ᠮᠠᠨ ᠤ ᠬᠤᠰᠢᠭᠤᠨ ᠤ ᠤᠳᠤᠷᠢᠳᠤᠯᠭ᠎ᠠ ᠬᠤᠪᠢᠶᠠᠷᠢ ᠬᠤᠷᠠᠯ ᠤᠨ ᠳᠠᠯᠠᠪᠠᠢ ᠳᠤ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠳᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠠᠵᠢᠯ ᠤᠨ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2021/11/23
    11 ᠰᠠᠷ᠎ᠠ ᠶᠢᠨ 17 ᠤ ᠡᠳᠤᠷ᠂ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠳᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠠᠵᠢᠯ ᠤᠨ ᠬᠤᠷᠠᠯ ᠬᠢᠶ᠎ᠡ ᠪᠠᠭᠰᠢ ᠳᠤ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠳᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠵᠦᠪᠯᠡᠯ ᠤᠨ ᠡᠷᠬᠢᠯᠡᠭᠴᠢ ᠯᠢ ᠯᠢ ᠬᠤᠷᠠᠯ ᠳᠤ ᠤᠷᠤᠯᠴᠠᠵᠤ ᠶᠠᠷᠢᠶ᠎ᠠ ᠳᠠᠯᠪᠢᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠷᠤᠯᠠᠭᠴᠢ ᠬᠤᠳᠠ ᠶᠢᠨ ᠳᠠᠷᠤᠭ᠎ᠠ᠂ ᠬᠤᠳᠠ ᠶᠢᠨ ᠨᠠᠮ ᠤᠨ ᠬᠤᠷᠢᠶᠠᠨ ᠤ ᠪᠦᠬᠦ ᠳᠠᠯ᠎ᠠ ᠪᠠᠷ ᠬᠠᠤᠯᠢ  ᠪᠠᠷ ᠬᠤᠳᠠ ᠪᠠᠨ ᠵᠠᠰᠠᠬᠤ ᠵᠦᠪᠯᠡᠯ ᠤᠨ ᠳᠡᠳ᠋ ᠡᠷᠬᠢᠯᠡᠭᠴᠢ ᠳ᠋ᠦ᠋ ᠬᠤᠢ ᠯᠢᠶᠠᠩ ᠬᠤᠷᠠᠯ ᠡᠷᠬᠢᠯᠡᠪᠡ᠃ ᠬᠤᠳᠠ ᠶᠢᠨ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠵᠠᠨ ᠯᠢᠨ᠂ ᠬᠤᠳᠠ ᠶᠢᠨ ᠤᠯᠤᠰ ᠲᠦᠷᠤ ᠶᠢᠨ ᠵᠦᠪᠯᠡᠯᠬᠡᠨ ᠤ ᠳᠡᠷᠢᠬᠦᠯᠡᠭᠴᠢ ᠭᠤᠣ ᠵᠠᠨ ᠱᠧᠩ ᠵᠡᠷᠬᠡ ᠬᠤᠳᠠ ᠶᠢᠨ ᠲᠦᠷᠪᠡᠨ ᠪᠠᠭ ᠤᠨ ᠤᠳᠤᠷᠢᠳᠤᠯᠭ᠎ᠠ ᠬᠤᠷᠠᠯ ᠳᠤ ᠤᠷᠤᠯᠴᠠᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠳᠠ ᠶᠢᠨ ᠳᠡᠳ᠋ ᠳᠠᠷᠤᠭ᠎ᠠ ᠯᠢᠦ ᠰᠢᠶᠣᠣ ᠹᠧᠩ ᠲᠦᠪ ᠤᠨ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠠᠯᠪᠠᠨ ᠬᠡᠷ ᠤᠨ ᠬᠢᠨᠠᠨ ᠪᠠᠶᠢᠴᠠᠭᠠᠵᠤ ᠬᠠᠷᠢᠭᠤ ᠳᠤᠰᠬᠠᠭᠰᠡᠨ ᠠᠰᠠᠭᠤᠳᠠᠯ ᠤᠨ ᠴᠡᠭᠴᠡᠯᠡᠯᠳᠠ ᠶᠢᠨ ᠪᠠᠶᠢᠳᠠᠯ ᠢ ᠵᠠᠷᠯᠠᠨ ᠮᠡᠳᠡᠭᠳᠡᠪᠡ᠃     ᠯᠢ ᠯᠢ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠤᠯ ᠰᠢᠨ᠎ᠠ ᠴᠠᠭ ᠦᠶ᠎ᠡ ᠶᠢᠨ ᠪᠦᠬᠦ ᠳᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠬᠦᠴᠤᠷᠬᠡᠭ ᠶᠡᠭᠡ ᠦᠵᠡᠯ ᠰᠠᠨᠠᠭᠠᠨ ᠤ ᠵᠡᠪᠰᠡᠭ ᠪᠠ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠩᠯᠡᠬᠦᠷ ᠪᠤᠯᠤᠨ᠎ᠠ᠃ ᠪᠦᠬᠦ ᠬᠤᠳᠠ ᠶᠢᠨ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠬᠡᠷᠡᠭᠯᠡᠵᠤ᠂ ᠪᠦᠬᠦ ᠳᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠶᠢ ᠠᠬᠢᠭᠤᠯᠬᠤ ᠪᠤᠯ ︽ᠬᠤᠶᠠᠷ ᠢ ᠬᠠᠮᠠᠭᠠᠯᠠᠬᠤ︾ ᠶᠢ ᠤᠶᠢᠯᠡᠳᠤᠯᠬᠡᠵᠢᠬᠦᠯᠬᠦ ᠪᠤᠳᠠᠳᠤ ᠬᠢᠨᠠᠯᠳᠠ ᠰᠢᠯᠭᠠᠯᠳᠠ᠂ ᠠᠵᠤ ᠠᠬᠤᠢ ᠶᠢᠨ ᠴᠢᠨᠠᠷᠯᠢᠭ ᠬᠦᠭᠵᠢᠯᠳᠠ ᠶᠢ ᠠᠬᠢᠭᠤᠯᠬᠤ ᠵᠠᠶᠢᠯᠠᠰᠢ ᠦᠬᠡᠢ ᠱᠠᠭᠠᠷᠳᠠᠯᠭ᠎ᠠ᠂ ᠠᠷᠠᠤᠨ ᠤᠯᠠᠨ ᠤ ᠡᠳᠤᠷ ᠢᠷᠡᠬᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠴᠢᠬᠤᠯᠠ ᠰᠠᠭᠤᠷᠢ᠂ ᠵᠠᠰᠠᠯᠳᠠ ᠶᠢᠨ ᠴᠢᠳᠠᠪᠤᠷᠢ ᠶᠢᠨ ᠲᠦᠪᠰᠢᠨ ᠢᠶᠠᠨ ᠳᠡᠬᠡᠭᠰᠢᠯᠡᠬᠦᠯᠬᠦ ᠵᠠᠩᠬᠢᠯᠠᠭ᠎ᠠ᠂ ᠰᠤᠷᠳᠠᠯ ᠴᠢᠬᠡᠴᠢ ᠤᠪᠤᠷ ᠲᠦᠪ ᠰᠠᠶᠢᠨ ᠰᠠᠶᠢᠬᠠᠨ ᠤᠯᠤᠰ ᠲᠦᠷᠤ ᠶᠢᠨ ᠠᠮᠢ ᠠᠬᠤᠢ  ᠶᠢ ᠪᠤᠢ ᠪᠤᠯᠭᠠᠬᠤ ᠳᠤᠯᠭᠠᠮ᠎ᠠ ᠱᠠᠭᠠᠷᠳᠠᠯᠭ᠎ᠠ ᠮᠦᠨ ᠬᠡᠳᠡᠭ ᠢ ᠬᠦᠨᠵᠡᠬᠡᠢ ᠳᠠᠨᠢᠵᠤ᠂ ᠰᠠᠭᠤᠷᠢ ᠪᠠᠨ ᠪᠠᠬᠢᠵᠢᠬᠦᠯᠤᠨ ᠳᠤᠳᠠᠭᠤᠳᠠᠯ ᠢᠶᠠᠨ ᠨᠦᠬᠦᠪᠤᠷᠢᠯᠡᠵᠤ ᠪᠠᠭᠤᠷᠠᠢ ᠪᠠᠨ ᠬᠦᠴᠤᠷᠬᠡᠭᠵᠢᠬᠦᠯᠤᠨ᠂ ᠬᠠᠤᠯᠢ ᠪᠠᠷ ᠵᠠᠰᠠᠬᠤ ᠪᠠᠶᠢᠭᠤᠯᠤᠯᠳᠠ  ᠶᠢᠨ ᠴᠠᠭ ᠦᠶᠡᠴᠢ ᠴᠢᠨᠠᠷ᠂ ᠬᠠᠨᠳᠤᠯᠭᠠᠳᠤ ᠴᠢᠨᠠᠷ᠂ ᠪᠦᠳᠤᠮᠵᠢᠳᠤ ᠴᠢᠨᠠᠷ ᠢᠶᠠᠨ ᠳᠠᠰᠤᠷᠠᠯᠳᠠ ᠦᠬᠡᠢ ᠴᠢᠩᠭᠠᠤᠨᠬᠠᠵᠤ᠂ ᠰᠢᠨ᠎ᠠ ᠵᠠᠮ ᠢᠶᠠᠷ ᠵᠠᠮᠨᠠᠬᠤ᠂ ᠤᠷᠢᠳᠠᠪᠠᠷ ᠬᠡᠷᠡᠭᠵᠢᠬᠦᠯᠬᠦ ᠤᠷᠤᠨ ᠢ ᠪᠠᠶᠢᠭᠤᠯᠬᠤ᠂ ᠤᠳᠤᠬᠢᠴᠢᠯᠠᠭᠰᠡᠨ ᠤᠷᠳᠤᠰ ᠤᠨ ᠪᠠᠶᠢᠭᠤᠯᠤᠯᠳᠠ ᠶᠢᠨ ᠰᠠᠶᠢᠨ ᠰᠠᠶᠢᠬᠠᠨ ᠢᠷᠡᠬᠡᠳᠤᠢ ᠶᠢ ᠴᠤᠭᠴᠠᠯᠠᠬᠤ ᠳᠤ ᠬᠦᠴᠤᠳᠤ ᠬᠠᠤᠯᠢ ᠵᠠᠰᠠᠯᠳᠠ ᠶᠢᠨ ᠪᠠᠳᠤᠯᠠᠭ᠎ᠠ ᠬᠠᠩᠭᠠᠬᠤ ᠬᠡᠷᠡᠭᠳᠠᠢ ᠬᠡᠵᠤ ᠵᠢᠭᠠᠭᠰᠡᠨ ᠪᠠᠶᠢᠨ᠎ᠠ᠃     ᠯᠢ ᠯᠢ᠂ ᠪᠦᠬᠦ ᠳᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠡᠯ᠎ᠡ ᠵᠦᠢᠯ ᠤᠨ ᠭᠤᠤᠯᠳᠠᠯᠭᠠᠳᠤ ᠡᠬᠦᠷᠬᠡ ᠶᠢ ᠤᠨᠤᠪᠴᠢᠳᠠᠢ ᠡᠵᠡᠮᠳᠡᠨ᠂ ᠢᠮᠠᠭᠳᠠ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠠᠷᠠᠤᠨ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠨ᠂ ᠠᠰᠠᠭᠤᠳᠠᠯ ᠤᠨ ᠤᠳᠤᠷᠢᠳᠤᠮᠵᠢ ᠪᠠ ᠬᠠᠷᠠᠯᠳᠠ ᠶᠢᠨ ᠤᠳᠤᠷᠢᠳᠤᠮᠵᠢ ᠶᠢ ᠪᠠᠷᠢᠮᠳᠠᠯᠠᠵᠤ᠂ ᠨᠠᠩ ᠶᠡᠭᠡ ᠬᠦᠴᠤᠯᠡᠴᠠ᠂ ᠨᠠᠩ ᠦᠨᠳᠤᠷ ᠲᠦᠪᠰᠢᠨ ᠢᠶᠠᠷ ᠬᠠᠤᠯᠢ ᠲᠦᠷᠢᠮᠳᠤ ᠤᠷᠳᠤᠰ ᠢ ᠪᠠᠶᠢᠭᠤᠯᠬᠤ ᠬᠡᠷᠡᠭᠳᠠᠢ᠃ ᠰᠢᠨᠵᠢᠯᠡᠬᠦ ᠤᠬᠠᠭᠠᠨᠴᠢ ᠪᠠᠷ ᠬᠠᠤᠯᠢ ᠳᠤᠭᠳᠠᠭᠠᠬᠤ ᠶᠢ ᠪᠠᠳᠤᠳᠠᠢ ᠠᠬᠢᠭᠤᠯᠤᠨ᠂ ᠬᠠᠤᠯᠢ ᠳᠤᠭᠳᠠᠭᠠᠬᠤ ᠳᠤᠭᠳᠠᠴᠠ  ᠶᠢ ᠳᠡᠬᠦᠯᠳᠡᠷᠵᠢᠬᠦᠯᠵᠤ᠂ ᠬᠠᠤᠯᠢ ᠳᠤᠭᠳᠠᠭᠠᠬᠤ ᠭᠤᠤᠯᠳᠠᠯᠭ᠎ᠠ ᠶᠢ ᠡᠵᠡᠮᠳᠡᠨ᠂ ᠬᠠᠤᠯᠢ ᠳᠤᠭᠳᠠᠭᠠᠬᠤ ᠴᠢᠨᠠᠷᠵᠢᠯ ᠢ ᠳᠡᠬᠡᠭᠰᠢᠯᠡᠬᠦᠯᠵᠤ᠂ ᠬᠠᠤᠯᠢ ᠲᠦᠷᠢᠮ ᠤᠨ ᠬᠠᠩᠭᠠᠯᠭ᠎ᠠ ᠶᠢᠨ ᠶᠠᠰᠤ ᠴᠢᠨᠠᠷ ᠪᠠ ᠦᠷ᠎ᠠ ᠪᠦᠳᠤᠮᠵᠢ ᠪᠠᠨ ᠳᠡᠬᠡᠭᠰᠢᠯᠡᠬᠦᠯᠬᠦ ᠬᠡᠷᠡᠭᠳᠠᠢ᠃ ᠬᠠᠤᠯᠢ ᠶᠢ ᠴᠢᠩᠭ᠎ᠠ ᠬᠡᠷᠡᠭᠵᠢᠬᠦᠯᠬᠦ ᠶᠢ ᠪᠠᠳᠤᠳᠠᠢ ᠠᠬᠢᠭᠤᠯᠤᠨ᠂ ᠬᠠᠤᠯᠢ ᠲᠦᠷᠢᠮᠳᠤ ᠠᠷᠠᠯᠵᠢᠶ᠎ᠡ ᠡᠵᠡᠩᠨᠡᠯᠳᠠ ᠶᠢᠨ ᠤᠷᠴᠢᠨ ᠢ ᠦᠨᠡᠨᠬᠦ ᠪᠤᠢ ᠪᠤᠯᠭᠠᠵᠤ᠂ ᠵᠠᠰᠠᠭ ᠤᠨ ᠤᠷᠳᠤᠨ ᠤ ᠴᠢᠳᠠᠪᠬᠢ ᠶᠢᠨ ᠬᠤᠪᠢᠷᠠᠭᠠᠯᠳᠠ ᠶᠢ ᠠᠬᠢᠭᠤᠯᠤᠨ᠂ ᠵᠠᠰᠠᠭ ᠵᠠᠬᠢᠷᠭᠠᠨ ᠤ ᠰᠢᠢᠤᠨᠪᠤᠷᠢᠳᠤ ᠪᠤᠳᠤᠯᠭ᠎ᠠ ᠶᠢᠨ ᠶᠠᠪᠤᠴᠠ ᠶᠢ ᠲᠦᠷᠢᠮᠵᠢᠬᠦᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠤᠯᠳᠠ ᠶᠢᠨ ᠠᠵᠢᠯ ᠤᠨ ᠰᠢᠰᠲ᠋ᠧᠮ ᠢ ᠳᠡᠬᠦᠯᠳᠡᠷᠵᠢᠬᠦᠯᠤᠨ᠂ ᠡᠷᠬᠡ ᠶᠢᠨ ᠬᠢᠨᠠᠯᠳᠠ ᠬᠢᠵᠠᠭᠠᠷᠯᠠᠯ ᠢ ᠴᠢᠩᠭᠠᠤᠨᠬᠠᠵᠤ᠂ ᠬᠠᠤᠯᠢ ᠲᠦᠷᠢᠮᠳᠤ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠠᠯᠬᠤᠴᠠ ᠪᠠᠨ ᠲᠦᠷᠬᠡᠤᠨᠬᠡᠬᠦ ᠬᠡᠷᠡᠭᠳᠠᠢ᠃ ᠲᠦᠪ ᠭᠤᠤᠯᠴᠢ ᠪᠠᠷ ᠬᠠᠤᠯᠢ ᠬᠡᠷᠡᠭᠵᠢᠬᠦᠯᠬᠦ ᠶᠢ ᠪᠠᠳᠤᠳᠠᠢ ᠠᠬᠢᠭᠤᠯᠤᠨ᠂ ᠬᠠᠤᠯᠢ ᠴᠠᠭᠠᠵᠠ ᠶᠢᠨ ᠳᠤᠭᠳᠠᠴᠠ ᠶᠢᠨ ᠶᠡᠷᠤᠩᠬᠡᠶᠢᠯᠡᠭᠰᠡᠨ ᠲᠦᠬᠦᠷ ᠦᠬᠡᠷᠡᠴᠢᠯᠡᠯᠳᠠ ᠶᠢ ᠬᠦᠨᠵᠡᠬᠡᠶᠢᠷᠡᠬᠦᠯᠵᠤ᠂ ᠬᠠᠤᠯᠢ ᠴᠠᠭᠠᠵᠠ ᠶᠢᠨ ᠡᠷᠬᠡ ᠶᠢᠨ ᠠᠵᠢᠯᠯᠠᠭ᠎ᠠ ᠶᠢ ᠡᠷᠴᠢᠮᠳᠠᠢ ᠲᠦᠷᠢᠮᠵᠢᠬᠦᠯᠤᠨ᠂ ᠬᠦᠮᠤᠵᠢᠯ  ᠴᠡᠭᠴᠡᠯᠡᠯᠳᠠ ᠶᠢᠨ ᠪᠦᠳᠤᠮᠵᠢ ᠶᠢ ᠪᠠᠳᠤᠤᠨᠬᠠᠨ ᠦᠷᠬᠡᠤᠨᠬᠡᠵᠤ᠂ ᠨᠠᠶᠢᠬᠡᠮ ᠤᠨ ᠲᠦᠪ ᠭᠤᠤᠯᠴᠢ ᠡᠷᠬᠡ ᠳᠡᠭᠰᠢ ᠬᠢᠵᠠᠭᠠᠷ ᠱᠤᠭᠤᠮ ᠢ ᠪᠠᠳᠤ ᠰᠠᠬᠢᠬᠤ ᠬᠡᠷᠡᠭᠳᠠᠢ᠃ ᠪᠦᠬᠦ ᠠᠷᠠᠤᠨ ᠢᠶᠠᠷ ᠢᠶᠠᠨ ᠬᠠᠤᠯᠢ ᠰᠠᠬᠢᠬᠤ ᠶᠢ ᠪᠠᠳᠤᠳᠠᠢ ᠠᠬᠢᠭᠤᠯᠤᠨ᠂ ᠪᠦᠬᠦ ᠠᠷᠠᠤᠨ ᠤᠨ ᠬᠠᠤᠯᠢ ᠲᠦᠬᠡᠮᠡᠯᠵᠢᠬᠦᠯᠤᠯᠳᠠ ᠶᠢᠨ ᠬᠦᠴᠤᠯᠡᠴᠠ ᠶᠢ ᠶᠡᠬᠡᠤᠬᠡᠵᠤ᠂ ᠨᠠᠶᠢᠳᠠ ᠶᠢᠨ ᠬᠠᠤᠯᠢ ᠴᠠᠭᠠᠵᠠ ᠶᠢᠨ ᠤᠶᠢᠯᠡᠴᠢᠯᠡᠭᠡ ᠶᠢ ᠰᠢᠯᠢᠳᠡᠭᠵᠢᠬᠦᠯᠤᠨ᠂ ᠢᠳᠡᠬᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢ ᠴᠢᠩᠭᠠᠤᠨᠬᠠᠵᠤ᠂ ᠡᠯ᠎ᠡ ᠦᠨᠳᠤᠰᠤᠳᠠᠨ ᠤ ᠤᠯᠠᠨ ᠲᠦᠮᠡᠨ ᠤ ᠬᠠᠤᠯᠢ ᠲᠦᠷᠢᠮ  ᠤᠨ ᠢᠳᠡᠬᠡᠯ ᠪᠢᠰᠢᠷᠡᠯ ᠢ ᠪᠠᠳᠤᠤᠨᠬᠠᠬᠤ ᠬᠡᠷᠡᠭᠳᠠᠢ᠃ ᠦᠨᠳᠤᠰᠤᠨ ᠱᠠᠳᠤᠨ ᠤ ᠵᠠᠰᠠᠯᠳᠠ ᠶᠢ ᠪᠠᠳᠤᠳᠠᠢ ᠠᠬᠢᠭᠤᠯᠤᠨ ᠠᠮᠤᠷ ᠠᠮᠤᠭᠤᠯᠠᠩ ᠤᠷᠳᠤᠰ ᠤᠨ ᠪᠠᠶᠢᠭᠤᠯᠤᠯᠳᠠ ᠶᠢ ᠬᠦᠨᠵᠡᠬᠡᠶᠢᠷᠡᠬᠦᠯᠵᠤ᠂ ︽ᠭᠤᠷᠪᠠᠨ ᠵᠠᠰᠠᠯᠳᠠ ᠶᠢ ᠠᠭᠤᠰᠤᠯᠴᠠᠭᠤᠯᠬᠤ︾ ᠦᠨᠳᠤᠰᠤᠨ ᠱᠠᠳᠤᠨ ᠤ ᠵᠠᠰᠠᠯᠳᠠ ᠶᠢᠨ ᠰᠢᠰᠲ᠋ᠧᠮ ᠢ ᠳᠡᠬᠦᠯᠳᠡᠷᠵᠢᠬᠦᠯᠤᠨ᠂ ᠵᠦᠷᠢᠴᠡᠯ ᠵᠢᠭᠤᠷᠠᠭᠠᠨ ᠢ ᠤᠯᠠᠨ ᠡᠰᠢᠵᠢᠬᠦᠯᠤᠨ ᠰᠢᠢᠤᠨᠪᠤᠷᠢᠯᠡᠬᠦ ᠶᠢ ᠠᠬᠢᠭᠤᠯᠵᠤ᠂ ᠨᠠᠶᠢᠬᠡᠮ ᠤᠨ ᠵᠠᠰᠠᠯᠳᠠ ᠶᠢᠨ ᠬᠠᠤᠯᠢ ᠲᠦᠷᠢᠮᠵᠢᠯ ᠤᠨ ᠲᠦᠪᠰᠢᠨ ᠢ ᠳᠡᠬᠡᠭᠰᠢᠯᠡᠬᠦᠯᠬᠦ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠯᠢ ᠯᠢ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠨᠠᠮ ᠤᠨ ᠤᠳᠤᠷᠢᠳᠤᠯᠭ᠎ᠠ ᠶᠢ ᠪᠦᠬᠦ ᠳᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠪᠦᠬᠦ ᠶᠠᠪᠤᠴᠠ ᠶᠢᠨ ᠡᠯ᠎ᠡ ᠳᠠᠯ᠎ᠠ ᠳᠤ ᠳᠤᠤᠱᠯᠠᠭᠤᠯᠤᠨ᠂ ᠨᠠᠮ ᠠᠴᠠ ᠪᠦᠬᠦ ᠳᠠᠯ᠎ᠠ  ᠪᠠᠷ ᠬᠠᠤᠯᠢ ᠪᠠᠷ ᠬᠤᠳᠠ ᠪᠠᠨ ᠵᠠᠰᠠᠬᠤ ᠶᠢ ᠤᠳᠤᠷᠢᠤᠨᠬᠤ ᠲᠦᠷᠢᠮ ᠪᠠ ᠠᠵᠢᠯ ᠤᠨ ᠳᠤᠭᠳᠠᠴᠠ ᠶᠢ ᠪᠦᠷᠢᠨᠰᠢᠬᠦᠯᠤᠨ ᠳᠡᠬᠦᠯᠳᠡᠷᠵᠢᠬᠦᠯᠵᠤ᠂ ᠠᠵᠢᠯ ᠤᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ᠂ ᠬᠠᠤᠯᠢ ᠪᠠᠷ ᠵᠠᠰᠠᠬᠤ ᠡᠩᠨᠡᠭᠡ ᠪᠠᠨ ᠰᠠᠶᠢᠳᠤᠷ ᠪᠠᠶᠢᠭᠤᠯᠵᠤ᠂ ᠬᠢᠨᠠᠨ ᠰᠢᠯᠭᠠᠵᠤ ᠪᠠᠶᠢᠴᠠᠭᠠᠬᠤ ᠶᠢ ᠴᠢᠩᠭᠠᠤᠨᠬᠠᠨ᠂ ᠬᠠᠤᠯᠢ ᠪᠠᠷ ᠵᠠᠰᠠᠬᠤ ᠪᠠᠶᠢᠭᠤᠯᠤᠯᠳᠠ  ᠶᠢᠨ ᠡᠯ᠎ᠡ ᠲᠦᠷᠤᠯ ᠤᠨ ᠬᠠᠷᠠᠯᠳᠠ ᠡᠬᠦᠷᠬᠡ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠵᠤ᠂ ᠪᠦᠬᠦ ᠳᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠶᠢ ᠠᠬᠢᠭᠤᠯᠬᠤ ᠳᠤ ᠬᠦᠴᠤᠳᠤ ᠪᠠᠳᠤᠯᠠᠭ᠎ᠠ ᠬᠠᠩᠭᠠᠬᠤ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃      ᠳ᠋ᠦ᠋ ᠬᠤᠢ ᠯᠢᠶᠠᠩ᠂ ᠤᠯᠤᠰ ᠲᠦᠷᠤ ᠶᠢᠨ ᠵᠤᠭᠰᠤᠴᠠ ᠪᠠᠨ ᠳᠡᠬᠡᠭᠰᠢᠯᠡᠬᠦᠯᠤᠨ᠂ ᠦᠵᠡᠯ ᠰᠠᠨᠠᠭ᠎ᠠ ᠪᠠ ᠤᠶᠢᠯᠡ ᠠᠵᠢᠯᠯᠠᠭ᠎ᠠ ᠪᠠᠨ ᠲᠦᠪ᠂ ᠦᠪᠡᠷᠳᠡᠬᠡᠨ ᠵᠠᠰᠠᠬᠤ ᠤᠷᠤᠨ ᠪᠠ ᠬᠤᠳᠠ ᠶᠢᠨ ᠨᠠᠮ ᠤᠨ ᠬᠤᠷᠢᠶ᠎ᠠ ᠶᠢᠨ ᠰᠢᠢᠤᠨᠪᠤᠷᠢᠳᠤ ᠪᠤᠳᠤᠯᠭ᠎ᠠ ᠶᠢᠨ ᠳᠤᠬᠢᠷᠠᠭᠤᠯᠤᠯᠳᠠ ᠲᠠᠢ ᠦᠨᠡᠨᠬᠦ ᠨᠢᠬᠡᠤᠨᠬᠡᠵᠤ᠂ ᠪᠦᠬᠦ ᠳᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠶᠢ ᠠᠬᠢᠭᠤᠯᠬᠤ ᠤᠯᠤᠰ ᠲᠦᠷᠤ ᠶᠢᠨ ᠴᠢᠭᠯᠡᠯ᠂ ᠠᠵᠢᠯ ᠤᠨ ᠪᠠᠶᠢᠷᠢᠯᠠᠭᠤᠯᠤᠯᠳᠠ᠂ ᠭᠤᠤᠯᠳᠠᠯᠭᠠᠳᠤ ᠡᠬᠦᠷᠬᠡ ᠶᠢ ᠪᠠᠳᠤ ᠡᠵᠡᠮᠳᠡᠨ᠂ ᠬᠠᠤᠯᠢ ᠲᠦᠷᠢᠮ ᠤᠨ ᠵᠠᠰᠠᠯᠳᠠ ᠶᠢᠨ ᠰᠢᠰᠲ᠋ᠧᠮ ᠢ ᠠᠬᠢᠭᠤᠯᠬᠤ᠂ ᠵᠠᠰᠠᠯᠳᠠ ᠶᠢᠨ ᠴᠢᠳᠠᠪᠤᠷᠢ ᠶᠢ ᠤᠳᠤᠬᠢᠴᠢᠯᠠᠬᠤ ᠪᠦᠳᠤᠮᠵᠢ ᠶᠢ ᠳᠠᠰᠤᠷᠠᠯᠳᠠ ᠦᠬᠡᠢ ᠳᠡᠭᠡᠭᠰᠢᠯᠡᠬᠦᠯᠬᠦ ᠬᠡᠷᠡᠭᠳᠠᠢ᠃ ᠠᠵᠢᠯ ᠤᠨ ᠭᠤᠤᠯᠳᠠᠯᠭ᠎ᠠ ᠪᠠᠨ ᠳᠤᠪᠤᠶᠢᠯᠭᠠᠨ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷᠯᠢᠭ ᠬᠦᠭᠵᠢᠯᠳᠠ ᠶᠢᠨ ᠪᠠᠶᠢᠯᠳᠤᠬᠤ ᠪᠤᠳᠤᠯᠭ᠎ᠠ᠂ ᠠᠵᠤ ᠠᠬᠤᠢ ᠶᠢᠨ ᠴᠢᠨᠠᠷᠯᠢᠭ ᠬᠦᠭᠵᠢᠯᠳᠠ ᠶᠢᠨ ᠪᠠᠳᠤᠯᠠᠭ᠎ᠠ᠂ ᠨᠠᠶᠢᠬᠡᠮ ᠤᠨ ᠡᠷᠬᠡ ᠳᠡᠭᠰᠢ ᠲᠦᠪ ᠭᠤᠤᠯᠴᠢ ᠶᠢᠨ ᠠᠬᠢᠭᠤᠯᠤᠯᠳᠠ ᠳᠤ ᠬᠦᠴᠤᠯᠡᠨ ᠤᠶᠢᠯᠡᠴᠢᠯᠡᠵᠤ᠂ ᠠᠮᠢ ᠠᠬᠤᠢ ᠶᠢᠨ ᠬᠠᠮᠠᠭᠠᠯᠠᠯᠳᠠ᠂ ᠰᠠᠪᠠ ᠭᠠᠵᠠᠷ ᠤᠨ ᠵᠠᠰᠠᠯᠳᠠ ᠵᠡᠷᠬᠡ ᠬᠦᠷᠢᠶ᠎ᠡ ᠴᠠᠷᠠᠭᠠᠨ ᠳᠠᠬᠢ ᠬᠠᠤᠯᠢ ᠳᠤᠭᠳᠠᠭᠠᠯᠳᠠ ᠶᠢ ᠳᠡᠬᠦᠯᠳᠡᠷᠵᠢᠬᠦᠯᠬᠦ᠂ ᠬᠠᠤᠯᠢ ᠲᠦᠷᠢᠮ ᠶᠢ ᠴᠢᠩᠭ᠎ᠠ ᠬᠡᠷᠡᠭᠵᠢᠬᠦᠯᠬᠦ ᠶᠢ ᠪᠠᠷᠢᠮᠳᠠᠯᠠᠨ᠂ ᠬᠠᠤᠯᠢ ᠲᠦᠷᠢᠮᠳᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠪᠦᠬᠦ ᠳᠠᠯ᠎ᠠ ᠪᠠᠷ ᠴᠢᠩᠭᠠᠤᠨᠬᠠᠵᠤ᠂ ᠬᠠᠤᠯᠢ ᠲᠦᠷᠢᠮᠳᠤ ᠠᠷᠠᠯᠵᠢᠶ᠎ᠠ ᠡᠵᠡᠩᠨᠡᠯᠳᠠ ᠶᠢᠨ ᠤᠷᠴᠢᠨ ᠢ ᠦᠷᠬᠦᠯᠵᠢᠯᠡᠨ ᠰᠢᠯᠢᠳᠡᠭᠵᠢᠬᠦᠯᠤᠨ᠂ ᠠᠷᠠᠤᠨ ᠤᠯᠠᠨ ᠤ ᠬᠠᠤᠯᠢ ᠶᠤᠰᠤᠨ ᠤ ᠡᠷᠬᠡ ᠠᠰᠢᠭ ᠶᠢ ᠬᠠᠤᠯᠢ ᠶᠤᠰᠤᠭᠠᠷ ᠪᠠᠳᠤᠯᠠᠬᠤ ᠬᠡᠷᠡᠭᠳᠠᠢ᠃ ᠠᠵᠢᠯ ᠤᠨ ᠠᠷᠭ᠎ᠠ ᠠᠪᠴᠠᠯ ᠢᠶᠠᠨ ᠨᠠᠷᠢᠯᠢᠭᠵᠢᠭᠤᠯᠤᠨ ᠪᠤᠳᠠᠳᠠᠶᠢᠵᠢᠭᠤᠯᠵᠤ᠂ ᠡᠯ᠎ᠡ ᠬᠤᠰᠢᠭᠤ ᠳᠤᠭᠤᠷᠢᠭ ᠡᠯ᠎ᠡ ᠰᠠᠯᠠᠭ᠎ᠠ ᠮᠦᠴᠢᠷ ᠤᠨ ᠬᠢᠨ ᠡᠷᠳᠡᠬᠡᠨ ᠰᠤᠳᠤᠯᠵᠤ ᠪᠠᠶᠢᠷᠢᠯᠠᠭᠤᠯᠤᠨ᠂ ᠳᠤᠰ  ᠤᠳᠠᠭᠠᠨ ᠤ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠬᠤ ᠳᠠᠯ᠎ᠠ ᠪᠠᠷ ᠡᠬᠦᠷᠬᠡ ᠶᠢᠨ ᠵᠠᠳᠠᠯᠤᠯᠳᠠ ᠶᠢ ᠰᠠᠶᠢᠳᠤᠷ ᠬᠢᠵᠤ᠂ ᠶᠡᠷᠤᠩᠬᠡᠢ ᠬᠠᠷᠠᠯᠳᠠ᠂ ᠠᠵᠢᠯ  ᠤᠨ ᠬᠠᠷᠠᠯᠳᠠ᠂ ᠴᠠᠭ ᠤᠨ ᠳᠠᠷᠠᠭᠠᠯᠠᠯ ᠤᠨ ᠬᠠᠷᠠᠯᠳᠠ ᠵᠡᠷᠬᠡ ᠭᠤᠷᠪᠠᠨ ᠳᠠᠯ᠎ᠠ ᠶᠢ ᠡᠵᠡᠮᠳᠡᠨ᠂ ᠲᠦᠷᠤᠯ ᠬᠤᠪᠢᠶᠠᠨ ᠬᠦᠢᠴᠡᠤᠨᠬᠡᠯ ᠳᠤᠭᠳᠠᠭᠠᠵᠤ ᠬᠠᠷᠢᠭᠤᠴᠠᠯᠭ᠎ᠠ ᠡᠬᠦᠷᠬᠡᠯᠡᠬᠦᠯᠤᠨ ᠠᠬᠢᠭᠤᠯᠵᠤ᠂ ᠪᠦᠬᠦ ᠳᠠᠯ᠎ᠠ ᠪᠠᠷ ᠬᠠᠤᠯᠢ ᠪᠠᠷ ᠬᠤᠳᠠ  ᠪᠠᠨ ᠵᠠᠰᠠᠬᠤ ᠡᠯ᠎ᠡ ᠲᠦᠷᠤᠯ ᠤᠨ ᠠᠵᠢᠯ ᠢ ᠨᠠᠶᠢᠳᠠᠪᠤᠷᠢᠵᠢᠭᠤᠯᠤᠨ ᠪᠤᠳᠠᠳᠤ ᠪᠦᠳᠤᠮᠵᠢ ᠤᠯᠬᠤ ᠶᠢ ᠦᠨᠡᠨᠬᠦ ᠪᠠᠳᠤᠯᠠᠬᠤ ᠬᠡᠷᠡᠭᠳᠠᠢ ᠬᠡᠵᠤ ᠵᠢᠭᠠᠭᠰᠡᠨ ᠪᠠᠶᠢᠨ᠎ᠠ᠃     ᠬᠤᠷᠠᠯ ᠳᠡᠬᠡᠷ᠎ᠡ ᠬᠢᠶ᠎ᠠ ᠪᠠᠭᠰᠢ ᠳᠤᠭᠤᠷᠢᠭ᠂ ᠬᠤᠳᠠ ᠶᠢᠨ ᠵᠠᠰᠠᠭ ᠵᠠᠬᠢᠷᠠᠭᠠᠨ ᠤ ᠬᠢᠨᠠᠨ ᠴᠤᠬᠤᠯᠠᠪᠤᠷᠢᠯᠠᠯᠳᠠ ᠪᠠ ᠵᠠᠰᠠᠭ ᠤᠨ ᠶᠠᠪᠤᠳᠠᠯ ᠤᠨ ᠤᠶᠢᠯᠡᠴᠢᠯᠡᠬᠡᠨ ᠤ ᠳᠤᠪᠴᠢᠶ᠎ᠠ᠂ ᠬᠤᠳᠠ ᠶᠢᠨ ᠵᠠᠬ᠎ᠠ ᠳᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠳᠤᠪᠴᠢᠶ᠎ᠠ ᠶᠢᠨ ᠭᠤᠤᠯ ᠬᠠᠷᠢᠭᠤᠴᠠᠯᠭᠠᠳᠠᠤᠨ ᠳᠤᠷᠰᠢᠯᠭ᠎ᠠ ᠪᠠᠨ ᠰᠤᠯᠢᠯᠴᠠᠬᠤ ᠢᠯᠡᠤᠨᠬᠡᠯ ᠬᠢᠪᠠ᠃     ᠬᠤᠷᠠᠯ ᠨᠢ ᠸᠢᠳᠢᠤ᠋ ᠬᠡᠯᠪᠡᠷᠢ ᠪᠠᠷ ᠶᠠᠪᠤᠭᠳᠠᠪᠠ᠃ ᠬᠤᠳᠠ ᠶᠢᠨ ᠰᠢᠬᠦᠬᠦ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠬᠤᠳᠠ ᠶᠢᠨ ᠰᠢᠭᠤᠤᠨ ᠬᠠᠷᠢᠶ᠎ᠠ ᠡᠯ᠎ᠡ ᠰᠠᠯᠠᠭ᠎ᠠ ᠮᠦᠴᠢᠷ᠂ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠰᠢᠭᠤᠤᠨ ᠬᠠᠮᠢᠶᠠᠷᠬᠤ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠤᠨ᠂ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠤ ᠬᠠᠤᠯᠢ ᠴᠠᠭᠠᠵᠠ ᠶᠢᠨ ᠵᠦᠪᠯᠡᠯ ᠵᠢᠴᠢ ᠬᠤᠳᠠ ᠶᠢᠨ ᠳᠤᠳᠤᠭᠠᠳᠤ ᠶᠢ ᠬᠠᠮᠠᠭᠠᠯᠠᠬᠤ ᠪᠠᠶᠢᠴᠠᠭᠠᠬᠤ ᠰᠢᠬᠦᠬᠦ ᠬᠠᠤᠯᠢ ᠴᠠᠭᠠᠵᠠ ᠵᠡᠷᠬᠡ ᠰᠠᠯᠠᠭ᠎ᠠ ᠮᠦᠴᠢᠷ ᠤᠨ ᠤᠳᠤᠷᠢᠤᠨᠬᠤ ᠪᠠᠭ ᠤᠨ ᠪᠦᠷᠢᠯᠳᠤᠬᠦᠨ᠂ ᠬᠤᠳᠠ ᠶᠢᠨ ᠨᠠᠮ  ᠤᠨ ᠬᠤᠷᠢᠶ᠎ᠠ ᠶᠢᠨ ᠪᠦᠬᠦ ᠳᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠵᠦᠪᠯᠡᠯ ᠤᠨ ᠵᠤᠬᠢᠴᠠᠭᠤᠯᠬᠤ ᠳᠤᠭᠤᠶᠢᠯᠠᠩ  ᠤᠨ ᠡᠯ᠎ᠡ ᠪᠦᠷᠢᠯᠳᠤᠬᠦᠨ ᠭᠤᠤᠯ ᠬᠤᠷᠠᠯ ᠤᠨ ᠳᠠᠯᠠᠪᠠᠢ ᠳᠤ ᠬᠤᠷᠠᠯ ᠳᠤ ᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ᠂ ᠬᠤᠰᠢᠭᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠤᠨᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ ᠪᠠᠷ ᠨᠡᠷ᠎ᠡ ᠳᠤᠷᠠᠳᠤᠭᠳᠠᠭᠰᠡᠨ ᠵᠢᠱᠢᠭᠳᠡᠭᠴᠢ ᠭᠤᠣ ᠷᠥᠩ ᠲᠠᠩ᠂ ᠬᠤᠰᠢᠭᠤ ᠤᠯᠤᠰ ᠲᠦᠷᠤ ᠶᠢᠨ ᠵᠦᠪᠯᠡᠯᠬᠡᠨ ᠤ ᠨᠠᠮ ᠤᠨ ᠤᠳᠤᠷᠢᠤᠨᠬᠤ ᠳᠤᠭᠤᠶᠢᠯᠠᠩ ᠤᠨ ᠱᠦᠵᠢ᠂ ᠳᠡᠷᠢᠬᠦᠯᠡᠭᠴᠢ ᠪᠠᠷ ᠨᠠᠷ᠎ᠠ ᠳᠤᠷᠠᠳᠤᠭᠳᠠᠭᠰᠡᠨ ᠵᠢᠱᠢᠭᠳᠡᠭᠴᠢ ᠳᠤᠳᠢ ᠵᠢᠴᠢ ᠬᠤᠰᠢᠭᠤ ᠨᠠᠮ ᠤᠨ ᠬᠤᠷᠢᠶ᠎ᠠ᠂ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠤ ᠶᠢᠨ ᠵᠦᠪᠯᠡᠯᠬᠡᠨ ᠤ ᠤᠳᠤᠷᠢᠤᠨᠬᠤ ᠪᠠᠭ ᠤᠨ ᠪᠦᠷᠢᠯᠳᠤᠬᠦᠨ᠂ ᠬᠤᠰᠢᠭᠤ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠡᠯ᠎ᠡ ᠪᠠᠯᠭᠠᠰᠤ᠂ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠤᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ  ᠳᠤ ᠤᠷᠤᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号