ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠷᠬᠡᠨ ᠤ ᠬᠠᠤᠯᠢ ᠶᠢᠨ ᠪᠢᠴᠢᠭ
ᠨᠡᠶᠢᠲᠡᠯᠡᠭᠰᠡᠨ ᠴᠠᠭ᠄
2021/11/17
    ︵2020 ᠤᠨ ᠤ 12 ᠰᠠᠷ᠎ᠠ ᠶᠢᠨ 25 ᠤ ᠡᠳᠦᠷ ᠤᠨ ᠦᠷᠬᠦᠯᠵᠢᠯᠡᠯ︶     ᠲᠠᠪᠤᠳᠤᠭᠠᠷ ᠪᠦᠯᠦᠭ ᠢᠷᠭᠡᠨ ᠤ ᠬᠡᠷᠡᠭ ᠤᠨ ᠡᠷᠬᠡ     ᠵᠠᠭᠤ ᠶᠢᠰᠦᠳᠦᠭᠡᠷ ᠵᠦᠢᠯ ᠪᠠᠶᠢᠭᠠᠯᠢ ᠬᠦᠮᠦᠨ ᠤ ᠪᠡᠶ᠎ᠠ ᠶᠢᠨ ᠡᠷᠬᠡ ᠴᠢᠯᠥᠭᠡ᠂ ᠬᠦᠮᠦᠨ ᠤ ᠬᠡᠮ ᠤᠨ ᠨᠡᠷ᠎ᠠ ᠬᠦᠨᠳᠦ ᠶᠢ ᠬᠠᠤᠯᠢ ᠪᠠᠷ ᠬᠠᠮᠠᠭᠠᠯᠠᠨ᠎ᠠ᠃     ᠵᠠᠭᠤ ᠠᠷᠪᠠᠳᠣᠭᠠᠷ ᠵᠦᠢᠯ ᠪᠠᠶᠢᠭᠠᠯᠢ ᠬᠦᠮᠦᠨ ᠠᠮᠢ ᠨᠠᠰᠤᠨ ᠤ ᠡᠷᠬᠡ᠂ ᠪᠡᠶ᠎ᠠ ᠴᠤᠭᠴᠠ ᠶᠢᠨ ᠡᠷᠬᠡ᠂ ᠡᠷᠡᠭᠦᠯ ᠮᠡᠨᠳᠤ ᠶᠢᠨ ᠡᠷᠬᠡ᠂ ᠤᠪᠤᠭ ᠨᠡᠷ᠎ᠠ ᠶᠢᠨ ᠡᠷᠬᠡ᠂ ᠬᠦᠷᠦᠭ ᠵᠢᠷᠤᠭ ᠤᠨ ᠡᠷᠬᠡ᠂ ᠨᠡᠷ᠎ᠡ ᠲᠦᠷᠦ ᠶᠢᠨ ᠡᠷᠬᠡ᠂ ᠠᠯᠳᠠᠷ ᠬᠦᠨᠳᠦ ᠶᠢᠨ ᠡᠷᠬᠡ᠂ ᠬᠤᠪᠢ ᠶᠢᠨ ᠨᠢᠭᠤᠴᠠ ᠶᠢᠨ ᠡᠷᠬᠡ᠂ ᠤᠷᠤᠭ ᠤᠨ ᠡᠵᠡᠨ ᠮᠡᠳᠡᠬᠦ ᠡᠷᠬᠡ ᠵᠡᠷᠭᠡ ᠡᠷᠬᠡ ᠶᠢ ᠡᠳ᠋ᠯᠡᠨ᠎ᠠ᠃     ᠬᠠᠤᠯᠢ ᠶᠢᠨ ᠬᠦᠮᠦᠨ᠂ ᠬᠠᠤᠯᠢ ᠶᠢᠨ ᠬᠦᠮᠦᠨ ᠪᠤᠰᠤ ᠵᠤᠬᠢᠶᠠᠨ ᠪᠠᠶᠢᠭᠤᠯᠤᠯᠲᠠ ᠨᠡᠷᠡᠶᠢᠳᠤᠯ ᠤᠨ ᠡᠷᠬᠡ᠂ ᠨᠡᠷ᠎ᠡ ᠲᠦᠷᠦ ᠶᠢᠨ ᠡᠷᠬᠡ ᠪᠠ ᠠᠯᠳᠠᠷ ᠬᠦᠨᠳᠦ ᠶᠢᠨ ᠡᠷᠭᠡ ᠶᠢ ᠡᠳ᠋ᠯᠡᠨ᠎ᠠ᠃     ᠵᠠᠭᠤ ᠠᠷᠪᠠᠨ ᠨᠢᠭᠡᠳᠦᠭᠡᠷ ᠵᠦᠢᠯ ᠪᠠᠶᠢᠭᠠᠯᠢ ᠬᠦᠮᠦᠨ ᠤ ᠬᠤᠪᠢ ᠶᠢᠨ ᠮᠡᠲᠡᠭᠡ ᠵᠠᠩᠭᠢ ᠶᠢ ᠬᠠᠤᠯᠢ ᠪᠠᠷ ᠬᠠᠮᠠᠭᠠᠯᠠᠨ᠎ᠠ᠃ ᠶᠠᠮᠠᠷᠪᠠ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠪᠣᠰᠣᠳ ᠤᠨ ᠬᠤᠪᠢ ᠶᠢᠨ ᠮᠡᠳᠡᠭᠡ ᠵᠠᠩᠭᠢ ᠶᠢ ᠣᠯᠬᠤ ᠴᠢᠬᠤᠯᠠᠳᠠᠢ ᠪᠣᠯ᠂ ᠬᠠᠤᠯᠢ ᠶᠤᠰᠤᠭᠠᠷ ᠤᠯᠬᠤ ᠭᠡᠷᠡᠭᠳᠡᠢ ᠪᠦᠭᠡᠳ ᠮᠡᠲᠡᠭᠡ ᠵᠠᠩᠭᠢ ᠶᠢᠨ ᠠᠮᠤᠷ ᠲᠦᠪᠰᠢᠨ ᠢ ᠦᠨᠡᠨ ᠬᠦ ᠪᠠᠳᠤᠯᠠᠬᠤ ᠬᠡᠷᠡᠭᠲᠡᠢ᠂ ᠪᠣᠰᠣᠳ ᠤᠨ ᠬᠤᠪᠢ ᠶᠢᠨ ᠮᠡᠲᠡᠭᠡ ᠵᠠᠩᠭᠢ ᠶᠢ ᠬᠠᠤᠯᠢ ᠪᠤᠰᠤ ᠪᠠᠷ ᠴᠤᠭᠯᠠᠭᠤᠯᠵᠤ᠂ ᠬᠡᠷᠡᠭᠯᠡᠵᠤ᠂ ᠨᠠᠶᠢᠷᠠᠭᠤᠯᠵᠦ᠂ ᠲᠠᠮᠵᠢᠭᠤᠯᠵᠥ ᠪᠤᠯᠬᠤ ᠦᠭᠡᠢ᠂ ᠪᠣᠰᠣᠳ ᠤᠨ ᠬᠤᠪᠢ ᠶᠢᠨ ᠮᠡᠲᠡᠭᠡ ᠵᠠᠩᠭᠢ ᠶᠢ ᠬᠠᠤᠯᠢ ᠪᠤᠰᠤ ᠪᠠᠷ ᠬᠤᠳᠠᠯᠳᠤᠭᠠᠯᠠᠬᠤ᠂ ᠬᠠᠨᠭ᠍ᠭᠠᠬᠤ ᠪᠤᠶᠤ ᠢᠯᠡ ᠪᠤᠯᠭᠠᠵᠤ ᠪᠤᠯᠬᠤ ᠦᠭᠡᠢ᠃     ᠵᠠᠭᠤ ᠠᠷᠪᠠᠨ ᠬᠤᠶᠠᠳᠣᠭᠠᠷ ᠵᠦᠢᠯ ᠪᠠᠶᠢᠭᠠᠯᠢ ᠬᠥᠮᠦᠨ ᠤ ᠤᠷᠤᠭ᠂ ᠭᠡᠷ ᠪᠦᠯᠢ ᠶᠢᠨ ᠬᠠᠷᠢᠴᠠᠭ᠎ᠠ ᠵᠡᠷᠭᠡ ᠠᠴᠠ ᠪᠤᠢ ᠪᠤᠯᠤᠭᠰᠠᠨ ᠬᠦᠮᠦᠨ ᠤ ᠪᠡᠶ᠎ᠡ ᠶᠢᠨ ᠡᠷᠬᠡ ᠶᠢ ᠬᠠᠤᠯᠢ ᠪᠠᠷ ᠬᠠᠮᠠᠭᠠᠯᠠᠨ᠎ᠠ᠃     ᠵᠠᠭᠤ ᠠᠷᠪᠠᠨ ᠭᠤᠷᠪᠠᠳᠣᠭᠠᠷ ᠵᠦᠢᠯ ᠢᠷᠭᠡᠨ ᠤ ᠬᠡᠷᠡᠭ ᠤᠨ ᠪᠡᠶᠡᠴᠢ ᠴᠤᠭᠴᠠ ᠶᠢᠨ ᠡᠳ᠋ ᠬᠦᠷᠦᠩᠭᠡ ᠶᠢᠨ ᠡᠷᠬᠡ ᠶᠢ ᠬᠠᠤᠯᠢ ᠪᠠᠷ ᠡᠷᠬᠡ ᠲᠡᠭᠰᠢ ᠬᠠᠮᠠᠭᠠᠯᠠᠨ᠎ᠠ᠃     ᠵᠠᠭᠤ ᠠᠷᠪᠠᠨ ᠲᠦᠷᠪᠡᠳᠦᠭᠡᠷ ᠵᠦᠢᠯ ᠢᠷᠭᠡᠨ ᠤ ᠬᠡᠷᠡᠭ ᠤᠨ ᠪᠡᠶᠡᠴᠢ ᠴᠤᠭᠴᠠ ᠬᠠᠤᠯᠢ ᠶᠤᠰᠤᠭᠠᠷ ᠪᠤᠳᠠᠰ ᠤᠨ ᠡᠷᠭᠡ ᠡᠳ᠋ᠯᠡᠨ᠎ᠠ᠃     ᠪᠤᠳᠠᠰ ᠤᠨ ᠡᠷᠬᠡ ᠪᠤᠯ ᠡᠷᠬᠡᠳᠤ ᠬᠦᠮᠦᠨ ᠤᠨᠴᠠ ᠲᠤᠭᠲᠠᠭᠰᠠᠨ ᠪᠤᠳᠠᠰ ᠲᠤ ᠬᠠᠤᠯᠢ ᠶᠤᠰᠤᠭᠠᠷ ᠡᠳ᠋ᠯᠡᠬᠦ ᠰᠢᠭᠤᠳ ᠡᠵᠡᠮᠳᠡᠭᠦ ᠪᠠ ᠪᠤᠰᠤᠳ ᠢ ᠭᠠᠳᠠᠭᠤᠷᠴᠢᠯᠠᠬᠤ ᠡᠷᠬᠡ ᠪᠤᠯᠤᠨ᠎ᠠ᠂ ᠡᠭᠦᠨ ᠳᠤ ᠦᠮᠴᠢᠯᠡᠯ ᠤᠨ ᠡᠷᠬᠡ᠂ ᠠᠰᠢᠭ ᠤᠯᠬᠤ ᠪᠣᠳᠠᠰ ᠤᠨ ᠡᠷᠬᠡ ᠪᠠ ᠳᠠᠭᠠᠭᠠᠯᠲᠠᠳᠤ ᠪᠤᠳᠡᠰ ᠤᠨ ᠡᠷᠬᠡ ᠪᠠᠭᠳᠠᠨ᠎ᠠ᠃     ᠵᠠᠭᠤ ᠠᠷᠪᠠᠨ ᠲᠠᠪᠣᠳᠣᠭᠠᠷ ᠵᠦᠢᠯ ᠪᠤᠳᠠᠰ ᠲᠤ ᠦᠯᠦ ᠭᠦᠲᠡᠯᠬᠦ ᠬᠦᠷᠦᠩᠭᠡ ᠪᠠ ᠬᠥᠳᠡᠯᠬᠦ ᠬᠦᠷᠦᠩᠭᠡ ᠪᠠᠭᠲᠠᠨ᠎ᠠ᠃ ᠬᠠᠤᠯᠢ ᠴᠠᠭᠠᠵᠠ ᠳᠤ ᠡᠷᠬᠡ ᠶᠢ ᠪᠣᠳᠠᠰ ᠤᠨ ᠡᠷᠬᠡ ᠶᠢᠨ ᠪᠤᠰᠤᠳᠴᠢ ᠴᠣᠭᠴᠠ ᠪᠠᠷ ᠲᠤᠭᠲᠠᠭᠠᠭᠰᠠᠨ ᠪᠠᠶᠢᠪᠠᠯ᠂ ᠲᠡᠷᠡ ᠲᠤᠭᠲᠠᠭᠠᠯ ᠶᠤᠰᠤᠭᠠᠷ ᠶᠠᠪᠤᠭᠤᠯᠤᠨ᠎ᠠ᠃     ᠵᠠᠭᠤ ᠠᠷᠪᠠᠨ ᠵᠢᠷᠭᠤᠳᠣᠭᠠᠷ ᠵᠦᠢᠯ ᠪᠤᠳᠠᠰ ᠤᠨ ᠡᠷᠬᠡ ᠶᠢᠨ ᠲᠦᠷᠦᠯ ᠵᠦᠢᠯ ᠪᠠ ᠠᠭᠤᠯᠭ᠎ᠠ ᠶᠢ ᠬᠠᠤᠯᠢ ᠴᠠᠭᠠᠵᠠ ᠪᠠᠷ ᠲᠤᠭᠲᠠᠭᠠᠨ᠎ᠠ᠃     ᠵᠠᠭᠤ ᠠᠷᠪᠠᠨ ᠲᠣᠯᠣᠳᠣᠭᠠᠷ ᠵᠦᠢᠯ ᠤᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡᠨ ᠤ ᠲᠦᠯᠥᠭᠡ᠂ ᠬᠠᠤᠯᠢ ᠴᠠᠭᠠᠵᠠ ᠳᠤ ᠲᠤᠭᠲᠠᠭᠠᠭᠰᠠᠨ ᠡᠷᠬᠡ ᠶᠢᠨ ᠭᠡᠪᠴᠢᠶ᠎ᠠ ᠪᠠ ᠵᠢᠷᠤᠮ ᠤᠨ ᠶᠤᠰᠤᠭᠠᠷ ᠦᠯᠦ ᠬᠦᠲᠡᠯᠬᠦ ᠬᠦᠷᠦᠩᠭᠡ ᠪᠤᠶᠤ ᠬᠦᠲᠡᠯᠬᠦ ᠬᠦᠷᠦᠩᠭᠡ ᠶᠢ ᠲᠠᠲᠠᠪᠤᠷᠢᠯᠠᠭᠰᠠᠨ᠂ ᠲᠠᠲᠠᠪᠤᠷᠢᠯᠠᠨ ᠬᠡᠷᠡᠭᠯᠡᠭᠰᠡᠨ ᠪᠠᠶᠢᠪᠠᠯ᠂ ᠭᠤᠤᠯᠴᠢ᠂ ᠵᠦᠢ ᠵᠤᠬᠢᠰᠲᠠᠢ ᠨᠦᠬᠦᠪᠦᠷᠢ ᠦᠭᠭᠦ ᠬᠡᠷᠡᠭᠲᠠᠢ᠃     ᠵᠠᠭᠤ ᠠᠷᠪᠠᠨ ᠨᠠᠢᠮᠠᠳᠣᠭᠠᠷ ᠵᠦᠢᠯ ᠢᠷᠭᠡᠨ ᠤ ᠬᠡᠷᠡᠭ ᠤᠨ ᠪᠡᠶᠡᠴᠢ ᠴᠤᠭᠴᠠ ᠬᠠᠤᠯᠢ ᠶᠤᠰᠤᠭᠠᠷ ᠠᠪᠴᠠᠭᠠᠨ ᠤ ᠡᠷᠬᠡ ᠡᠳ᠋ᠯᠡᠨ᠎ᠠ᠃     ᠠᠪᠴᠠᠭᠠᠨ ᠤ ᠡᠷᠬᠡ ᠪᠣᠯ ᠭᠡᠷ᠎ᠠ᠂ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ᠂ ᠰᠢᠯᠲᠠᠭᠠᠨ ᠦᠭᠡᠢ ᠬᠠᠮᠢᠶᠠᠷᠤᠯᠲᠠ᠂ ᠵᠤᠬᠢᠰ ᠦᠭᠡᠢ ᠠᠰᠢᠭ ᠵᠢᠴᠢ ᠬᠠᠤᠯᠢ ᠴᠠᠭᠠᠵᠠ ᠶᠢᠨ ᠪᠤᠰᠤᠳ ᠲᠤᠭᠲᠠᠭᠠᠯ ᠠᠴᠠ ᠪᠤᠯᠵᠤ᠂ ᠡᠷᠭᠡᠳᠤ ᠬᠦᠮᠦᠨ ᠨᠢ ᠣᠨᠴᠠ ᠲᠤᠭᠳᠠᠭᠰᠠᠨ ᠡᠭᠦᠷᠭᠡᠳᠦ ᠬᠦᠮᠦᠨ ᠢᠶᠠᠷ ᠵᠤᠬᠢᠬᠤ ᠤᠢᠢᠯᠡ ᠠᠵᠢᠯᠯᠠᠭ᠎ᠠ ᠶᠢ ᠬᠢᠯᠭᠡᠭᠦ ᠪᠤᠶᠤ ᠦᠯᠦ ᠬᠢᠯᠭᠡᠭᠦ ᠪᠠᠷ ᠭᠤᠶᠤᠴᠢᠯᠠᠬᠤ ᠡᠷᠭᠡ ᠪᠤᠯᠤᠨ᠎ᠠ᠃     ᠵᠠᠭᠤ ᠠᠷᠪᠠ ᠶᠢᠰᠦᠳᠦᠭᠡᠷ ᠵᠦᠢᠯ ᠬᠠᠤᠯᠢ ᠶᠤᠰᠤᠭᠠᠷ ᠪᠠᠶᠢᠭᠤᠯᠤᠭᠰᠠᠨ ᠭᠡᠷ᠎ᠠ ᠲᠤᠬᠠᠢ ᠶᠢᠨ ᠬᠦᠮᠦᠨ ᠳᠤ ᠬᠠᠤᠯᠢ ᠴᠠᠭᠠᠵᠠ ᠶᠢᠨ ᠬᠢᠵᠠᠭᠠᠷᠯᠠᠬᠤ ᠬᠦᠴᠦᠨ ᠲᠠᠢ᠃     ᠵᠠᠭᠤ ᠬᠤᠷᠢᠳᠤᠭᠠᠷ ᠵᠦᠢᠯ ᠢᠷᠭᠡᠨ ᠤ ᠭᠡᠷᠡᠭ ᠤᠨ ᠡᠷᠬᠡ ᠠᠰᠢᠭ ᠨᠢ ᠬᠠᠯᠳᠠᠭᠳᠠᠭᠰᠠᠨ ᠪᠠᠶᠢᠪᠠᠯ᠂ ᠡᠷᠬᠡ ᠨᠢ ᠬᠠᠯᠳᠠᠭᠳᠠᠭᠰᠠᠨ ᠬᠦᠮᠦᠨ ᠡᠷᠬᠡ ᠳᠤ ᠬᠠᠯᠳᠠᠭᠰᠠᠨ ᠬᠦᠮᠦᠨ ᠢᠶᠠᠷ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠭᠤᠶᠤᠴᠢᠯᠠᠬᠤ ᠡᠷᠬᠡ ᠲᠠᠢ᠃     ᠵᠠᠭᠤ ᠬᠤᠷᠢᠨ ᠨᠢᠭᠡᠳᠦᠭᠡᠷ ᠵᠦᠢᠯ ᠬᠠᠤᠯᠢ ᠪᠠᠷ ᠲᠤᠭᠲᠠᠭᠠᠭᠰᠠᠨ ᠪᠤᠶᠤ ᠪᠤᠯᠵᠤᠨ ᠲᠣᠭᠳᠠᠭᠰᠠᠨ ᠡᠭᠦᠷᠭᠡ ᠦᠭᠡᠢ᠂ ᠪᠤᠰᠤᠳ ᠤᠨ ᠠᠰᠢᠭ ᠲᠤᠰᠠ ᠶᠢ ᠬᠤᠬᠢᠷᠠᠯ ᠠᠴᠠ ᠵᠠᠶᠢᠯᠠᠭᠤᠯᠬᠤ ᠶᠢᠨ ᠲᠦᠯᠥᠭᠡ ᠬᠠᠮᠢᠶᠠᠷᠦᠯᠲᠠ ᠬᠢᠭᠰᠡᠨ ᠬᠦᠮᠦᠨ ᠡᠭᠦᠨ ᠠᠴᠠ ᠪᠤᠯᠵᠤ ᠵᠠᠷᠤᠴᠠᠭᠤᠯᠤᠭᠰᠠᠨ ᠴᠢᠬᠤᠯᠠ ᠪᠦᠬᠦᠢ ᠵᠠᠷᠤᠳᠠᠯ ᠢ ᠠᠰᠢᠭ ᠬᠦᠷᠲᠡᠭᠴᠢ ᠪᠠᠷ ᠲᠦᠯᠦᠭᠦᠯᠬᠦ ᠪᠠᠷ ᠭᠤᠶᠤᠴᠢᠯᠠᠬᠤ ᠡᠷᠬᠡ ᠲᠠᠢ᠃     ᠵᠠᠭᠤ ᠬᠤᠷᠢᠨ ᠬᠤᠶᠠᠳᠣᠭᠠᠷ ᠵᠦᠢᠯ ᠪᠤᠰᠤᠳ ᠬᠦᠮᠦᠨ ᠬᠠᠤᠯᠢ ᠴᠠᠭᠠᠵᠠ ᠶᠢᠨ ᠦᠨᠳᠦᠰᠦᠯᠡᠯ ᠦᠭᠡᠢ ᠪᠠᠷ ᠵᠤᠬᠢᠰ ᠦᠭᠡᠢ ᠠᠰᠢᠭ ᠲᠤᠰᠠ ᠤᠯᠤᠭᠰᠠᠨ ᠪᠠᠶᠢᠪᠠᠯ᠂ ᠬᠤᠬᠢᠷᠠᠯ ᠠᠮᠰᠠᠭᠴᠢ ᠨᠢ ᠲᠡᠭᠦᠨ ᠢᠶᠠᠷ ᠵᠤᠬᠢᠰ ᠦᠭᠡᠢ ᠠᠰᠢᠭ ᠲᠤᠰᠠ ᠶᠢ ᠪᠤᠴᠠᠭᠠᠯᠭᠠᠬᠤ ᠪᠠᠷ ᠭᠤᠶᠤᠴᠢᠯᠠᠬᠤ ᠡᠷᠬᠡ ᠲᠠᠢ᠃     ᠵᠠᠭᠤ ᠬᠤᠷᠢᠨ ᠭᠤᠷᠪᠠᠳᠣᠭᠠᠷ ᠵᠦᠢᠯ ᠢᠷᠭᠡᠨ ᠤ ᠬᠡᠷᠡᠭ ᠤᠨ ᠪᠡᠶᠡᠴᠢ ᠴᠣᠭᠴᠠ ᠮᠡᠳᠡᠯᠭᠡ ᠶᠢᠨ ᠪᠦᠲᠦᠭᠡᠭᠳᠡᠬᠦᠨ ᠤ ᠤᠢᠮᠴᠢᠯᠡᠬᠦ ᠡᠷᠬᠡ ᠶᠢ ᠬᠠᠤᠯᠢ ᠶᠣᠰᠣᠭᠠᠷ ᠡᠳ᠋ᠯᠡᠨ᠎ᠡ᠃     ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠣᠯ ᠡᠷᠬᠡᠲᠦ ᠬᠥᠮᠦᠨ ᠤ ᠳᠣᠣᠷ᠎ᠠ ᠵᠢᠭᠰᠠᠭᠠᠭᠰᠠᠨ ᠪᠤᠰᠤᠳᠴᠢ ᠴᠣᠭᠴᠠ ᠳᠤ ᠬᠠᠤᠯᠢ ᠶᠣᠰᠣᠭᠠᠷ ᠡᠳ᠋ᠯᠡᠬᠦ ᠲᠤᠰᠬᠠᠢ ᠡᠷᠬᠡ ᠪᠤᠯᠤᠨ᠎ᠠ᠄     ︵ᠨᠢᠭᠡ︶ ᠪᠦᠲᠦᠭᠡᠯ︔     ︵ᠬᠤᠶᠠᠷ︶ ᠡᠭᠦᠳᠦᠨ ᠪᠦᠲᠦᠭᠡᠯᠲᠡ᠂ ᠪᠤᠳᠡᠳᠦ ᠭᠡᠷᠡᠭᠯᠡᠭᠡᠨ ᠤ ᠰᠢᠨ᠎ᠡ ᠭᠡᠯᠪᠡᠷᠢ᠂ ᠭᠠᠳᠡᠷ ᠲᠦᠷᠰᠦ ᠶᠢᠨ ᠵᠢᠷᠤᠬ ᠲᠦᠯᠦᠪᠯᠡᠭᠡ︔     ︵ᠭᠤᠷᠪᠠ︶ ᠲᠠᠸᠠᠷ ᠤᠨ ᠲᠡᠮᠳᠡᠭᠲᠦ︔     ︵ᠲᠦᠷᠪᠡ︶ ᠭᠠᠵᠠᠷ ᠵᠦᠢ ᠶᠢᠨ ᠢᠯᠡᠳᠬᠡᠮᠵᠢ ᠳᠡᠮᠳᠡᠭ︔     ︵ᠲᠠᠪᠤ︶ ᠬᠤᠳᠠᠯᠳᠤᠭᠠᠨ ᠤ ᠨᠢᠭᠤᠴᠠ︔     ︵ᠵᠢᠷᠭᠤᠭ᠎ᠠ︶ ᠬᠤᠷᠡᠮᠡᠯ ᠴᠡᠬᠢᠯᠭᠠᠠ ᠭᠡᠯᠬᠢᠶᠡᠨ ᠤ ᠪᠠᠶᠢᠷᠢᠯᠡᠭᠤᠯᠦᠯᠳᠠ ᠶᠢᠨ ᠵᠢᠷᠤᠬ ᠲᠦᠯᠦᠪᠯᠡᠭᠡ︔     ︵ᠳᠣᠯᠤᠭ᠎ᠠ︶ ᠤᠷᠭᠤᠮᠠᠯ ᠤᠨ ᠰᠢᠨ᠎ᠡ ᠡᠭᠦᠯᠳᠡᠷ︔     ︵ᠨᠠᠢᠮᠠ︶ ᠬᠠᠤᠯᠢ ᠴᠠᠭᠠᠵᠠ ᠳᠤ ᠲᠣᠭᠲᠠᠭᠠᠭᠰᠠᠨ ᠪᠤᠰᠤᠳ ᠪᠤᠰᠤᠳᠴᠢ ᠴᠣᠭᠴᠠ᠃     ᠵᠠᠭᠤ ᠬᠤᠷᠢᠨ ᠲᠦᠷᠪᠡᠳᠦᠭᠡᠷ ᠵᠦᠢᠯ ᠪᠠᠶᠢᠭᠠᠯᠢ ᠬᠥᠮᠦᠨ ᠥᠪ ᠵᠠᠯᠭᠠᠮᠵᠢᠯᠠᠬᠤ ᠡᠷᠬᠡ ᠶᠢ ᠬᠠᠤᠯᠢ ᠶᠣᠰᠣᠭᠠᠷ ᠡᠳ᠋ᠯᠡᠨ᠎ᠡ᠃     ᠪᠠᠶᠢᠭᠠᠯᠢ ᠭᠦᠮᠦᠨ ᠤ ᠬᠠᠣᠯᠢ ᠶᠣᠰᠣᠨ ᠤ ᠬᠤᠪᠢ ᠶᠢᠨ ᠡᠳ᠋ ᠭᠦᠷᠦᠩᠭᠡ ᠶᠢ ᠬᠠᠣᠯᠢ ᠶᠣᠰᠣᠭᠠᠷ ᠵᠠᠯᠭᠠᠮᠵᠢᠯᠠᠵᠦ ᠪᠣᠯᠣᠨ᠎ᠠ᠃     ᠵᠠᠭᠤ ᠬᠤᠷᠢᠨ ᠲᠠᠪᠣᠳᠣᠭᠠᠷ ᠵᠦᠢᠯ ᠢᠷᠭᠡᠨ ᠤ ᠬᠡᠷᠡᠭ ᠤᠨ ᠪᠡᠶᠡᠴᠢ ᠴᠣᠭᠴᠠ ᠰᠲ᠋ᠣᠺ ᠤᠨ ᠡᠷᠬᠡ ᠪᠠ ᠪᠤᠰᠤᠳ ᠪᠡᠯᠡ ᠣᠷᠣᠭᠤᠯᠤᠯᠲᠠ ᠶᠢᠨ ᠴᠢᠨᠠᠷᠲᠠᠶ ᠡᠷᠬᠡ ᠶᠢ ᠬᠠᠤᠯᠢ ᠶᠣᠰᠣᠭᠠᠷ ᠡᠳ᠋ᠯᠡᠨ᠎ᠡ᠃     ᠵᠠᠭᠤ ᠬᠤᠷᠢᠨ ᠵᠢᠷᠭᠤᠳᠣᠭᠠᠷ ᠵᠦᠢᠯ ᠢᠷᠭᠡᠨ ᠤ ᠬᠡᠷᠡᠭ ᠤᠨ ᠪᠡᠶᠡᠴᠢ ᠴᠣᠭᠴᠠ ᠬᠠᠤᠯᠢ ᠴᠠᠭᠠᠵᠠ ᠳᠤ ᠲᠣᠭᠲᠠᠭᠠᠭᠰᠠᠨ ᠪᠤᠰᠤᠳ ᠢᠷᠭᠡᠨ ᠤ ᠬᠡᠷᠡᠭ ᠤᠨ ᠡᠷᠬᠡ ᠪᠠ ᠠᠰᠢᠭ ᠲᠤᠰᠠ ᠶᠢ ᠡᠳ᠋ᠯᠡᠨ᠎ᠡ᠃     ᠵᠠᠭᠤ ᠬᠤᠷᠢᠨ ᠲᠣᠯᠣᠳᠣᠭᠠᠷ ᠵᠦᠢᠯ ᠬᠠᠤᠯᠢ ᠴᠠᠭᠠᠵᠠ ᠳᠤ ᠳ᠋ᠠᠶᠢᠲ᠋ᠠ᠂ ᠰᠦᠯᠵᠢᠶᠡᠨ ᠤ ᠵᠢᠱᠢᠮᠡᠭ ᠡᠳ᠋ ᠬᠥᠷᠥᠩᠭᠡ ᠶᠢᠨ ᠬᠠᠮᠠᠭᠠᠯᠠᠯᠲᠠ ᠶᠢᠨ ᠲᠤᠬᠠᠢ ᠲᠤᠭᠲᠠᠭᠠᠯ ᠲᠠᠢ ᠪᠠᠶᠢᠪᠠᠯ᠂ ᠲᠡᠷᠡ ᠲᠤᠭᠲᠠᠭᠠᠯ ᠶᠤᠰᠤᠭᠠᠷ ᠶᠠᠪᠤᠭᠤᠯᠤᠨ᠎ᠠ᠃     ᠵᠠᠭᠤ ᠬᠤᠷᠢᠨ ᠨᠠᠢᠮᠠᠳᠣᠭᠠᠷ ᠵᠦᠢᠯ ᠬᠠᠤᠯᠢ ᠴᠠᠭᠠᠵᠠ ᠳᠤ ᠨᠠᠰᠤᠨ ᠳᠤ ᠦᠯᠦ ᠬᠦᠷᠦᠭᠰᠡᠳ᠂ ᠨᠠᠰᠤᠲᠠᠶᠢᠴᠤᠳ᠂ ᠵᠡᠮᠳᠡᠭᠴᠦᠳ᠂ ᠡᠮᠡᠭᠲᠡᠶᠢᠴᠦᠳ᠂ ᠬᠡᠷᠡᠭᠯᠡᠭᠴᠢᠳ ᠵᠡᠷᠭᠡ ᠶᠢᠨ ᠢᠷᠭᠡᠨ ᠤ ᠬᠡᠷᠡᠭ ᠤᠨ ᠡᠷᠬᠡ ᠶᠢᠨ ᠬᠠᠮᠠᠭᠠᠯᠠᠯᠲᠠ ᠶᠢᠨ ᠲᠤᠬᠠᠢ ᠣᠨᠴᠠᠭᠠᠢ ᠲᠤᠭᠲᠠᠭᠠᠯ ᠲᠠᠢ ᠪᠠᠶᠢᠪᠠᠯ᠂ ᠲᠡᠷᠡ ᠲᠤᠭᠲᠠᠭᠠᠯ ᠶᠤᠰᠤᠭᠠᠷ ᠶᠠᠪᠤᠭᠤᠯᠤᠨ᠎ᠠ᠃     ᠵᠠᠭᠤ ᠬᠤᠷᠢ ᠶᠢᠰᠦᠳᠦᠭᠡᠷ ᠵᠦᠢᠯ ᠢᠷᠭᠡᠨ ᠤ ᠬᠡᠷᠡᠭ ᠤᠨ ᠡᠷᠬᠡ ᠶᠢ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ᠂ ᠪᠤᠲᠠᠳᠤ ᠶᠠᠪᠤᠳᠠᠯ ᠤᠨ ᠦᠢᠯᠡ ᠠᠵᠢᠯᠯᠠᠭ᠎ᠠ᠂ ᠬᠠᠤᠯᠢ ᠴᠠᠭᠠᠵᠠ ᠳᠤ ᠲᠣᠭᠲᠠᠭᠠᠭᠰᠠᠨ ᠬᠡᠷᠡᠭ ᠶᠠᠪᠤᠳᠠᠯ ᠪᠤᠶᠤ ᠬᠠᠤᠯᠢ ᠴᠠᠭᠠᠵᠠ ᠳᠤ ᠲᠣᠭᠲᠠᠭᠠᠭᠰᠠᠨ ᠪᠤᠰᠤᠳ ᠠᠷᠭ᠎ᠠ ᠮᠠᠶ᠋ᠢᠭ ᠢ ᠦᠨᠳᠦᠰᠦᠯᠡᠨ ᠣᠯᠵᠤ ᠪᠣᠯᠤᠨ᠎ᠠ᠃     ᠵᠠᠭᠤ ᠭᠤᠴᠢᠳᠦᠭᠠᠷ ᠵᠦᠢᠯ ᠢᠷᠭᠡᠨ ᠤ ᠬᠡᠷᠡᠭ ᠤᠨ ᠪᠡᠶᠡᠴᠢ ᠴᠣᠭᠴᠠ ᠢᠷᠭᠡᠨ ᠤ ᠬᠡᠷᠡᠭ ᠤᠨ ᠡᠷᠬᠡ ᠶᠢ ᠥᠪᠡᠷ ᠤᠨ ᠬᠦᠰᠡᠯ ᠰᠠᠨᠠᠭ᠎ᠠ ᠪᠠᠷ ᠢᠶᠠᠨ ᠬᠠᠤᠯᠢ ᠶᠣᠰᠣᠭᠠᠷ ᠬᠡᠷᠡᠭᠵᠢᠭᠦᠯᠦᠨ᠎ᠡ᠂ ᠲᠡᠭᠦᠨ ᠳᠤ ᠭᠠᠷ ᠳᠦᠷᠦᠵᠤ ᠪᠣᠯᠬᠤ ᠤᠢᠭᠡᠢ᠃     ᠵᠠᠭᠤ ᠭᠤᠴᠢᠨ ᠨᠢᠭᠡᠳᠦᠭᠡᠷ ᠵᠦᠢᠯ ᠢᠷᠭᠡᠨ ᠤ ᠭᠡᠷᠡᠭ ᠤᠨ ᠪᠡᠶᠡᠴᠢ ᠴᠣᠭᠴᠠ ᠡᠷᠭᠡ ᠪᠠᠨ ᠭᠡᠷᠡᠭᠵᠢᠭᠦᠯᠭᠦ ᠳᠤ᠂ ᠬᠠᠣᠯᠢ ᠴᠠᠭᠠᠵᠠ ᠳᠤ ᠲᠣᠭᠳᠠᠭᠠᠭᠰᠠᠨ ᠪᠠ ᠲᠣᠬᠠᠢ ᠶᠢᠨ ᠭᠦᠮᠦᠨ ᠤ ᠪᠣᠯᠵᠣᠨ ᠲᠣᠭᠳᠠᠭᠰᠠᠨ ᠡᠭᠦᠷᠭᠡ ᠶᠢ ᠭᠦᠢᠴᠡᠳᠭᠡᠭᠦ ᠭᠡᠷᠡᠭᠳᠡᠢ᠃     ᠵᠠᠭᠤ ᠭᠤᠴᠢᠨ ᠬᠤᠶᠠᠳᠣᠭᠠᠷ ᠵᠦᠢᠯ ᠢᠷᠭᠡᠨ ᠤ ᠬᠡᠷᠡᠭ ᠤᠨ ᠪᠡᠶᠡᠴᠢ ᠴᠣᠭᠴᠠ ᠢᠷᠭᠡᠨ ᠤ ᠬᠡᠷᠡᠭ ᠤᠨ ᠡᠷᠬᠡ ᠶᠢ ᠳᠤᠷ᠎ᠠ ᠪᠠᠷ ᠢᠶᠠᠨ ᠬᠡᠷᠡᠭᠯᠡᠵᠦ ᠣᠯᠣᠰ ᠤᠨ ᠠᠰᠢᠭ ᠲᠣᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠤᠨ ᠬᠠᠤᠯᠢ ᠶᠣᠰᠤᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠃                ︵ᠦᠷᠬᠦᠯᠵᠢᠯᠡᠯ ᠪᠤᠢ︶
 
ᠢᠷᠡᠯᠲᠡ᠄ ᠣᠷᠳᠣᠰ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号