ᠬᠤᠰᠢᠭᠤ ᠠᠷᠠᠤᠨ ᠤᠨ ᠵᠠᠰᠠᠭ ᠤᠨ ᠤᠷᠳᠤᠨ ᠠᠵᠢᠯ ᠠᠴᠠ ᠪᠠᠨ ᠠᠮᠠᠷᠠᠭᠰᠡᠨ ᠠᠬᠠᠮᠠᠤᠨ ᠺᠠᠳ᠋ᠷᠴᠤᠤᠨ  ᠠᠴᠠ ︽ᠵᠠᠰᠠᠭ ᠤᠨ ᠤᠷᠳᠤᠨ ᠤ ᠠᠵᠢᠯ ᠤᠨ ᠢᠯᠡᠤᠨᠬᠡᠯ︾ ᠳᠤ ᠰᠠᠨᠠᠯ ᠬᠤᠷᠢᠶᠠᠬᠤ ᠳᠤᠰᠬᠠᠢ ᠰᠡᠳᠤᠪᠳᠤ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/23
    11 ᠰᠠᠷ᠎ᠠ ᠶᠢᠨ 18 ᠤ ᠡᠳᠤᠷ᠂ ᠬᠤᠰᠢᠭᠤ ᠠᠷᠠᠤᠨ ᠤᠨ ᠵᠠᠰᠠᠭ ᠤᠨ ᠤᠷᠳᠤᠨ ᠠᠵᠢᠯ ᠠᠴᠠ ᠪᠠᠨ ᠠᠮᠠᠷᠠᠭᠰᠡᠨ ᠠᠬᠠᠮᠠᠤᠨ ᠺᠠᠳ᠋ᠷᠴᠤᠤᠨ ᠠᠴᠠ ︽ᠵᠠᠰᠠᠭ ᠤᠨ ᠤᠷᠳᠤᠨ ᠤ ᠠᠵᠢᠯ ᠤᠨ ᠢᠯᠡᠤᠨᠬᠡᠯ︾ ᠳᠤ ᠰᠠᠨᠠᠯ ᠬᠤᠷᠢᠶᠠᠬᠤ ᠳᠤᠰᠬᠠᠢ ᠰᠡᠳᠤᠪᠳᠤ ᠰᠠᠭᠤᠳᠠᠯ ᠤᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠢᠯ ᠠᠴᠠ  ᠪᠠᠨ ᠠᠮᠠᠷᠠᠭᠰᠡᠨ ᠬᠡᠰᠡᠭ ᠺᠠᠳ᠋ᠷᠴᠤᠤᠨ ᠠᠴᠠ ︽ᠵᠠᠰᠠᠭ ᠤᠨ ᠤᠷᠳᠤᠨ ᠤ ᠠᠵᠢᠯ ᠤᠨ ᠢᠯᠡᠤᠨᠬᠡᠯ︾ ᠤᠨ ᠳᠤᠭᠤᠷᠪᠢᠯᠳᠠ ᠪᠠ ᠵᠠᠰᠠᠭ ᠤᠨ ᠤᠷᠳᠤᠨ ᠤ ᠠᠵᠢᠯ ᠤᠨ ᠳᠤᠬᠠᠢ ᠰᠠᠨᠠᠯ ᠰᠠᠨᠠᠭᠤᠯᠭ᠎ᠠ ᠶᠢ ᠬᠢᠴᠢᠶᠡᠩᠬᠦᠶᠢᠯᠡᠨ ᠰᠤᠨᠤᠰᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠤᠷᠤᠯᠠᠭᠴᠢ ᠬᠤᠰᠢᠭᠤ ᠳᠠᠷᠤᠭ᠎ᠠ ᠶᠠᠩ ᠶᠢᠩ ᠰᠢᠨ ᠬᠤᠷᠠᠯ ᠳᠤ ᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠳᠡᠳ᠋ ᠳᠠᠷᠤᠭ᠎ᠠ ᠵᠣᠣ ᠱᠤᠸᠠᠨ ᠬᠤᠷᠠᠯ ᠡᠷᠬᠢᠯᠡᠪᠡ᠃ ᠠᠵᠢᠯ ᠠᠴᠠ ᠪᠠᠨ ᠠᠮᠠᠷᠠᠭᠰᠡᠨ ᠺᠠᠳ᠋ᠷ ᠮᠠ ᠱᠦ ᠸᠠᠩ᠂ ᠹᠧᠩ ᡁᠢ ᠯᠢᠶᠠᠩ᠂ ᠱᠧᠩ ᠽᠢ ᠷᠥᠩ᠂ ᠸᠠᠩ ᡁᠢ ᠹᠧᠩ᠂ ᠯᠢ ᠬᠤᠸᠠᠢ ᠢᠦᠢ᠂ ᠯᠢᠦ ᡁᠢ ᠰᠢᠦ᠋ᠩ᠂ ᠠᠯᠳᠠᠨᠪᠤᠯᠠᠭ᠂ ᠶᠠᠩ ᠶᠠᠨ ᠫᠢᠩ ᠨᠠᠷ ᠬᠤᠷᠠᠯ ᠳᠤ ᠤᠷᠤᠯᠴᠠᠪᠠ᠃     ᠬᠤᠷᠠᠯ ᠳᠡᠬᠡᠷ᠎ᠡ᠂ ︽ᠵᠠᠰᠠᠭ ᠤᠨ ᠤᠷᠳᠤᠨ ᠤ ᠠᠵᠢᠯ ᠤᠨ ᠢᠯᠡᠤᠨᠬᠡᠯ︾ ᠢ ᠳᠤᠭᠤᠷᠪᠢᠬᠤ ᠳᠤᠰᠬᠠᠢ ᠪᠠᠭ ᠤᠨ ᠬᠠᠷᠢᠭᠤᠴᠠᠯᠭᠠᠳᠠᠨ ᠠᠴᠠ ᠢᠯᠡᠤᠨᠬᠡᠯ ᠢ ᠳᠤᠭᠤᠷᠪᠢᠵᠤ ᠪᠠᠶᠢᠭ᠎ᠠ ᠪᠠᠶᠢᠳᠠᠯ ᠪᠠ ᠭᠤᠤᠯ ᠠᠭᠤᠯᠭ᠎ᠠ ᠪᠠᠨ ᠳᠠᠨᠢᠯᠴᠠᠭᠤᠯᠪᠠ᠃ ᠠᠬᠠᠮᠠᠤᠨ ᠺᠠᠳ᠋ᠷᠴᠤᠤᠨ ᠰᠠᠨᠠᠯ ᠪᠤᠳᠤᠯᠭ᠎ᠠ ᠪᠠᠨ ᠳᠤᠷᠠᠤᠨᠴᠤ ᠶᠠᠷᠢᠯᠴᠠᠭᠠᠨ ᠳᠤ ᠢᠳᠡᠪᠬᠢᠳᠠᠢ ᠤᠷᠤᠯᠴᠠᠪᠠ᠃ ᠪᠦᠬᠦᠳᠡᠬᠡᠷ ᠢᠶᠠᠨ᠂ ᠢᠯᠡᠤᠨᠬᠡᠯ ᠤᠨ ᠳᠡᠰ ᠳᠠᠪᠬᠤᠷᠭ᠎ᠠ ᠳᠤᠳᠤᠷᠬᠠᠢ᠂ ᠦᠵᠡᠯᠳᠠ ᠰᠡᠤᠨᠬᠢᠮᠵᠢ ᠳᠤᠳᠤ᠂ ᠭᠤᠤᠯᠳᠠᠯᠭ᠎ᠠ ᠳᠤᠪᠤᠶᠢᠮ᠎ᠠ᠂ ᠠᠭᠤᠯᠭ᠎ᠠ ᠪᠤᠳᠠᠳᠠᠢ᠂ ᠰᠢᠨᠡᠴᠢᠯᠠᠯᠳᠠ ᠡᠷᠴᠢᠮᠯᠢᠭ᠋᠂ ᠡᠬᠦᠷᠬᠡᠯᠡᠯ ᠤᠨ ᠵᠤᠷᠢᠭ ᠰᠠᠨᠠᠭ᠎ᠠ ᠴᠢᠩᠭ᠎ᠠ ᠬᠡᠵᠤ ᠰᠠᠨᠠᠯ ᠨᠢᠬᠡᠳᠠᠢ ᠦᠵᠡᠭᠰᠡᠨ ᠮᠦᠷᠳᠡᠬᠡᠨ ᠠᠵᠤ ᠠᠬᠤᠢ ᠨᠠᠶᠢᠬᠡᠮ ᠤᠨ ᠬᠦᠭᠵᠢᠯᠳᠠ᠂ ᠬᠦᠳᠡᠭᠡ ᠳᠤᠰᠬᠤᠨ ᠤ ᠬᠦᠴᠤᠷᠬᠡᠭᠵᠢᠯ ᠮᠠᠨᠳᠤᠯᠳᠠ᠂ ᠠᠷᠠᠤᠨ ᠤᠨ ᠠᠮᠢᠳᠤᠷᠠᠯ ᠤᠨ ᠪᠠᠳᠤᠯᠠᠭ᠎ᠠ᠂ ᠠᠮᠢ ᠠᠬᠤᠢ ᠤᠷᠴᠢᠨ ᠳᠤᠭᠤᠷᠢᠨ ᠵᠡᠷᠬᠡ ᠳᠠᠯ᠎ᠠ ᠪᠠᠷ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠳᠤᠷᠠᠳᠤᠭᠰᠡᠨ ᠪᠠᠶᠢᠨ᠎ᠠ᠃     ᠠᠬᠠᠮᠠᠤᠨ ᠺᠠᠳ᠋ᠷᠴᠤᠤᠨ ᠤᠨ ᠳᠤᠷᠠᠳᠤᠭᠰᠡᠨ ᠰᠠᠨᠠᠯ ᠰᠠᠨᠠᠭᠤᠯᠭ᠎ᠠ ᠪᠦᠷᠢ ᠨᠢ ᠳᠠᠳᠠᠨ ᠤ ᠤᠳᠤᠭ ᠤᠨ ᠡᠮᠤᠨᠡᠳᠤ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠳᠤ ᠴᠢᠭᠯᠡᠬᠦᠯᠦᠭᠰᠡᠨ ᠬᠠᠯᠠᠮᠵᠢᠯᠠᠯ ᠪᠠ ᠳᠡᠮᠵᠢᠯᠬᠡ ᠶᠢ ᠢᠯᠡᠷᠡᠬᠦᠯᠵᠤ᠂ ᠤᠳᠤᠭ ᠤᠨ ᠡᠮᠤᠨᠡᠳᠤ ᠬᠤᠰᠢᠭᠤᠨ ᠳᠤ ᠪᠠᠨ ᠬᠠᠨᠳᠤᠭᠤᠯᠤᠭᠰᠡᠨ ᠬᠠᠶᠢᠷ᠎ᠠ ᠰᠡᠤᠨᠬᠢᠯᠬᠡ ᠪᠠ ᠬᠦᠰᠡᠯ ᠡᠷᠡᠮᠡᠯᠵᠡᠯ ᠢ ᠬᠠᠷᠠᠭᠤᠯᠵᠤ ᠪᠤᠢ᠃ ᠶᠠᠩ ᠶᠢᠩ ᠰᠢᠨ ᠠᠬᠠᠮᠠᠤᠨ ᠺᠠᠳ᠋ᠷᠴᠤᠤᠨ ᠤᠨ ᠳᠤᠷᠠᠳᠤᠭᠰᠡᠨ ᠰᠠᠨᠠᠯ ᠰᠠᠨᠠᠭᠤᠯᠭ᠎ᠠ  ᠶᠢ ᠨᠠᠷᠢᠨ ᠬᠢᠨᠠᠮᠠᠭᠠᠢ ᠰᠤᠨᠤᠰᠤᠨ ᠵᠤᠷᠪᠤᠰᠯᠠᠨ ᠳᠡᠮᠳᠡᠭᠯᠡᠭᠰᠡᠨ ᠮᠦᠷᠳᠡᠬᠡᠨ ᠳᠠᠳᠠᠨ ᠤ ᠵᠠᠰᠠᠭ ᠤᠨ ᠤᠷᠳᠤᠨ ᠤ ᠠᠵᠢᠯ  ᠢ ᠬᠠᠯᠠᠮᠵᠢᠯᠠᠨ ᠳᠡᠮᠵᠢᠵᠤ ᠪᠠᠶᠢᠭ᠎ᠠ ᠪᠠ ᠤᠳᠤᠭ ᠤᠨ ᠡᠮᠤᠨᠡᠳᠤ ᠬᠤᠰᠢᠭᠤᠨ ᠤ ᠬᠦᠭᠵᠢᠯᠳᠠ ᠳᠤ ᠦᠵᠡᠬᠦᠯᠦᠭᠰᠡᠨ ᠬᠤᠪᠢ ᠨᠡᠮᠡᠷᠢ ᠳᠤ ᠳᠠᠯᠠᠷᠬᠠᠵᠤ ᠪᠠᠶᠢᠭ᠎ᠠ ᠪᠠᠨ ᠢᠯᠡᠤᠨᠬᠡᠪᠡ᠃ ᠳᠠᠷᠠ᠂ ᠤᠳᠤᠭ ᠤᠨ ᠡᠮᠤᠨᠡᠳᠤ ᠬᠤᠰᠢᠭᠤᠨ ᠤ ᠦᠨᠤᠳᠤᠷ ᠤᠨ ᠬᠢᠷᠢ ᠪᠦᠳᠤᠮᠵᠢ ᠪᠤᠯ ᠦᠴᠤᠬᠡᠳᠤᠷ ᠤᠨ ᠰᠠᠭᠤᠷᠢᠨ ᠳᠡᠬᠡᠷ᠎ᠡ ᠠᠴᠠ ᠤᠯᠤᠭᠰᠡᠨ ᠶᠤᠮ᠂ ᠦᠩᠬᠡᠷᠡᠭᠰᠡᠨ ᠡᠬᠡᠯᠵᠢ ᠶᠢᠨ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠪᠠ ᠺᠠᠳ᠋ᠷ ᠤᠯᠠᠨ ᠲᠦᠮᠡᠨ ᠡᠬᠡᠯᠵᠢ ᠳᠠᠷᠠᠭᠠᠯᠠᠨ ᠳᠠᠰᠤᠷᠠᠯᠳᠠ ᠦᠬᠡᠢ ᠴᠢᠷᠮᠠᠶᠢᠨ ᠠᠵᠢᠯᠯᠠᠭᠰᠡᠨ ᠤ ᠦᠷ᠎ᠠ ᠳ᠋ᠦᠩ ᠪᠤᠯᠬᠤ ᠶᠤᠮ᠃ ᠪᠢᠳᠠ ᠠᠬᠠᠮᠠᠤᠨ ᠺᠠᠳ᠋ᠷᠴᠤᠤᠨ ᠤᠨ ᠳᠤᠷᠠᠳᠤᠭᠰᠡᠨ ᠰᠠᠨᠠᠯ ᠰᠠᠨᠠᠭᠤᠯᠭ᠎ᠠ ᠶᠢ ᠬᠦᠢᠴᠡᠤᠨ ᠰᠤᠨᠤᠰᠴᠤ᠂ ᠵᠠᠰᠠᠭ ᠤᠨ ᠤᠷᠳᠤᠨ ᠤ ᠠᠵᠢᠯ  ᠤᠨ ᠢᠯᠡᠤᠨᠬᠡᠯ ᠢᠶᠠᠨ ᠤᠯᠠᠮ ᠨᠢᠬᠡ ᠠᠯᠬᠤᠮ ᠳᠡᠬᠦᠯᠳᠡᠷᠵᠢᠬᠦᠯᠬᠦ ᠶᠢᠨ ᠬᠠᠮᠳᠤ ᠠᠬᠠᠮᠠᠤᠨ ᠺᠠᠳ᠋ᠷᠴᠤᠤᠨ ᠤᠨ ᠳᠤᠷᠠᠳᠤᠭᠰᠡᠨ ᠰᠠᠨᠠᠯ ᠰᠠᠨᠠᠭᠤᠯᠭ᠎ᠠ ᠶᠢ ᠬᠤᠵᠢᠮ ᠤᠨ ᠵᠠᠰᠠᠭ ᠤᠨ ᠤᠷᠳᠤᠨ ᠤ ᠠᠵᠢᠯ ᠳᠤᠮᠳᠠ ᠠᠭᠤᠰᠬᠠᠵᠤ᠂ ᠤᠳᠤᠭ ᠤᠨ ᠡᠮᠤᠨᠡᠳᠤ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠳᠤ ᠨᠠᠩ ᠰᠠᠶᠢᠨ ᠤᠶᠢᠯᠡᠴᠢᠯᠡᠨ᠎ᠡ᠃ ᠬᠠᠮᠳᠤ ᠳᠤ ᠨᠢ᠂ ᠠᠬᠠᠮᠠᠤᠨ ᠺᠠᠳ᠋ᠷᠴᠤᠤᠨ ᠤᠤᠯ ᠲᠠᠢ ᠪᠠᠨ ᠠᠳᠠᠯᠢ ᠪᠠᠷ ᠵᠠᠰᠠᠭ ᠤᠨ ᠤᠷᠳᠤᠨ ᠤ ᠠᠵᠢᠯ ᠢ ᠬᠠᠯᠠᠮᠵᠢᠯᠠᠵᠤ ᠳᠡᠮᠵᠢᠵᠤ ᠵᠢᠯᠤᠭᠤᠤᠨᠴᠤ᠂ ᠤᠳᠤᠭ ᠤᠨ ᠡᠮᠤᠨᠡᠳᠤ ᠬᠤᠰᠢᠭᠤᠨ ᠤ ᠤᠳᠤᠬᠢᠴᠢᠯᠠᠭᠰᠡᠨ ᠪᠠᠶᠢᠭᠤᠯᠤᠯᠳᠠ  ᠶᠢᠨ ᠰᠢᠨ᠎ᠠ ᠠᠶᠠᠨ ᠢ ᠪᠦᠬᠦ ᠳᠠᠯ᠎ᠠ ᠪᠠᠷ ᠡᠬᠢᠯᠡᠬᠦᠯᠬᠦ ᠳᠤ ᠬᠤᠪᠢ ᠨᠡᠮᠡᠷᠢ ᠪᠠᠨ ᠦᠵᠡᠬᠦᠯᠬᠦ ᠶᠢ ᠬᠦᠰᠡᠵᠤ ᠪᠠᠶᠢᠨ᠎ᠠ ᠬᠡᠵᠤ ᠢᠯᠡᠷᠬᠡᠶᠢᠯᠡᠭᠰᠡᠨ ᠪᠠᠶᠢᠨ᠎ᠠ᠃     ᠬᠤᠰᠢᠭᠤ ᠵᠠᠰᠠᠭ ᠤᠨ ᠤᠷᠳᠤᠨ ᠤ ᠠᠯᠪᠠᠨ ᠬᠡᠷ ᠤᠨ ᠭᠤᠤᠯ ᠬᠠᠷᠢᠭᠤᠴᠠᠯᠭᠠᠳᠠᠨ᠂ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠬᠠᠮᠢᠶ᠎ᠠ ᠪᠦᠬᠦᠢ ᠬᠠᠷᠢᠭᠤᠴᠠᠯᠭᠠᠳᠠᠤᠨ ᠵᠢᠴᠢ ᠢᠯᠡᠤᠨᠬᠡᠯ ᠢ ᠳᠤᠭᠤᠷᠪᠢᠬᠤ ᠳᠤᠰᠬᠠᠢ ᠪᠠᠭ ᠤᠨ ᠪᠦᠬᠦ ᠬᠡᠰᠢᠬᠦᠤᠨ ᠬᠤᠷᠠᠯ ᠳᠤ ᠤᠷᠤᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号