ᠨᠢᠭᠡ᠂ ᠨᠡᠶᠢᠲᠡᠯᠡᠭᠰᠡᠨ ᠠᠬᠤᠶ ᠪᠠᠶᠢᠳᠠᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠶᠡᠷᠦᠩᠬᠡᠢ | ᠱᠦᠵᠢ ᠰᠢ ᠶᠢᠨ ᠫᠢᠩ ᠤᠨ ᠲᠠᠷᠢᠶᠠᠨ ᠭᠠᠵᠠᠷ ᠢ ᠬᠠᠮᠠᠭᠠᠯᠠᠬᠤ ᠲᠤᠬᠠᠶ ᠰᠢᠷᠢᠰ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠪᠠᠲᠤᠳᠬᠠᠵᠤ᠂ ᠭᠠᠵᠠᠷ ᠰᠢᠷᠣᠶ ᠶᠢᠨ ᠨᠡᠶᠢᠲᠡ ᠶᠢᠨ ᠥᠮᠴᠢᠯᠡᠯ ᠤᠨ ᠰᠢᠨᠵᠢ ᠴᠢᠨᠠᠷ ᠢ | ᠬᠤᠪᠢᠷᠠᠭᠤᠯᠬᠤ ᠦᠭᠡᠶ᠂ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠳᠠᠪᠠᠭ᠋ᠤ ᠦᠭᠡᠶ᠂ ᠲᠠᠷᠢᠶᠠᠴᠢᠳ ᠤᠨ ᠠᠰᠢᠭ | ᠲᠤᠰᠠ ᠳᠤ ᠬᠤᠬᠢᠷᠠᠯ ᠤᠴᠠᠷᠠᠭᠤᠯᠬᠤ ᠦᠭᠡᠶ ᠪᠠᠶᠢᠬᠤ ᠭᠤᠷᠪᠠᠨ ᠬᠤᠷᠢᠭ᠎ᠠ ᠱᠤᠭᠤᠮ ᠢ ᠪᠠᠲᠤ ᠰᠠᠬᠢᠵᠤ᠂ ᠲᠠᠷᠢᠶᠠᠨ | ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ | ᠪᠠᠶᠢᠯᠭᠠᠬᠤ ᠬᠠᠮᠢᠶᠠᠷᠤᠯᠲᠠ ᠶᠢ ᠰᠠᠶᠢᠵᠢᠷᠠᠭᠤᠯᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠨ᠂ ︽ᠲᠠᠷᠢᠶᠠᠨ | ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠪᠠ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ | ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠪ ᠲᠠᠷᠬᠠᠭᠠᠭᠰᠠᠨ ︹2017︺ 4 ᠳ᠋ᠦ᠋ᠭᠡᠷ ᠲᠣᠭᠠᠲᠤ︶᠂ ︽ | ᠲᠠᠷᠢᠶᠠᠨ ᠭᠠᠵᠠᠷ ᠤᠨ ︿ᠲᠠᠷᠢᠶᠠᠯᠠᠩ ᠤᠨ ᠪᠤᠰᠤ ᠪᠣᠯᠭᠠᠬᠤ﹀ ᠠᠵᠢᠯᠯᠠᠭ᠎ᠠ ᠶᠢ ᠡᠷᠡᠰ ᠬᠤᠷᠢᠭᠯᠠᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠡᠭᠦᠳᠦᠯᠲᠡ | ᠴᠠᠬᠢᠯᠭᠠᠨ ︹2020︺ 24 ᠳ᠋ᠦ᠋ᠭᠡᠷ ᠲᠣᠭᠠᠲᠤ︶᠂ ︽ᠲᠠᠷᠢᠶᠠᠨ ᠭᠠᠵᠠᠷ ᠤᠨ ︿ᠠᠮᠤ ᠪᠤᠳᠠᠭᠠᠨ ᠤ ᠪᠤᠰᠤ | ᠪᠣᠯᠭᠠᠬᠤ﹀ ᠶᠢ ᠰᠡᠷᠭᠡᠶᠢᠯᠡᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︹2020︺ | 44 ᠳ᠋ᠦ᠋ᠭᠡᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠲᠠᠷᠢᠶᠠᠨ ᠭᠠᠵᠠᠷ ᠤᠨ ᠬᠤᠷᠢᠭ᠎ᠠ ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ | ᠴᠢᠩᠭ᠎ᠠ ᠰᠠᠬᠢᠬᠤ ᠶᠢ ᠦᠨᠡᠨ ᠬᠦ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ | ᠠᠮᠢ ᠠᠬᠤᠶ ︽ᠭᠤᠷᠪᠠ ᠶᠢ ᠨᠢᠭᠡ ᠴᠣᠭᠴᠠᠵᠢᠭᠤᠯᠬᠤ︾ ᠬᠠᠮᠠᠭᠠᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠲᠠᠷᠢᠶᠠᠨ | ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠨ᠂ ᠲᠠᠷᠢᠶᠠᠨ ᠭᠠᠵᠠᠷ ᠢ ︽ᠠᠮᠤ ᠪᠤᠳᠠᠭᠠᠨ ᠤ | ᠪᠤᠰᠤ ᠪᠣᠯᠭᠠᠬᠤ︾ ᠶᠢ ᠰᠡᠷᠭᠡᠶᠢᠯᠡᠨ᠂ ᠬᠠᠮᠠᠭᠠᠯᠠᠯᠲᠠ ᠨᠢ ᠨᠠᠩ ᠬᠦᠴᠦᠲᠡᠶ᠂ ᠬᠡᠷᠡᠭᠵᠢᠭᠦᠯᠦᠯᠲᠡ ᠨᠢ ᠨᠠᠩ | ᠤᠷᠤᠭᠰᠢᠲᠠᠶ᠂ ᠬᠠᠮᠢᠶᠠᠷᠤᠯᠲᠠ ᠨᠢ ᠨᠠᠩ ᠥᠨᠳᠥᠷ ᠦᠷ᠎ᠡ ᠪᠦᠲᠦᠮᠵᠢᠲᠡᠶ ᠲᠠᠷᠢᠶᠠᠨ ᠭᠠᠵᠠᠷ ᠢ ᠬᠠᠮᠠᠭᠠᠯᠠᠬᠤ ᠰᠢᠨ᠎ᠡ | ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ︽ᠲᠠᠷᠢᠶᠠᠨ ᠭᠠᠵᠠᠷ ᠤᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ | ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠲᠣᠭᠲᠠᠭᠠᠨ ᠨᠡᠶᠢᠲᠡᠯᠡᠪᠡ᠃ | ᠬᠤᠶᠠᠷ᠂ ︽ᠰᠠᠨᠠᠯ︾ ᠤᠨ ᠭᠤᠣᠯ ᠠᠭᠤᠯᠭ᠎ᠠ ︽ᠰᠠᠨᠠᠯ︾ ᠤᠨ ᠭᠤᠤᠯ ᠠᠭᠤᠯᠭ᠎ᠠ ᠳᠤ ᠲᠠᠷᠢᠶᠠᠨ ᠭᠠᠵᠠᠷ ᠢ | ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠬᠤ᠂ ᠪᠥᠲᠥᠭᠡᠨ ᠪᠠᠶᠢᠭᠤᠯᠤᠯᠲᠠ ᠳᠤ ᠡᠵᠡᠯᠡᠨ | ᠬᠡᠷᠡᠭᠯᠡᠬᠦ ᠲᠠᠷᠢᠶᠠᠨ ᠭᠠᠵᠠᠷ ᠢ ᠴᠢᠩᠭ᠎ᠠ ᠡᠵᠡᠮᠳᠡᠬᠦ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ | ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢ ᠴᠢᠩᠭᠠᠳᠬᠠᠬᠤ᠂ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ ᠵᠡᠷᠭᠡ 4 ᠶᠡᠭᠡ ᠬᠡᠰᠡᠭ ᠢ ᠪᠠᠭᠲᠠᠭᠠᠵᠤ᠂ ᠭᠤᠤᠯᠳᠠᠭᠤ 8 | ᠲᠠᠯ᠎ᠠ ᠪᠠᠷ ᠢᠯᠡᠷᠡᠵᠦ ᠪᠠᠶᠢᠨ᠎ᠠ᠄ ︵ᠨᠢᠭᠡ︶ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ ᠴᠢᠩᠭᠠᠳᠬᠠᠬᠤ ᠲᠠᠯ᠎ᠠ ᠪᠠᠷ᠂ 5 ᠵᠦᠢᠯ ᠤᠨ ᠪᠣᠳᠠᠲᠠᠶ ᠱᠠᠭᠠᠷᠳᠠᠯᠭ᠎ᠠ ᠶᠢ ᠭᠤᠤᠯᠳᠠᠯᠭ᠎ᠠ ᠲᠠᠢ | ᠳᠤᠷᠠᠳᠪᠠ᠄ ᠨᠢᠭᠡ ᠳᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ ᠬᠢᠨᠠᠨ | ᠬᠠᠮᠢᠶᠠᠷᠬᠤ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠲᠠᠷᠢᠶᠠᠨ ᠭᠠᠵᠠᠷ ᠢ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠲᠣᠰ ᠭᠠᠵᠠᠷ | ᠣᠷᠣᠨ ᠤ ᠪᠠᠨ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠬᠠᠷᠠᠯᠲᠠ ᠶᠢ ᠪᠣᠳᠠᠲᠠᠶ ᠪᠠᠷ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠬᠤᠶᠠᠷ ᠲᠤ᠂ ᠰᠠᠯᠠᠭ᠎ᠠ | ᠮᠥᠴᠢᠷ ᠤᠳ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠣᠰᠣᠭᠠᠷ ᠬᠠᠮᠵᠢᠯᠴᠠᠭ᠎ᠠ ᠪᠠᠨ ᠴᠢᠩᠭᠠᠳᠬᠠᠵᠤ᠂ | ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ᠭᠤᠷᠪᠠ ᠳᠤ᠂ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠬᠠᠷᠢᠭᠤᠴᠠᠯᠭ᠎ᠠ ᠬᠠᠷᠠᠯᠲᠠ ᠶᠢ ᠰᠢᠯᠭᠠᠨ ᠬᠢᠨᠠᠬᠤ ᠲᠦᠷᠢᠮ ᠢ ᠲᠡᠭᠦᠯᠳᠡᠷᠵᠢᠭᠦᠯᠵᠦ᠂ ︽ᠲᠠᠷᠢᠶᠠᠨ | ᠳᠠᠷᠤᠭ᠎ᠠ ᠶᠢᠨ ᠲᠦᠷᠢᠮ︾ ᠢ ᠰᠦᠪᠡᠭᠴᠢᠯᠡᠨ ᠪᠠᠶᠢᠭᠤᠯᠵᠤ᠂ ᠬᠤᠰᠢᠭᠤ ᠰᠢᠶᠠᠨ᠂ ᠰᠢᠶᠠᠩ ᠪᠠᠯᠭᠠᠰᠤ᠂ ᠲᠣᠰᠬᠤᠨ | ᠭᠠᠴᠠᠭ᠎ᠠ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠵᠦ ᠪᠦᠬᠦᠨ ᠢ ᠬᠠᠮᠤᠷᠤᠭᠰᠠᠨ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠪᠠᠶᠢᠭᠤᠯᠤᠯᠲᠠ ᠶᠢ | ᠠᠬᠢᠭᠤᠯᠬᠤ ᠬᠡᠷᠡᠭᠲᠡᠶ᠃ ᠳᠥᠷᠪᠡ ᠳᠤ᠂ ᠲᠠᠷᠢᠶᠠᠨ ᠭᠠᠵᠠᠷ ᠢ ᠬᠠᠮᠠᠭᠠᠯᠠᠬᠤ ᠢᠯᠡᠷᠡᠭᠦᠯᠬᠦ ᠬᠢᠨᠠᠨ ᠬᠠᠮᠢᠶᠠᠷᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠳᠤ | ᠵᠣᠬᠢᠴᠠᠭᠤᠯᠤᠨ᠂ ᠪᠥᠬᠦ ᠶᠠᠪᠤᠴᠠ ᠳᠤ ᠬᠢᠨᠠᠨ ᠬᠠᠮᠢᠶᠠᠷᠬᠤ᠂ ᠴᠠᠭ ᠲᠤᠬᠠᠶ ᠳᠤ ᠨᠢ ᠢᠯᠡᠷᠡᠭᠦᠯᠬᠦ᠂ ᠲᠦᠷᠭᠡᠨ | ᠰᠢᠢᠳᠪᠦᠷᠢᠯᠡᠬᠦ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠰᠢᠨ᠎ᠡ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ | ᠬᠡᠷᠡᠭᠲᠡᠶ᠃ ᠲᠠᠪᠤ ᠳᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠪᠠ ᠬᠠᠷᠢᠭᠤᠴᠠᠯᠭ᠎ᠠ | ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠤᠨ᠂ ᠬᠤᠰᠢᠭᠤ ᠰᠢᠶᠠᠨ ︵ᠬᠤᠲᠠ᠂ ᠲᠣᠭᠤᠷᠢᠭ︶᠂ | ᠰᠢᠶᠠᠩ ᠪᠠᠯᠭᠠᠰᠤ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠪᠠᠶᠢᠭᠤᠯᠤᠮᠵᠢ | ᠪᠣᠯ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠭᠤᠤᠯ ᠴᠣᠭᠴᠠ ᠪᠠᠶᠢᠵᠤ | ᠂ ᠲᠠᠷᠢᠶᠠᠨ ᠭᠠᠵᠠᠷ ᠢ ᠡᠪᠳᠡᠵᠦ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠰᠢᠯᠵᠢᠭᠦᠯᠦᠨ | ᠲᠤᠰᠢᠶᠠᠬᠤ ᠡᠷᠴᠢᠮ ᠢᠶᠠᠨ ᠴᠢᠩᠭᠠᠷᠠᠭᠤᠯᠵᠤ᠂ ᠥᠨᠳᠥᠷ ᠳᠠᠷᠤᠯᠲᠠᠲᠤ ᠰᠦᠷᠳᠡᠭᠦᠯᠦᠯ ᠤᠨ ᠪᠠᠶᠢᠳᠠᠯ ᠢ ᠪᠣᠶ ᠪᠣᠯᠭᠠᠬᠤ | ᠬᠡᠷᠡᠭᠲᠡᠶ᠃ ︵ᠬᠤᠶᠠᠷ︶ ᠲᠠᠷᠢᠶᠠᠨ ᠭᠠᠵᠠᠷ ᠤᠨ ᠲᠥᠯᠥᠪᠵᠢᠭᠦᠯᠭᠡ ᠪᠠ ᠬᠡᠷᠡᠭᠯᠡᠯᠲᠡ ᠶᠢ ᠬᠠᠮᠢᠶᠠᠷᠤᠨ ᠡᠵᠡᠮᠳᠡᠬᠦ ᠶᠢ | ᠪᠦᠬᠦ ᠲᠠᠯ᠎ᠠ ᠪᠠᠷ ᠴᠢᠩᠭᠠᠳᠬᠠᠵᠤ᠂ ᠪᠦᠳᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠬᠦ ᠲᠠᠷᠢᠶᠠᠨ ᠭᠠᠵᠠᠷ ᠢ ᠴᠢᠩᠭ᠎ᠠ | ᠡᠵᠡᠮᠳᠡᠬᠦ ᠲᠠᠯ᠎ᠠ ᠪᠠᠷ ᠬᠤᠶᠠᠷ ᠵᠦᠢᠯ ᠤᠨ ᠱᠠᠭᠠᠷᠳᠠᠯᠭ᠎ᠠ ᠶᠢ ᠴᠢᠬᠤᠯᠠᠴᠢᠯᠠᠵᠠᠶ᠄ ᠨᠢᠭᠡ ᠳᠤ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠨᠠᠶᠢᠷᠠᠭᠤᠯᠤᠨ | ᠵᠣᠬᠢᠶᠠᠵᠤ᠂ ᠭᠠᠵᠠᠷ ᠰᠢᠷᠣᠶ ᠶᠢᠨ ᠬᠡᠷᠡᠭᠯᠡᠯᠲᠡ ᠶᠢ ᠵᠠᠬᠢᠷᠤᠨ ᠬᠢᠵᠠᠭᠠᠷᠯᠠᠬᠤ ᠬᠠᠮᠤᠭ ᠤᠨ ᠴᠢᠩᠭ᠎ᠠ ᠲᠦᠷᠢᠮ ᠢ | ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠨ ᠵᠣᠭᠰᠣᠭᠠᠬᠤ | ᠲᠤᠬᠠᠶ ᠲᠥᠪ ᠤᠨ ᠲᠣᠭᠲᠠᠭᠠᠯ ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ | ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ᠎ᠡ᠃ ᠬᠤᠶᠠᠷ ᠲᠤ᠂ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠤᠨ ᠣᠨᠴᠠᠭᠠᠶ ᠬᠠᠮᠠᠭᠠᠯᠠᠯᠲᠠ ᠶᠢ ᠴᠢᠩᠭᠠᠳᠬᠠᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠤᠯᠢ | ᠶᠣᠰᠣᠭᠠᠷ ᠬᠤᠪᠢᠶᠠᠷᠢᠯᠠᠨ ᠲᠣᠭᠲᠠᠭᠠᠭᠰᠠᠨ ᠤ ᠲᠠᠷᠠᠭ᠎ᠠ᠂ ᠶᠠᠮᠠᠷᠪᠠ ᠨᠢᠭᠡᠴᠢ ᠪᠠ ᠬᠤᠪᠢ ᠬᠥᠮᠦᠨ ᠳᠤᠷ᠎ᠠ ᠪᠠᠷ ᠢᠶᠠᠨ | ᠡᠵᠡᠯᠡᠨ ᠬᠡᠷᠡᠭᠯᠡᠬᠦ ᠪᠤᠶᠤ ᠬᠡᠷᠡᠭᠴᠡᠭᠡ ᠶᠢ ᠨᠢ ᠬᠤᠪᠢᠷᠠᠭᠤᠯᠵᠤ ᠪᠣᠯᠬᠤ ᠦᠭᠡᠢ ᠭᠡᠵᠦ ᠱᠠᠭᠠᠷᠳᠠᠵᠠᠶ᠃ ︵ᠭᠤᠷᠪᠠ︶ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠲᠠᠯ᠎ᠠ ᠪᠠᠷ 3 ᠵᠦᠢᠯ ᠤᠨ ᠪᠣᠳᠠᠲᠠᠶ ᠱᠠᠭᠠᠷᠳᠠᠯᠭ᠎ᠠ ᠳᠤᠷᠠᠳᠪᠠ᠄ ᠨᠢᠭᠡ ᠳᠤ᠂ ︽ᠬᠡᠷᠡᠭᠵᠢᠭᠦᠯᠬᠦ | ᠰᠠᠨᠠᠯ︾ ᠳᠤ ᠲᠠᠷᠢᠶᠠᠨ ᠭᠠᠵᠠᠷ ᠢ ᠨᠥᠬᠦᠪᠥᠷᠢᠯᠡᠬᠦ ᠳᠤ ᠲᠤᠭ᠎ᠠ ᠬᠡᠮᠵᠢᠶ᠎ᠡ ᠶᠢ ᠱᠠᠭᠠᠷᠳᠠᠬᠤ ᠪᠠᠷ ᠪᠠᠷᠠᠬᠤ ᠥᠬᠡᠶ᠂ ᠶᠠᠰᠤ | ᠴᠢᠨᠠᠷ ᠢ ᠨᠠᠩ ᠴᠢᠬᠤᠯᠠᠴᠢᠯᠠᠵᠤ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠮᠥᠨ ᠯᠠ ︽ᠤᠷᠢᠳ ᠢᠶᠠᠷ | ᠨᠥᠬᠦᠪᠥᠷᠢᠯᠡᠵᠦ ᠳᠠᠷᠠᠭ᠎ᠠ ᠨᠢ ᠡᠵᠡᠯᠡᠬᠦ᠂ ᠨᠢᠭᠡ ᠶᠢ ᠡᠵᠡᠯᠡᠪᠡᠯ ᠨᠢᠭᠡ ᠶᠢ ᠨᠥᠬᠦᠪᠥᠷᠢᠯᠡᠬᠦ᠂ ᠰᠢᠯᠢᠳᠡᠭ ᠢ ᠡᠵᠡᠯᠡᠪᠡᠯ | ᠰᠢᠯᠢᠳᠡᠭ ᠢ ᠨᠥᠬᠦᠪᠥᠷᠢᠯᠡᠬᠦ᠂ ᠤᠰᠤᠨ ᠲᠠᠷᠢᠶ᠎ᠠ ᠶᠢ ᠡᠵᠡᠯᠡᠪᠡᠯ ᠤᠰᠤᠨ ᠲᠠᠷᠢᠶ᠎ᠠ ᠶᠢ ᠨᠥᠬᠦᠪᠥᠷᠢᠯᠡᠬᠦ︾ ᠡᠵᠡᠯᠡᠬᠦ ᠪᠠ | ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠱᠠᠭᠠᠷᠳᠠᠯᠭ᠎ᠠ ᠶᠢ ᠦᠨᠡᠨ ᠬᠦ ᠵᠢᠷᠤᠮᠯᠠᠬᠤ ᠬᠡᠷᠡᠭᠲᠡᠶ ᠭᠡᠵᠦ ᠱᠠᠭᠠᠷᠳᠠᠪᠠ | ᠃ ᠬᠤᠶᠠᠷ ᠲᠤ᠂ ᠦᠢᠯᠡᠳᠪᠦᠷᠢ ᠠᠭᠤᠷᠬᠠᠶ ᠶᠢᠨ ᠬᠠᠶᠠᠭᠳᠠᠮᠠᠯ ᠭᠠᠵᠠᠷ ᠢ ᠬᠡᠷᠡᠭᠯᠡᠬᠦ ᠪᠠ ᠬᠤᠲᠠ ᠬᠥᠳᠡᠭᠡ ᠶᠢᠨ | ᠨᠡᠮᠡᠭᠳᠡᠯ ᠬᠠᠰᠤᠭᠳᠠᠯ ᠲᠠᠢ ᠬᠤᠯᠪᠣᠭᠳᠠᠭᠤᠯᠤᠭᠰᠠᠨ ᠲᠠᠷᠢᠶᠠᠨ ᠭᠠᠵᠠᠷ ᠤᠨ ᠭᠦᠢᠴᠡᠳᠬᠡᠯ ᠲᠤᠭ᠎ᠠ ᠶᠢ ᠬᠡᠷᠡᠭᠯᠡᠬᠦ ᠳᠤ᠂ | ᠰᠡᠷᠭᠦᠭᠡᠨ ᠬᠠᠭᠠᠯᠪᠤᠷᠢᠯᠠᠬᠤ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ | ᠤ ᠠᠷᠠᠳ ᠤᠨ ᠵᠠᠰᠠᠭ ᠤᠨ ᠣᠷᠳᠣᠨ ᠡᠷᠬᠡᠪᠰᠢ ᠠᠮᠠᠯᠳᠠᠭᠰᠠᠨ ᠴᠠᠭ ᠤᠨ ᠬᠢᠵᠠᠭᠠᠷ ᠶᠣᠰᠣᠭᠠᠷ ᠲᠠᠷᠢᠶᠠᠨ ᠭᠠᠵᠠᠷ ᠢ | ᠰᠡᠷᠭᠦᠭᠡᠨ ᠬᠠᠭᠠᠯᠪᠤᠷᠢᠯᠠᠬᠤ ᠡᠭᠦᠷᠭᠡ ᠶᠢ ᠪᠡᠶᠡᠯᠡᠭᠦᠯᠬᠦ ᠬᠡᠷᠡᠭᠲᠡᠶ᠃ ᠭᠤᠷᠪᠠ ᠳᠤ᠂ ᠡᠯ᠎ᠡ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠢ ᠰᠣᠩᠭᠤᠬᠤ ᠳᠤ ᠪᠠᠨ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠬᠡᠷᠬᠢᠨ ᠨᠠᠶᠢᠳᠠᠪᠤᠷᠢᠵᠢᠭᠤᠯᠬᠤ ᠲᠤᠬᠠᠶ ᠦᠨᠳᠦᠰᠦᠯᠡᠯ ᠬᠠᠩᠭᠠᠵᠤ᠂ | ᠡᠯ᠎ᠡ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠪ ᠤᠨ ᠶᠣᠰᠣᠭᠠᠷ ᠶᠠᠪᠤᠭᠳᠠᠬᠤ ᠶᠢ | ᠪᠠᠲᠤᠯᠠᠭᠰᠠᠨ ᠪᠠᠶᠢᠨ᠎ᠠ᠃ ︵ᠳᠥᠷᠪᠡ︶ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠲᠠᠷᠢᠶᠠᠨ | ᠭᠠᠵᠠᠷ ᠤᠨ ᠢᠷᠡᠯᠲᠡ ᠶᠢ ᠨᠥᠬᠦᠪᠥᠷᠢᠯᠡᠬᠦ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ᠂ ᠲᠠᠷᠢᠶᠠᠨ ᠭᠠᠵᠠᠷ ᠤᠨ | ᠢᠷᠡᠯᠲᠡ ᠶᠢ ᠨᠥᠬᠦᠪᠥᠷᠢᠯᠡᠬᠦ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠩ ᠴᠢᠩᠭ᠎ᠠ ᠪᠣᠯᠭᠠᠵᠤ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠮᠢ ᠠᠬᠤᠶ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠭᠰᠠᠨ ᠤᠷᠢᠲᠠᠯ ᠳᠣᠤᠷ᠎ᠠ᠂ ᠲᠠᠷᠢᠶᠠᠨ ᠭᠠᠵᠠᠷ ᠢ ᠨᠥᠬᠦᠪᠥᠷᠢᠯᠡᠬᠦ ᠠᠵᠢᠯ ᠢ ᠡᠮᠬᠢ ᠵᠢᠷᠤᠮ ᠲᠠᠢ | ᠥᠷᠨᠢᠭᠦᠯᠬᠦ ᠬᠡᠷᠡᠭᠲᠡᠶ︔ ᠬᠡᠰᠡᠭᠷᠡᠭᠰᠡᠨ ᠠᠰᠢᠭᠯᠠᠭᠠᠳᠤᠶ ᠭᠠᠵᠠᠷ ᠰᠢᠷᠣᠶ ᠶᠢ ᠨᠡᠭᠡᠭᠡᠨ ᠠᠰᠢᠭᠯᠠᠬᠤ ᠶᠢ ᠴᠢᠩᠭ᠎ᠠ | ᠬᠢᠵᠠᠭᠠᠷᠯᠠᠵᠤ᠂ ᠲᠠᠷᠢᠶᠠᠯᠠᠬᠤ ᠳᠤ ᠲᠣᠬᠢᠷᠠᠮᠵᠢᠲᠠᠶ ᠭᠠᠵᠠᠷ ᠰᠢᠷᠣᠶ ᠶᠢᠨ ᠪᠡᠯᠡᠳᠬᠡᠯ ᠡᠬᠢ ᠪᠠᠶᠠᠯᠢᠭ ᠤᠨ ᠬᠡᠪᠴᠢᠶ᠎ᠡ ᠶᠢ | ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠬᠤ ᠬᠡᠷᠡᠭᠲᠡᠶ︔ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ | ᠭᠦᠢᠴᠡᠳᠬᠡᠯ ᠲᠤᠭ᠎ᠠ ᠶᠢ ᠪᠣᠶ ᠪᠣᠯᠭᠠᠭᠰᠠᠨ ᠤ ᠳᠠᠷᠠᠭ᠎ᠠ ᠦᠷᠭᠦᠯᠵᠢᠯᠡᠨ ᠲᠣᠭᠲᠠᠭᠤᠨ ᠢᠶᠠᠷ ᠲᠠᠷᠢᠶᠠᠯᠠᠬᠤ ᠶᠢ ᠦᠨᠡᠨ ᠬᠦ | ᠪᠠᠲᠤᠯᠠᠬᠤ ᠶᠢᠨ ᠬᠠᠮᠲᠤ ᠨᠢᠭᠡᠨᠲᠡ ᠭᠠᠵᠠᠷ ᠰᠢᠷᠣᠶ ᠶᠢ ᠴᠡᠭᠴᠡᠯᠡᠨ ᠵᠠᠰᠠᠬᠤ ᠪᠠ ᠲᠠᠷᠢᠶᠠᠨ ᠭᠠᠵᠠᠷ ᠢ ᠨᠥᠬᠦᠪᠥᠷᠢᠯᠡᠬᠦ | ᠲᠥᠷᠥᠯ ᠵᠦᠢᠯ ᠪᠣᠯᠭᠠᠭᠰᠠᠨ ᠪᠣᠯ ᠲᠠᠷᠢᠶᠠᠯᠠᠬᠤ ᠶᠢ ᠵᠣᠭᠰᠣᠭᠠᠬᠤ ᠬᠡᠪᠴᠢᠶᠡᠨ ᠳᠤ ᠣᠷᠣᠭᠤᠯᠬᠤ ᠶᠢ ᠴᠢᠩᠭ᠎ᠠ | ᠴᠠᠭᠠᠵᠠᠯᠠᠬᠤ ᠬᠡᠷᠡᠭᠲᠡᠶ ᠭᠡᠵᠦ ᠱᠠᠭᠠᠷᠳᠠᠪᠠ᠃ ︵ᠲᠠᠪᠤ︶ ᠲᠠᠷᠢᠶᠠᠨ ᠭᠠᠵᠠᠷ ᠢ ᠨᠥᠬᠦᠪᠥᠷᠢᠯᠡᠬᠦ ᠶᠢ ᠴᠢᠩᠭ᠎ᠠ | ᠪᠠᠶᠢᠴᠠᠭᠠᠵᠤ ᠰᠢᠯᠭᠠᠨ ᠠᠪᠬᠤ ᠲᠠᠯ᠎ᠠ ᠪᠠᠷ᠂ ᠨᠥᠬᠦᠪᠥᠷᠢᠯᠡᠬᠦ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠ ᠶᠠᠰᠤ | ᠴᠢᠨᠠᠷ ᠤᠨ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠬᠤ ᠶᠢᠨ ᠲᠤᠰᠠᠳᠠ᠂ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠭᠠᠵᠠᠷ ᠰᠢᠷᠣᠶ ᠶᠢ ᠴᠡᠭᠴᠡᠯᠡᠨ ᠵᠠᠰᠠᠬᠤ ᠪᠠ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠵᠢᠷᠤᠮᠵᠢᠭᠤᠯᠤᠨ᠂ ᠲᠥᠷᠥᠯ | ᠵᠦᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠪᠠᠷᠢᠯᠭ᠎ᠠ ᠶᠢᠨ ᠠᠵᠢᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠢᠯᠠᠩᠭᠤᠶ᠎ᠠ ᠳᠡᠩᠰᠡᠯᠡᠵᠦ ᠬᠥᠮᠥᠷᠭᠡ ᠳᠤ ᠣᠷᠣᠭᠤᠯᠤᠭᠰᠠᠨ ᠰᠢᠨ᠎ᠡ ᠪᠠᠷ ᠨᠡᠮᠡᠭᠳᠡᠭᠰᠡᠨ ᠲᠠᠷᠢᠶᠠᠨ | ᠭᠠᠵᠠᠷ ᠢ ᠴᠠᠭ ᠲᠤᠬᠠᠶ ᠳᠤ ᠨᠢ ᠬᠤᠪᠢᠷᠠᠭᠤᠯᠬᠤ ᠶᠢ ᠴᠢᠩᠭᠠᠳᠬᠠᠬᠤ ᠬᠡᠷᠡᠭᠲᠡᠶ᠃ ︵ᠵᠢᠷᠭᠤᠭ᠎ᠠ︶ ᠲᠠᠷᠢᠶᠠᠨ ᠭᠠᠵᠠᠷ ᠢ | ᠨᠥᠬᠦᠪᠥᠷᠢᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ᠂ ᠨᠥᠬᠦᠪᠦᠷᠢᠯᠡᠭᠰᠡᠨ ᠲᠠᠷᠢᠶᠠᠨ ᠭᠠᠵᠠᠷ ᠤᠨ | ᠦᠷᠭᠦᠯᠵᠢᠯᠡᠨ ᠲᠣᠭᠲᠠᠭᠤᠨ ᠢᠶᠠᠷ ᠳᠠᠷᠢᠵᠤ ᠪᠣᠯᠬᠤ ᠶᠢ ᠦᠨᠡᠨ ᠬᠦ ᠪᠠᠲᠤᠯᠠᠵᠤ᠂ ᠠᠲᠠᠷᠰᠢᠭᠤᠯᠵᠤ ᠲᠠᠷᠢᠶᠠᠯᠠᠬᠤ ᠪᠠᠨ | ᠪᠤᠯᠢᠬᠤ ᠪᠠ ᠦᠢᠯᠡᠳᠪᠦᠷᠢᠯᠡᠬᠦ ᠴᠢᠳᠠᠪᠤᠷᠢ ᠶᠢᠨ ᠪᠠᠭᠤᠷᠠᠬᠤ ᠶᠢ ᠰᠡᠷᠭᠡᠶᠢᠯᠡᠬᠦ ᠶᠢᠨ ᠲᠥᠯᠥᠭᠡ᠂ ︽ᠬᠡᠷᠡᠭᠵᠢᠭᠦᠯᠬᠦ ᠰᠠᠨᠠᠯ | ︾ ᠳᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ | ᠨᠥᠬᠦᠪᠦᠷᠢᠯᠡᠭᠰᠡᠨ ᠲᠠᠷᠢᠶᠠᠨ ᠭᠠᠵᠠᠷ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ | ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢᠭᠡᠨᠲᠡ | ᠬᠥᠮᠥᠷᠭᠡ ᠳᠤ ᠣᠷᠣᠭᠤᠯᠤᠭᠰᠠᠨ ᠲᠠᠷᠢᠶᠠᠨ ᠭᠠᠵᠠᠷ ᠢ ᠨᠥᠬᠦᠪᠥᠷᠢᠯᠡᠬᠦ ᠲᠥᠷᠥᠯ ᠵᠦᠢᠯ ᠳᠤ ᠵᠢᠯ ᠪᠦᠷᠢ ᠨᠢᠭᠡ ᠤᠳᠠᠭ᠎ᠠ | ᠪᠥᠬᠦ ᠲᠠᠯ᠎ᠠ ᠶᠢᠨ ᠳᠦᠷᠰᠦ ᠰᠢᠩᠭᠡᠭᠡᠯᠲᠡ ᠶᠢᠨ ᠬᠠᠷᠭᠤᠭᠤᠯᠤᠭᠰᠠᠨ ᠪᠠᠶᠢᠴᠠᠭᠠᠯᠲᠠ ᠬᠢᠵᠦ᠂ ᠦᠨᠡᠨ ᠪᠣᠳᠠᠲᠠᠶ ᠪᠥᠭᠡᠳ | ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ︵ᠳᠣᠯᠤᠭ᠎ᠠ︶ ᠪᠡᠯᠡᠳᠬᠡᠮᠵᠢᠲᠦ | ᠲᠠᠷᠢᠶᠠᠯᠠᠩ ᠳᠤ ᠬᠡᠷᠡᠭᠯᠡᠬᠦ ᠭᠠᠵᠠᠷ ᠢ ᠳᠡᠩᠰᠡᠯᠡᠵᠦ ᠬᠢᠨᠠᠨ ᠬᠠᠮᠢᠶᠠᠷᠬᠤ ᠲᠣᠭᠲᠠᠴᠠ ᠶᠢ ᠨᠠᠶᠢᠳᠠᠪᠤᠷᠢᠵᠢᠭᠤᠯᠬᠤ | ᠲᠠᠯ᠎ᠠ ᠪᠠᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠳᠠᠩᠰᠠᠯᠠᠬᠤ ᠶᠠᠪᠤᠴᠠ ᠳᠤ᠂ ᠲᠠᠷᠢᠶᠠᠨ | ᠭᠠᠵᠠᠷ ᠢ ᠴᠢᠩᠭ᠎ᠠ ᠬᠠᠮᠠᠭᠠᠯᠠᠬᠤ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠵᠠᠷᠴᠢᠮ ᠶᠣᠰᠣᠭᠠᠷ᠂ | ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠵᠦᠶ ᠵᠣᠬᠢᠰᠲᠠᠶ ᠪᠠᠶᠢᠷᠢᠯᠠᠭᠤᠯᠬᠤ ᠬᠡᠷᠡᠭᠲᠡᠶ︔ ᠲᠣᠰᠬᠤᠨ ︵ | ᠭᠠᠴᠠᠭ᠎ᠠ︶ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠨᠤᠭᠤᠳ ᠬᠠᠮᠢᠶᠠᠷᠤᠯᠲᠠ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ᠂ ᠥᠪᠡᠷᠲᠡᠭᠡᠨ | ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ ᠲᠤᠰᠠᠭᠠᠷ ᠭᠠᠵᠠᠷ ᠰᠣᠩᠭᠤᠭᠰᠠᠨ ᠪᠡᠯᠡᠳᠬᠡᠮᠵᠢᠲᠦ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠪᠠ ᠮᠠᠯᠴᠢᠨ ᠲᠠᠷᠢᠶᠠᠴᠢᠨ ᠤ ᠬᠡᠷ ᠪᠠᠶᠢᠰᠢᠩ ᠤᠨ ᠢᠶᠠᠨ ᠠᠷᠤ | ᠥᠪᠥᠷ ᠲᠤ ᠥᠪᠡᠷ ᠢᠶᠠᠨ ᠪᠠᠶᠢᠭᠤᠯᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠢ | ᠢᠯᠭᠠᠨ ᠬᠠᠮᠢᠶᠠᠷᠬᠤ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠪᠠ ᠲᠠᠷᠢᠶᠠᠯᠠᠩ | ᠬᠥᠳᠡᠭᠡ ᠲᠣᠰᠬᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠮᠡᠳᠡᠭᠡ ᠵᠠᠩᠭᠢᠴᠢᠯᠠᠯᠲᠠ ᠵᠡᠷᠭᠡ ᠠᠷᠭ᠎ᠠ | ᠪᠠᠷᠢᠯ ᠢᠶᠠᠷ ᠳᠠᠮᠵᠢᠭᠤᠯᠤᠨ᠂ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠲᠤ ᠬᠢᠨᠠᠯᠲᠠ ᠲᠠᠯᠪᠢᠵᠤ | ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ︵ᠨᠠᠶᠢᠮᠠ︶ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠲᠤ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠡᠷᠡᠭᠯᠡᠬᠦ ᠶᠢ ᠴᠢᠩᠭ᠎ᠠ ᠵᠢᠷᠤᠮᠵᠢᠭᠤᠯᠬᠤ ᠲᠠᠯ᠎ᠠ ᠪᠠᠷ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ᠨᠥᠬᠦᠨ ᠬᠤᠪᠢᠶᠠᠷᠢᠯᠠᠬᠤ ᠲᠥᠰᠦᠯ ᠢ ᠳᠠᠩᠰᠠᠯᠠᠭᠤᠯᠬᠤ ᠦᠶ᠎ᠡ ᠳᠤ ᠡᠷᠬᠡᠪᠰᠢ ᠲᠠᠩ | ᠴᠣᠭᠴᠠᠲᠤ ᠲᠥᠷᠥᠯ ᠵᠦᠢᠯ ᠤᠨ ᠬᠡᠯᠪᠡᠷᠢ ᠪᠠᠷ ᠳᠠᠩᠰᠠᠯᠠᠭᠤᠯᠵᠤ᠂ ︽ᠪᠣᠭᠤᠵᠢᠯᠠᠬᠤ︾ ᠬᠡᠯᠪᠡᠷᠢ ᠪᠠᠷ ᠣᠯᠠᠨ | ᠴᠡᠭ ᠲᠤ ᠪᠠᠶᠢᠷᠢᠯᠠᠭᠤᠯᠤᠭᠰᠠᠨ ᠲᠥᠷᠥᠯ ᠵᠦᠢᠯ ᠢ ᠨᠢᠭᠡ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢᠶᠠᠷ | ᠳᠠᠩᠰᠠᠯᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ︔ ᠪᠡᠯᠡᠳᠬᠡᠮᠵᠢᠲᠦ ᠲᠠᠷᠢᠶᠠᠯᠠᠩ ᠤᠨ ᠪᠤᠰᠤ ᠲᠥᠷᠥᠯ ᠵᠦᠢᠯ ᠢ | ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠲᠤ ᠣᠷᠣᠭᠤᠯᠤᠨ ᠳᠠᠩᠰᠠᠯᠠᠭᠤᠯᠬᠤ ᠶᠢ ᠡᠷᠡᠰ ᠴᠠᠭᠠᠵᠠᠯᠠᠬᠤ | ᠬᠡᠷᠡᠭᠲᠡᠢ︔ ᠲᠥᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠭᠰᠡᠨ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠲᠤ ︽ᠬᠤᠤᠰ ᠬᠢᠵᠠᠭᠠᠷ︾ ᠤᠨ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ | ᠡᠵᠡᠯᠡᠨ ᠬᠡᠷᠡᠭᠯᠡᠬᠦ ᠲᠠᠯᠠᠪᠠᠶ ᠶᠢ ᠶᠡᠷᠦᠩᠬᠡᠶ ᠲᠠᠯᠠᠪᠠᠶ ᠶᠢᠨ 25% ᠳᠣᠲᠣᠷ᠎ᠠ ᠬᠢᠵᠠᠭᠠᠷᠯᠠᠵᠤ᠂ ᠡᠵᠡᠯᠡᠨ ᠬᠡᠷᠡᠭᠯᠡᠬᠦ | ᠲᠠᠯᠠᠪᠠᠶ ᠶᠢ 30 ᠮᠥ ᠠᠴᠠ ᠬᠡᠲᠦᠷᠡᠭᠦᠯᠵᠦ ᠪᠣᠯᠬᠤ ᠥᠬᠡᠶ᠃ | | |