ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠡᠩ ᠤᠨ ᠨᠠᠮ ᠤᠨ ᠬᠡᠰᠢᠬᠦᠨ ᠤ ᠬᠤᠪᠢ  ᠪᠠᠷ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠬᠦᠷ ᠤᠨ ︽ᠬᠤᠪᠢᠰᠬᠠᠯᠲᠤ ᠬᠦᠮᠦᠵᠢᠯ  ᠤᠨ ᠰᠣᠩᠭᠤᠳᠠᠭ ᠲᠡᠮᠲᠡᠭᠯᠡᠯ ᠢ ᠡᠷᠬᠢᠴᠡᠬᠦᠯᠵᠦ᠂ ᠬᠤᠪᠢᠰᠬᠠᠯ ᠤᠨ ᠵᠤᠷᠢᠭ ᠰᠠᠨᠠᠭ᠎ᠠ ᠶᠢ ᠣᠯᠠᠮᠵᠢᠯᠠᠬᠤ︾ ᠲᠤᠰᠬᠠᠢ ᠰᠡᠳᠦᠪᠲᠦ ᠨᠠᠮ ᠤᠨ ᠡᠳᠦᠷ ᠤᠨ ᠠᠵᠢᠯᠯᠠᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2021/11/23
    11 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠡᠩ ᠤᠨ ᠨᠠᠮ ᠤᠨ ᠬᠡᠰᠢᠬᠦᠨ ᠤ ᠬᠤᠪᠢ ᠪᠠᠷ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠬᠦᠷ ᠤᠨ ︽ᠬᠤᠪᠢᠰᠬᠠᠯᠲᠤ ᠬᠦᠮᠦᠵᠢᠯ ᠤᠨ ᠰᠣᠩᠭᠤᠳᠠᠭ ᠲᠡᠮᠲᠡᠭᠯᠡᠯ ᠢ ᠡᠷᠬᠢᠴᠡᠬᠦᠯᠵᠦ᠂ ᠬᠤᠪᠢᠰᠬᠠᠯ ᠤᠨ ᠵᠤᠷᠢᠭ ᠰᠠᠨᠠᠭ᠎ᠠ ᠶᠢ ᠣᠯᠠᠮᠵᠢᠯᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭᠠᠨ ᠳᠤ ᠣᠷᠣᠯᠴᠠᠵᠤ᠂ ᠨᠠᠮ ᠤᠨ ᠡᠬᠦᠷ ᠤᠨ ᠪᠦᠬᠦ ᠨᠠᠮ ᠤᠨ ᠬᠡᠰᠢᠬᠦᠨ ᠲᠠᠢ ᠬᠠᠮᠲᠤ ᠨᠠᠨᠵᠢᠩ ᠤᠨ ᠰᠡᠭᠡᠭᠡᠲᠡᠳ ᠤᠨ ᠲᠤᠷᠠᠰᠬᠠᠯ ᠤᠨ ᠣᠷᠳᠣᠨ᠂ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠬᠡᠯᠡᠬᠦ ᠲᠡᠣᠬᠡ ᠶᠢᠨ ᠳᠠᠩᠰᠠ ᠡᠪᠬᠡᠮᠡᠯ ᠲᠡᠣᠬᠡᠨ ᠮᠡᠲ᠋ᠧᠷᠢᠶᠡᠯ ᠤᠨ ᠳᠡᠯᠭᠡᠨ ᠦᠵᠡᠬᠦᠯᠬᠡ ᠪᠠ ᠴᠢᠨᠡᠬᠡᠯᠢᠭ ᠤᠨ ᠢᠨᠵᠧᠨᠧᠷᠢᠩ ᠢ ᠲᠡᠮᠲᠡᠭᠯᠡᠭᠰᠡᠨ ᠵᠢᠷᠤᠭᠲᠤ ᠦᠵᠡᠬᠦᠯᠬᠡ ᠶᠢ ᠲᠤᠭᠤᠷᠢᠨ ᠦᠵᠡᠪᠡ᠃ ᠡᠷᠬᠢᠮ ᠨᠠᠨᠳᠢᠨ ᠲᠡᠤᠬᠡᠲᠦ ᠪᠣᠳᠠᠰ᠂ ᠬᠦᠭᠵᠢᠯᠲᠡ ᠶᠢ ᠲᠡᠮᠲᠡᠭᠯᠡᠭᠰᠡᠨ ᠦᠨᠡᠲᠦ ᠨᠠᠨᠳᠢᠨ ᠬᠡᠷᠡᠯ ᠵᠢᠷᠤᠭ ᠪᠦᠬᠦᠨ ᠨᠠᠮ ᠤᠨ ᠬᠡᠷᠡᠯ ᠰᠠᠴᠣᠷᠠᠩᠭᠤᠢ ᠲᠡᠤᠬᠡ ᠪᠠ ᠪᠦᠬᠦ ᠬᠤᠰᠢᠭᠤᠨ ᠤ ᠠᠷᠠᠳ ᠲᠦᠮᠡᠨ ᠤ ᠴᠢᠨᠡᠬᠡᠯᠢᠭᠵᠢᠨ ᠬᠦᠴᠦᠷᠬᠡᠭᠵᠢᠬᠦ ᠪᠠᠷ ᠴᠢᠷᠮᠠᠶᠢᠭᠰᠠᠨ ᠠᠮᠢᠳᠣᠯᠢᠭ ᠦᠢᠯᠡᠳᠦᠯᠭᠡ ᠶᠢ ᠳᠠᠬᠢᠨᠲᠠ ᠢᠯᠡᠷᠡᠬᠦᠯᠦᠨ᠂ ᠲᠤᠭᠤᠷᠢᠨ ᠦᠵᠡᠵᠦ ᠪᠠᠶᠢᠭ᠎ᠠ ᠨᠠᠮ ᠤᠨ ᠭᠡᠰᠢᠬᠦᠨ ᠺᠠᠳ᠋ᠷᠴᠣᠳ ᠢ ᠬᠦᠨᠵᠡᠬᠡᠢ ᠨᠦᠯᠦᠬᠡᠯᠡᠵᠦ᠂ ᠣᠯᠠᠨ ᠳᠠᠶᠠᠭᠠᠷ ᠲᠤ ᠣᠶᠣᠨ ᠰᠠᠨᠠᠭᠠᠨ ᠤ ᠬᠦᠷᠲᠡᠭᠡᠯ ᠠᠪᠴᠢᠷᠠᠭᠰᠠᠨ ᠪᠠᠶᠢᠨ᠎ᠠ᠃     ᠦᠵᠡᠬᠦᠯᠭᠡ ᠶᠢ ᠨᠠᠷᠢᠨ ᠦᠵᠡᠵᠦ᠂ ᠲᠠᠶᠢᠯᠪᠤᠷᠢ ᠶᠢ ᠬᠢᠨᠠᠮᠠᠭᠠᠢ ᠰᠣᠨᠣᠰᠣᠭᠰᠠᠨ ᠤ ᠳᠠᠷᠠᠭ᠎ᠠ᠂ ᠸᠠᠩ ᠢᠦᠢ ᠴᠢᠶᠠᠩ ᠠᠴᠠ ᠭᠤᠷᠪᠠᠨ ᠳᠡᠯᠬᠡᠨ ᠦᠵᠡᠬᠦᠯᠬᠡ ᠶᠢᠨ ᠲᠢᠩᠬᠢᠮ ᠤᠨ ᠠᠭᠤᠯᠭ᠎ᠠ᠂ ᠬᠡᠯᠪᠡᠷᠢ ᠵᠢᠴᠢ ᠦᠷ᠎ᠡ ᠪᠦᠲᠦᠮᠵᠢ ᠶᠢ ᠨᠣᠲᠠᠯᠠᠬᠤ ᠶᠢᠨ ᠬᠠᠮᠲᠤ ᠦᠵᠡᠬᠦᠯᠬᠡ ᠶᠢᠨ ᠲᠢᠩᠬᠢᠮ ᠤᠨ ᠴᠢᠳᠠᠮᠵᠢ ᠶᠢ ᠣᠯᠠᠮ ᠨᠢᠬᠡ ᠠᠯᠬᠤᠮ ᠲᠡᠭᠦᠯᠳᠡᠷᠵᠢᠬᠦᠯᠦᠨ ᠳᠡᠭᠡᠭᠰᠢᠯᠡᠬᠦᠯᠬᠦ ᠪᠣᠲᠠᠲᠠᠢ ᠱᠠᠭᠠᠷᠳᠠᠯᠭ᠎ᠠ ᠳᠣᠷᠠᠳᠣᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠤᠨ ᠲᠤᠭᠤᠷᠢᠨ ᠳᠤ᠂ ᠦᠵᠡᠬᠦᠯᠭᠡ ᠶᠢᠨ ᠠᠭᠤᠯᠭ᠎ᠠ ᠶᠢ ᠣᠯᠠᠮ ᠨᠢᠬᠡ ᠠᠯᠬᠤᠮ ᠲᠡᠬᠦᠯᠳᠡᠷᠵᠢᠬᠦᠯᠵᠦ᠂ ᠬᠡᠯᠪᠡᠷᠢ ᠶᠢ ᠨᠢ ᠪᠠᠶᠠᠯᠢᠭᠵᠢᠭᠤᠯᠤᠨ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠰᠢᠨ᠎ᠡ ᠪᠠᠶᠢᠳᠠᠯ ᠲᠦᠷᠬᠦ᠂ ᠰᠢᠨ᠎ᠡ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠢᠯᠡᠷᠡᠬᠦᠯᠬᠦ ᠶᠢᠨ ᠬᠠᠮᠲᠤ ᠦᠨᠳᠦᠷ ᠬᠢᠷᠢ ᠳᠦᠪᠰᠢᠨ ᠲᠠᠢ ᠲᠠᠶᠢᠯᠪᠤᠷᠢᠯᠠᠭᠴᠢ ᠶᠢᠨ ᠡᠩᠨᠡᠭᠡ ᠶᠢ ᠬᠦᠮᠦᠵᠢᠬᠦᠯᠵᠦ᠂ ᠭᠤᠷᠪᠠᠨ ᠦᠵᠡᠬᠦᠯᠬᠡ  ᠶᠢᠨ ᠲᠢᠩᠬᠢᠮ ᠢ ᠪᠦᠬᠦ ᠬᠤᠰᠢᠭᠤᠨ ᠤ ᠨᠠᠮ ᠤᠨ ᠭᠡᠰᠢᠬᠦᠨ ᠺᠠᠳ᠋ᠷᠴᠣᠳ ᠤᠨ ᠪᠣᠯᠪᠠᠰᠣᠷᠠᠯ ᠬᠦᠮᠦᠵᠢᠯ ᠤᠨ ᠴᠢᠬᠤᠯᠠ ᠰᠠᠭᠤᠷᠢᠨ ᠭᠠᠵᠠᠷ ᠪᠤᠯᠭᠠᠬᠤ ᠪᠠᠷ ᠬᠦᠴᠦᠯᠡᠬᠦ ᠬᠡᠷᠡᠭᠲᠡᠢ︔ ᠨᠠᠨᠵᠢᠩ ᠤᠨ ᠰᠡᠭᠡᠭᠡᠲᠡᠳ ᠲᠠᠢ ᠬᠠᠷᠢᠴᠠᠭ᠎ᠠ ᠬᠤᠯᠪᠤᠭ᠎ᠠ  ᠪᠠᠨ ᠴᠢᠩᠭᠠᠳᠬᠠᠨ᠂ ᠲᠡᠳᠡᠨ ᠢ ᠢᠳᠡᠪᠬᠢᠲᠡᠢ ᠪᠠᠷ ᠣᠷᠢᠨ ᠠᠪᠴᠢᠷᠠᠵᠤ ︽ᠬᠤᠶᠠᠳᠠᠬᠢ ᠨᠣᠲᠤᠭ ᠲᠤ ᠪᠠᠨ ᠵᠢᠭᠤᠯᠴᠢᠯᠠᠬᠤ︾ ᠠᠵᠢᠯᠯᠠᠭ᠎ᠠ ᠦᠷᠨᠢᠬᠦᠯᠵᠦ᠂ ᠣᠲᠤᠭ ᠤᠨ ᠡᠮᠦᠨᠡᠲᠦ ᠬᠤᠰᠢᠭᠤᠨ ᠤ ᠳᠦᠴᠢᠨ ᠵᠢᠯ ᠤᠨ ᠲᠤᠷᠰᠢᠬᠢ ᠯᠣᠳᠣ ᠶᠡᠭᠡ ᠬᠤᠪᠢᠷᠠᠯᠲᠠ ᠪᠠ ᠣᠬᠢ ᠰᠠᠶᠢᠨ ᠬᠦᠭᠵᠢᠯᠲᠡ ᠶᠢᠨ ᠣᠷᠴᠢᠨ ᠢ ᠪᠡᠶᠡᠴᠢᠯᠡᠨ ᠤᠶᠢᠯᠠᠭᠠᠭᠤᠯᠵᠤ᠂ ᠲᠡᠳᠡᠨ  ᠢ ᠳᠠᠶᠢᠴᠢᠯᠠᠵᠤ ᠬᠤᠶᠠᠳᠠᠬᠢ ᠨᠣᠲᠤᠭ ᠤᠨ ᠬᠦᠭᠵᠢᠯᠲᠡ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠲᠡᠳᠡᠨ  ᠤ ᠮᠡᠳᠡᠭᠡ ᠵᠠᠩᠭᠢ ᠶᠢᠨ ᠡᠬᠢ ᠰᠣᠷᠪᠣᠯᠵᠢ᠂ ᠬᠤᠳᠠᠯᠳᠣᠭᠠᠨ ᠤ ᠠᠷᠭ᠎ᠠ ᠵᠠᠮ᠂ ᠬᠦᠮᠦᠨ ᠤ ᠬᠠᠷᠢᠴᠠᠭ᠎ᠠ ᠵᠡᠷᠭᠡ ᠳᠠᠪᠠᠭᠤᠯᠢᠭ ᠢᠶᠠᠷ ᠳᠠᠮᠵᠢᠭᠤᠯᠤᠨ ᠣᠲᠤᠭ ᠤᠨ ᠡᠮᠦᠨᠡᠲᠦ ᠬᠤᠰᠢᠭᠤᠨ ᠳᠤ ᠠᠷᠠᠯᠵᠢᠶᠠᠴᠢᠨ ᠣᠷᠢᠵᠦ ᠪᠡᠯᠡ ᠣᠷᠣᠭᠤᠯᠬᠤ ᠬᠤᠯᠪᠤᠭᠠᠰᠣ ᠪᠠᠶᠢᠭᠤᠯᠬᠤ ᠬᠡᠷᠡᠭᠲᠡᠢ︔ ᠵᠠᠰᠠᠭ ᠲᠤ ᠲᠤᠰᠠᠯᠠᠵᠤ ᠴᠢᠳᠠᠪᠤᠷᠢᠲᠠᠨ ᠢ ᠬᠦᠮᠦᠵᠢᠬᠦᠯᠬᠦ ᠦᠢᠯᠡᠳᠦᠯ ᠢ ᠬᠦᠢᠴᠡᠳ ᠪᠠᠳᠠᠷᠠᠭᠤᠯᠤᠨ᠂ ᠦᠵᠡᠬᠦᠯᠬᠡ ᠶᠢᠨ ᠣᠷᠳᠣᠨ ᠢ ᠲᠤᠭᠤᠷᠢᠨ ᠦᠵᠡᠬᠦ ᠪᠠ ᠰᠣᠷᠣᠯᠴᠠᠬᠤ ᠶᠢ ᠺᠠᠳ᠋ᠷᠴᠣᠳ ᠤᠨ ᠪᠣᠯᠪᠠᠰᠣᠷᠠᠯ ᠤᠨ ᠠᠭᠤᠯᠭ᠎ᠠ ᠪᠣᠯᠭᠠᠵᠤ᠂ ᠣᠨᠴᠠᠭᠠᠶᠢᠯᠠᠨ ᠪᠦᠬᠦ ᠬᠤᠰᠢᠭᠤᠨ ᠤ ᠳᠣᠮᠳᠠᠳᠣ ᠪᠠᠭ᠎ᠠ ᠰᠣᠷᠭᠠᠭᠤᠯᠢ ᠶᠢᠨ ᠰᠣᠷᠣᠭᠴᠢ ᠪᠠ ᠮᠠᠯᠴᠢᠨ ᠲᠠᠷᠢᠶᠠᠴᠢᠨ ᠨᠠᠮ ᠤᠨ ᠭᠡᠰᠢᠬᠦᠨ᠂ ᠣᠯᠠᠨ ᠲᠦᠮᠡᠨ ᠤ ᠰᠣᠷᠣᠯᠴᠠᠯᠭ᠎ᠠ  ᠶᠢᠨ ᠠᠭᠤᠯᠭ᠎ᠠ ᠳᠤ ᠣᠷᠣᠭᠤᠯᠣᠨ᠂ ᠪᠦᠬᠦ ᠬᠤᠰᠢᠭᠤᠨ ᠤ ᠠᠷᠠᠳ ᠤᠨ ᠴᠢᠷᠮᠠᠶᠢᠨ ᠲᠡᠮᠡᠴᠡᠬᠦ  ᠤᠶᠤᠨ ᠰᠠᠨᠠᠭᠠᠨ ᠤ ᠬᠡᠪ ᠨᠠᠮᠪᠠᠭ᠎ᠠ ᠶᠢ ᠬᠦᠢᠴᠡᠳ ᠮᠡᠳᠡᠷᠡᠬᠦᠯᠵᠦ᠂ ᠳᠡᠳᠡᠨ ᠤ ᠨᠣᠲᠤᠭ ᠣᠰᠣ ᠪᠠᠨ ᠬᠠᠶᠢᠷᠠᠯᠠᠬᠤ᠂ ᠳᠡᠮᠵᠢᠬᠦ᠂ ᠪᠦᠲᠦᠬᠡᠨ ᠪᠠᠶᠢᠭᠤᠯᠬᠤ᠂ ᠬᠤᠪᠢ ᠨᠡᠮᠡᠷᠢ ᠪᠠᠨ ᠦᠵᠡᠬᠦᠯᠬᠦ ᠬᠠᠯᠠᠭᠤᠨ ᠰᠡᠳᠬᠢᠯᠬᠡ ᠪᠠ ᠡᠷᠡᠰ ᠵᠣᠷᠢᠭ ᠢ ᠲᠠᠰᠣᠷᠠᠯᠲᠠ ᠦᠬᠡᠢ ᠣᠷᠮᠠᠰᠢᠭᠤᠯᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃     ᠭᠤᠤᠯ ᠰᠠᠳᠣᠪᠲᠤ ᠨᠠᠮ ᠤᠨ ᠡᠳᠦᠷ ᠤᠨ ᠠᠵᠢᠯᠯᠠᠭᠠᠨ ᠤ ᠬᠤᠭᠤᠴᠠᠭᠠᠨ ᠳᠤ᠂ ᠬᠤᠰᠢᠭᠤ ᠨᠠᠮ ᠤᠨ ᠬᠤᠷᠢᠶᠠᠨ  ᠤ ᠠᠯᠪᠠᠨ ᠭᠡᠷ ᠤᠨ ᠨᠠᠮ ᠤᠨ ᠡᠬᠦᠷ ᠠᠴᠠ ᠨᠣᠮ ᠪᠡᠯᠡᠭᠯᠡᠬᠦ ᠶᠤᠰᠤᠯᠠᠯ ᠶᠠᠪᠤᠭᠳᠠᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠯᠣᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠰᠢᠶᠧ ᠶᠦᠩ ᠹᠧᠩ  ᠠᠴᠠ ᠪᠦᠬᠦ ᠨᠠᠮ ᠤᠨ ᠬᠡᠰᠢᠬᠦᠨ ᠺᠠᠳ᠋ᠷᠴᠣᠳ ᠲᠤ ᠲᠦᠷᠦ ᠶᠢᠨ ᠪᠤᠳᠤᠯᠭ᠎ᠠ ᠣᠨᠣᠯ᠂ ᠨᠠᠮ ᠤᠨ ᠲᠡᠤᠬᠡ ᠬᠦᠮᠦᠵᠢᠯ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠵᠡᠷᠭᠡ ᠲᠠᠯ᠎ᠠ ᠶᠢᠨ ᠨᠣᠮ ᠰᠣᠳᠣᠷ ᠬᠦᠷᠭᠡᠭᠰᠡᠨ ᠪᠠᠶᠢᠨ᠎ᠠ︔ ᠪᠦᠬᠦ ᠨᠠᠮ  ᠤᠨ ᠭᠡᠰᠢᠬᠦᠨ ᠺᠠᠳ᠋ᠷᠴᠣᠳ ᠠᠴᠠ ᠴᠠᠷᠬᠢᠯ ᠦᠯᠢᠭᠡᠷ᠂ ᠪᠠᠭ᠎ᠠ ᠨᠠᠶᠢᠷᠠᠯ ᠳᠠᠭᠤᠤ᠂ ᠭᠠᠷ ᠤᠨ ᠲᠤᠬᠢᠶᠠᠨ ᠤ ᠪᠦᠵᠢᠭ᠂ ᠣᠷᠠᠨ ᠣᠩᠰᠢᠯᠭ᠎ᠠ ᠵᠡᠷᠭᠡ ᠰᠣᠶᠣᠯ ᠲᠠᠮᠢᠷ ᠤᠨ ᠠᠵᠢᠯᠯᠠᠭᠠᠨ ᠢ ᠦᠷᠨᠢᠬᠦᠯᠦᠨ᠂ ᠨᠠᠮ ᠤᠨ ᠭᠡᠰᠢᠬᠦᠨ ᠺᠠᠳ᠋ᠷᠴᠣᠳ ᠣᠯᠠᠨ ᠨᠠᠶᠢᠲᠡ ᠶᠢᠨ ᠠᠵᠢᠯᠯᠠᠭᠠᠨ ᠳᠤᠮᠳᠠ ᠪᠡᠶ᠎ᠡ ᠰᠡᠳᠬᠢᠯ ᠢᠶᠠᠨ ᠲᠡᠩᠴᠡᠬᠦᠷᠢᠰᠢᠬᠦᠯᠵᠦ᠂ ᠪᠠᠶᠠᠷ ᠬᠦᠷ ᠲᠠᠢ ᠪᠠᠷ ᠨᠦᠬᠦᠷᠯᠡᠯ ᠢᠶᠠᠨ ᠪᠠᠲᠤᠳᠬᠠᠨ᠂ ᠪᠠᠶᠠᠷ ᠪᠠᠶᠠᠰᠬᠤᠯᠠᠩ᠂ ᠪᠦᠯᠬᠦᠮᠳᠡᠯ ᠲᠠᠢ᠂ ᠡᠶ᠎ᠡ ᠵᠣᠬᠢᠴᠠᠩᠭᠤᠢ ᠣᠬᠢ ᠰᠠᠶᠢᠨ ᠣᠷᠴᠢᠨ ᠠᠬᠤᠢ ᠶᠢ ᠪᠣᠢ ᠪᠣᠯᠭᠠᠭᠰᠠᠨ ᠪᠠᠶᠢᠨ᠎ᠠ᠃ ᠡᠬᠦᠨ ᠤ ᠬᠠᠮᠲᠤ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠬᠦᠷ ᠠᠴᠠ ᠪᠦᠬᠦ ᠨᠠᠮ ᠤᠨ ᠭᠡᠰᠢᠬᠦᠨ ᠺᠠᠳ᠋ᠷᠴᠣᠳ ᠲᠤ ᠨᠢᠬᠡ ᠬᠤᠪᠢ ᠵᠠᠬᠢᠳᠠᠯ ᠪᠢᠴᠢᠨ᠂ ᠠᠯᠪᠠᠨ ᠭᠡᠷ ᠤᠨ ᠪᠦᠬᠦ ᠨᠠᠮ ᠤᠨ ᠭᠡᠰᠢᠬᠦᠨ ᠺᠠᠳ᠋ᠷᠴᠣᠳ ᠦᠷᠬᠦᠯᠵᠢ ᠰᠡᠳᠬᠢᠵᠦ᠂ ᠰᠠᠶᠢᠲᠤᠷ ᠰᠣᠷᠣᠯᠴᠠᠨ᠂ ᠯᠠᠪᠳᠠᠭᠤᠨ ᠪᠠᠲᠤᠲᠠᠢ ᠠᠵᠢᠯᠯᠠᠵᠤ᠂ ᠴᠦᠬᠦᠷᠡᠰᠢ ᠦᠬᠡᠢ ᠣᠶᠣᠨ ᠰᠠᠨᠠᠭᠠᠨ ᠤ ᠪᠠᠶᠢᠳᠠᠯ ᠢᠶᠠᠷ ᠬᠤᠰᠢᠭᠤ ᠨᠠᠮ ᠤᠨ ᠬᠤᠷᠢᠶᠠᠨ ᠤ ᠠᠵᠢᠯ ᠤᠨ ᠡᠮᠦᠨ᠎ᠡ ᠹᠷᠣᠨᠲ ᠢ ᠪᠠᠲᠤ ᠰᠠᠬᠢᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠢᠶᠠᠨ ᠪᠦᠬᠦ ᠬᠤᠰᠢᠭᠤ ᠴᠢᠨᠠᠭᠰᠢᠯᠠᠭᠠᠳ ᠪᠦᠬᠦ ᠬᠤᠲᠠ ᠶᠢᠨ ᠲᠡᠷᠢᠬᠦᠨ ᠤ ᠦᠢᠯᠡᠴᠢᠯᠡᠭᠡᠨ ᠤ ᠪᠦᠯᠬᠦᠮ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠤᠭᠰᠠᠨ ᠪᠠᠶᠢᠨ᠎ᠠ᠃     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠯᠣᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠰᠢᠶᠧ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠠᠯᠪᠠᠨ ᠭᠡᠷ ᠤᠨ ᠡᠷᠬᠢᠯᠡᠭᠴᠢ ᠹᠦ᠋ ᠺᠧ ᠡᠩ ᠤᠨ ᠨᠠᠮ ᠤᠨ ᠬᠡᠰᠢᠬᠦᠨ ᠤ ᠬᠤᠪᠢ ᠪᠠᠷ ᠠᠵᠢᠯᠯᠠᠭᠠᠨ ᠳᠤ ᠣᠷᠣᠯᠴᠠᠵᠤ᠂ ᠬᠤᠰᠢᠭᠤ ᠨᠠᠮ  ᠤᠨ ᠬᠤᠷᠢᠶᠠᠨ ᠤ ᠠᠯᠪᠠᠨ ᠭᠡᠷ ᠤᠨ ᠪᠦᠬᠦ ᠨᠠᠮ ᠤᠨ ᠭᠡᠰᠢᠬᠦᠨ ᠵᠢᠴᠢ ᠺᠠᠳ᠋ᠷ ᠠᠵᠢᠯᠲᠠᠳ ᠠᠵᠢᠯᠯᠠᠭᠠᠨ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号