ᠸᠠᠩ ᠢᠦᠢ ᠴᠢᠶᠠᠩ ᠤᠳᠤᠭ ᠤᠨ ᠡᠮᠤᠨᠡᠳᠤ ᠬᠤᠰᠢᠭᠤᠨ ᠤ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ  ᠤᠨ ᠦᠷᠬᠡᠤᠨᠬᠡᠨ ᠪᠠᠶᠢᠭᠤᠯᠬᠤ ᠲᠦᠷᠤᠯ ᠵᠦᠢᠯ ᠳᠤ ᠪᠠᠶᠢᠴᠠᠭᠠᠨ  ᠰᠤᠳᠤᠯᠤᠯᠳᠠ ᠬᠢᠪᠠ
ᠨᠡᠶᠢᠲᠡᠯᠡᠭᠰᠡᠨ ᠴᠠᠭ᠄
2021/11/1
    10 ᠰᠠᠷ᠎ᠠ ᠶᠢᠨ 27 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠤᠳᠤᠭ  ᠤᠨ ᠡᠮᠤᠨᠡᠳᠤ ᠬᠤᠰᠢᠭᠤᠨ ᠤ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ ᠤᠨ ᠦᠷᠬᠡᠤᠨᠬᠡᠨ ᠪᠠᠶᠢᠭᠤᠯᠬᠤ ᠲᠦᠷᠤᠯ ᠵᠦᠢᠯ ᠤᠨ ᠪᠠᠷᠢᠯᠭ᠎ᠠ ᠶᠢᠨ ᠭᠠᠵᠠᠷ ᠲᠤ ᠬᠦᠨᠵᠡᠬᠡᠶᠢᠷᠡᠨ᠂ ᠲᠦᠷᠤᠯ ᠵᠦᠢᠯ ᠤᠨ ᠠᠬᠢᠯᠳᠠ ᠵᠢᠴᠢ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠵᠡᠷᠬᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠤᠨᠪᠠ᠃         ᠪᠠᠷᠢᠯᠭ᠎ᠠ ᠶᠢᠨ ᠭᠠᠵᠠᠷ ᠲᠤ ᠸᠠᠩ ᠢᠦᠢ ᠴᠢᠶᠠᠩ ᠬᠠᠮᠢᠶ᠎ᠠ ᠪᠦᠬᠦᠢ ᠬᠠᠷᠢᠭᠤᠴᠠᠯᠭᠠᠳᠠᠤᠨ ᠲᠠᠢ ᠬᠦᠨᠵᠡᠬᠡᠢ ᠶᠠᠷᠢᠯᠴᠠᠨ ᠳᠤᠬᠠᠢ ᠶᠢᠨ ᠭᠠᠵᠠᠷ ᠲᠤ ᠨᠢ ᠦᠵᠡᠬᠦ᠂ ᠳᠠᠨᠢᠯᠴᠠᠭᠤᠯᠭ᠎ᠠ ᠰᠤᠨᠤᠰᠬᠤ ᠵᠡᠷᠬᠡ ᠠᠷᠭ᠎ᠠ ᠪᠠᠷ ᠲᠦᠷᠤᠯ ᠵᠦᠢᠯ  ᠤᠨ ᠪᠠᠶᠢᠭᠤᠯᠤᠯᠳᠠ ᠶᠢᠨ ᠪᠠᠶᠢᠳᠠᠯ ᠢ ᠨᠠᠷᠢᠯᠢᠭ ᠤᠶᠢᠯᠠᠭᠠᠵᠤ᠂ ᠲᠦᠷᠤᠯ ᠵᠦᠢᠯ ᠳᠤ ᠤᠷᠤᠰᠢᠵᠤ ᠪᠠᠶᠢᠭ᠎ᠠ ᠬᠦᠴᠢᠷᠳᠠᠯ ᠪᠠ ᠠᠰᠠᠭᠤᠳᠠᠯ ᠢ ᠨᠠᠷᠢᠨ ᠯᠠᠪᠯᠠᠭᠰᠡᠨ ᠮᠦᠷᠳᠡᠬᠡᠨ ᠳᠤᠬᠠᠢ ᠶᠢᠨ ᠳᠠᠯᠠᠪᠠᠢ ᠳᠤ ᠰᠢᠢᠤᠨᠪᠤᠷᠢᠯᠡᠨ ᠠᠬᠢᠭᠤᠯᠪᠠ᠃ ᠳᠠᠷᠠ᠂ ᠤᠳᠤᠭ ᠤᠨ ᠡᠮᠤᠨᠡᠳᠤ ᠬᠤᠰᠢᠭᠤᠨ ᠤ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ ᠤᠨ ᠦᠷᠬᠡᠤᠨᠬᠡᠨ ᠪᠠᠶᠢᠭᠤᠯᠬᠤ ᠲᠦᠷᠤᠯ ᠵᠦᠢᠯ ᠨᠢ ᠤᠯᠠᠨ ᠲᠦᠮᠡᠨ ᠤ ᠶᠠᠪᠤᠵᠤ ᠰᠠᠭᠤᠬᠤ ᠨᠦᠬᠦᠴᠡᠯ ᠢ ᠰᠢᠯᠢᠳᠡᠭᠵᠢᠬᠦᠯᠬᠦ᠂ ᠪᠡᠶᠡᠳᠤ ᠶᠠᠷᠤᠩᠬᠡᠶᠢᠯᠡᠭᠰᠡᠨ ᠵᠠᠮ ᠬᠠᠷᠢᠯᠴᠠᠭᠠᠨ ᠤ ᠳᠤᠤᠷᠵᠢᠯ ᠢ ᠪᠠᠶᠢᠭᠤᠯᠬᠤ᠂ ᠤᠷᠤᠨ ᠪᠦᠰᠡ ᠶᠢᠨ ᠬᠠᠮᠳᠤᠷᠠᠯᠴᠠᠭ᠎ᠠ ᠰᠤᠯᠢᠯᠴᠠᠭ᠎ᠠ ᠶᠢ ᠦᠷᠬᠡᠤᠨᠬᠡᠬᠦ ᠳᠤ ᠴᠢᠬᠤᠯᠠ ᠪᠤᠳᠠᠳᠤ ᠠᠴᠢ ᠬᠤᠯᠪᠤᠭᠳᠠᠯ ᠲᠠᠢ ᠶᠤᠮ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠭ᠎ᠠ ᠠᠪᠴᠠᠯ ᠢ ᠰᠠᠶᠢᠳᠤᠷ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠮᠤᠷ ᠲᠦᠪᠰᠢᠨ ᠢ ᠪᠠᠳᠤᠯᠠᠭᠰᠡᠨ ᠤᠷᠢᠳᠠᠯ ᠳᠤᠤᠷ᠎ᠠ᠂ ᠲᠦᠷᠤᠯ ᠵᠦᠢᠯ ᠤᠨ ᠪᠠᠶᠢᠭᠤᠯᠤᠯᠳᠠ ᠶᠢᠨ ᠠᠬᠢᠴᠠ ᠶᠢ ᠲᠦᠷᠬᠡᠤᠨᠬᠡᠨ᠂ ᠡᠷᠳᠠ ᠪᠠᠶᠢᠭᠤᠯᠤᠨ ᠬᠡᠷᠡᠭᠯᠡᠯᠳᠠ ᠳᠤ ᠤᠷᠤᠭᠤᠯᠵᠤ ᠪᠠᠷ ᠴᠢᠷᠮᠠᠶᠢᠵᠤ᠂ ᠭᠠᠵᠠᠷ ᠤᠷᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠳᠤ ᠨᠠᠩ ᠶᠡᠭᠡ ᠬᠤᠪᠢ ᠨᠡᠮᠡᠷᠢ ᠦᠵᠡᠬᠦᠯᠬᠦ ᠬᠡᠷᠡᠭᠳᠠᠢ ᠬᠡᠵᠤ ᠵᠢᠭᠠᠭᠰᠡᠨ ᠪᠠᠶᠢᠨ᠎ᠠ᠃     ᠸᠠᠩ ᠢᠦᠢ ᠴᠢᠶᠠᠩ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠪᠠᠷᠢᠯᠭ᠎ᠠ ᠶᠢᠨ ᠠᠵᠤ ᠠᠬᠤᠶᠢᠯᠠᠯ ᠤᠨ  ᠬᠢᠨ ᠳᠤᠭᠳᠠᠴᠠ ᠪᠠᠶᠢᠭᠤᠯᠤᠨ ᠵᠤᠬᠢᠰᠳᠠᠢ ᠳᠤᠬᠢᠷᠠᠭᠤᠯᠵᠤ᠂ ᠪᠠᠷᠢᠯᠭ᠎ᠠ ᠶᠢᠨ ᠠᠬᠢᠴᠠ ᠶᠢ ᠬᠤᠭᠤᠴᠠᠭᠠᠯᠠᠨ ᠳᠤᠭᠳᠠᠭᠠᠵᠤ᠂ ᠴᠠᠭ ᠢ ᠵᠠᠪᠳᠤᠨ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠶᠢᠨ ᠠᠵᠢᠯ ᠢᠶᠠᠨ ᠶᠠᠪᠤᠭᠳᠠᠭᠤᠯᠵᠤ᠂ ᠲᠦᠷᠤᠯ ᠵᠦᠢᠯ ᠢ ᠳᠤᠭᠳᠠᠭᠰᠡᠨ ᠬᠤᠭᠤᠴᠠᠭᠠᠨ ᠳᠤ ᠴᠢᠨᠠᠷᠯᠢᠭ ᠪᠡᠶᠡᠯᠡᠬᠦᠯᠬᠦ ᠪᠠᠷ ᠴᠢᠷᠮᠠᠶᠢᠬᠤ ᠬᠡᠷᠡᠭᠳᠠᠢ᠃ ᠬᠠᠷᠠᠯᠳᠠ ᠱᠠᠭᠠᠷᠳᠠᠯᠭ᠎ᠠ ᠶᠢᠨ ᠳᠤᠭᠤᠷᠢᠨ ᠳᠤ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠨ ᠤᠶᠢᠯᠡᠴᠢᠯᠡᠵᠤ᠂ ᠲᠦᠷᠤᠯ ᠵᠦᠢᠯ ᠤᠨ ᠤᠶᠢᠯᠡᠴᠢᠯᠡᠬᠡᠨ ᠤ ᠪᠠᠳᠤᠯᠠᠭ᠎ᠠ ᠶᠢᠨ ᠬᠦᠴᠤᠯᠡᠴᠠ ᠪᠠᠨ ᠶᠡᠬᠡᠤᠨᠬᠡᠨ ᠂ ᠠᠷᠭ᠎ᠠ ᠪᠦᠬᠦᠨ ᠢ ᠰᠦᠪᠡᠭᠴᠢᠯᠡᠨ ᠪᠤᠳᠠᠳᠤ ᠬᠦᠴᠢᠷᠳᠠᠯ ᠢ ᠨᠢ ᠰᠢᠢᠤᠨᠪᠤᠷᠢᠯᠡᠵᠤ᠂ ᠡᠯ᠎ᠡ ᠵᠦᠢᠯ ᠤᠨ ᠠᠵᠢᠯ ᠡᠮᠬᠢᠳᠠᠢ ᠶᠠᠪᠤᠭᠳᠠᠬᠤ ᠶᠢ ᠠᠬᠢᠭᠤᠯᠬᠤ ᠬᠡᠷᠡᠭᠳᠠᠢ᠃ ᠬᠤᠷᠢᠭ᠎ᠠ ᠱᠤᠭᠤᠮ ᠤᠨ ᠤᠬᠠᠮᠰᠠᠷ ᠪᠠ ᠬᠢᠵᠠᠭᠠᠷ ᠱᠤᠭᠤᠮ ᠤᠨ ᠰᠡᠤᠨᠬᠢᠮᠵᠢ ᠶᠢ ᠪᠠᠬᠢᠵᠢᠬᠦᠯᠤᠨ᠂ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ᠂ ᠠᠶᠤᠯᠬᠦᠢ ᠤᠶᠢᠯᠡᠤᠨᠪᠤᠷᠢᠯᠡᠯ  ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠴᠢᠩᠭ᠎ᠠ ᠬᠡᠷᠡᠭᠵᠢᠬᠦᠯᠵᠤ᠂ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠤᠨ ᠡᠯ᠎ᠡ ᠲᠦᠷᠤᠯ ᠤᠨ ᠱᠠᠭᠠᠷᠳᠠᠯᠭ᠎ᠠ ᠪᠠ ᠠᠶᠤᠯᠬᠦᠢ ᠤᠶᠢᠯᠡᠤᠨᠪᠤᠷᠢᠯᠡᠯ ᠤᠨ ᠠᠷᠭ᠎ᠠ ᠠᠪᠴᠠᠯ ᠢ ᠪᠤᠳᠠᠳᠠᠶᠢᠵᠢᠭᠤᠯᠤᠨ᠂ ᠺᠤᠳ᠋ ᠰᠢᠷᠪᠢᠯᠳᠠ᠂ ᠪᠡᠶ᠎ᠡ ᠶᠢᠨ ᠳᠤᠯᠠᠭᠠᠨ ᠤ ᠬᠡᠮᠵᠢᠯᠳᠠ᠂ ᠠᠷᠢᠭᠤᠤᠨᠬᠠᠯ᠂ ᠠᠮᠤᠷ ᠲᠦᠪᠰᠢᠨ ᠤ ᠰᠡᠷᠬᠡᠶᠢᠯᠡᠯᠳᠠ ᠬᠠᠮᠠᠭᠠᠯᠠᠯᠳᠠ ᠵᠡᠷᠬᠡ ᠬᠢᠵᠢᠭ ᠤᠨ ᠡᠵᠡᠮᠳᠡᠯ ᠤᠨ ᠪᠠᠶᠢᠩᠭᠤ ᠶᠢᠨ ᠠᠷᠭ᠎ᠠ ᠠᠪᠴᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠬᠦᠢ ᠤᠶᠢᠯᠡᠤᠨᠪᠤᠷᠢᠯᠡᠯ ᠤᠨ ᠦᠨᠳᠤᠰᠤᠨ ᠪᠠᠷᠢᠮᠵᠢᠶ᠎ᠠ᠂ ᠠᠵᠢᠯ ᠤᠨ ᠲᠦᠷᠢᠮᠵᠢᠯ ᠪᠠ ᠠᠵᠢᠯᠯᠠᠮᠵᠢ ᠶᠢᠨ ᠶᠠᠪᠤᠴᠠ ᠶᠢ ᠴᠢᠩᠭ᠎ᠠ ᠵᠢᠷᠤᠮᠯᠠᠨ᠂ ᠬᠢᠵᠢᠭ  ᠤᠨ ᠪᠠᠶᠢᠳᠠᠯ ᠤᠨ ᠰᠡᠷᠬᠡᠶᠢᠯᠡᠨ ᠡᠵᠡᠮᠳᠡᠯ᠂ ᠠᠶᠤᠯᠬᠦᠢ ᠤᠶᠢᠯᠡᠤᠨᠪᠤᠷᠢᠯᠡᠯ ᠪᠠ ᠪᠠᠶᠢᠭᠤᠯᠤᠯᠳᠠ ᠡᠵᠡᠩᠨᠡᠯᠳᠠ ᠶᠢ ᠬᠤᠶᠠᠷ ᠳᠠᠯ᠎ᠠ ᠪᠠᠷ ᠠᠤᠨᠬᠤᠵᠤ᠂ ᠬᠤᠶᠠᠷ ᠢ ᠰᠠᠭᠠᠳᠠᠭᠤᠯᠬᠤ ᠦᠬᠡᠢ ᠪᠠᠷ ᠬᠤᠶᠠᠷ ᠶᠢ ᠠᠬᠢᠭᠤᠯᠬᠤ ᠶᠢ ᠪᠡᠶᠡᠯᠡᠬᠦᠯᠤᠨ᠂ ᠲᠦᠷᠤᠯ ᠵᠦᠢᠯ ᠤᠨ ᠪᠠᠶᠢᠭᠤᠯᠤᠯᠳᠠ ᠶᠢᠨ ᠠᠮᠤᠷ ᠲᠦᠪᠰᠢᠨ ᠡᠮᠬᠢᠳᠠᠢ ᠶᠠᠪᠤᠭᠳᠠᠬᠤ ᠶᠢ ᠪᠠᠳᠤᠯᠠᠬᠤ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠬᠤᠰᠢᠭᠤ ᠤᠳᠤᠷᠢᠳᠤᠯᠭ᠎ᠠ ᠹᠦ᠋ ᠺᠧ᠂ ᠱᠢ ᠬᠤᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠤᠨ ᠬᠠᠮᠳᠤ ᠪᠠᠶᠢᠴᠠᠭᠠᠨ ᠰᠤᠳᠤᠯᠤᠯᠳᠠ ᠬᠢᠪᠠ᠃     ᠤᠳᠤᠭ ᠤᠨ ᠡᠮᠤᠨᠡᠳᠤ ᠬᠤᠰᠢᠭᠤᠨ ᠤ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ ᠤᠯᠵᠠᠴᠢ ᠪᠠᠯᠭᠠᠰᠤ  ᠶᠢᠨ ᠪᠠᠷᠠᠭᠤᠨ ᠳᠠᠯ᠎ᠠ ᠳᠤ ᠪᠠᠶᠢᠷᠢᠯᠠᠵᠤ᠂ ᠦᠪᠡᠷᠳᠡᠬᠡᠨ ᠵᠠᠰᠠᠬᠤ ᠤᠷᠤᠨ ᠤ ᠠᠩᠬᠠᠳᠠᠭᠴᠢ PPP ᠵᠠᠭᠪᠤᠷ ᠢᠶᠠᠷ ᠪᠡᠯᠡ ᠤᠷᠤᠭᠤᠯᠵᠤ ᠪᠠᠶᠢᠭᠤᠯᠤᠭᠰᠡᠨ ᠨᠠᠶᠢᠳᠡᠮ ᠬᠡᠷᠡᠭᠯᠡᠬᠡᠨ ᠤ ᠨᠢᠰᠬᠡᠯ ᠤᠨ ᠪᠠᠭᠤᠳᠠᠯ ᠪᠤᠯᠤᠨ᠎ᠠ᠂ ᠮᠦᠨ ᠴᠤ ᠦᠪᠡᠷᠳᠡᠬᠡᠨ ᠵᠠᠰᠠᠬᠤ ᠤᠷᠤᠨ ᠤ ︽ᠤᠷᠳᠤᠰ ᠤᠨ ᠨᠢᠰᠬᠡᠯ ᠤᠨ ᠪᠠᠭᠤᠳᠠᠯ ᠢᠶᠠᠷ ᠲᠦᠪ ᠪᠤᠯᠭᠠᠭᠰᠡᠨ ᠪᠠᠷᠠᠭᠤᠨ ᠡᠮᠤᠨᠡᠳᠤ ᠪᠡᠶ᠎ᠡ ᠶᠢᠨ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ ᠤᠨ ᠰᠦᠷᠦᠭᠵᠢᠯ︾ ᠤᠨ ᠪᠠᠶᠢᠭᠤᠯᠤᠯᠳᠠ ᠶᠢᠨ ᠬᠠᠮᠤᠭ ᠠᠩᠬ᠎ᠠ ᠪᠠᠷᠢᠯᠭ᠎ᠠ ᠡᠬᠢᠯᠡᠬᠦᠯᠵᠤ ᠪᠠᠶᠢᠭᠤᠯᠤᠭᠰᠡᠨ ᠮᠦᠷᠳᠡᠬᠡᠨ ᠬᠡᠷᠡᠭᠯᠡᠯᠳᠠ ᠳᠤ ᠤᠷᠤᠭᠰᠡᠨ ᠨᠢᠰᠬᠡᠯ ᠤᠨ ᠪᠠᠭᠤᠳᠠᠯ ᠪᠤᠯᠤᠨ᠎ᠠ᠃ ᠳᠤᠰ ᠲᠦᠷᠤᠯ ᠵᠦᠢᠯ ᠪᠤᠯ A ᠲᠦᠷᠤᠯ ᠤᠨ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ ᠪᠤᠯᠤᠨ᠎ᠠ᠂ 2018 ᠤᠨ ᠤ 4 ᠰᠠᠷ᠎ᠠ ᠳᠤ ᠪᠠᠷᠢᠯᠭ᠎ᠠ ᠡᠬᠢᠯᠡᠬᠦᠯᠤᠨ ᠪᠠᠶᠢᠭᠤᠯᠵᠤ᠂ 2019 ᠤᠨ ᠤ 7 ᠰᠠᠷ᠎ᠠ ᠳᠤ ᠬᠡᠷᠡᠭᠯᠡᠯᠳᠠ ᠳᠤ ᠤᠷᠤᠭᠤᠯᠪᠠ᠃ ᠡᠳᠤᠬᠡ ᠨᠢᠬᠡᠨᠳᠠ ᠤᠷᠳᠤᠰ᠂ ᠬᠦᠬᠡᠬᠤᠳᠠ ᠳᠤ ᠬᠦᠷᠬᠦ ᠬᠤᠶᠠᠷ ᠵᠤᠷᠪᠤᠰ ᠠᠭᠠᠷ  ᠤᠨ ᠠᠶᠠᠯᠠᠯ ᠤᠨ ᠱᠤᠭᠤᠮ ᠢ ᠨᠡᠪᠳᠡᠷᠡᠬᠦᠯᠪᠠ᠃ ᠳᠤᠰ ᠤᠳᠠᠭᠠᠨ ᠤ ᠤᠳᠤᠭ ᠤᠨ ᠡᠮᠤᠨᠡᠳᠤ ᠬᠤᠰᠢᠭᠤᠨ ᠤ ᠨᠠᠶᠢᠳᠡᠮ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠦᠷᠬᠡᠤᠨᠬᠡᠨ ᠪᠠᠶᠢᠭᠤᠯᠬᠤ ᠲᠦᠷᠤᠯ ᠵᠦᠢᠯ ᠳᠤ ᠨᠢᠰᠬᠡᠯ ᠤᠨ ᠪᠠᠭᠤᠳᠠᠯ ᠤᠨ ᠬᠦᠶᠤᠯᠳᠠ ᠶᠢᠨ ᠵᠠᠮ ᠢ ᠪᠠᠷᠠᠭᠤᠨᠰᠢ ᠳᠠᠩ ᠴᠢᠭᠯᠡᠯ ᠢᠶᠠᠷ 1000 ᠮᠧᠲᠷ ᠤᠷᠳᠤᠤᠨᠬᠠᠵᠤ᠂ ᠬᠦᠶᠤᠯᠳᠠ ᠶᠢᠨ ᠵᠠᠮ  ᠤᠨ ᠵᠡᠬᠦᠨ ᠦᠵᠤᠬᠦᠷ ᠲᠤ  B ᠬᠡᠯᠪᠡᠷᠢ ᠶᠢᠨ ᠲᠦᠬᠦᠮ ᠳ᠋ᠧᠩ ᠤᠨ ᠤᠶᠢᠷ᠎ᠠ ᠬᠡᠷᠡᠯ ᠤᠨ ᠰᠢᠰᠲ᠋ᠧᠮ ᠳᠤᠬᠢᠷᠠᠭᠤᠯᠤᠨ᠂ ᠨᠢᠰᠤᠯᠳᠠ ᠶᠢᠨ ᠳᠤᠭᠤᠷᠢᠭ ᠤᠨ ᠭᠠᠯ ᠤᠨᠳᠠᠷᠠᠭᠠᠯᠳᠠ ᠪᠠ ᠨᠢᠰᠬᠡᠯ ᠤᠨ ᠵᠤᠭᠰᠤᠭᠠᠯ ᠵᠡᠷᠬᠡ ᠲᠦᠬᠦᠬᠡᠷᠤᠮᠵᠢ ᠵᠢᠴᠢ ᠨᠢᠰᠤᠯᠳᠠ ᠶᠢᠨ ᠳᠤᠭᠤᠷᠢᠭ ᠤᠨ ᠬᠦᠷᠢᠶ᠎ᠡ ᠵᠡᠷᠬᠡ ᠶᠢ ᠪᠠᠭᠳᠠᠭᠠᠨ᠎ᠠ᠃ ᠲᠦᠷᠤᠯ ᠵᠦᠢᠯ ᠪᠠᠶᠢᠭᠤᠯᠤᠭᠳᠠᠭᠰᠡᠨ ᠤ ᠳᠠᠷᠠᠭ᠎ᠠ᠂ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ ᠤᠨ ᠶᠡᠷᠤᠩᠬᠡᠶᠢᠯᠡᠭᠰᠡᠨ ᠪᠠᠳᠤᠯᠠᠭ᠎ᠠ ᠶᠢᠨ ᠴᠢᠳᠠᠪᠤᠷᠢ ᠪᠠ ᠤᠶᠢᠯᠡᠴᠢᠯᠡᠬᠡᠨ ᠤ ᠲᠦᠪᠰᠢᠨ ᠢ ᠤᠯᠠᠮ ᠨᠢᠬᠡ ᠠᠯᠬᠤᠮ ᠳᠡᠬᠡᠭᠰᠢᠯᠡᠬᠦᠯᠤᠨ᠂ ᠨᠠᠶᠢᠳᠠᠮ ᠬᠡᠷᠡᠭᠯᠡᠬᠡᠨ ᠤ ᠠᠭᠠᠷ ᠤᠨ ᠠᠶᠠᠯᠠᠯ ᠤᠨ ᠳᠤᠬᠠᠶᠢᠯᠠᠭᠰᠡᠨ ᠠᠵᠢᠯ ᠤᠨ ᠨᠡᠮᠡᠭᠳᠡᠯ ᠤᠨ ᠬᠡᠷᠡᠭᠴᠡᠭᠡ ᠳᠤ ᠨᠠᠩ ᠰᠠᠶᠢᠳᠤᠷ ᠵᠤᠬᠢᠴᠠᠵᠤ᠂ ᠳᠤᠬᠠᠢ ᠶᠢᠨ ᠭᠠᠵᠠᠷ ᠤᠨ ᠰᠠᠭᠤᠭᠠᠯᠢ ᠠᠷᠠᠤᠨ ᠤᠨ ᠶᠠᠪᠤᠵᠤ ᠰᠠᠭᠤᠬᠤ ᠱᠠᠭᠠᠷᠳᠠᠯᠭ᠎ᠠ ᠶᠢ ᠬᠠᠩᠭᠠᠨ᠂ ᠭᠠᠵᠠᠷ ᠤᠷᠤᠨ ᠤ ᠠᠵᠤ ᠠᠬᠤᠢ ᠨᠠᠶᠢᠬᠡᠮ ᠤᠨ ᠵᠤᠬᠢᠴᠠᠩᠭᠤᠢ ᠬᠦᠭᠵᠢᠯᠳᠠ ᠶᠢ ᠠᠬᠢᠭᠤᠯᠬᠤ ᠶᠤᠮ᠃ ᠡᠬᠦᠨ ᠤ ᠬᠠᠮᠳᠤ᠂ ᠤᠷᠳᠤᠰ ᠤᠨ ᠨᠢᠰᠬᠡᠯ ᠤᠨ ᠪᠠᠭᠤᠳᠠᠯ ᠤᠨ ᠠᠭᠠᠷ ᠠᠶᠠᠯᠠᠯ ᠤᠨ ᠤᠶᠢᠯᠡᠴᠢᠯᠡᠬᠡᠨ ᠤ ᠬᠡᠪᠴᠢᠶ᠎ᠡ ᠶᠢ ᠨᠠᠩ ᠪᠦᠳᠤᠮᠵᠢᠳᠠᠢ ᠪᠠᠷ ᠦᠷᠬᠡᠤᠨᠬᠡᠨ᠂ ᠤᠷᠳᠤᠰ ᠤᠨ ᠠᠭᠠᠷ ᠠᠶᠠᠯᠠᠯ ᠤᠨ ᠤᠷᠤᠨ ᠪᠦᠰᠡ ᠶᠢᠨ ᠵᠠᠩᠬᠢᠯᠠᠭ᠎ᠠ ᠶᠢᠨ ᠳᠡᠰ ᠤᠨ ᠳᠡᠬᠡᠭᠰᠢᠯᠡᠯᠳᠠ  ᠶᠢ ᠠᠬᠢᠭᠤᠯᠬᠤ ᠵᠡᠷᠬᠡ ᠳᠠᠯ᠎ᠠ ᠪᠠᠷ ᠴᠢᠬᠤᠯᠠ ᠶᠡᠭᠡ ᠤᠶᠢᠯᠡᠳᠤᠯ ᠦᠵᠡᠬᠦᠯᠬᠦ ᠪᠤᠯᠤᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号