1. ᠴᠠᠬᠢᠯᠳᠠᠭ ᠦᠢᠯᠡᠰ ᠴᠣᠭᠴᠠᠯᠠᠬᠤ ᠪᠣᠯᠪᠠᠰᠤᠷᠠᠯ ᠭᠡᠵᠦ ᠶᠠᠭᠤ ᠪᠣᠶ︖ ᠬᠠᠷᠢᠭᠤᠯᠲᠠ᠄ ᠴᠠᠬᠢᠯᠳᠠᠭ | ᠦᠢᠯᠡᠰ ᠴᠣᠭᠴᠠᠯᠠᠬᠤ ᠪᠣᠯᠪᠠᠰᠤᠷᠠᠯ ᠪᠣᠯ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠦᠢᠯᠡᠰ ᠴᠣᠭᠴᠠᠯᠠᠬᠤ ᠡᠷᠡᠮᠡᠯᠵᠡᠯ ᠪᠠ ᠪᠣᠯᠪᠠᠰᠤᠷᠠᠯ ᠬᠦᠷᠲᠡᠬᠦ ᠬᠡᠷᠡᠭᠴᠡᠭᠡ ᠲᠠᠢ ᠬᠤᠲᠠ | ᠬᠥᠳᠡᠭᠡ ᠶᠢᠨ ᠡᠯ᠎ᠡ ᠲᠥᠷᠥᠯ ᠤᠨ ᠬᠥᠳᠡᠯᠮᠦᠷᠢᠴᠢᠳ ᠲᠤ ᠬᠠᠨᠳᠤᠭᠤᠯᠤᠨ ᠥᠷᠨᠢᠭᠦᠯᠦᠭᠰᠡᠨ ᠵᠢᠱᠢᠶ᠎ᠡ ᠦᠵᠡᠭᠦᠯᠬᠦ | ᠴᠢᠨᠠᠷᠲᠠᠶ ᠦᠢᠯᠡᠰ ᠴᠣᠭᠴᠠᠯᠠᠬᠤ ᠪᠣᠯᠪᠠᠰᠤᠷᠠᠯ ᠪᠣᠯᠤᠨ᠎ᠠ᠃ ᠲᠡᠷᠡ ᠨᠢ ᠦᠢᠯᠡᠰ ᠴᠣᠭᠴᠠᠯᠠᠬᠤ ᠤᠬᠠᠮᠰᠠᠷ ᠢ | ᠬᠥᠭᠵᠢᠭᠡᠬᠦ᠂ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠠᠵᠤ ᠠᠬᠤᠶᠢᠯᠠᠯ ᠤᠨ ᠡᠵᠡᠩᠨᠡᠯᠲᠡ ᠶᠢ | ᠲᠣᠭᠲᠠᠪᠤᠷᠢᠵᠢᠭᠤᠯᠬᠤ ᠪᠠᠷ ᠳᠠᠮᠵᠢᠭᠤᠯᠤᠨ᠂ ᠬᠥᠳᠡᠯᠮᠦᠷᠢᠴᠢᠳ ᠲᠤ ᠦᠢᠯᠡᠰ ᠴᠣᠭᠴᠠᠯᠠᠬᠤ ᠪᠣᠯᠪᠠᠰᠤᠷᠠᠯ ᠪᠠ | ᠵᠢᠯᠣᠭᠤᠳᠣᠯᠭ᠎ᠠ ᠬᠠᠩᠭᠠᠨ᠎ᠠ᠃ 2020 ᠣᠨ ᠤ ᠡᠴᠦᠰ ᠲᠤ᠂ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠦᠢᠯᠡᠰ ᠴᠣᠭᠴᠠᠯᠠᠬᠤ ᠪᠣᠯᠪᠠᠰᠤᠷᠠᠯ ᠤᠨ ︽ᠴᠠᠬᠢᠯᠳᠠᠭ ᠲᠥᠯᠥᠪᠯᠡᠭᠡ︾ | ᠶᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ 2021 ᠣᠨ ᠤ 6 ᠳ᠋ᠤᠭᠠᠷ ᠰᠠᠷ᠎ᠠ ᠳᠤ ᠪᠠᠰᠠ ︽ᠠᠵᠢᠯ ᠮᠡᠷᠭᠡᠵᠢᠯ ᠤᠨ ᠤᠷ᠎ᠠ | ᠮᠡᠷᠭᠡᠰᠢᠯ ᠢ ᠳᠡᠭᠡᠭᠰᠢᠯᠡᠭᠦᠯᠬᠦ ᠠᠵᠢᠯᠯᠠᠭ᠎ᠠ ᠶᠢᠨ ᠦᠢᠯᠡᠰ ᠴᠣᠭᠴᠠᠯᠠᠬᠤ ᠪᠣᠯᠪᠠᠰᠤᠷᠠᠯ ᠤᠨ ︿ᠴᠠᠬᠢᠯᠳᠠᠭ ᠲᠥᠯᠥᠪᠯᠡᠭᠡ﹀ | ᠶᠢ ᠬᠡᠷᠡᠭᠵᠢᠭᠦᠯᠬᠦ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠭᠡᠮ ᠠᠯᠪᠠᠨ ᠲᠠᠷᠬᠠᠭᠠᠭᠰᠠᠨ ︹2021︺ 98 | ᠳ᠋ᠤᠭᠠᠷ ᠲᠣᠭᠠᠲᠤ︶ ᠢ ᠲᠠᠷᠬᠠᠭᠠᠪᠠ᠃ | 2. ᠠᠰᠠᠭᠤᠯᠲᠠ᠄ ︽ᠴᠠᠬᠢᠯᠳᠠᠭ ᠲᠥᠯᠥᠪᠯᠡᠭᠡ︾ ᠶᠢᠨ ᠬᠠᠷᠠᠯᠲᠠ ᠨᠢ ᠶᠠᠭᠤ ᠪᠤᠢ︖ ᠬᠠᠷᠢᠭᠤᠯᠲᠠ᠄ | ᠬᠠᠷᠠᠯᠲᠠ ᠨᠢ ᠳᠠᠷᠤᠢ ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠨᠡᠶᠢᠭᠡᠮ ᠢᠶᠠᠷ ᠢᠶᠠᠨ ᠣᠷᠣᠯᠴᠠᠬᠤ᠂ | ᠦᠢᠯᠡᠰ ᠴᠣᠭᠴᠠᠯᠠᠭᠴᠢ ᠡᠵᠡᠨ ᠮᠡᠳᠡᠵᠦ ᠰᠣᠩᠭᠤᠭᠰᠠᠨ ᠦᠢᠯᠡᠰ ᠴᠣᠭᠴᠠᠯᠠᠬᠤ ᠪᠣᠯᠪᠠᠰᠤᠷᠠᠯ ᠤᠨ ᠠᠵᠢᠯ ᠤᠨ | ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠢᠯᠡᠰ ᠴᠣᠭᠴᠠᠯᠠᠬᠤ ᠪᠣᠯᠪᠠᠰᠤᠷᠠᠯ ᠤᠨ ᠣᠨᠣᠯᠵᠢᠬᠤᠨ ᠢ | ᠨᠠᠩ ᠳᠠᠪᠰᠢᠩᠭᠤᠢ ᠪᠣᠯᠭᠠᠬᠤ᠂ ᠦᠢᠯᠡᠰ ᠴᠣᠭᠴᠠᠯᠠᠬᠤ ᠪᠣᠯᠪᠠᠰᠤᠷᠠᠯ ᠤᠨ ᠡᠲᠡᠭᠡᠳ ᠢ ᠨᠠᠩ ᠴᠢᠯᠦᠭᠡᠯᠡᠬᠦ᠂ ᠦᠢᠯᠡᠰ | ᠴᠣᠭᠴᠠᠯᠠᠬᠤ ᠪᠣᠯᠪᠠᠰᠤᠷᠠᠯ ᠤᠨ ᠡᠬᠢ ᠪᠠᠶᠠᠯᠢᠭ ᠢ ᠨᠠᠩ ᠡᠯᠪᠡᠭᠵᠢᠭᠦᠯᠬᠦ᠂ ᠦᠢᠯᠡᠰ ᠴᠣᠭᠴᠠᠯᠠᠬᠤ ᠪᠣᠯᠪᠠᠰᠤᠷᠠᠯ ᠤᠨ | ᠵᠠᠭᠪᠤᠷ ᠢ ᠨᠠᠩ ᠣᠯᠠᠰᠢᠷᠠᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃ ᠮᠠᠨ ᠤ ᠣᠷᠣᠨ ᠤ ᠬᠠᠷᠠᠯᠲᠠ ᠡᠭᠦᠷᠭᠡ ᠪᠣᠯ ᠪᠥᠬᠦ | ᠣᠷᠣᠨ ᠤ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠶᠢᠭᠤᠯᠤᠮᠵᠢ ᠶᠢ 250 ᠠᠴᠠ ᠳᠡᠭᠡᠭᠰᠢ ᠳᠤ ᠬᠦᠷᠦᠭᠦᠯᠬᠦ ᠶᠢᠨ | ᠬᠠᠮᠲᠤ᠂ ᠡᠭᠦᠨ ᠤ ᠰᠠᠭᠤᠷᠢᠨ ᠳᠡᠭᠡᠷ᠎ᠡ ᠨᠢᠭᠡ ᠪᠦᠯᠦᠭ ᠨᠠᠩ ᠥᠨᠳᠥᠷ ᠲᠦᠪᠰᠢᠨ ᠪᠥᠬᠦᠶ᠂ ᠨᠠᠩ ᠶᠡᠭᠡ ᠨᠥᠯᠥᠭᠡᠯᠡᠬᠦ | ᠬᠦᠴᠦᠨ ᠪᠦᠬᠦᠢ ᠦᠢᠯᠡᠰ ᠴᠣᠭᠴᠠᠯᠠᠬᠤ ᠪᠣᠯᠪᠠᠰᠤᠷᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠤᠶᠢᠵᠢᠭᠤᠯᠤᠨ | ᠬᠥᠭᠵᠢᠭᠦᠯᠦᠨ᠎ᠡ︔ ᠦᠢᠯᠡᠰ ᠴᠣᠭᠴᠠᠯᠠᠬᠤ ᠪᠣᠯᠪᠠᠰᠤᠷᠠᠯ ᠤᠨ ᠰᠢᠯᠢᠳᠡᠭ ᠪᠠᠭᠰᠢ ᠨᠠᠷ ᠤᠨ ᠦᠢᠯᠡᠰ ᠴᠣᠭᠴᠠᠯᠠᠬᠤ | ᠪᠣᠯᠪᠠᠰᠤᠷᠠᠯ ᠢ ᠵᠢᠯᠣᠭᠤᠳᠬᠤ ᠠᠵᠢᠯ ᠤᠨ ᠲᠠᠰᠤᠭ ᠪᠠᠶᠢᠭᠤᠯᠬᠤ ᠶᠢ ᠳᠡᠮᠵᠢᠨ᠎ᠡ︔ ᠵᠢᠯ ᠪᠦᠷᠢ ᠶᠢᠨ ᠦᠢᠯᠡᠰ | ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ ᠣᠨ ᠤ ᠪᠣᠯᠪᠠᠰᠤᠷᠠᠭᠤᠯᠬᠤ ᠬᠡᠮᠵᠢᠶ᠎ᠡ ᠶᠢ 330 ᠬᠥᠮᠦᠨ ᠠᠴᠠ ᠳᠣᠤᠷ᠎ᠠ | ᠪᠠᠶᠢᠯᠭᠠᠬᠤ ᠥᠬᠡᠶ᠂ 2021 ᠣᠨ ᠳᠤ ᠦᠢᠯᠡᠰ ᠴᠣᠭᠴᠠᠯᠠᠭᠴᠢ ᠶᠢᠨ ᠪᠣᠯᠪᠠᠰᠤᠷᠠᠯ ᠢ 2 ᠲᠦᠮᠡᠨ ᠬᠥᠮᠦᠨ | ᠤᠳᠠᠭ᠎ᠠ ᠠᠴᠠ ᠳᠡᠭᠡᠭᠰᠢ ᠳᠤ ᠬᠦᠷᠦᠭᠦᠯᠵᠦ᠂ ᠡᠨᠡ ᠵᠢᠯ ᠤᠨ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠪᠥᠬᠦ | ᠣᠷᠣᠨ ᠤ ᠦᠢᠯᠡᠰ ᠴᠣᠭᠴᠠᠯᠠᠬᠤ ᠪᠣᠯᠪᠠᠰᠤᠷᠠᠯ ᠤᠨ ᠬᠥᠮᠦᠨ ᠤ ᠲᠤᠭ᠎ᠠ ᠶᠢ ᠨᠢᠭᠡᠨᠲᠡ 1.76 ᠲᠦᠮᠡ ᠳᠤ | ᠬᠦᠷᠦᠭᠦᠯᠵᠦ᠂ ᠡᠭᠦᠨ ᠤ ᠬᠠᠮᠲᠤ ᠬᠤᠶᠢᠰᠢᠳᠠ ᠵᠢᠯ ᠪᠦᠷᠢ ᠶᠢᠨ ᠪᠣᠯᠪᠠᠰᠤᠷᠠᠭᠤᠯᠬᠤ ᠬᠡᠮᠵᠢᠶ᠎ᠡ ᠶᠢ ᠠᠬᠢᠭᠤᠯᠤᠨ | ᠨᠡᠮᠡᠭᠳᠡᠭᠦᠯᠬᠦ ᠪᠠᠷ ᠴᠢᠷᠮᠠᠶᠢᠨ᠎ᠠ᠃ | 3. ᠠᠰᠠᠭᠤᠯᠲᠠ᠄ ︽ᠴᠠᠬᠢᠯᠳᠠᠭ ᠲᠥᠯᠥᠪᠯᠡᠭᠡ︾ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠠᠯ᠎ᠠ ᠪᠠᠷ ᠶᠠᠮᠠᠷ | ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠶ︖ ᠬᠠᠷᠢᠭᠤᠯᠲᠠ᠄ ᠨᠢᠭᠡ ᠳᠤ᠂ ᠦᠢᠯᠡᠰ ᠴᠣᠭᠴᠠᠯᠠᠬᠤ ᠪᠣᠯᠪᠠᠰᠤᠷᠠᠯ ᠤᠨ | ᠠᠭᠤᠯᠭ᠎ᠠ ᠪᠠ ᠬᠠᠷᠠᠯᠲᠠ ᠶᠢ ᠲᠣᠳᠣᠷᠬᠠᠶᠢᠯᠠᠪᠠ᠃ ᠠᠳᠠᠯᠢ ᠪᠤᠰᠤ ᠦᠢᠯᠡᠰ ᠴᠣᠭᠴᠠᠯᠠᠬᠤ ᠱᠠᠲᠤᠨ ᠳᠤ ᠴᠢᠭᠯᠡᠭᠦᠯᠦᠨ | ᠦᠢᠯᠡᠰ ᠴᠣᠭᠴᠠᠯᠠᠬᠤ ᠪᠣᠯᠪᠠᠰᠤᠷᠠᠯ ᠢ ᠥᠷᠨᠢᠭᠦᠯᠪᠡ᠃ ᠦᠢᠯᠡᠰ ᠴᠣᠭᠴᠠᠯᠠᠬᠤ ᠪᠠᠷ ᠪᠡᠯᠡᠳᠬᠡᠵᠦ ᠪᠠᠶᠢᠭ᠎ᠠ ᠪᠠ | ᠦᠢᠯᠡᠰ ᠴᠣᠭᠴᠠᠯᠠᠭᠰᠠᠨ ᠡᠬᠢᠨ ᠤ ᠬᠤᠭᠤᠴᠠᠭᠠᠨ ᠤ ᠬᠥᠮᠦᠰ ᠦᠢᠯᠡᠰ ᠴᠣᠭᠴᠠᠯᠠᠬᠤ ᠤᠬᠠᠮᠰᠠᠷ᠂ ᠠᠵᠤ ᠠᠬᠤᠶᠢᠯᠠᠯ | ᠪᠠᠶᠢᠭᠤᠯᠬᠤ᠂ ᠰᠦᠯᠵᠢᠶ᠎ᠡ ᠪᠠᠷ ᠦᠢᠯᠡᠰ ᠴᠣᠭᠴᠠᠯᠠᠬᠤ᠂ ᠦᠢᠯᠡᠰ ᠴᠣᠭᠴᠠᠯᠠᠬᠤ ︵ᠰᠣᠷᠢᠯᠲᠠ︶ ᠳᠠᠳᠤᠯᠭ᠎ᠠ ᠵᠡᠷᠭᠡ | ᠬᠢᠴᠢᠶᠡᠯ ᠤᠨ ᠪᠣᠯᠪᠠᠰᠤᠷᠠᠯ ᠳᠤ ᠣᠷᠣᠯᠴᠠᠵᠤ᠂ ᠲᠥᠷᠥᠯ ᠵᠦᠢᠯ ᠤᠨ ᠰᠣᠩᠭᠤᠯᠲᠠ᠂ ᠵᠠᠬ᠎ᠠ ᠳᠡᠯᠭᠡᠭᠦᠷ ᠤᠨ ᠦᠨᠡᠯᠡᠨ | ᠵᠢᠱᠢᠯᠲᠡ᠂ ᠪᠠᠯᠠ ᠮᠥᠩᠭᠦ ᠶᠢᠨ ᠵᠢᠱᠢᠯᠲᠡ᠂ ᠦᠢᠯᠡᠰ ᠴᠣᠭᠴᠠᠯᠠᠬᠤ ᠲᠥᠯᠥᠪᠯᠡᠭᠡ ᠵᠡᠷᠭᠡ ᠴᠢᠳᠠᠪᠤᠷᠢ ᠪᠠᠨ | ᠳᠡᠭᠡᠭᠰᠢᠯᠡᠭᠦᠯᠦᠨ᠎ᠡ︔ ᠨᠢᠭᠡᠨᠲᠡ ᠠᠮᠵᠢᠯᠲᠠ ᠲᠠᠢ ᠪᠠᠷ ᠦᠢᠯᠡᠰ ᠴᠣᠭᠴᠠᠯᠠᠭᠰᠠᠨ ᠬᠥᠮᠦᠰ ᠠᠵᠤ ᠠᠬᠤᠶᠢᠯᠠᠯ ᠢᠶᠠᠨ | ᠰᠠᠶᠢᠵᠢᠷᠠᠭᠤᠯᠬᠤ ᠪᠠ ᠠᠵᠤ ᠠᠬᠤᠶᠢᠯᠠᠯ ᠢᠶᠠᠨ ᠥᠷᠭᠡᠳᠬᠡᠬᠦ ᠵᠡᠷᠭᠡ ᠬᠢᠴᠢᠶᠡᠯ ᠪᠣᠯᠪᠠᠰᠤᠷᠠᠯ ᠳᠤ ᠣᠷᠣᠯᠴᠠᠵᠤ᠂ | ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠦᠷᠢᠨᠰᠢᠬᠦᠯᠦᠨ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠲᠣᠭᠲᠠᠭᠠᠵᠤ᠂ ᠭᠠᠳᠠᠭᠠᠳᠤ ᠶᠢᠨ ᠲᠦᠭᠰᠢᠭᠦᠷᠢ ᠶᠢ ᠡᠰᠡᠷᠭᠦᠴᠡᠵᠦ᠂ ᠠᠵᠤ ᠠᠬᠤᠶᠢᠯᠠᠯ ᠤᠨ ᠡᠵᠡᠩᠨᠡᠯᠲᠡ ᠪᠠᠨ | ᠲᠣᠭᠲᠠᠪᠤᠷᠢᠵᠢᠭᠤᠯᠤᠨ᠂ ᠠᠵᠢᠯ ᠤᠨ ᠪᠠᠶᠢᠷᠢ ᠶᠢ ᠥᠷᠭᠡᠳᠬᠡᠵᠦ ᠪᠣᠯᠤᠨ᠎ᠠ᠃ ᠪᠣᠯᠪᠠᠰᠤᠷᠠᠯ ᠤᠨ ᠬᠠᠷᠠᠯᠲᠠ᠄ ︵1︶ | ᠦᠢᠯᠡᠰ ᠴᠣᠭᠴᠠᠯᠠᠬᠤ ᠲᠠᠨᠢᠨ ᠮᠡᠳᠡᠬᠦᠶ ᠶᠢᠨ ᠱᠠᠲᠤᠨ ᠳᠤ ᠱᠠᠭᠠᠷᠳᠠᠭᠳᠠᠬᠤ ᠦᠨᠳᠦᠰᠦᠨ ᠮᠡᠳᠡᠯᠭᠡ ᠶᠢ ᠡᠵᠡᠮᠰᠢᠵᠦ᠂ | ᠠᠳᠠᠯᠢ ᠪᠤᠰᠤ ᠦᠢᠯᠡᠰ ᠴᠣᠭᠴᠠᠯᠠᠬᠤ ᠱᠠᠲᠤᠨ ᠤ ᠬᠥᠭᠵᠢᠯᠲᠡ ᠶᠢᠨ ᠬᠦᠴᠦᠨ ᠵᠦᠢᠯ ᠪᠠ ᠠᠵᠤ ᠠᠬᠤᠶᠢᠯᠠᠯ ᠤᠨ | ᠠᠭᠤᠯᠤᠭᠳᠠᠬᠤᠨ ᠢ ᠣᠶᠢᠯᠠᠭᠠᠨ᠎ᠠ︔ ︵2︶ ᠦᠢᠯᠡᠰ ᠴᠣᠭᠴᠠᠯᠠᠭᠴᠢ ᠶᠢᠨ ᠪᠠᠶᠢᠪᠠᠰᠤ ᠵᠣᠬᠢᠬᠤ ᠬᠡᠪ ᠴᠢᠨᠠᠷ ᠪᠠ | ᠴᠢᠳᠠᠪᠤᠷᠢ ᠶᠢ ᠲᠠᠨᠢᠨ ᠮᠡᠳᠡᠵᠦ᠂ ᠥᠪᠡᠷ ᠤᠨ ᠦᠢᠯᠡᠰ ᠴᠣᠭᠴᠠᠯᠠᠬᠤ ᠴᠢᠳᠠᠪᠤᠷᠢ ᠪᠠ ᠦᠢᠯᠡᠰ ᠴᠣᠭᠴᠠᠯᠠᠬᠤ ᠡᠬᠢ | ᠪᠠᠶᠠᠯᠢᠭ ᠢᠶᠠᠨ ᠪᠤᠰᠤᠳᠴᠢ ᠪᠠᠷ ᠦᠨᠡᠯᠡᠨ ᠵᠢᠱᠢᠵᠦ ᠴᠢᠳᠠᠨ᠎ᠠ︔ ︵3︶ ᠦᠢᠯᠡᠰ ᠴᠣᠭᠴᠠᠯᠠᠬᠤ ᠲᠥᠷᠥᠯ ᠵᠦᠢᠯ ᠢ | ᠢᠯᠡᠷᠡᠭᠦᠯᠬᠦ ᠪᠠ ᠰᠢᠯᠢᠨ ᠰᠣᠩᠭᠤᠬᠤ ᠠᠷᠭ᠎ᠠ ᠶᠢ ᠬᠡᠷᠡᠭᠯᠡᠨ᠂ ᠬᠤᠳᠠᠯᠳᠤᠭᠠᠨ ᠤ ᠲᠣᠬᠢᠶᠠᠯ ᠢ ᠢᠯᠭᠠᠨ ᠲᠠᠨᠢᠬᠤ | ᠴᠢᠳᠠᠪᠤᠷᠢ ᠪᠠᠨ ᠳᠡᠭᠡᠭᠰᠢᠯᠡᠭᠦᠯᠬᠦ ᠶᠢᠨ ᠬᠠᠮᠲᠤ ᠥᠪᠡᠷ ᠤᠨ ᠪᠡᠶ᠎ᠡ ᠳᠤ ᠪᠠᠨ ᠳᠣᠭᠢᠷᠬᠠᠰᠠᠨ ᠦᠢᠯᠡᠰ ᠴᠣᠭᠴᠠᠯᠠᠬᠤ | ᠲᠥᠷᠥᠯ ᠵᠦᠢᠯ ᠢ ᠪᠤᠢ ᠪᠣᠯᠭᠠᠬᠤ ᠪᠠ ᠰᠢᠯᠢᠨ ᠰᠣᠩᠭᠤᠵᠤ ᠴᠢᠳᠠᠨ᠎ᠠ︔ ︵4︶ ᠪᠣᠯᠪᠠᠰᠤᠷᠠᠯ ᠳᠤ | ᠣᠷᠣᠯᠴᠠᠭᠰᠠᠳ ᠤᠨ ᠦᠢᠯᠡᠰ ᠴᠣᠭᠴᠠᠯᠠᠬᠤ ᠤᠬᠠᠮᠰᠠᠷ᠂ ᠦᠢᠯᠡᠰ ᠴᠣᠭᠴᠠᠯᠠᠬᠤ ᠤᠷᠮ᠎ᠠ ᠶᠢ ᠬᠥᠭᠵᠢᠭᠡᠵᠦ᠂ | ᠪᠣᠯᠪᠠᠰᠤᠷᠠᠯ ᠳᠤ ᠣᠷᠣᠯᠴᠠᠭᠰᠠᠳ ᠤᠨ ᠰᠢᠨ᠎ᠡ ᠶᠢ ᠡᠭᠦᠳᠬᠦ ᠰᠡᠳᠬᠢᠬᠦᠶ ᠵᠢᠴᠢ ᠦᠢᠯᠡᠰ ᠴᠣᠭᠴᠠᠯᠠᠬᠤ ᠵᠣᠷᠢᠭ | ᠰᠠᠨᠠᠭ᠎ᠠ ᠶᠢ ᠬᠥᠮᠥᠵᠢᠭᠦᠯᠦᠨ᠎ᠡ᠃ ᠬᠤᠶᠠᠷ ᠲᠤ᠂ ᠦᠢᠯᠡᠰ ᠴᠣᠭᠴᠠᠯᠠᠬᠤ ᠪᠣᠯᠪᠠᠰᠤᠷᠠᠯ ᠳᠤ ᠣᠷᠣᠯᠴᠠᠬᠤ ᠬᠥᠮᠥᠰ ᠤᠨ | ᠬᠡᠪᠴᠢᠶ᠎ᠡ ᠶᠢ ᠥᠷᠭᠡᠳᠬᠡᠨ᠎ᠡ᠃ ︽ᠴᠠᠬᠢᠯᠳᠠᠭ ᠲᠥᠯᠥᠪᠯᠡᠭᠡ︾ ᠨᠢ ᠦᠢᠯᠡᠰ ᠴᠣᠭᠴᠠᠯᠠᠬᠤ ᠡᠷᠡᠮᠡᠯᠵᠡᠯ ᠪᠠ | ᠪᠣᠯᠪᠠᠰᠤᠷᠠᠯ ᠬᠦᠷᠲᠡᠬᠦ ᠬᠡᠷᠡᠭᠴᠡᠭᠡ ᠲᠠᠢ ᠬᠤᠲᠠ ᠬᠥᠳᠡᠭᠡ ᠶᠢᠨ ᠡᠯ᠎ᠡ ᠲᠥᠷᠥᠯ ᠤᠨ ᠬᠥᠳᠡᠯᠮᠦᠷᠢᠴᠢᠳ ᠲᠤ | ᠬᠠᠨᠳᠤᠭᠤᠯᠪᠠ᠃ ᠠᠮᠢᠳᠤᠷᠠᠯ ᠨᠢ ᠶᠠᠳᠠᠭᠤ ᠬᠦᠴᠢᠷᠳᠡᠯᠲᠡᠶ ᠭᠡᠷ ᠪᠦᠯᠢ ᠶᠢᠨ ᠬᠡᠦᠬᠡᠳ᠂ ᠶᠠᠳᠠᠭᠤ ᠬᠥᠳᠡᠯᠮᠦᠷᠢ ᠬᠦᠴᠦ | ᠂ ᠬᠤᠲᠠ ᠬᠥᠳᠡᠭᠡ ᠶᠢᠨ ᠦᠷᠭᠦᠯᠵᠢᠯᠡᠨ ᠰᠤᠷᠭᠠᠭᠤᠯᠢ ᠳᠤ ᠳᠡᠪᠰᠢᠭᠰᠡᠨ ᠦᠭᠡᠢ ᠠᠩᠬ᠎ᠠ᠂ ᠥᠨᠳᠥᠷ ᠳᠤᠮᠳᠠᠳᠤ ᠶᠢᠨ | ᠰᠤᠷᠤᠭᠴᠢᠳ᠂ ᠡᠯ᠎ᠡ ᠲᠥᠷᠥᠯ ᠤᠨ ᠶᠡᠭᠡ ᠳᠡᠭᠡᠳᠦ ᠰᠤᠷᠭᠠᠭᠤᠯᠢ ᠶᠢᠨ ᠣᠶᠤᠲᠠᠳ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠶᠢᠨ ᠰᠤᠷᠤᠭᠴᠢᠳ᠂ | ᠰᠤᠷᠭᠠᠭᠤᠯᠢ ᠠᠴᠠ ᠪᠠᠨ ᠰᠠᠯᠤᠭᠠᠳ 2 ᠵᠢᠯ ᠳᠣᠲᠣᠷ᠎ᠠ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ᠂ ᠬᠥᠳᠡᠭᠡ ᠲᠣᠰᠬᠤᠨ ᠠᠴᠠ ᠰᠢᠯᠵᠢᠵᠦ ᠠᠵᠢᠯ ᠣᠯᠤᠭᠰᠠᠨ ᠬᠥᠳᠡᠯᠮᠦᠷᠢᠴᠢᠳ᠂ ᠨᠤᠲᠤᠭ ᠲᠤ ᠪᠠᠨ | ᠪᠤᠴᠠᠨ ᠬᠥᠳᠡᠭᠡ ᠳᠤ ᠣᠴᠢᠵᠤ ᠦᠢᠯᠡᠰ ᠴᠣᠭᠴᠠᠯᠠᠭᠴᠢᠳ᠂ ᠬᠥᠳᠡᠭᠡ ᠲᠣᠰᠬᠤᠨ ᠤ ᠦᠢᠯᠡᠰ ᠴᠣᠭᠴᠠᠯᠠᠵᠤ | ᠪᠠᠶᠠᠵᠢᠬᠤ ᠶᠢ ᠳᠠᠭᠠᠭᠤᠯᠤᠭᠴᠢᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠠᠵᠢᠯ ᠤᠨ | ᠪᠠᠶᠢᠷᠢ ᠰᠢᠯᠵᠢᠭᠰᠡᠨ ᠠᠵᠢᠯᠲᠠᠳ᠂ ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠭᠴᠢᠳ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠨᠦᠭᠦᠳ᠂ ᠠᠵᠢᠯ ᠤᠯᠬᠤ ᠳᠤ ᠬᠦᠴᠢᠷᠲᠡᠶ ᠬᠥᠮᠦᠰ ︵ᠵᠡᠮᠳᠡᠭᠴᠦᠳ | ᠪᠠᠭᠲᠠᠨ᠎ᠠ︶᠂ ᠴᠡᠷᠢᠭ ᠤᠨ ᠠᠯᠪᠠᠨ ᠠᠴᠠ ᠬᠠᠯᠠᠭᠳᠠᠭᠰᠠᠳ᠂ ᠡᠷᠡᠭᠦᠤ ᠶᠢᠨ ᠬᠤᠭᠤᠴᠠᠭ᠎ᠠ ᠨᠢ ᠳᠠᠭᠤᠰᠴᠤ | ᠰᠤᠯᠠᠯᠠᠭᠳᠠᠬᠤ ᠭᠡᠵᠦ ᠪᠠᠶᠢᠭ᠎ᠠ ᠬᠥᠮᠦᠰ ᠵᠡᠷᠭᠡ ᠳᠤ ᠦᠢᠯᠡᠰ ᠴᠣᠭᠴᠠᠯᠠᠬᠤ ᠪᠣᠯᠪᠠᠰᠤᠷᠠᠯ ᠥᠷᠨᠢᠭᠦᠯᠦᠨ᠎ᠡ᠃ | ᠭᠤᠷᠪᠠ ᠳᠤ᠂ ᠤᠷ᠎ᠠ ᠮᠡᠷᠭᠡᠰᠢᠯ ᠪᠣᠯᠤᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢᠨ ᠤᠶᠠᠯᠳᠤᠯ ᠢ ᠠᠬᠢᠭᠤᠯᠤᠨ᠎ᠠ | ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ | ᠶᠢᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠪᠣᠯᠪᠠᠰᠤᠷᠠᠯ ᠢ ᠠᠬᠢᠭᠤᠯᠵᠤ᠂ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠬᠢᠴᠢᠶᠡᠯ ᠢ ᠵᠢᠭᠠᠨ ᠰᠤᠷᠭᠠᠯᠲᠠ ᠶᠢᠨ ᠲᠥᠯᠥᠪᠯᠡᠭᠡ ᠳᠤ ᠣᠷᠣᠭᠤᠯᠤᠨ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠶᠢᠨ ᠦᠢᠯᠡᠰ ᠴᠣᠭᠴᠠᠯᠠᠬᠤ | ᠪᠣᠯᠪᠠᠰᠤᠷᠠᠯ ᠤᠨ ᠪᠠᠭᠰᠢ ᠶᠢᠨ ᠬᠥᠮᠥᠵᠢᠯ ᠪᠣᠯᠪᠠᠰᠤᠷᠠᠯ ᠢ ᠲᠦᠷᠭᠡᠳᠬᠡᠨ᠎ᠡ᠃ ᠤᠷ᠎ᠠ ᠮᠡᠷᠭᠡᠰᠢᠯ ᠤᠨ ᠮᠠᠰᠲ᠋ᠧᠷ ᠤᠨ | ᠠᠵᠢᠯᠯᠠᠬᠤ ᠲᠠᠰᠤᠭ ᠵᠡᠷᠭᠡ ᠳᠤ ᠲᠦᠰᠢᠭᠯᠡᠨ ᠣᠯᠠᠨ ᠵᠦᠢᠯ ᠤᠨ ᠬᠡᠯᠪᠡᠷᠢ ᠶᠢᠨ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠤᠨ ︽ᠦᠢᠯᠡᠰ ᠲᠤᠷᠰᠢᠨ ᠴᠣᠭᠴᠠᠯᠠᠬᠤ︾ | ᠦᠢᠯᠡᠳᠦᠯᠭᠡ ᠶᠢᠨ ᠠᠵᠢᠯᠯᠠᠭ᠎ᠠ ᠶᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠬᠡᠪᠴᠢᠶᠡᠨ ᠳᠤ ᠣᠷᠣᠭᠤᠯᠤᠨ᠎ᠠ᠃ | ᠲᠦᠷᠪᠡ ᠳᠤ᠂ ᠦᠢᠯᠡᠰ ᠴᠣᠭᠴᠠᠯᠠᠬᠤ ᠪᠣᠯᠪᠠᠰᠤᠷᠠᠯ ᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠳᠤ | ᠬᠦᠴᠦᠨ ᠨᠡᠮᠡᠷᠢᠯᠡᠬᠦ ᠶᠢ ᠠᠬᠢᠭᠤᠯᠤᠨ᠎ᠠ᠃ ᠦᠢᠯᠡᠰ ᠴᠣᠭᠴᠠᠯᠠᠬᠤ ᠪᠣᠯᠪᠠᠰᠤᠷᠠᠯ ᠤᠨ ᠵᠢᠯᠣᠭᠤᠳᠤᠯᠭ᠎ᠠ ᠶᠢᠨ ᠬᠢᠴᠢᠶᠡᠯ ᠢ | ᠴᠢᠭᠯᠡᠯᠲᠦ ᠴᠢᠨᠠᠷᠲᠠᠶ ᠪᠠᠷ ᠨᠡᠭᠡᠭᠡᠨ ᠬᠥᠭᠵᠢᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠰ | ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ ᠡᠩᠨᠡᠭᠡ ᠪᠠ ᠦᠢᠯᠡᠰ ᠴᠣᠭᠴᠠᠯᠠᠬᠤ ᠵᠢᠯᠣᠭᠤᠳᠣᠭᠴᠢ ᠪᠠᠭᠰᠢ ᠶᠢᠨ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠥᠳᠡᠭᠡ ᠲᠣᠰᠬᠤᠨ᠂ | ᠬᠢᠯᠢ ᠬᠢᠵᠠᠭᠠᠷ ᠣᠷᠣᠨ ᠤ ᠦᠢᠯᠡᠰ ᠴᠣᠭᠴᠠᠯᠠᠬᠤ ᠪᠣᠯᠪᠠᠰᠤᠷᠠᠯ ᠤᠨ ᠵᠢᠯᠣᠭᠤᠳᠣᠯᠭ᠎ᠠ ᠶᠢ ᠠᠬᠢᠭᠤᠯᠤᠨ᠎ᠠ᠃ | ᠨᠤᠲᠤᠭ ᠲᠤ ᠪᠠᠨ ᠪᠤᠴᠠᠵᠤ ᠬᠥᠳᠡᠭᠡ ᠳᠤ ᠣᠴᠢᠭᠰᠠᠳ᠂ ᠬᠥᠳᠡᠭᠡ ᠲᠣᠰᠬᠤᠨ ᠤ ᠦᠢᠯᠡᠰ ᠴᠣᠭᠴᠠᠯᠠᠵᠤ | ᠪᠠᠶᠠᠵᠢᠬᠤ ᠶᠢ ᠳᠠᠭᠠᠭᠤᠯᠤᠭᠴᠢ ᠪᠠ ᠶᠠᠳᠠᠭᠤ ᠶᠢ ᠲᠡᠳᠬᠦᠵᠦ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ | ᠨᠡᠶᠢᠲᠡᠯᠢᠭ ᠦᠢᠯᠡ ᠠᠵᠢᠯᠯᠠᠭ᠎ᠠ ᠶᠢ ᠠᠭᠤᠳᠠᠯᠤᠨ ᠤᠬᠠᠭᠤᠯᠤᠨ᠎ᠠ᠃ | 4. ᠠᠰᠠᠭᠤᠯᠲᠠ᠄ ︽ᠴᠠᠬᠢᠯᠳᠠᠭ ᠲᠥᠯᠥᠪᠯᠡᠭᠡ︾ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤ ᠶᠠᠮᠠᠷ ᠶᠠᠮᠠᠷ | ᠳᠡᠮᠵᠢᠯᠭᠡ ᠶᠢᠨ ᠪᠠᠲᠤᠯᠠᠭ᠎ᠠ ᠪᠠᠶᠢᠬᠤ ᠪᠤᠶ︖ ᠬᠠᠷᠢᠭᠤᠯᠲᠠ᠄ ᠨᠢᠭᠡ ᠳᠤ᠂ ᠦᠢᠯᠡᠰ ᠴᠣᠭᠴᠠᠯᠠᠬᠤ ᠪᠣᠯᠪᠠᠰᠤᠷᠠᠯ ᠤᠨ | ᠡᠬᠢ ᠪᠠᠶᠠᠯᠢᠭ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠡᠶᠢᠲᠡᠯᠡᠭᠰᠡᠨ ︽ᠦᠢᠯᠡᠰ ᠴᠣᠭᠴᠠᠯᠠᠬᠤ ᠪᠣᠯᠪᠠᠰᠤᠷᠠᠯ ᠤᠨ ᠪᠠᠷᠢᠮᠵᠢᠶ᠎ᠠ ︵ | ᠲᠤᠷᠰᠢᠨ ᠬᠡᠷᠡᠭᠵᠢᠭᠦᠯᠬᠦ︶︾ ᠳᠤ ᠲᠦᠰᠢᠭᠯᠡᠨ᠂ ᠦᠢᠯᠡᠰ ᠴᠣᠭᠴᠠᠯᠠᠬᠤ ᠣᠯᠠᠨ ᠵᠦᠢᠯ ᠤᠨ ᠪᠣᠯᠪᠠᠰᠤᠷᠠᠯ ᠤᠨ | ᠬᠢᠴᠢᠶᠡᠯ᠂ ᠵᠢᠭᠠᠬᠤ ᠮᠠᠲ᠋ᠧᠷᠢᠶᠠᠯ ᠪᠠ ᠬᠡᠷᠡᠭ ᠤᠨ ᠵᠢᠱᠢᠶ᠎ᠡ ᠶᠢᠨ ᠬᠥᠮᠥᠷᠭᠡ ᠶᠢ ᠪᠠᠶᠢᠭᠤᠯᠵᠤ᠂ ᠠᠮᠢᠳᠤᠯᠢᠭ ᠪᠥᠭᠡᠳ | ᠣᠯᠠᠨ ᠬᠡᠯᠪᠡᠷᠢ ᠶᠢᠨ ᠪᠣᠯᠪᠠᠰᠤᠷᠠᠯ ᠤᠨ ᠵᠠᠭᠪᠤᠷ ᠢ ᠲᠡᠭᠦᠯᠳᠡᠷᠵᠢᠭᠦᠯᠦᠨ᠂ ︽ᠢᠨᠲ᠋ᠧᠷ ᠰᠦᠯᠵᠢᠶ᠎ᠡ + ᠦᠢᠯᠡᠰ | ᠴᠣᠭᠴᠠᠯᠠᠬᠤ ᠪᠣᠯᠪᠠᠰᠤᠷᠠᠯ︾ ᠢ ᠰᠦᠪᠡᠭᠴᠢᠯᠡᠵᠦ᠂ ᠰᠦᠯᠵᠢᠶ᠎ᠡ ᠪᠠᠷ ᠦᠢᠯᠡᠰ ᠴᠣᠭᠴᠠᠯᠠᠬᠤ ᠪᠣᠯᠪᠠᠰᠤᠷᠠᠯ ᠡᠷᠬᠢᠯᠡᠬᠦ | ᠮᠡᠷᠭᠡᠵᠢᠯ ᠤᠨ ᠲᠠᠪᠴᠠᠩ ᠵᠡᠷᠭᠡ ᠡᠬᠢ ᠪᠠᠶᠠᠯᠢᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠶᠠᠷ ᠲᠤ᠂ ᠦᠢᠯᠡᠰ | ᠴᠣᠭᠴᠠᠯᠠᠬᠤ ᠪᠣᠯᠪᠠᠰᠤᠷᠠᠯ ᠤᠨ ᠪᠠᠶᠢᠭᠤᠯᠤᠮᠵᠢ ᠶᠢᠨ ᠬᠥᠭᠵᠢᠯᠲᠡ ᠶᠢ ᠠᠬᠢᠭᠤᠯᠤᠨ᠎ᠠ᠃ ᠦᠢᠯᠡᠰ ᠴᠣᠭᠴᠠᠯᠠᠬᠤ | ᠪᠣᠯᠪᠠᠰᠤᠷᠠᠯ ᠤᠨ ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠨᠥᠬᠦᠴᠡᠯ ᠳᠤ | ᠨᠡᠶᠢᠴᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ᠂ ᠠᠵᠢᠯ ᠣᠯᠭᠤᠵᠤ ᠦᠢᠯᠡᠰ ᠴᠣᠭᠴᠠᠯᠠᠬᠤ | ᠪᠣᠯᠪᠠᠰᠤᠷᠠᠯ ︵ᠪᠣᠳᠠᠲᠠᠶ ᠪᠣᠯᠪᠠᠰᠤᠷᠠᠯ︶ ᠤᠨ ᠲᠥᠪ᠂ ᠡᠯ᠎ᠡ ᠲᠥᠷᠥᠯ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶᠂ ᠶᠡᠭᠡ ᠳᠡᠭᠡᠳᠦ ᠰᠤᠷᠭᠠᠭᠤᠯᠢ᠂ | ᠦᠢᠯᠡᠰ ᠴᠣᠭᠴᠠᠯᠠᠬᠤ ᠨᠡᠪᠴᠢᠭᠦᠯᠭᠡ ᠶᠢᠨ ᠰᠠᠭᠤᠷᠢᠨ ᠭᠠᠵᠠᠷ᠂ ᠣᠯᠠᠨ ᠢᠶᠠᠷ ᠢᠶᠠᠨ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠣᠷᠣᠨ ᠵᠠᠶ ᠵᠡᠷᠭᠡ ᠪᠣᠳᠠᠲᠤ ᠴᠣᠭᠴᠠ ᠶᠢᠨ ᠦᠢᠯᠡᠰ ᠴᠣᠭᠴᠠᠯᠠᠬᠤ ᠪᠣᠯᠪᠠᠰᠤᠷᠠᠯ ᠥᠷᠨᠢᠭᠦᠯᠬᠦ ᠶᠢ ᠳᠡᠮᠵᠢᠨ᠎ᠡ︔ | ᠦᠢᠯᠡᠰ ᠴᠣᠭᠴᠠᠯᠠᠬᠤ ᠪᠣᠯᠪᠠᠰᠤᠷᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ | ᠪᠣᠯᠪᠠᠰᠤᠷᠠᠯ ᠤᠨ ᠪᠠᠶᠢᠭᠤᠯᠤᠮᠵᠢ ᠶᠢᠨ ᠪᠣᠯᠪᠠᠰᠤᠷᠠᠯ ᠤᠨ ᠦᠢᠯᠡᠴᠢᠯᠡᠭᠡ ᠶᠢ ︽ᠬᠡᠷ ᠲᠤ ᠨᠢ ᠬᠦᠷᠭᠡᠬᠦ︾ ᠶᠢ | ᠵᠣᠷᠢᠭᠵᠢᠭᠤᠯᠵᠤ᠂ ᠡᠯ᠎ᠡ ᠲᠥᠷᠥᠯ ᠤᠨ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ | ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶᠂ ᠠᠵᠤ ᠠᠬᠤᠶᠢᠯᠠᠯ ᠵᠡᠷᠭᠡ ᠳᠤ ᠪᠣᠯᠪᠠᠰᠤᠷᠠᠯ ᠤᠨ | ᠬᠢᠴᠢᠶᠡᠯ᠂ ᠪᠠᠭᠰᠢ ᠵᠡᠷᠭᠡ ᠡᠬᠢ ᠪᠠᠶᠠᠯᠢᠭ ᠬᠠᠩᠭᠠᠬᠤ ᠶᠢ ᠵᠣᠷᠢᠭᠵᠢᠭᠤᠯᠤᠨ᠎ᠠ᠃ ᠭᠤᠷᠪᠠ ᠳᠤ᠂ ᠦᠢᠯᠡᠰ | ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠦᠢᠯᠡᠰ | ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ ᠬᠥᠮᠥᠷᠭᠡ ᠶᠢ ᠪᠠᠶᠢᠭᠤᠯᠤᠨ᠎ᠠ᠃ ᠦᠢᠯᠡᠰ ᠴᠣᠭᠴᠠᠯᠠᠬᠤ ᠡᠯ᠎ᠡ | ᠲᠥᠷᠥᠯ ᠤᠨ ᠪᠣᠯᠪᠠᠰᠤᠷᠠᠯ ᠤᠨ ᠪᠠᠭᠰᠢ ᠶᠢᠨ ᠪᠣᠯᠪᠠᠰᠤᠷᠠᠯ ᠪᠠ ᠰᠣᠯᠢᠯᠴᠠᠭᠠᠨ ᠤ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ ᠪᠣᠯᠪᠠᠰᠤᠷᠠᠯ | ᠪᠠ ᠵᠢᠯᠣᠭᠤᠳᠬᠤ ᠴᠢᠳᠠᠪᠤᠷᠢ ᠶᠢ ᠳᠡᠭᠡᠭᠰᠢᠯᠡᠭᠦᠯᠦᠨ᠂ ᠨᠥᠬᠦᠴᠡᠯ ᠲᠠᠢ ᠭᠠᠵᠠᠷ ᠣᠷᠣᠨ ᠤ ᠪᠠᠭᠰᠢ ᠬᠥᠮᠦᠵᠢᠭᠦᠯᠬᠦ | ᠵᠠᠭᠪᠤᠷ ᠲᠤ ᠪᠠᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ︽ᠴᠠᠬᠢᠯᠳᠠᠭ ᠪᠥᠬᠦ ᠤᠯᠤᠰ ᠤᠨ ᠦᠢᠯᠡᠰ | ᠴᠣᠭᠴᠠᠯᠠᠬᠤ ᠪᠣᠯᠪᠠᠰᠤᠷᠠᠯ ᠤᠨ ᠯᠧᠺᠲ᠋ᠣᠷ ᠤᠨ ᠤᠷᠤᠯᠳᠤᠭᠠᠨ︾ ᠢ ᠦᠷᠭᠦᠯᠵᠢᠯᠡᠨ ᠵᠣᠬᠢᠶᠠᠨ ᠪᠠᠶᠢᠭᠤᠯᠤᠨ᠎ᠠ᠃ ᠡᠨᠡ | ᠵᠢᠯ ᠤᠨ 7 ᠳ᠋ᠤᠭᠠᠷ ᠰᠠᠷ᠎ᠠ ᠶᠢᠨ 8 ᠤ ᠡᠳᠦᠷ ᠥᠪᠥᠷ ᠮᠣᠩᠭᠤᠯ ᠤᠨ ᠬᠤᠪᠢᠶᠠᠷᠢ ᠤᠷᠤᠯᠳᠤᠭᠠᠨ ᠨᠢᠭᠡᠨᠲᠡ ᠳᠠᠭᠤᠰᠴᠤ | ᠂ 8 ᠳ᠋ᠤᠭᠠᠷ ᠰᠠᠷ᠎ᠠ ᠶᠢᠨ ᠰᠡᠭᠦᠯᠴᠢ ᠪᠠᠷ ᠪᠥᠬᠦ ᠤᠯᠤᠰ ᠤᠨ ᠤᠷᠤᠯᠳᠤᠭᠠᠨ ᠳᠤ ᠣᠷᠣᠯᠴᠠᠨ᠎ᠠ᠃ ᠳᠥᠷᠪᠡ ᠳᠤ᠂ | ᠦᠢᠯᠡᠰ ᠴᠣᠭᠴᠠᠯᠠᠬᠤ ᠪᠣᠯᠪᠠᠰᠤᠷᠠᠯ ᠤᠨ ᠶᠠᠰᠤ ᠴᠢᠨᠠᠷ ᠢ ᠬᠢᠨᠠᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ | ᠦᠢᠯᠡᠰ ᠴᠣᠭᠴᠠᠯᠠᠬᠤ ᠪᠣᠯᠪᠠᠰᠤᠷᠠᠯ ᠤᠨ ᠬᠠᠮᠢᠶᠠᠷᠤᠯᠲᠠ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠦᠢᠯᠡᠰ | ᠴᠣᠭᠴᠠᠯᠠᠬᠤ ᠪᠣᠯᠪᠠᠰᠤᠷᠠᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠦᠢᠯᠡᠰ ᠴᠣᠭᠴᠠᠯᠠᠬᠤ ᠪᠣᠯᠪᠠᠰᠤᠷᠠᠯ ᠤᠨ | ᠮᠡᠳᠡᠭᠡ ᠵᠠᠩᠭᠢᠴᠢᠯᠠᠯᠲᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠪᠣᠯᠪᠠᠰᠤᠷᠠᠯ ᠤᠨ | ᠪᠠᠶᠢᠭᠤᠯᠤᠮᠵᠢ ᠶᠢᠨ ᠪᠦᠬᠦᠨ ᠢ ᠬᠠᠮᠤᠷᠬᠤ᠂ ᠪᠣᠯᠪᠠᠰᠤᠷᠠᠯ ᠤᠨ ᠠᠵᠢᠯᠲᠠᠨ ᠪᠦᠬᠦᠨ ᠢᠶᠠᠷ ᠢᠶᠠᠨ ᠦᠨᠡᠨ ᠨᠡᠷ᠎ᠡ ᠪᠠᠨ | ᠬᠡᠷᠡᠭᠯᠡᠬᠦ᠂ ᠪᠣᠯᠪᠠᠰᠤᠷᠠᠯ ᠤᠨ ᠪᠠᠯᠠ ᠮᠥᠩᠭᠦ ᠶᠢ ᠪᠦᠬᠦᠨ ᠢ ᠲᠡᠮᠳᠡᠭᠯᠡᠬᠦ᠂ ᠪᠣᠯᠪᠠᠰᠤᠷᠠᠯ ᠤᠨ ᠶᠠᠪᠤᠴᠠ ᠶᠢ ᠮᠥᠷᠳᠡᠵᠦ | ᠪᠣᠯᠬᠤ᠂ ᠪᠣᠯᠪᠠᠰᠤᠷᠠᠯ ᠤᠨ ᠶᠠᠰᠤ ᠴᠢᠨᠠᠷ ᠢ ᠬᠢᠨᠠᠨ ᠡᠵᠡᠮᠳᠡᠵᠦ ᠪᠣᠯᠬᠤ ᠶᠢ ᠪᠡᠶᠡᠯᠡᠭᠦᠯᠦᠨ᠎ᠡ᠃ ᠲᠠᠪᠤ ᠳᠤ᠂ ᠦᠢᠯᠡᠰ | ᠴᠣᠭᠴᠠᠯᠠᠬᠤ ᠪᠣᠯᠪᠠᠰᠤᠷᠠᠯ ᠤᠨ ᠵᠠᠯᠭᠠᠮᠵᠢ ᠦᠢᠯᠡᠴᠢᠯᠡᠭᠡ ᠶᠢ ᠴᠢᠩᠭᠠᠷᠠᠭᠤᠯᠤᠨ᠎ᠠ᠃ ᠦᠢᠯᠡᠰ ᠴᠣᠭᠴᠠᠯᠠᠬᠤ | ᠪᠣᠯᠪᠠᠰᠤᠷᠠᠯ ᠬᠢᠭᠡᠳ ᠦᠢᠯᠡᠰ ᠴᠣᠭᠴᠠᠯᠠᠬᠤ ᠦᠢᠯᠡᠴᠢᠯᠡᠭᠡ ᠶᠢ ᠪᠦᠲᠦᠮᠵᠢᠲᠡᠶ ᠵᠣᠯᠭᠠᠭᠤᠯᠬᠤ ᠪᠠ ᠨᠢᠭᠡᠳᠦᠯᠲᠡᠶ | ᠲᠥᠯᠥᠪᠯᠡᠨ ᠠᠬᠢᠭᠤᠯᠬᠤ ᠶᠢ ᠴᠢᠩᠭᠠᠳᠬᠠᠵᠤ᠂ ᠪᠣᠯᠪᠠᠰᠤᠷᠠᠯ ᠳᠤ ᠣᠷᠣᠯᠴᠠᠭᠰᠠᠨ ᠦᠢᠯᠡᠰ ᠴᠣᠭᠴᠠᠯᠠᠭᠴᠢ ᠳᠤ | ᠦᠢᠯᠡᠰ ᠡᠷᠬᠢᠯᠡᠬᠦ ᠵᠢᠯᠣᠭᠤᠳᠣᠯᠭ᠎ᠠ᠂ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ᠂ ᠦᠢᠯᠡᠰ ᠴᠣᠭᠴᠠᠯᠠᠬᠤ | ᠨᠡᠪᠴᠢᠭᠦᠯᠭᠡ᠂ ᠦᠢᠯᠡᠰ ᠴᠣᠭᠴᠠᠯᠠᠬᠤ ᠳᠠᠳᠤᠯᠭ᠎ᠠ᠂ ᠠᠵᠤ ᠠᠬᠤᠶᠢᠯᠠᠯ ᠤᠨ ᠯᠠᠪᠯᠠᠯᠭ᠎ᠠ ᠵᠡᠷᠭᠡ ᠵᠠᠯᠭᠠᠮᠵᠢ | ᠦᠢᠯᠡᠴᠢᠯᠡᠭᠡ ᠶᠢ ᠬᠠᠩᠭᠠᠨ᠎ᠠ᠃ ᠦᠢᠯᠡᠰ ᠴᠣᠭᠴᠠᠯᠠᠬᠤ ᠪᠣᠯᠪᠠᠰᠤᠷᠠᠯ ᠤᠨ ᠪᠠᠭᠰᠢ᠂ ᠦᠢᠯᠡᠰ ᠴᠣᠭᠴᠠᠯᠠᠬᠤ | ᠵᠢᠯᠣᠭᠤᠳᠣᠭᠴᠢ᠂ ᠠᠵᠤ ᠠᠬᠤᠶᠢᠯᠠᠯᠲᠠᠨ᠂ ᠪᠠᠯᠠ ᠣᠷᠣᠭᠤᠯᠤᠭᠴᠢ ᠵᠡᠷᠭᠡ ᠶᠢ ᠰᠢᠩᠭᠡᠭᠡᠨ ᠠᠪᠴᠤ ᠦᠢᠯᠡᠰ | ᠴᠣᠭᠴᠠᠯᠠᠬᠤ ᠵᠢᠯᠣᠭᠤᠳᠣᠭᠴᠢ ᠪᠠᠭᠰᠢ ᠶᠢᠨ ᠬᠥᠮᠥᠷᠭᠡ ᠪᠠᠶᠢᠭᠤᠯᠵᠤ᠂ ᠦᠢᠯᠡᠰ ᠴᠣᠭᠴᠠᠯᠠᠬᠤ ᠰᠢᠯᠢᠳᠡᠭ | ᠵᠢᠯᠣᠭᠤᠳᠣᠭᠴᠢ ᠪᠠᠭᠰᠢ ᠶᠢᠨ ᠠᠵᠢᠯᠯᠠᠬᠤ ᠲᠠᠰᠤᠭ ᠪᠠᠶᠢᠭᠤᠯᠬᠤ ᠶᠢ ᠰᠦᠪᠡᠭᠴᠢᠯᠡᠨ ᠳᠡᠮᠵᠢᠨ᠎ᠡ᠃ | 5. ᠠᠰᠠᠭᠤᠯᠲᠠ᠄ ᠮᠠᠨ ᠤ ᠣᠷᠣᠨ ᠤ ︽ᠴᠠᠬᠢᠯᠳᠠᠭ ᠲᠥᠯᠥᠪᠯᠡᠭᠡ︾ ᠳᠤ ᠶᠠᠮᠠᠷ ᠶᠠᠮᠠᠷ ᠪᠣᠳᠠᠲᠠᠶ ᠠᠭᠤᠯᠭ᠎ᠠ | ᠪᠠ ᠬᠢᠯᠠᠰ ᠴᠡᠭ ᠪᠠᠶᠢᠬᠤ ᠪᠣᠶ︖ ᠬᠠᠷᠢᠭᠤᠯᠲᠠ᠄ ᠨᠢᠭᠡ ᠳᠤ᠂ ᠭᠤᠤᠯᠳᠠᠯᠭ᠎ᠠ ᠲᠠᠢ ᠬᠥᠮᠥᠰ ᠢ ᠨᠢᠭᠡᠨᠲᠡ ᠦᠢᠯᠡᠰ | ᠴᠣᠭᠴᠠᠯᠠᠭᠰᠠᠨ ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠭᠴᠢᠳ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠨᠦᠭᠦᠳ ᠪᠠ ᠬᠥᠳᠡᠭᠡ ᠲᠣᠰᠬᠤᠨ ᠤ ᠦᠢᠯᠡᠰ ᠴᠣᠭᠴᠠᠯᠠᠵᠤ ᠪᠠᠶᠠᠵᠢᠬᠤ ᠶᠢ | ᠳᠠᠭᠠᠭᠤᠯᠤᠭᠴᠢᠳ ᠲᠤ ᠬᠦᠷᠲᠡᠯ᠎ᠡ ᠥᠷᠭᠡᠳᠬᠡᠨ᠎ᠡ᠃ ᠡᠨᠡ ᠬᠡᠳᠦᠨ ᠲᠥᠷᠥᠯ ᠤᠨ ᠬᠥᠮᠦᠰ ᠦᠢᠯᠡᠰ ᠴᠣᠭᠴᠠᠯᠠᠬᠤ | ᠪᠣᠯᠪᠠᠰᠤᠷᠠᠯ ᠳᠤ ᠣᠷᠣᠯᠴᠠᠪᠠᠯ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠢ ᠳᠡᠭᠡᠭᠰᠢᠯᠡᠭᠦᠯᠬᠦ ᠠᠵᠢᠯᠯᠠᠭ᠎ᠠ ᠶᠢᠨ | ᠲᠤᠰᠬᠠᠶ ᠲᠠᠩᠰᠠᠨ ᠤ ᠪᠠᠯᠠ ᠮᠥᠩᠭᠦ ᠶᠢᠨ ᠪᠣᠯᠪᠠᠰᠤᠷᠠᠯ ᠤᠨ ᠨᠥᠬᠦᠪᠥᠷᠢ ᠶᠢ ᠭᠥᠷᠳᠡᠵᠦ ᠪᠣᠯᠤᠨ᠎ᠠ᠃ ᠲᠠᠷᠠᠭᠠᠴᠢ ᠶᠢᠨ | ᠠᠯᠬᠤᠮ ᠳᠤ ᠪᠢᠳᠡ ᠡᠨᠡ ᠬᠦ ᠲᠥᠷᠥᠯ ᠤᠨ ᠬᠥᠮᠥᠰ ᠤᠨ ᠦᠢᠯᠡᠰ ᠴᠣᠭᠴᠠᠯᠠᠬᠤ ᠪᠣᠯᠪᠠᠰᠤᠷᠠᠯ ᠤᠨ ᠡᠷᠴᠢᠮ ᠢ | ᠴᠢᠩᠭᠠᠷᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢ ᠲᠣᠭᠲᠠᠪᠤᠷᠢᠵᠢᠭᠤᠯᠤᠨ᠂ ᠠᠵᠤ ᠠᠬᠤᠶᠢᠯᠠᠯ ᠤᠨ | ᠬᠥᠭᠵᠢᠯᠲᠡ ᠶᠢ ᠠᠬᠢᠭᠤᠯᠵᠤ᠂ ᠠᠵᠢᠯ ᠣᠯᠣᠯᠲᠠ ᠶᠢ ᠳᠠᠶᠢᠴᠢᠯᠠᠬᠤ ᠶᠢ ᠪᠡᠶᠡᠯᠡᠭᠦᠯᠦᠨ᠎ᠡ᠃ ᠬᠤᠶᠠᠷ ᠲᠤ᠂ ᠮᠡᠷᠭᠡᠵᠢᠯ | ᠴᠢᠳᠠᠪᠤᠷᠢ + ︽ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠵᠠᠭᠪᠤᠷ ᠢ ᠰᠦᠪᠡᠭᠴᠢᠯᠡᠵᠦ᠂ ᠦᠢᠯᠡᠰ ᠴᠣᠭᠴᠠᠯᠠᠵᠤ | ᠰᠢᠨ᠎ᠡ ᠶᠢ ᠡᠭᠦᠳᠬᠦ ᠬᠢᠴᠢᠶᠡᠯ ᠢ ᠵᠢᠭᠠᠨ ᠰᠤᠷᠭᠠᠯᠲᠠ ᠶᠢᠨ ᠲᠥᠯᠥᠪᠯᠡᠭᠡ ᠳᠤ ᠣᠷᠣᠭᠤᠯᠤᠨ᠂ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠶᠢᠨ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠪᠣᠯᠪᠠᠰᠤᠷᠠᠯ ᠤᠨ ᠠᠵᠢᠯ ᠢ ᠠᠬᠢᠭᠤᠯᠤᠨ᠎ᠠ︔ ᠭᠤᠷᠪᠠ ᠳᠤ᠂ ᠦᠢᠯᠡᠰ | ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ ᠵᠢᠯᠣᠭᠤᠳᠬᠤ ᠴᠢᠳᠠᠪᠤᠷᠢ ᠶᠢ ᠴᠢᠬᠤᠯᠠᠴᠢᠯᠠᠨ ᠳᠡᠭᠡᠭᠰᠢᠯᠡᠭᠦᠯᠦᠨ᠎ᠡ᠃ | ᠦᠢᠯᠡᠰ ᠴᠣᠭᠴᠠᠯᠠᠬᠤ ᠪᠣᠯᠪᠠᠰᠤᠷᠠᠯ ᠤᠨ ᠪᠠᠭᠰᠢ ᠶᠢᠨ ᠬᠥᠮᠥᠷᠭᠡ ᠪᠠ ᠵᠢᠯᠣᠭᠤᠳᠣᠭᠴᠢ ᠪᠠᠭᠰᠢ ᠶᠢᠨ ᠬᠥᠮᠥᠷᠭᠡ ᠶᠢ | ᠪᠠᠶᠢᠭᠤᠯᠬᠤ ᠶᠢᠨ ᠬᠠᠮᠲᠤ ᠦᠢᠯᠡᠰ ᠴᠣᠭᠴᠠᠯᠠᠬᠤ ᠪᠣᠯᠪᠠᠰᠤᠷᠠᠯ ᠤᠨ ᠰᠢᠯᠢᠳᠡᠭ ᠪᠠᠭᠰᠢ᠂ ᠦᠢᠯᠡᠰ ᠴᠣᠭᠴᠠᠯᠠᠬᠤ | ᠵᠢᠯᠣᠭᠤᠳᠣᠭᠴᠢ ᠪᠠᠭᠰᠢ ᠶᠢᠨ ᠠᠵᠢᠯᠯᠠᠬᠤ ᠲᠠᠰᠤᠭ ᠪᠠᠶᠢᠭᠤᠯᠬᠤ ᠶᠢ ᠵᠣᠷᠢᠭᠵᠢᠭᠤᠯᠤᠨ᠎ᠠ᠃ ᠳᠥᠷᠪᠡ ᠳᠤ᠂ ︽ | ᠴᠠᠬᠢᠯᠳᠠᠭ ᠪᠥᠬᠦ ᠤᠯᠤᠰ ᠤᠨ ᠦᠢᠯᠡᠰ ᠴᠣᠭᠴᠠᠯᠠᠬᠤ ᠪᠣᠯᠪᠠᠰᠤᠷᠠᠯ ᠤᠨ ᠯᠧᠺᠲ᠋ᠣᠷ ᠤᠨ ᠤᠷᠤᠯᠳᠤᠭᠠᠨ︾ ᠢ | ᠦᠷᠭᠦᠯᠵᠢᠯᠡᠨ ᠵᠣᠬᠢᠶᠠᠨ ᠪᠠᠶᠢᠭᠤᠯᠬᠤ ᠶᠢᠨ ᠬᠠᠮᠲᠤ ᠦᠢᠯᠡᠰ ᠴᠣᠭᠴᠠᠯᠠᠬᠤ ᠪᠣᠯᠪᠠᠰᠤᠷᠠᠯ ᠤᠨ ᠠᠵᠢᠯ ᠤᠨ ᠨᠠᠷᠠᠲᠤ | ᠲᠡᠮᠳᠡᠭ ᠤᠨ ᠠᠵᠢᠯᠯᠠᠭ᠎ᠠ ᠪᠣᠯᠭᠠᠵᠤ᠂ ᠮᠡᠷᠭᠡᠵᠢᠯ ᠢᠶᠠᠨ ᠬᠤᠪᠢᠶᠠᠯᠴᠠᠨ᠂ ᠲᠤᠷᠰᠢᠯᠭ᠎ᠠ ᠪᠠᠨ ᠰᠣᠯᠢᠯᠴᠠᠵᠤ᠂ | ᠪᠦᠲᠦᠭᠡᠯ ᠢᠶᠠᠨ ᠳᠡᠯᠭᠡᠨ ᠦᠵᠡᠭᠦᠯᠵᠦ᠂ ᠠᠵᠢᠯ ᠢᠶᠠᠨ ᠳᠠᠶᠢᠴᠢᠯᠠᠨ᠎ᠠ᠃ ᠲᠠᠪᠤ ᠳᠤ᠂ ᠡᠯ᠎ᠡ ᠲᠥᠷᠥᠯ ᠤᠨ ᠠᠵᠢᠯ | ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠪᠠ ᠦᠢᠯᠡᠰ ᠴᠣᠭᠴᠠᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ | ᠦᠢᠯᠡᠰ ᠴᠣᠭᠴᠠᠯᠠᠬᠤ ᠪᠣᠯᠪᠠᠰᠤᠷᠠᠯ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠡᠭᠦᠨ ᠤ ᠬᠠᠮᠲᠤ ᠳᠡᠭᠡᠳᠦ | ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠲᠠᠢ | ᠤᠶᠠᠯᠳᠤᠭᠤᠯᠤᠨ᠂ ᠨᠢᠭᠡ ᠪᠦᠯᠦᠭ ᠦᠢᠯᠡᠰ ᠴᠣᠭᠴᠠᠯᠠᠬᠤ ᠪᠣᠯᠪᠠᠰᠤᠷᠠᠯ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢ ᠪᠤᠶᠢᠵᠢᠭᠤᠯᠤᠨ ᠬᠥᠭᠵᠢᠭᠦᠯᠦᠨ᠎ᠡ᠃ | 6. ᠠᠰᠠᠭᠤᠯᠲᠠ᠄ ︽ᠴᠠᠬᠢᠯᠳᠠᠭ ᠲᠥᠯᠥᠪᠯᠡᠭᠡ︾ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠳᠤ ᠶᠠᠮᠠᠷ ᠶᠠᠮᠠᠷ | ᠠᠵᠢᠯ ᠤᠨ ᠱᠠᠭᠠᠷᠳᠠᠯᠭ᠎ᠠ ᠲᠠᠢ ᠪᠤᠶ︖ ᠬᠠᠷᠢᠭᠤᠯᠲᠠ᠄ ᠨᠢᠭᠡ ᠳᠤ᠂ ᠬᠡᠷᠡᠭᠵᠢᠭᠦᠯᠦᠯᠲᠡ ᠬᠠᠮᠢᠶᠠᠷᠤᠯᠲᠠ ᠶᠢ | ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠶ ᠬᠥᠮᠦᠨ ᠢᠶᠠᠷ | ᠬᠠᠷᠢᠭᠤᠴᠠᠭᠤᠯᠵᠤ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠢ ᠳᠡᠭᠡᠭᠰᠢᠯᠡᠭᠦᠯᠬᠦ ᠠᠵᠢᠯᠯᠠᠭ᠎ᠠ ᠶᠢᠨ ᠪᠦᠬᠦᠯᠢ | ᠴᠣᠭᠴᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠬᠢᠨᠠᠯᠲᠠ ᠵᠢᠯᠣᠭᠤᠳᠤᠯᠭ᠎ᠠ ᠪᠠ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠲᠡᠶ᠃ ᠦᠢᠯᠡᠰ ᠴᠣᠭᠴᠠᠯᠠᠬᠤ ᠪᠣᠯᠪᠠᠰᠤᠷᠠᠯ ᠤᠨ ᠬᠢᠴᠢᠶᠡᠯ ᠪᠠ ᠦᠢᠯᠡᠰ ᠴᠣᠭᠴᠠᠯᠠᠬᠤ | ᠪᠣᠯᠪᠠᠰᠤᠷᠠᠯ ᠤᠨ ᠪᠠᠶᠢᠭᠤᠯᠤᠮᠵᠢ ᠳᠤ ᠭᠠᠷᠴᠠᠭ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ | ᠡᠯ᠎ᠡ ᠭᠠᠵᠠᠷ ᠨᠢ ᠦᠢᠯᠡᠰ ᠴᠣᠭᠴᠠᠯᠠᠬᠤ ᠪᠣᠯᠪᠠᠰᠤᠷᠠᠯ ᠤᠨ ᠬᠢᠴᠢᠶᠡᠯ ᠪᠠ ᠦᠢᠯᠡᠰ ᠴᠣᠭᠴᠠᠯᠠᠬᠤ ᠪᠣᠯᠪᠠᠰᠤᠷᠠᠯ ᠤᠨ | ᠪᠠᠶᠢᠭᠤᠯᠤᠮᠵᠢ ᠶᠢᠨ ᠭᠠᠷᠴᠠᠭ ᠢ ᠴᠠᠭ ᠲᠤᠬᠠᠶ ᠳᠤ ᠨᠢ ᠨᠡᠶᠢᠲᠡᠯᠡᠬᠦ ᠬᠡᠷᠡᠭᠲᠡᠶ᠃ ᠰᠠᠯᠠᠭ᠎ᠠ ᠮᠥᠴᠢᠷ ᠤᠨ | ᠬᠠᠮᠵᠢᠯᠴᠠᠭ᠎ᠠ ᠶᠢ ᠴᠢᠩᠭᠠᠳᠬᠠᠵᠤ᠂ ︽ᠴᠠᠬᠢᠯᠳᠠᠭ ᠲᠥᠯᠥᠪᠯᠡᠭᠡ︾ ᠳᠤ ᠲᠤᠯᠭᠠᠷᠠᠭᠰᠠᠨ ᠪᠣᠳᠠᠲᠠᠶ ᠬᠦᠴᠢᠷᠳᠡᠯ ᠪᠠ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ ᠬᠤᠶᠠᠷ ᠲᠤ᠂ ᠪᠠᠯᠠ ᠮᠥᠩᠭᠦ ᠶᠢᠨ | ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ︽ᠴᠠᠬᠢᠯᠳᠠᠭ ᠲᠥᠯᠥᠪᠯᠡᠭᠡ︾ ᠳᠤ ᠦᠢᠯᠡᠰ ᠴᠣᠭᠴᠠᠯᠠᠬᠤ | ᠪᠣᠯᠪᠠᠰᠤᠷᠠᠯ ᠤᠨ ᠨᠥᠬᠦᠪᠥᠷᠢ ᠶᠢᠨ ᠵᠠᠷᠤᠳᠠᠯ ᠢ ᠠᠵᠢᠯ ᠣᠯᠭᠤᠯᠲᠠ ᠶᠢᠨ ᠨᠥᠬᠦᠪᠥᠷᠢ ᠶᠢᠨ ᠪᠠᠯᠠ ᠮᠥᠩᠭᠦ ᠪᠤᠶᠤ ᠠᠵᠢᠯ | ᠮᠡᠷᠭᠡᠵᠢᠯ ᠤᠨ ᠤᠷ᠎ᠠ ᠮᠡᠷᠭᠡᠰᠢᠯ ᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠰᠬᠠᠶ ᠲᠠᠩᠰᠠᠨ ᠤ ᠪᠠᠯᠠ ᠮᠥᠩᠭᠦ ᠠᠴᠠ | ᠵᠣᠬᠢᠰᠲᠠᠶ ᠪᠠᠷ ᠨᠢᠭᠡᠳᠦᠯᠲᠡᠶ ᠲᠥᠯᠥᠪᠯᠡᠵᠦ ᠳᠣᠭᠢᠷᠠᠭᠤᠯᠤᠨ᠎ᠠ ᠭᠡᠵᠦ ᠲᠣᠳᠣᠷᠬᠠᠶ ᠵᠢᠭᠠᠵᠤ ᠭᠠᠷᠭᠠᠪᠠ᠃ ᠠᠵᠢᠯ | ᠮᠡᠷᠭᠡᠵᠢᠯ ᠤᠨ ᠤᠷ᠎ᠠ ᠮᠡᠷᠭᠡᠰᠢᠯ ᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠤᠭᠤᠴᠠᠭᠠᠨ ᠳᠤ᠂ ᠠᠵᠢᠯ ᠮᠡᠷᠭᠡᠵᠢᠯ ᠤᠨ | ᠤᠷ᠎ᠠ ᠮᠡᠷᠭᠡᠰᠢᠯ ᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠰᠬᠠᠶ ᠳᠠᠩᠰᠠᠨ ᠤ ᠪᠠᠯᠠ ᠮᠥᠩᠭᠦ ᠶᠢ ᠤᠷᠢᠳ ᠢᠶᠠᠷ | ᠬᠡᠷᠡᠭᠯᠡᠨ᠎ᠡ᠃ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠣᠯᠪᠠᠰᠤᠷᠠᠯ ᠤᠨ | ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠨᠥᠬᠦᠴᠡᠯ ᠲᠠᠢ ᠭᠠᠵᠠᠷ ᠣᠷᠣᠨ ᠨᠢ ᠵᠢᠭᠠᠨ ᠰᠤᠷᠭᠠᠯᠲᠠ ᠶᠢᠨ | ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠰᠦᠯᠵᠢᠶᠡᠨ ᠳᠡᠭᠡᠷᠡᠬᠢ ᠦᠢᠯᠡᠰ ᠴᠣᠭᠴᠠᠯᠠᠬᠤ ᠪᠣᠯᠪᠠᠰᠤᠷᠠᠯ᠂ | ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠯ᠂ ᠬᠠᠮᠢᠶᠠᠷᠤᠯᠲᠠ ᠶᠢᠨ ᠲᠠᠪᠴᠠᠩ ᠢ ᠨᠡᠭᠡᠭᠡᠨ ᠬᠥᠭᠵᠢᠭᠦᠯᠬᠦ ᠵᠡᠷᠭᠡ | ᠰᠠᠭᠤᠷᠢ ᠠᠵᠢᠯ ᠳᠤ ᠵᠠᠷᠤᠳᠠᠯ ᠤᠨ ᠳᠡᠮᠵᠢᠯᠭᠡ ᠦᠵᠡᠭᠦᠯᠵᠦ ᠪᠣᠯᠤᠨ᠎ᠠ᠃ ᠡᠯ᠎ᠡ ᠭᠠᠵᠠᠷ ᠤᠨ ᠬᠢᠨ ᠪᠡᠯᠡ ᠮᠥᠩᠭᠦᠨ ᠤ | ᠬᠠᠮᠢᠶᠠᠷᠤᠯᠲᠠ ᠶᠢᠨ ᠳᠦᠷᠢᠮ ᠢᠶᠠᠨ ᠲᠡᠭᠦᠯᠳᠡᠷᠵᠢᠭᠦᠯᠵᠦ᠂ ᠬᠡᠷᠡᠭᠯᠡᠯᠲᠡ ᠶᠢᠨ ᠠᠮᠤᠷ ᠲᠦᠪᠰᠢᠨ ᠢ ᠪᠠᠲᠤᠯᠠᠵᠤ᠂ | ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠤᠬᠠᠭᠤᠯᠤᠨ ᠬᠥᠲᠥᠯᠦᠨ | ᠵᠢᠯᠣᠭᠤᠳᠬᠤ ᠶᠢ ᠴᠢᠬᠤᠯᠠᠴᠢᠯᠠᠨ᠎ᠠ᠃ ᠡᠯ᠎ᠡ ᠭᠠᠵᠠᠷ ᠤᠨ ᠬᠢᠨ ︽ᠴᠠᠬᠢᠯᠳᠠᠭ ᠲᠥᠯᠥᠪᠯᠡᠭᠡ︾ ᠶᠢᠨ ᠭᠤᠤᠯ | ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠴᠠᠬᠢᠯᠳᠠᠭ ᠦᠢᠯᠡᠰ ᠴᠣᠭᠴᠠᠯᠠᠬᠤ ᠪᠣᠯᠪᠠᠰᠤᠷᠠᠯ ᠤᠨ | ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ︔ ᠬᠤᠲᠠ ᠬᠥᠳᠡᠭᠡ ᠶᠢᠨ ᠡᠯ᠎ᠡ | ᠲᠥᠷᠥᠯ ᠤᠨ ᠬᠥᠳᠡᠯᠮᠦᠷᠢᠴᠢᠳ ᠤᠨ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ︔ ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢ ᠪᠠ | ᠲᠠᠪᠴᠠᠩ ᠢ ᠢᠳᠡᠪᠬᠢᠲᠡᠶ ᠪᠠᠷ ᠬᠡᠷᠡᠭᠯᠡᠨ᠂ ᠨᠡᠶᠢᠲᠡᠯᠢᠭ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠵᠢᠱᠢᠶ᠎ᠡ | ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠠᠵᠢᠯ ᠤᠨ ᠲᠤᠷᠰᠢᠯᠭ᠎ᠠ ᠪᠠᠨ ᠰᠣᠯᠢᠯᠴᠠᠵᠤ᠂ ᠦᠢᠯᠡᠰ ᠴᠣᠭᠴᠠᠯᠠᠬᠤ ᠪᠠᠷ | ᠠᠵᠢᠯ ᠣᠯᠣᠯᠲᠠ ᠶᠢ ᠳᠠᠶᠢᠴᠢᠯᠠᠬᠤ ᠠᠵᠢᠯ ᠢ ᠭᠦᠨᠵᠡᠭᠡᠶ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | |