ᠣᠯᠵᠠᠴᠢ ᠪᠠᠯᠭᠠᠰᠣᠨ ᠤ ᠲᠠᠬᠢᠯᠲᠤ ᠲᠤᠰᠬᠤᠨ  ᠬᠤᠪᠢᠰᠬᠠᠯᠲᠤ ᠬᠦᠮᠦᠵᠢᠯ ᠤᠨ ᠡᠬᠢ ᠰᠣᠷᠪᠣᠯᠵᠢ ᠶᠢ ᠰᠠᠶᠢᠲᠤᠷ ᠠᠮᠢᠳᠣᠯᠢᠭᠵᠢᠭᠤᠯᠤᠨ ᠬᠡᠷᠡᠭᠯᠡᠵᠦ ᠪᠤᠢ
ᠨᠡᠶᠢᠲᠡᠯᠡᠭᠰᠡᠨ ᠴᠠᠭ᠄
2021/11/29
     ᠬᠤᠪᠢᠰᠬᠠᠯᠲᠤ ᠬᠦᠮᠦᠵᠢᠯ ᠤᠨ ᠡᠬᠢ ᠰᠣᠷᠪᠣᠯᠵᠢ ᠪᠣᠯ ᠬᠠᠮᠤᠭ ᠤᠨ ᠠᠮᠢᠳᠣᠯᠢᠭ᠂ ᠬᠠᠮᠤᠭ ᠤᠨ ᠡᠷᠬᠢᠮ ᠨᠠᠨᠳᠢᠨ ᠨᠠᠮ ᠤᠨ ᠲᠡᠤᠬᠡ ᠶᠢᠨ ᠵᠢᠭᠠᠬᠤ ᠮᠡᠲ᠋ᠧᠷᠢᠶᠡᠯ ᠪᠣᠯᠣᠨ᠎ᠠ᠃ ᠳᠠᠬᠢᠯᠲᠤ ᠲᠤᠰᠬᠤᠨ ᠤ ᠨᠠᠮ ᠤᠨ ᠡᠬᠦᠷ᠂ ᠲᠤᠰᠬᠤᠨ ᠳᠤ ᠰᠠᠭᠤᠭ᠎ᠠ ᠠᠵᠢᠯᠯᠠᠬᠤ ᠪᠠᠭ ᠤᠨ ᠬᠢᠨ ᠬᠤᠪᠢᠰᠬᠠᠯᠲᠤ ᠬᠦᠮᠦᠵᠢᠯ ᠤᠨ ᠡᠬᠢ ᠰᠣᠷᠪᠣᠯᠵᠢ ᠶᠢ ᠬᠦᠨᠵᠡᠭᠡᠢ ᠠᠭᠤᠳᠠᠯᠠᠵᠤ ᠠᠮᠢᠳᠣᠯᠢᠭᠵᠢᠭᠤᠯᠤᠨ ᠬᠡᠷᠡᠭᠯᠡᠵᠦ᠂ ᠬᠤᠪᠢᠰᠬᠠᠯ ᠤᠨ ᠲᠡᠤᠬᠡ ᠶᠢᠨ ᠳᠣᠷᠠᠰᠬᠠᠯ ᠤᠨ ᠣᠷᠳᠣᠨ ᠢ ᠨᠠᠮ ᠤᠨ ᠲᠡᠤᠬᠡ ᠶᠢᠨ ︽ᠬᠢᠴᠢᠶᠠᠯ ᠤᠨ ᠬᠡᠷ︾᠂ ᠲᠡᠣᠬᠡᠨ ᠲᠤᠷᠠᠰᠬᠠᠯ ᠲᠡᠤᠬᠡᠨ ᠮᠡᠲ᠋ᠧᠷᠢᠶᠡᠯ ᠢ ᠨᠠᠮ  ᠤᠨ ᠲᠡᠤᠬᠡ ᠶᠢᠨ ︽ᠵᠢᠭᠠᠬᠤ ᠮᠡᠲ᠋ᠧᠷᠢᠶᠡᠯ︾᠂ ᠰᠢᠯᠢᠳᠡᠭ ᠵᠢᠱᠢᠶ᠎ᠡ ᠦᠵᠡᠬᠦᠯᠦᠭᠴᠢ ᠶᠢ ᠨᠠᠮ ᠤᠨ ᠲᠡᠣᠬᠡ ᠶᠢᠨ       ︽ᠪᠠᠭᠰᠢ︾ ᠪᠣᠯᠭᠠᠬᠤ ᠪᠠᠷ ᠴᠢᠷᠮᠠᠶᠢᠨ᠂ ᠨᠠᠮ ᠤᠨ ᠲᠡᠣᠬᠡ ᠶᠢᠨ ᠬᠦᠮᠦᠵᠢᠯ ᠰᠣᠷᠣᠯᠴᠠᠯᠭ᠎ᠠ ᠶᠢ ᠰᠡᠳᠬᠢᠯ ᠳᠤ ᠬᠠᠳᠠᠩᠰᠢᠭᠤᠯᠵᠤ᠂ ᠨᠠᠮᠴᠢ ᠴᠢᠨᠠᠷ ᠤᠨ ᠪᠣᠯᠪᠠᠰᠣᠷᠠᠯ ᠢ ᠦᠢᠯᠡᠳᠦᠯᠭᠡᠵᠢᠬᠦᠯᠦᠨ ᠪᠦᠲᠦᠮᠵᠢ ᠭᠠᠷᠭᠠᠬᠤ ᠶᠢ ᠠᠬᠢᠭᠤᠯᠪᠠ᠃      ᠬᠤᠪᠢᠰᠬᠠᠯᠲᠤ ᠬᠦᠮᠦᠵᠢᠯ ᠤᠨ ᠲᠡᠣᠬᠡ ᠲᠤᠷᠠᠰᠬᠠᠯ ᠳᠤ ᠲᠦᠰᠢᠭᠯᠡᠵᠦ᠂ ᠬᠤᠪᠢᠰᠬᠠᠯᠲᠤ ᠲᠡᠮᠡᠴᠡᠯ ᠤᠨ ᠣᠯᠠ ᠮᠦᠷ ᠢ ᠮᠦᠷᠳᠡᠨ ᠵᠠᠮᠨᠠᠵᠤ ᠪᠤᠢ      ᠳᠠᠬᠢᠯᠲᠤ ᠲᠤᠰᠬᠤᠨ ᠦᠪᠦᠷ ᠮᠣᠩᠭᠤᠯ᠂ ᠱᠠᠨᠰᠢ᠂ ᠨᠢᠩᠰᠢᠶᠠ ᠭᠤᠷᠪᠠᠨ ᠮᠣᠵᠢ ᠣᠷᠣᠨ ᠤ ᠠᠭᠤᠯᠵᠠᠷ ᠲᠤ ᠪᠠᠶᠢᠷᠢᠯᠠᠵᠤ᠂ ᠲᠠᠯ᠎ᠠ ᠨᠣᠲᠤᠭ ᠤᠨ ᠶᠡᠨ ᠠᠨ ᠢᠶᠠᠷ ᠨᠡᠷᠡᠯᠡᠭᠳᠡᠨ᠂ ᠳᠣᠮᠳᠠᠳᠣ ᠤᠯᠤᠰ ᠤᠨ ᠡᠪ ᠬᠠᠮᠲᠤ ᠨᠠᠮ ᠠᠴᠠ ᠮᠣᠩᠭᠤᠯ ᠦᠨᠳᠦᠰᠦᠲᠡᠨ ᠤ ᠠᠵᠢᠯ ᠦᠷᠨᠢᠬᠦᠯᠬᠦ ᠲᠦᠷᠦᠬᠦᠴᠢ ᠦᠷᠲᠡᠭᠡ ᠪᠤᠯᠤᠭᠰᠠᠨ ᠪᠠᠶᠢᠨ᠎ᠠ᠂ ᠮᠦᠨᠴᠦ ᠱᠠᠨᠰᠢ ᠭᠠᠨᠰᠣ ᠨᠢᠩᠰᠢᠶᠠ ᠶᠢᠨ ᠬᠢᠵᠠᠭᠠᠷ ᠣᠷᠣᠨ ᠤ ᠣᠮᠠᠷᠠᠲᠤ ᠡᠬᠦᠳᠡ ᠪᠠ ᠴᠢᠬᠤᠯᠠ ᠪᠦᠷᠢᠯᠳᠦᠬᠦᠨ ᠬᠡᠰᠡᠭ ᠪᠤᠯᠤᠭᠰᠠᠨ  ᠢᠶᠠᠷ ᠢᠶᠠᠨ ᠲᠡᠣᠬᠡ ᠰᠣᠶᠣᠯ ᠲᠦᠢᠯ ᠤᠨ ᠦᠳᠬᠡᠨ ᠵᠤᠵᠠᠭᠠᠨ ᠮᠦᠷᠲᠡᠭᠡᠨ ᠬᠤᠪᠢᠰᠬᠠᠯᠲᠤ ᠣᠯᠠᠮᠵᠢᠯᠠᠯ ᠢᠶᠠᠷ ᠪᠢᠯᠬᠠᠮ᠎ᠠ ᠭᠠᠵᠠᠷ ᠣᠷᠣᠨ ᠪᠣᠯᠣᠨ᠎ᠠ᠂ ᠡᠨᠡᠬᠦ ᠭᠠᠵᠠᠷ ᠣᠷᠣᠨ ᠳᠤ ᠬᠤᠪᠢᠰᠬᠠᠯ ᠤᠨ ᠲᠡᠤᠬᠡ᠂ ᠬᠤᠪᠢᠰᠬᠠᠯ ᠤᠨ ᠢᠲᠡᠭᠡᠯ ᠪᠢᠰᠢᠷᠠᠯ ᠲᠠᠢ ᠪᠠᠷ ᠪᠠᠷᠠᠬᠤ ᠦᠬᠡᠢ᠂ ᠪᠠᠰᠠ ᠬᠤᠪᠢᠰᠬᠠᠯᠲᠤ ᠡᠷᠬᠢᠮ ᠳᠡᠭᠡᠳᠦ ᠬᠦᠰᠡᠯᠡᠩ ᠲᠠᠢ ᠶᠤᠮ᠃       ᠬᠤᠪᠢᠰᠬᠠᠯ ᠤᠨ ᠲᠡᠤᠬᠡ ᠶᠢᠨ ᠳᠣᠷᠠᠰᠬᠠᠯ ᠤᠨ ᠣᠷᠳᠣᠨ ᠳᠤ᠂ ᠭᠠᠯ ᠤᠯᠠᠭᠠᠨ ᠨᠠᠮ ᠤᠨ ᠲᠤᠭ ᠤᠨ ᠳᠣᠣᠷ᠎ᠠ ᠰᠢ ᠵᠦᠩ ᠰᠢᠶᠦ᠋ᠨ᠂ ᠣᠯᠠᠭᠠᠨᠬᠦᠦ ᠬᠤᠶᠠᠷ ᠭᠠᠷᠮᠠᠭᠠᠢ ᠡᠪ ᠬᠠᠮᠲᠤᠴᠢ᠂ ᠦᠨᠳᠦᠰᠦᠲᠠᠨ ᠤ ᠠᠵᠢᠯ ᠤᠨ ᠣᠳᠣᠷᠢᠳᠣᠭᠴᠢ᠂ ᠮᠣᠩᠭᠤᠯ ᠦᠨᠳᠦᠰᠦᠲᠡᠨ ᠤ ᠣᠯᠠᠨ ᠲᠦᠮᠡᠨ ᠲᠠᠢ ᠬᠠᠮᠲᠤ ᠪᠠᠷ ᠪᠦᠯᠬᠦᠮᠳᠡᠨ ᠲᠡᠮᠡᠴᠡᠭᠰᠡᠨ ᠦᠵᠡᠭᠳᠡᠯ ᠲᠠᠢ ᠲᠤᠮᠤ ᠬᠡᠯᠪᠡᠷᠢ ᠶᠢᠨ ᠱᠣᠭᠤᠮᠠᠯ ᠪᠠᠶᠢᠵᠤ᠂ ᠣᠯᠠᠨ ᠳᠠᠶᠠᠭᠠᠷ ᠲᠤ ᠳᠠᠬᠢᠯᠲᠤ ᠶᠢᠨ ᠬᠤᠪᠢᠰᠬᠠᠯ ᠤᠨ ᠰᠠᠭᠤᠷᠢᠨ ᠭᠠᠵᠠᠷ ᠤᠨ ᠮᠣᠩᠭᠤᠯ ᠬᠢᠲᠠᠳ ᠣᠯᠠᠨ ᠲᠦᠮᠡᠨ ᠤ ᠬᠦᠴᠦᠨ ᠳᠣᠮᠳᠠᠳᠣ ᠣᠯᠣᠰ ᠤᠨ ᠡᠪ ᠬᠠᠮᠲᠤ ᠨᠠᠮ  ᠤᠨ ᠦᠨᠳᠦᠰᠦᠲᠡᠨ ᠤ ᠠᠵᠢᠯ ᠤᠨ ᠣᠳᠣᠷᠢᠳᠣᠭᠴᠢ ᠰᠢ ᠵᠦᠩ ᠰᠢᠶᠦ᠋ᠨ᠂ ᠣᠯᠠᠭᠠᠨᠬᠦᠦ ᠶᠢᠨ ᠳᠠᠶᠢᠴᠢᠯᠠᠯᠲᠠ ᠶᠢᠨ ᠳᠣᠣᠷ᠎ᠠ  ᠦᠷᠨᠢᠨ ᠬᠦᠭᠵᠢᠭᠰᠡᠨ ᠶᠠᠪᠤᠴᠠ ᠶᠢ ᠦᠬᠦᠯᠡᠨ ᠪᠠᠶᠢᠭ᠎ᠠ ᠶᠤᠮ᠃       ᠢᠯᠡᠳᠬᠡᠵᠦ ᠢᠯᠡᠷᠡᠬᠦᠯᠬᠦ ᠠᠷᠭ᠎ᠠ ᠬᠡᠯᠪᠡᠷᠢ ᠪᠠᠨ ᠰᠢᠨᠡᠳᠬᠡᠵᠦ᠂ ᠬᠤᠪᠢᠰᠬᠠᠯᠲᠤ ᠬᠦᠮᠦᠵᠢᠯ ᠤᠨ ᠡᠬᠢ ᠰᠣᠷᠪᠣᠯᠵᠢ ᠶᠢ ᠠᠮᠢᠳᠣᠯᠢᠭᠵᠢᠭᠤᠯᠵᠤ ᠪᠣᠢ       ᠨᠠᠮ ᠤᠨ ᠲᠡᠤᠬᠡ ᠶᠢᠨ ᠬᠦᠮᠦᠵᠢᠯ ᠰᠣᠷᠣᠯᠴᠠᠯᠭ᠎ᠠ ᠤᠨ ᠳᠣᠮᠳᠠ᠂ ᠲᠤᠰᠬᠤᠨ ᠳᠤ ᠰᠠᠭᠤᠭ᠎ᠠ ᠠᠵᠢᠯᠯᠠᠬᠤ ᠪᠠᠭ ᠠᠴᠠ ᠲᠠᠯ᠎ᠠ ᠨᠤᠲᠤᠭ ᠤᠨ ᠨᠣᠮ ᠤᠨ ᠦᠷᠦᠬᠡ᠂ ᠠᠵᠢᠯᠲᠠᠨ ᠤ ᠨᠣᠮ ᠤᠨ ᠦᠷᠦᠬᠡ᠂ ᠨᠠᠶᠢᠬᠡᠮ ᠲᠤᠭᠤᠷᠢᠭ ᠤᠨ ᠷᠠᠳᠢᠤ᠋ ᠨᠡᠪᠲᠡᠷᠡᠬᠦᠯᠭᠡ ᠶᠢᠨ ᠦᠷᠲᠡᠭᠡ᠂ ᠳᠠᠬᠢᠯᠲᠤ ᠶᠢᠨ ᠬᠤᠪᠢᠰᠬᠠᠯ ᠤᠨ ᠲᠡᠣᠬᠡ ᠶᠢᠨ ᠲᠤᠷᠠᠰᠬᠠᠯ ᠤᠨ ᠣᠷᠳᠣᠨ ᠵᠡᠷᠭᠡ ᠠᠵᠢᠯᠯᠠᠭᠠᠨ ᠤ ᠭᠠᠵᠠᠷ ᠢ ᠬᠦᠢᠴᠡᠳ ᠠᠰᠢᠭᠯᠠᠵᠤ᠂ ᠲᠤᠰ ᠭᠠᠵᠠᠷ ᠣᠷᠣᠨ ᠤ ᠬᠤᠪᠢᠰᠬᠠᠯᠲᠤ ᠬᠦᠮᠦᠵᠢᠯ ᠤᠨ ᠡᠬᠢ ᠰᠣᠷᠪᠣᠯᠵᠢ ᠶᠢ ᠰᠠᠶᠢᠲᠤᠷ ᠠᠮᠢᠳᠣᠯᠢᠭᠵᠢᠭᠤᠯᠵᠦ ᠬᠡᠷᠡᠭᠯᠡᠨ᠂ ᠣᠩᠰᠢᠯᠭ᠎ᠠ ᠶᠢᠨ ᠲᠤᠰᠬᠠᠢ  ᠲᠤᠭᠤᠷᠢᠭ ᠭᠠᠷᠭᠠᠬᠤ᠂ ᠬᠤᠪᠢᠰᠬᠠᠯᠲᠤ ᠳᠠᠭᠤᠤ ᠶᠢ ᠣᠯᠠᠮᠵᠢᠯᠠᠨ ᠳᠠᠭᠤᠯᠠᠬᠤ᠂ ᠬᠤᠪᠢᠰᠬᠠᠯᠲᠤ ᠬᠦᠮᠦᠵᠢᠯ ᠤᠨ ᠺᠢᠨᠣ᠋ ᠦᠵᠡᠬᠦ᠂ ᠬᠤᠪᠢᠰᠬᠠᠯ ᠤᠨ ᠲᠤᠷᠠᠰᠬᠠᠯ ᠤᠨ ᠣᠷᠳᠣᠨ ᠢ ᠲᠤᠭᠤᠷᠢᠨ ᠦᠵᠡᠬᠦ ᠵᠡᠷᠭᠡ ᠪᠠᠷ ᠭᠤᠤᠯ ᠠᠭᠤᠯᠭ᠎ᠠ ᠪᠤᠯᠭᠠᠵᠤ᠂ ᠨᠠᠮ  ᠤᠨ ᠲᠡᠣᠬᠡ ᠪᠠᠷ ᠭᠤᠤᠯᠳᠠᠯᠭ᠎ᠠ ᠪᠣᠯᠭᠠᠭᠰᠠᠨ ︽ᠰᠣᠷᠣᠯᠴᠠᠯᠭ᠎ᠠ ᠶᠢ ᠡᠷᠦᠬᠡ ᠳᠤ ᠬᠦᠷᠬᠡᠬᠦ︾᠂ ︽ᠨᠠᠮ ᠤᠨ ᠡᠬᠦᠷ  ᠤᠨ ᠱᠦᠵᠢ ᠨᠠᠮ ᠤᠨ ᠬᠢᠴᠢᠶᠡᠯ ᠶᠠᠷᠢᠬᠤ︾ ᠵᠡᠷᠭᠡ ᠠᠵᠢᠯᠯᠠᠭ᠎ᠠ ᠶᠢ ᠦᠷᠨᠢᠬᠦᠯᠦᠨ᠂ ᠨᠠᠮ ᠤᠨ ᠲᠡᠤᠬᠡ ᠶᠢᠨ ᠬᠦᠮᠦᠵᠢᠯ ᠰᠣᠷᠣᠯᠴᠠᠯᠭ᠎ᠠ ᠢᠶᠠᠨ ᠣᠯᠠᠨ ᠲᠦᠮᠡᠨ᠂ ᠦᠨᠳᠦᠰᠦᠨ ᠱᠠᠲᠤᠨ ᠳᠤ ᠬᠢ ᠬᠦᠨᠵᠡᠬᠡᠶᠢᠷᠡᠯ ᠢ ᠠᠬᠢᠭᠤᠯᠪᠠ᠃      ︽ᠨᠠᠮ ᠤᠨ ᠲᠡᠣᠬᠡ ᠪᠠᠨ ᠰᠣᠷᠣᠯᠴᠠᠵᠤ᠂ ᠦᠵᠡᠯ ᠰᠠᠨᠠᠭ᠎ᠠ ᠶᠢ ᠨᠢ ᠣᠶᠢᠯᠠᠭᠠᠬᠤ︾ ᠪᠣᠯ ᠣᠭ ᠰᠠᠨᠠᠭ᠎ᠠ ᠪᠠᠨ ᠪᠠᠲᠤᠵᠢᠭᠤᠯᠬᠤ ᠳᠤ ᠵᠠᠪᠠᠯ ᠰᠣᠷᠬᠤ ᠬᠢᠴᠢᠶᠠᠯ ᠪᠣᠯᠣᠨ᠎ᠠ᠂ ᠨᠡᠩ ᠴᠤ ᠣᠶᠣᠨ ᠰᠠᠨᠠᠭ᠎ᠠ ᠪᠠᠨ ᠣᠷᠮᠠᠰᠢᠭᠤᠯᠬᠤ ᠬᠦᠳᠡᠯᠭᠡᠭᠴᠢ ᠬᠦᠴᠦᠨ ᠪᠣᠯᠬᠤ ᠶᠤᠮ᠃ ᠡᠳᠦᠷ ᠪᠦᠷᠢ ᠶᠢᠨ ᠦᠷᠯᠦᠬᠡᠨ ᠤ 9 ᠴᠠᠭ ᠲᠤ᠂ ᠳᠠᠬᠢᠯᠲᠤ ᠨᠡᠶᠢᠬᠡᠮ ᠲᠤᠭᠤᠷᠢᠭ ᠤᠨ ᠷᠠᠳᠢᠤ᠋ ᠨᠡᠪᠲᠡᠷᠡᠬᠦᠯᠬᠡ ᠶᠢᠨ ᠦᠷᠲᠡᠭᠡᠨ ᠤ ︽ᠨᠠᠮ ᠤᠨ ᠲᠡᠣᠬᠡ ᠶᠢᠨ ᠪᠢᠴᠢᠬᠠᠨ ᠪᠦᠷᠢᠶ᠎ᠡ︾ ᠠᠴᠠ ᠬᠤᠪᠢᠰᠬᠠᠯᠲᠤ ᠬᠦᠮᠦᠵᠢᠯ ᠤᠨ ᠨᠠᠮ ᠤᠨ ᠬᠢᠴᠢᠶᠡᠯ ᠵᠢᠴᠢ ᠨᠠᠮ ᠤᠨ ᠲᠡᠤᠬᠡ ᠶᠢᠨ ᠦᠯᠢᠭᠡᠷ ᠵᠡᠷᠭᠡ ᠠᠭᠤᠯᠭ᠎ᠠ ᠨᠡᠪᠲᠡᠷᠡᠬᠦᠯᠵᠦ᠂ ᠨᠠᠮ ᠤᠨ ᠲᠡᠤᠬᠡ ᠶᠢᠨ ᠬᠦᠮᠦᠵᠢᠯ ᠰᠤᠷᠤᠯᠴᠠᠯᠭ᠎ᠠ ᠶᠢᠨ ︽ᠳᠠᠭᠤᠳᠤ ᠣᠩᠰᠢᠯᠭ᠎ᠠ︾ ᠶᠢ ᠪᠣᠢ ᠪᠣᠯᠭᠠᠨ᠂ ᠡᠨᠡᠬᠦ ᠬᠡᠯᠪᠡᠷᠢ ᠪᠠᠷ ᠨᠠᠮ ᠤᠨ ᠬᠡᠰᠢᠬᠦᠨ ᠺᠠᠳ᠋ᠷᠴᠣᠳ ᠢ ᠬᠡᠷ ᠲᠤ ᠪᠠᠨ ᠨᠠᠮ ᠤᠨ ᠲᠡᠤᠬᠡ ᠰᠤᠷᠤᠯᠴᠠᠵᠤ᠂ ᠨᠠᠮ ᠤᠨ ᠲᠡᠣᠬᠡ ᠶᠢ ᠣᠶᠢᠯᠠᠭᠠᠬᠤ ᠪᠤᠯᠭᠠᠭᠰᠠᠨ ᠪᠠᠶᠢᠨ᠎ᠠ᠃      ᠬᠤᠪᠢᠰᠬᠠᠯ ᠤᠨ ᠵᠤᠷᠢᠭ ᠰᠠᠨᠠᠭ᠎ᠠ ᠶᠢ ᠵᠠᠯᠭᠠᠮᠵᠢᠯᠠᠨ ᠦᠷᠬᠦᠯᠵᠢᠯᠡᠬᠦᠯᠵᠦ᠂ ᠡᠷᠡᠯᠬᠡᠭᠯᠡᠨ ᠣᠷᠣᠭᠰᠢᠯᠠᠬᠤ ᠡᠷᠴᠢ ᠬᠦᠴᠦᠨ ᠢᠶᠠᠨ ᠣᠷᠮᠠᠰᠢᠭᠤᠯᠵᠤ ᠪᠤᠢ      ᠰᠣᠷᠣᠭᠰᠠᠨ ᠢᠶᠠᠨ ᠬᠡᠷᠡᠭᠯᠡᠵᠦ᠂ ᠰᠣᠷᠣᠯᠴᠠᠯᠭ᠎ᠠ ᠦᠢᠯᠡᠳᠦᠯᠭᠡ ᠶᠢ ᠣᠶᠠᠯᠳᠣᠭᠤᠯᠪᠠ᠃ ᠨᠠᠮ ᠤᠨ ᠲᠡᠣᠬᠡ ᠶᠢᠨ ᠬᠦᠮᠦᠵᠢᠯ ᠰᠣᠷᠣᠯᠴᠠᠯᠭ᠎ᠠ ᠶᠢ ᠦᠷᠨᠢᠬᠦᠯᠦᠭᠰᠡᠨ ᠠᠴᠠ ᠨᠠᠭᠠᠰᠢ᠂ ᠲᠤᠰᠬᠤᠨ ᠳᠤ ᠰᠠᠭᠤᠭ᠎ᠠ ᠠᠵᠢᠯᠯᠠᠬᠤ ᠪᠠᠭ ᠲᠤᠰᠬᠤᠨ ᠤ ᠬᠤᠶᠠᠷ ᠵᠦᠪᠯᠡᠯ᠂ ᠲᠤᠤᠷᠵᠢᠯ ᠬᠠᠮᠢᠶᠠᠷᠤᠯᠲᠠ ᠶᠢᠨ ᠬᠡᠰᠢᠬᠦᠨ᠂ ᠲᠤᠰᠬᠤᠨ ᠤ ᠬᠡᠰᠢᠬᠦᠳ ᠤᠨ ᠲᠦᠯᠦᠭᠡᠯᠡᠭᠴᠢ ᠲᠠᠢ ᠬᠠᠮᠲᠤ ᠡᠯ᠎ᠡ ᠬᠤᠷᠰᠢᠶ᠎ᠠ ᠪᠠᠷ ᠬᠦᠨᠵᠡᠭᠡᠶᠢᠷᠡᠵᠦ ᠠᠮᠢ ᠠᠬᠤᠢ ᠣᠷᠴᠢᠨ ᠲᠤᠭᠤᠷᠢᠨ ᠤ ᠴᠡᠭᠴᠡᠯᠡᠯᠲᠡ ᠶᠢ ᠶᠠᠪᠤᠭᠳᠠᠭᠤᠯᠬᠤ ᠶᠢᠨ ᠬᠠᠮᠲᠤ ᠠᠰᠠᠭᠤᠳᠠᠯ ᠤᠨ ᠴᠡᠭᠴᠡᠯᠡᠯᠲᠡ ᠶᠢ ᠱᠠᠯᠠᠪᠳᠠᠬᠤ᠂ ᠪᠤᠲᠠᠲᠠᠢ ᠠᠰᠠᠭᠤᠳᠠᠯ ᠢ ᠰᠢᠢᠳᠪᠦᠷᠢᠯᠡᠬᠦ ᠶᠢ ᠣᠷᠲᠤ ᠬᠤᠭᠤᠴᠠᠭ᠎ᠠ ᠪᠠᠷ ᠪᠠᠷᠢᠮᠲᠠᠯᠠᠪᠠ᠃ ︽ᠣᠯᠠᠨ ᠲᠦᠮᠡᠨ ᠳᠤ ᠪᠤᠲᠠᠲᠤ ᠠᠵᠢᠯ ᠬᠢᠬᠦ︾ ᠠᠵᠢᠯᠯᠠᠭᠠᠨ ᠢ ᠶᠡᠬᠡᠪᠡᠷ ᠦᠷᠨᠢᠬᠦᠯᠵᠦ᠂ ᠨᠠᠮ ᠤᠨ ᠭᠡᠰᠢᠬᠦᠨ ᠤ ᠬᠤᠰᠢᠭᠤᠴᠢ ᠦᠢᠯᠡᠳᠦᠯ ᠢᠶᠠᠨ ᠢᠳᠡᠪᠬᠢᠲᠡᠢ ᠪᠠᠷ ᠪᠠᠳᠠᠷᠠᠭᠤᠯᠤᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠰᠣᠷᠪᠣᠯᠵᠢᠯᠠᠭ᠎ᠠ ᠶᠢᠨ ᠠᠵᠢᠯᠯᠠᠭᠠᠨ ᠢ ᠬᠦᠨᠵᠡᠬᠡᠢ ᠶᠠᠪᠤᠭᠳᠠᠭᠤᠯᠵᠤ᠂ ᠠᠬᠠᠮᠠᠳ ᠨᠠᠮ ᠤᠨ ᠬᠡᠰᠢᠬᠦᠨ᠂ ᠬᠦᠴᠢᠷᠳᠡᠯᠲᠡᠢ ᠣᠯᠠᠨ ᠲᠦᠮᠡᠨ ᠤ ᠭᠠᠳᠠᠭᠰᠢ ᠭᠠᠷᠬᠤ ᠳᠤ ᠳᠦᠬᠦᠮ ᠦᠬᠡᠢ᠂ ᠰᠣᠷᠠᠭ ᠵᠠᠩᠭᠢ ᠨᠡᠪᠲᠡᠷᠡᠬᠦ ᠦᠬᠡᠢ᠂ ᠦᠢᠯᠡᠳᠪᠦᠷᠢᠯᠡᠯ ᠤᠨ ᠮᠡᠲ᠋ᠧᠷᠢᠶᠡᠯ ᠲᠤᠲᠠᠮᠠᠭ ᠵᠡᠷᠭᠡ ᠪᠠᠶᠢᠳᠠᠯ ᠳᠤ ᠴᠢᠭᠯᠡᠬᠦᠯᠦᠨ᠂ ᠨᠠᠮ ᠤᠨ ᠭᠡᠰᠢᠬᠦᠨ ᠪᠤᠯᠭᠠᠨ 1 ᠬᠦᠴᠢᠷᠳᠡᠯᠲᠡᠢ ᠣᠯᠠᠨ ᠲᠦᠮᠡᠨ ᠢ ᠳᠠᠭᠠᠭᠴᠢᠯᠠᠨ ᠳᠡᠳᠬᠦᠵᠦ᠂ ᠳᠠᠭᠠᠭᠠᠴᠢᠯᠠᠨ ᠳᠡᠳᠬᠦᠬᠦ ᠨᠠᠷᠢᠨ ᠳᠠᠩᠰᠠ ᠶᠢ ᠪᠠᠶᠢᠭᠤᠯᠤᠨ᠂ ᠨᠠᠮ ᠤᠨ ᠭᠡᠰᠢᠬᠦᠨ ᠠᠴᠠ ᠡᠷᠦᠬᠡ ᠳᠠᠭᠠᠭᠠᠴᠢᠯᠠᠬᠤ᠂ ᠦᠢᠯᠡᠳᠪᠦᠷᠢᠯᠡᠯ ᠢ ᠳᠠᠭᠠᠭᠠᠴᠢᠯᠠᠬᠤ ᠶᠢ ᠨᠠᠶᠢᠲᠠᠪᠤᠷᠢᠵᠢᠭᠤᠯᠵᠤ᠂ ᠬᠦᠴᠢᠷᠳᠡᠯᠲᠡᠢ ᠤᠯᠠᠨ ᠲᠦᠮᠡᠨ ᠤ ᠬᠠᠪᠣᠷ ᠤᠨ ᠲᠠᠷᠢᠯᠭ᠎ᠠ ᠶᠢᠨ ᠪᠡᠯᠡᠳᠬᠡᠯ᠂ ᠮᠠᠯ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠲᠦᠪᠡᠭᠲᠡᠢ ᠵᠦᠢᠯ ᠢ ᠦᠨᠡᠨ ᠬᠦ ᠰᠢᠢᠳᠪᠦᠷᠢᠯᠡᠪᠡ᠃
 
ᠢᠷᠡᠯᠲᠡ᠄ ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠨᠠᠶᠢᠳᠠᠯᠠᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号