ᠶᠠᠩ ᠶᠢᠩ ᠰᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠤᠭᠤᠤᠨᠪᠠ
ᠨᠡᠶᠢᠲᠡᠯᠡᠭᠰᠡᠨ ᠴᠠᠭ᠄
2021/11/2
    10 ᠰᠠᠷ᠎ᠠ ᠶᠢᠨ 28 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ  ᠤ ᠤᠷᠤᠯᠠᠭᠴᠢ ᠬᠤᠰᠢᠭᠤ ᠳᠠᠷᠤᠭ᠎ᠠ᠂ ᠬᠤᠰᠢᠭᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠤᠨᠬᠤ ᠭᠠᠵᠠᠷ ᠤᠨ ᠶᠡᠷᠤᠩᠬᠡᠢ ᠵᠢᠯᠤᠭᠤᠳᠤᠭᠴᠢ ᠶᠠᠩ ᠶᠢᠩ ᠰᠢᠨ ︽ᠲᠦᠷᠪᠡᠨ ᠦᠯᠤ ᠬᠤᠶᠠᠷ ᠰᠢᠭᠤᠤᠨ︾ ᠬᠡᠯᠪᠡᠷᠢ ᠪᠠᠷ ᠪᠤᠷᠤᠪᠠᠯᠭᠠᠰᠤ ᠪᠠᠯᠭᠠᠰᠤᠨ ᠳᠤ ᠬᠦᠨᠵᠡᠬᠡᠶᠢᠷᠡᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠮᠤᠷ ᠢ ᠬᠠᠮᠠᠭᠠᠯᠠᠬᠤ ᠪᠠᠶᠢᠴᠠᠭᠠᠬᠤ ᠦᠷᠳᠡᠭᠡ ᠪᠠ ᠲᠦᠷ ᠴᠠᠭ ᠤᠨ ᠪᠠᠶᠢᠴᠠᠭᠠᠯᠳᠠ ᠶᠢᠨ ᠴᠡᠭ ᠢ ᠪᠠᠶᠢᠴᠠᠭᠠᠨ ᠵᠢᠯᠤᠭᠤᠤᠨᠪᠠ᠃     ᠠᠮᠤᠷ ᠢ ᠬᠠᠮᠠᠭᠠᠯᠠᠬᠤ ᠪᠠᠶᠢᠴᠠᠭᠠᠯᠳᠠ ᠶᠢᠨ ᠦᠷᠳᠡᠭᠡ᠂ ᠲᠦᠷ ᠴᠠᠭ ᠤᠨ ᠪᠠᠶᠢᠴᠠᠭᠠᠯᠳᠠ ᠶᠢᠨ ᠴᠡᠭ ᠪᠤᠯ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠬᠡᠶᠢᠯᠡᠬᠦ︾ ᠴᠢᠬᠤᠯᠠ ᠪᠤᠭᠤᠮᠳᠠ ᠪᠤᠯᠬᠤᠷ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠦᠬᠦ ᠳᠠᠯ᠎ᠠ ᠶᠢᠨ ᠠᠵᠢᠯ ᠲᠠᠢ ᠨᠢᠭᠳᠠ ᠬᠤᠯᠪᠤᠭ᠎ᠠ ᠲᠠᠢ ᠶᠤᠮ᠃ ᠬᠢᠨᠠᠨ ᠪᠠᠶᠢᠴᠠᠭᠠᠯᠳᠠ ᠳᠤᠮᠳᠠ᠂ ᠶᠠᠩ ᠶᠢᠩ ᠰᠢᠨ ᠪᠤᠷᠤᠪᠠᠯᠭᠠᠰᠤ — ᠱᠠᠨᠰᠢ ᠶᠢᠨ ᠰᠤᠬᠠᠢ ᠶᠢᠨ ᠪᠠᠶᠢᠰᠢᠩ ᠤᠨ ᠠᠮᠤᠷ ᠢ ᠬᠠᠮᠠᠭᠠᠯᠠᠬᠤ ᠪᠠᠶᠢᠴᠠᠭᠠᠯᠳᠠ ᠶᠢᠨ ᠦᠷᠳᠡᠭᠡ᠂ ᠶᠡᠭᠡ ᠰᠢᠬᠢᠷ ᠤᠨ ᠲᠦᠷ ᠴᠠᠭ ᠤᠨ ᠪᠠᠶᠢᠴᠠᠭᠠᠯᠳᠠ ᠶᠢᠨ ᠴᠡᠭ ︵ᠶᠡᠭᠡ ᠰᠢᠬᠢᠷ —  ᠨᠢᠩᠰᠢᠶᠠ ᠶᠢᠨ ᠳᠡᠷᠬᠡ ᠰᠢᠶᠠᠨ ᠤ ᠠᠭᠤᠯᠵᠠᠷ︶ ᠪᠠ ᠪᠤᠷᠤᠪᠠᠯᠭᠠᠰᠤ ᠶᠢᠨ ᠬᠡᠵᠤᠤᠷ ᠳᠤᠰᠬᠤᠨ ᠤ ᠲᠦᠷ ᠴᠠᠭ ᠤᠨ ᠪᠠᠶᠢᠴᠠᠭᠠᠯᠳᠠ ᠶᠢᠨ ᠴᠡᠭ ︵ᠪᠤᠷᠤᠪᠠᠯᠭᠠᠰᠤ —  ᠱᠠᠨᠰᠢ ᠶᠢᠨ ᠪᠠᠶᠠᠨ ᠲᠦᠬᠦᠮ ᠤᠨ ᠠᠭᠤᠯᠵᠠᠷ︶ ᠢᠶᠠᠷ ᠪᠠᠶᠢᠴᠠᠭᠠᠨ ᠦᠵᠡᠵᠤ᠂ ᠳᠡᠷᠬᠡ ᠮᠠᠰᠢᠨ ᠤ ᠤᠯᠠᠨ ᠴᠦᠬᠡᠨ᠂ ᠰᠢᠯᠭᠠᠨ ᠪᠠᠶᠢᠴᠠᠭᠠᠯᠳᠠ ᠶᠢᠨ ᠶᠠᠪᠤᠴᠠ᠂ ᠰᠡᠷᠬᠡᠶᠢᠯᠡᠨ ᠡᠵᠡᠮᠳᠡᠬᠦ ᠤᠬᠠᠭᠤᠯᠭ᠎ᠠ᠂ ᠵᠢᠵᠢᠬᠦᠷᠯᠠᠯᠳᠠ᠂ ᠠᠷᠤ ᠳᠠᠯ᠎ᠠ ᠶᠢᠨ ᠪᠠᠳᠤᠯᠠᠭ᠎ᠠ᠂ ᠣᠷᠴᠢᠨ ᠳᠤᠭᠤᠷᠢᠨ ᠤ ᠠᠷᠢᠭᠤᠤᠨᠬᠠᠯ᠂ ᠪᠠᠴᠢᠮ ᠪᠠᠶᠢᠳᠠᠯ ᠤᠨ ᠰᠢᠢᠤᠨᠪᠤᠷᠢᠯᠠᠯᠳᠠ ᠵᠢᠴᠢ ᠵᠠᠷᠯᠢᠭ ᠵᠢᠭᠠᠪᠤᠷᠢ ᠶᠢᠨ ᠬᠡᠷᠡᠭᠵᠢᠬᠦᠯᠤᠯᠳᠠ ᠵᠡᠷᠬᠡ ᠪᠠᠶᠢᠳᠠᠯ ᠢ ᠨᠠᠷᠢᠨ ᠤᠶᠢᠯᠠᠭᠠᠵᠤ᠂ ᠰᠡᠷᠬᠡᠶᠢᠯᠡᠨ ᠡᠵᠡᠮᠳᠡᠬᠦ ᠠᠵᠢᠯ ᠤᠨ ᠪᠠᠶᠢᠷᠢ ᠶᠢ ᠪᠠᠳᠤ ᠰᠠᠬᠢᠵᠤ ᠪᠠᠶᠢᠭ᠎ᠠ ᠡᠮᠤᠨ᠎ᠡ ᠹᠷᠤᠨᠲ ᠤᠨ ᠦᠨᠳᠤᠰᠤᠨ ᠱᠠᠳᠤᠨ ᠤ ᠺᠠᠳ᠋ᠷ ᠠᠵᠢᠯᠳᠠᠤᠨ ᠢ ᠪᠤᠯᠭᠤᠭᠠᠨ ᠳᠤᠬᠤᠨᠢᠭᠤᠯᠪᠠ᠃     ᠶᠠᠩ ᠶᠢᠩ ᠰᠢᠨ᠂ ᠤᠳᠤᠬᠠᠨ ᠳᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠶᠠᠭ ᠵᠠᠩᠬᠢᠯᠠᠭ᠎ᠠ  ᠶᠢᠨ ᠬᠤᠭᠤᠴᠠᠭᠠᠨ ᠳᠤ ᠪᠠᠨ ᠤᠷᠤᠵᠤ᠂ ᠡᠯ᠎ᠡ ᠬᠢᠵᠢᠭ ᠢ ᠰᠡᠷᠬᠡᠶᠢᠯᠡᠬᠦ ᠪᠠᠶᠢᠴᠠᠭᠠᠯᠳᠠ ᠶᠢᠨ ᠭᠠᠵᠠᠷ ᠤᠨ ᠵᠢᠵᠢᠬᠦᠷᠯᠡᠵᠤ ᠪᠠᠶᠢᠭ᠎ᠠ ᠠᠵᠢᠯᠳᠠᠤᠨ ᠲᠤ ᠪᠠᠶᠢᠭᠤᠯᠭ᠎ᠠ ᠨᠢᠬᠡᠴᠠ ᠶᠢᠨ ᠨᠢᠬᠡᠳᠤᠬᠡᠷ ᠹᠷᠤᠨᠲ ᠤᠨ ᠠᠵᠢᠯᠳᠠᠤᠨ ᠪᠠᠶᠢᠬᠤ ᠮᠦᠷᠳᠡᠬᠡᠨ ᠪᠠᠯᠭᠠᠰᠤ ᠳᠤᠰᠬᠤᠨ ᠤ ᠺᠠᠳ᠋ᠷ ᠠᠵᠢᠯᠳᠠᠤᠨ᠂ ᠨᠠᠮ ᠤᠨ ᠬᠡᠰᠢᠬᠦᠨ ᠤ ᠲᠦᠯᠤᠬᠡᠯᠡᠭᠴᠢ ᠪᠠᠶᠢᠬᠤ ᠪᠤᠯᠬᠤᠷ ᠪᠦᠬᠦᠳᠡᠬᠡᠷ ᠢᠶᠠᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠴᠢᠩᠭ᠎ᠠ ᠠᠤᠨᠬᠤᠵᠤ᠂ ᠭᠠᠳᠠᠨ᠎ᠠ ᠠᠴᠠ ᠬᠠᠯᠳᠠᠪᠤᠷᠢᠯᠠᠬᠤ ᠶᠢ ᠬᠤᠷᠢᠭᠯᠠᠬᠤ ᠴᠢᠬᠤᠯᠠ ᠬᠠᠷᠢᠭᠤᠴᠠᠯᠭ᠎ᠠ ᠶᠢ ᠦᠨᠡᠨᠬᠦ ᠡᠬᠦᠷᠬᠡᠯᠡᠨ᠂ ᠭᠠᠳᠠᠨ᠎ᠠ ᠠᠴᠠ ᠬᠠᠯᠳᠠᠪᠤᠷᠢᠯᠠᠬᠤ ᠪᠤᠭᠤᠮᠳᠠ ᠶᠢ ᠡᠷᠡᠰ ᠰᠠᠬᠢᠵᠤ᠂ ᠸᠢᠷᠦ᠋ᠰ ᠤᠨ ᠬᠠᠯᠳᠠᠪᠤᠷᠢᠯᠠᠬᠤ ᠵᠠᠮ ᠢ ᠳᠠᠰᠤᠯᠬᠤ ᠬᠡᠷᠡᠭᠳᠠᠢ᠃ ᠵᠢᠯᠤᠭᠤᠤᠨᠬᠤ ᠭᠠᠵᠠᠷ ᠤᠨ ᠬᠢᠵᠢᠭ ᠢ ᠰᠡᠷᠬᠡᠶᠢᠯᠡᠬᠦ ᠡᠯ᠎ᠡ ᠵᠦᠢᠯ ᠤᠨ ᠵᠠᠷᠯᠢᠭ ᠵᠢᠭᠠᠪᠤᠷᠢ ᠪᠠ ᠠᠷᠭ᠎ᠠ ᠠᠪᠴᠠᠯ ᠢ ᠴᠢᠩᠭ᠎ᠠ ᠨᠠᠶᠢᠳᠠᠪᠤᠷᠢᠵᠢᠭᠤᠯᠤᠨ᠂ ᠭᠠᠳᠠᠨ᠎ᠠ ᠠᠴᠠ ᠢᠷᠡᠭᠰᠡᠨ ᠳᠡᠷᠭᠡ ᠮᠠᠰᠢᠨ ᠪᠠ ᠵᠢᠯᠤᠭᠤᠴᠢ ᠠᠶᠠᠨᠴᠢᠤᠨ ᠤᠨ ᠮᠡᠳᠡᠭᠡ ᠵᠠᠩᠬᠢ ᠶᠢ ᠪᠠᠶᠢᠴᠠᠭᠠᠨ ᠳᠡᠮᠳᠡᠭᠯᠡᠬᠦ ᠠᠵᠢᠯ ᠢ ᠨᠠᠷᠢᠯᠢᠭ ᠬᠢᠵᠤ᠂ ᠨᠢᠬᠡ ᠳᠡᠷᠬᠡ ᠶᠢ ᠴᠤ ᠤᠷᠬᠢᠭᠳᠠᠭᠤᠯᠬᠤ ᠦᠬᠡᠢ᠂ ᠨᠢᠬᠡ ᠬᠦᠮᠤᠨ ᠢ ᠴᠤ ᠬᠡᠬᠡᠭᠳᠡᠬᠦᠯᠬᠦ ᠦᠬᠡᠢ ᠪᠠᠶᠢᠬᠤ ᠶᠢ ᠪᠠᠳᠤᠯᠠᠬᠤ ᠬᠡᠷᠡᠭᠳᠠᠢ᠃ ᠡᠮᠤᠨ᠎ᠡ ᠹᠷᠤᠨᠲ ᠲᠤ ᠵᠢᠵᠢᠬᠦᠷᠯᠡᠵᠤ ᠪᠠᠶᠢᠭ᠎ᠠ ᠠᠵᠢᠯᠳᠠᠤᠨ ᠢ ᠬᠠᠯᠠᠮᠵᠢᠯᠠᠬᠤ ᠬᠦᠴᠤᠯᠡᠴᠠ ᠪᠠᠨ ᠶᠡᠬᠡᠤᠨᠬᠡᠵᠤ᠂ ᠰᠢᠨᠵᠢᠯᠡᠬᠦ ᠤᠬᠠᠭᠠᠴᠢ ᠠᠮᠤᠷ ᠳᠤᠭᠳᠠᠭᠤᠨ ᠵᠢᠵᠢᠬᠦᠷᠯᠡᠵᠤ ᠡᠬᠡᠯᠵᠢᠯᠡᠬᠦ ᠳᠤᠭᠳᠠᠴᠠ ᠶᠢ ᠪᠠᠶᠢᠭᠤᠯᠤᠨ᠂ ᠳᠤᠯᠠᠭᠠᠴᠠᠬᠤ᠂ ᠢᠳᠡᠬᠦ ᠰᠠᠭᠤᠬᠤ ᠵᠡᠷᠬᠡ ᠠᠷᠤ ᠳᠠᠯ᠎ᠠ ᠶᠢᠨ ᠪᠠᠳᠤᠯᠠᠭ᠎ᠠ ᠶᠢ ᠰᠠᠶᠢᠳᠤᠷ ᠬᠢᠵᠤ᠂ ᠬᠡᠷᠡᠭᠰᠡᠬᠦ ᠴᠢᠬᠤᠯᠠ ᠲᠠᠢ ᠲᠦᠬᠦᠬᠡᠷᠤᠮᠵᠢ ᠶᠢ ᠪᠦᠷᠢᠨᠰᠢᠬᠦᠯᠤᠨ᠂ ᠵᠢᠵᠢᠬᠦᠷᠯᠡᠵᠤ ᠪᠠᠶᠢᠭ᠎ᠠ ᠬᠦᠮᠤᠰ ᠤᠨ ᠪᠡᠶ᠎ᠡ ᠮᠠᠬᠠᠪᠤᠤᠨ ᠤᠨ ᠡᠷᠡᠬᠦᠯ ᠮᠠᠨᠳᠤ ᠶᠢ ᠪᠠᠳᠤᠯᠬᠠᠤ ᠬᠡᠷᠡᠭᠳᠠᠢ ᠬᠡᠵᠤ ᠱᠠᠭᠠᠷᠳᠠᠭᠰᠡᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号