ᠤᠲᠤᠭ ᠤᠨ ᠡᠮᠦᠨᠡᠳᠦ ᠬᠤᠰᠢᠭᠤᠨ ᠤ ᠦᠨᠳᠦᠰᠦᠳᠡᠨ ᠤ ᠠᠵᠢᠯ ᠮᠡᠷᠭᠡᠵᠢᠯ ᠤᠨ ᠲᠡᠭᠡᠳᠦ ᠵᠡᠷᠬᠡ ᠶᠢᠨ ᠲᠤᠮᠳᠠᠳᠦ | ᠰᠤᠷᠭᠠᠭᠤᠯᠢ ᠨᠢ ᠰᠤᠷᠭᠠᠨ ᠬᠦᠮᠦᠵᠢᠯ ᠤᠨ ᠶᠠᠮᠤᠨ ᠠᠴᠠ ᠲᠤᠭᠳᠠᠭᠠᠭᠰᠠᠨ ᠪᠦᠬᠦ ᠤᠯᠤᠰ ᠤᠨ ᠠᠩᠬᠠᠨ ᠤ ᠪᠦᠯᠦᠭ | ︽1+X︾ ᠤᠨ ᠦᠨᠡᠮᠯᠡᠯ ᠤᠨ ᠲᠦᠷᠢᠮ ᠤᠨ ᠲᠤᠷᠰᠢᠯᠳᠡ ᠶᠢᠨ ᠰᠤᠷᠭᠠᠭᠤᠯᠢ ᠪᠠᠷ ᠲᠤᠭᠳᠠᠭᠠᠭᠳᠠᠵᠡᠢ᠃ | ᠤᠳᠤᠬᠠᠨ ᠳᠤ ᠲᠤᠰ ᠰᠤᠷᠭᠠᠭᠤᠯᠢ ᠨᠢ ᠮᠠᠰᠢᠨ ᠲᠡᠷᠬᠡ ᠰᠡᠯᠪᠢᠨ ᠵᠠᠰᠠᠬᠤ ᠪᠤᠯᠤᠨ ᠨᠠᠰᠤᠳᠡᠶᠢᠴᠤᠳ ᠢ | ᠠᠰᠠᠷᠠᠬᠤ ᠬᠤᠶᠠᠷ ᠲᠤᠰᠬᠠᠢ ᠮᠡᠷᠬᠡᠵᠢᠯ ᠤᠨ ᠲᠤᠭᠤᠷᠢᠨ ᠳᠤ ᠦᠨᠳᠦᠷ ᠬᠡᠪ ᠪᠤᠯᠪᠠᠰᠤᠷᠠᠯ ᠲᠠᠢ ᠮᠡᠷᠬᠡᠵᠢᠯ ᠤᠨ | ᠴᠢᠳᠠᠪᠤᠷᠢᠳᠠᠨ ᠢ ᠬᠦᠮᠦᠵᠢᠬᠦᠯᠬᠦ ᠪᠠᠷ ᠤᠳᠤᠷᠢᠳᠤᠮᠵᠢ ᠪᠤᠯᠭᠠᠵᠦ᠂ ᠪᠦᠬᠦ ᠤᠷᠤᠨ ᠤ ︽ᠰᠤᠶᠤᠯ ᠤᠨ ᠬᠢᠷᠢ ᠬᠡᠮᠵᠢᠶ᠎ᠠ | ᠪᠤᠯᠤᠨ ᠮᠡᠷᠭᠡᠵᠢᠯ ᠤᠨ ᠤᠷ᠎ᠠ ᠴᠢᠳᠠᠪᠤᠷᠢ︾ ᠶᠢ ᠠᠭᠤᠰᠤᠯᠴᠠᠭᠤᠯᠤᠨ ᠬᠦᠭᠵᠢᠬᠦᠯᠦᠭᠰᠡᠨ ᠰᠠᠭᠤᠷᠢᠨ ᠭᠠᠵᠠᠷ ᠢ | ᠪᠦᠳᠦᠬᠡᠨ ᠪᠠᠶᠢᠭᠤᠯᠵᠦ᠂ ᠰᠤᠷᠤᠭᠴᠢᠳ ᠤᠨ ᠠᠵᠢᠯ ᠤᠯᠵᠦ ᠦᠢᠯᠡᠰ ᠪᠤᠰᠬᠠᠬᠤ ᠴᠢᠳᠠᠪᠤᠷᠢ ᠶᠢ ᠦᠷᠬᠡᠳᠬᠡᠵᠦ | ᠪᠠᠶᠢᠨ᠎ᠠ᠃ | ︽1+X︾ ᠦᠨᠡᠮᠯᠡᠯ ᠤᠨ ᠲᠦᠷᠢᠮ ᠪᠤᠯ ᠰᠤᠷᠤᠯᠭ᠎ᠠ ᠶᠢᠨ ᠨᠠᠮᠳᠠᠷ ᠤᠨ ᠦᠨᠡᠮᠯᠡᠯ ᠪᠤᠯᠤᠨ ᠠᠵᠢᠯ | ᠮᠡᠷᠬᠡᠵᠢᠯ ᠤᠨ ᠴᠢᠳᠠᠪᠤᠷᠢ ᠶᠢᠨ ᠵᠡᠷᠬᠡ ᠲᠡᠰ ᠤᠨ ᠦᠨᠠᠮᠯᠠᠯ ᠢ ᠬᠠᠮᠳᠦ ᠳᠤᠨᠢ ᠤᠯᠭᠤᠬᠤ ᠲᠦᠷᠢᠮ ᠪᠠᠶᠢᠵᠦ᠂ | ᠰᠤᠷᠤᠭᠴᠢᠳ ᠲᠤ ᠰᠤᠷᠤᠯᠭ᠎ᠠ ᠶᠢᠨ ᠨᠠᠮᠳᠠᠷ ᠤᠨ ᠦᠨᠡᠮᠯᠡᠯ ᠤᠯᠭᠤᠬᠤ ᠶᠢᠨ ᠬᠠᠮᠳᠦ᠂ ᠤᠯᠠᠨ ᠲᠦᠷᠦᠯ ᠤᠨ ᠠᠵᠢᠯ | ᠮᠡᠷᠬᠡᠵᠢᠯ ᠤᠨ ᠵᠡᠷᠬᠡ ᠲᠡᠰ ᠤᠨ ᠦᠨᠠᠮᠯᠠᠯ ᠠᠪᠬᠤ ᠶᠢ ᠵᠤᠷᠢᠭᠵᠢᠭᠤᠯᠤᠨ᠂ ᠠᠵᠢᠯ ᠤᠯᠬᠤ ᠦᠢᠯᠡᠰ ᠪᠤᠰᠬᠠᠬᠤ | ᠴᠢᠳᠠᠪᠤᠷᠢ ᠶᠢ ᠨᠢ ᠲᠡᠭᠡᠭᠰᠢᠯᠡᠬᠦᠯᠵᠦ᠂ ᠪᠦᠳᠦᠴᠡ ᠶᠢᠨ ᠴᠢᠨᠡᠷᠳᠡᠢ ᠠᠵᠢᠯ ᠤᠯᠭᠤᠯᠳᠡ ᠶᠢᠨ ᠵᠦᠷᠢᠴᠡᠯ ᠢ ᠨᠠᠮᠳᠠᠭᠤᠯᠬᠤ | ᠪᠦᠳᠦᠮᠵᠢᠳᠡᠢ ᠠᠷᠭ᠎ᠠ ᠬᠡᠮᠵᠢᠶ᠎ᠠ ᠪᠤᠯᠤᠨ᠎ᠠ᠃ | ᠤᠳᠤᠬᠠᠨ ᠳᠤ᠂ ᠤᠲᠤᠭ ᠤᠨ ᠡᠮᠦᠨᠡᠳᠦ ᠬᠤᠰᠢᠭᠤᠨ ᠤ ᠦᠨᠳᠦᠰᠦᠳᠡᠨ ᠤ ᠠᠵᠢᠯ ᠮᠡᠷᠬᠡᠵᠢᠯ ᠤᠨ ᠲᠡᠬᠡᠳᠦ | ᠵᠡᠷᠬᠡ ᠶᠢᠨ ᠲᠤᠮᠳᠠᠳᠦ ᠰᠤᠷᠭᠠᠭᠤᠯᠢ ᠨᠢ ᠪᠦᠬᠦ ᠤᠷᠤᠨ ᠤ ᠡᠯ᠎ᠠ ᠠᠶᠢᠮᠠᠭ ᠬᠤᠳᠡ ᠵᠢᠴᠢ ᠬᠦᠷᠰᠢ ᠵᠡᠷᠬᠡᠯᠡᠳᠡᠭᠡ ᠮᠤᠵᠢ | ᠤᠷᠤᠨ ᠤ ᠰᠤᠷᠤᠭᠴᠢᠳ ᠢ ᠡᠯᠰᠡᠵᠦ᠂ ᠡᠬᠦᠨ ᠳᠤ ︽1+X︾ ᠤᠨ ᠦᠨᠡᠮᠯᠡᠯ ᠤᠨ ᠲᠦᠷᠢᠮ ᠤᠨ ᠲᠤᠷᠰᠢᠯᠳᠡ ᠶᠢᠨ | ᠴᠡᠭ ᠤᠨ ᠰᠤᠷᠤᠭᠴᠢ 200 ᠭᠠᠷᠤᠢ ᠪᠠᠶᠢᠨ᠎ᠠ᠃ |