ᠪᠤᠷᠤᠪᠠᠯᠭᠠᠰᠤ ᠪᠠᠯᠭᠠᠰᠤ ᠬᠠᠮᠳᠤ ᠶᠢᠨ ᠠᠵᠤ ᠠᠬᠤᠢ ᠶᠢᠨ ᠬᠤᠯᠪᠤᠭᠠᠯᠠᠯ ᠢᠶᠠᠷ ᠬᠦᠳᠡᠭᠡ ᠳᠤᠰᠬᠤᠨ ᠤ ᠬᠦᠭᠵᠢᠯᠳᠠ ᠮᠠᠨᠳᠤᠯᠳᠠ ᠶᠢ ᠳᠠᠶᠢᠴᠢᠯᠠᠨ ᠳᠠᠭᠠᠭᠤᠯᠪᠠ
ᠨᠡᠶᠢᠲᠡᠯᠡᠭᠰᠡᠨ ᠴᠠᠭ᠄
2021/11/10
    ᠤᠳᠤᠭ ᠤᠨ ᠡᠮᠤᠨᠡᠳᠤ ᠬᠤᠰᠢᠭᠤᠨ ᠤ ᠪᠤᠷᠤᠪᠠᠯᠭᠠᠰᠤ ᠪᠠᠯᠭᠠᠰᠤ ᠱᠠᠨᠰᠢ ᠭᠠᠨᠰᠤ ᠨᠢᠩᠰᠢᠶᠠ ᠶᠢᠨ ᠠᠭᠤᠯᠵᠠᠷ  ᠲᠤ ᠪᠠᠶᠢᠷᠢᠯᠠᠵᠤ᠂ ᠦᠪᠡᠷᠮᠢᠴᠠ ᠭᠠᠵᠠᠷ ᠵᠦᠢ ᠶᠢᠨ ᠪᠠᠶᠢᠷᠢᠰᠢᠯ ᠲᠠᠢ ᠪᠠᠶᠢᠵᠤ᠂ ᠰᠠᠶᠢᠨ ᠮᠠᠭᠤ ᠨᠦᠬᠦᠴᠡᠯ ᠵᠡᠷᠬᠡᠪᠡᠷ ᠤᠷᠤᠰᠢᠨ᠂ ᠪᠠᠯᠭᠠᠰᠤᠨ ᠤ ᠵᠠᠰᠠᠭ ᠤᠨ ᠤᠷᠳᠤᠨ ᠤ ᠪᠠᠶᠢᠭ᠎ᠠ ᠭᠠᠵᠠᠷ ᠤᠨ ᠠᠵᠤ ᠠᠬᠤᠢ ᠶᠢᠨ ᠬᠦᠭᠵᠢᠯᠳᠠ ᠨᠢ ᠳᠠᠪᠠᠭᠤᠯᠢᠭ ᠪᠠᠶᠢᠪᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠢᠬᠡᠳᠤᠯᠳᠠᠢ ᠲᠦᠯᠤᠪᠵᠢᠬᠦᠯᠬᠡ᠂ ᠬᠢᠨᠠᠨ ᠵᠢᠯᠤᠭᠤᠳᠤᠯᠭ᠎ᠠ᠂ ᠪᠦᠬᠦᠯᠢ ᠴᠤᠭᠴᠠ ᠶᠢᠨ ᠠᠬᠢᠭᠤᠯᠤᠯ ᠳᠤᠤᠷ᠎ᠠ᠂ ᠳᠠᠷᠬᠠᠢ ᠬᠡᠯᠪᠡᠷᠢ ᠠᠴᠠ ᠲᠦᠪᠯᠡᠷᠡᠩᠬᠦᠢ ᠬᠦᠭᠵᠢᠯᠳᠠ ᠳᠡᠰᠢ ᠬᠤᠪᠢᠷᠠᠭᠤᠯᠤᠨ᠂ ᠳᠤᠬᠢᠶᠠᠯ ᠢ ᠵᠠᠪᠳᠤᠨ ᠤᠳᠤ ᠦᠶ᠎ᠡ ᠶᠢᠨ ᠳᠠᠷᠢᠶᠠᠯᠠᠩ ᠮᠠᠯ ᠠᠵᠤ ᠠᠬᠤᠢ ᠶᠢᠨ ᠳᠠᠭᠤᠷᠢᠶᠠᠯ ᠬᠦᠷᠢᠶᠡᠯᠡᠩ ᠵᠡᠷᠬᠡ ᠤᠯᠠᠨ ᠭᠤᠤᠯᠳᠠᠯᠭᠠᠳᠤ ᠲᠦᠷᠤᠯ ᠵᠦᠢᠯ ᠤᠨ ᠪᠠᠶᠢᠭᠤᠯᠤᠯᠳᠠ ᠬᠡᠷᠡᠭᠯᠡᠯᠳᠠ ᠶᠢ ᠠᠬᠢᠭᠤᠯᠤᠭᠠᠤᠨ᠂ ᠳᠤᠬᠠᠢ ᠶᠢᠨ ᠭᠠᠵᠠᠷ ᠤᠨ ᠮᠠᠯᠴᠢᠨ ᠳᠠᠷᠢᠶᠠᠴᠢᠨ ᠤ ᠠᠵᠤ ᠠᠬᠤᠢ ᠶᠢᠨ ᠬᠦᠭᠵᠢᠯᠳᠠ ᠳᠤ ᠰᠠᠭᠤᠷᠢ ᠳᠠᠯᠪᠢᠭᠰᠡᠨ ᠪᠠᠶᠢᠨ᠎ᠠ᠃ ᠰᠢᠯᠢ ᠭᠠᠴᠠᠭ᠎ᠠ᠂ ᠮᠠᠯ ᠤᠨ ᠪᠡᠯᠴᠢᠬᠡᠷ ᠳᠤᠰᠬᠤᠨ ᠵᠡᠷᠬᠡ ᠭᠠᠴᠠᠭ᠎ᠠ ᠳᠤᠰᠬᠤᠨ ᠤ ᠪᠠᠶᠢᠷᠢᠰᠢᠯ ᠪᠤᠶᠢᠳᠠ ᠪᠦᠭᠯᠡᠬᠦᠤ᠂ ᠳᠠᠯᠠᠪᠠᠢ ᠪᠠᠭ᠎ᠠ ᠠᠴᠠ ᠠᠰᠢᠭ ᠦᠬᠡᠢ ᠪᠠᠶᠢᠳᠠᠯ ᠳᠤ ᠤᠷᠤᠰᠢᠵᠤ ᠪᠠᠶᠢᠭ᠎ᠠ ᠪᠤᠯᠬᠤᠷ ᠬᠠᠮᠳᠤ ᠶᠢᠨ ᠠᠵᠤ ᠠᠬᠤᠢ ᠶᠢᠨ ᠬᠦᠭᠵᠢᠯᠳᠠ ᠤᠳᠠᠭᠠᠨ ᠪᠠᠶᠢᠪᠠ᠃ ︽ᠬᠠᠮᠳᠤ ᠪᠠᠷ ᠴᠢᠨᠡᠬᠡᠯᠢᠭᠵᠢᠬᠦ︾ ᠬᠠᠷᠠᠯᠳᠠ  ᠳᠤ ᠬᠦᠷᠬᠦ ᠶᠢᠨ ᠲᠦᠯᠤᠬᠡ᠂ ᠪᠤᠷᠤᠪᠠᠯᠭᠠᠰᠤ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠢᠳᠡᠪᠬᠢᠳᠠᠢ ᠵᠤᠬᠢᠴᠠᠭᠤᠯᠤᠨ᠂ ᠴᠧᠩ ᠬᠤᠢ ᠮᠠᠯ ᠳᠠᠷᠢᠶᠠᠯᠠᠩ ᠤᠨ ᠪᠦᠳᠤᠬᠡᠭᠳᠡᠬᠦᠨ ᠤ ᠪᠤᠭᠤᠳᠠᠯ ᠤᠨ ᠬᠠᠶᠢᠷᠴᠠᠭ ᠤᠶᠢᠯᠡᠤᠨᠪᠤᠷᠢᠯᠡᠬᠦ ᠤᠶᠢᠯᠡᠤᠨᠪᠤᠷᠢ ᠶᠢ ᠤᠷᠤᠭᠤᠯᠤᠨ ᠠᠪᠴᠢᠷᠠᠬᠤ ᠪᠠᠷ ᠳᠠᠮᠵᠢᠭᠤᠯᠤᠨ᠂ ᠬᠦᠭᠵᠢᠯᠳᠠ ᠪᠠᠷ ᠪᠠᠷᠤᠭᠳᠠᠢ ᠭᠠᠴᠠᠭ᠎ᠠ ᠳᠤᠰᠬᠤᠨ ᠢ ᠬᠠᠪᠰᠤᠷᠤᠨ ᠬᠠᠷᠢᠴᠠᠩᠭᠤᠢ ᠳᠠᠪᠠᠭᠤᠯᠢᠭ ᠨᠦᠬᠦᠴᠡᠯ ᠲᠠᠢ ᠪᠤᠷᠤᠪᠠᠯᠭᠠᠰᠤ ᠭᠠᠴᠠᠭᠠᠨ ᠳᠤ ᠭᠠᠵᠠᠷ ᠲᠦᠷᠢᠶᠡᠰᠤᠯᠡᠬᠦᠯᠵᠤ᠂ ᠬᠠᠮᠳᠤ ᠶᠢᠨ ᠠᠵᠤ ᠠᠬᠤᠢ ᠶᠢ ᠬᠤᠯᠪᠤᠭᠠᠯᠠᠨ ᠬᠦᠭᠵᠢᠬᠦᠯᠪᠠ᠃     ᠠᠰᠠᠭᠤᠳᠠᠯ ᠤᠨ ᠤᠳᠤᠷᠢᠳᠤᠮᠵᠢ ᠪᠠᠷ ᠤᠳᠤᠬᠢ ᠪᠠᠶᠢᠳᠠᠯ ᠢ ᠡᠪᠳᠠᠨ ᠳᠤᠳᠠᠭᠤᠳᠠᠯ ᠢᠶᠠᠨ ᠨᠦᠬᠦᠪᠤᠷᠢᠯᠡᠪᠡ᠃ ᠤᠶᠢᠷ᠎ᠠ ᠶᠢᠨ ᠵᠢᠯ ᠳᠤ ᠪᠤᠷᠤᠪᠠᠯᠭᠠᠰᠤ ᠪᠠᠯᠭᠠᠰᠤ ᠶᠢᠨ ᠯᠠᠵᠤᠤ᠂ ᠲᠦᠮᠤᠰᠤ᠂ ᠳᠠᠷᠪᠤᠰ᠂ ᠠᠵᠤ ᠠᠬᠤᠢ ᠶᠢᠨ ᠵᠢᠮᠢᠰ  ᠤᠨ ᠤᠢ ᠵᠡᠷᠬᠡ ᠤᠨᠴᠠᠯᠢᠭᠳᠤ ᠠᠵᠤ ᠤᠶᠢᠯᠡᠰ ᠦᠷᠨᠢᠨ ᠬᠦᠭᠵᠢᠵᠤ᠂ ᠠᠵᠤ ᠠᠬᠤᠢ ᠶᠢᠨ ᠳᠠᠷᠢᠮᠠᠯ 11 ᠲᠦᠮᠡᠨ ᠮᠤ᠋ ᠳᠤ ᠬᠦᠷᠪᠡ᠃ ᠤᠨᠴᠠᠯᠢᠭᠳᠤ ᠠᠵᠤ ᠤᠶᠢᠯᠡᠰ ᠤᠨ ᠡᠳᠤᠷ ᠢᠷᠡᠬᠦᠶ᠎ᠠ ᠪᠤᠵᠠᠭᠠᠶᠢᠷᠠᠬᠤ ᠶᠢ ᠳᠠᠭᠠᠯᠳᠤᠨ ᠮᠠᠯ ᠳᠠᠷᠢᠶᠠᠯᠠᠩ ᠤᠨ ᠪᠦᠳᠤᠬᠡᠭᠳᠡᠬᠦᠨ ᠤ ᠠᠩᠬᠠᠨ ᠤ ᠪᠤᠭᠤᠳᠠᠯᠯᠠᠯᠳᠠ᠂ ᠠᠩᠬ᠎ᠠ ᠪᠤᠯᠪᠠᠰᠤᠷᠠᠭᠠᠤᠯᠤᠯᠳᠠ ᠵᠡᠷᠬᠡ ᠭᠤᠷᠪᠠᠳᠤᠭᠠᠷ ᠠᠵᠤ ᠤᠶᠢᠯᠡᠰ ᠤᠨ ᠬᠦᠭᠵᠢᠯᠳᠠ ᠶᠢᠨ ᠱᠠᠭᠠᠷᠳᠠᠯᠭ᠎ᠠ ᠤᠯᠠᠮ ᠠᠴᠠ ᠨᠡᠮᠡᠭᠳᠡᠨ᠂ ᠭᠤᠷᠪᠠᠳᠤᠭᠠᠷ ᠠᠵᠤ ᠤᠶᠢᠯᠡᠰ ᠤᠨ ᠳᠠᠭᠠᠯᠳᠤᠯ ᠠᠯᠬᠤᠴᠠ ᠡᠳᠤᠷ ᠢᠷᠡᠬᠦᠶ᠎ᠡ ᠬᠢᠵᠠᠭᠠᠷᠯᠠᠭᠳᠠᠵᠤ᠂ ᠶᠡᠭᠡ ᠲᠦᠯᠤᠪ ᠪᠠᠷᠤᠭᠴᠠᠭᠠᠯᠭᠰᠡᠨ ᠢᠶᠠᠷ᠂ ᠵᠦᠪᠬᠡᠨ ᠪᠤᠷᠤᠪᠠᠯᠭᠠᠰᠤ ᠶᠢᠨ ᠮᠠᠯ ᠳᠠᠷᠢᠶᠠᠯᠠᠩ ᠤᠨ ᠪᠦᠳᠤᠬᠡᠭᠳᠡᠬᠦᠨ ᠤ ᠪᠤᠭᠤᠳᠠᠯ ᠤᠨ ᠬᠠᠶᠢᠷᠴᠠᠭ ᠤᠨ ᠬᠡᠷᠡᠭᠴᠡᠭᠡ 500 ᠲᠦᠮᠡ ᠳᠤ ᠬᠦᠷᠴᠤ᠂ ᠳᠤᠬᠠᠢ ᠶᠢᠨ ᠭᠠᠵᠠᠷ ᠤᠨ ᠤᠳᠤᠬᠠᠨ ᠤ ᠪᠤᠭᠤᠳᠠᠯ ᠤᠨ ᠬᠠᠶᠢᠷᠴᠠᠭ ᠤᠨ ᠤᠶᠢᠯᠡᠤᠨᠪᠤᠷᠢᠯᠡᠯ ᠤᠨ ᠬᠡᠮᠵᠢᠶ᠎ᠡ ᠨᠢᠬᠡᠨᠳᠠ ᠵᠠᠬ᠎ᠠ ᠳᠡᠯᠬᠡᠬᠦᠷ ᠤᠨ ᠬᠡᠷᠡᠭᠴᠡᠭᠡ ᠶᠢ ᠬᠠᠩᠭᠠᠵᠤ ᠳᠠᠶᠢᠯᠬᠦ ᠦᠬᠡᠢ ᠪᠤᠯᠵᠠᠢ᠃ ᠡᠨᠡᠬᠦ ᠳᠤᠪᠤᠶᠢᠮ᠎ᠠ ᠳᠤᠳᠠᠭᠤᠳᠠᠯ ᠪᠠ ᠪᠤᠷᠤᠪᠠᠯᠭᠠᠰᠤ ᠶᠢᠨ ᠮᠠᠯ ᠳᠠᠷᠢᠶᠠᠯᠠᠩ ᠤᠨ ᠤᠶᠢᠯᠡᠰ ᠤᠨ ᠬᠦᠭᠵᠢᠯᠳᠠ ᠶᠢᠨ ᠪᠠᠶᠢᠷᠢᠰᠢᠯ ᠤᠨ ᠳᠠᠪᠠᠭᠤᠯᠢᠭ ᠲᠤ ᠰᠠᠭᠤᠷᠢᠯᠠᠵᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠢᠢᠤᠨᠪᠤᠷᠢᠯᠡᠨ᠂ ︽ᠬᠦᠮᠤᠨ ᠪᠦᠬᠦᠨ ᠠᠷᠠᠯᠵᠢᠶᠠᠴᠢᠨ ᠤᠷᠢᠵᠤ᠂ ᠭᠠᠵᠠᠷ ᠪᠤᠯᠭᠠᠨ ᠠᠷᠠᠯᠵᠢᠶᠠᠴᠢᠨ ᠤᠷᠢᠬᠤ ᠤᠷᠴᠢᠨ︾ ᠬᠡᠬᠦ ᠦᠵᠡᠯᠳᠠ ᠶᠢ ᠪᠤᠢ ᠪᠤᠯᠭᠠᠵᠤ᠂ ᠪᠦᠳᠤᠮᠵᠢᠳᠠᠢ ᠠᠷᠭ᠎ᠠ ᠠᠪᠴᠠᠯ ᠠᠪᠤᠨ ︽ᠪᠦᠬᠦ ᠴᠠᠷᠠᠭ᠎ᠠ ᠪᠦᠬᠦ ᠱᠤᠭᠤᠮ︾ ᠤᠨ ᠠᠷᠠᠯᠵᠢᠶᠠᠴᠢᠨ ᠤᠷᠢᠬᠤ ᠪᠦᠳᠤᠴᠠ ᠶᠢ ᠪᠠᠶᠢᠭᠤᠯᠤᠨ᠂ ᠠᠷᠠᠯᠵᠢᠶ᠋ᠴᠢᠨ ᠤᠷᠢᠵᠤ ᠪᠡᠯᠡ ᠳᠠᠳᠠᠬᠤ ᠪᠠᠷ ᠳᠠᠮᠵᠢᠨ ᠴᠧᠩ ᠬᠤᠢ ᠮᠠᠯ ᠳᠠᠷᠢᠶᠠᠯᠠᠩ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢ ᠤᠷᠢᠨ ᠠᠪᠴᠢᠷᠠᠵᠤ᠂ ᠮᠠᠯ ᠳᠠᠷᠢᠶᠠᠯᠠᠩ ᠤᠨ ᠪᠦᠳᠤᠬᠡᠭᠳᠡᠬᠦᠨ ᠤ ᠪᠤᠭᠤᠳᠠᠯ ᠤᠨ ᠬᠠᠶᠢᠷᠴᠠᠭ ᠤᠨ ᠤᠶᠢᠯᠡᠤᠨᠪᠤᠷᠢ ᠶᠢ ᠪᠠᠶᠢᠭᠤᠯᠤᠭᠰᠡᠨ ᠪᠠᠶᠢᠨ᠎ᠠ᠃     ᠬᠠᠷᠠᠯᠳᠠ ᠶᠢᠨ ᠤᠳᠤᠷᠢᠳᠤᠮᠵᠢ ᠪᠠᠷ ᠰᠢᠪᠳᠤᠯᠤᠯᠳᠠ ᠪᠤᠯᠭᠠᠨ ᠬᠤᠯᠪᠤᠭᠠᠯᠠᠨ ᠬᠠᠮᠳᠤᠷᠠᠯᠴᠠᠪᠠ᠃ ᠭᠠᠴᠠᠭ᠎ᠠ ᠳᠤᠰᠬᠤᠨ ᠤ ᠬᠠᠮᠳᠤ ᠶᠢᠨ ᠠᠵᠤ ᠠᠬᠤᠢ ᠶᠢᠨ ᠬᠦᠭᠵᠢᠯᠳᠠ ᠶᠢᠨ ᠪᠡᠯᠡ ᠮᠦᠩᠬᠦ᠂ ᠡᠬᠢ ᠪᠡᠶᠠᠯᠢᠭ ᠤᠨ ᠶᠡᠷᠤᠩᠬᠡᠢ ᠬᠡᠮᠵᠢᠶ᠎ᠡ ᠪᠠᠭ᠎ᠠ ᠪᠠ ᠲᠦᠭᠰᠢᠬᠦᠷᠢ ᠶᠡᠭᠡ ᠵᠡᠷᠬᠡ ᠠᠰᠠᠭᠤᠳᠠᠯ ᠢ ᠰᠢᠢᠤᠨᠪᠤᠷᠢᠯᠡᠬᠦ ᠶᠢᠨ ᠳᠤᠰᠠᠳᠠ᠂ ᠪᠤᠷᠤᠪᠠᠯᠭᠠᠰᠤ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠦᠭᠵᠢᠯᠳᠠ ᠪᠠᠷ ᠴᠦᠮ᠎ᠡ ᠪᠤᠯᠭᠠᠨ ︽ᠳᠤᠭᠳᠠᠭᠠᠪᠠᠯ ᠳᠠᠷᠤᠢ ᠬᠢᠵᠤ︾᠂ ᠪᠡᠯᠡ ᠮᠦᠩᠬᠦ ᠡᠬᠢ ᠪᠠᠶᠠᠯᠢᠭ ᠢ ᠨᠠᠶᠢᠯᠡᠬᠦᠯᠤᠨ ᠭᠠᠴᠠᠭ᠎ᠠ ᠳᠤᠰᠬᠤᠨ ᠤ ᠬᠠᠮᠳᠤ ᠶᠢᠨ ᠠᠵᠤ ᠠᠬᠤᠢ ᠶᠢ ᠬᠤᠯᠪᠤᠭᠠᠯᠠᠨ ᠭᠦᠭᠵᠢᠬᠦᠯᠬᠦ ᠵᠠᠭᠪᠤᠷ ᠢ ᠡᠷᠢᠯᠬᠢᠯᠡᠨ ᠬᠡᠷᠡᠭᠵᠢᠬᠦᠯᠪᠡ᠂ ᠳᠠᠷᠤᠢ ᠭᠠᠴᠠᠭ᠎ᠠ ᠳᠤᠰᠬᠤᠨ ᠤ ᠬᠦᠭᠵᠢᠯᠳᠠ ᠶᠢᠨ ᠬᠢᠵᠠᠭᠠᠷᠯᠠᠯ ᠢ ᠡᠪᠳᠡᠵᠤ᠂ ᠬᠤᠯᠪᠤᠭᠠᠯᠠᠵᠤ ᠪᠠᠶᠢᠭ᠎ᠠ ᠨᠢᠬᠡ ᠳᠠᠯ᠎ᠠ ᠶᠢᠨ ᠬᠢᠨ ᠤ ᠤᠷᠤᠭᠤᠯᠤᠭᠰᠡᠨ ᠮᠦᠩᠬᠦ ᠪᠠ ᠲᠦᠷᠤᠯ ᠵᠦᠢᠯ ᠢ ᠵᠠᠰᠠᠭ ᠵᠠᠬᠢᠷᠭᠠᠨ ᠤ ᠳᠠᠯ᠎ᠠ ᠪᠠᠷ ᠬᠠᠷᠢᠯᠴᠠᠨ ᠬᠠᠷᠢᠶᠠᠯᠠᠭᠳᠠᠬᠤ ᠦᠬᠡᠢ ᠦᠬᠡᠷ᠎ᠡ ᠨᠢᠬᠡ ᠭᠠᠵᠠᠷ ᠲᠤ ᠬᠡᠷᠡᠭᠵᠢᠬᠦᠯᠬᠦ ᠶᠢ ᠬᠡᠯᠡᠵᠤ ᠪᠤᠢ᠃ ᠤᠳᠤᠬᠠᠨ ᠳᠤ᠂ ᠳᠤᠰ ᠬᠤᠯᠪᠤᠭᠠᠯᠠᠯ ᠳᠤ ᠮᠠᠯ ᠤᠨ ᠪᠡᠯᠴᠢᠬᠡᠷ ᠳᠤᠰᠬᠤᠨ᠂ ᠰᠢᠯᠢ ᠭᠠᠴᠠᠭ᠎ᠠ᠂ ᠰᠢᠯᠢ ᠶᠢᠨ ᠴᠠᠶᠢᠵᠠ ᠭᠠᠴᠠᠭ᠎ᠠ᠂ ᠠᠷᠠᠯ ᠭᠠᠴᠠᠭ᠎ᠠ ᠵᠡᠷᠬᠡ ᠭᠠᠴᠠᠭ᠎ᠠ ᠳᠤᠰᠬᠤᠨ ᠤᠷᠤᠯᠴᠠᠵᠤ᠂ ᠠᠵᠤ ᠠᠬᠤᠶᠢᠯᠠᠯ ᠲᠠᠢ ᠰᠢᠨᠵᠢᠯᠡᠬᠦ ᠤᠬᠠᠭᠠᠨᠴᠢ ᠲᠦᠯᠤᠪᠵᠢᠬᠦᠯᠤᠯᠳᠠ᠂ ᠵᠦᠢ ᠵᠤᠬᠢᠰᠳᠠᠢ ᠪᠠᠶᠢᠭᠤᠯᠤᠯᠳᠠ᠂ ᠦᠷ᠎ᠠ ᠪᠦᠳᠤᠮᠵᠢᠳᠤ ᠬᠠᠮᠢᠶᠠᠷᠤᠯᠳᠠ ᠪᠠ ᠠᠰᠢᠭ ᠳᠤᠰᠠ ᠶᠢᠨ ᠬᠤᠪᠢᠶᠠᠷᠢᠯᠠᠯᠳᠠ ᠵᠡᠷᠬᠡ ᠬᠠᠮᠳᠤᠷᠠᠭᠰᠡᠨ ᠳᠤᠭᠳᠠᠴᠠ ᠪᠠᠷ ᠳᠠᠮᠵᠢᠭᠤᠯᠤᠨ᠂ ᠬᠠᠷᠢᠯᠴᠠᠨ ᠠᠰᠢᠭᠳᠠᠢ ᠬᠠᠮᠳᠤ ᠪᠠᠷ ᠠᠰᠢᠭ ᠬᠦᠷᠳᠡᠬᠦ ᠭᠠᠴᠠᠭ᠎ᠠ ᠳᠤᠰᠬᠤᠨ ᠤ ᠬᠠᠮᠳᠤ ᠶᠢᠨ ᠠᠵᠤ ᠠᠬᠤᠢ ᠶᠢᠨ ᠬᠤᠯᠪᠤᠭᠠᠯᠠᠯ ᠬᠦᠭᠵᠢᠯᠳᠠ ᠶᠢᠨ ᠰᠢᠨ᠎ᠠ ᠪᠠᠶᠢᠳᠠᠯ ᠢ ᠪᠦᠷᠢᠯᠳᠤᠬᠦᠯᠦᠭᠰᠡᠨ ᠪᠠᠶᠢᠨ᠎ᠠ᠃     ᠦᠷ᠎ᠠ ᠳ᠋ᠦᠩ ᠤᠨ ᠤᠳᠤᠷᠢᠳᠤᠮᠵᠢ ᠪᠠᠷ ᠳᠠᠶᠢᠴᠢᠯᠠᠨ ᠪᠦᠬᠦᠯᠢ ᠴᠤᠭᠴᠠ ᠪᠠᠷ ᠳᠡᠬᠡᠭᠰᠢᠯᠡᠬᠦᠯᠪᠡ᠃ ᠴᠧᠩ ᠬᠤᠢ ᠮᠠᠯ ᠳᠠᠷᠢᠶᠠᠯᠠᠩ ᠤᠨ ᠪᠦᠳᠤᠬᠡᠭᠳᠡᠬᠦᠨ ᠤ ᠪᠤᠭᠤᠳᠠᠯ ᠤᠨ ᠬᠠᠶᠢᠷᠴᠠᠭ ᠤᠨ ᠤᠶᠢᠯᠡᠤᠨᠪᠤᠷᠢ ᠶᠢᠨ ᠶᠡᠷᠤᠩᠬᠡᠢ ᠪᠡᠯᠡ ᠤᠷᠤᠭᠤᠯᠤᠯᠳᠠ ᠨᠢ 600 ᠲᠦᠮᠡᠨ ᠲᠦᠬᠦᠷᠢᠭ ᠬᠦᠷᠴᠤ᠂ 800 ᠳᠡᠭᠰᠢ ᠲᠦᠷᠪᠡᠯᠵᠢᠨ ᠮᠧᠲᠷ ᠤᠨ ᠤᠶᠢᠯᠡᠤᠨᠪᠤᠷᠢ  ᠶᠢᠨ ᠳᠠᠰᠤᠭ᠂ 600 ᠳᠡᠭᠰᠢ ᠲᠦᠷᠪᠡᠯᠵᠢᠨ ᠮᠧᠲᠷ ᠤᠨ ᠬᠦᠮᠤᠷᠬᠡ ᠪᠠᠶᠢᠭᠤᠯᠤᠨ᠂ 10 ᠤᠶᠢᠯᠡᠤᠨᠪᠤᠷᠢᠯᠡᠯ ᠤᠨ ᠮᠠᠰᠢᠨ ᠴᠤᠭᠴᠠᠯᠠᠪᠤᠷᠢ ᠶᠢ ᠵᠠᠬᠢᠶᠠᠯᠠᠭᠰᠡᠨ ᠪᠠᠶᠢᠨ᠎ᠠ᠃ ᠲᠦᠷᠤᠯ ᠵᠦᠢᠯ ᠢ ᠬᠡᠷᠡᠭᠵᠢᠬᠦᠯᠦᠭᠰᠡᠨ ᠤ ᠳᠠᠷᠠᠭ᠎ᠠ᠂ ᠪᠤᠷᠤᠪᠠᠯᠭᠠᠰᠤ ᠪᠠᠯᠭᠠᠰᠤ ᠵᠢᠴᠢ ᠤᠶᠢᠷ᠎ᠠ ᠬᠠᠪᠢ ᠶᠢᠨ ᠵᠠᠬ᠎ᠠ ᠳᠡᠯᠬᠡᠬᠦᠷ ᠲᠤ ᠵᠢᠯ ᠳᠤ 200 ᠲᠦᠮᠡᠨ ᠮᠠᠯ ᠳᠠᠷᠢᠶᠠᠯᠠᠩ ᠤᠨ ᠪᠦᠳᠤᠬᠡᠭᠳᠡᠬᠦᠨ ᠤ ᠬᠦᠬᠡᠰᠤᠷᠬᠡᠭ ᠪᠤᠭᠤᠳᠠᠯ ᠤᠨ ᠬᠠᠶᠢᠷᠴᠠᠭ᠂ 10 ᠲᠦᠮᠡᠨ ᠳᠡᠭᠰᠢ ᠲᠦᠷᠪᠡᠯᠵᠢᠨ ᠮᠧᠲᠷ ᠪᠠᠷᠢᠯᠭ᠎ᠠ ᠶᠢᠨ ᠤᠭᠰᠠᠷᠠᠮᠠᠯ ᠮᠠᠲ᠋ᠧᠷᠢᠶᠡᠯ ᠬᠠᠩᠭᠠᠬᠤ ᠶᠢᠨ ᠬᠠᠮᠳᠤ᠂ ᠬᠤᠯᠪᠤᠭᠠᠯᠠᠵᠤ ᠪᠠᠶᠢᠭ᠎ᠠ ᠭᠠᠴᠠᠭ᠎ᠠ ᠳᠤᠰᠬᠤᠨ ᠵᠢᠴᠢ ᠳᠤᠬᠠᠢ ᠶᠢᠨ ᠭᠠᠵᠠᠷ ᠤᠨ ᠮᠠᠯᠴᠢᠨ ᠳᠠᠷᠢᠶᠠᠴᠢᠨ᠂ ᠬᠦᠴᠢᠷᠳᠠᠯ ᠲᠠᠢ ᠡᠷᠤᠬᠡ ᠳᠤ ᠤᠯᠠᠨ ᠠᠵᠢᠯ  ᠤᠨ ᠪᠠᠶᠢᠷᠢ ᠬᠠᠩᠭᠠᠵᠤ᠂ ᠭᠠᠴᠠᠭ᠎ᠠ ᠳᠤᠰᠬᠤᠨ ᠤ ᠬᠠᠮᠳᠤ ᠶᠢᠨ ᠠᠵᠤ ᠠᠬᠤᠢ ᠶᠢᠨ ᠵᠢᠯ ᠤᠨ ᠤᠷᠤᠯᠭ᠎ᠠ ᠶᠢ 12.5 ᠲᠦᠮᠡᠨ ᠲᠦᠬᠦᠷᠢᠭ ᠠᠴᠠ ᠳᠤᠤᠷ᠎ᠠ ᠦᠬᠡᠢ ᠪᠠᠶᠢᠯᠭᠠᠬᠤ ᠬᠠᠷᠠᠯᠳᠠ ᠶᠢ ᠪᠡᠶᠡᠯᠡᠬᠦᠯᠬᠦ ᠳᠤ ᠬᠦᠴᠤᠨ ᠨᠡᠮᠡᠷᠢᠯᠡᠬᠦ ᠪᠤᠯᠤᠨ᠎ᠠ᠃ ᠪᠤᠭᠤᠳᠠᠯ ᠤᠨ ᠬᠠᠶᠢᠷᠴᠠᠭ ᠤᠨ ᠤᠶᠢᠯᠡᠤᠨᠪᠤᠷᠢ ᠶᠢᠨ ᠬᠡᠷᠡᠭᠯᠡᠯᠳᠠ ᠨᠢ ᠤᠶᠢᠯᠡᠤᠨᠪᠤᠷᠢᠯᠡᠯ ᠤᠨ ᠳᠤᠳᠠᠭᠤᠳᠠᠯ ᠤᠨ ᠠᠰᠠᠭᠤᠳᠠᠯ ᠢ ᠪᠦᠳᠤᠮᠵᠢᠳᠠᠢ ᠰᠢᠢᠤᠨᠪᠤᠷᠢᠯᠡᠵᠤ᠂ ᠪᠠᠷᠢᠯᠭ᠎ᠠ ᠶᠢᠨ ᠤᠭᠰᠠᠷᠠᠮᠠᠯ ᠮᠠᠲ᠋ᠧᠷᠢᠶᠡᠯ ᠤᠨ ᠵᠠᠬ᠎ᠠ ᠳᠡᠯᠬᠡᠬᠦᠷ ᠤᠨ ᠬᠤᠭᠤᠰᠤᠨ ᠢ ᠨᠦᠬᠦᠪᠤᠷᠢᠯᠡᠨ᠂ ᠪᠠᠯᠭᠠᠰᠤᠨ ᠳᠤᠭᠤᠷᠢᠭ ᠤᠨ ᠠᠵᠤ ᠠᠬᠤᠢ ᠶᠢ ᠪᠤᠵᠠᠭᠠᠶᠢᠷᠠᠭᠤᠯᠤᠨ᠂ ᠠᠵᠤ ᠤᠶᠢᠯᠡᠰ ᠤᠨ ᠳᠡᠰ ᠳᠠᠪᠰᠢᠯᠳᠠ ᠶᠢ ᠠᠬᠢᠭᠤᠯᠵᠤ᠂ ᠭᠤᠷᠪᠠᠨ ᠠᠵᠤ ᠤᠶᠢᠯᠡᠰ ᠤᠨ ᠠᠭᠤᠰᠤᠯᠴᠠᠯ ᠢ ᠳᠡᠬᠡᠭᠰᠢᠯᠡᠬᠦᠯᠬᠦ ᠳᠤ ᠬᠦᠴᠤᠳᠤ ᠳᠤᠯᠭᠠᠭᠤᠷᠢᠯᠠᠯ ᠪᠠ ᠪᠠᠳᠤᠯᠠᠭ᠎ᠠ ᠬᠠᠩᠭᠠᠬᠤ ᠪᠤᠯᠤᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号