ᠬᠤᠳᠠ ᠶᠢᠨ ᠵᠠᠰᠠᠭ ᠤᠨ ᠤᠷᠳᠤᠨ ᠤ ᠳᠡᠳ᠋ ᠳᠠᠷᠤᠭ᠎ᠠ ᠡᠷᠳᠡᠨᠢᠪᠢᠯᠢᠭ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠪᠠ
ᠨᠡᠶᠢᠲᠡᠯᠡᠭᠰᠡᠨ ᠴᠠᠭ᠄
2021/11/23
    11 ᠰᠠᠷ᠎ᠠ ᠶᠢᠨ 18 ᠤ ᠡᠳᠤᠷ᠂ ᠬᠤᠳᠠ ᠶᠢᠨ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠡᠷᠳᠡᠨᠢᠪᠢᠯᠢᠭ ᠮᠠᠨ ᠤ ᠬᠤᠰᠢᠭᠤᠨ ᠤ ᠳᠠᠷᠢᠶᠠᠯᠠᠩ ᠮᠠᠯ ᠠᠵᠤ ᠠᠬᠤᠢ ᠶᠢᠨ ᠤᠶᠢᠯᠡᠰ ᠤᠨ ᠬᠦᠭᠵᠢᠯᠳᠠ ᠶᠢᠨ ᠪᠠᠶᠢᠳᠠᠯ  ᠳᠤ ᠪᠠᠶᠢᠴᠠᠭᠠᠨ ᠰᠤᠳᠤᠯᠤᠯᠳᠠ ᠬᠢᠵᠤ᠂ ᠬᠤᠳᠠ ᠶᠢᠨ ᠤᠢ ᠰᠢᠭᠤᠢ ᠨᠤᠳᠤᠭ ᠪᠡᠯᠴᠢᠬᠡᠷ ᠤᠨ ᠳᠤᠪᠴᠢᠶᠠᠨ ᠳᠠᠷᠤᠭ᠎ᠠ ᠬᠠᠨ ᠢᠦᠢ ᠹᠧᠢ᠂ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠰᠦᠩ ᠰᠢᠶᠣᠣ ᠯᠧᠢ ᠬᠠᠮᠳᠤ ᠪᠠᠶᠢᠴᠠᠭᠠᠨ ᠰᠤᠳᠤᠯᠪᠠ᠃     ᠱᠠᠩᠬᠠᠢ ᠶᠢᠨ ᠰᠦᠮ᠎ᠠ ᠪᠠᠯᠭᠠᠰᠤ ᠶᠢᠨ ᠠᠷᠪᠠᠰ ᠤᠨ ᠨᠠᠷᠢᠨ ᠨᠤᠤᠯᠤᠭᠤᠷᠳᠤ ᠢᠮᠠᠭᠠᠨ ᠤ ᠡᠬᠦᠯᠳᠡᠷ ᠤᠨ ᠰᠢᠨᠡᠴᠢᠯᠠᠯᠳᠠ ᠶᠢᠨ ᠤᠶᠢᠯᠡᠰ ᠪᠤᠰᠬᠠᠯᠳᠠ ᠶᠢᠨ ᠰᠠᠭᠤᠷᠢᠨ ᠭᠠᠵᠠᠷ ᠲᠤ᠂ ᠡᠷᠳᠡᠨᠢᠪᠢᠯᠢᠭ ᠰᠠᠭᠤᠷᠢᠨ ᠭᠠᠵᠠᠷ ᠤᠨ ᠪᠠᠶᠢᠭᠤᠯᠤᠯᠳᠠ ᠶᠢᠨ ᠪᠠᠶᠢᠳᠠᠯ᠂ ᠬᠦᠭᠵᠢᠯᠳᠠ ᠶᠢᠨ ᠵᠠᠭᠪᠤᠷ᠂ ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠠ ᠪᠠ ᠠᠰᠢᠭ ᠳᠤᠰᠠ ᠶᠢᠨ ᠬᠤᠯᠪᠤᠭᠠᠯᠠᠯ ᠤᠨ ᠳᠤᠭᠳᠠᠴᠠ ᠵᠡᠷᠬᠡ ᠪᠠᠶᠢᠳᠠᠯ ᠢ ᠨᠠᠷᠢᠨ ᠤᠶᠢᠯᠠᠭᠠᠭᠰᠡᠨ ᠮᠦᠷᠳᠡᠬᠡᠨ ᠮᠠᠯᠴᠢᠨ ᠳᠠᠷᠢᠶᠠᠴᠢᠨ ᠡᠷᠤᠬᠡ ᠳᠤ ᠬᠦᠨᠵᠡᠬᠡᠶᠢᠷᠡᠨ ᠪᠠᠶᠢᠴᠠᠭᠠᠨ ᠰᠤᠳᠤᠯᠤᠯᠳᠠ ᠬᠢᠵᠤ᠂ ᠳᠠᠷᠢᠶᠠᠯᠠᠩ ᠮᠠᠯ ᠠᠵᠤ ᠠᠬᠤᠢ ᠶᠢᠨ ᠠᠵᠤ ᠤᠶᠢᠯᠡᠰᠵᠢᠭᠰᠡᠨ ᠬᠦᠭᠵᠢᠯᠳᠠ ᠶᠢᠨ ᠪᠠᠶᠢᠳᠠᠯ ᠢ ᠳᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠵᠤ᠂ ᠳᠠᠷᠢᠶᠠᠯᠠᠩ ᠮᠠᠯ ᠠᠵᠤ ᠠᠬᠤᠢ ᠶᠢᠨ ᠴᠢᠨᠠᠷᠯᠢᠭ ᠬᠦᠭᠵᠢᠯᠳᠠ ᠶᠢ ᠬᠡᠷᠬᠢᠨ ᠠᠬᠢᠭᠤᠯᠬᠤ ᠳᠤᠬᠠᠢ ᠨᠠᠷᠢᠯᠢᠭ ᠶᠠᠷᠢᠯᠴᠠᠪᠠ᠃     ᠡᠷᠳᠡᠨᠢᠪᠢᠯᠢᠭ᠂ ᠠᠵᠤ ᠤᠶᠢᠯᠡᠰ ᠤᠨ ᠬᠦᠴᠤᠷᠬᠡᠭᠵᠢᠯ ᠮᠠᠨᠳᠤᠯᠳᠠ ᠪᠤᠯ ᠬᠦᠳᠡᠭᠡ ᠳᠤᠰᠬᠤᠨ ᠤ ᠬᠦᠴᠤᠷᠬᠡᠭᠵᠢᠯ ᠮᠠᠨᠳᠤᠯᠳᠠ ᠶᠢᠨ ᠰᠠᠭᠤᠷᠢ ᠮᠦᠨ᠂ ᠳᠠᠷᠢᠶᠠᠯᠠᠩ ᠮᠠᠯ ᠠᠵᠤ ᠠᠬᠤᠢ ᠶᠢᠨ ᠠᠵᠤ ᠤᠶᠢᠯᠡᠰᠵᠢᠯᠳᠠ ᠶᠢ ᠠᠬᠢᠭᠤᠯᠬᠤ ᠪᠤᠯ ᠠᠵᠤ ᠤᠶᠢᠯᠡᠰ ᠤᠨ ᠬᠦᠴᠤᠷᠬᠡᠭᠵᠢᠯ ᠮᠠᠨᠳᠤᠯᠳᠠ ᠶᠢ ᠠᠬᠢᠭᠤᠯᠬᠤ ᠴᠢᠬᠤᠯᠠ ᠠᠷᠭ᠎ᠠ ᠵᠠᠮ ᠮᠦᠨ᠂ ᠭᠠᠵᠠᠷ ᠤᠷᠤᠨ ᠤ  ᠪᠠᠨ ᠤᠨᠴᠠᠯᠢᠭᠳᠤ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠵᠤ᠂ ᠰᠢᠨᠵᠢᠯᠡᠭᠡ ᠮᠡᠷᠬᠡᠵᠢᠯ ᠤᠨ ᠰᠢᠨ᠎ᠠ ᠶᠢ ᠡᠬᠦᠤᠨᠬᠦ ᠪᠠᠷ ᠵᠢᠯᠤᠭᠤᠳᠤᠯᠭ᠎ᠠ ᠪᠤᠯᠭᠠᠬᠤ ᠶᠢ ᠴᠢᠩᠭᠠᠤᠨᠬᠠᠨ᠂ ᠲᠦᠷᠤ ᠶᠢᠨ ᠪᠤᠳᠤᠯᠭ᠎ᠠ ᠶᠢᠨ ᠵᠢᠯᠤᠭᠤᠳᠤᠯᠭ᠎ᠠ ᠪᠠ ᠳᠠᠭᠤᠷᠢᠶᠠᠯ ᠳᠠᠶᠢᠴᠢᠯᠠᠯᠳᠠ ᠪᠠᠷ ᠳᠠᠮᠵᠢᠭᠤᠯᠤᠨ ᠤᠯᠠᠮᠵᠢᠯᠠᠯᠳᠤ ᠡᠵᠡᠩᠨᠡᠯᠳᠠ ᠶᠢᠨ ᠠᠷᠭ᠎ᠠ ᠪᠠᠨ  ᠬᠤᠪᠢᠷᠠᠭᠤᠯᠵᠤ᠂ ᠳᠠᠷᠢᠶᠠᠯᠠᠩ ᠮᠠᠯ ᠠᠵᠤ ᠠᠬᠤᠢ ᠶᠢᠨ ᠠᠵᠤ ᠤᠶᠢᠯᠡᠰᠵᠢᠬᠦ᠂ ᠪᠠᠷᠢᠮᠵᠢᠶᠠᠵᠢᠬᠤ ᠠᠬᠢᠴᠠ ᠶᠢ ᠲᠦᠷᠬᠡᠤᠨᠬᠡᠨ᠂ ᠳᠠᠷᠢᠶᠠᠯᠠᠩ ᠮᠠᠯ ᠠᠵᠤ ᠠᠬᠤᠢ ᠶᠢᠨ ᠴᠢᠨᠠᠷᠯᠢᠭ ᠬᠦᠭᠵᠢᠯᠳᠠ ᠶᠢ ᠠᠬᠢᠭᠤᠯᠬᠤ ᠬᠡᠷᠡᠭᠳᠠᠢ ᠬᠡᠵᠤ ᠵᠢᠭᠠᠭᠰᠡᠨ ᠪᠠᠶᠢᠨ᠎ᠠ᠃     ᠡᠷᠳᠡᠨᠢᠪᠢᠯᠢᠭ᠂ ᠤᠳᠤᠭ ᠤᠨ ᠡᠮᠤᠨᠡᠳᠤ ᠬᠤᠰᠢᠭᠤᠨ ᠤ ᠳᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ  ᠤᠨ ᠳᠠᠪᠠᠭᠤᠯᠢᠭ ᠲᠤ ᠪᠠᠨ ᠰᠠᠭᠤᠷᠢᠯᠠᠨ᠂ ᠠᠵᠤ ᠤᠶᠢᠯᠡᠰ ᠤᠨ ᠬᠡᠪᠴᠢᠶᠠᠵᠢᠯ ᠢᠶᠠᠨ ᠪᠤᠵᠠᠭᠠᠶᠢᠷᠠᠭᠤᠯᠵᠤ᠂ ᠰᠠᠭᠤᠷᠢᠨ ᠭᠠᠵᠠᠷ᠂ ᠬᠤᠷᠰᠢᠶᠠᠵᠢᠯ᠂ ᠳᠤᠯᠤᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠤᠶᠢᠯᠡᠳᠤᠯ ᠢ ᠬᠦᠢᠴᠡᠤᠨ ᠪᠠᠳᠠᠷᠠᠭᠤᠯᠤᠨ᠂ ᠮᠠᠯᠴᠢᠨ ᠳᠠᠷᠢᠶᠠᠴᠢᠨ ᠡᠷᠤᠬᠡ ᠶᠢ ᠳᠠᠶᠢᠴᠢᠯᠠᠨ ᠪᠠᠷᠢᠮᠵᠢᠶᠠᠳᠤ ᠳᠠᠷᠢᠵᠤ ᠳᠡᠵᠢᠬᠡᠵᠤ ᠦᠷᠡᠵᠢᠬᠦᠯᠬᠦ ᠵᠠᠭᠪᠤᠷ ᠢ ᠬᠦᠭᠵᠢᠬᠦᠯᠵᠤ᠂ ᠭᠠᠵᠠᠷ ᠤᠷᠤᠨ ᠤ ᠨᠡᠷᠡᠳᠤ ᠳᠡᠮᠳᠡᠭ ᠢ ᠪᠤᠢ ᠪᠤᠯᠭᠠᠨ᠂ ᠮᠠᠯ ᠳᠠᠷᠢᠶᠠᠯᠠᠩ ᠤᠨ ᠪᠦᠳᠤᠬᠡᠭᠳᠡᠬᠦᠨ ᠤ ᠴᠢᠨᠠᠷ ᠪᠠ ᠨᠠᠮᠠᠯᠳᠠ ᠦᠷᠳᠡᠭ ᠢ ᠳᠡᠬᠡᠭᠰᠢᠯᠡᠬᠦᠯᠬᠦ ᠬᠡᠷᠡᠭᠳᠠᠢ᠃ ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠠ ᠪᠠ ᠴᠢᠳᠠᠪᠤᠷᠢᠳᠠᠨ ᠤ ᠬᠦᠮᠤᠵᠢᠬᠦᠯᠤᠯᠳᠠ ᠶᠢᠨ ᠬᠦᠴᠤᠯᠡᠴᠠ ᠪᠠᠨ ᠶᠡᠬᠡᠤᠨᠬᠡᠨ᠂ ᠳᠠᠷᠢᠶᠠᠯᠠᠩ ᠮᠠᠯ ᠠᠵᠤ ᠠᠬᠤᠢ ᠶᠢᠨ ᠵᠠᠩᠬᠢᠴᠢᠯᠠᠭᠰᠡᠨ᠂ ᠤᠶᠤᠨᠴᠢᠯᠠᠭᠰᠡᠨ ᠪᠠᠶᠢᠭᠤᠯᠤᠯᠳᠠ ᠶᠢ ᠴᠢᠩᠭᠠᠤᠨᠬᠠᠵᠤ᠂ ᠮᠡᠷᠬᠡᠵᠢᠯ ᠤᠨ ᠳᠡᠯᠬᠡᠷᠡᠬᠦᠯᠤᠯᠳᠠ ᠪᠠ ᠪᠤᠯᠪᠠᠰᠤᠷᠠᠯ ᠤᠨ ᠤᠶᠢᠯᠡᠴᠢᠯᠡᠭᠡ ᠶᠢ ᠰᠠᠶᠢᠳᠤᠷ ᠬᠢᠨ᠂ ᠪᠡᠯᠴᠢᠬᠡᠷ ᠨᠤᠳᠤᠭ ᠢ ᠵᠦᠢ ᠵᠤᠬᠢᠰᠳᠠᠢ ᠠᠰᠢᠭᠯᠠᠨ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ︽ᠵᠠᠰᠠᠭ ᠤᠨ ᠤᠷᠳᠤᠨ ᠠᠴᠠ ᠵᠢᠯᠤᠭᠤᠤᠨᠬᠤ᠂ ᠵᠠᠬ᠎ᠠ ᠳᠡᠯᠬᠡᠬᠦᠷ ᠢᠶᠠᠷ ᠭᠤᠤᠯᠯᠠᠭᠤᠯᠬᠤ᠂ ᠮᠠᠯᠴᠢᠨ ᠳᠠᠷᠢᠶᠠᠴᠢᠨ ᠢᠶᠠᠷ ᠭᠤᠤᠯ ᠴᠤᠭᠴᠠ ᠪᠤᠯᠭᠠᠬᠤ᠂ ᠠᠵᠤ ᠤᠶᠢᠯᠡᠰᠵᠢᠬᠦᠯᠤᠨ ᠡᠵᠡᠩᠨᠡᠬᠦ︾ ᠨᠤᠤᠯᠤᠭᠤᠷ ᠤᠨ ᠤᠶᠢᠯᠡᠰ ᠤᠨ ᠵᠤᠬᠢᠴᠠᠩᠭᠤᠢ ᠬᠦᠭᠵᠢᠯᠳᠠ ᠶᠢᠨ ᠳᠤᠭᠳᠠᠴᠠ ᠶᠢ ᠪᠠᠶᠢᠭᠤᠯᠤᠨ᠂ ᠮᠠᠯᠴᠢᠨ ᠳᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠤᠨ ᠪᠠᠶᠠᠵᠢᠭᠤᠯᠬᠤ ᠶᠢ ᠳᠠᠶᠢᠴᠢᠯᠠᠵᠤ᠂ ᠠᠮᠢ ᠠᠬᠤᠢ ᠶᠢᠨ ᠦᠷ᠎ᠠ ᠠᠰᠢᠭ ᠪᠠ ᠠᠵᠤ ᠠᠬᠤᠢ ᠶᠢᠨ ᠦᠷ᠎ᠠ ᠠᠰᠢᠭ ᠤᠨ ᠬᠤᠤᠰ ᠠᠮᠵᠢᠯᠳᠠ ᠶᠢ ᠪᠡᠶᠡᠯᠡᠬᠦᠯᠬᠦ ᠬᠡᠷᠡᠭᠳᠠᠢ᠃ ᠲᠦᠷᠤ ᠶᠢᠨ ᠪᠤᠳᠤᠯᠭ᠎ᠠ ᠶᠢᠨ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠤᠨᠬᠠᠨ᠂ ᠡᠯ᠎ᠡ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠠ ᠶᠢᠨ ᠳᠤᠬᠠᠢ ᠡᠯ᠎ᠡ ᠲᠦᠷᠤᠯ ᠤᠨ ᠰᠢᠢᠤᠨᠪᠤᠷᠢ ᠳᠤᠬᠢᠷᠠᠭᠤᠯᠤᠯᠳᠠ ᠶᠢ ᠨᠠᠷᠢᠨ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠯᠵᠢᠶ᠎ᠠ ᠡᠵᠡᠩᠨᠡᠯᠳᠠ ᠶᠢᠨ ᠤᠷᠴᠢᠨ ᠢ ᠤᠯᠠᠮ ᠰᠢᠯᠢᠳᠡᠭᠵᠢᠬᠦᠯᠤᠨ᠂ ᠳᠠᠷᠢᠶᠠᠯᠠᠩ ᠮᠠᠯ ᠠᠵᠤ ᠠᠬᠤᠢ ᠶᠢᠨ ᠠᠵᠤ ᠤᠶᠢᠯᠡᠰ ᠤᠨ ᠪᠦᠳᠤᠴᠠ ᠶᠢᠨ ᠳᠤᠬᠢᠷᠠᠭᠤᠯᠤᠯᠳᠠ ᠶᠢ ᠰᠠᠶᠢᠳᠤᠷ ᠠᠬᠢᠭᠤᠯᠵᠤ᠂ ᠤᠨᠴᠠᠯᠢᠭᠳᠤ ᠳᠠᠪᠠᠭᠤᠯᠢᠭ ᠠᠵᠤ ᠤᠶᠢᠯᠡᠰ ᠤᠨ ᠬᠦᠭᠵᠢᠯᠳᠠ ᠶᠢᠨ ᠳᠤᠭᠤᠷᠢᠨ ᠳᠤ ᠳᠠᠭᠤᠷᠢᠶᠠᠯ ᠦᠵᠡᠬᠦᠯᠤᠨ ᠳᠠᠶᠢᠴᠢᠯᠠᠬᠤ ᠶᠢ ᠰᠠᠶᠢᠳᠤᠷ ᠠᠤᠨᠬᠤᠨ᠂ ᠳᠠᠷᠢᠶᠠᠯᠠᠩ ᠮᠠᠯ ᠠᠵᠤ ᠠᠬᠤᠢ ᠶᠢᠨ ᠠᠵᠤ ᠤᠶᠢᠯᠡᠰ ᠢ ᠳᠡᠰ ᠳᠡᠪᠰᠢᠬᠦᠯᠬᠦ᠂ ᠴᠢᠨᠠᠷ ᠢ ᠳᠡᠬᠡᠭᠰᠢᠯᠡᠬᠦᠯᠤᠨ ᠪᠦᠳᠤᠮᠵᠢ  ᠶᠢ ᠨᠡᠮᠡᠭᠳᠡᠬᠦᠯᠬᠦ ᠶᠢ ᠠᠬᠢᠭᠤᠯᠬᠤ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠡᠨᠡ ᠬᠤᠭᠤᠴᠠᠭᠠᠨ ᠳᠤ᠂ ᠡᠷᠳᠡᠨᠢᠪᠢᠯᠢᠭ ᠪᠠᠰᠠ ᠬᠤᠯᠤᠭᠠᠨ᠎ᠠ ᠶᠢᠨ ᠬᠢᠵᠢᠭ ᠤᠨ ᠰᠡᠷᠬᠡᠶᠢᠯᠡᠨ ᠡᠵᠡᠮᠳᠡᠯ ᠵᠡᠷᠬᠡ ᠠᠵᠢᠯ ᠢ ᠳᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠵᠤ ᠬᠢᠨᠠᠨ ᠵᠢᠯᠤᠭᠤᠤᠨᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号