ᠸᠠᠩ ᠢᠦᠢ ᠴᠢᠶᠠᠩ ᠣᠯᠵᠠᠴᠢ ᠪᠠᠯᠭᠠᠰᠣᠨ ᠳᠤ ᠪᠠᠶᠢᠴᠠᠭᠠᠨ ᠰᠣᠳᠣᠯᠣᠯᠳᠠ ᠬᠢᠪᠠ
ᠨᠡᠶᠢᠲᠡᠯᠡᠭᠰᠡᠨ ᠴᠠᠭ᠄
2021/11/2
    10 ᠰᠠᠷ᠎ᠠ ᠶᠢᠨ 28 ᠤ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠣᠯᠵᠠᠴᠢ ᠪᠠᠯᠭᠠᠰᠣᠨ ᠤ ᠶᠡᠷᠦᠩᠬᠡᠶᠢᠯᠡᠭᠰᠡᠨ ᠠᠵᠣ ᠣᠶᠢᠯᠠᠰ ᠤᠨ ᠬᠦᠷᠢᠶᠡᠯᠡᠩ᠂ ᠬᠤᠰᠢᠭᠤᠨ ᠤ ᠰᠣᠶᠣᠯ  ᠤᠨ ᠠᠵᠣ ᠣᠶᠢᠯᠠᠰ ᠤᠨ ᠬᠦᠷᠢᠶᠡᠯᠡᠩ ᠵᠡᠷᠭᠡ ᠭᠠᠵᠠᠷ ᠢᠶᠠᠷ ᠬᠦᠷᠴᠦ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ᠂ ᠲᠦᠷᠦᠯ ᠵᠣᠶᠢᠯ ᠤᠨ ᠪᠠᠶᠢᠭᠤᠯᠣᠯᠳᠠ᠂ ᠠᠶᠣᠯᠭᠦᠢ ᠣᠶᠢᠯᠠᠳᠪᠦᠷᠢᠯᠠᠯ᠂ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯ ᠵᠡᠷᠭᠡ ᠠᠵᠢᠯ ᠢ ᠰᠣᠳᠣᠯᠣᠨ ᠪᠠᠶᠢᠴᠠᠭᠠᠪᠠ᠃     ᠸᠠᠩ ᠢᠦᠢ ᠴᠢᠶᠠᠩ᠂ ᠣᠯᠵᠠᠴᠢ ᠪᠠᠯᠭᠠᠰᠣᠨ ᠤ ᠶᠡᠷᠦᠩᠬᠡᠶᠢᠯᠡᠭᠰᠡᠨ ᠠᠵᠣ ᠣᠶᠢᠯᠠᠰ ᠤᠨ ᠬᠦᠷᠢᠶᠡᠯᠡᠩ ᠳᠤ ᠬᠦᠷᠴᠦ ᠬᠦᠷᠢᠶᠡᠯᠡᠩ ᠲᠣᠭᠤᠷᠢᠭ ᠤᠨ ᠵᠠᠮ ᠵᠡᠭᠡᠯᠢ᠂ ᠴᠠᠬᠢᠯᠭᠠᠨ ᠤ ᠬᠠᠩᠭᠠᠯᠭ᠎ᠠ᠂ ᠣᠶᠢᠵᠢᠭᠤᠯᠣᠯᠳᠠ᠂ ᠲᠣᠣᠷ ᠬᠤᠭᠤᠯᠠᠢ ᠵᠡᠷᠭᠡ ᠰᠠᠭᠤᠷᠢ ᠲᠦᠬᠦᠭᠡᠷᠦᠮᠵᠢ ᠶᠢᠨ ᠲᠦᠯᠦᠪᠵᠢᠭᠦᠯᠭᠡ᠂ ᠪᠠᠶᠢᠭᠤᠯᠣᠯᠳᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠸᠠᠩ ᠢᠦᠢ ᠴᠢᠶᠠᠩ᠂ ᠣᠯᠵᠠᠴᠢ ᠪᠠᠯᠭᠠᠰᠣᠨ ᠤ ᠶᠡᠷᠦᠩᠬᠡᠶᠢᠯᠡᠭᠰᠡᠨ ᠠᠵᠣ ᠣᠶᠢᠯᠠᠰ ᠤᠨ ᠬᠦᠷᠢᠶᠡᠯᠡᠩ ᠪᠣᠯ ᠮᠠᠨ ᠤ ᠬᠤᠰᠢᠭᠤᠨ ᠤ ᠠᠵᠣ ᠣᠶᠢᠯᠠᠰ ᠤᠨ ᠬᠡᠯᠪᠡᠷᠢ ᠶᠢᠨ ᠬᠤᠪᠢᠷᠠᠭᠤᠯᠣᠯᠳᠠ ᠶᠢᠨ ᠲᠡᠰ ᠲᠡᠪᠰᠢᠯᠳᠡ ᠠᠴᠠ ᠡᠭᠦᠰᠴᠦ ᠲᠦᠯᠦᠪᠵᠢᠭᠦᠯᠦᠨ ᠪᠠᠶᠢᠭᠤᠯᠵᠣ ᠪᠠᠶᠢᠭ᠎ᠠ ᠶᠡᠷᠦᠩᠬᠡᠶᠢᠯᠡᠭᠰᠡᠨ ᠴᠢᠨᠠᠷᠳᠠᠢ ᠠᠵᠣ ᠣᠶᠢᠯᠠᠰ ᠤᠨ ᠬᠦᠷᠢᠶᠡᠯᠡᠩ ᠲᠣᠭᠤᠷᠢᠭ ᠪᠣᠯᠬᠤ ᠶᠣᠮ᠂ ᠰᠢᠨᠵᠢᠯᠡᠭᠦ ᠣᠬᠠᠭᠠᠨᠴᠢ ᠪᠠᠷ ᠲᠦᠯᠦᠪᠵᠢᠭᠦᠯᠬᠦ ᠶᠢ ᠢᠮᠠᠭᠳᠠ ᠪᠠᠷᠢᠮᠳᠠᠯᠠᠨ᠂ ᠦᠨᠳᠦᠷ ᠪᠠᠷᠢᠮᠵᠢᠶ᠎ᠡ ᠲᠠᠢ ᠪᠠᠷ ᠰᠦᠪᠡᠭᠴᠢᠯᠡᠵᠣ᠂ ᠬᠦᠷᠢᠶᠡᠯᠡᠩ ᠲᠣᠭᠤᠷᠢᠭ ᠤᠨ ᠠᠵᠣ ᠠᠬᠤᠢ ᠶᠢ ᠬᠦᠭᠵᠢᠭᠦᠯᠬᠦ᠂ ᠠᠵᠣ ᠣᠶᠢᠯᠠᠰ ᠢ ᠲᠦᠪᠯᠡᠷᠡᠭᠦᠯᠬᠦ᠂ ᠮᠡᠷᠭᠡᠵᠢᠯ ᠢ ᠰᠢᠨᠡᠴᠢᠯᠡᠭᠦ ᠭᠤᠣᠯ ᠣᠶᠢᠯᠠᠳᠣᠯ ᠢ ᠣᠯᠠᠮ ᠨᠢᠭᠡ ᠠᠯᠬᠤᠮ ᠪᠠᠳᠠᠷᠠᠭᠤᠯᠣᠨ᠂ ᠬᠦᠷᠢᠶᠡᠯᠡᠩ ᠲᠣᠭᠤᠷᠢᠭ ᠢ ᠮᠠᠨ ᠤ ᠬᠤᠰᠢᠭᠤᠨ ᠤ ᠴᠢᠨᠠᠷᠯᠢᠭ ᠬᠦᠭᠵᠢᠯᠳᠡ ᠶᠢᠨ ᠰᠢᠨ᠎ᠡ ᠬᠦᠳᠡᠯᠭᠡᠭᠦᠷ ᠪᠣᠯᠭᠠᠬᠤ ᠬᠡᠷᠡᠭᠳᠡᠢ᠃ ᠰᠠᠭᠤᠷᠢ ᠲᠦᠬᠦᠭᠡᠷᠣᠮᠵᠢ ᠶᠢᠨ ᠪᠠᠶᠢᠭᠤᠯᠣᠯᠳᠠ ᠪᠣᠯᠣᠨ ᠲᠦᠷᠦᠯ ᠵᠣᠶᠢᠯ ᠤᠨ ᠪᠠᠶᠢᠭᠤᠯᠣᠯᠳᠠ ᠶᠢ ᠨᠢᠭᠡᠳᠦᠯᠳᠡᠢ ᠢᠵᠢᠯ ᠠᠯᠬᠤᠮ ᠢᠶᠠᠷ ᠲᠦᠯᠦᠪᠵᠢᠭᠦᠯᠦᠨ ᠠᠬᠢᠭᠤᠯᠵᠣ᠂ ᠴᠠᠬᠢᠯᠭᠠᠨ ᠬᠠᠩᠭᠠᠬᠤ᠂ ᠣᠰᠣ ᠬᠠᠩᠭᠠᠬᠤ ᠭᠠᠳᠠᠭᠰᠢᠯᠡᠭᠤᠯᠬᠤ᠂ ᠵᠠᠮ ᠵᠡᠭᠡᠯᠢ ᠵᠡᠷᠭᠡ ᠲᠠᠯ᠎ᠠ ᠶᠢᠨ ᠪᠣᠳᠠᠳᠠᠢ ᠬᠦᠴᠢᠷᠳᠡᠯ ᠢ ᠪᠦᠬᠦ ᠬᠦᠴᠦᠨ ᠢᠶᠠᠷ ᠰᠢᠢᠳᠪᠦᠷᠢᠯᠡᠨ᠂ ᠬᠦᠷᠢᠶᠡᠯᠡᠩ ᠲᠣᠭᠤᠷᠢᠭ ᠤᠨ ᠰᠠᠭᠤᠷᠢ ᠲᠦᠬᠦᠭᠡᠷᠦᠮᠵᠢ ᠶᠢᠨ ᠲᠡᠭᠦᠯᠳᠡᠷᠵᠢᠯ ᠢ ᠪᠠᠳᠣᠯᠠᠬᠤ ᠬᠡᠷᠡᠭᠳᠡᠢ᠃ ᠦᠵᠡᠯ ᠰᠠᠨᠠᠭ᠎ᠠ ᠪᠠᠨ ᠴᠢᠯᠦᠭᠡᠯᠡᠨ᠂ ᠬᠦᠭᠵᠢᠯᠳᠡ ᠶᠢᠨ ᠬᠠᠮᠳᠦ ᠶᠢᠨ ᠣᠬᠠᠮᠰᠠᠷ ᠢᠶᠠᠨ ᠣᠯᠠᠮ ᠨᠢᠭᠡ ᠨᠢᠭᠳᠠᠷᠠᠭᠤᠯᠵᠣ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠬᠦᠷᠢᠶᠡᠯᠡᠩ ᠲᠣᠭᠤᠷᠢᠭ ᠤᠨ ᠠᠵᠢᠯ ᠤᠨ ᠵᠢᠯᠣᠭᠤᠳᠣᠯᠭ᠎ᠠ ᠪᠠ ᠣᠶᠢᠯᠡᠴᠢᠯᠡᠭᠡ ᠪᠠᠨ ᠴᠢᠩᠭᠠᠳᠬᠠᠵᠣ᠂ ᠬᠦᠷᠢᠶᠡᠯᠡᠩ ᠲᠣᠭᠤᠷᠢᠭ ᠤᠨ ᠴᠢᠳᠠᠪᠬᠢ ᠶᠢ ᠪᠠᠳᠠᠷᠠᠭᠤᠯᠣᠨ᠂ ᠠᠵᠣ ᠠᠬᠤᠶᠢᠯᠠᠯ ᠤᠨ ᠲᠠᠷᠣᠭᠠᠰᠦ ᠶᠢ ᠬᠦᠩᠭᠡᠷᠡᠭᠦᠯᠵᠣ᠂ ᠣᠶᠢᠯᠡᠴᠢᠯᠡᠭᠡᠨ ᠤ ᠪᠠᠳᠣᠯᠠᠭ᠎ᠠ ᠶᠢᠨ ᠠᠵᠢᠯ ᠢ ᠪᠦᠬᠦ ᠬᠦᠴᠦᠨ  ᠢᠶᠠᠷ ᠰᠠᠶᠢᠳᠦᠷ ᠠᠳᠬᠤᠨ᠂ ᠬᠦᠷᠢᠶᠡᠯᠡᠩ ᠲᠣᠭᠤᠷᠢᠭ ᠤᠨ ᠲᠠᠷᠠᠭ᠎ᠠ ᠨᠢᠭᠡ ᠠᠯᠬᠤᠮ ᠤᠨ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠪᠣᠯᠣᠨ ᠲᠦᠷᠦᠯ ᠵᠣᠶᠢᠯ ᠤᠨ ᠪᠠᠶᠢᠭᠤᠯᠣᠯᠳᠠ ᠳᠤ ᠪᠠᠳᠦ ᠪᠠᠬᠢ ᠰᠠᠭᠤᠷᠢ ᠲᠠᠯᠪᠢᠬᠤ ᠬᠡᠷᠡᠭᠳᠡᠢ᠃ ᠠᠶᠣᠯᠭᠦᠢ ᠣᠶᠢᠯᠠᠳᠪᠦᠷᠢᠯᠠᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠩᠭᠤᠵᠢᠯᠳᠡ ᠶᠢ ᠰᠠᠶᠢᠳᠦᠷ ᠠᠳᠬᠤᠨ᠂ ᠬᠦᠷᠢᠶᠡᠯᠡᠩ ᠲᠣᠭᠤᠷᠢᠭ ᠤᠨ ᠠᠵᠢᠯᠳᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠤ ᠠᠶᠣᠯ ᠢ ᠰᠡᠷᠭᠡᠶᠢᠯᠡᠭᠦ ᠣᠬᠠᠮᠰᠠᠷ ᠢ ᠨᠢ ᠲᠡᠭᠡᠭᠰᠢᠯᠡᠭᠦᠯᠣᠨ᠂ ᠡᠯ᠎ᠡ ᠲᠦᠷᠦᠯ ᠤᠨ ᠲᠠᠯᠳᠠ ᠭᠡᠮ ᠢ ᠠᠷᠢᠯᠭᠠᠵᠣ᠂ ᠬᠦᠷᠢᠶᠡᠯᠡᠩ ᠲᠣᠭᠤᠷᠢᠭ ᠤᠨ ᠠᠮᠣᠷ ᠲᠣᠭᠳᠠᠭᠤᠨ ᠠᠵᠢᠯᠯᠠᠮᠵᠢ ᠶᠢ ᠪᠠᠳᠣᠯᠠᠬᠤ ᠭᠡᠷᠡᠭᠳᠡᠢ ᠭᠡᠵᠣ ᠵᠢᠭᠠᠭᠰᠠᠨ ᠪᠠᠶᠢᠨ᠎ᠠ᠃     ᠸᠠᠩ ᠢᠦᠢ ᠴᠢᠶᠠᠩ ᠬᠤᠰᠢᠭᠤᠨ ᠤ ᠰᠣᠶᠣᠯ ᠤᠨ ᠠᠵᠣ ᠣᠶᠢᠯᠠᠰ ᠤᠨ ᠬᠦᠷᠢᠶᠡᠯᠡᠩ ᠳᠠᠬᠢ ᠣᠷᠳᠣᠰ ᠤᠨ ᠪᠠᠷᠠᠭᠤᠨ ᠬᠡᠰᠡᠭ ᠤᠨ ᠡᠨᠧᠷᠬᠢ ᠶᠢᠨ ᠪᠦᠯᠦᠭᠯᠡᠯ ᠤᠨ ᠠᠯᠪᠠᠯᠠᠬᠤ ᠭᠠᠵᠠᠷ ᠤᠨ ᠣᠷᠴᠢᠨ ᠠᠬᠤᠢ ᠶᠢ ᠪᠠᠶᠢᠴᠠᠭᠠᠨ ᠦᠵᠡᠵᠣ᠂ ᠠᠵᠣ ᠣᠶᠢᠯᠠᠰ ᠤᠨ ᠬᠦᠷᠢᠶᠡᠯᠡᠩ ᠲᠣᠭᠤᠷᠢᠭ ᠤᠨ ᠬᠦᠭᠵᠢᠯᠳᠡ ᠶᠢᠨ ᠣᠳᠣᠬᠢ ᠪᠠᠶᠢᠳᠠᠯ ᠢ ᠣᠶᠢᠯᠠᠭᠠᠨ ᠵᠠᠳᠠᠯᠣᠯᠳᠠ ᠬᠢᠵᠣ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠢ ᠰᠢᠨᠵᠢᠯᠡᠭᠦ ᠣᠬᠠᠭᠠᠨᠴᠢ ᠵᠦᠢ ᠵᠣᠬᠢᠰᠳᠠᠢ᠂ ᠢᠳᠡᠪᠬᠢ ᠬᠦᠴᠦᠨ ᠲᠠᠢ ᠬᠦᠭᠵᠢᠯᠳᠡ ᠶᠢᠨ ᠠᠷᠭ᠎ᠠ ᠠᠪᠴᠠᠯ ᠲᠣᠭᠳᠠᠭᠠᠨ᠂ ᠠᠵᠣ ᠣᠶᠢᠯᠠᠰ ᠤᠨ ᠬᠦᠷᠢᠶᠡᠯᠡᠩ ᠢ ᠪᠦᠬᠦ ᠲᠠᠯ᠎ᠠ ᠪᠠᠷ ᠠᠮᠢᠳᠣᠯᠢᠭᠵᠢᠭᠤᠯᠵᠣ᠂ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ᠂ ᠴᠢᠳᠠᠪᠦᠷᠢᠳᠠᠨ ᠣᠷᠣᠭᠤᠯᠣᠨ ᠠᠪᠴᠢᠷᠠᠬᠤ ᠵᠡᠷᠭᠡ ᠪᠠᠷ ᠲᠠᠮᠵᠢᠭᠤᠯᠣᠨ ᠪᠣᠳᠠᠳᠦ ᠬᠦᠴᠦᠨ ᠪᠦᠬᠦᠢ ᠠᠵᠣ ᠠᠬᠤᠶᠢᠯᠠᠯ ᠢ ᠣᠷᠢᠨ ᠣᠷᠣᠭᠤᠯᠬᠤ ᠪᠣᠶᠣ ᠪᠡᠯᠡ ᠲᠠᠳᠠᠵᠣ ᠰᠣᠶᠣᠯ ᠤᠨ ᠠᠵᠣ ᠣᠶᠢᠯᠠᠰ ᠢ ᠬᠦᠭᠵᠢᠭᠦᠯᠵᠣ᠂ ᠰᠣᠶᠣᠯ ᠤᠨ ᠠᠵᠣ ᠣᠶᠢᠯᠠᠰ  ᠤᠨ ᠬᠦᠷᠢᠶ᠋ᠯᠡᠩ ᠲᠣᠭᠤᠷᠢᠭ ᠤᠨ ᠬᠡᠷᠡᠭᠯᠡᠯᠳᠡ ᠶᠢᠨ ᠨᠣᠷᠮ᠎ᠠ ᠶᠢ ᠦᠨᠡᠨ ᠬᠦ ᠲᠡᠭᠡᠭᠰᠢᠯᠡᠭᠦᠯᠬᠦ ᠬᠡᠷᠡᠭᠳᠡᠢ ᠭᠡᠵᠣ ᠱᠠᠭᠠᠷᠳᠠᠭᠰᠠᠨ ᠪᠠᠶᠢᠨ᠎ᠠ᠃     ᠸᠠᠩ ᠢᠦᠢ ᠴᠢᠶᠠᠩ ᠵᠦᠩ ᡁᠢ ᠬᠤᠸᠠ ᠹᠦ᠋ ᠲᠦᠷᠦᠯ ᠵᠣᠶᠢᠯ ᠤᠨ ᠠᠬᠤᠢ ᠲᠠᠯᠠᠪᠠᠢ ᠳᠤ ᠬᠦᠷᠴᠦ ᠲᠦᠷᠦᠯ ᠵᠣᠶᠢᠯ ᠤᠨ ᠲᠦᠯᠦᠪᠵᠢᠭᠦᠯᠭᠡ ᠶᠢᠨ ᠪᠠᠶᠢᠳᠠᠯ ᠢ ᠣᠶᠢᠯᠠᠭᠠᠵᠣ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠳᠡ  ᠶᠢ ᠰᠠᠭᠤᠭᠠᠯᠢ ᠠᠷᠠᠳ ᠤᠨ ᠰᠠᠭᠤᠷᠰᠢᠬᠤ ᠨᠦᠭᠦᠴᠡᠯ ᠤᠨ ᠴᠢᠬᠤᠯᠠ ᠠᠭᠤᠯᠭ᠎ᠠ ᠪᠣᠯᠭᠠᠨ ᠠᠬᠢᠭᠤᠯᠵᠣ᠂ ᠰᠢᠨᠵᠢᠯᠡᠭᠦ ᠣᠬᠠᠭᠠᠨᠴᠢ ᠪᠠᠷ ᠲᠦᠯᠦᠪᠵᠢᠭᠦᠯᠦᠨ᠂ ᠶᠡᠷᠦᠩᠬᠡᠶᠢᠯᠡᠭᠰᠡᠨ ᠪᠣᠳᠣᠯᠭ᠎ᠠ ᠬᠡᠷᠡᠭᠵᠢᠭᠦᠯᠵᠣ᠂ ᠴᠢᠨᠠᠷᠵᠢᠯ ᠢ ᠲᠠᠰᠣᠷᠠᠯᠳᠠ ᠦᠭᠡᠢ ᠲᠡᠭᠡᠭᠰᠢᠯᠡᠭᠦᠯᠣᠨ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠦᠭᠦᠴᠡᠯ ᠪᠣᠯᠣᠨ ᠠᠮᠢᠳᠣᠷᠠᠯ ᠤᠨ ᠣᠷᠴᠢᠨ ᠢ ᠦᠨᠡᠨ ᠬᠦ ᠲᠡᠭᠡᠭᠰᠢᠯᠡᠭᠦᠯᠬᠦ ᠬᠡᠷᠡᠭᠳᠡᠢ ᠭᠡᠵᠣ ᠱᠠᠭᠠᠷᠳᠠᠭᠰᠠᠨ ᠪᠠᠶᠢᠨ᠎ᠠ᠃     ᠸᠠᠩ ᠢᠦᠢ ᠴᠢᠶᠠᠩ ᠪᠠᠰᠠ ᠪᠠᠯᠭᠠᠰᠣᠨ ᠲᠣᠭᠤᠷᠢᠭ ᠤᠨ ᠵᠠᠮ ᠵᠡᠭᠡᠯᠢ ᠶᠢᠨ ᠲᠦᠯᠦᠪᠵᠢᠭᠦᠯᠭᠡ᠂ ᠪᠠᠶᠢᠭᠤᠯᠣᠯᠳᠠ  ᠶᠢᠨ ᠠᠬᠤᠢ ᠲᠠᠯᠠᠪᠠᠢ ᠳᠤ ᠠᠯᠪᠠᠯᠠᠨ᠂ ᠣᠷᠣᠰᠢᠵᠣ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠭᠰᠡᠨ ᠪᠠᠶᠢᠨ᠎ᠠ᠃     ᠬᠤᠰᠢᠭᠤ ᠣᠳᠣᠷᠢᠳᠣᠯᠭ᠎ᠠ ᠰᠦᠨ ᠶᠢᠣ ᠵᠢᠶᠦ᠋ᠨ᠂ ᠹᠦ᠋ ᠺᠧ᠂ ᠱᠢ ᠬᠤᠢ᠂ ᠶᠠᠩ ᠵᠢᠢ ᠴᠢᠶᠠᠩ᠂ ᠱᠢ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠠᠮᠳᠦ ᠪᠠᠶᠢᠴᠠᠭᠠᠨ ᠰᠣᠳᠣᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号