ᠯᠢ ᠯᠢ ᠮᠠᠨ ᠤ ᠬᠤᠰᠢᠭᠤᠨ ᠤ ᠠᠵᠣ ᠣᠶᠢᠯᠠᠰ ᠤᠨ ᠬᠦᠭᠵᠢᠯᠳᠡ  ᠲᠦᠷᠦᠯ ᠵᠣᠶᠢᠯ ᠤᠨ ᠪᠠᠶᠢᠭᠤᠯᠣᠯᠳᠠ  ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠵᠡᠷᠭᠡ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2021/11/10
    11 ᠰᠠᠷ᠎ᠠ ᠶᠢᠨ 4 ᠤ ᠡᠳᠦᠷ᠂ ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠣᠳᠤᠭ  ᠤᠨ ᠡᠮᠦᠨᠡᠳᠦ ᠬᠤᠰᠢᠭᠤᠨ ᠳᠤ ᠭᠦᠨᠵᠡᠭᠡᠶᠢᠷᠡᠨ᠂ ᠠᠵᠣ ᠣᠶᠢᠯᠠᠰ ᠤᠨ ᠬᠦᠭᠵᠢᠯᠳᠡ᠂ ᠲᠦᠷᠦᠯ ᠵᠣᠶᠢᠯ ᠤᠨ ᠪᠠᠶᠢᠭᠤᠯᠣᠯᠳᠠ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠵᠡᠷᠭᠡ ᠠᠵᠢᠯ ᠢ ᠪᠠᠶᠢᠴᠠᠭᠠᠨ ᠰᠣᠳᠣᠯᠪᠠ᠃ ᠠᠷᠠᠳ ᠲᠦᠮᠠᠨ ᠢᠶᠠᠷ ᠭᠤᠣᠯ ᠪᠣᠯᠭᠠᠬᠤ ᠬᠦᠭᠵᠢᠯᠳᠡ ᠶᠢᠨ ᠦᠵᠡᠯ ᠢ ᠢᠮᠠᠭᠳᠠ ᠪᠠᠷᠢᠮᠳᠠᠯᠠᠨ᠂ ᠰᠢᠨ᠎ᠡ ᠬᠦᠭᠵᠢᠯᠳᠡ  ᠶᠢᠨ ᠣᠶᠢᠯᠠᠭᠠᠭᠳᠠᠬᠤᠨ ᠢ ᠪᠦᠷᠢᠨ ᠪᠦᠳᠦᠨ᠂ ᠣᠨᠣᠪᠴᠢᠳᠠᠢ᠂ ᠪᠦᠬᠦ ᠲᠠᠯ᠎ᠠ ᠪᠠᠷ ᠲᠣᠣᠱᠯᠠᠭᠤᠯᠵᠣ᠂ ᠪᠣᠬᠢᠷᠳᠣᠯ ᠦᠭᠡᠢ ᠬᠦᠭᠵᠢᠯᠳᠡ ᠪᠠᠷ ᠠᠵᠣ ᠣᠶᠢᠯᠠᠰ ᠤᠨ ᠬᠦᠭᠵᠢᠯᠳᠡ ᠪᠣᠯᠣᠨ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠶᠢᠨ ᠵᠢᠯᠣᠭᠤᠳᠣᠯᠭ᠎ᠠ ᠪᠣᠯᠭᠠᠨ᠂ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠶᠢᠨ ᠰᠠᠭᠤᠷᠢ  ᠶᠢ ᠪᠣᠵᠠᠭᠠᠶᠢᠷᠠᠭᠤᠯᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠯᠢ ᠯᠢ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ ᠰᠠᠭᠤᠷᠢᠨ ᠭᠠᠵᠠᠷ ᠤᠨ ᠠᠵᠣ ᠠᠬᠤᠶᠢᠯᠠᠯ ᠢᠶᠠᠷ ᠬᠦᠷᠴᠦ ᠠᠵᠣ ᠣᠶᠢᠯᠠᠰ ᠤᠨ ᠬᠦᠭᠵᠢᠯᠳᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠣᠷᠢᠳ ᠬᠤᠵᠢᠳ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ ᠰᠠᠭᠤᠷᠢᠨ ᠭᠠᠵᠠᠷ ᠤᠨ ᠦᠵᠡᠭᠦᠯᠦᠯᠭᠡ ᠶᠢᠨ ᠲᠢᠩᠬᠢᠮ᠂ ᠣᠯᠣᠰ ᠤᠨ ᠴᠠᠬᠢᠯᠭᠠᠨ ᠬᠦᠴᠦᠨ ᠤ ᠱᠤᠸᠠᠩ ᠸᠧᠢ ᠴᠠᠬᠢᠯᠭᠠᠨ ᠣᠶᠢᠯᠠᠳᠪᠦᠷᠢ᠂ ᠱᠠᠨᠳᠦ᠋ᠩ ᠤᠨ ᠡᠨᠧᠷᠬᠢ ᠶᠢᠨ ᠪᠦᠯᠦᠭᠯᠡᠯ ᠤᠨ ᠱᠧᠩ ᠯᠦ ᠴᠠᠬᠢᠯᠭᠠᠨ ᠣᠶᠢᠯᠠᠳᠪᠦᠷᠢ ᠳᠤ ᠬᠦᠷᠴᠦ ᠠᠵᠣ ᠣᠶᠢᠯᠠᠰ ᠤᠨ ᠲᠦᠯᠦᠪᠵᠢᠭᠦᠯᠭᠡ᠂ ᠲᠦᠷᠦᠯ ᠵᠣᠶᠢᠯ ᠤᠨ ᠪᠠᠶᠢᠭᠤᠯᠣᠯᠳᠠ᠂ ᠠᠵᠣ ᠠᠬᠤᠶᠢᠯᠠᠯ ᠤᠨ ᠣᠶᠢᠯᠠᠳᠪᠦᠷᠢᠯᠠᠯ ᠠᠵᠢᠯᠯᠠᠮᠵᠢ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠬᠤ ᠶᠢᠨ ᠬᠠᠮᠳᠦ ᠠᠵᠣ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠠᠪᠴᠠᠯ᠂ ᠠᠶᠣᠯᠭᠦᠢ ᠣᠶᠢᠯᠠᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠣᠯᠳᠠ ᠶᠢ ᠪᠣᠳᠠᠳᠦ ᠭᠠᠵᠠᠷ   ᠲᠤ ᠨᠢ ᠪᠠᠶᠢᠴᠠᠭᠠᠵᠣ᠂ ᠲᠣᠬᠠᠢ ᠭᠠᠵᠠᠷ ᠤᠨ ᠨᠠᠮ   ᠤᠨ ᠬᠤᠷᠢᠶ᠎ᠠ ᠵᠠᠰᠠᠭ ᠤᠨ ᠣᠷᠳᠣᠨ ᠪᠣᠯᠣᠨ ᠠᠵᠣ ᠠᠬᠤᠶᠢᠯᠠᠯ ᠤᠨ ᠬᠠᠷᠢᠭᠤᠴᠠᠯᠭᠠᠳᠠᠳ ᠢ ︽ᠬᠤᠣᠰ ᠨᠡᠭᠦᠷᠡᠰᠦᠳᠦ᠋ᠷᠦᠭᠴᠢ︾ ᠶᠢᠨ ᠬᠠᠷᠠᠯᠳᠠ ᠪᠣᠯᠣᠨ ︽ᠡᠨᠧᠷᠬᠢ ᠶᠢᠨ ᠬᠤᠷᠣᠭᠳᠠᠯ  ᠤᠨ ᠬᠤᠣᠰ ᠡᠵᠡᠮᠳᠡᠯ︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠣᠨ ᠨᠠᠶᠢᠳᠠᠪᠦᠷᠢᠵᠢᠭᠤᠯᠵᠣ᠂ ᠲᠡᠷᠢᠭᠦᠨ ᠤ ᠮᠡᠷᠭᠡᠵᠢᠯ ᠢ ᠠᠰᠢᠭᠯᠠᠨ ᠡᠨᠧᠷᠬᠢ ᠶᠢᠨ ᠬᠤᠷᠣᠭᠳᠠᠯ᠂ ᠣᠰᠣᠨ ᠤ ᠬᠤᠷᠣᠭᠳᠠᠯ᠂ ᠪᠣᠬᠢᠷᠳᠣᠯ ᠪᠣᠳᠠᠰ ᠤᠨ ᠭᠠᠳᠠᠭᠰᠢᠯᠠᠭᠤᠯᠣᠯᠳᠠ ᠶᠢ ᠪᠠᠭᠠᠰᠬᠠᠨ᠂ ᠨᠡᠭᠦᠷᠡᠰᠣᠨ ᠤ ᠴᠡᠪᠡᠷ ᠠᠰᠢᠭᠯᠠᠯᠳᠠ ᠶᠢᠨ ᠲᠦᠪᠰᠢᠨ ᠢ ᠲᠡᠭᠡᠭᠰᠢᠯᠡᠭᠦᠯᠵᠣ᠂ ᠡᠨᠧᠷᠬᠢ ᠶᠢᠨ ᠰᠠᠭᠤᠷᠢᠨ ᠤ ᠪᠠᠳᠣᠯᠠᠭ᠎ᠠ ᠶᠢᠨ ᠣᠶᠢᠯᠠᠳᠣᠯ ᠢ ᠨᠡᠩ ᠰᠠᠶᠢᠨ ᠪᠠᠳᠠᠷᠠᠭᠤᠯᠬᠤ ᠬᠡᠷᠡᠭᠳᠡᠢ ᠭᠡᠵᠣ ᠵᠠᠬᠢᠪᠠ᠃ ᠲᠡᠷᠡ᠂ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠶᠢ ᠶᠡᠭᠡ ᠪᠠᠷ ᠦᠷᠨᠢᠭᠦᠯᠣᠨ᠂ ᠰᠢᠨ᠎ᠡ ᠡᠨᠧᠷᠬᠢ ᠶᠢᠨ ᠠᠵᠣ ᠣᠶᠢᠯᠠᠰ ᠢ ᠢᠳᠡᠪᠬᠢᠳᠡᠢ ᠬᠦᠭᠵᠢᠭᠦᠯᠵᠣ᠂ ᠠᠵᠣ ᠣᠶᠢᠯᠠᠳᠪᠦᠷᠢ ᠪᠣᠯᠣᠨ ᠣᠶᠢᠯᠠᠳᠬᠦ ᠣᠶᠢᠯᠠᠰ ᠤᠨ ᠲᠦᠷᠦᠯ ᠵᠣᠶᠢᠯ  ᠢ ᠬᠦᠴᠦᠯᠡᠨ ᠬᠦᠭᠵᠢᠭᠦᠯᠬᠦ ᠬᠡᠷᠡᠭᠳᠡᠢ᠃ ᠲᠦᠷᠦᠯ ᠵᠣᠶᠢᠯ ᠤᠨ ᠪᠠᠶᠢᠭᠤᠯᠣᠯᠳᠠ ᠶᠢ ᠦᠨᠳᠦᠷ ᠪᠠᠷᠢᠮᠵᠢᠶ᠎ᠠ ᠲᠠᠢ᠂ ᠴᠢᠩᠭ᠎ᠠ ᠱᠠᠭᠠᠷᠳᠠᠯᠭ᠎ᠠ ᠪᠠᠷ ᠠᠬᠢᠭᠤᠯᠣᠨ᠂ ᠠᠶᠣᠯᠭᠦᠢ ᠣᠶᠢᠯᠠᠳᠪᠦᠷᠢᠯᠠᠯ ᠢ ᠪᠠᠳᠣᠯᠠᠭᠰᠠᠨ ᠣᠷᠢᠳᠠᠯ ᠲᠣᠣᠷ᠎ᠠ ᠲᠣᠭᠳᠠᠭᠰᠠᠨ ᠬᠤᠭᠤᠴᠠᠭᠠᠨ ᠲᠣᠳᠣᠷ᠎ᠠ ᠠᠰᠢᠭᠯᠠᠯᠳᠠ ᠳᠤ ᠣᠷᠣᠭᠤᠯᠵᠣ ᠦᠷ᠎ᠡ ᠪᠦᠳᠦᠮᠵᠢ ᠣᠯᠬᠤ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠣᠨ ᠠᠶᠣᠯᠭᠦᠢ ᠣᠶᠢᠯᠠᠳᠪᠦᠷᠢᠯᠠᠯ ᠤᠨ ᠠᠵᠢᠯ ᠢ ᠲᠡᠭᠡᠳᠦ ᠬᠡᠮᠵᠢᠶ᠎ᠡ  ᠪᠠᠷ ᠴᠢᠬᠤᠯᠠᠴᠢᠯᠠᠨ᠂ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠲᠡᠭᠦᠯᠳᠡᠷᠵᠢᠭᠦᠯᠵᠣ᠂ ᠬᠢᠨᠠᠯᠳᠠ ᠪᠠᠶᠢᠴᠠᠭᠠᠯᠳᠠ  ᠪᠠᠨ ᠴᠢᠩᠭᠠᠳᠬᠠᠨ᠂  ᠠᠵᠣ ᠠᠬᠤᠶᠢᠯᠠᠯ ᠤᠨ ᠠᠶᠣᠯᠭᠦᠢ ᠣᠶᠢᠯᠠᠳᠪᠦᠷᠢᠯᠠᠯ᠂ ᠯᠠᠪᠳᠠᠭᠤᠨ ᠲᠣᠭᠳᠠᠭᠤᠨ ᠠᠵᠢᠯᠯᠠᠮᠵᠢ  ᠶᠢ ᠦᠨᠡᠨ ᠬᠦ ᠪᠠᠳᠣᠯᠠᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠯᠢ ᠯᠢ ᠣᠯᠵᠠᠴᠢ ᠭᠠᠴᠠᠭᠠᠨ ᠳᠤ ᠬᠠᠮᠢᠶ᠎ᠠ ᠪᠦᠬᠦᠢ ᠬᠦᠮᠦᠰ ᠲᠠᠢ ᠭᠦᠨᠵᠡᠭᠡᠢ ᠶᠠᠷᠢᠯᠴᠠᠨ᠂ ᠬᠦᠳᠡᠭᠡ ᠲᠣᠰᠬᠤᠨ  ᠢ ᠬᠦᠭᠵᠢᠭᠦᠯᠦᠨ ᠮᠠᠨᠳᠣᠭᠤᠯᠬᠤ ᠠᠵᠢᠯ ᠤᠨ ᠪᠣᠳᠠᠳᠠᠢ ᠠᠷᠭ᠎ᠠ ᠠᠪᠴᠠᠯ ᠪᠣᠯᠣᠨ ᠦᠷ᠎ᠡ ᠪᠦᠳᠦᠮᠵᠢ ᠶᠢ ᠨᠠᠷᠢᠨ ᠣᠶᠢᠯᠠᠭᠠᠵᠣ᠂ ᠨᠡᠭᠦᠷᠡᠰᠣᠨ ᠲᠣᠯᠠᠭᠠᠯᠭ᠎ᠠ ᠶᠢ ᠴᠠᠬᠢᠯᠭᠠᠨ ᠲᠣᠯᠠᠭᠠᠯᠭ᠎ᠠ ᠪᠣᠯᠭᠠᠨ ᠦᠭᠡᠷᠡᠴᠢᠯᠡᠭᠰᠡᠨ ᠲᠦᠬᠦᠭᠡᠷᠦᠮᠵᠢ  ᠶᠢᠨ ᠠᠵᠢᠯᠯᠠᠮᠵᠢ ᠶᠢᠨ ᠪᠠᠶᠢᠳᠠᠯ ᠢ ᠠᠬᠤᠢ ᠲᠠᠯᠠᠪᠠᠢ ᠳᠤ ᠨᠢ ᠪᠠᠶᠢᠴᠠᠭᠠᠨ᠂ ᠦᠪᠡᠷ ᠤᠨ ᠦᠷᠳᠡᠭ᠂ ᠪᠣᠳᠠᠳᠦ ᠦᠷ᠎ᠡ ᠠᠰᠢᠭ ᠢ ᠣᠶᠢᠯᠠᠭᠠᠭᠠᠳ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠢᠮᠠᠭᠳᠠ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠵᠣ᠂ ᠣᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ᠨᠡᠭᠦᠷᠡᠰᠣᠨ ᠲᠣᠯᠠᠭᠠᠯᠭ᠎ᠠ ᠶᠢ ᠦᠭᠡᠷᠡᠴᠢᠯᠡᠭᠦ ᠢᠨᠵᠧᠨᠧᠷᠢᠩ ᠢ ᠭᠦᠨᠵᠡᠭᠡᠢ ᠠᠬᠢᠭᠤᠯᠵᠣ᠂ ᠮᠠᠯᠴᠢᠨ ᠲᠠᠷᠢᠶᠠᠴᠢᠨ ᠤ ᠠᠮᠢᠳᠣᠷᠠᠯ ᠳᠤ ᠨᠡᠩ ᠲᠦᠬᠦᠮ ᠨᠦᠭᠦᠴᠡᠯ ᠬᠠᠩᠭᠠᠬᠤ ᠬᠡᠷᠡᠭᠳᠡᠢ ᠭᠡᠵᠣ ᠱᠠᠭᠠᠷᠳᠠᠭᠰᠠᠨ ᠪᠠᠶᠢᠨ᠎ᠠ᠃     ᠣᠯᠵᠠᠴᠢ ᠪᠠᠯᠭᠠᠰᠦ ᠭᠠᠴᠠᠭ᠎ᠠ ᠲᠣᠰᠬᠤᠨ ᠪᠣᠯᠣᠨ ᠠᠵᠣ ᠠᠬᠤᠶᠢᠯᠠᠯ ᠤᠨ ︽ᠬᠠᠮᠳᠣᠷᠠᠨ ᠬᠦᠭᠵᠢᠭᠦ︾ ᠠᠵᠣ ᠣᠶᠢᠯᠠᠰ ᠤᠨ ᠬᠤᠯᠪᠣᠭᠠᠯᠠᠯ ᠤᠨ ᠵᠠᠭᠪᠣᠷ ᠢ ᠰᠦᠪᠡᠭᠴᠢᠯᠡᠨ᠂ ᠭᠠᠴᠠᠭ᠎ᠠ ᠲᠣᠰᠬᠤᠨ ᠤ ᠬᠠᠮᠳᠦ ᠶᠢᠨ ᠠᠵᠣ ᠠᠬᠤᠢ  ᠶᠢᠨ ᠡᠵᠡᠩᠨᠡᠯᠳᠡ ᠶᠢᠨ ᠴᠢᠨᠠᠷᠳᠠᠢ ᠣᠷᠣᠯᠭ᠎ᠠ ᠶᠢᠨ ᠦᠷᠭᠦᠯᠵᠢᠭᠦᠶᠢᠴᠡ ᠲᠣᠭᠳᠠᠭᠤᠨ ᠨᠡᠮᠡᠭᠳᠡᠯ ᠢ ᠠᠬᠢᠭᠤᠯᠣᠭᠰᠠᠨ ᠪᠠᠶᠢᠨ᠎ᠠ᠃ ᠷᠦᠢ ᠺᠠᠩ ᠮᠠᠯ ᠲᠠᠷᠢᠶᠠᠯᠠᠩ ᠤᠨ ᠣᠶᠢᠯᠠᠰ ᠤᠨ ᠬᠢᠵᠠᠭᠠᠷᠳᠦ ᠬᠠᠷᠢᠭᠤᠴᠠᠯᠭ᠎ᠠ ᠶᠢᠨ ᠺᠣᠮᠫᠠᠨᠢ ᠪᠣᠯ ᠣᠯᠵᠠᠴᠢ ᠭᠠᠴᠠᠭᠠᠨ ᠤ ᠰᠠᠶᠢᠨ ᠡᠭᠦᠯᠳᠡᠷ ᠪᠣᠶᠢᠵᠢᠭᠤᠯᠬᠤ᠂ ᠲᠡᠯᠭᠡᠷᠡᠭᠦᠯᠬᠦ᠂ ᠬᠤᠷᠰᠢᠨ ᠪᠣᠷᠣᠯᠠᠭᠤᠯᠬᠤ ᠶᠢ ᠴᠤᠭᠴᠠᠵᠢᠭᠤᠯᠣᠭᠰᠠᠨ ᠲᠡᠵᠢᠭᠡᠨ ᠦᠷᠡᠵᠢᠭᠦᠯᠭᠡ ᠶᠢᠨ ᠠᠵᠣ ᠠᠬᠤᠶᠢᠯᠠᠯ ᠪᠣᠯᠣᠨ᠎ᠠ᠃ ᠯᠢ ᠯᠢ ᠲᠡᠵᠢᠭᠡᠨ ᠦᠷᠡᠵᠢᠭᠦᠯᠭᠡ ᠶᠢᠨ ᠰᠠᠭᠤᠷᠢᠨ ᠳᠤ ᠬᠦᠷᠴᠦ ᠲᠡᠵᠢᠭᠡᠨ ᠦᠷᠡᠵᠢᠭᠦᠯᠭᠡ ᠶᠢᠨ ᠬᠡᠪᠴᠢᠶᠡᠵᠢᠯ᠂ ᠮᠠᠯᠴᠢᠨ ᠲᠠᠷᠢᠶᠠᠴᠢᠨ ᠠᠵᠣ ᠠᠬᠤᠶᠢᠯᠠᠯ ᠤᠨ ᠠᠰᠢᠭ ᠲᠣᠰᠠ ᠶᠢᠨ ᠬᠤᠯᠪᠣᠭ᠎ᠠ᠂ ᠵᠠᠬ᠎ᠠ ᠲᠡᠯᠭᠡᠭᠦᠷ ᠤᠨ ᠬᠠᠩᠭᠠᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠲᠣᠬᠠᠢ ᠶᠢᠨ ᠭᠠᠵᠠᠷ ᠤᠨ ᠬᠠᠷᠢᠭᠤᠴᠠᠭᠠᠯᠳᠠᠨ ᠳᠤ ᠠᠵᠣ ᠣᠶᠢᠯᠠᠰ ᠤᠨ ᠬᠦᠭᠵᠢᠯᠳᠡ  ᠶᠢᠨ ᠲᠠᠪᠠᠭᠤᠯᠢᠭ ᠢ ᠲᠣᠪᠣᠶᠢᠯᠭᠠᠨ ᠮᠠᠯ ᠲᠠᠷᠢᠶᠠᠯᠠᠩ ᠤᠨ ᠣᠶᠢᠯᠠᠰ ᠤᠨ ᠲᠣᠯᠣᠭᠠᠶᠢᠯᠠᠭᠴᠢ ᠠᠵᠣ ᠠᠬᠤᠶᠢᠯᠠᠯ ᠢ ᠪᠣᠶᠢᠵᠢᠭᠤᠯᠵᠣ᠂ ᠮᠠᠯᠴᠢᠨ ᠲᠠᠷᠢᠶᠠᠴᠢᠨ ᠠᠵᠣ ᠠᠬᠤᠶᠢᠯᠠᠯ ᠤᠨ ᠠᠰᠢᠭ ᠲᠣᠰᠠ ᠶᠢᠨ ᠬᠤᠯᠪᠣᠭᠠᠨ ᠤ ᠲᠣᠭᠳᠠᠴᠠ ᠶᠢ ᠪᠠᠶᠢᠭᠤᠯᠣᠨ᠂ ᠮᠠᠯᠴᠢᠨ ᠲᠠᠷᠢᠶᠠᠴᠢᠨ ᠤ ᠦᠷᠭᠦᠯᠵᠢᠬᠦᠶᠢᠴᠡ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠳᠡᠢ᠃ ᠠᠵᠣ ᠠᠬᠤᠶᠢᠯᠠᠯ ᠤᠨ ᠬᠢᠨ ᠲᠦᠷᠦᠯ ᠵᠣᠶᠢᠯ ᠤᠨ ᠲᠠᠪᠠᠭᠤᠯᠢᠭ᠂ ᠬᠡᠪᠴᠢᠶᠡᠵᠢᠯ ᠤᠨ ᠲᠠᠪᠠᠭᠤᠯᠢᠭ᠂ ᠮᠡᠷᠭᠡᠵᠢᠯ ᠤᠨ ᠲᠠᠪᠠᠭᠤᠯᠢᠭ ᠢᠶᠠᠨ ᠭᠦᠢᠴᠡᠳ ᠠᠰᠢᠭᠯᠠᠨ᠂ ᠣᠳᠣᠬᠢᠴᠢᠯᠠᠭᠰᠠᠨ᠂ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠭᠡ ᠶᠢᠨ ᠲᠣᠭᠳᠠᠯᠴᠠᠭ᠎ᠠ ᠶᠢ ᠪᠠᠶᠢᠭᠤᠯᠵᠣ᠂ ᠵᠠᠬ᠎ᠠ ᠲᠡᠯᠭᠡᠭᠦᠷ ᠤᠨ ᠦᠷᠢᠰᠦᠯᠳᠦᠬᠦ ᠬᠦᠴᠦᠨ ᠢᠶᠠᠨ ᠲᠠᠰᠣᠷᠠᠯᠳᠠ ᠦᠭᠡᠢ ᠲᠡᠭᠡᠭᠰᠢᠯᠡᠭᠦᠯᠬᠦ ᠬᠡᠷᠡᠭᠳᠡᠢ ᠭᠡᠵᠣ ᠵᠠᠬᠢᠭᠰᠠᠨ ᠪᠠᠶᠢᠨ᠎ᠠ᠃     ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠲᠠᠷᠤᠭ᠎ᠠ ᠵᠠᠩ ᠸᠧᠢ᠂ ᠬᠤᠳᠠ ᠶᠢᠨ ᠲᠡᠳ᠋ ᠲᠠᠷᠤᠭ᠎ᠠ ᠡᠷᠳᠡᠨᠢᠪᠢᠯᠢᠭ ᠬᠠᠮᠳᠦ ᠪᠠᠶᠢᠴᠠᠭᠠᠨ ᠰᠣᠳᠣᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号