ᠮᠠᠯ ᠵᠢᠬᠦᠷᠳᠠᠨ ᠤ ᠬᠡᠮ ᠬᠢᠵᠢᠭ ᠤᠨ ᠰᠡᠷᠬᠡᠶᠢᠯᠡᠯᠳᠠ ᠳᠤ ᠭᠤᠷᠪᠠᠨ ᠵᠦᠢᠯ ᠤᠨ ᠨᠦᠬᠦᠪᠤᠷᠢ ᠪᠤᠢ
ᠨᠡᠶᠢᠲᠡᠯᠡᠭᠰᠡᠨ ᠴᠠᠭ᠄
2021/10/9
    ᠦᠪᠤᠷ ᠮᠤᠩᠭᠤᠯ ᠤᠨ ᠦᠨᠢᠶᠡᠨ ᠰᠦ᠂ ᠪᠤᠭ ᠮᠠᠯ ᠤᠨ ᠮᠢᠬ᠎ᠠ᠂ ᠦᠬᠡᠷ ᠤᠨ ᠮᠢᠬ᠎ᠠ ᠪᠤᠯᠤᠨ ᠨᠤᠤᠰᠤ ᠨᠤᠤᠯᠤᠭᠤᠷ ᠤᠨ ᠭᠠᠷᠤᠯᠳᠠ ᠴᠦᠮ ᠪᠦᠬᠦ ᠤᠯᠤᠰ ᠲᠤ ᠳᠡᠷᠢᠬᠦᠯᠡᠵᠤ᠂ ᠨᠡᠷ᠎ᠡ ᠨᠢᠳᠡᠷ ᠲᠡᠭᠡᠨ ᠳᠡᠩᠴᠡᠭᠰᠡᠨ ᠮᠠᠯ ᠠᠵᠤ ᠠᠬᠤᠢ ᠶᠢᠨ ᠳᠤᠮᠤ ᠤᠷᠤᠨ ᠪᠤᠯᠵᠠᠢ᠃ ᠳᠠᠶᠢᠮᠤ ᠪᠤᠯᠬᠤᠷ ᠮᠠᠯ ᠤᠨ ᠬᠡᠮ ᠬᠢᠵᠢᠭ ᠢ ᠰᠡᠷᠬᠡᠶᠢᠯᠡᠬᠦ ᠨᠢ ᠮᠠᠯ ᠠᠵᠤ ᠠᠬᠤᠢ ᠶᠢᠨ ᠬᠦᠭᠵᠢᠯᠳᠠ᠂ ᠮᠠᠯᠴᠢᠨ ᠳᠠᠷᠢᠶᠠᠴᠢᠨ ᠤ ᠤᠷᠤᠯᠭ᠎ᠠ ᠶᠢᠨ ᠨᠡᠮᠡᠭᠳᠡᠯ ᠲᠠᠢ ᠰᠢᠭᠤᠤᠨ ᠬᠤᠯᠪᠤᠭᠳᠠᠬᠤ ᠪᠠᠷ ᠪᠠᠷᠠᠬᠤ ᠦᠬᠡᠢ ᠪᠠᠰᠠ ᠪᠦᠬᠦ ᠤᠷᠤᠨ ᠤ ᠠᠵᠤ ᠠᠬᠤᠢ ᠶᠢᠨ ᠬᠦᠭᠵᠢᠯᠳᠠ᠂ ᠠᠷᠠᠤᠨ ᠲᠦᠮᠡᠨ ᠤ ᠡᠷᠡᠬᠦᠯ ᠮᠠᠨᠳᠤ ᠪᠤᠯᠤᠨ ᠨᠠᠶᠢᠬᠡᠮ ᠤᠨ ᠳᠤᠭᠳᠠᠭᠤᠨ ᠳᠤ ᠬᠤᠯᠪᠤᠭᠳᠠᠬᠤ ᠴᠢᠬᠤᠯᠠ ᠶᠠᠪᠤᠳᠠᠯ ᠪᠤᠯᠬᠤ ᠶᠤᠮ᠃     ᠦᠪᠡᠷᠳᠡᠬᠡᠨ ᠵᠠᠰᠠᠬᠤ ᠤᠷᠤᠨ ᠠᠴᠠ ᠮᠠᠯ ᠵᠢᠬᠦᠷᠳᠠᠨ ᠤ ᠬᠡᠮ ᠬᠢᠵᠢᠭ ᠢ ᠰᠡᠷᠬᠡᠶᠢᠯᠡᠬᠦ ᠡᠯ᠎ᠡ ᠵᠦᠢᠯ ᠤᠨ ᠠᠵᠢᠯ  ᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠨ ᠯᠠᠪᠳᠠᠭᠤᠨ ᠪᠠᠳᠤᠳᠠᠢ ᠠᠬᠢᠭᠤᠯᠤᠭᠰᠠᠭᠠᠷ ᠢᠷᠡᠵᠡᠢ᠃ ᠡᠨᠡ ᠵᠢᠯ ᠮᠠᠨ ᠤ ᠤᠷᠤᠨ ᠮᠠᠯ ᠵᠢᠬᠦᠷᠳᠠᠨ ᠤ ᠬᠡᠮ ᠬᠢᠵᠢᠭ ᠢ ᠰᠡᠷᠬᠡᠶᠢᠯᠡᠬᠦ ᠨᠦᠬᠦᠪᠤᠷᠢ ᠶᠢᠨ ᠲᠦᠷᠤ ᠶᠢᠨ ᠪᠤᠳᠤᠯᠭ᠎ᠠ ᠶᠢ ᠦᠷᠬᠦᠯᠵᠢᠯᠡᠨ ᠬᠡᠷᠡᠭᠵᠢᠬᠦᠯᠵᠤ᠂ ᠭᠤᠤᠯᠳᠠᠭᠤ ᠳᠤᠤᠷᠠᠬᠢ ᠭᠤᠷᠪᠠᠨ ᠳᠠᠯ᠎ᠠ ᠪᠠᠷ ᠨᠦᠬᠦᠪᠤᠷᠢ ᠤᠯᠭᠤᠵᠤ ᠪᠠᠶᠢᠨ᠎ᠠ᠃     ᠨᠢᠬᠡ᠂ ᠡᠬᠡᠯᠢᠯᠡᠭᠡ ᠬᠢᠬᠦ ᠨᠦᠬᠦᠪᠤᠷᠢ     ᠤᠯᠤᠰ ᠪᠠ ᠦᠪᠡᠷᠳᠡᠬᠡᠨ ᠵᠠᠰᠠᠬᠤ ᠤᠷᠤᠨ ᠠᠴᠠ ᠰᠢᠯᠤᠬᠡᠢ᠂ ᠪᠤᠭ ᠮᠠᠯ ᠤᠨ ᠬᠢᠵᠢᠭ᠂ ᠭᠤᠤᠷ ᠡᠪᠡᠤᠨᠴᠢᠨ᠂ ᠹᠷᠦ᠋ᠼᠧᠯ ᠡᠪᠡᠤᠨᠴᠢᠨ᠂ ᠵᠢᠬᠦᠷᠳᠠᠨ ᠤ ᠬᠠᠯᠳᠠᠪᠤᠷᠢᠳᠤ ᠳᠠᠭᠰᠢᠭᠤᠷ ᠵᠡᠷᠬᠡ ᠬᠡᠮ ᠬᠢᠵᠢᠭ ᠲᠤ ᠠᠯᠪᠠ ᠪᠠᠷ ᠡᠬᠡᠯᠢᠯᠡᠭᠡ ᠬᠢᠯᠬᠡᠵᠤ ᠪᠠᠶᠢᠨ᠎ᠠ᠃ ᠡᠬᠡᠯᠢᠯᠡᠭᠡ ᠬᠢᠬᠦ ᠨᠦᠬᠦᠪᠤᠷᠢ ᠶᠢ ᠸᠠᠺᠼᠢᠨ ᠪᠤᠯᠤᠨ ᠬᠤᠷᠤᠬᠠᠢ ᠬᠦᠬᠡᠬᠡᠬᠦ ᠡᠮ ᠢ ᠬᠤᠳᠠᠯᠳᠤᠨ ᠠᠪᠬᠤ᠂ ᠬᠠᠳᠠᠭᠠᠯᠠᠬᠤ ᠪᠠ ᠳᠠᠷᠢᠯᠭ᠎ᠠ ᠬᠢᠬᠦ᠂ ᠡᠮ ᠴᠢᠤᠨᠬᠤᠬᠤ ᠵᠢᠴᠢ ᠡᠬᠡᠯᠢᠯᠡᠭᠡ ᠶᠢᠨ ᠦᠷ᠎ᠠ ᠪᠦᠳᠤᠮᠵᠢ ᠶᠢ ᠬᠢᠨᠠᠨ ᠪᠠᠶᠢᠴᠠᠭᠠᠵᠤ ᠦᠨᠡᠯᠡᠬᠦ᠂ ᠠᠵᠢᠯᠳᠠᠨ ᠤ ᠦᠪᠡᠷ ᠢ ᠪᠠᠨ ᠰᠡᠷᠬᠡᠶᠢᠯᠡᠨ ᠬᠠᠮᠠᠭᠠᠯᠠᠬᠤ ᠵᠡᠷᠬᠡ ᠬᠠᠮᠢᠶ᠎ᠠ ᠪᠦᠬᠦᠢ ᠰᠡᠷᠬᠡᠶᠢᠯᠡᠨ ᠬᠢᠵᠠᠭᠠᠷᠯᠠᠬᠤ ᠠᠵᠢᠯ ᠳᠤ ᠬᠡᠷᠡᠭᠯᠡᠬᠦ ᠪᠦᠬᠡᠤᠨ ᠮᠠᠯ ᠵᠢᠬᠦᠷᠳᠠᠨ ᠤ ᠬᠡᠮ ᠬᠢᠵᠢᠭ ᠢ ᠰᠡᠷᠬᠡᠶᠢᠯᠡᠬᠦ ᠤᠶᠢᠯᠡᠴᠢᠯᠡᠭᠡ ᠶᠢ ᠬᠡᠷᠡᠭᠵᠢᠬᠦᠯᠬᠦ ᠪᠠ ᠬᠤᠳᠠᠯᠳᠤᠨ ᠠᠪᠬᠤ ᠵᠡᠷᠬᠡ ᠳᠤ ᠬᠡᠷᠡᠭᠯᠡᠨ᠎ᠡ᠃ ᠨᠦᠬᠦᠴᠡᠯ ᠳᠤ ᠨᠠᠶᠢᠴᠡᠭᠰᠡᠨ ᠳᠡᠵᠢᠬᠡᠪᠤᠷᠢ ᠶᠢᠨ ᠳᠠᠯᠠᠪᠠᠢ ᠪᠤᠯᠤᠨ ᠳᠡᠵᠢᠬᠡᠪᠤᠷᠢ ᠶᠢᠨ ᠡᠷᠤᠬᠡ ᠳᠤ ︽ᠤᠷᠢᠤᠨ ᠢᠶᠠᠷ ᠳᠠᠷᠢᠯᠭ᠎ᠠ ᠬᠢᠵᠤ ᠳᠠᠷᠠᠭ᠎ᠠ ᠨᠢ ᠨᠦᠬᠦᠪᠤᠷᠢ ᠦᠭᠬᠦ︾ ᠶᠢ ᠬᠡᠷᠡᠭᠵᠢᠬᠦᠯᠵᠤ᠂ ᠤᠷᠤᠨ ᠨᠤᠳᠤᠭ ᠤᠨ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠳᠤᠭᠳᠠᠭᠠᠯ ᠶᠤᠰᠤᠭᠠᠷ ᠨᠦᠬᠦᠪᠤᠷᠢ ᠦᠭᠴᠤ ᠪᠠᠶᠢᠨ᠎ᠠ᠃     ᠬᠤᠶᠠᠷ᠂ ᠬᠡᠮ ᠬᠢᠵᠢᠭ ᠲᠠᠢ ᠮᠠᠯ ᠵᠢᠬᠦᠷᠳᠠᠨ ᠢ ᠰᠢᠢᠤᠨᠪᠤᠷᠢᠯᠡᠬᠦ ᠨᠦᠬᠦᠪᠤᠷᠢ     ᠤᠯᠤᠰ ᠠᠴᠠ ᠮᠠᠯ ᠵᠢᠬᠦᠷᠳᠠᠨ ᠤ ᠬᠡᠮ ᠬᠢᠵᠢᠭ ᠢ ᠰᠡᠷᠬᠡᠶᠢᠯᠡᠨ ᠬᠢᠵᠠᠭᠠᠷᠯᠠᠵᠤ ᠠᠷᠢᠯᠭᠠᠬᠤ ᠶᠠᠪᠤᠴᠠ ᠳᠤ ᠮᠠᠯ ᠵᠢᠬᠦᠷᠳᠠᠨ ᠢ ᠠᠯᠪᠠ ᠪᠠᠷ ᠰᠢᠢᠤᠨᠪᠤᠷᠢᠯᠡᠭᠰᠡᠨ ᠪᠤᠯ ᠡᠵᠡᠨ ᠳᠤ ᠨᠢ ᠵᠤᠬᠢᠬᠤ ᠨᠦᠬᠦᠪᠤᠷᠢ ᠤᠯᠭᠤᠵᠤ᠂ ᠬᠠᠭᠠᠰ ᠵᠢᠯ ᠳᠤ ᠨᠢᠬᠡ ᠤᠳᠠᠭ᠎ᠠ ᠳᠠᠰᠤᠯᠤᠨ ᠪᠤᠳᠤᠵᠤ ᠪᠠᠶᠢᠨ᠎ᠠ᠃ ᠤᠯᠤᠰ ᠪᠠ ᠦᠪᠡᠷᠳᠡᠬᠡᠨ ᠵᠠᠰᠠᠬᠤ ᠤᠷᠤᠨ ᠠᠴᠠ ᠰᠢᠯᠤᠬᠡᠢ᠂ ᠪᠤᠭ ᠮᠠᠯ ᠤᠨ ᠬᠢᠵᠢᠭ᠂ ᠹᠷᠦ᠋ᠼᠧᠯ ᠡᠪᠡᠤᠨᠴᠢᠨ᠂ ᠰᠦᠷᠢᠶ᠎ᠠ ᠡᠪᠡᠤᠨᠴᠢᠨ᠂ ᠭᠤᠤᠷ ᠡᠪᠡᠤᠨᠴᠢᠨ᠂ ᠠᠳᠤᠭᠤᠨ ᠤ ᠶᠠᠮ᠎ᠠ᠂ ᠠᠳᠤᠭᠤᠨ ᠤ ᠬᠠᠯᠳᠠᠪᠤᠷᠢᠳᠤ ᠴᠢᠨᠠᠷᠳᠠᠢ ᠴᠢᠰᠤ ᠳᠤᠳᠠᠬᠤ ᠬᠡᠮ᠂ ᠠᠹᠷᠢᠺᠠ ᠲᠢᠪ ᠤᠨ ᠭᠠᠭ᠋ᠠᠢ ᠶᠢᠨ ᠬᠢᠵᠢᠭ᠂ ᠬᠡᠮᠨᠡᠬᠦᠯᠬᠦ ᠴᠢᠨᠠᠷ ᠢᠶᠠᠷ ᠴᠢᠩᠭ᠎ᠠ ᠵᠢᠬᠦᠷᠳᠠᠨ ᠤ ᠬᠠᠯᠳᠠᠪᠤᠷᠢᠳᠤ ᠳᠠᠭᠰᠢᠭᠤᠷ ᠲᠠᠢ ᠮᠠᠯ ᠵᠢᠬᠦᠷᠳᠠᠨ ᠢ ᠠᠯᠪᠠ ᠪᠠᠷ ᠰᠢᠢᠤᠨᠪᠤᠷᠢᠯᠡᠵᠤ ᠪᠠᠶᠢᠬᠤ ᠮᠦᠷᠳᠡᠬᠡᠨ ᠨᠦᠬᠦᠪᠤᠷᠢ ᠦᠭᠬᠦ ᠬᠡᠪᠴᠢᠶᠡᠨ ᠳᠤ ᠤᠷᠤᠭᠤᠯᠪᠠ᠃ ᠡᠬᠦᠨ ᠳᠤ ᠰᠠᠭᠠᠯᠢ ᠶᠢᠨ ᠦᠨᠢᠶ᠎ᠡ ᠪᠦᠷᠢ ᠳᠤ 6000 ᠲᠦᠬᠦᠷᠢᠭ᠂ ᠮᠢᠬᠠᠨ ᠤ ᠦᠬᠡᠷ ᠪᠤᠯᠭᠠᠨ ᠳᠤ 3000 ᠲᠦᠬᠦᠷᠢᠭ᠂ ᠪᠤᠭ ᠮᠠᠯ ᠪᠦᠷᠢ  ᠳᠤ 500 ᠲᠦᠬᠦᠷᠢᠭ᠂ ᠠᠳᠤᠭᠤ ᠪᠤᠯᠭᠠᠨ ᠳᠤ 1.2 ᠲᠦᠮᠡᠨ ᠲᠦᠬᠦᠷᠢᠭ᠂ ᠵᠢᠬᠦᠷᠳᠠᠨ ᠪᠦᠷᠢ ᠳᠤ 15 ᠲᠦᠬᠦᠷᠢᠭ᠂ ᠭᠠᠭ᠋ᠠᠢ ᠪᠤᠯᠭᠠᠨ ᠳᠤ 800 ᠲᠦᠬᠦᠷᠢᠭ ᠤᠨ ᠪᠠᠷᠢᠮᠵᠢᠶ᠎ᠠ ᠪᠠᠷ ᠨᠦᠬᠦᠪᠤᠷᠢ ᠤᠯᠭᠤᠵᠤ᠂ ᠪᠠᠰᠠ ᠡᠬᠦᠨ  ᠢᠶᠠᠷ ᠯᠠᠪᠯᠠᠯᠳᠠ ᠪᠤᠯᠭᠠᠨ ᠪᠤᠰᠤᠤᠨ ᠠᠯᠪᠠ ᠪᠠᠷ ᠰᠢᠢᠤᠨᠪᠤᠷᠢᠯᠡᠭᠰᠡᠨ ᠮᠠᠯ ᠤᠨᠤᠭ᠎ᠠ ᠳᠤ ᠴᠤ ᠨᠦᠬᠦᠪᠤᠷᠢ ᠦᠭᠴᠤ ᠪᠠᠶᠢᠨ᠎ᠠ᠃     ᠭᠤᠷᠪᠠ᠂ ᠬᠤᠤᠷ ᠦᠬᠡᠶᠢᠳᠡᠬᠦᠯᠤᠨ ᠠᠷᠢᠯᠭᠠᠬᠤ ᠨᠦᠬᠦᠪᠤᠷᠢ     ︽ᠬᠡᠨ ᠠᠷᠢᠯᠭᠠᠪᠠᠯ ᠬᠡᠨ ᠳᠤ ᠨᠦᠬᠦᠪᠤᠷᠢ ᠦᠭᠬᠦ︾ ᠵᠠᠷᠴᠢᠮ ᠶᠤᠰᠤᠭᠠᠷ᠂ ᠭᠤᠤᠯᠳᠠᠭᠤ ᠬᠡᠮᠨᠡᠵᠤ ᠦᠬᠦᠭᠰᠡᠨ ᠭᠠᠭ᠋ᠠᠢ ᠵᠡᠷᠬᠡ ᠶᠢ ᠴᠤᠭᠯᠠᠭᠤᠯᠬᠤ᠂ ᠰᠢᠯᠵᠢᠬᠦᠯᠤᠨ ᠵᠦᠬᠡᠬᠡᠪᠤᠷᠢᠯᠡᠬᠦ᠂ ᠬᠤᠤᠷ ᠦᠬᠡᠶᠢᠳᠡᠬᠦᠯᠤᠨ ᠠᠷᠢᠯᠭᠠᠭᠰᠡᠨ ᠬᠦᠮᠤᠰ ᠲᠤ ᠨᠦᠬᠦᠪᠤᠷᠢ ᠤᠯᠭᠤᠵᠤ ᠪᠠᠶᠢᠨ᠎ᠠ᠃ ᠬᠠᠮᠢᠶ᠎ᠠ ᠪᠦᠬᠦᠢ ᠨᠦᠬᠦᠴᠡᠯ ᠳᠤ ᠨᠠᠶᠢᠴᠡᠭᠰᠡᠨ ᠮᠦᠷᠳᠡᠬᠡᠨ ᠵᠢᠯ ᠳᠤ 50 ᠠᠴᠠ ᠳᠡᠬᠡᠭᠰᠢ ᠭᠠᠭ᠋ᠠᠢ ᠪᠤᠷᠤᠯᠠᠭᠤᠯᠵᠤ ᠪᠠᠶᠢᠭ᠎ᠠ ᠳᠡᠵᠢᠬᠡᠪᠤᠷᠢ ᠶᠢᠨ ᠳᠠᠯᠠᠪᠠᠢ ︵ᠳᠤᠭᠤᠷᠢᠭ︶ ᠶᠢᠨ ᠬᠡᠮᠨᠡᠵᠤ ᠦᠬᠦᠭᠰᠡᠨ ᠭᠠᠭ᠋ᠠᠢ ᠢ ᠬᠤᠤᠷ ᠦᠬᠡᠶᠢᠳᠡᠬᠦᠯᠤᠨ ᠠᠷᠢᠯᠭᠠᠭᠰᠡᠨ ᠪᠤᠯ ᠭᠠᠭ᠋ᠠᠢ ᠪᠦᠷᠢ ᠳᠤ 80 ᠲᠦᠬᠦᠷᠢᠭ ᠢᠶᠠᠷ ᠨᠦᠬᠦᠪᠤᠷᠢ ᠤᠯᠭᠤᠵᠤ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号