ᠸᠠᠩ ᠢᠦᠢ ᠴᠢᠶᠠᠩ ᠨᠡᠶᠢᠬᠡᠮ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2021/11/2
    10 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠣᠯᠵᠠᠴᠢ ᠪᠠᠯᠭᠠᠰᠣᠨ ᠤ ᠬᠡᠰᠡᠭ ᠨᠡᠶᠢᠬᠡᠮ ᠲᠤᠭᠤᠷᠢᠭ ᠢᠶᠠᠷ ᠬᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ   ᠶᠢᠨ ᠲᠠᠯᠠᠪᠠᠢ ᠳᠤ ᠬᠢᠨᠠᠨ ᠵᠢᠯᠤᠭᠤᠳᠪᠠ᠃     ᠸᠠᠩ ᠢᠦᠢ ᠴᠢᠶᠠᠩ ᠣᠷᠢᠳ ᠬᠤᠵᠢᠳ ᠳᠠᠬᠢᠯᠲᠤ ᠨᠠᠶᠢᠬᠡᠮ ᠲᠤᠭᠤᠷᠢᠭ᠂ ᠮᠠᠯ ᠲᠠᠷᠢᠶᠠᠯᠠᠩ ᠤᠨ ᠪᠦᠲᠦᠬᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠬᠦᠷ᠂ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ᠂ ᠴᠦᠨ ᠶᠤᠸᠡᠨ ᠨᠡᠶᠢᠬᠡᠮ ᠲᠤᠭᠤᠷᠢᠭ᠂ ᠢᠦᠢ ᠼᠠᠢ ᠨᠡᠶᠢᠬᠡᠮ ᠲᠤᠭᠤᠷᠢᠭ᠂ ᠣᠯᠠᠭᠠᠨ ᠨᠡᠶᠢᠬᠡᠮ ᠲᠤᠭᠤᠷᠢᠭ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠤᠨ ᠬᠠᠮᠢᠶ᠎ᠠ ᠪᠦᠬᠦᠢ ᠳᠠᠩᠰᠠ ᠡᠪᠬᠡᠮᠡᠯ ᠮᠡᠲ᠋ᠧᠷᠢᠶᠡᠯ ᠢ ᠨᠠᠷᠢᠨ ᠦᠵᠡᠵᠦ᠂ ᠢᠷᠡᠵᠦ ᠶᠠᠪᠤᠬᠤ ᠬᠦᠮᠦᠰ ᠤᠨ ᠳᠠᠩᠰᠠᠯᠠᠯᠲᠠ ᠵᠢᠴᠢ ᠡᠷᠡᠬᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠤᠨ  ᠪᠠᠶᠢᠴᠠᠭᠠᠯᠲᠠ᠂ ᠪᠡᠶ᠎ᠡ ᠶᠢᠨ ᠳᠣᠯᠠᠭᠠᠨ ᠤ ᠬᠡᠮᠵᠢᠯᠲᠡ ᠵᠡᠷᠭᠡ ᠪᠠᠶᠢᠳᠠᠯ ᠢ ᠲᠤᠲᠤᠷᠬᠠᠢ ᠣᠶᠢᠯᠠᠭᠠᠬᠤ ᠶᠢᠨ ᠬᠠᠮᠲᠤ ᠢᠯᠡᠷᠡᠬᠦᠯᠦᠭᠰᠡᠨ ᠠᠰᠠᠭᠤᠳᠠᠯ ᠪᠠ ᠬᠦᠷᠦᠯᠴᠡᠬᠦ ᠦᠬᠡᠢ ᠲᠠᠯ᠎ᠠ ᠳᠤ ᠴᠡᠭᠴᠡᠯᠡᠨ ᠵᠠᠰᠠᠬᠤ ᠱᠠᠭᠠᠷᠳᠠᠯᠭ᠎ᠠ ᠳᠣᠷᠠᠳᠣᠭᠰᠠᠨ ᠪᠠᠶᠢᠨ᠎ᠠ᠃     ᠸᠠᠩ ᠢᠦᠢ ᠴᠢᠶᠠᠩ ᠠᠴᠠ ᠨᠡᠶᠢᠬᠡᠮ ᠲᠤᠭᠤᠷᠢᠭ ᠪᠤᠯ ᠬᠢᠵᠢᠭ ᠤᠨ ᠪᠠᠶᠢᠳᠠᠯ ᠢ ᠬᠤᠷᠢᠭᠯᠠᠬᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠡᠮᠦᠨ᠎ᠡ ᠹᠷᠣᠨᠲ ᠪᠣᠯᠣᠨ᠎ᠠ᠃ ᠨᠡᠶᠢᠬᠡᠮ ᠲᠤᠭᠤᠷᠢᠭ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠣᠮᠳᠠᠬᠢ ᠴᠢᠬᠤᠯᠠ ᠦᠨᠳᠦᠰᠦ ᠰᠠᠭᠤᠷᠢ ᠪᠠ ᠵᠠᠩᠭᠢᠯᠠᠭ᠎ᠠ ᠶᠢᠨ ᠦᠢᠯᠡᠳᠦᠯ ᠢᠶᠠᠨ ᠬᠦᠢᠴᠡᠳ  ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠪᠠᠶᠢᠩᠭᠤᠵᠢᠭᠰᠠᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠤᠨ᠂ ᠳᠣᠮᠳᠠ ᠦᠨᠳᠦᠷ ᠵᠡᠷᠭᠡ ᠶᠢᠨ ᠳᠦᠭᠰᠢᠬᠦᠷᠲᠦ ᠤᠷᠤᠨ ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠰ ᠤᠨ ᠪᠠᠶᠢᠴᠠᠭᠠᠯᠲᠠ  ᠶᠢᠨ ᠡᠷᠴᠢᠮ ᠢᠶᠠᠨ ᠴᠢᠩᠭᠠᠳᠬᠠᠵᠤ᠂ ᠲᠤᠤᠷᠵᠢᠯ ᠬᠠᠮᠢᠶᠠᠷᠤᠯᠲᠠ ᠶᠢᠨ ᠠᠵᠢᠯ ᠤᠨ ᠲᠤᠭᠲᠠᠴᠠ ᠶᠢ ᠰᠠᠶᠢᠲᠤᠷ ᠠᠮᠢᠳᠣᠯᠢᠭᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠤᠷ ᠢ ᠦᠨᠡᠨ ᠬᠦ ᠪᠠᠲᠤ ᠨᠡᠬᠡᠵᠤ᠂ ᠠᠷᠠᠳ ᠣᠯᠠᠨ ᠤ ᠠᠮᠢ ᠨᠠᠰᠣ ᠡᠷᠡᠬᠦᠯ ᠮᠡᠨᠳᠦ ᠶᠢᠨ ᠠᠮᠣᠷ ᠳᠦᠪᠰᠢᠨ ᠢ ᠪᠠᠲᠤᠯᠠᠬᠤ ᠬᠡᠷᠡᠭᠲᠡᠢ ᠬᠡᠵᠦ ᠵᠢᠭᠠᠭᠰᠠᠨ ᠪᠠᠶᠢᠨ᠎ᠠ᠃     ᠸᠠᠩ ᠢᠦᠢ ᠴᠢᠶᠠᠩ ᠠᠴᠠ ᠬᠠᠷᠢᠶ᠎ᠠ ᠭᠠᠵᠠᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠦᠨᠳᠦᠰᠦᠨ ᠱᠠᠲᠤᠨ  ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠪᠠ ᠨᠠᠮ ᠤᠨ ᠬᠡᠰᠢᠬᠦᠨ ᠺᠠᠳ᠋ᠷᠴᠣᠳ ᠤᠨ ᠬᠤᠰᠢᠭᠤᠴᠢ ᠵᠢᠱᠢᠶᠡᠴᠢ ᠦᠢᠯᠡᠳᠦᠯ ᠢ ᠬᠦᠢᠴᠡᠳ ᠪᠠᠳᠠᠷᠠᠭᠤᠯᠤᠨ᠂ ᠣᠯᠠᠨ ᠲᠦᠮᠡᠨ ᠢ ᠦᠷᠭᠡᠨ ᠢᠶᠠᠷ ᠳᠠᠶᠢᠴᠢᠯᠠᠵᠤ᠂ ᠰᠠᠶᠢᠨ ᠳᠣᠷᠠᠴᠣᠳ ᠪᠠ ᠰᠠᠭᠤᠭᠠᠯᠢ ᠠᠷᠠᠳ ᠢᠶᠠᠨ ᠵᠤᠬᠢᠶᠠᠨ ᠪᠠᠶᠢᠭᠤᠯᠤᠨ ᠬᠢᠵᠢᠭ ᠢ ᠰᠡᠷᠬᠡᠶᠢᠯᠡᠨ ᠡᠵᠡᠮᠳᠡᠬᠦ ᠠᠵᠢᠯ  ᠳᠤ ᠢᠳᠡᠪᠬᠢᠲᠡᠢ ᠪᠠᠷ ᠣᠷᠣᠯᠴᠠᠭᠤᠯᠬᠤ ᠬᠡᠷᠡᠭᠲᠡᠢ᠃ ᠡᠬᠦᠨ ᠤ ᠬᠠᠮᠲᠤ ᠮᠠᠯ ᠤᠨ ᠠᠷᠠᠯᠵᠢᠶᠠᠨ ᠤ ᠵᠠᠬ᠎ᠠ ᠳᠡᠯᠭᠡᠬᠦᠷ  ᠤᠨ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠤᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠳᠬᠠᠨ᠂ ᠬᠠᠷᠢᠭᠤ ᠲᠤᠰᠬᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠡᠮᠬᠢᠳᠬᠡᠵᠦ᠂ ᠰᠡᠷᠭᠡᠶᠢᠯᠡᠨ ᠡᠵᠡᠮᠳᠡᠬᠦ ᠠᠵᠢᠯ ᠨᠡᠶᠢᠲᠡᠮ ᠪᠡᠶᠡᠯᠡᠭᠳᠡᠬᠦ ᠶᠢ ᠪᠠᠲᠤᠯᠠᠵᠤ᠂ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠬᠦ︾ ᠰᠡᠷᠬᠡᠶᠢᠯᠡᠯᠲᠡ ᠶᠢᠨ ᠱᠣᠭᠤᠮ ᠢ ᠡᠷᠡᠰ ᠰᠠᠬᠢᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠡᠨᠡᠬᠦ ᠬᠤᠭᠤᠴᠠᠭᠠᠨ ᠳᠤ᠂ ᠸᠠᠩ ᠢᠦᠢ ᠴᠢᠶᠠᠩ ᠪᠠᠰᠠ ᠡᠯ᠎ᠡ ᠨᠡᠶᠢᠬᠡᠮ ᠲᠤᠭᠤᠷᠢᠭ ᠤᠨ ᠣᠨᠴᠠᠯᠢᠭᠲᠤ ᠨᠠᠮ  ᠤᠨ ᠪᠠᠶᠢᠭᠤᠯᠤᠯᠲᠠ ᠶᠢᠨ ᠨᠡᠷᠡᠲᠦ ᠲᠡᠮᠲᠡᠭ ᠤᠨ ᠴᠣᠭᠴᠠᠯᠠᠯᠲᠠ᠂ ᠦᠨᠳᠦᠰᠦᠨ ᠱᠠᠲᠤᠨ ᠤ ᠨᠡᠶᠢᠬᠡᠮ ᠤᠨ ᠵᠠᠰᠠᠯᠲᠠ᠂ ᠣᠷᠣᠰᠢᠨ ᠰᠠᠭᠤᠬᠤ ᠣᠷᠴᠢᠨ ᠲᠤᠭᠤᠷᠢᠨ ᠤ ᠵᠠᠰᠠᠯᠲᠠ ᠵᠡᠷᠭᠡ ᠲᠠᠯ᠎ᠠ ᠪᠠᠷ ᠪᠠᠶᠢᠴᠠᠭᠠᠨ ᠰᠣᠳᠣᠯᠪᠠ᠃ ᠸᠠᠩ ᠢᠦᠢ ᠴᠢᠶ᠋ᠨᠩ ᠠᠴᠠ ᠨᠡᠶᠢᠬᠡᠮ ᠲᠤᠭᠤᠷᠢᠭ ᠤᠨ ᠵᠠᠰᠠᠯᠲᠠ ᠪᠣᠯ ᠦᠨᠳᠦᠰᠦᠨ ᠱᠠᠲᠤᠨ ᠤ ᠨᠠᠶᠢᠬᠡᠮ ᠤᠨ ᠵᠠᠰᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠂ ᠮᠦᠨᠴᠦ ᠦᠨᠳᠦᠰᠦᠨ ᠱᠠᠲᠤᠨ ᠤ ᠰᠠᠭᠤᠷᠢ ᠶᠢ ᠪᠠᠬᠢᠵᠢᠬᠦᠯᠬᠦ ᠴᠢᠬᠤᠯᠠ ᠢᠨᠵᠧᠨᠧᠷᠢᠩ ᠶᠤᠮ᠃ ᠦᠵᠡᠯ ᠰᠠᠨᠠᠭ᠎ᠠ ᠪᠠᠨ ᠣᠯᠠᠮ ᠨᠢᠭᠡ ᠠᠯᠬᠤᠮ ᠴᠢᠯᠦᠬᠡᠯᠡᠵᠦ᠂ ᠰᠡᠳᠬᠢᠬᠦᠢ ᠪᠠᠨ ᠦᠷᠭᠡᠳᠬᠡᠨ᠂ ᠠᠷᠠᠳ ᠤᠨ ᠬᠦᠰᠡᠯ᠂ ᠬᠦᠴᠢᠷᠳᠡᠯ ᠢ ᠰᠢᠢᠳᠪᠦᠷᠢᠯᠡᠬᠦ ᠠᠴᠠ ᠭᠠᠷᠳᠠᠵᠤ᠂ ᠨᠡᠶᠢᠬᠡᠮ ᠲᠤᠭᠤᠷᠢᠭ ᠤᠨ ᠵᠠᠰᠠᠯᠲᠠ ᠶᠢᠨ ᠡᠯ᠎ᠡ ᠲᠦᠷᠦᠯ ᠤᠨ ᠠᠵᠢᠯ ᠢ ᠲᠠᠰᠣᠷᠠᠯᠲᠠ ᠦᠬᠡᠢ ᠲᠡᠬᠦᠯᠳᠡᠷᠵᠢᠬᠦᠯᠦᠨ᠂ ᠮᠠᠨ ᠤ ᠬᠤᠰᠢᠭᠤᠨ ᠤ ᠨᠡᠶᠢᠬᠡᠮ ᠲᠤᠭᠤᠷᠢᠭ ᠤᠨ ᠵᠠᠰᠠᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠬᠦᠳᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠠᠯᠪᠠᠨ ᠭᠡᠷ ᠤᠨ ᠡᠷᠬᠢᠯᠡᠭᠴᠢ ᠹᠦ᠋ ᠺᠧ ᠵᠢᠴᠢ ᠣᠯᠵᠠᠴᠢ ᠪᠠᠯᠭᠠᠰᠣᠨ ᠤ ᠭᠤᠣᠯ ᠬᠠᠷᠢᠭᠤᠴᠠᠯᠭᠠᠲᠠᠳ ᠬᠠᠮᠲᠤ ᠪᠠᠶᠢᠴᠠᠭᠠᠨ ᠰᠣᠳᠣᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号