1. ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠲᠡᠬᠦᠨ ᠤ ᠪᠦᠷᠢᠯᠳᠤᠬᠦᠨ ᠢᠶᠠᠨ ᠭᠤᠤᠯ ᠦᠢᠯᠡᠴᠢᠯᠡᠬᠦ | ᠡᠳᠡᠭᠡᠳ ᠪᠤᠯᠭᠠᠵᠤ᠂ ᠲᠤᠤᠷᠡᠬᠢ ᠮᠡᠳᠤ ᠶᠢᠨ ᠨᠢᠭᠡ ᠪᠤᠶᠤ ᠤᠯᠠᠨ ᠲᠦᠷᠦᠯ ᠤᠨ ᠲᠤᠬᠠᠢᠢᠯᠠᠬᠰᠠᠨ ᠠᠵᠢᠯ ᠤᠨ | ᠦᠢᠯᠡᠴᠢᠯᠡᠭᠡ ᠦᠷᠨᠢᠬᠦᠯᠬᠦ ᠭᠡᠷᠡᠭᠳᠡᠢ᠄ | ︵ᠨᠢᠭᠡ︶ ᠲᠠᠷᠢᠶᠠᠯᠠᠩ ᠤᠨ ᠦᠢᠯᠡᠳᠪᠤᠷᠢᠯᠡᠯ ᠤᠨ ᠭᠡᠷᠡᠭᠰᠡᠯ ᠢ ᠬᠤᠳᠠᠯᠳᠤᠨ ᠠᠪᠬᠤ᠂ ᠭᠡᠷᠡᠭᠯᠡᠬᠦ︔ | ︵ᠬᠤᠶᠠᠷ︶ ᠲᠠᠷᠢᠶᠠᠯᠠᠩ ᠤᠨ ᠭᠠᠷᠤᠯᠳᠠ ᠶᠢ ᠦᠢᠯᠡᠳᠪᠤᠷᠢᠯᠡᠬᠦ᠂ ᠪᠤᠷᠤᠯᠠᠭᠤᠯᠬᠤ᠂ ᠡᠳ᠋ᠰᠢᠬᠦᠯᠬᠦ᠂ | ᠲᠡᠭᠡᠭᠡᠪᠤᠷᠢᠯᠠᠬᠦ᠂ ᠬᠠᠳᠠᠭᠠᠯᠠᠬᠤ ᠪᠠ ᠪᠤᠰᠤᠳ ᠬᠤᠯᠪᠤᠬᠳᠠᠯ ᠪᠦᠬᠦᠢ ᠦᠢᠯᠡᠴᠢᠯᠡᠭᠡ︔ | ︵ᠭᠤᠷᠪᠠ︶ ᠬᠦᠳᠡᠭᠡ ᠲᠤᠰᠬᠤᠨ ᠤ ᠠᠷᠠᠳ ᠤᠨ ᠭᠠᠷ ᠤᠷᠠᠯᠠᠯ ᠵᠢᠴᠢ ᠪᠦᠳᠤᠭᠡᠭᠳᠡᠬᠦᠨ᠂ ᠰᠡᠯᠡᠬᠦᠴᠡᠯ ᠤᠨ | ᠲᠠᠷᠢᠶᠠᠯᠠᠩ ᠪᠠ ᠬᠦᠳᠡᠭᠡ ᠲᠤᠰᠬᠤᠨ ᠤ ᠵᠤᠭᠠᠴᠠᠯ ᠤᠨ ᠡᠬᠢ ᠪᠠᠶᠠᠯᠢᠭ ᠢ ᠨᠡᠭᠡᠭᠡᠵᠤ ᠡᠵᠡᠩᠨᠡᠬᠦ ᠵᠡᠷᠭᠡ︔ | ︵ᠲᠦᠷᠪᠡ︶ ᠲᠠᠷᠢᠶᠠᠯᠠᠩ ᠤᠨ ᠦᠢᠯᠡᠳᠪᠤᠷᠢᠯᠡᠯ ᠡᠵᠡᠩᠨᠡᠯᠳᠡ ᠶᠢᠨ ᠬᠤᠯᠪᠤᠬᠳᠠᠯ ᠪᠦᠬᠦᠢ ᠮᠡᠷᠭᠡᠵᠢᠯ᠂ ᠮᠡᠳᠡᠭᠡ | ᠵᠠᠩᠭᠢ᠂ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠡᠵᠡᠩᠨᠡᠯᠳᠡ ᠵᠡᠷᠭᠡ ᠶᠢᠨ ᠦᠢᠯᠡᠴᠢᠯᠡᠭᠡ᠃ | 2. ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠪᠦᠷᠢᠯᠳᠤᠬᠦᠨ ᠲᠤᠤᠷᠡᠬᠢ ᠮᠡᠳᠤ ᠶᠢᠨ ᠡᠷᠭᠡ ᠠᠰᠢᠭ ᠢ | ᠡᠳ᠋ᠯᠡᠬᠦ ᠡᠷᠭᠡ ᠲᠠᠢ᠄ | ︵ᠨᠢᠭᠡ︶ ᠪᠦᠷᠢᠯᠳᠤᠬᠦᠨ ᠤ ᠬᠤᠷᠠᠯ ᠳᠤ ᠤᠷᠤᠯᠴᠠᠬᠤ ᠶᠢᠨ ᠬᠠᠮᠳᠤ ᠪᠠᠳᠤᠯᠠᠬᠤ ᠡᠷᠭᠡ᠂ ᠰᠤᠩᠭᠤᠬᠤ ᠡᠷᠭᠡ | ᠪᠠ ᠰᠤᠩᠭᠤᠬᠳᠠᠬᠤ ᠡᠷᠭᠡ ᠶᠢ ᠡᠳ᠋ᠯᠡᠨ᠂ ᠲᠦᠷᠢᠮ ᠤᠨ ᠲᠤᠬᠳᠠᠭᠠᠯ ᠶᠤᠰᠤᠭᠠᠷ ᠲᠤᠰ ᠬᠤᠷᠰᠢᠶ᠎ᠠ ᠳᠤ | ᠠᠷᠠᠳᠴᠢᠯᠠᠬᠰᠠᠨ ᠬᠠᠮᠢᠶᠠᠷᠤᠯᠳᠠ ᠬᠢᠬᠦ︔ | ︵ᠬᠤᠶᠠᠷ︶ ᠲᠤᠰ ᠬᠤᠷᠰᠢᠶᠠᠨ ᠤ ᠬᠠᠨᠭ᠍ᠭᠠᠬᠰᠠᠨ ᠦᠢᠯᠡᠴᠢᠯᠡᠭᠡ ᠪᠠ ᠦᠢᠯᠡᠳᠪᠤᠷᠢᠯᠡᠯ ᠡᠵᠡᠩᠨᠡᠯᠳᠡ ᠶᠢᠨ | ᠲᠦᠬᠦᠭᠡᠷᠤᠮᠵᠢ ᠶᠢ ᠠᠰᠢᠬᠯᠠᠬᠤ︔ | ︵ᠭᠤᠷᠪᠠ︶ ᠲᠦᠷᠢᠮ ᠤᠨ ᠲᠤᠬᠳᠠᠭᠠᠯ ᠪᠤᠶᠤ ᠪᠦᠷᠢᠯᠳᠤᠬᠦᠨ ᠤ ᠶᠡᠭᠡ ᠬᠤᠷᠠᠯ ᠤᠨ ᠰᠢᠢᠳᠪᠤᠷᠢ ᠶᠤᠰᠤᠭᠠᠷ | ᠠᠰᠢᠬ ᠬᠤᠨᠵᠢᠪᠤᠷᠢ ᠶᠢ ᠬᠤᠪᠢᠶᠠᠷᠢᠯᠠᠬᠤ︔ | ︵ᠲᠦᠷᠪᠡ︶ ᠲᠤᠰ ᠬᠤᠷᠰᠢᠶᠠᠨ ᠤ ᠲᠦᠷᠢᠮ᠂ ᠪᠦᠷᠢᠯᠳᠤᠬᠦᠨ ᠤ ᠨᠡᠷᠡᠰ᠂ ᠪᠦᠷᠢᠯᠳᠤᠬᠦᠨ ᠤ ᠶᠡᠭᠡ ᠬᠤᠷᠠᠯ | ᠪᠤᠶᠤ ᠪᠦᠷᠢᠯᠳᠤᠬᠦᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠲᠡᠮᠳᠡᠭᠯᠡᠯ᠂ ᠭᠡᠷᠡᠭ ᠡᠷᠬᠢᠯᠡᠭᠴᠢᠳ ᠤᠨ | ᠬᠤᠷᠠᠯ ᠤᠨ ᠰᠢᠢᠳᠪᠤᠷᠢ᠂ ᠬᠢᠨᠠᠯᠳᠠ ᠲᠠᠯᠪᠢᠬᠤ ᠺᠤᠮᠢᠰ ᠤᠨ ᠰᠢᠢᠳᠪᠤᠷᠢ᠂ ᠡᠳ᠋ ᠤᠨ ᠶᠠᠪᠤᠳᠠᠯ ᠤᠨ ᠨᠢᠬᠳᠠᠯᠠᠨ | ᠪᠤᠳᠤᠬᠴᠢ ᠶᠢᠨ ᠮᠡᠳᠡᠬᠦᠯᠦᠯᠳᠡ᠂ ᠨᠢᠬᠳᠠᠯᠠᠨ ᠪᠤᠳᠤᠬᠤ ᠲᠠᠩᠰᠠ ᠡᠪᠭᠡᠮᠡᠯ ᠪᠠ ᠡᠳ᠋ ᠤᠨ ᠶᠠᠪᠤᠳᠠᠯ ᠤᠨ ᠬᠢᠨᠠᠨ | ᠪᠤᠳᠤᠯᠳᠠ ᠶᠢᠨ ᠮᠡᠳᠡᠬᠦᠯᠦᠯᠳᠡ ᠶᠢ ᠪᠠᠶᠢᠴᠠᠭᠠᠨ ᠦᠵᠡᠬᠦ︔ | ︵ᠲᠠᠪᠤ︶ ᠲᠦᠷᠢᠮ ᠳᠤ ᠲᠤᠬᠳᠠᠭᠠᠬᠰᠠᠨ ᠪᠤᠰᠤᠳ ᠡᠷᠭᠡ᠃ | 3. ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠪᠦᠷᠢᠯᠳᠤᠬᠦᠨ ᠲᠤᠤᠷᠠᠬᠢ ᠮᠡᠳᠤ ᠶᠢᠨ ᠡᠬᠦᠷᠭᠡ ᠶᠢ | ᠡᠬᠦᠷᠭᠡᠯᠡᠬᠦ ᠭᠡᠷᠡᠭᠳᠡᠢ᠄ | ︵ᠨᠢᠭᠡ︶ ᠪᠦᠷᠢᠯᠳᠤᠬᠦᠨ ᠤ ᠶᠡᠭᠡ ᠬᠤᠷᠠᠯ᠂ ᠪᠦᠷᠢᠯᠳᠤᠬᠦᠨ ᠤ ᠲᠦᠯᠦᠭᠡᠯᠡᠭᠴᠢᠳ ᠤᠨ ᠶᠡᠭᠡ ᠬᠤᠷᠠᠯ ᠪᠠ | ᠭᠡᠷᠡᠭ ᠡᠷᠬᠢᠯᠡᠭᠴᠢᠳ ᠤᠨ ᠬᠤᠷᠠᠯ ᠤᠨ ᠰᠢᠢᠳᠪᠤᠷᠢ ᠶᠢ ᠭᠡᠷᠡᠭᠵᠢᠬᠦᠯᠤᠨ᠎ᠠ︔ | ︵ᠬᠤᠶᠠᠷ︶ ᠲᠦᠷᠢᠮ ᠤᠨ ᠲᠤᠬᠳᠠᠭᠠᠯ ᠶᠤᠰᠤᠭᠠᠷ ᠲᠤᠰ ᠬᠤᠷᠰᠢᠶ᠎ᠠ ᠳᠤ ᠪᠡᠯᠡ ᠭᠠᠷᠭᠠᠨ᠎ᠠ︔ | ︵ᠭᠤᠷᠪᠠ︶ ᠲᠦᠷᠢᠮ ᠤᠨ ᠲᠤᠬᠳᠠᠭᠠᠯ ᠶᠤᠰᠤᠭᠠᠷ ᠲᠤᠰ ᠬᠤᠷᠰᠢᠶ᠎ᠠ ᠲᠠᠢ ᠠᠷᠠᠯᠵᠢᠶ᠎ᠠ ᠬᠢᠨ᠎ᠠ︔ | ︵ᠲᠦᠷᠪᠠ︶ ᠲᠦᠷᠢᠮ ᠤᠨ ᠲᠤᠬᠳᠠᠭᠠᠯ ᠶᠤᠰᠤᠭᠠᠷ ᠬᠤᠬᠢᠷᠠᠯ ᠢ ᠲᠠᠭᠠᠭᠠᠨ᠎ᠠ︔ | ︵ᠲᠠᠪᠤ︶ ᠲᠦᠷᠢᠮ ᠳᠤ ᠲᠤᠬᠳᠠᠭᠠᠬᠰᠠᠨ ᠪᠤᠰᠤᠳ ᠡᠬᠦᠷᠭᠡ᠃ | 4. ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠪᠦᠷᠢᠯᠳᠤᠬᠦᠨ ᠤ ᠶᠡᠭᠡ ᠬᠤᠷᠠᠯ ᠨᠢ ᠪᠦᠬᠦ | ᠪᠦᠷᠢᠯᠳᠤᠬᠦᠨ ᠢᠶᠠᠷ ᠪᠦᠷᠢᠯᠳᠤᠵᠤ᠂ ᠲᠤᠰ ᠬᠤᠷᠰᠢᠶᠠᠨ ᠤ ᠡᠷᠭᠡᠳᠤ ᠪᠠᠶᠢᠭᠤᠯᠤᠮᠵᠢ ᠪᠤᠯᠤᠨ᠎ᠠ᠃ ᠲᠡᠷᠡ ᠨᠢ ᠲᠤᠤᠷᠠᠬᠢ | ᠮᠡᠳᠤ ᠶᠢᠨ ᠡᠷᠭᠡ ᠲᠤᠰᠢᠶᠠᠯ ᠢ ᠬᠦᠢᠴᠡᠳᠭᠡᠨ᠎ᠠ᠄ | ︵ᠨᠢᠭᠡ︶ ᠲᠦᠷᠢᠮ ᠢ ᠵᠠᠰᠠᠵᠤ ᠦᠭᠡᠷᠡᠴᠢᠯᠡᠬᠦ︔ | ︵ᠬᠤᠶᠠᠷ︶ ᠭᠡᠷᠡᠭ ᠡᠷᠬᠢᠯᠡᠭᠴᠢᠳ ᠤᠨ ᠲᠠᠷᠤᠭ᠎ᠠ᠂ ᠭᠡᠷᠡᠭ ᠡᠷᠬᠢᠯᠡᠭᠴᠢ᠂ ᠬᠦᠢᠴᠡᠳᠭᠡᠬᠦ ᠬᠢᠨᠠᠯᠳᠠ ᠲᠠᠯᠪᠢᠬᠴᠢ | ᠪᠤᠶᠤ ᠬᠢᠨᠠᠯᠳᠠ ᠲᠠᠯᠪᠢᠬᠤ ᠺᠤᠮᠢᠰ ᠤᠨ ᠭᠡᠰᠢᠬᠦᠨ ᠢ ᠰᠤᠩᠭᠤᠨ ᠲᠤᠮᠢᠯᠠᠬᠤ ᠪᠠ ᠲᠤᠰᠢᠶᠠᠯ ᠠᠴᠠ ᠤᠬᠴᠠᠷᠠᠭᠤᠯᠬᠤ︔ | ︵ᠭᠤᠷᠪᠠ︶ ᠴᠢᠬᠤᠯᠠ ᠶᠡᠭᠡ ᠡᠳ᠋ ᠬᠦᠷᠤᠩᠭᠡ ᠶᠢ ᠲᠤᠬᠢᠷᠠᠭᠤᠯᠬᠤ᠂ ᠭᠠᠳᠠᠬᠰᠢ ᠪᠡᠯᠡ ᠤᠷᠤᠭᠤᠯᠬᠤ᠂ | ᠭᠠᠳᠠᠬᠰᠢ ᠪᠠᠳᠤᠯᠠᠨ ᠲᠠᠭᠠᠭᠠᠬᠤ ᠪᠠ ᠦᠢᠯᠡᠳᠪᠤᠷᠢᠯᠡᠯ ᠡᠵᠡᠩᠨᠡᠯᠳᠡ ᠶᠢᠨ ᠠᠵᠢᠯᠯᠠᠭ᠎ᠠ ᠲᠤᠮᠳᠠᠬᠢ ᠪᠤᠰᠤᠳ ᠴᠢᠬᠤᠯᠠ | ᠶᠡᠭᠡ ᠤᠴᠢᠷ ᠶᠠᠪᠤᠳᠠᠯ ᠢ ᠲᠤᠬᠳᠠᠭᠠᠬᠤ︔ | ︵ᠲᠦᠷᠪᠡ︶ ᠤᠨ ᠤ ᠲᠤᠬᠠᠢᠢᠯᠠᠬᠰᠠᠨ ᠠᠵᠢᠯ ᠤᠨ ᠮᠡᠳᠡᠬᠦᠯᠦᠯᠳᠡ᠂ ᠠᠰᠢᠭ ᠬᠤᠨᠵᠢᠪᠤᠷᠢ ᠶᠢᠨ | ᠬᠤᠪᠢᠶᠠᠷᠢᠯᠠᠯᠳᠠ ᠶᠢᠨ ᠲᠦᠰᠦᠯ᠂ ᠬᠤᠬᠢᠷᠠᠯ ᠢ ᠰᠢᠢᠳᠪᠤᠷᠢᠯᠡᠬᠦ ᠲᠦᠰᠤᠯ ᠢ ᠵᠦᠪᠰᠢᠶᠡᠷᠡᠬᠦ︔ | ︵ᠲᠠᠪᠤ︶ ᠨᠡᠶᠢᠯᠡᠬᠦᠯᠬᠦ᠂ ᠰᠠᠯᠭᠠᠬᠤ᠂ ᠲᠠᠷᠬᠠᠭᠠᠬᠤ᠂ ᠳ᠋ᠦᠡᠭᠨᠡᠨ ᠲᠤᠭᠠᠴᠠᠬᠤ ᠵᠢᠴᠢ ᠬᠤᠯᠪᠤᠭᠠᠳᠤ | ᠬᠤᠷᠰᠢᠶ᠎ᠠ ᠶᠢ ᠪᠠᠶᠢᠭᠤᠯᠬᠤ᠂ ᠬᠤᠯᠪᠤᠭᠠᠳᠤ ᠬᠤᠷᠰᠢᠶᠠᠨ ᠳᠤ ᠤᠷᠤᠬᠤ ᠵᠡᠷᠭᠡ ᠳᠤ ᠰᠢᠢᠳᠪᠤᠷᠢ ᠭᠠᠷᠭᠠᠬᠤ︔ | ︵ᠵᠢᠷᠭᠤᠭ᠎ᠠ︶ ᠡᠵᠡᠩᠨᠡᠨ ᠬᠠᠮᠢᠶᠠᠷᠤᠬᠴᠢ ᠪᠠ ᠲᠤᠰᠬᠠᠢ ᠮᠡᠷᠭᠡᠵᠢᠯᠳᠡᠨ ᠢ ᠤᠷᠢᠬᠤ ᠲᠤᠭ᠎ᠠ ᠭᠡᠮᠵᠢᠶ᠎ᠠ᠂ ᠬᠢᠷᠢ | ᠭᠡᠮ ᠪᠠ ᠲᠤᠰᠢᠶᠠᠯ ᠡᠬᠦᠷᠭᠡᠯᠡᠬᠦ ᠬᠤᠭᠤᠴᠠᠭ᠎ᠠ ᠶᠢ ᠲᠤᠬᠳᠠᠭᠠᠬᠤ︔ | ︵ᠲᠤᠯᠤᠭ᠎ᠠ︶ ᠭᠡᠷᠡᠭ ᠡᠷᠬᠢᠯᠡᠭᠴᠢᠳ ᠤᠨ ᠲᠠᠷᠤᠭ᠎ᠠ ᠪᠤᠶᠤ ᠭᠡᠷᠡᠭ ᠡᠷᠬᠢᠯᠡᠭᠴᠢ ᠶᠢᠨ ᠭᠡᠰᠢᠬᠦᠨ ᠤ | ᠬᠤᠪᠢᠷᠠᠯᠳᠠ ᠶᠢᠨ ᠪᠠᠶᠢᠳᠠᠯ ᠤᠨ ᠲᠤᠬᠠᠢ ᠮᠡᠳᠡᠬᠦᠯᠦᠯᠳᠡ ᠶᠢ ᠰᠤᠨᠤᠰᠴᠤ᠂ ᠪᠦᠷᠢᠯᠳᠤᠬᠦᠨ ᠤ ᠬᠤᠷᠰᠢᠶ᠎ᠠ ᠳᠤ ᠤᠷᠤᠬᠤ᠂ | ᠨᠡᠷᠡᠰ ᠠᠴᠠ ᠬᠠᠰᠤᠬᠤ ᠵᠡᠷᠭᠡ ᠳᠤ ᠰᠢᠢᠳᠪᠤᠷᠢ ᠭᠠᠷᠭᠠᠬᠤ︔ | ︵ᠨᠠᠢᠮᠠ︶ ᠨᠡᠶᠢᠳᠡ ᠶᠢᠨ ᠬᠤᠷᠠᠮᠳᠤᠭᠤᠯᠭ᠎ᠠ ᠶᠢᠨ ᠮᠦᠡᠭᠬᠦ ᠶᠢ ᠭᠠᠷᠭᠠᠨ ᠠᠪᠬᠤ ᠵᠢᠴᠢ ᠭᠡᠷᠡᠭᠯᠡᠬᠦ︔ | ︵ᠶᠢᠰᠤ︶ ᠲᠦᠷᠢᠮ ᠳᠤ ᠲᠤᠬᠳᠠᠭᠠᠬᠰᠠᠨ ᠪᠤᠰᠤᠳ ᠡᠷᠭᠡ ᠲᠤᠰᠢᠶᠠᠯ᠃ |