ᠬᠤᠳᠠ ᠶᠢᠨ ᠳᠠᠭᠠᠭᠠᠴᠢᠯᠠᠨ ᠬᠢᠨᠠᠨ ᠵᠢᠯᠤᠭᠤᠤᠨᠬᠤ ᠳᠤᠭᠤᠶᠢᠯᠠᠩ ᠠᠴᠠ ᠤᠳᠤᠭ ᠤᠨ ᠡᠮᠤᠨᠡᠳᠤ ᠬᠤᠰᠢᠭᠤᠨ  ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ  ᠢ ᠵᠢᠯᠤᠭᠤᠤᠨᠬᠤ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/2
    10 ᠰᠠᠷ᠎ᠠ ᠶᠢᠨ 28 ᠤ ᠡᠳᠤᠷ᠂ ᠬᠤᠳᠠ ᠶᠢᠨ ᠳᠠᠭᠠᠭᠠᠴᠢᠯᠠᠨ ᠬᠢᠨᠠᠨ ᠵᠢᠯᠤᠭᠤᠤᠨᠬᠤ ᠳᠤᠭᠤᠶᠢᠯᠠᠩ ᠠᠴᠠ ᠤᠳᠤᠭ ᠤᠨ ᠡᠮᠤᠨᠡᠳᠤ ᠬᠤᠰᠢᠭᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠵᠢᠯᠤᠭᠤᠤᠨᠬᠤ ᠬᠤᠷᠠᠯ ᠬᠤᠷᠠᠯᠳᠤᠪᠠ᠃ ᠬᠤᠳᠠ ᠶᠢᠨ ᠳᠤᠳᠤᠭᠠᠳᠤ ᠶᠢ ᠬᠠᠮᠠᠭᠠᠯᠠᠬᠤ ᠳᠤᠪᠴᠢᠶ᠎ᠠ ᠶᠢᠨ ᠳᠡᠳ᠋ ᠳᠠᠷᠤᠭ᠎ᠠ ᠲᠣᠣ ᠠᠨ ᠯᠢᠶᠠᠩ ᠬᠤᠷᠠᠯ ᠳᠤ ᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠤ ᠬᠠᠤᠯᠢ ᠴᠠᠭᠠᠵᠠ ᠶᠢᠨ ᠵᠦᠪᠯᠡᠯ ᠤᠨ ᠱᠦᠵᠢ ᠰᠢᠶᠧ ᠶᠥᠩ ᠹᠧᠩ ᠬᠤᠷᠠᠯ ᠡᠷᠬᠢᠯᠡᠪᠡ᠃     ᠤᠳᠤᠭ ᠤᠨ ᠡᠮᠤᠨᠡᠳᠤ ᠬᠤᠰᠢᠭᠤᠨ ᠤ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠤᠨ ᠬᠠᠷᠢᠭᠤ ᠮᠡᠳᠡᠬᠦᠯᠤᠯᠳᠠ  ᠶᠢ ᠰᠤᠨᠤᠰᠤᠭᠰᠡᠨ ᠤ ᠳᠠᠷᠠᠭ᠎ᠠ᠂ ᠬᠢᠨᠠᠨ ᠵᠢᠯᠤᠭᠤᠤᠨᠬᠤ ᠳᠤᠭᠤᠶᠢᠯᠠᠩ ᠤᠨ ᠬᠢᠨ ᠤᠳᠤᠭ ᠤᠨ ᠡᠮᠤᠨᠡᠳᠤ ᠬᠤᠰᠢᠭᠤᠨ  ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠬᠦᠢᠴᠡᠤᠨ ᠨᠤᠳᠠᠯᠠᠪᠠ᠃ ᠬᠢᠨᠠᠨ ᠵᠢᠯᠤᠭᠤᠤᠨᠬᠤ ᠳᠤᠭᠤᠶᠢᠯᠠᠩ ᠤᠨ ᠬᠢᠨ᠂ ᠤᠯᠤᠰ ᠲᠦᠷᠤ ᠶᠢᠨ ᠵᠤᠭᠰᠤᠴᠠ ᠪᠠᠨ ᠤᠯᠠᠮ ᠨᠢᠬᠡ ᠠᠯᠬᠤᠮ ᠳᠡᠬᠡᠭᠰᠢᠯᠡᠬᠦᠯᠤᠨ᠂ ᠤᠳᠤᠬᠠᠨ ᠤ ᠬᠢᠵᠢᠭ ᠤᠨ ᠪᠠᠶᠢᠳᠠᠯ ᠤᠨ ᠬᠠᠨᠳᠤᠰᠢ ᠶᠢ ᠰᠡᠷᠬᠡᠭ ᠢᠶᠠᠷ ᠳᠠᠨᠢᠵᠤ᠂ ᠬᠢᠵᠠᠭᠠᠷ ᠱᠤᠭᠤᠮ ᠤᠨ ᠤᠬᠠᠮᠰᠠᠷ  ᠢᠶᠠᠨ ᠪᠠᠬᠢᠵᠢᠬᠦᠯᠤᠨ᠂ ᠵᠢᠯᠤᠭᠤᠤᠨᠬᠤ ᠰᠢᠰᠲ᠋ᠧᠮ ᠢᠶᠠᠨ ᠳᠡᠬᠦᠯᠳᠡᠷᠵᠢᠬᠦᠯᠵᠤ᠂ ᠵᠤᠬᠢᠶᠠᠨ ᠪᠠᠶᠢᠭᠤᠯᠵᠤ ᠤᠳᠤᠷᠢᠤᠨᠬᠤ᠂ ᠪᠠᠴᠢᠮ ᠪᠠᠶᠢᠳᠠᠯ ᠢ ᠠᠷᠭᠠᠴᠠᠨ ᠰᠢᠢᠤᠨᠪᠤᠷᠢᠯᠡᠬᠦ ᠪᠠ ᠨᠢᠬᠡᠳᠤᠯᠳᠠᠢ ᠲᠦᠯᠤᠪᠵᠢᠬᠦᠯᠤᠨ ᠵᠤᠬᠢᠴᠠᠭᠤᠯᠬᠤ ᠤᠶᠢᠯᠡᠳᠤᠯ  ᠢᠶᠠᠨ ᠬᠦᠢᠴᠡᠤᠨ ᠪᠠᠳᠠᠷᠠᠭᠤᠯᠤᠨ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠯ᠎ᠡ ᠲᠦᠷᠤᠯ ᠤᠨ ᠠᠵᠢᠯ ᠢᠶᠠᠨ ᠪᠦᠬᠦ ᠬᠦᠴᠤᠨ ᠢᠶᠠᠷ ᠰᠠᠶᠢᠳᠤᠷ ᠬᠢᠬᠦ ᠬᠡᠷᠡᠭᠳᠠᠢ᠃ ᠭᠤᠤᠯᠳᠠᠯᠭᠠᠳᠤ ᠬᠦᠮᠤᠰ᠂ ᠭᠤᠤᠯᠳᠠᠯᠭᠠᠳᠤ ᠤᠷᠤᠨ ᠪᠦᠰᠡ ᠶᠢᠨ ᠪᠠᠶᠢᠴᠠᠭᠠᠯᠳᠠ ᠪᠠᠨ ᠤᠯᠠᠮ ᠨᠢᠬᠡ ᠠᠯᠬᠤᠮ ᠰᠠᠶᠢᠳᠤᠷ ᠬᠢᠵᠤ᠂ ᠦᠨᠳᠤᠷ ᠳᠤᠮᠳᠠ ᠲᠦᠭᠰᠢᠬᠦᠷᠢ ᠲᠠᠢ ᠭᠠᠵᠠᠷ ᠤᠷᠤᠨ  ᠠᠴᠠ ᠮᠠᠨ ᠤ ᠬᠤᠰᠢᠭᠤᠨ ᠳᠤ ᠢᠷᠡᠭᠰᠡᠨ ᠬᠦᠮᠤᠰ ᠢ ᠪᠦᠬᠦ ᠳᠠᠯ᠎ᠠ ᠪᠠᠷ ᠴᠠᠭ ᠳᠤᠬᠠᠢ ᠳᠤ ᠨᠢ ᠪᠠᠶᠢᠴᠠᠭᠠᠨ᠂ ᠰᠠᠭᠤᠷᠢ ᠳᠤᠭ᠎ᠠ ᠳᠤᠳᠤᠷᠬᠠᠢ᠂ ᠪᠠᠶᠢᠳᠠᠯ ᠳᠤᠳᠤ᠂ ᠪᠠᠶᠢᠴᠠᠭᠠᠯᠳᠠ ᠤᠨᠤᠪᠴᠢᠳᠠᠢ ᠪᠠᠶᠢᠬᠤ ᠶᠢ ᠪᠠᠳᠤᠯᠠᠵᠤ᠂ ᠬᠠᠶᠠᠵᠤ ᠤᠷᠬᠢᠭᠳᠠᠭᠤᠯᠬᠤ ᠦᠬᠡᠢ ᠪᠠᠶᠢᠬᠤ ᠶᠢ ᠪᠠᠳᠤᠯᠠᠬᠤ ᠬᠡᠷᠡᠭᠳᠠᠢ᠃ ᠡᠮ ᠡᠮᠴᠢᠯᠡᠬᠡᠨ ᠤ ᠠᠵᠢᠯᠳᠠᠨ᠂ ᠰᠡᠷᠬᠡᠶᠢᠯᠡᠨ ᠡᠵᠡᠮᠳᠡᠬᠦ ᠠᠵᠢᠯᠳᠠᠤᠨ ᠤᠨ ᠰᠡᠷᠬᠡᠶᠢᠯᠡᠨ ᠡᠵᠡᠮᠳᠡᠬᠦ ᠠᠷᠭ᠎ᠠ ᠠᠪᠴᠠᠯ ᠢ ᠴᠢᠩᠭ᠎ᠠ ᠨᠠᠶᠢᠳᠠᠪᠤᠷᠢᠵᠢᠭᠤᠯᠤᠨ᠂ ᠰᠡᠷᠬᠡᠶᠢᠯᠡᠨ ᠡᠵᠡᠮᠳᠡᠬᠦ ᠮᠡᠳᠡᠯᠬᠡ ᠪᠠ ᠮᠡᠷᠬᠡᠵᠢᠯ ᠤᠨ ᠪᠤᠯᠪᠠᠰᠤᠷᠠᠯ ᠢ ᠴᠢᠩᠭᠠᠤᠨᠬᠠᠵᠤ᠂ ᠰᠡᠷᠬᠡᠶᠢᠯᠡᠨ ᠬᠠᠮᠠᠭᠠᠯᠠᠬᠤ ᠤᠬᠠᠮᠰᠠᠷ ᠢ ᠳᠡᠬᠡᠭᠰᠢᠯᠡᠬᠦᠯᠤᠨ᠂ ᠠᠵᠢᠯᠯᠠᠮᠵᠢ ᠶᠢᠨ ᠶᠠᠪᠤᠴᠠ ᠶᠢ ᠲᠦᠷᠢᠮᠵᠢᠬᠦᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠨᠠᠩ ᠰᠢᠨᠵᠢᠯᠡᠬᠦ ᠤᠬᠠᠭᠠᠨᠴᠢ᠂ ᠲᠦᠷᠢᠮᠵᠢᠬᠦᠨ᠂ ᠦᠨᠳᠤᠷ ᠪᠦᠳᠤᠮᠵᠢᠳᠠᠢ ᠪᠠᠶᠢᠬᠤ ᠶᠢ ᠪᠠᠳᠤᠯᠠᠨ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠰᠢᠶᠧ ᠶᠥᠩ ᠹᠧᠩ᠂ ᠤᠳᠤᠭ ᠤᠨ ᠡᠮᠤᠨᠡᠳᠤ ᠬᠤᠰᠢᠭᠤ ᠬᠢᠨᠠᠨ ᠵᠢᠯᠤᠭᠤᠳᠤᠯᠭ᠎ᠠ ᠶᠢᠨ ᠱᠠᠭᠠᠷᠳᠠᠯᠭ᠎ᠠ ᠶᠤᠰᠤᠭᠠᠷ᠂ ᠦᠵᠡᠯ ᠰᠠᠨᠠᠭ᠎ᠠ ᠳᠠᠨᠢᠯᠳᠠ ᠪᠠᠨ ᠳᠠᠬᠢᠨ ᠳᠡᠬᠡᠭᠰᠢᠯᠡᠬᠦᠯᠵᠤ᠂ ᠵᠤᠬᠢᠶᠠᠨ ᠪᠠᠶᠢᠭᠤᠯᠤᠨ ᠤᠳᠤᠷᠢᠤᠨᠬᠤ ᠪᠠᠨ ᠤᠯᠠᠮ ᠴᠢᠩᠭᠠᠤᠨᠬᠠᠨ᠂ ᠰᠡᠷᠬᠡᠶᠢᠯᠡᠨ ᠡᠵᠡᠮᠳᠡᠬᠦ ᠠᠷᠭ᠎ᠠ ᠠᠪᠴᠠᠯ ᠢᠶᠠᠨ ᠤᠯᠠᠮ ᠨᠠᠷᠢᠯᠢᠭᠵᠢᠭᠤᠯᠵᠤ᠂ ᠵᠢᠯᠤᠭᠤᠤᠨᠬᠤ ᠰᠢᠰᠲ᠋ᠧᠮ ᠢᠶᠠᠨ ᠤᠯᠠᠮ ᠳᠡᠬᠦᠯᠳᠡᠷᠵᠢᠬᠦᠯᠤᠨ᠂ ︽ᠲᠦᠷᠪᠡᠨ ᠳᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭᠠᠳᠤ ᠬᠦᠮᠤᠰ᠂ ᠭᠤᠤᠯᠳᠠᠯᠭᠠᠳᠤ ᠤᠷᠤᠨ ᠪᠦᠰᠡ ᠶᠢᠨ ᠪᠦᠬᠦ ᠬᠦᠷᠢᠶ᠎ᠡ ᠶᠢᠨ᠂ ᠪᠦᠬᠦ ᠶᠠᠪᠤᠴᠠ ᠶᠢᠨ᠂ ᠪᠦᠬᠦ ᠡᠯᠧᠮᠧᠨ᠋ᠲ ᠤᠨ᠂ ᠪᠦᠬᠦ ᠬᠡᠯᠬᠢᠶᠡᠵᠢᠯ ᠤᠨ ᠪᠢᠳᠡᠬᠦᠮᠵᠢᠳᠤ ᠬᠠᠮᠢᠶᠠᠷᠤᠯᠳᠠ ᠶᠢ   ᠴᠢᠩᠭᠠᠤᠨᠬᠠᠨ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠠᠪᠴᠠᠯ ᠢ ᠭᠤᠶᠢᠪᠢᠰᠢ ᠦᠬᠡᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠬᠤ ᠶᠢ  ᠪᠠᠳᠤᠯᠠᠵᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠ ᠬᠤᠳᠠ ᠶᠢᠨ ︽ᠪᠠᠷᠠᠭᠤᠨ ᠡᠮᠤᠨᠡᠳᠤ ᠬᠠᠭᠠᠯᠭ᠎ᠠ︾ ᠶᠢ ᠰᠠᠶᠢᠳᠤᠷ ᠰᠠᠬᠢᠨ᠂ ᠪᠦᠬᠦ ᠬᠤᠰᠢᠭᠤᠨ ᠤ ᠠᠷᠠᠤᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠤᠨ ᠤᠨ ᠡᠷᠡᠬᠦᠯ ᠴᠢᠬᠢᠷᠠᠭ ᠢ ᠬᠠᠮᠠᠭᠠᠯᠠᠨ᠎ᠠ ᠬᠡᠵᠤ ᠢᠯᠡᠷᠬᠡᠶᠢᠯᠡᠭᠰᠡᠨ ᠪᠠᠶᠢᠨ᠎ᠠ᠃     ᠬᠤᠳᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠪᠤᠷᠢ ᠠᠩᠬᠢ᠂ ᠬᠤᠳᠠ ᠶᠢᠨ ᠲᠦᠷᠪᠡᠳᠤᠬᠡᠷ ᠠᠷᠠᠤᠨ ᠤᠨ ᠡᠮᠨᠡᠯᠬᠡ ᠶᠢᠨ ᠬᠤᠷᠢᠶ᠎ᠠ ᠶᠢᠨ ᠶᠡᠷᠤᠩᠬᠡᠢ ᠶᠠᠪᠤᠳᠠᠯ ᠤᠨ ᠰᠠᠯᠠᠭ᠎ᠠ᠂ ᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠠᠨᠳᠤ ᠶᠢᠨ ᠵᠦᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠤᠨ᠂ ᠬᠤᠰᠢᠭᠤ ᠤᠳᠤᠷᠢᠳᠤᠯᠭ᠎ᠠ ᠸᠧᠢ ᠵᠧᠨ ᠰᠢᠤᠸᠠᠨ᠂ ᠰᠥᠩ ᠰᠢᠶᠣᠣ ᠯᠧᠢ᠂ ᠾᠧ ᠵᠢᠶᠦ᠋ᠨ ᠶᠧ ᠵᠢᠴᠢ ᠡᠯ᠎ᠡ ᠪᠠᠯᠭᠠᠰᠤ᠂ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠤᠨ ᠬᠤᠷᠠᠯ ᠳᠤ ᠤᠷᠤᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号