪᠠᠳᠤᠭᠠᠷ ᠣᠨ ᠠᠴᠠ ᠡᠬᠢᠯᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠪᠠ᠃ ᠲᠡᠷᠡ᠄     ︽ᠡᠨᠡ ᠬᠤᠶᠠᠷ ᠵᠦᠢᠯ ᠤᠨ ᠬᠡᠯᠡ᠂ ᠬᠡᠯᠡᠨ ᠤ ᠲᠦᠷᠦᠯ ᠤᠨ ᠰᠤᠳᠤᠯᠤᠯ ᠳᠡᠭᠡᠷ᠎ᠡ ᠨᠡᠯᠢᠶᠡᠳ ᠶᠡᠭᠡ ᠵᠦᠷᠢᠶ᠎ᠡ ᠲᠠᠢ᠂ ᠠᠳᠠᠯᠢ ᠪᠤᠰᠤ ᠢᠵᠠᠭᠤᠷ ᠬᠡᠯᠡᠨ ᠳᠤ ᠬᠠᠷᠢᠶᠠᠯᠠᠭᠳᠠᠨ᠎ᠠ᠃ ᠡᠨᠡ ᠬᠤᠶᠠᠷ ᠵᠦᠢᠯ ᠤᠨ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠢ ᠡᠵᠡᠮᠰᠢᠬᠦ ᠶᠢᠨ ᠲᠥᠯᠥᠭᠡ᠂ ᠪᠢ ᠮᠠᠰᠢ ᠤᠯᠠᠨ ᠴᠠᠭ ᠪᠠ ᠤᠶᠤᠨ ᠴᠢᠳᠠᠯ ᠢᠶᠠᠨ ᠵᠠᠷᠤᠴᠠᠭᠤᠯᠵᠠᠢ᠂ ᠭᠡᠪᠡᠴᠦ ᠰᠤᠷᠤᠯᠴᠠᠬᠤ ᠶᠠᠪᠤᠴᠠ ᠲᠤᠮᠳᠠ ᠬᠦᠴᠢᠷ ᠠᠴᠠ ᠠᠶᠤᠬᠤ ᠦᠭᠡᠢ᠂ ᠰᠢᠨᠲᠠᠷᠠᠰᠢ ᠦᠭᠡᠢ ᠴᠢᠷᠮᠠᠶᠢᠬᠤ ᠵᠣᠷᠢᠭ ᠰᠠᠨᠠᠭ᠎ᠠ ᠲᠠᠢ ᠪᠣᠯᠵᠤ ᠬᠦᠮᠦᠵᠢᠭᠳᠡᠪᠡ᠂ ᠡᠨᠡ ᠨᠢ ᠮᠢᠨᠦ ᠰᠤᠷᠤᠯᠴᠠᠯᠭ᠎ᠠ᠂ ᠦᠰᠦᠨ ᠪᠤᠶᠢᠵᠢᠯᠲᠠ ᠳᠤ ᠮᠠᠰᠢ ᠶᠡᠭᠡ ᠬᠠᠪᠰᠤᠷᠤᠮᠵᠢ ᠪᠤᠯᠤᠭᠰᠠᠨ︾ ᠬᠡᠵᠦ ᠶᠠᠷᠢᠨ᠎ᠠ᠃ 1992 ᠣᠨ ᠳᠤ᠂ ᠡᠦ ᠶᠢᠩ ᠵᠧ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠰᠢᠯᠭᠠᠨ ᠣᠷᠣᠵᠤ᠂ ᠵᠢᠩᠬᠢᠨᠢ ᠠᠩᠬᠢ᠂ ᠠᠰᠫᠢᠷᠠᠨᠲ ᠪᠠ ᠳ᠋ᠣᠺᠲ᠋ᠣᠷᠨᠨᠲ ᠤᠨ ᠰᠤᠷᠤᠯᠴᠠᠯᠭ᠎ᠠ ᠪᠠᠨ ᠵᠠᠯᠭᠠᠭ᠎ᠠ ᠪᠠᠷ ᠪᠡᠶᠡᠯᠡᠬᠦᠯᠵᠡᠢ᠃ ᠡᠨᠡ ᠬᠦ ᠬᠤᠭᠤᠴᠠᠭᠠᠨ ᠳᠤ᠂ ᠲᠡᠷᠡ ᠪᠠᠰᠠ ᠠᠩᠭ᠍ᠯᠢ ᠬᠡᠯᠡ᠂ ᠶᠠᠫᠣᠨ ᠬᠡᠯᠡ ᠵᠡᠷᠭᠡ ᠬᠡᠳᠦᠨ ᠭᠠᠳᠠᠭᠠᠳᠤ ᠬᠡᠯᠡ ᠰᠤᠷᠤᠭᠰᠠᠨ ᠪᠠᠶᠢᠨ᠎ᠠ᠃ ᠣᠯᠠᠨ ᠵᠦᠢᠯ ᠤᠨ ᠦᠭᠡ ᠬᠡᠯᠡ ᠦᠰᠦᠭ ᠪᠢᠴᠢᠭ ᠢ ᠰᠤᠷᠴᠤ ᠡᠵᠡᠮᠰᠢᠭᠰᠡᠨ ᠨᠢ ᠬᠡᠯᠡᠨ ᠤ ᠰᠤᠳᠤᠯᠭᠠᠨ ᠬᠢᠳᠡᠭ ᠡᠦ ᠶᠢᠩ ᠵᠧ ᠳᠤ ᠶᠡᠭᠡᠭᠡᠨ ᠠᠴᠢ ᠲᠤᠰᠠ ᠦᠵᠡᠬᠦᠯᠵᠦ᠂ ᠡᠷᠳᠡᠮ ᠰᠢᠨᠵᠢᠯᠡᠭᠡᠨ ᠤ ᠰᠤᠳᠤᠯᠭᠠᠨ ᠢ ᠨᠢ ᠤᠯᠠᠮ ᠬᠦᠨᠵᠡᠭᠡᠶᠢᠷᠡᠬᠦᠯᠵᠡᠢ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢᠨ ᠴᠢᠬᠤᠯᠠ ᠠᠴᠢ ᠬᠤᠯᠪᠣᠭᠳᠠᠯ ᠤᠨ ᠲᠤᠬᠠᠢ ᠡᠤ ᠶᠢᠩ ᠵᠧ᠄    ︽ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠤᠯᠤᠰ ᠤᠨ ᠨᠡᠷᠡᠳᠤ ᠲᠤᠰᠬᠠᠢ ᠮᠡᠷᠭᠡᠵᠢᠯᠲᠡᠨ ᠡᠷᠳᠡᠮᠲᠡᠨ᠂ ᠡᠮᠦᠨ᠎ᠡ ᠹᠷᠣᠨᠲ ᠤᠨ ᠭᠤᠣᠯᠯᠠᠭᠴᠢ ᠪᠠᠭᠰᠢ ᠨᠠᠷ ᠨᠠᠶᠢᠷᠠᠭᠤᠯᠤᠨ ᠪᠢᠴᠢᠭᠰᠡᠨ ᠶᠤᠮ᠃ ᠰᠤᠷᠤᠭᠴᠢᠳ ᠤᠨ ᠲᠠᠨᠢᠨ ᠮᠡᠳᠡᠬᠦᠢ ᠶᠢᠨ ᠵᠢᠮ᠎ᠡ ᠶᠣᠰᠣ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠢᠮ᠎ᠡ ᠶᠣᠰᠣ ᠶᠢ ᠵᠢᠷᠤᠮᠯᠠᠵᠤ᠂ ᠰᠤᠷᠤᠭᠴᠢᠳ ᠤᠨ ᠦᠵᠡᠯ ᠰᠠᠨᠠᠭ᠎ᠠ᠂ ᠰᠤᠷᠤᠯᠴᠠᠯᠭ᠎ᠠ᠂ ᠠᠮᠢᠳᠤᠷᠠᠯ ᠤᠨ ᠪᠣᠳᠠᠲᠠᠢ ᠪᠠᠶᠢᠳᠠᠯ ᠲᠠᠢ ᠤᠢᠢᠷᠠᠳᠤᠵᠤ ᠴᠢᠳᠠᠵᠠᠢ᠃ ᠵᠢᠭᠠᠬᠤ ᠮᠠᠲ᠋ᠧᠷᠢᠶᠠᠯ ᠤᠨ ᠠᠭᠤᠯᠭ᠎ᠠ ᠨᠢ ᠰᠤᠷᠤᠭᠴᠢᠳ ᠤᠨ ᠰᠣᠨᠣᠰᠴᠤ ᠤᠩᠰᠢᠵᠤ ᠪᠢᠴᠢᠬᠦ ᠴᠢᠳᠠᠪᠤᠷᠢ ᠪᠣᠯᠤᠨ ᠰᠡᠳᠬᠢᠬᠦᠢ ᠶᠢ ᠬᠥᠭᠵᠢᠭᠦᠯᠬᠦ ᠳᠤ ᠠᠰᠢᠭᠲᠠᠢ ᠮᠦᠷᠳᠡᠬᠡᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠤᠯᠠᠮᠵᠢᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠰᠡᠯᠡᠩ ᠢᠲᠡᠭᠡᠯ ᠪᠢᠰᠢᠷᠡᠯ ᠢ ᠪᠠᠲᠤᠳᠬᠠᠬᠤ ᠳᠤ ᠠᠰᠢᠭᠲᠠᠢ ᠶᠤᠮ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠳᠤ ᠴᠢᠬᠤᠯᠠ ᠪᠥᠭᠡᠳ ᠣᠨᠴᠠᠭᠠᠶ ᠬᠦᠮᠦᠨ ᠬᠥᠮᠦᠵᠢᠭᠦᠯᠬᠦ ᠴᠢᠳᠠᠪᠬᠢ ᠲᠠᠢ᠃ ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯ ᠰᠢᠵᠢᠮ ᠢ ᠲᠤᠭᠤᠰᠢᠯᠠᠭᠤᠯᠬᠤ᠂ ᠢᠳᠡᠭ ᠢᠳᠡᠭ ᠢᠶᠠᠷ ᠬᠦᠨᠵᠡᠭᠡᠶᠢᠷᠡᠬᠦᠯᠬᠦ᠂ ᠡᠷᠭᠢᠭᠦᠯᠭᠡᠨ ᠬᠡᠯᠪᠡᠷᠢ ᠪᠠᠷ ᠳᠡᠭᠡᠭᠰᠢᠯᠡᠬᠦᠯᠬᠦ‍ ᠨᠢᠭᠡ ᠴᠣᠭᠴᠠᠵᠢᠭᠰᠠᠨ ᠴᠢᠳᠠᠪᠤᠷᠢᠲᠠᠨ ᠬᠥᠮᠦᠵᠢᠭᠦᠯᠬᠦ ᠪᠠᠶᠢᠷᠢᠰᠢᠯ ᠢ ᠪᠦᠷᠢᠯᠳᠦᠭᠦᠯᠬᠦ ᠳᠤ ᠠᠰᠢᠭᠲᠠᠶ ᠪᠠᠶᠢᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠣᠷᠣᠯᠠᠭᠤᠯᠵᠤ ᠪᠣᠯᠤᠰᠢ ᠥᠬᠡᠶ ᠦᠶ᠋ᠯᠡᠳᠦᠯ ᠲᠠᠢ ᠶᠤᠮ︾ ᠬᠡᠯ᠎ᠡ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯ ᠤᠯᠤᠰ ᠤᠨ ᠲᠠᠰ ᠤᠨ᠂ ᠥᠨᠳᠥᠷ ᠲᠦᠪᠰᠢᠨ ᠪᠦᠬᠦᠢ᠂ ᠡᠷᠬᠡ ᠰᠦᠷᠲᠦ ᠴᠢᠨᠠᠷᠲᠠᠶ ᠵᠢᠭᠠᠬᠤ ᠮᠠᠲ᠋ᠧᠷᠢᠶᠠᠯ ᠪᠣᠯᠤᠨ᠎ᠠ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠪᠣᠯᠤᠨ ᠨᠡᠶᠢᠭᠡᠮ ᠵᠢᠷᠤᠮ ᠤᠨ ᠰᠣᠶᠣᠯ ᠬᠥᠮᠦᠵᠢᠯ ᠢ ᠴᠢᠩᠭᠠᠳᠬᠠᠬᠤ ᠪᠠᠷ ᠨᠠᠶᠢᠷᠠᠭᠤᠯᠤᠨ ᠪᠢᠴᠢᠬᠦ ᠵᠠᠷᠴᠢᠮ ᠪᠤᠯᠭᠠᠵᠤ᠂ ᠥᠷᠭᠡᠨ ᠣᠯᠠᠨ ᠰᠤᠷᠤᠭᠴᠢᠳ ᠢ ᠬᠠᠪᠰᠤᠷᠤᠨ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠦᠨ ᠪᠣᠯᠬᠤ ᠳᠤ ᠠᠰᠢᠭᠲᠠᠶ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠨᠢ ᠣᠭ ᠦᠨᠳᠦᠰᠦ ᠪᠠᠨ ᠥᠯᠥ ᠮᠠᠷᠲᠠᠬᠤ᠂ ᠭᠠᠳᠠᠭᠠᠳᠤ ᠶᠢᠨ ᠬᠢ ᠶᠢ ᠰᠢᠩᠭᠡᠭᠡᠨ ᠠᠪᠬᠤ᠂ ᠢᠷᠡᠭᠡᠳᠦᠶ ᠳᠤ ᠬᠠᠨᠳᠤᠬᠤ ᠱᠠᠭᠠᠷᠳᠠᠯᠭ᠎ᠠ ᠪᠠᠷ᠂ ᠠᠭᠤᠯᠭ᠎ᠠ ᠶᠢᠨ ᠲᠠᠯ᠎ᠠ ᠳᠤ ᠦᠶ᠎ᠡ ᠶᠢᠨ ᠦᠶ᠎ᠡ ᠳᠤ ᠤᠯᠠᠮᠵᠢᠯᠠᠬᠤ ᠶᠢ ᠢᠯᠡᠷᠡᠬᠦᠯᠦᠭᠰᠡᠨ ᠢᠶᠠᠷ ᠪᠠᠷᠠᠬᠤ ᠥᠬᠡᠶ ᠪᠠᠰᠠ ᠴᠠᠭ ᠦᠶᠡᠴᠢ ᠴᠢᠨᠠᠷ ᠢ ᠢᠯᠡᠷᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠪᠠ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠢ ᠲᠤᠰᠬᠠᠵᠤ᠂ ᠠᠯᠤᠰ ᠬᠡᠲᠦ ᠶᠢᠨ ᠴᠢᠨᠠᠷᠲᠠᠶ ᠪᠥᠭᠡᠳ ᠣᠯᠠᠨ ᠤᠯᠤᠰ ᠤᠨ ᠬᠠᠷᠠᠭᠠᠰᠤ ᠲᠠᠢ ᠪᠠᠶᠢᠵᠤ᠂ ᠰᠤᠷᠤᠭᠴᠢᠳ ᠤᠨ ᠬᠠᠷᠠᠭ᠎ᠠ ᠪᠠᠨ ᠥᠷᠭᠡᠳᠬᠡᠬᠦ ᠳᠤ ᠠᠰᠢᠭᠲᠠᠶ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠨᠢ ᠦᠨᠳᠦᠰᠦᠲᠡᠨ ᠤ ᠭᠠᠵᠠᠷ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠩ ᠴᠢᠨᠠᠷ ᠰᠠᠶᠢᠲᠠᠶ ᠰᠤᠷᠭᠠᠨ ᠬᠥᠮᠦᠵᠢᠯ ᠭᠥᠷᠳᠡᠬᠦ ᠳᠤ ᠠᠰᠢᠭᠲᠠᠶ ᠪᠠᠶᠢᠵᠤ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠠᠯᠤᠰ ᠬᠡᠲᠦ ᠶᠢᠨ ᠪᠣᠳᠠᠲᠤ ᠠᠴᠢ ᠬᠤᠯᠪᠣᠭᠳᠠᠯ ᠲᠠᠢ ᠶᠤᠮ ᠬᠡᠵᠦ ᠡᠦ ᠶᠢᠩ ᠵᠧ ᠫᠷᠤᠹᠧᠰᠰᠤᠷ ᠢᠯᠡᠳᠭᠡᠪᠠ᠃ ᠰᠤᠷᠭᠠᠭᠤᠯᠢ ᠪᠣᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠭᠤᠣᠯ ᠵᠢᠭᠰᠠᠭᠠᠯ ᠤᠨ ᠭᠠᠵᠠᠷ ᠪᠠ ᠭᠤᠣᠯ ᠠᠷᠭ᠎ᠠ ᠵᠠᠮ ᠮᠥᠨ᠃ ᠶᠡᠭᠡ ᠳᠡᠭᠡᠳᠦ ᠰᠤᠷᠭᠠᠭᠤᠯᠢ ᠶᠢᠨ ᠫᠷᠤᠹᠧᠰᠰᠤᠷ ᠪᠣᠯᠤᠭᠰᠠᠨ ᠤ ᠬᠤᠪᠢ ᠳᠤ᠂ ᠦ᠋ ᠶᠢᠩ ᠵᠧ ᠶᠢᠨ ᠦᠵᠡᠬᠦ ᠪᠠᠷ᠂ ᠰᠤᠷᠭᠠᠭᠤᠯᠢ ᠨᠢ ᠪᠠᠭᠰᠢ ᠶᠢᠨ ᠡᠩᠨᠡᠭᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠡᠵᠡᠮᠰᠢᠨ ᠬᠡᠷᠡᠭᠯᠡᠬᠦ ᠳᠤ ᠴᠢᠨᠠᠷ ᠰᠠᠶᠢᠲᠠᠶ ᠪᠠᠭᠰᠢ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠰᠤᠷᠭᠠᠭᠤᠯᠢ ᠨᠢ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠰᠢᠨ᠎ᠡ ᠵᠠᠭᠪᠤᠷ ᠢ ᠦᠷᠭᠦᠯᠵᠢᠯᠡᠨ ᠰᠦᠪᠡᠭᠴᠢᠯᠡᠵᠦ᠂ ᠭᠤᠤᠯ ᠰᠡᠳᠦᠪᠲᠦ ᠬᠥᠮᠦᠵᠢᠯ ᠤᠨ ᠬᠡᠯᠪᠡᠷᠢ ᠪᠠ ᠠᠭᠤᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠵᠢᠯᠯᠠᠭ᠎ᠠ ᠶᠢᠨ ᠠᠭᠤᠯᠬᠤᠨ ᠢ ᠥᠷᠭᠡᠳᠬᠡᠵᠦ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠠᠩᠬᠢᠮ ᠢ ᠰᠤᠳᠤᠯᠤᠨ ᠰᠤᠷᠤᠯᠴᠠᠬᠤ ᠦᠶ᠋ᠯᠡᠳᠦᠯᠭᠡ ᠶᠢᠨ ᠨᠡᠶᠢᠭᠡᠮ ᠤᠨ ᠶᠡᠭᠡ ᠬᠢᠴᠢᠶᠡᠯ ᠤᠨ ᠲᠠᠩᠬᠢᠮ ᠯᠤᠭ᠎ᠠ ᠣᠷᠭᠠᠨᠢᠭ ᠢᠶᠠᠷ ᠤᠶᠠᠯᠳᠤᠭᠤᠯᠤᠨ᠂ ᠰᠤᠷᠤᠭᠴᠢᠳ ᠤᠨ ᠦᠵᠡᠯ ᠰᠠᠨᠠᠭᠠᠨ ᠤ ᠲᠠᠨᠢᠨ ᠮᠡᠳᠡᠷᠡᠬᠦᠢ᠂ ᠬᠠᠶᠢᠷ᠎ᠠ ᠰᠡᠳᠬᠢᠯᠭᠡ ᠶᠢᠨ ᠲᠠᠨᠢᠨ ᠮᠡᠳᠡᠷᠡᠬᠦᠢ ᠪᠠᠨ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠲᠠᠰᠤᠷᠠᠯᠲᠠ ᠥᠬᠡᠶ ᠦᠶ᠋ᠯᠡᠳᠦᠯᠭᠡᠵᠢᠭᠦᠯᠬᠦ ᠪᠠ ᠬᠡᠷᠡᠭᠯᠡᠬᠦ ᠪᠠᠷ ᠳᠠᠮᠵᠢᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠬᠡᠷᠡᠭᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠤᠯᠠᠮ ᠴᠢᠨᠠᠭᠰᠢᠳᠠ ᠳᠡᠬᠡᠭᠰᠢᠯᠡᠬᠦᠯᠬᠦ ᠶᠢ ᠬᠦᠳᠦᠯᠦᠨ ᠵᠢᠯᠤᠭᠤᠳᠬᠤ ᠬᠡᠷᠡᠭᠳᠡᠢ ᠬᠡᠪᠡ᠃ ᠰᠤᠷᠭᠠᠭᠤᠯᠢ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠤᠨ ᠬᠥᠮᠦᠵᠢᠯ ᠢ ᠬᠡᠷᠬᠢᠨ ᠦᠷᠭᠦᠯᠵᠢᠯᠡᠨ ᠭᠦᠨᠵᠡᠭᠡᠶ ᠥᠷᠨᠢᠭᠦᠯᠬᠦ ᠲᠤᠬᠠᠶ ᠦ᠋ ᠶᠢᠩ ᠵᠧ᠄ ︽ᠪᠢᠳᠡ ︿ᠬᠢᠴᠢᠶᠡᠯ ᠤᠨ ᠳᠠᠩᠬᠢᠮ ᠤᠨ ᠦᠵᠡᠯ ᠰᠠᠨᠠᠭ᠎ᠠ ᠤᠯᠤᠰ ᠲᠥᠷᠥ﹀ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠬᠢᠴᠢᠶᠡᠯ ᠳᠤ ᠠᠭᠤᠯᠤᠭᠳᠠᠵᠤ ᠪᠠᠶᠢᠭ᠎ᠠ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠡᠯᠧᠮᠧᠨ᠋ᠲ ᠢ ᠡᠮᠬᠢᠯᠡᠨ ᠳᠢᠭᠯᠡᠵᠦ᠂ ᠬᠢᠴᠢᠶᠡᠯ ᠳᠤ ᠠᠭᠤᠯᠤᠭᠳᠠᠵᠤ ᠪᠠᠶᠢᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠦᠵᠡᠯ ᠰᠠᠨᠠᠭ᠎ᠠ ᠶᠢ ᠠᠭᠤᠳᠠᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠤᠨ ᠬᠥᠮᠦᠵᠢᠯ ᠢ ᠡᠳᠦᠷ ᠲᠤᠲᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠪᠥᠬᠦ ᠶᠠᠪᠤᠴᠠ᠂ ᠡᠯ᠎ᠡ ᠭᠤᠭᠴᠤᠭ᠎ᠠ ᠳᠤ ᠠᠭᠤᠰᠬᠠᠨ ᠤᠷᠤᠭᠤᠯᠬᠤ ᠬᠡᠷᠡᠭᠳᠡᠢ᠃ ᠭᠤᠤᠯ ᠰᠡᠳᠦᠪᠲᠦ ᠬᠥᠮᠦᠵᠢᠯ᠂ ᠴᠠᠭ ᠤᠨ ᠪᠠᠶᠢᠳᠠᠯ ᠬᠢᠭᠡᠳ ᠲᠥᠷᠥ ᠶᠢᠨ ᠪᠣᠳᠣᠯᠭ᠎ᠠ ᠶᠢᠨ ᠬᠢᠴᠢᠶᠡᠯ᠂ ᠭᠤᠤᠯ ᠰᠡᠳᠦᠪᠲᠦ ᠨᠠᠮ ᠤᠨ ᠡᠳᠦᠷᠯᠢᠭ ᠡᠪᠯᠡᠯ ᠤᠨ ᠡᠳᠦᠷᠯᠢᠭ ᠵᠢᠴᠢ ᠰᠤᠷᠭᠠᠭᠤᠯᠢ ᠶᠢᠨ ᠬᠦᠷᠢᠶᠡᠨ ᠤ ᠨᠠᠷᠠᠲᠤ ᠲᠡᠮᠳᠡᠭᠲᠦ ᠰᠣᠶᠣᠯ ᠤᠨ ᠠᠵᠢᠯᠯᠠᠭ᠎ᠠ ᠵᠡᠷᠭᠡ ᠪᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠬᠥᠮᠦᠵᠢᠯ ᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠪᠠᠭᠰᠢ ᠰᠤᠷᠤᠭᠴᠢᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠵᠠᠯᠠᠭᠤ ᠰᠤᠷᠤᠭᠴᠢᠳ ᠤᠨ ᠰᠡᠳᠬᠢᠯ ᠳᠤ ᠭᠦᠨ ᠦᠨᠳᠦᠰᠦᠯᠡᠭᠦᠯᠬᠦ ᠬᠡᠷᠡᠭᠳᠡᠢ︾ ᠬᠡᠯ᠎ᠡ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号