ᠣᠳᠤᠭ ᠡᠮᠦᠨᠡᠳᠦ ᠵᠠᠰᠠᠭ ᠲᠠᠷᠬᠠᠭᠠᠭᠰᠠᠨ ﹇2021﹈ 5 ᠲᠣᠭᠠᠳᠦ | ︽2021 ᠣᠨ ᠤ ᠮᠠᠯ ᠲᠠᠷᠢᠶᠠᠯᠠᠩ ᠤᠨ ᠴᠢᠨᠠᠷᠯᠢᠭ ᠬᠦᠭᠵᠢᠯᠳᠡ ᠶᠢ ᠠᠬᠢᠭᠤᠯᠬᠤ ᠲᠡᠮᠵᠢᠯᠭᠡ | ᠶᠢᠨ ᠲᠦᠷᠦ ᠶᠢᠨ ᠪᠣᠳᠣᠯᠭ᠎ᠠ ︾ ᠶᠢ ᠲᠠᠷᠣᠮᠠᠯᠯᠠᠨ ᠲᠠᠷᠬᠠᠭᠠᠬᠤ ᠲᠤᠬᠠᠢ ᠣᠳᠤᠭ ᠤᠨ | ᠡᠮᠦᠨᠡᠳᠦ ᠬᠤᠰᠢᠭᠤᠨ ᠤ ᠠᠷᠠᠳ ᠵᠠᠰᠠᠭ ᠤᠨ ᠣᠷᠳᠣᠨ ᠤ ᠮᠡᠳᠡᠭᠳᠡᠯ | ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠣᠯᠲᠠ ᠶᠢᠨ ᠵᠦᠪᠯᠡᠯ᠂ ᠡᠯ᠎ᠡ | ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ | ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽2021 ᠤ ᠮᠡᠯ ᠲᠠᠷᠢᠶᠠᠯᠠᠩ ᠤᠨ ᠴᠢᠨᠠᠷᠢᠯᠢᠭ ᠬᠦᠭᠵᠢᠯᠳᠡ ᠶᠢᠨ ᠠᠬᠢᠭᠤᠯᠣᠯᠳᠠ ᠶᠢ ᠲᠡᠮᠵᠢᠬᠦ ᠲᠦᠷᠦ ᠶᠢᠨ | ᠪᠣᠳᠣᠯᠭ᠎ᠠ︾ ᠶᠢ ᠬᠤᠰᠢᠭᠤ ᠠᠷᠠᠳ ᠤᠨ ᠵᠠᠰᠠᠭ ᠤᠨ ᠣᠷᠳᠣᠨ ᠤ 2021 ᠣᠨ ᠤ 4 ᠣᠳᠠᠭᠠᠨ ᠤ ᠪᠠᠶᠢᠩᠭᠤ ᠶᠢᠨ | ᠬᠤᠷᠠᠯ ᠢᠶᠠᠷ ᠰᠣᠳᠣᠯᠣᠨ ᠵᠦᠪᠰᠢᠶᠡᠷᠡᠵᠣ ᠲᠠᠷᠬᠠᠭᠠᠪᠠ᠂ ᠪᠤᠲᠠᠲᠠᠢ ᠲᠠᠢ ᠣᠶᠠᠯᠳᠣᠭᠤᠯᠵᠣ᠂ ᠨᠠᠷᠢᠨ ᠬᠢᠨᠠᠮᠠᠭᠠᠢ | ᠲᠤᠤᠱᠯᠠᠭᠤᠯᠤᠨ ᠬᠡᠷᠡᠭᠵᠢᠭᠦᠯᠲᠦᠭᠡᠢ᠃ | | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 2 ᠰᠠᠷ᠎ᠠ ᠶᠢᠨ 4 ᠤ ᠡᠳᠦᠷ | | 2021 ᠣᠨ ᠮᠡᠯ ᠲᠠᠷᠢᠶᠠᠯᠠᠩ ᠤᠨ ᠴᠢᠨᠠᠷᠢᠯᠢᠭ ᠬᠦᠭᠵᠢᠯᠳᠡ ᠶᠢᠨ ᠠᠬᠢᠭᠤᠯᠣᠯᠳᠠ ᠶᠢ ᠲᠡᠮᠵᠢᠬᠦ ᠲᠦᠷᠦ ᠶᠢᠨ | ᠪᠣᠳᠣᠯᠭ᠎ᠠ | | | ᠬᠦᠳᠡᠭᠡ ᠬᠤᠳᠠ ᠶᠢ ᠬᠦᠭᠵᠢᠭᠦᠯᠬᠦ ᠪᠠᠶᠢᠯᠳᠣᠬᠤ ᠪᠣᠳᠣᠯᠭ᠎ᠠ ᠶᠢ ᠣᠷᠣᠭᠰᠢᠳᠠᠢ ᠬᠡᠷᠡᠭᠵᠢᠭᠦᠯᠬᠦ ᠶᠢ ᠪᠦᠬᠦ ᠲᠠᠯ᠎ᠠ | ᠪᠠᠷ ᠠᠬᠢᠭᠤᠯᠣᠨ᠂ ᠮᠠᠯ ᠲᠠᠷᠢᠶᠠᠯᠠᠩ ᠤᠨ ᠴᠢᠨᠠᠷᠯᠢᠭ ᠬᠦᠭᠵᠢᠯᠳᠡ ᠶᠢᠨ ᠲᠣᠪᠣᠶᠢᠮ᠎ᠠ ᠲᠣᠳᠠᠭᠤᠳᠠᠯ ᠪᠣᠯᠣᠨ ᠪᠠᠭᠤᠷᠢ | ᠶᠢ ᠨᠦᠬᠦᠪᠦᠷᠢᠯᠡᠵᠣ᠂ ᠲᠦᠷᠦ ᠶᠢᠨ ᠪᠣᠳᠣᠯᠭ᠎ᠠ ᠪᠠᠷ ᠲᠡᠮᠵᠢᠬᠦ ᠪᠠ ᠦᠭᠡᠷᠡᠴᠢᠯᠡᠯᠳᠡ ᠰᠢᠨᠡᠴᠢᠯᠡᠯᠳᠡ ᠶᠢᠨ ᠬᠦᠴᠦᠨ | ᠢᠶᠠᠨ ᠦᠷᠭᠦᠯᠵᠢᠯᠡᠨ ᠴᠢᠩᠭᠠᠳᠬᠠᠬᠤ ᠶᠢᠨ ᠲᠣᠰᠠᠳᠠ᠂ ᠣᠳᠤᠭ ᠤᠨ ᠡᠮᠦᠨᠡᠳᠦ ᠬᠤᠰᠢᠭᠤᠨ ᠤ ᠣᠨᠴᠠᠯᠢᠭ ᠲᠠᠢ ᠮᠠᠯ | ᠲᠠᠷᠢᠶᠠᠯᠠᠩ ᠤᠨ ᠣᠶᠢᠯᠠᠰ ᠤᠨ ᠲᠣᠭᠳᠠᠯᠴᠠᠭ᠎ᠠ᠂ ᠬᠠᠩᠭᠠᠯᠭ᠎ᠠ ᠶᠢᠨ ᠲᠣᠭᠳᠠᠯᠴᠠᠭ᠎ᠠ ᠪᠣᠯᠣᠨ ᠡᠵᠡᠩᠨᠡᠯᠳᠡ ᠶᠢᠨ | ᠲᠣᠭᠳᠠᠯᠴᠠᠭ᠎ᠠ ᠪᠠᠶᠢᠭᠤᠯᠣᠨ᠂ ︽ᠠᠷᠪᠠᠨ ᠲᠦᠷᠪᠡᠳᠦᠭᠡᠷ ᠲᠠᠪᠣᠨ ᠵᠢᠯ︾ ᠤᠨ ᠬᠤᠭᠤᠴᠠᠭᠠᠨ ᠤ ᠮᠠᠯ ᠲᠠᠷᠢᠶᠠᠯᠠᠩ | ᠤᠨ ᠴᠢᠨᠠᠷᠯᠢᠭ ᠬᠦᠭᠵᠢᠯᠳᠡ ᠶᠢᠨ ᠰᠢᠨ᠎ᠡ ᠪᠠᠶᠢᠷᠢᠯᠠᠭᠤᠯᠣᠯᠳᠠ᠂ ᠰᠠᠶᠢᠨ ᠡᠬᠢᠯᠡᠯᠳᠡ ᠶᠢ ᠪᠠᠳᠣᠯᠠᠵᠣ᠂ ᠲᠦᠪ᠂ | ᠦᠪᠡᠷᠳᠡᠭᠡᠨ ᠵᠠᠰᠠᠬᠤ ᠣᠷᠣᠨ ᠤ ᠬᠦᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ | ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠲᠣᠰ ᠲᠦᠷᠦ ᠶᠢᠨ ᠪᠣᠳᠣᠯᠭ᠎ᠠ ᠶᠢ ᠲᠣᠭᠳᠠᠭᠠᠪᠠ᠃ | ᠨᠢᠭᠡ ᠲᠠᠷᠢᠮᠠᠯ ᠤᠨ ᠦᠢᠯᠡᠰ ᠤᠨ ᠬᠦᠭᠵᠢᠯᠲᠡ ᠶᠢᠨ ᠰᠠᠭᠤᠷᠢ ᠶᠢ ᠪᠠᠬᠢᠵᠢᠬᠦᠯᠵᠦ᠂ ᠪᠦᠲᠦᠭᠡᠭᠳᠡᠬᠦᠨ ᠤ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠬᠦᠯᠦᠨ᠎ᠡ | 1. ᠬᠦᠯᠡᠮᠵᠢ ᠶᠢᠨ ᠪᠠᠶᠢᠭᠤᠯᠤᠯᠲᠠ᠃ ᠰᠢᠨ᠎ᠡ ᠪᠠᠷ ᠲᠦᠪᠯᠡᠷᠡᠬᠦᠯᠦᠨ ᠪᠠᠶᠢᠭᠤᠯᠤᠭᠰᠠᠨ ᠬᠦᠯᠡᠮᠵᠢ 5 ᠠᠴᠠ | ᠳᠡᠭᠡᠭᠰᠢ ᠮᠦᠷᠲᠡᠭᠡᠨ ᠠᠰᠢᠭᠯᠠᠯᠲᠠ ᠳᠤ ᠣᠷᠣᠭᠰᠠᠨ ︵0.8 ᠮᠣ᠋ ᠠᠴᠠ ᠳᠡᠭᠡᠭᠰᠢ/ ᠬᠦᠯᠡᠮᠵᠢ︶ ᠪᠣᠯ ᠰᠢᠯᠭᠠᠨ | ᠬᠤᠷᠢᠶᠠᠭᠠᠳ ᠬᠢᠷᠢ ᠲᠡᠩᠴᠡᠭᠰᠡᠨ ᠤ ᠳᠠᠷᠠᠭ᠎ᠠ ᠬᠦᠯᠡᠮᠵᠢ ᠪᠤᠯᠭᠠᠨ ᠳᠤ 5000 ᠲᠦᠬᠦᠷᠢᠭ ᠤᠨ ᠨᠦᠬᠦᠪᠦᠷᠢ ᠮᠦᠩᠭᠦ | ᠣᠯᠭᠤᠨ᠎ᠠ︔ ᠰᠢᠨ᠎ᠡ ᠪᠠᠷ 4 ᠮᠤ᠋ ᠠᠴᠠ ᠳᠡᠭᠡᠭᠰᠢ ᠵᠠᠯᠭᠠᠯᠳᠣᠭᠰᠠᠨ ᠪᠣᠶᠣ ᠲᠤᠮᠤᠬᠠᠨ ᠬᠦᠯᠡᠮᠵᠢ ᠪᠠᠶᠢᠭᠤᠯᠤᠭᠰᠠᠨ | ᠪᠣᠯ ᠵᠠᠷᠤᠳᠠᠯ ᠤᠨ 30% ᠶᠤᠰᠤᠭᠠᠷ ᠨᠦᠬᠦᠪᠦᠷᠢ ᠮᠦᠩᠭᠦ ᠣᠯᠭᠤᠨ᠎ᠠ᠃ | 2. ᠪᠠᠷᠢᠮᠵᠢᠶᠠᠵᠢᠭᠰᠠᠨ ᠴᠢᠬᠢ ᠪᠤᠶᠢᠵᠢᠭᠤᠯᠬᠤ ᠲᠦᠪ ᠤᠨ ᠪᠠᠶᠢᠭᠤᠯᠤᠯᠲᠠ᠃ ᠰᠢᠨ᠎ᠡ ᠪᠠᠷ ᠪᠠᠶᠢᠭᠤᠯᠤᠭᠰᠠᠨ | ᠴᠢᠬᠢ ᠪᠤᠶᠢᠵᠢᠭᠤᠯᠤᠯᠲᠠ ᠶᠢᠨ ᠴᠢᠳᠠᠪᠤᠷᠢ 500 ᠲᠦᠮᠡᠨ ᠰᠠᠭᠤᠷᠢ ᠠᠴᠠ ᠳᠠᠪᠠᠭᠰᠠᠨ ︵ᠰᠠᠪᠠ ᠪᠣᠯᠭᠠᠨ ᠳᠤ ᠨᠢᠭᠡ | ᠰᠠᠭᠤᠷᠢ ᠪᠠᠷ ᠲᠤᠭᠠᠴᠢᠨ᠎ᠠ︶ ᠮᠦᠷᠲᠡᠭᠡᠨ ᠴᠢᠬᠢ ᠪᠤᠶᠢᠵᠢᠭᠤᠯᠬᠤ ᠠᠷᠪᠢᠴᠢ ᠬᠡᠷᠡᠭᠰᠡᠯ ᠢ ᠠᠰᠢᠭᠯᠠᠭᠰᠠᠨ ᠪᠠᠷᠢᠮᠵᠢᠶᠠᠲᠤ | ᠴᠢᠬᠢ ᠪᠤᠶᠢᠵᠢᠭᠤᠯᠤᠯᠲᠠ ᠶᠢᠨ ᠲᠦᠪ᠂ ᠪᠠᠶᠢᠭᠤᠯᠤᠯᠲᠠ ᠶᠢᠨ ᠵᠠᠷᠤᠳᠠᠯ ᠤᠨ 30% ᠶᠤᠰᠤᠭᠠᠷ ᠨᠦᠬᠦᠪᠦᠷᠢ | ᠣᠯᠭᠤᠨ᠎ᠠ᠃ | 3. ᠵᠢᠮᠢᠰ ᠢᠳᠡᠰᠢᠨ ᠨᠤᠭᠤᠭ᠎ᠠ ᠶᠢ ᠰᠢᠨ᠎ᠡ ᠰᠣᠷᠭᠤᠭ ᠢᠶᠠᠷ ᠬᠦᠷᠦᠭᠡᠨ ᠬᠠᠳᠠᠭᠠᠯᠠᠬᠤ ᠬᠦᠮᠦᠷᠭᠡ ᠶᠢᠨ | ᠪᠠᠶᠢᠭᠤᠯᠤᠯᠲᠠ᠃ ᠭᠤᠸ᠎ᠠ ᠵᠢᠮᠢᠰ ᠢᠳᠡᠰᠢᠨ ᠨᠤᠭᠤᠭᠠᠨ ᠤ ᠭᠤᠤᠯ ᠭᠠᠷᠤᠯᠲᠠ ᠶᠢᠨ ᠲᠤᠭᠤᠷᠢᠭ ᠤᠨ ᠰᠠᠭᠤᠷᠢᠨ | ᠭᠠᠵᠠᠷ ᠤᠨ ᠣᠶᠢᠷ᠎ᠠ ᠬᠠᠪᠢ ᠳᠤ 5000 ᠺᠦᠪ ᠮᠧᠲᠷ ᠠᠴᠠ ᠳᠡᠭᠡᠭᠰᠢ ᠲᠠᠯᠠᠪᠠᠢ ᠲᠠᠢ ᠰᠢᠨ᠎ᠡ ᠪᠠᠷ ᠪᠠᠶᠢᠭᠤᠯᠬᠤ | ᠪᠤᠶᠤ ᠦᠷᠬᠦᠯᠵᠢᠯᠡᠨ ᠪᠠᠶᠢᠭᠤᠯᠬᠤ ᠮᠦᠷᠲᠡᠭᠡᠨ ᠲᠤᠬᠠᠢ ᠶᠢᠨ ᠭᠠᠵᠠᠷ ᠤᠨ ᠲᠠᠷᠢᠮᠠᠯ ᠤᠨ ᠡᠷᠦᠬᠡ ᠳᠤ ᠵᠢᠮᠢᠰ ᠢᠳᠡᠰᠢᠨ | ᠨᠤᠭᠤᠭ᠎ᠠ ᠶᠢ ᠰᠢᠨ᠎ᠡ ᠰᠤᠷᠭᠤᠭ ᠢᠶᠠᠷ ᠬᠦᠷᠦᠭᠡᠨ ᠬᠠᠳᠠᠭᠠᠯᠠᠬᠤ ᠦᠢᠯᠡᠴᠢᠯᠡᠭᠡ ᠬᠠᠩᠭᠠᠬᠤ ᠬᠦᠮᠦᠷᠭᠡ ᠳᠤ ᠺᠦᠪ | ᠮᠧᠲᠷ ᠪᠣᠯᠭᠠᠨ 500 ᠲᠦᠬᠦᠷᠢᠭ ᠤᠨ ᠪᠠᠷᠢᠮᠵᠢᠶ᠎ᠠ ᠪᠠᠷ ᠨᠦᠬᠦᠪᠦᠷᠢᠯᠡᠨ᠎ᠡ ᠨᠦᠬᠦᠪᠦᠷᠢ ᠣᠯᠭᠤᠨ᠎ᠠ᠃ | 4. ᠡᠷᠴᠢᠮᠵᠢᠬᠦᠯᠦᠭᠰᠡᠨ ᠴᠢᠬᠢ ᠪᠤᠶᠢᠵᠢᠭᠤᠯᠤᠯᠲᠠ᠃ ᠵᠢᠯ ᠤᠨ ᠡᠷᠴᠢᠮᠯᠢᠭ ᠠᠷᠪᠢᠴᠢ ᠴᠢᠬᠢ ᠪᠤᠶᠢᠵᠢᠭᠤᠯᠤᠯᠲᠠ | ᠶᠢᠨ ᠬᠡᠪᠴᠢᠶ᠎ᠡ 200ᠲᠦᠮᠡᠨ ᠰᠠᠭᠤᠷᠢ ᠠᠴᠠ ᠳᠠᠪᠠᠭᠰᠠᠨ ᠵᠢᠮᠢᠰ ᠢᠳᠡᠰᠢᠨ ᠨᠤᠭᠤᠭᠠᠨ ᠤ ᠪᠠᠷᠢᠮᠵᠢᠶᠠᠲᠤ ᠴᠢᠬᠢ | ᠪᠤᠶᠢᠵᠢᠭᠤᠯᠬᠤ ᠰᠠᠭᠤᠷᠢᠨ ᠭᠠᠵᠠᠷ ᠤᠨ ᠬᠢᠨ ᠲᠤᠰ ᠬᠤᠰᠢᠭᠤᠨ ᠳᠤ ᠪᠠᠨ ᠰᠠᠭᠤᠷᠢ ᠪᠤᠯᠭᠠᠨ ᠢ ᠵᠠᠬ᠎ᠠ ᠳᠡᠯᠭᠡᠭᠦᠷ ᠤᠨ | ᠦᠨ᠎ᠡ ᠠᠴᠠ 0.07 ᠲᠦᠬᠦᠷᠢᠭ ᠬᠢᠮᠳᠠ ᠪᠠᠷ ᠴᠢᠬᠢ ᠪᠣᠶᠢᠵᠢᠭᠤᠯᠣᠭᠰᠠᠨ᠂ ᠪᠣᠷᠣᠯᠠᠭᠤᠯᠤᠭᠰᠠᠨ ᠪᠤᠶᠤ ᠲᠠᠷᠢᠭᠰᠠᠨ | ᠪᠣᠯ ᠢᠳᠡᠰᠢᠨ ᠨᠤᠭᠤᠭ᠎ᠠ ᠭᠤᠸ᠎ᠠ ᠵᠢᠮᠢᠰ ᠤᠨ ᠴᠢᠬᠢᠨ ᠤ ᠰᠠᠭᠤᠷᠢ ᠪᠤᠯᠭᠠᠨ ᠳᠤ 0.07ᠲᠦᠬᠦᠷᠢᠭ ᠤᠨ ᠨᠦᠬᠦᠪᠦᠷᠢ | ᠮᠦᠩᠭᠦ ᠶᠢᠨ ᠪᠠᠷᠢᠮᠵᠢᠶ᠎ᠠ ᠪᠠᠷ ᠰᠠᠭᠤᠷᠢᠨ ᠭᠠᠵᠠᠷ ᠲᠤ ᠰᠢᠭᠤᠳ ᠨᠦᠬᠦᠪᠦᠷᠢᠯᠡᠨ᠎ᠡ᠃ | 5. ᠠᠵᠤ ᠠᠬᠤᠢ ᠶᠢᠨ ᠣᠢ ᠲᠠᠷᠢᠬᠤ᠃ ᠡᠯ᠎ᠡ ᠲᠦᠷᠦᠯ ᠤᠨ ᠡᠵᠡᠩᠨᠡᠯᠲᠡ ᠶᠢᠨ ᠭᠤᠤᠯ ᠴᠤᠭᠴᠠ ᠠᠵᠤ | ᠠᠬᠤᠢ ᠶᠢᠨ ᠤᠢ ᠶᠢᠨ ᠪᠠᠶᠢᠭᠤᠯᠤᠯᠲᠠ ᠶᠢ ᠬᠦᠭᠵᠢᠬᠦᠯᠬᠦ ᠶᠢ ᠵᠤᠷᠢᠭᠵᠢᠭᠤᠯᠵᠤ᠂ ᠰᠢᠨ᠎ᠡ ᠪᠠᠷ ᠨᠡᠮᠡᠭᠳᠡᠭᠰᠡᠨ ᠲᠠᠯᠠᠪᠠᠢ | 30 ᠮᠤ᠋ ᠠᠴᠠ ᠳᠡᠭᠡᠭᠰᠢ ᠳᠠᠪᠠᠪᠠᠯ᠂ ᠰᠢᠯᠭᠠᠨ ᠬᠤᠷᠢᠶᠠᠭᠠᠳ ᠬᠢᠷᠢ ᠲᠡᠩᠴᠡᠭᠰᠡᠨ ᠤ ᠳᠠᠷᠠᠭ᠎ᠠ ᠮᠤ᠋ ᠪᠣᠯᠭᠠᠨ ᠳᠤ | 800 ᠲᠦᠬᠦᠷᠢᠭ ᠤᠨ ᠨᠦᠬᠦᠪᠦᠷᠢ ᠮᠦᠩᠭᠦ ᠣᠯᠭᠤᠨ᠎ᠠ᠃ | ᠬᠤᠶᠠᠷ᠂ ᠮᠠᠯ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠠᠵᠤ᠂ ᠪᠦᠲᠦᠭᠡᠭᠳᠡᠬᠦᠨ ᠤ | ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠬᠦᠯᠦᠨ᠎ᠡ | 6. ᠠᠯᠠᠰᠢᠨ ᠮᠠᠯ ᠢ ᠤᠬᠤᠷ ᠬᠤᠭᠤᠴᠠᠭᠠᠨ ᠳᠤ ᠲᠡᠵᠢᠭᠡᠨ ᠲᠠᠷᠭᠤᠯᠠᠭᠤᠯᠬᠤ ᠳᠠᠭᠤᠷᠢᠶᠠᠯ᠃ ᠵᠢᠯ ᠤᠨ | ᠪᠤᠷᠤᠯᠠᠭᠤᠯᠭ᠎ᠠ ᠶᠢᠨ ᠨᠤᠷᠮ᠎ᠠ 1000ᠲᠤᠯᠤᠭᠠᠢ ᠠᠴᠠ ᠳᠠᠪᠠᠭᠰᠠᠨ ᠠᠯᠠᠰᠢᠨ ᠮᠠᠯ ᠢ ᠣᠬᠤᠷ ᠬᠤᠭᠤᠴᠠᠭᠠᠨ ᠳᠤ | ᠲᠡᠵᠢᠭᠡᠨ ᠲᠠᠷᠭᠤᠯᠠᠭᠤᠯᠬᠤ ᠳᠠᠭᠤᠷᠢᠶᠠᠯ ᠬᠠᠮᠲᠤᠷᠠᠯ ᠬᠤᠷᠰᠢᠶ᠎ᠠ ᠪᠤᠶᠤ ᠵᠢᠱᠢᠶ᠎ᠡ ᠦᠵᠡᠬᠦᠯᠬᠦ ᠡᠷᠦᠬᠡ ᠶᠢ 100 ᠳᠤ | ᠬᠦᠷᠭᠡᠨ᠂ ᠠᠮᠢᠳᠣ ᠪᠠᠷ ᠠᠷᠠᠯᠵᠢᠶᠠᠯᠠᠬᠤ ᠮᠠᠶ᠋ᠢᠭ ᠢᠶᠠᠷ ᠪᠣᠷᠣᠯᠠᠭᠤᠯᠤᠭᠰᠠᠨ ᠲᠦᠯ ᠪᠤᠯᠭᠠᠨ ᠳᠤ 20ᠲᠦᠬᠦᠷᠢᠭ ᠤᠨ | ᠨᠦᠬᠦᠪᠦᠷᠢ ᠮᠦᠩᠭᠦ ᠣᠯᠭᠤᠨ᠎ᠠ︔ ᠲᠤᠰ ᠭᠠᠵᠠᠷ ᠤᠨ ᠲᠤᠭᠲᠠᠮᠠᠯ ᠨᠢᠳᠣᠯᠬᠤ ᠠᠵᠣ ᠠᠬᠤᠶᠢᠯᠠᠯ ᠳᠤ ᠨᠢᠳᠣᠯᠬᠤ | ᠮᠠᠶ᠋ᠢᠭ ᠢᠶᠠᠷ ᠪᠤᠷᠤᠯᠠᠭᠤᠯᠤᠭᠰᠠᠨ ᠮᠦᠷᠳᠡᠨ ᠨᠡᠬᠡᠮᠵᠢᠯᠡᠬᠦ ᠬᠡᠷᠡᠴᠢᠯᠡᠯ ᠲᠠᠢ ᠠᠯᠠᠰᠢᠨ ᠮᠠᠯ ᠪᠤᠯᠭᠠᠨ ᠳᠤ 60 | ᠲᠦᠬᠦᠷᠢᠭ ︵ᠡᠬᠦᠨ ᠳᠤ ᠬᠠᠮᠲᠤᠷᠠᠯ ᠬᠤᠷᠰᠢᠶ᠎ᠠ ᠳᠤ 40 ᠲᠦᠬᠦᠷᠢᠭ᠂ ᠨᠢᠳᠣᠯᠬᠤ ᠠᠵᠤ ᠠᠬᠤᠶᠢᠯᠠᠯ ᠳᠤ 20 | ᠲᠦᠬᠦᠷᠢᠭ︶ ᠤᠨ ᠨᠦᠬᠦᠪᠦᠷᠢ ᠦᠭᠭᠦᠨ᠎ᠡ︔ ᠮᠦᠷᠳᠡᠨ ᠨᠡᠬᠡᠮᠵᠢᠯᠡᠬᠦ ᠭᠡᠷᠡᠴᠢᠯᠠᠯ ᠦᠭᠡᠢ ᠠᠯᠠᠰᠢᠨ ᠮᠠᠯ ᠪᠣᠯᠭᠠᠨ ᠳᠤ | 40 ᠲᠦᠬᠦᠷᠢᠭ ︵ᠡᠬᠦᠨ ᠳᠤ ᠬᠠᠮᠲᠤᠷᠠᠯ ᠬᠤᠷᠰᠢᠶ᠎ᠠ ᠳᠤ 30 ᠲᠦᠬᠦᠷᠢᠭ᠂ ᠨᠢᠳᠣᠯᠬᠤ ᠠᠵᠤ ᠠᠬᠤᠶᠢᠯᠠᠯ ᠳᠤ 10 | ᠲᠦᠬᠦᠷᠢᠭ︶ ᠤᠨ ᠨᠦᠬᠦᠪᠦᠷᠢ ᠦᠭᠭᠦᠨ᠎ᠡ︔ ᠲᠤᠰ ᠬᠤᠰᠢᠭᠤᠨ ᠤ ᠵᠢᠯ ᠤᠨ 500 ᠲᠤᠨ ᠠᠴᠠ ᠳᠡᠭᠡᠭᠰᠢ | ᠮᠦᠬᠦᠯᠢᠭᠲᠦ ᠲᠡᠵᠢᠭᠡᠯ ᠪᠣᠷᠳᠤᠭ᠎ᠠ ᠦᠢᠯᠡᠳᠪᠦᠷᠢᠯᠡᠭᠰᠡᠨ ᠠᠵᠤ ᠠᠬᠤᠶᠢᠯᠠᠯ ᠵᠢᠴᠢ ᠬᠠᠮᠲᠤᠷᠠᠯ ᠬᠤᠷᠰᠢᠶ᠎ᠠ ︵ᠡᠬᠦᠨ | ᠳᠤ ᠲᠤᠰ ᠬᠤᠰᠢᠭᠤᠨ ᠤ ᠲᠠᠷᠢᠮᠠᠯ ᠤᠨ ᠡᠰᠢ ᠰᠦᠷᠡᠯ ᠤᠨ ᠣᠭ ᠮᠡᠲ᠋ᠧᠷᠢᠶᠡᠯ ᠢ ᠬᠠᠳᠠᠭᠠᠯᠠᠨ | ᠪᠣᠯᠪᠠᠰᠣᠷᠠᠭᠤᠯᠤᠭᠰᠠᠨᠬᠠᠷᠢᠴᠠᠯ 40% ᠶᠢ ᠡᠵᠡᠯᠡᠨ᠎ᠡ︶ ᠠᠴᠠ 10 ᠲᠤᠨ ᠠᠴᠠ ᠳᠡᠭᠡᠭᠰᠢ ᠮᠦᠬᠦᠯᠢᠭᠲᠦ ᠲᠡᠵᠢᠭᠡᠯ | ᠪᠤᠷᠳᠤᠭ᠎ᠠ ᠬᠤᠳᠠᠯᠳᠣᠨ ᠠᠪᠤᠪᠠᠯ᠂ ᠲᠤᠨ ᠪᠦᠷᠢ ᠳᠤ 400 ᠲᠦᠬᠦᠷᠢᠭ ᠨᠦᠬᠦᠪᠦᠷᠢᠯᠡᠨ᠂ ᠠᠶᠢᠯ ᠪᠤᠯᠭᠠᠨ ᠤ | ᠨᠦᠬᠦᠪᠦᠷᠢ ᠮᠦᠩᠭᠦ ᠶᠢ ᠲᠦᠮᠡᠨ ᠲᠦᠬᠦᠷᠢᠭ ᠠᠴᠠ ᠳᠠᠪᠠᠭᠤᠯᠵᠤ ᠪᠣᠯᠬᠤ ᠦᠭᠡᠢ᠃ | 7. ᠠᠯᠠᠰᠢᠨ ᠮᠠᠯ ᠤᠨ ᠡᠭᠦᠯᠳᠡᠷ ᠤᠨ ᠬᠤᠴᠠ ᠤᠬᠤᠨ᠎ᠠ ᠶᠢᠨ ᠣᠷᠣᠭᠤᠯᠣᠯᠲᠠ᠃ ᠬᠤᠰᠢᠭᠤ ᠰᠢᠶᠠᠨ ᠠᠴᠠ | ᠳᠡᠭᠡᠭᠰᠢ ᠦᠢᠯᠡᠳᠪᠦᠷᠢᠯᠡᠯ ᠡᠵᠡᠩᠨᠡᠯᠲᠡ ᠶᠢᠨ ᠦᠨᠡᠮᠯᠡᠯ ᠲᠠᠢ ᠡᠬᠦᠯᠳᠡᠷ ᠤᠨ ᠮᠠᠯ ᠤᠨ ᠲᠡᠯᠡᠪᠡᠢ ᠠᠴᠠ ᠣᠨᠴᠠ ᠲᠡᠰ᠂ | ᠨᠢᠭᠡᠳᠦᠭᠡᠷ ᠲᠡᠰ ᠤᠨ ᠠᠯᠠᠰᠢᠨ ᠮᠠᠯ ᠤᠨ ᠡᠭᠦᠯᠳᠡᠷ ᠤᠨ ᠬᠤᠴᠠ ᠤᠬᠤᠨ᠎ᠠ ᠬᠤᠳᠠᠯᠳᠣᠨ ᠠᠪᠤᠭᠰᠠᠨ ᠲᠡᠵᠢᠭᠡᠪᠦᠷᠢ | ᠶᠢᠨ ᠡᠷᠦᠬᠡ ᠳᠤ 2000 ᠲᠦᠬᠦᠷᠢᠭ ᠤᠨ ᠨᠦᠬᠦᠪᠦᠷᠢ ᠮᠦᠩᠭᠦ ᠦᠭᠭᠦᠨ᠎ᠡ᠃ | 8. ᠠᠯᠠᠰᠢᠨ ᠮᠠᠯ ᠤᠨ ᠡᠭᠦᠯᠳᠡᠷ ᠪᠣᠶᠢᠵᠢᠭᠤᠯᠣᠯᠲᠠ᠃ 100 ᠠᠴᠠ ᠳᠡᠭᠡᠭᠰᠢ ᠨᠢᠭᠡ ᠲᠦᠷᠦᠯ ᠤᠨ ᠡᠭᠦᠯᠳᠡᠷ | ᠤᠨ ᠡᠬᠡ ᠮᠠᠯ ᠤᠨ ᠰᠦᠷᠦᠭ ᠢ 300 ᠳᠤ ᠬᠦᠷᠭᠡᠵᠦ᠂ ᠡᠬᠡ ᠮᠠᠯ ᠪᠦᠷᠢ 20 ᠲᠦᠬᠦᠷᠢᠭ ᠤᠨ ᠴᠢᠬᠢᠨ ᠲᠡᠮᠲᠡᠭ | ᠤᠨ ᠨᠦᠬᠦᠪᠦᠷᠢ ᠮᠦᠩᠭᠦ ᠪᠠ 20 ᠲᠦᠬᠦᠷᠢᠭ ᠤᠨ ᠭᠠᠷ ᠬᠡᠬᠡᠯᠳᠦᠬᠦᠯᠭᠡ ᠶᠢᠨ ᠨᠦᠬᠦᠪᠦᠷᠢ ᠮᠦᠩᠭᠦ ᠦᠭᠭᠦᠨ᠎ᠡ᠃ | ᠦᠢᠯᠡᠴᠢᠯᠡᠭᠡᠨ ᠤ ᠲᠡᠷᠬᠡ ᠤᠨᠤᠭ᠎ᠠ᠂ ᠭᠠᠷ ᠬᠡᠬᠡᠯᠳᠦᠬᠦᠯᠭᠡ ᠶᠢᠨ ᠬᠡᠷᠡᠭᠰᠡᠯ ᠵᠡᠷᠭᠡ ᠳᠦᠬᠦᠭᠡᠷᠦᠮᠵᠢ ᠲᠠᠢ ᠡᠭᠦᠯᠳᠡᠷ | ᠪᠤᠶᠢᠵᠢᠭᠤᠯᠬᠤ 4 ᠨᠡᠭᠦᠳᠡᠯ ᠦᠷᠲᠡᠭᠡ ᠪᠠᠶᠢᠭᠤᠯᠤᠨ᠎ᠠ᠃ | 9. ᠠᠯᠠᠰᠢᠨ ᠦᠬᠡᠷ ᠤᠨ ᠭᠠᠷ ᠬᠡᠬᠡᠯᠳᠦᠬᠦᠯᠭᠡ᠃ ᠰᠠᠶᠢᠨ ᠡᠬᠦᠯᠳᠡᠷ ᠤᠨ ᠭᠠᠷ ᠬᠡᠬᠡᠯᠳᠦᠬᠦᠯᠭᠡ | ᠦᠷᠨᠢᠬᠦᠯᠦᠭᠰᠡᠨ ᠠᠯᠠᠰᠢᠨ ᠦᠭᠡᠷ ᠤᠨ ᠲᠡᠵᠢᠭᠡᠪᠦᠷᠢ ᠶᠢᠨ ᠲᠠᠯᠠᠪᠠᠢ ︵ᠡᠷᠦᠬᠡ︶ ᠶᠢᠨ ᠲᠤᠭᠤᠯ ᠪᠤᠯᠭᠠᠨ ᠢ ᠰᠢᠯᠭᠠᠨ | ᠦᠵᠡᠭᠡᠳ ᠬᠢᠷᠢ ᠲᠡᠩᠴᠡᠭᠰᠡᠨ ᠳᠤ ᠨᠢ 100 ᠲᠦᠬᠦᠷᠢᠭ ᠱᠠᠩᠨᠠᠨ᠎ᠠ᠃ | ᠭᠤᠷᠪᠠ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠤᠭᠴᠠ ᠢ ᠪᠣᠶᠢᠵᠢᠭᠤᠯᠵᠣ᠂ ᠦᠢᠯᠡᠳᠪᠦᠷᠢᠯᠡᠯ | ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠬᠦᠯᠦᠨ᠎ᠡ | 10. ᠡᠳ᠋ᠰᠢᠬᠦᠯᠬᠦ ᠠᠵᠤ ᠠᠬᠤᠶᠢᠯᠠᠯ ᠤᠨ ᠪᠣᠶᠢᠵᠢᠭᠤᠯᠣᠯᠲᠠ᠃ ᠰᠢᠨ᠎ᠡ ᠪᠠᠷ ᠪᠠᠶᠢᠭᠤᠯᠤᠭᠰᠠᠨ ᠢᠳᠡᠰᠢᠨ | ᠨᠤᠭᠤᠭ᠎ᠠ᠂ ᠵᠢᠮᠢᠰ ᠡᠳ᠋ᠰᠢᠬᠦᠯᠬᠦ ︵ᠣᠰᠣ ᠦᠭᠡᠶᠢᠳᠡᠬᠦᠯᠬᠦ᠂ ᠳᠠᠪᠤᠰᠤᠯᠠᠨ ᠢᠰᠬᠡᠬᠦ᠂ ᠰᠢᠬᠦᠰᠦ ᠰᠢᠬᠠᠬᠤ ᠵᠡᠷᠭᠡ︶᠂ | ᠡᠯᠳᠡᠪ ᠠᠮᠤ ᠪᠣᠯᠪᠠᠰᠣᠷᠠᠭᠤᠯᠬᠤ ︵ᠰᠢᠯᠢᠨ ᠰᠣᠩᠭᠤᠬᠤ᠂ ᠪᠣᠭᠤᠳᠠᠯᠯᠠᠬᠤ︶ ᠪᠠ ᠮᠠᠯ ᠤᠨ ᠠᠰᠢᠭ ᠰᠢᠮ᠎ᠡ | ᠪᠣᠯᠪᠠᠰᠣᠷᠠᠭᠤᠯᠬᠤ ︵ᠬᠡᠰᠡᠭᠯᠡᠬᠦ᠂ ᠪᠣᠭᠤᠳᠠᠯᠯᠠᠬᠤ︶ ᠠᠵᠤ ᠠᠬᠤᠶᠢᠯᠠᠯ ᠵᠢᠴᠢ ᠬᠠᠮᠲᠤᠷᠠᠯ ᠬᠤᠷᠰᠢᠶ᠎ᠠ ᠳᠤ ᠱᠠᠩᠨᠠᠯ | ᠢᠶᠠᠷ ᠨᠦᠬᠦᠪᠦᠷᠢᠯᠡᠬᠦ ᠬᠡᠯᠪᠡᠷᠢ ᠪᠠᠷ ᠵᠣᠬᠢᠬᠤ ᠪᠡᠯᠡ ᠮᠦᠩᠭᠦ ᠣᠯᠭᠤᠵᠣ᠂ ᠦᠢᠯᠡᠳᠪᠦᠷᠢᠯᠡᠯ ᠤᠨ ᠳᠦᠬᠦᠭᠡᠷᠦᠮᠵᠢ | ᠬᠤᠳᠠᠯᠳᠣᠨᠨ ᠠᠪᠬᠤ ᠶᠢ ᠳᠡᠮᠵᠢᠨ᠂ ᠳᠦᠬᠦᠭᠡᠷᠦᠮᠵᠢ ᠬᠤᠳᠠᠯᠳᠣᠨ ᠠᠪᠬᠤ ᠵᠠᠷᠤᠳᠠᠯ ᠤᠨ 30% ᠶᠢᠨ ᠪᠠᠷᠢᠮᠵᠢᠶ᠎ᠠ | ᠶᠤᠰᠤᠭᠠᠷ ᠨᠦᠬᠦᠪᠦᠷᠢᠯᠡᠨ᠎ᠡ᠃ | 11. ᠬᠠᠮᠲᠤᠷᠠᠯ ᠬᠤᠷᠰᠢᠶ᠎ᠠ ᠶᠢᠨ ᠪᠣᠶᠢᠵᠢᠭᠤᠯᠣᠯᠲᠠ᠃ ᠪᠠᠷᠢᠮᠵᠢᠶᠠᠲᠤ ᠦᠢᠯᠡᠳᠪᠦᠷᠢᠯᠡᠯ᠂ ᠨᠢᠭᠡᠳᠦᠯᠲᠡᠢ | ᠦᠢᠯᠡᠴᠢᠯᠡᠭᠡ ᠲᠠᠢ᠂ ᠨᠢᠭᠡᠳᠦᠯᠲᠡᠢ ᠪᠠᠷ ᠲᠤᠯᠤᠭᠠᠶᠢᠯᠠᠭᠴᠢ ᠠᠵᠤ ᠠᠬᠤᠶᠢᠯᠠᠯ ᠪᠤᠯᠤᠨ ᠮᠠᠯᠴᠢᠨ ᠲᠠᠷᠢᠶᠠᠴᠢᠨ ᠲᠠᠢ | ᠨᠢᠭᠲᠠ ᠬᠠᠷᠢᠴᠠᠭ᠎ᠠ ᠲᠠᠢ ᠠᠰᠢᠭ ᠲᠤᠰᠠ ᠶᠢᠨ ᠬᠤᠯᠪᠤᠭᠠᠲᠤ ᠴᠤᠭᠴᠠ ᠶᠢᠨ ᠬᠠᠮᠲᠤᠷᠠᠯ ᠬᠤᠷᠰᠢᠶ᠎ᠠ ᠶᠢ ᠨᠢᠭᠡᠳᠦᠯᠲᠡᠢ | ᠵᠤᠬᠢᠶᠠᠨ ᠪᠠᠶᠢᠭᠤᠯᠪᠠᠯ᠂ ᠨᠢᠭᠡᠯᠡ ᠣᠳᠠᠭ᠎ᠠ ᠪᠠᠷ 30 ᠲᠦᠮᠡᠨ ᠲᠦᠬᠦᠷᠢᠭ ᠱᠠᠩᠨᠠᠨ᠎ᠠ᠃ | ᠳᠦᠷᠪᠡ᠂ ᠨᠡᠷᠡᠲᠦ ᠲᠡᠮᠲᠡᠭ ᠤᠨ ᠪᠣᠶᠢᠵᠢᠭᠤᠯᠤᠯᠲᠠ ᠶᠢᠨ ᠬᠦᠴᠦᠯᠡᠴᠡ ᠪᠠᠨ ᠴᠢᠩᠭᠠᠳᠬᠠᠵᠤ᠂ | ᠪᠦᠲᠦᠭᠡᠭᠳᠡᠬᠦᠨ ᠤ ᠦᠷᠢᠰᠦᠯᠳᠦᠬᠦ ᠬᠦᠴᠦᠨ ᠢ ᠳᠡᠭᠡᠭᠰᠢᠯᠡᠬᠦᠯᠦᠨ᠎ᠡ | 12. ᠨᠡᠷᠡᠲᠦ ᠲᠡᠮᠲᠡᠭ ᠤᠨ ᠴᠤᠭᠴᠠᠯᠠᠯᠲᠠ᠃ ᠠᠵᠤ ᠠᠬᠤᠶᠢᠯᠠᠯ᠂ ᠨᠡᠶᠢᠬᠡᠮᠯᠢᠭ᠂ ᠲᠤᠰᠬᠠᠢ ᠬᠠᠮᠲᠤᠷᠠᠯ | ᠬᠤᠷᠰᠢᠶ᠎ᠠ ᠵᠡᠷᠭᠡ ᠶᠢ ᠳᠡᠮᠵᠢᠨ ᠢᠳᠡᠰᠢᠨ ᠨᠤᠭᠤᠭ᠎ᠠ ᠪᠣᠯᠣᠨ ᠡᠯᠳᠡᠪ ᠠᠮᠤ ᠶᠢᠨ ᠨᠡᠷᠡᠲᠦ ᠲᠡᠮᠲᠡᠭ ᠢ ᠴᠤᠭᠴᠠᠯᠠᠨ᠎ᠠ᠃ | 1 ᠪᠣᠬᠢᠷᠳᠣᠯ ᠦᠭᠡᠢ ᠢᠳᠡᠭᠡᠨ ᠬᠡᠷᠡᠴᠢᠯᠡᠬᠦᠯᠪᠡᠯ 3 ᠲᠦᠮᠡᠨ ᠲᠦᠬᠦᠷᠢᠭ ᠬᠦᠬᠢᠬᠦᠯᠦᠨ᠂ ᠣᠷᠭᠠᠨᠢᠭ ᠢᠳᠡᠭᠡᠨ | ᠬᠡᠷᠡᠴᠢᠯᠡᠬᠦᠯᠪᠡᠯ 5 ᠲᠦᠮᠡᠨ ᠲᠦᠬᠦᠷᠢᠭ ᠬᠦᠬᠢᠬᠦᠯᠦᠨ᠎ᠡ︔ 1 ᠨᠡᠷᠡᠲᠦ ᠣᠨᠴᠠ ᠰᠢᠯᠢᠳᠡᠭ ᠰᠢᠨ᠎ᠡ ᠮᠠᠯ ᠲᠠᠷᠢᠶᠠᠯᠠᠩ | ᠤᠨ ᠪᠦᠲᠦᠭᠡᠭᠳᠡᠬᠦᠨ ᠳᠠᠩᠰᠠᠯᠠᠭᠤᠯᠪᠠᠯ 2 ᠲᠦᠮᠡᠨ ᠲᠦᠬᠦᠷᠢᠭ ᠬᠦᠬᠢᠬᠦᠯᠵᠦ᠂ 1 ᠮᠠᠯ ᠲᠠᠷᠢᠶᠠᠯᠠᠩ ᠤᠨ | ᠪᠦᠲᠦᠭᠡᠭᠳᠡᠬᠦᠨ ᠤ ᠭᠠᠵᠠᠷ ᠵᠦᠢ ᠶᠢᠨ ᠲᠡᠮᠲᠡᠭᠲᠦ ᠪᠦᠲᠦᠭᠡᠭᠳᠡᠬᠦᠨ ᠳᠠᠩᠰᠠᠯᠠᠭᠤᠯᠤᠨ ᠬᠠᠮᠠᠭᠠᠯᠠᠪᠠᠯ 20 ᠲᠦᠮᠡᠨ | ᠲᠦᠬᠦᠷᠢᠭ ᠬᠦᠬᠢᠬᠦᠯᠦᠨ᠎ᠡ᠃ | 13. ᠨᠡᠷᠡᠲᠦ ᠲᠡᠮᠲᠡᠭ ᠤᠨ ᠲᠦᠭᠡᠮᠡᠯᠵᠢᠬᠦᠯᠦᠯᠲᠡ᠃ 530 ᠲᠦᠮᠡᠨ ᠲᠦᠬᠦᠷᠢᠭ ᠤᠨ ᠮᠠᠯ ᠲᠠᠷᠢᠶᠠᠯᠠᠩ ᠤᠨ | ᠪᠦᠲᠦᠭᠡᠭᠳᠡᠬᠦᠨ ᠤ ᠨᠡᠷᠡᠲᠦ ᠲᠡᠮᠲᠡᠭ ᠤᠨ ᠲᠦᠭᠡᠮᠡᠯᠵᠢᠬᠦᠯᠦᠯᠲᠡ ᠶᠢᠨ ᠵᠠᠷᠤᠳᠠᠯ ᠭᠠᠷᠭᠠᠵᠤ᠂ ᠨᠡᠷᠡᠲᠦ ᠲᠡᠮᠲᠡᠭ ᠤᠨ | ᠪᠠᠶᠢᠴᠠᠭᠠᠨ ᠰᠣᠳᠣᠯᠣᠯᠲᠠ᠂ ᠲᠦᠯᠦᠪᠵᠢᠬᠦᠯᠭᠡ ᠲᠤᠭᠤᠷᠪᠢᠯᠲᠠ᠂ ᠪᠠᠷᠢᠮᠵᠢᠶ᠎ᠠ ᠲᠤᠭᠲᠠᠭᠠᠯᠲᠠ᠂ ᠶᠠᠰᠣ ᠴᠢᠨᠠᠷ ᠤᠨ | ᠬᠢᠨᠠᠨ ᠬᠠᠮᠢᠶᠠᠷᠤᠯᠲᠠ᠂ ᠪᠠᠷᠠᠭ᠎ᠠ ᠬᠦᠷᠭᠡᠯᠲᠡ᠂ ᠰᠢᠭᠤᠳ ᠨᠡᠪᠲᠡᠷᠡᠬᠦᠯᠬᠡ ᠶᠢᠨ ᠪᠤᠷᠤᠯᠠᠭᠤᠯᠭ᠎ᠠ᠂ ᠤᠬᠠᠭᠤᠯᠤᠯ | ᠲᠦᠬᠡᠮᠡᠯᠵᠢᠬᠦᠯᠦᠯᠲᠡ ᠪᠠ ᠮᠦᠷᠳᠡᠯᠲᠡ ᠶᠢᠨ ᠲᠤᠭᠲᠠᠯᠴᠠᠭᠠᠨ ᠤ ᠪᠠᠶᠢᠭᠤᠯᠤᠯᠲᠠ ᠵᠡᠷᠭᠡ ᠳᠤ ᠬᠡᠷᠡᠭᠯᠡᠨ᠎ᠡ᠃ | ᠲᠠᠪᠤ᠂ ᠬᠦᠴᠦᠨ ᠵᠦᠢᠯ ᠤᠨ ᠪᠠᠲᠤᠯᠠᠭ᠎ᠠ ᠶᠢᠨ ᠲᠤᠭᠲᠠᠯᠴᠠᠭ᠎ᠠ ᠶᠢ ᠲᠡᠬᠦᠯᠳᠡᠷᠵᠢᠬᠦᠯᠵᠦ᠂ ᠠᠵᠤ. ᠦᠢᠯᠡᠰ ᠤᠨ | ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠬᠦᠯᠦᠨ᠎ᠡ | 14. ᠰᠢᠨᠵᠢᠯᠡᠭᠡ ᠮᠡᠷᠭᠡᠵᠢᠯ ᠲᠦᠭᠡᠮᠡᠯᠵᠢᠬᠦᠯᠬᠦ ᠦᠢᠯᠡᠴᠢᠯᠡᠭᠡ ᠶᠢᠨ ᠰᠢᠨᠡᠴᠢᠯᠡᠯᠲᠡ | ︵1︶ ᠮᠡᠷᠭᠡᠵᠢᠯ ᠲᠦᠬᠡᠮᠡᠯᠵᠢᠬᠦᠯᠬᠦ ᠦᠢᠯᠡᠴᠢᠯᠡᠭᠡ᠃ 385 ᠲᠦᠮᠡᠨ ᠲᠦᠬᠦᠷᠢᠭ ᠤᠨ ᠲᠠᠷᠢᠶᠠᠯᠠᠩ᠂ ᠣᠢ | ᠰᠢᠭᠤᠢ᠂ ᠮᠠᠯᠵᠢᠯ ᠤᠨ ᠮᠡᠷᠭᠡᠵᠢᠯ ᠲᠦᠬᠡᠮᠡᠯᠵᠢᠬᠦᠯᠬᠦ ᠰᠠᠭᠤᠷᠢ ᠮᠦᠩᠭᠦ ᠪᠠᠶᠢᠭᠤᠯᠤᠨ᠂ ᠠᠵᠤ ᠦᠢᠯᠡᠰ ᠤᠨ ᠮᠡᠷᠭᠡᠵᠢᠯ | ᠤᠨ ᠦᠢᠯᠡᠴᠢᠯᠡᠭᠡ᠂ ᠪᠠᠷᠢᠮᠵᠢᠶᠠᠵᠢᠭᠰᠠᠨ ᠦᠢᠯᠡᠳᠪᠦᠷᠢᠯᠡᠯ᠂ ᠡᠭᠦᠯᠳᠡᠷ ᠪᠤᠶᠢᠵᠢᠭᠤᠯᠤᠯᠲᠠ᠂ ᠲᠤᠷᠰᠢᠯᠲᠠ ᠳᠠᠭᠤᠷᠢᠶᠠᠯ | ᠂ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠵᠢᠴᠢ ᠦᠵᠡᠬᠦᠯᠬᠡ᠂ ᠣᠬᠠᠭᠤᠯᠭ᠎ᠠ ᠪᠤᠯᠪᠠᠰᠣᠷᠠᠯ᠂ ᠵᠢᠱᠢᠶ᠎ᠡ | ᠦᠵᠡᠬᠦᠯᠬᠦ ᠴᠡᠭ ᠪᠠ ᠳᠠᠭᠤᠷᠢᠶᠠᠯ ᠡᠷᠦᠬᠡ ᠶᠢᠨ ᠪᠣᠶᠢᠵᠢᠭᠤᠯᠤᠯᠲᠠ ᠵᠡᠷᠭᠡ ᠳᠤ ᠬᠡᠷᠡᠭᠯᠡᠨ᠎ᠡ᠃ | ︵2︶ ᠨᠡᠶᠢᠬᠡᠮᠴᠢᠯᠡᠭᠰᠡᠨ ᠦᠢᠯᠡᠴᠢᠯᠡᠭᠡ᠃ ᠮᠠᠯᠴᠢᠨ ᠲᠠᠷᠢᠶᠠᠴᠢᠨ ᠡᠷᠦᠬᠡ ᠳᠤ ᠡᠬᠦᠯᠳᠡᠷ ᠢ ᠰᠢᠯᠢᠨ | ᠰᠣᠩᠭᠤᠬᠤ᠂ ᠬᠤᠷᠤᠬᠠᠶᠢᠳᠣᠯ ᠢ ᠪᠣᠬᠢᠷᠳᠣᠯ ᠦᠭᠡᠢ ᠪᠠᠷ ᠰᠡᠷᠭᠡᠶᠢᠯᠡᠨ ᠡᠵᠡᠮᠳᠡᠬᠦ᠂ ᠨᠢᠭᠡᠳᠦᠯᠲᠡᠢ ᠰᠡᠷᠭᠡᠶᠢᠯᠡᠨ | ᠨᠢᠭᠡᠳᠦᠯᠲᠡᠢ ᠵᠠᠰᠠᠬᠤ᠂ ᠣᠰᠣ ᠪᠣᠷᠳᠣᠭᠤᠷ ᠢ ᠴᠤᠭᠴᠠᠵᠢᠭᠤᠯᠤᠨ ᠬᠠᠮᠢᠶᠠᠷᠬᠤ᠂ ᠭᠤᠤᠷᠰᠣ ᠳᠠᠪᠬᠤᠴᠠᠯᠲᠠ ᠶᠢ | ᠵᠠᠰᠠᠬᠤ᠂ ᠵᠠᠬᠢᠶᠠᠯᠠᠭ᠎ᠠ ᠪᠠᠷ ᠬᠠᠳᠠᠭᠠᠯᠠᠬᠤ ᠵᠡᠷᠭᠡ ᠰᠢᠷᠢᠰ ᠪᠠᠷᠢᠮᠵᠢᠶᠠᠲᠤ ᠦᠢᠯᠡᠳᠪᠦᠷᠢᠯᠡᠯ ᠤᠨ ᠦᠢᠯᠡᠴᠢᠯᠡᠭᠡ ᠶᠢ | ᠨᠢᠭᠡᠳᠦᠯᠲᠡᠢ ᠬᠠᠩᠭᠠᠬᠤ ᠶᠢᠨ ᠬᠠᠮᠲᠤ ᠭᠤᠸ᠎ᠠ ᠵᠢᠮᠢᠰ ᠢᠳᠡᠰᠢᠨ ᠨᠣᠭᠤᠭᠠᠨ ᠤ ᠦᠢᠯᠡᠴᠢᠯᠡᠭᠡᠨ ᠤ ᠬᠡᠪᠴᠢᠶ᠎ᠠ | 1000 ᠮᠣ᠋ ᠠᠴᠠ ᠳᠠᠪᠠᠭᠰᠠᠨ ᠨᠡᠶᠢᠬᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠳᠤ ᠮᠣ᠋ ᠪᠦᠷᠢ | ᠨᠢᠭᠡᠯᠡ ᠣᠳᠠᠭ᠎ᠠ 50 ᠲᠦᠬᠦᠷᠢᠭ ᠤᠨ ᠬᠦᠬᠢᠬᠦᠯᠦᠯ ᠤᠨ ᠴᠢᠨᠠᠷᠲᠠᠢ ᠨᠦᠬᠦᠪᠦᠷᠢ ᠮᠦᠩᠭᠦ ᠦᠭᠭᠦᠨ᠎ᠡ︔ ᠡᠯᠳᠡᠪ ᠠᠮᠤ | ᠶᠢᠨ ᠦᠢᠯᠡᠴᠢᠯᠡᠭᠡᠨ ᠤ ᠬᠡᠪᠴᠢᠶ᠎ᠠ 1000 ᠮᠣ᠋ ᠠᠴᠠ ᠳᠠᠪᠠᠭᠰᠠᠨ ᠨᠡᠶᠢᠬᠡᠮᠴᠢᠯᠡᠭᠰᠡᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠳᠤ ᠮᠣ᠋ ᠪᠦᠷᠢ ᠨᠢᠭᠡᠯᠡ ᠣᠳᠠᠭ᠎ᠠ ᠪᠠᠷ 80 ᠲᠦᠬᠦᠷᠢᠭ ᠤᠨ ᠬᠦᠬᠢᠬᠦᠯᠦᠯ ᠤᠨ ᠴᠢᠨᠠᠷᠲᠠᠢ ᠨᠦᠬᠦᠪᠦᠷᠢ | ᠮᠦᠩᠭᠦ ᠦᠭᠭᠦᠨ᠎ᠡ᠃ ᠨᠡᠶᠢᠬᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠶᠢ ᠮᠠᠯᠵᠢᠬᠤ ᠲᠠᠷᠢᠶ᠋ᠯᠠᠬᠤ | ᠣᠷᠣᠨ ᠵᠦᠭ ᠣᠷᠳᠣᠳᠬᠠᠬᠤ ᠶᠢ ᠵᠣᠷᠢᠭᠵᠢᠭᠤᠯᠣᠨ᠂ ᠮᠠᠯ ᠲᠠᠷᠢᠶᠠᠯᠠᠩ ᠤᠨ ᠨᠡᠶᠢᠬᠡᠮᠴᠢᠯᠡᠭᠰᠡᠨ ᠦᠢᠯᠡᠴᠢᠯᠡᠭᠡᠨ ᠤ | ᠨᠦᠬᠦᠪᠦᠷᠢ ᠵᠠᠷᠣᠳᠠᠯ 300 ᠲᠦᠮᠡᠨ ᠲᠦᠬᠦᠷᠢᠭ ᠪᠠᠶᠢᠭᠤᠯᠵᠣ᠂ ᠮᠠᠯ ᠲᠠᠷᠢᠶᠠᠯᠠᠩ ᠤᠨ ᠲᠡᠵᠢᠭᠡᠨ ᠦᠷᠡᠵᠢᠭᠦᠯᠭᠡ ᠶᠢᠨ | ᠮᠡᠷᠭᠡᠵᠢᠯ ᠤᠨ ᠨᠡᠶᠢᠬᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠣᠯᠳᠠ ᠳᠤ ᠨᠦᠬᠦᠪᠦᠷᠢ ᠪᠠ ᠱᠠᠩᠨᠠᠯ | ᠣᠯᠭᠤᠨ᠎ᠠ᠃ | 15. ᠣᠶᠣᠨᠴᠢ ᠮᠠᠯ ᠲᠠᠷᠢᠶᠠᠯᠠᠩ ᠤᠨ ᠦᠢᠯᠡᠰ ᠤᠨ ᠬᠦᠭᠵᠢᠯᠲᠡ ᠶᠢ ᠲᠦᠷᠭᠡᠳᠬᠡᠨ᠎ᠡ᠃ 618 ᠲᠦᠮᠡᠨ | ᠲᠦᠬᠦᠷᠢᠭ ᠤᠨ ᠣᠶᠣᠨᠴᠢ ᠮᠠᠯ ᠲᠠᠷᠢᠶᠠᠯᠠᠩ ᠤᠨ ᠦᠢᠯᠡᠰ ᠤᠨ ᠬᠦᠭᠵᠢᠯᠲᠡ ᠶᠢᠨ ᠵᠠᠷᠤᠳᠠᠯ ᠢ ᠲᠤᠬᠢᠷᠠᠭᠤᠯᠤᠨ᠂ | ᠣᠶᠣᠨᠴᠢ ᠮᠠᠯᠴᠢᠨ ᠲᠠᠷᠢᠶᠠᠴᠢᠨ ᠡᠷᠦᠬᠡ᠂ ᠣᠶᠣᠨᠴᠢ ᠬᠦᠯᠡᠮᠵᠢ᠂ ᠬᠦᠮᠦᠨ ᠦᠭᠡᠢ ᠲᠠᠷᠢᠶᠠᠯᠠᠩ ᠤᠨ ᠲᠡᠯᠡᠪᠡᠢ᠂ | ᠡᠵᠡᠩᠨᠡᠯᠲᠡ ᠶᠢᠨ ᠲᠦᠪ ᠵᠡᠷᠭᠡ ᠳᠤ ᠬᠡᠷᠡᠭᠯᠡᠨ᠎ᠡ᠃ | 16. ᠲᠦᠷᠦ ᠶᠢᠨ ᠪᠤᠳᠤᠯᠭ᠎ᠠ ᠶᠢᠨ ᠴᠢᠨᠠᠷᠲᠠᠢ ᠳᠠᠭᠠᠳᠬᠠᠯ ᠤᠨ ᠬᠦᠷᠢᠶ᠎ᠡ ᠴᠠᠷᠠᠭ᠎ᠠ ᠶᠢ ᠦᠷᠭᠡᠳᠬᠡᠨ᠎ᠡ᠃ | ︵1︶ ᠲᠠᠷᠢᠮᠠᠯ ᠤᠨ ᠦᠢᠯᠡᠰ᠃ ︽ᠣᠯᠠᠷᠢᠯ ᠰᠦᠷᠦᠭᠰᠡᠨ ᠢᠳᠡᠰᠢᠨ ᠨᠤᠭᠤᠭ᠎ᠠ︾ ᠳᠠᠷᠢᠵᠤ ᠳᠠᠭᠠᠳᠬᠠᠯ ᠳᠤ | ᠣᠷᠣᠭᠰᠠᠨ ᠲᠠᠷᠢᠶᠠᠴᠢᠨ ᠡᠷᠦᠬᠡ ᠶᠢᠨ ᠯᠠᠵᠤᠤ᠂ ᠰᠢᠯᠡᠨ ᠨᠤᠭᠤᠭ᠎ᠠ᠂ ᠨᠣᠭᠤᠭ᠎ᠠ ᠶᠢᠨ ᠭᠤᠤᠯ ᠵᠡᠷᠭᠡ ᠳᠤ ᠮᠣ᠋ ᠪᠦᠷᠢ | ᠶᠢᠨ ᠳᠠᠭᠠᠳᠬᠠᠯ ᠤᠨ ᠵᠠᠷᠤᠳᠠᠯ ᠤᠨ 70% ᠶᠢᠨ ᠬᠠᠷᠢᠴᠠᠯ ᠶᠤᠰᠤᠭᠠᠷ ᠨᠦᠬᠦᠪᠦᠷᠢᠯᠡᠨ᠎ᠡ᠃ | ︵2︶ ᠲᠡᠵᠢᠭᠡᠪᠦᠷᠢ ᠶᠢᠨ ᠦᠢᠯᠡᠰ᠃ ᠴᠡᠪᠡᠷ ᠡᠬᠦᠯᠳᠡᠷ ᠤᠨ ᠠᠯᠠᠰᠢᠨ ᠦᠬᠡᠷ᠂ ᠠᠯᠠᠰᠢᠨ ᠮᠠᠯ ᠤᠨ ᠬᠤᠴᠠ | ᠤᠬᠤᠨ᠎ᠠ ᠶᠢ ᠳᠠᠭᠠᠳᠬᠠᠯ ᠳᠤ ᠣᠷᠣᠭᠤᠯᠣᠭᠰᠠᠨ ᠲᠡᠵᠢᠭᠡᠪᠦᠷᠢ ᠶᠢᠨ ᠡᠷᠦᠬᠡ ᠶᠢᠨ ᠮᠠᠯ ᠨᠢᠭᠡᠪᠦᠷᠢ ᠳᠤ ᠳᠠᠭᠠᠳᠬᠠᠯ ᠤᠨ | ᠵᠠᠷᠤᠳᠠᠯ ᠤᠨ 70% ᠶᠢᠨ ᠬᠠᠷᠢᠴᠠᠯ ᠶᠤᠰᠤᠭᠠᠷ ᠨᠦᠬᠦᠪᠦᠷᠢᠯᠡᠨ᠎ᠡ᠃ | ᠵᠢᠷᠭᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ | 1. ᠲᠣᠰ ᠲᠦᠷᠦ ᠶᠢᠨ ᠪᠣᠳᠣᠯᠭ᠎ᠠ ᠣᠨᠴᠠᠭᠠᠢ ᠲᠣᠳᠣᠷᠬᠠᠶᠢᠯᠠᠯ ᠦᠭᠡᠢ᠂ ᠨᠦᠬᠦᠪᠦᠷᠢ ᠶᠢᠨ ᠪᠠᠷᠢᠮᠵᠢᠶ᠎ᠠ ᠲᠡᠭᠡᠳᠦ | ᠱᠠᠳᠣᠨ ᠤ ᠡᠩ ᠤᠨ ᠰᠢᠯᠵᠢᠭᠦᠯᠦᠨ ᠦᠩᠭᠦ ᠪᠡᠯᠡ ᠮᠦᠩᠭᠦ᠃ | 2. ᠲᠣᠰ ᠲᠡᠮᠵᠢᠯᠭᠡ ᠶᠢᠨ ᠲᠦᠷᠦ ᠶᠢᠨ ᠪᠣᠳᠣᠯᠭ᠎ᠠ ᠭᠠᠴᠠᠭ᠎ᠠ ᠲᠣᠰᠬᠠᠣᠨ ᠤ ᠬᠠᠮᠳᠦ ᠶᠢᠨ ᠠᠵᠣ ᠠᠬᠤᠢ ᠳᠤ | ᠬᠤᠪᠢ ᠣᠷᠣᠭᠤᠯᠣᠭᠰᠠᠨ ᠬᠤᠷᠰᠢᠶᠠᠯ ᠢ ᠣᠷᠢᠳᠠᠪᠡᠷ ᠲᠡᠮᠵᠢᠨ᠎ᠡ᠃ | 3. ᠲᠣᠰ ᠲᠦᠷᠦ ᠶᠢᠨ ᠪᠣᠳᠣᠯᠭ᠎ᠠ ᠶᠢ ᠲᠦᠷᠦᠯ ᠵᠣᠶᠢᠯᠵᠢᠭᠰᠠᠨ ᠬᠠᠮᠢᠶᠠᠷᠣᠯᠳᠠ ᠶᠢ ᠬᠡᠷᠡᠭᠵᠢᠭᠦᠯᠦᠨ᠂ ᠲᠦᠷᠦᠯ | ᠵᠣᠶᠢᠯ ᠪᠣᠯᠭᠠᠨ ᠢ ᠬᠠᠮᠤᠭ ᠶᠡᠭᠡ ᠨᠦᠬᠦᠪᠦᠷᠢ ᠶᠢᠨ ᠬᠡᠪᠴᠢᠶᠡᠨ ᠳᠤ ᠲᠣᠭᠳᠠᠭᠠᠵᠣ᠂ ᠲᠠᠬᠢᠨ ᠵᠣᠬᠢᠴᠠᠭᠤᠯᠬᠤ | ᠴᠢᠬᠤᠯᠠᠳᠠᠢ ᠪᠣᠶᠣ ᠰᠣᠯᠢᠬᠤ ᠴᠢᠬᠤᠯᠠᠳᠠᠢ ᠲᠡᠮᠵᠢᠯᠭᠡ ᠶᠢᠨ ᠲᠦᠷᠦᠯ ᠵᠣᠶᠢᠯ ᠢ ᠲᠣᠰ ᠲᠦᠷᠦ ᠶᠢᠨ ᠪᠣᠳᠣᠯᠭ᠎ᠠ ᠶᠢᠨ | ᠲᠦᠰᠦᠪ ᠲᠣᠳᠣᠷ᠎ᠠ ᠢᠯᠡᠭᠦᠣ ᠭᠠᠷᠣᠭᠰᠠᠨ ᠪᠡᠯᠡ ᠮᠦᠩᠭᠦ ᠪᠠᠷ ᠲᠡᠮᠵᠢᠯᠭᠡ ᠦᠵᠡᠭᠦᠯᠵᠣ ᠪᠣᠯᠣᠨ᠎ᠠ᠂ ︽ᠨᠢᠭᠡ ᠣᠴᠢᠷ | ᠢ ᠨᠢᠭᠡ ᠵᠦᠪᠯᠡᠬᠦ︾ ᠢ ᠪᠠᠷᠢᠮᠳᠠᠯᠠᠨ᠂ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠭᠡᠳ | ᠵᠦᠪᠰᠢᠶᠡᠷᠡᠭᠦᠯᠦᠭᠰᠡᠨ ᠤ ᠲᠠᠷᠠᠭ᠎ᠠ ᠲᠡᠮᠵᠢᠯᠭᠡ ᠶᠢᠨ ᠲᠦᠷᠦ ᠪᠣᠳᠣᠯᠭ᠎ᠠ ᠶᠢ ᠬᠡᠷᠡᠭᠵᠢᠭᠦᠯᠦᠨ᠎ᠡ᠃ | 4. ᠲᠡᠮᠵᠢᠯᠭᠡ ᠶᠢᠨ ᠲᠦᠷᠦ ᠶᠢᠨ ᠪᠣᠳᠣᠯᠭ᠎ᠠ ᠶᠢᠨ ᠲᠦᠷᠦᠯ ᠵᠣᠶᠢᠯ ᠢ ᠲᠠᠪᠬᠤᠴᠠᠭᠠᠬᠤ ᠦᠭᠡᠢ᠂ ᠢᠯᠡᠭᠦᠣ | ᠦᠩᠭᠦ ᠠᠴᠠ ᠲᠣᠳᠠᠭᠤ ᠦᠩᠭᠦ ᠦᠭᠡᠢ ᠵᠠᠷᠴᠢᠮ ᠢᠶᠠᠷ ᠨᠦᠬᠦᠪᠦᠷᠢ ᠣᠯᠭᠤᠨ᠂ ᠪᠦᠳᠦᠭᠡᠨ ᠪᠠᠶᠢᠭᠤᠯᠣᠯᠳᠠ ᠶᠢᠨ ᠪᠡᠯᠡ | ᠮᠦᠩᠭᠦ 1000 ᠲᠦᠮᠡᠨ ᠲᠦᠬᠦᠷᠢᠭ ᠤᠨ ᠲᠣᠳᠣᠷ᠎ᠠ᠂ ᠬᠠᠮᠤᠭ ᠦᠨᠳᠦᠷ ᠨᠦᠬᠦᠪᠦᠷᠢ 200 ᠲᠦᠮᠡᠨ ᠲᠦᠬᠦᠷᠢᠭ | ᠠᠴᠠ ᠬᠡᠳᠦᠷᠡᠵᠣ ᠪᠣᠯᠬᠤ ᠦᠭᠡᠢ︔ ᠪᠦᠳᠦᠭᠡᠨ ᠪᠠᠶᠢᠭᠤᠯᠣᠯᠳᠠ ᠶᠢᠨ ᠮᠦᠩᠭᠦ 1000 ᠲᠦᠮᠡᠨ ᠲᠦᠬᠦᠷᠢᠭ ᠠᠴᠠ | ᠬᠡᠳᠦᠷᠡᠪᠡᠯ᠂ ᠬᠡᠳᠦᠷᠡᠭᠰᠡᠨ ᠪᠦᠯᠦᠭ ᠤᠨ 30% ᠶᠢᠨ ᠨᠦᠬᠦᠪᠦᠷᠢ ᠨᠡᠮᠡᠵᠣ᠂ ᠬᠠᠮᠤᠭ ᠦᠨᠳᠦᠷ ᠨᠦᠬᠦᠪᠦᠷᠢ 200 | ᠲᠦᠮᠡᠨ ᠲᠦᠬᠦᠷᠢᠭ ᠠᠴᠠ ᠬᠡᠳᠦᠷᠡᠵᠣ ᠪᠣᠯᠬᠤ ᠦᠭᠡᠢ᠃ | 5. ᠲᠣᠰ ᠲᠦᠷᠦ ᠶᠢᠨ ᠪᠣᠳᠣᠯᠭ᠎ᠠ ᠶᠢ ᠲᠦᠷᠦᠯ ᠵᠣᠶᠢᠯᠵᠢᠭᠰᠡᠨ ᠬᠠᠮᠢᠶᠠᠷᠣᠯᠳᠠ ᠬᠡᠷᠡᠭᠵᠢᠭᠦᠯᠦᠨ᠂ ᠲᠦᠷᠦᠯ | ᠵᠣᠶᠢᠯ ᠤᠨ ᠮᠡᠳᠡᠭᠦᠯᠬᠦ ᠲᠠᠷᠠᠭᠠᠯᠠᠯ ᠢ ᠴᠢᠩᠭ᠎ᠠ ᠬᠡᠷᠡᠭᠵᠢᠭᠦᠯᠵᠣ᠂ ᠬᠦᠮᠦᠷᠭᠡ ᠶᠢᠨ ᠪᠣᠰᠣ ᠲᠦᠷᠦᠯ ᠵᠣᠶᠢᠯ ᠢ ᠨᠢᠭᠡ ᠶᠢ | ᠴᠤ ᠬᠤᠷᠢᠶᠠᠨ ᠰᠢᠯᠭᠠᠬᠤ ᠪᠠ ᠨᠦᠬᠦᠪᠦᠷᠢ ᠣᠯᠭᠤᠵᠣ ᠪᠣᠯᠬᠤ ᠦᠭᠡᠢ᠃ ᠡᠯ᠎ᠡ ᠪᠠᠯᠭᠠᠰᠦ᠂ ᠡᠯ᠎ᠡ ᠬᠠᠮᠢᠶ᠎ᠠ ᠪᠦᠬᠦᠢ | ᠰᠠᠯᠠᠭ᠎ᠠ ᠮᠦᠴᠢᠷ ᠲᠠᠷᠢᠶᠠᠯᠠᠩ ᠳᠤ ᠬᠤᠯᠪᠣᠭᠳᠠᠬᠤ ᠲᠦᠷᠦᠯ ᠵᠣᠶᠢᠯ ᠪᠣᠯᠣᠨ ᠪᠡᠯᠡ ᠮᠦᠩᠭᠦᠨ ᠤ ᠬᠢᠨᠠᠯᠳᠠ | ᠬᠠᠮᠢᠶᠠᠷᠣᠯᠳᠠ ᠶᠢ ᠴᠢᠩᠭᠠᠳᠬᠠᠨ᠂ ᠮᠡᠳᠡᠭᠦᠯᠦᠨ ᠴᠣᠬᠤᠯᠠᠪᠦᠷᠢᠯᠠᠭᠰᠠᠨ ᠲᠦᠷᠦᠯ ᠵᠣᠶᠢᠯ ᠢ ᠡᠵᠡᠩᠨᠡᠯᠳᠡ ᠶᠢᠨ ᠭᠤᠣᠯ | ᠴᠣᠭᠴᠠ ᠬᠡᠷᠡᠭᠵᠢᠭᠦᠯᠦᠭᠰᠡᠨ ᠪᠣᠯ ᠪᠣᠰᠣᠳ ᠲᠦᠷᠦᠯ ᠵᠣᠶᠢᠯ ᠤᠨ ᠮᠡᠳᠡᠭᠦᠯᠦᠯᠳᠡ ᠶᠢ ᠲᠦᠷ ᠵᠣᠭᠰᠣᠭᠠᠨ᠎ᠠ︔ ᠬᠡᠷᠪᠡ | ᠬᠠᠭᠤᠷᠮᠠᠭ ᠵᠣᠬᠢᠶᠠᠭᠰᠠᠨ᠂ ᠪᠡᠯᠡ ᠮᠦᠩᠭᠦ ᠶᠢ ᠵᠠᠷᠣᠭᠰᠠᠨ ᠵᠡᠷᠭᠡ ᠬᠠᠣᠯᠢ ᠵᠦᠷᠢᠴᠡᠭᠰᠡᠨ ᠠᠵᠢᠯᠯᠠᠭ᠎ᠠ ᠢᠯᠡᠷᠡᠭᠦᠯᠪᠡᠯ᠂ | ᠲᠡᠮᠵᠢᠯᠭᠡ ᠶᠢᠨ ᠪᠡᠯᠡ ᠮᠦᠩᠭᠦ ᠶᠢ ᠪᠣᠴᠠᠭᠠᠨ ᠠᠪᠴᠦ ᠢᠷᠡᠭᠦ ᠮᠦᠷᠳᠡᠭᠡᠨ ᠬᠤᠯᠪᠣᠭᠳᠠᠯ ᠪᠦᠬᠦᠢ ᠬᠦᠮᠦᠨ ᠠᠴᠠ | ᠬᠠᠷᠢᠭᠤᠴᠠᠯᠭ᠎ᠠ ᠨᠡᠭᠡᠮᠵᠢᠯᠡᠨ᠎ᠡ᠃ | 6. ᠲᠣᠰ ᠲᠦᠷᠦ ᠶᠢᠨ ᠪᠣᠳᠣᠯᠭ᠎ᠠ ᠶᠢ 2021 ᠣᠨ ᠤ 1 ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠂ | ᠨᠢᠭᠡ ᠵᠢᠯ ᠤᠨ ᠬᠦᠴᠦᠨ ᠲᠠᠢ᠃ ᠬᠤᠯᠪᠣᠭᠳᠠᠯ ᠪᠦᠬᠦᠢ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠵᠣᠭᠰᠣᠭᠠᠨ᠎ᠠ᠃ | | 7. ᠲᠣᠰ ᠲᠦᠷᠦ ᠶᠢᠨ ᠪᠣᠳᠣᠯᠭ᠎ᠠ ᠶᠢ ᠬᠤᠰᠢᠭᠤ ᠮᠠᠯ ᠲᠠᠷᠢᠶᠠᠯᠠᠩ ᠤᠨ ᠲᠣᠪᠴᠢᠶ᠎ᠠ᠂ ᠣᠢ ᠰᠢᠭᠤᠢ ᠨᠣᠳᠤᠭ | ᠪᠡᠯᠴᠢᠭᠡᠷ ᠤᠨ ᠲᠣᠪᠴᠢᠶ᠎ᠠ ᠬᠠᠷᠢᠭᠤᠴᠠᠨ ᠲᠠᠶᠢᠯᠪᠦᠷᠢᠯᠠᠬᠤ ᠶᠢᠨ ᠬᠠᠮᠳᠦ ᠬᠤᠰᠢᠭᠤ ᠡᠳ᠋ ᠤᠨ ᠵᠠᠰᠠᠭ ᠤᠨ ᠲᠣᠪᠴᠢᠶ᠎ᠠ | ᠪᠣᠳᠠᠳᠠᠢ ᠨᠠᠷᠢᠨ ᠲᠦᠷᠢᠮ ᠢ ᠲᠣᠭᠳᠠᠭᠠᠨ ᠬᠡᠷᠡᠭᠵᠢᠭᠦᠯᠦᠨ᠎ᠡ᠃ | | |