ᠮᠠᠨ ᠤ ᠬᠤᠰᠢᠭᠤᠨ ᠤ ᠣᠳᠣᠷᠢᠳᠬᠤ ᠺᠠᠳ᠋ᠷᠴᠣᠳ ᠬᠤᠪᠢᠶᠠᠷᠢ ᠬᠤᠷᠠᠯ ᠤᠨ ᠲᠡᠯᠡᠪᠤᠷ ᠲᠤ ᠪᠦᠬᠦ ᠬᠤᠲᠠ  ᠶᠢᠨ ᠨᠡᠬᠦᠷᠡᠰᠦᠨ ᠤ ᠬᠠᠩᠭᠠᠯᠭ᠎ᠠ ᠶᠢ ᠪᠠᠲᠤᠯᠠᠨ ᠦᠨ᠎ᠡ ᠬᠠᠩᠰᠢ ᠶᠢ ᠲᠤᠭᠲᠠᠪᠤᠷᠢᠵᠢᠭᠤᠯᠬᠤ ᠲᠤᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/11/1
    10 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠪᠦᠬᠦ ᠬᠤᠲᠠ ᠶᠢᠨ ᠨᠡᠬᠦᠷᠡᠰᠦᠨ ᠤ ᠬᠠᠩᠭᠠᠯᠭ᠎ᠠ  ᠶᠢ ᠪᠠᠲᠤᠯᠠᠨ ᠦᠨ᠎ᠡ ᠬᠠᠩᠰᠢ ᠶᠢ ᠲᠤᠭᠲᠠᠪᠤᠷᠢᠵᠢᠭᠤᠯᠬᠤ ᠲᠤᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠵᠣ᠂ ᠣᠯᠣᠰ ᠤᠨ ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ ᠪᠠ ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠣᠯᠠᠮᠵᠢᠯᠠᠨ᠂ ᠳᠠᠷᠠᠭᠠᠴᠢ ᠶᠢᠨ ᠱᠠᠲᠤᠨ ᠤ ᠨᠡᠬᠦᠷᠡᠰᠦᠨ ᠤ ᠬᠠᠩᠭᠠᠯᠭ᠎ᠠ ᠶᠢ ᠪᠠᠲᠤᠯᠠᠨ ᠦᠨ᠎ᠡ ᠬᠠᠩᠰᠢ ᠶᠢ ᠲᠤᠭᠲᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠦᠪᠡᠷᠲᠡᠭᠡᠨ ᠵᠠᠰᠠᠬᠤ ᠣᠷᠣᠨ ᠤ ᠡᠨᠧᠷᠬᠢ ᠶᠢᠨ ᠲᠤᠪᠴᠢᠶᠠᠨ ᠤ ᠳᠠᠷᠤᠭ᠎ᠠ ᠸᠠᠩ ᠶᠢᠨ ᠪᠣᠣ ᠸᠢᠳᠢᠤ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠨ᠂ ᠬᠤᠲᠠ ᠶᠢᠨ ᠳᠡᠳ᠋ ᠳᠠᠷᠤᠭ᠎ᠠ ᠯᠢᠦ ᠹᠧᠩ ᠶᠦᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᡁᠢ ᠬᠤᠷᠠᠯ ᠳᠤ ᠣᠷᠣᠯᠴᠠᠪᠠ᠃     ᠳ᠋ᠦ᠋ ᠬᠤᠢ ᠯᠢᠶᠠᠩ ᠠᠴᠠ ᠣᠶᠢᠷ᠎ᠠ ᠶᠢᠨ ᠡᠳᠦᠷ ᠠᠴᠠ ᠨᠠᠭᠠᠰᠢ᠂ ᠡᠯ᠎ᠡ ᠬᠤᠰᠢᠭᠤ ᠲᠤᠭᠤᠷᠢᠭ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠯ᠎ᠡ ᠨᠡᠬᠦᠷᠡᠰᠦᠨ ᠤ ᠠᠵᠤ ᠠᠬᠤᠶᠢᠯᠠᠯ ᠤᠨ ᠬᠢᠨ ᠲᠦᠪ ᠬᠤᠷᠢᠶ᠎ᠠ᠂ ᠦᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠢᠳᠡᠪᠬᠢᠲᠡᠢ ᠪᠠᠷ ᠬᠦᠳᠡᠯᠦᠯᠴᠡᠨ᠂ ᠬᠦᠴᠢᠷ ᠪᠡᠷᠭᠡ ᠶᠢ ᠢᠯᠠᠨ ᠳᠠᠪᠠᠵᠤ᠂ ᠨᠡᠭᠦᠷᠡᠰᠦᠨ ᠤ ᠦᠢᠯᠡᠳᠪᠦᠷᠢᠯᠡᠯ ᠢ ᠨᠡᠮᠡᠭᠳᠡᠬᠦᠯᠦᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠨ᠂ ᠪᠦᠬᠦ ᠣᠯᠣᠰ ᠤᠨ ᠡᠨᠧᠷᠬᠢ ᠶᠢᠨ ᠬᠠᠩᠭᠠᠯᠭ᠎ᠠ ᠶᠢ ᠪᠠᠲᠤᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃ ᠣᠳᠣᠬᠠᠨ ᠳᠤ᠂ ᠪᠦᠬᠦ ᠣᠯᠣᠰ ᠤᠨ ᠡᠨᠧᠷᠬᠢ ᠶᠢᠨ ᠬᠠᠩᠭᠠᠯᠭ᠎ᠠ ᠶᠢᠨ ᠪᠠᠶᠢᠳᠠᠯ ᠮᠦᠨ ᠬᠦᠨᠳᠦ ᠨᠣᠴᠢᠲᠠᠢ ᠪᠣᠯᠬᠤᠷ ᠣᠯᠣᠰ ᠲᠦᠷᠦ ᠶᠢᠨ ᠵᠤᠭᠰᠣᠴᠠ ᠪᠠᠨ ᠣᠯᠠᠮ ᠨᠢᠬᠡ ᠠᠯᠬᠤᠮ ᠳᠡᠭᠡᠭᠰᠢᠯᠡᠬᠦᠯᠵᠦ᠂ ᠪᠦᠬᠦ ᠲᠠᠯ᠎ᠠ ᠶᠢᠨ ᠤᠬᠠᠮᠰᠠᠷ ᠢᠶᠠᠨ ᠴᠢᠩᠭᠠᠳᠬᠠᠨ᠂ ᠣᠯᠠᠨ ᠠᠷᠭ᠎ᠠ ᠠᠪᠴᠠᠯ ᠢᠶᠠᠷ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠬᠦᠯᠵᠦ᠂ ᠬᠠᠤᠯᠢ ᠶᠤᠰᠤᠭᠠᠷ ᠦᠢᠯᠡᠳᠪᠦᠷᠢᠯᠡᠯ ᠤᠨ ᠴᠢᠳᠠᠮᠵᠢ ᠪᠠᠨ ᠳᠡᠭᠡᠭᠰᠢᠯᠡᠬᠦᠯᠵᠦ᠂ ᠠᠶᠤᠯᠬᠦᠢ ᠮᠦᠷᠲᠡᠭᠡᠨ ᠲᠤᠭᠲᠠᠭᠤᠨ ᠢᠶᠠᠷ ᠦᠢᠯᠡᠳᠪᠦᠷᠢᠯᠡᠯ ᠢᠶᠠᠨ ᠨᠡᠮᠡᠭᠳᠡᠬᠦᠯᠬᠦ ᠶᠢ ᠵᠣᠬᠢᠶᠠᠨ ᠪᠠᠶᠢᠭᠤᠯᠤᠨ᠂ ᠳᠣᠮᠳᠠ ᠣᠷᠲᠣ ᠬᠤᠭᠤᠴᠠᠭᠠᠨ ᠤ ᠬᠠᠩᠭᠠᠯᠭ᠎ᠠ ᠶᠢ ᠪᠠᠲᠤᠯᠠᠬᠤ ᠵᠦᠪᠳᠡᠯᠴᠡᠭᠡᠷ ᠢ ᠴᠢᠩᠭ᠎ᠠ ᠨᠠᠶᠢᠲᠠᠪᠤᠷᠢᠵᠢᠭᠤᠯᠵᠤ᠂ ᠣᠷᠣᠨ ᠪᠦᠰᠡ ᠠᠯᠣᠰᠯᠠᠭᠰᠠᠨ ᠨᠡᠬᠦᠷᠡᠰᠦᠨ ᠤ ᠬᠠᠩᠭᠠᠯᠭ᠎ᠠ ᠶᠢᠨ ᠴᠢᠳᠠᠪᠣᠷᠢ ᠶᠢ ᠡᠷᠴᠢᠮᠲᠡᠢ ᠳᠡᠭᠡᠭᠰᠢᠯᠡᠬᠦᠯᠦᠨ᠂ ᠣᠯᠣᠰ ᠤᠨ ᠡᠨᠧᠷᠬᠢ ᠶᠢᠨ ᠠᠶᠤᠯᠬᠦᠢ ᠶᠢ ᠪᠠᠲᠤᠯᠠᠬᠤ ᠬᠢᠷᠢ ᠳᠦᠪᠰᠢᠨ ᠢᠶᠠᠨ ᠣᠯᠠᠮ ᠨᠢᠭᠡ ᠠᠯᠬᠤᠮ ᠳᠡᠭᠡᠭᠰᠢᠯᠡᠬᠦᠯᠬᠦ ᠬᠡᠷᠡᠭᠲᠡᠢ ᠬᠡᠵᠦ ᠵᠢᠭᠠᠭᠰᠠᠨ ᠪᠠᠶᠢᠨ᠎ᠠ᠃     ᠳ᠋ᠦ᠋ ᠬᠤᠢ ᠯᠢᠶᠠᠩ᠂ ᠨᠡᠭᠦᠷᠡᠰᠦᠨ ᠤ ᠦᠨ᠎ᠡ ᠬᠠᠩᠰᠢ ᠶᠢᠨ ᠲᠤᠭᠲᠠᠪᠤᠷᠢᠵᠢᠭᠤᠯᠤᠯᠲᠠ ᠪᠣᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠣᠳᠣᠬᠠᠨ ᠤ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠳᠤ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠬᠤᠷ ᠡᠯ᠎ᠡ ᠨᠡᠭᠦᠷᠡᠰᠦᠨ ᠤ ᠠᠵᠤ ᠠᠬᠤᠶᠢᠯᠠᠯ ᠤᠨ ᠬᠢᠨ ᠪᠦᠬᠦ ᠲᠠᠯ᠎ᠠ ᠶᠢ ᠴᠢᠬᠤᠯᠠᠴᠢᠯᠠᠨ᠂ ᠣᠯᠣᠰ ᠤᠨ ᠠᠰᠢᠭ ᠲᠤᠰᠠ ᠪᠠᠷ ᠭᠤᠣᠯ ᠪᠣᠯᠭᠠᠵᠤ᠂ ᠨᠡᠭᠦᠷᠡᠰᠦᠨ ᠤ ᠦᠨ᠎ᠡ ᠬᠠᠩᠰᠢ ᠶᠢ ᠲᠤᠭᠲᠠᠪᠤᠷᠢᠵᠢᠭᠤᠯᠬᠤ ᠴᠢᠬᠤᠯᠠ ᠴᠢᠨᠠᠷ ᠢ ᠰᠢᠨᠵᠢᠯᠡᠬᠦ ᠣᠬᠠᠭᠠᠨᠴᠢ ᠪᠠᠷ ᠣᠶᠢᠯᠠᠭᠠᠵᠤ ᠲᠠᠨᠢᠨ᠂ ᠢᠳᠡᠪᠬᠢᠲᠡᠢ ᠬᠠᠮᠵᠢᠯᠴᠠᠨ ᠨᠡᠭᠦᠷᠡᠰᠦᠨ ᠤ ᠦᠨ᠎ᠡ ᠬᠠᠩᠰᠢ ᠶᠢ ᠵᠦᠢ ᠵᠤᠬᠢᠰᠲᠠᠢ ᠪᠣᠯᠭᠠᠬᠤ ᠶᠢ ᠬᠠᠮᠲᠤ ᠪᠠᠷ ᠠᠬᠢᠭᠤᠯᠬᠤ ᠬᠡᠷᠡᠭᠲᠡᠢ᠃ ᠡᠯ᠎ᠡ ᠬᠤᠰᠢᠭᠤ ᠲᠤᠭᠤᠷᠢᠭ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ  ᠤᠨ ᠬᠢᠨ ᠲᠦᠷᠦ ᠶᠢᠨ ᠪᠣᠳᠣᠯᠭ᠎ᠠ ᠶᠢᠨ ᠨᠠᠶᠢᠲᠠᠪᠤᠷᠢᠵᠢᠭᠤᠯᠤᠯᠲᠠ ᠶᠢᠨ ᠮᠦᠷᠲᠡᠯᠲᠡ ᠬᠢᠨᠠᠯᠲᠠ ᠶᠢ ᠰᠠᠶᠢᠲᠤᠷ ᠬᠢᠨ᠂ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠰᠢᠢᠳᠪᠦᠷᠢᠲᠦ ᠪᠣᠳᠣᠯᠭ᠎ᠠ ᠶᠢᠨ ᠨᠠᠶᠢᠲᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠭᠰᠠᠨ ᠪᠠᠶᠢᠨ᠎ᠠ᠃     ᠳ᠋ᠦ᠋ ᠬᠤᠢ ᠯᠢᠶᠠᠩ ᠠᠴᠠ ᠠᠶᠤᠯᠬᠦᠢ ᠦᠢᠯᠡᠳᠪᠦᠷᠢᠯᠡᠯ ᠪᠣᠯ ᠬᠠᠩᠭᠠᠯᠭ᠎ᠠ ᠶᠢ ᠪᠠᠲᠤᠯᠠᠬᠤ ᠲᠡᠷᠢᠬᠦᠨ ᠣᠷᠢᠳᠠᠯ ᠪᠣᠯᠣᠨ᠎ᠠ᠂ ᠠᠶᠤᠯᠬᠦᠢ ᠶᠢ ᠪᠠᠲᠤᠯᠠᠬᠤ ᠪᠣᠯ ᠳᠠᠷᠤᠢ ᠬᠠᠩᠭᠠᠯᠭ᠎ᠠ ᠶᠢ ᠪᠠᠲᠤᠯᠠᠬᠤ ᠶᠠᠪᠤᠳᠠᠯ ᠬᠡᠬᠦ ᠦᠵᠡᠯᠲᠡ ᠶᠢ ᠪᠠᠲᠤ ᠱᠣᠭᠤᠵᠣ᠂ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠲᠡᠬᠦᠯᠳᠡᠷᠵᠢᠬᠦᠯᠦᠨ᠂ ᠬᠠᠣᠯᠢ ᠬᠡᠷᠡᠭᠵᠢᠬᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠲᠡ ᠶᠢᠨ ᠴᠢᠳᠠᠪᠣᠷᠢ ᠪᠠᠨ ᠳᠡᠭᠡᠭᠰᠢᠯᠡᠬᠦᠯᠦᠨ᠂ ᠠᠶᠤᠯᠬᠦᠢ ᠦᠢᠯᠡᠳᠪᠦᠷᠢᠯᠡᠯ ᠤᠨ ᠬᠤᠷᠢᠭ᠎ᠠ ᠱᠣᠭᠤᠮ ᠢ ᠦᠨᠡᠨ ᠬᠦ ᠰᠠᠬᠢᠬᠤ ᠬᠡᠷᠡᠭᠲᠡᠢ᠃ ᠣᠳᠣᠬᠠᠨ ᠤ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠤᠨ ᠬᠦᠨᠳᠦ ᠨᠣᠴᠢᠲᠠᠢ ᠪᠠᠶᠢᠳᠠᠯ ᠢ ᠬᠦᠨᠵᠡᠬᠡᠢ ᠲᠠᠨᠢᠵᠦ᠂ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠪᠠ ᠨᠡᠬᠦᠷᠡᠰᠦᠨ ᠤ ᠦᠢᠯᠡᠳᠪᠦᠷᠢᠯᠡᠯ ᠤᠨ ᠨᠡᠮᠡᠭᠳᠡᠬᠦᠯᠦᠯᠲᠡ ᠬᠠᠩᠭᠠᠯᠭ᠎ᠠ ᠶᠢᠨ ᠪᠠᠲᠤᠯᠠᠭ᠎ᠠ ᠶᠢ ᠨᠢᠬᠡᠳᠦᠯᠲᠡᠢ ᠲᠦᠯᠦᠪᠵᠢᠬᠦᠯᠵᠤ ᠠᠬᠢᠭᠤᠯᠦᠨ᠂ ᠬᠤᠲᠠ ᠶᠢᠨ ᠨᠡᠬᠦᠷᠡᠰᠦᠨ ᠤ ᠦᠢᠯᠡᠰ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ 8 ᠲᠦᠷᠦᠯ ᠤᠨ ᠠᠷᠭ᠎ᠠ ᠠᠪᠴᠠᠯ ᠢ ᠬᠢᠨᠠᠮᠠᠭᠠᠢ ᠨᠡᠶᠢᠲᠡᠪᠤᠷᠢᠵᠢᠭᠤᠯᠵᠤ᠂ ᠬᠢᠵᠢᠭ ᠤᠨ ᠪᠠᠶᠢᠳᠠᠯ ᠨᠡᠬᠦᠷᠡᠰᠦᠨ ᠤ ᠦᠢᠯᠡᠳᠪᠦᠷᠢᠯᠡᠯ ᠵᠦᠭᠡᠭᠡᠪᠦᠷᠢᠯᠡᠯᠲᠡ ᠪᠣᠷᠣᠯᠠᠭᠤᠯᠭ᠎ᠠ ᠪᠠᠷ ᠳᠠᠮᠵᠢᠭᠤᠯᠤᠨ ᠳᠠᠷᠬᠠᠨ ᠲᠡᠯᠭᠡᠷᠡᠬᠦ ᠶᠢ ᠡᠷᠡᠰ ᠳᠡᠪᠴᠢᠨ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠳᠤ ᠣᠬᠢ ᠰᠠᠶᠢᠨ ᠣᠷᠴᠢᠨ ᠠᠬᠤᠢ ᠶᠢ ᠪᠤᠢ ᠪᠤᠯᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠸᠢᠳᠢᠤ᠋ ᠬᠤᠷᠠᠯ ᠡᠯ᠎ᠡ ᠬᠤᠰᠢᠭᠤ ᠲᠤᠭᠤᠷᠢᠭ ᠬᠦᠷᠲᠡᠯ᠎ᠡ ᠬᠤᠷᠠᠯᠳᠣᠭᠤᠯᠵᠣ᠂ ᠮᠠᠨ ᠤ ᠬᠤᠰᠢᠭᠤᠨ ᠳᠤ ᠬᠤᠪᠢᠶᠠᠷᠢ ᠬᠤᠷᠠᠯ ᠤᠨ ᠲᠠᠯᠠᠪᠤᠷ  ᠲᠤᠬᠢᠷᠠᠭᠤᠯᠪᠠ᠃ ᠬᠤᠷᠠᠯ ᠤᠨ ᠳᠠᠷᠠᠭ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠶᠠᠩ ᠶᠢᠩ ᠰᠢᠨ ᠮᠠᠨ ᠤ ᠬᠤᠰᠢᠭᠤᠨ ᠤ ᠬᠠᠮᠢᠶ᠎ᠠ ᠪᠦᠬᠦᠢ ᠠᠵᠢᠯ ᠢ ᠳᠠᠬᠢᠨᠲᠠ ᠲᠤᠬᠢᠷᠠᠭᠤᠯᠤᠨ ᠪᠠᠶᠢᠷᠢᠯᠠᠭᠤᠯᠪᠠ᠃ ᠶᠠᠩ ᠶᠢᠩ ᠰᠢᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠯ᠎ᠡ ᠨᠡᠭᠦᠷᠡᠰᠦᠨ ᠤ ᠠᠵᠤ ᠠᠬᠤᠶᠢᠯᠠᠯ ᠤᠨ ᠬᠢᠨ ᠦᠪᠡᠷᠲᠡᠭᠡᠨ ᠵᠠᠰᠠᠬᠤ ᠤᠷᠤᠨ᠂ ᠬᠤᠲᠠ ᠶᠢᠨ ᠬᠤᠯᠪᠤᠭᠳᠠᠯ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠨᠡᠭᠦᠷᠡᠰᠦᠨ ᠤ ᠦᠢᠯᠡᠳᠪᠦᠷᠢᠯᠡᠯ ᠢ ᠨᠡᠮᠡᠭᠳᠡᠬᠦᠯᠦᠨ ᠬᠠᠩᠭᠠᠯᠭ᠎ᠠ ᠶᠢ ᠪᠠᠲᠤᠯᠠᠬᠤ ᠡᠯ᠎ᠡ ᠲᠦᠷᠦᠯ ᠤᠨ ᠠᠵᠢᠯ ᠢ ᠰᠠᠶᠢᠲᠤᠷ ᠡᠬᠢᠯᠡᠬᠦᠯᠬᠦ ᠬᠡᠷᠡᠭᠲᠡᠢ᠃ ᠣᠳᠣᠬᠠᠨ ᠤ ᠨᠡᠭᠦᠷᠡᠰᠦᠨ ᠠᠭᠤᠷᠬᠠᠢ ᠶᠢᠨ ᠭᠠᠷᠳᠠᠮ ᠤᠨ ᠬᠦᠢᠴᠡᠳᠭᠡᠯᠲᠡ ᠶᠢᠨ ᠴᠢᠬᠤᠯᠠ ᠬᠤᠭᠤᠴᠠᠭ᠎ᠠ ᠶᠢ ᠰᠠᠶᠢᠲᠤᠷ ᠡᠵᠡᠮᠳᠡᠨ᠂ ᠬᠤᠰᠢᠭᠤ  ᠡᠨᠧᠷᠬᠢ ᠶᠢᠨ ᠲᠤᠪᠴᠢᠶ᠎ᠠ ᠵᠢᠴᠢ ᠨᠡᠭᠦᠷᠡᠰᠦᠨ ᠠᠭᠤᠷᠬᠠᠢ ᠶᠢᠨ ᠭᠠᠷᠳᠠᠮ ᠤᠨ ᠬᠦᠢᠴᠡᠳᠭᠡᠯᠲᠡ ᠶᠢᠨ ᠲᠤᠰᠬᠠᠢ ᠪᠠᠭ ᠠᠴᠠ ᠳᠡᠭᠡᠳᠦ ᠱᠠᠲᠤᠨ ᠤ ᠰᠠᠯᠠᠭ᠎ᠠ ᠮᠦᠴᠢᠷ ᠯᠦᠭᠡ ᠢᠳᠡᠪᠬᠢᠲᠡᠢ ᠬᠠᠷᠢᠯᠴᠠᠵᠤ᠂ ᠲᠦᠷᠦ ᠶᠢᠨ ᠪᠣᠳᠣᠯᠭ᠎ᠠ ᠶᠢᠨ ᠰᠠᠭᠠᠷᠳᠠᠯᠭ᠎ᠠ ᠶᠢ ᠵᠦᠪ ᠣᠨᠣᠪᠴᠢᠲᠠᠢ ᠡᠵᠡᠮᠰᠢᠨ᠂ ᠡᠯ᠎ᠡ ᠠᠵᠤ ᠠᠬᠤᠶᠢᠯᠠᠯ ᠤᠨ ᠬᠢᠨ ᠰᠠᠨᠠᠭᠠᠴᠢᠯᠠᠭ᠎ᠠ ᠲᠠᠢ ᠪᠠᠷ ᠬᠠᠮᠵᠢᠯᠴᠠᠵᠤ᠂ ᠠᠵᠢᠯ ᠤᠨ ᠬᠠᠮ ᠬᠦᠴᠦᠨ ᠢ ᠪᠦᠷᠢᠯᠳᠦᠬᠦᠯᠦᠨ᠂ ᠨᠡᠭᠦᠷᠡᠰᠦᠨ ᠠᠭᠤᠷᠬᠠᠢ ᠶᠢᠨ ᠭᠠᠷᠳᠠᠮ ᠤᠨ ᠬᠦᠢᠴᠡᠳᠭᠡᠯᠲᠡ ᠶᠢᠨ ᠡᠯ᠎ᠡ ᠲᠦᠷᠦᠯ ᠤᠨ ᠠᠵᠢᠯ ᠢ ᠦᠳᠲᠡᠷ ᠲᠦᠷᠭᠡᠨ ᠠᠬᠢᠭᠤᠯᠬᠤ ᠬᠡᠷᠡᠭᠲᠡᠢ᠃ ᠠᠶᠤᠯᠬᠦᠢ ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠦᠯᠦᠪᠵᠢᠬᠦᠯᠦᠨ ᠰᠠᠶᠢᠲᠤᠷ ᠬᠢᠵᠦ᠂ ᠡᠯ᠎ᠡ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ ᠠᠵᠤ ᠠᠬᠤᠶᠢᠯᠠᠯ ᠤᠨ ᠬᠢᠨ ᠡᠯ᠎ᠡ ᠲᠠᠯ᠎ᠠ ᠶᠢᠨ ᠬᠠᠷᠢᠭᠤᠴᠠᠯᠭ᠎ᠠ ᠪᠠᠨ ᠨᠠᠷᠢᠯᠢᠭ ᠤᠨᠤᠪᠴᠢᠲᠠᠢ ᠨᠠᠶᠢᠲᠠᠪᠤᠷᠢᠵᠢᠭᠤᠯᠤᠨ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ  ᠳᠤ ᠠᠶᠤᠯᠬᠦᠢ ᠮᠦᠷᠲᠡᠭᠡᠨ ᠲᠤᠭᠲᠠᠭᠤᠨ ᠣᠷᠴᠢᠨ ᠠᠬᠤᠢ ᠶᠢ ᠪᠤᠢ ᠪᠣᠯᠭᠠᠬᠤ ᠬᠡᠷᠡᠭᠲᠡᠢ᠃ ᠡᠯ᠎ᠡ ᠠᠵᠢᠯ ᠲᠦᠷᠦᠯ ᠡᠯ᠎ᠡ ᠬᠦᠷᠢᠶ᠎ᠡ ᠴᠠᠷᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠮᠦᠷᠲᠡᠭᠡᠨ ᠨᠠᠷᠢᠯᠢᠭ ᠤᠨᠤᠪᠴᠢᠲᠠᠢ ᠵᠢᠯᠤᠭᠤᠳᠤᠨ᠂ ᠴᠢᠩᠭ᠎ᠠ ᠮᠦᠷᠲᠡᠭᠡᠨ ᠨᠠᠷᠢᠯᠢᠭ ᠪᠢᠲᠡᠭᠦᠦ ᠬᠠᠮᠢᠶᠠᠷᠤᠯᠲᠠ ᠶᠢ ᠪᠦᠷᠢᠳᠦᠬᠦᠯᠵᠦ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢᠶᠠᠨ ᠲᠤᠤᠱᠲᠠᠢ ᠨᠠᠶᠢᠲᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃     ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠠᠩ ᠵᠢᠢ ᠴᠢᠶᠠᠩ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠬᠤᠰᠢᠭᠤᠨ ᠳᠤ ᠰᠠᠭᠤᠭ᠎ᠠ ᠠᠵᠣ ᠠᠬᠤᠶᠢᠯᠠᠯ  ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号