ᠣᠳᠤᠭ ᠡᠮᠦᠨᠡᠳᠦ ᠵᠠᠰᠠᠭ ᠲᠠᠷᠬᠠᠭᠠᠭᠰᠠᠨ ﹇2021﹈ 5 ᠲᠣᠭᠠᠳᠦ | ︽2021 ᠣᠨ ᠤ ᠮᠠᠯ ᠲᠠᠷᠢᠶᠠᠯᠠᠩ ᠤᠨ ᠴᠢᠨᠠᠷᠯᠢᠭ ᠬᠦᠭᠵᠢᠯᠳᠡ ᠶᠢ ᠠᠬᠢᠭᠤᠯᠬᠤ ᠲᠡᠮᠵᠢᠯᠭᠡ | ᠶᠢᠨ ᠲᠦᠷᠦ ᠶᠢᠨ ᠪᠣᠳᠣᠯᠭ᠎ᠠ ︾ ᠶᠢ ᠲᠠᠷᠣᠮᠠᠯᠯᠠᠨ ᠲᠠᠷᠬᠠᠭᠠᠬᠤ ᠲᠤᠬᠠᠢ ᠣᠳᠤᠭ ᠤᠨ | ᠡᠮᠦᠨᠡᠳᠦ ᠬᠤᠰᠢᠭᠤᠨ ᠤ ᠠᠷᠠᠳ ᠵᠠᠰᠠᠭ ᠤᠨ ᠣᠷᠳᠣᠨ ᠤ ᠮᠡᠳᠡᠭᠳᠡᠯ | ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠣᠯᠲᠠ ᠶᠢᠨ ᠵᠦᠪᠯᠡᠯ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽2021 ᠤ ᠮᠡᠯ ᠲᠠᠷᠢᠶᠠᠯᠠᠩ ᠤᠨ ᠴᠢᠨᠠᠷᠢᠯᠢᠭ ᠬᠦᠭᠵᠢᠯᠳᠡ ᠶᠢᠨ ᠠᠬᠢᠭᠤᠯᠣᠯᠳᠠ ᠶᠢ ᠲᠡᠮᠵᠢᠬᠦ ᠲᠦᠷᠦ ᠶᠢᠨ ᠪᠣᠳᠣᠯᠭ᠎ᠠ︾ ᠶᠢ ᠬᠤᠰᠢᠭᠤ ᠠᠷᠠᠳ ᠤᠨ | ᠵᠠᠰᠠᠭ ᠤᠨ ᠣᠷᠳᠣᠨ ᠤ 2021 ᠣᠨ ᠤ 4 ᠣᠳᠠᠭᠠᠨ ᠤ ᠪᠠᠶᠢᠩᠭᠤ ᠶᠢᠨ ᠬᠤᠷᠠᠯ ᠢᠶᠠᠷ ᠰᠣᠳᠣᠯᠣᠨ ᠵᠦᠪᠰᠢᠶᠡᠷᠡᠵᠣ ᠲᠠᠷᠬᠠᠭᠠᠪᠠ᠂ ᠪᠤᠲᠠᠲᠠᠢ ᠲᠠᠢ | ᠣᠶᠠᠯᠳᠣᠭᠤᠯᠵᠣ᠂ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 2 ᠰᠠᠷ᠎ᠠ ᠶᠢᠨ 4 ᠤ ᠡᠳᠦᠷ | | 2021 ᠣᠨ ᠮᠡᠯ ᠲᠠᠷᠢᠶᠠᠯᠠᠩ ᠤᠨ ᠴᠢᠨᠠᠷᠢᠯᠢᠭ ᠬᠦᠭᠵᠢᠯᠳᠡ ᠶᠢᠨ ᠠᠬᠢᠭᠤᠯᠣᠯᠳᠠ ᠶᠢ ᠲᠡᠮᠵᠢᠬᠦ ᠲᠦᠷᠦ ᠶᠢᠨ ᠪᠣᠳᠣᠯᠭ᠎ᠠ | | | ᠬᠦᠳᠡᠭᠡ ᠬᠤᠳᠠ ᠶᠢ ᠬᠦᠭᠵᠢᠭᠦᠯᠬᠦ ᠪᠠᠶᠢᠯᠳᠣᠬᠤ ᠪᠣᠳᠣᠯᠭ᠎ᠠ ᠶᠢ ᠣᠷᠣᠭᠰᠢᠳᠠᠢ ᠬᠡᠷᠡᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠣᠨ᠂ ᠮᠠᠯ ᠲᠠᠷᠢᠶᠠᠯᠠᠩ ᠤᠨ | ᠴᠢᠨᠠᠷᠯᠢᠭ ᠬᠦᠭᠵᠢᠯᠳᠡ ᠶᠢᠨ ᠲᠣᠪᠣᠶᠢᠮ᠎ᠠ ᠲᠣᠳᠠᠭᠤᠳᠠᠯ ᠪᠣᠯᠣᠨ ᠪᠠᠭᠤᠷᠢ ᠶᠢ ᠨᠦᠬᠦᠪᠦᠷᠢᠯᠡᠵᠣ᠂ ᠲᠦᠷᠦ ᠶᠢᠨ ᠪᠣᠳᠣᠯᠭ᠎ᠠ ᠪᠠᠷ ᠲᠡᠮᠵᠢᠬᠦ ᠪᠠ ᠦᠭᠡᠷᠡᠴᠢᠯᠡᠯᠳᠡ | ᠰᠢᠨᠡᠴᠢᠯᠡᠯᠳᠡ ᠶᠢᠨ ᠬᠦᠴᠦᠨ ᠢᠶᠠᠨ ᠦᠷᠭᠦᠯᠵᠢᠯᠡᠨ ᠴᠢᠩᠭᠠᠳᠬᠠᠬᠤ ᠶᠢᠨ ᠲᠣᠰᠠᠳᠠ᠂ ᠣᠳᠤᠭ ᠤᠨ ᠡᠮᠦᠨᠡᠳᠦ ᠬᠤᠰᠢᠭᠤᠨ ᠤ ᠣᠨᠴᠠᠯᠢᠭ ᠲᠠᠢ ᠮᠠᠯ ᠲᠠᠷᠢᠶᠠᠯᠠᠩ ᠤᠨ | ᠣᠶᠢᠯᠠᠰ ᠤᠨ ᠲᠣᠭᠳᠠᠯᠴᠠᠭ᠎ᠠ᠂ ᠬᠠᠩᠭᠠᠯᠭ᠎ᠠ ᠶᠢᠨ ᠲᠣᠭᠳᠠᠯᠴᠠᠭ᠎ᠠ ᠪᠣᠯᠣᠨ ᠡᠵᠡᠩᠨᠡᠯᠳᠡ ᠶᠢᠨ ᠲᠣᠭᠳᠠᠯᠴᠠᠭ᠎ᠠ ᠪᠠᠶᠢᠭᠤᠯᠣᠨ᠂ ︽ᠠᠷᠪᠠᠨ ᠲᠦᠷᠪᠡᠳᠦᠭᠡᠷ ᠲᠠᠪᠣᠨ ᠵᠢᠯ︾ | ᠤᠨ ᠬᠤᠭᠤᠴᠠᠭᠠᠨ ᠤ ᠮᠠᠯ ᠲᠠᠷᠢᠶᠠᠯᠠᠩ ᠤᠨ ᠴᠢᠨᠠᠷᠯᠢᠭ ᠬᠦᠭᠵᠢᠯᠳᠡ ᠶᠢᠨ ᠰᠢᠨ᠎ᠡ ᠪᠠᠶᠢᠷᠢᠯᠠᠭᠤᠯᠣᠯᠳᠠ᠂ ᠰᠠᠶᠢᠨ ᠡᠬᠢᠯᠡᠯᠳᠡ ᠶᠢ ᠪᠠᠳᠣᠯᠠᠵᠣ᠂ ᠲᠦᠪ᠂ | ᠦᠪᠡᠷᠳᠡᠭᠡᠨ ᠵᠠᠰᠠᠬᠤ ᠣᠷᠣᠨ ᠤ ᠬᠦᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ | ᠲᠣᠰ ᠲᠦᠷᠦ ᠶᠢᠨ ᠪᠣᠳᠣᠯᠭ᠎ᠠ ᠶᠢ ᠲᠣᠭᠳᠠᠭᠠᠪᠠ᠃ | ᠨᠢᠭᠡ ᠲᠠᠷᠢᠮᠠᠯ ᠤᠨ ᠦᠢᠯᠡᠰ ᠤᠨ ᠬᠦᠭᠵᠢᠯᠲᠡ ᠶᠢᠨ ᠰᠠᠭᠤᠷᠢ ᠶᠢ ᠪᠠᠬᠢᠵᠢᠬᠦᠯᠵᠦ᠂ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠬᠦᠯᠦᠨ᠎ᠡ | 1. ᠬᠦᠯᠡᠮᠵᠢ ᠶᠢᠨ ᠪᠠᠶᠢᠭᠤᠯᠤᠯᠲᠠ᠃ ᠰᠢᠨ᠎ᠡ ᠪᠠᠷ ᠲᠦᠪᠯᠡᠷᠡᠬᠦᠯᠦᠨ ᠪᠠᠶᠢᠭᠤᠯᠤᠭᠰᠠᠨ ᠬᠦᠯᠡᠮᠵᠢ 5 ᠠᠴᠠ ᠳᠡᠭᠡᠭᠰᠢ ᠮᠦᠷᠲᠡᠭᠡᠨ ᠠᠰᠢᠭᠯᠠᠯᠲᠠ ᠳᠤ ᠣᠷᠣᠭᠰᠠᠨ | ︵0.8 ᠮᠣ᠋ ᠠᠴᠠ ᠳᠡᠭᠡᠭᠰᠢ/ ᠬᠦᠯᠡᠮᠵᠢ︶ ᠪᠣᠯ ᠰᠢᠯᠭᠠᠨ ᠬᠤᠷᠢᠶᠠᠭᠠᠳ ᠬᠢᠷᠢ ᠲᠡᠩᠴᠡᠭᠰᠡᠨ ᠤ ᠳᠠᠷᠠᠭ᠎ᠠ ᠬᠦᠯᠡᠮᠵᠢ ᠪᠤᠯᠭᠠᠨ ᠳᠤ 5000 ᠲᠦᠬᠦᠷᠢᠭ ᠤᠨ | ᠨᠦᠬᠦᠪᠦᠷᠢ ᠮᠦᠩᠭᠦ ᠣᠯᠭᠤᠨ᠎ᠠ︔ ᠰᠢᠨ᠎ᠡ ᠪᠠᠷ 4 ᠮᠤ᠋ ᠠᠴᠠ ᠳᠡᠭᠡᠭᠰᠢ ᠵᠠᠯᠭᠠᠯᠳᠣᠭᠰᠠᠨ ᠪᠣᠶᠣ ᠲᠤᠮᠤᠬᠠᠨ ᠬᠦᠯᠡᠮᠵᠢ ᠪᠠᠶᠢᠭᠤᠯᠤᠭᠰᠠᠨ ᠪᠣᠯ ᠵᠠᠷᠤᠳᠠᠯ ᠤᠨ 30% | ᠶᠤᠰᠤᠭᠠᠷ ᠨᠦᠬᠦᠪᠦᠷᠢ ᠮᠦᠩᠭᠦ ᠣᠯᠭᠤᠨ᠎ᠠ᠃ | 2. ᠪᠠᠷᠢᠮᠵᠢᠶᠠᠵᠢᠭᠰᠠᠨ ᠴᠢᠬᠢ ᠪᠤᠶᠢᠵᠢᠭᠤᠯᠬᠤ ᠲᠦᠪ ᠤᠨ ᠪᠠᠶᠢᠭᠤᠯᠤᠯᠲᠠ᠃ ᠰᠢᠨ᠎ᠡ ᠪᠠᠷ ᠪᠠᠶᠢᠭᠤᠯᠤᠭᠰᠠᠨ ᠴᠢᠬᠢ ᠪᠤᠶᠢᠵᠢᠭᠤᠯᠤᠯᠲᠠ ᠶᠢᠨ ᠴᠢᠳᠠᠪᠤᠷᠢ 500 | ᠲᠦᠮᠡᠨ ᠰᠠᠭᠤᠷᠢ ᠠᠴᠠ ᠳᠠᠪᠠᠭᠰᠠᠨ ︵ᠰᠠᠪᠠ ᠪᠣᠯᠭᠠᠨ ᠳᠤ ᠨᠢᠭᠡ ᠰᠠᠭᠤᠷᠢ ᠪᠠᠷ ᠲᠤᠭᠠᠴᠢᠨ᠎ᠠ︶ ᠮᠦᠷᠲᠡᠭᠡᠨ ᠴᠢᠬᠢ ᠪᠤᠶᠢᠵᠢᠭᠤᠯᠬᠤ ᠠᠷᠪᠢᠴᠢ ᠬᠡᠷᠡᠭᠰᠡᠯ ᠢ | ᠠᠰᠢᠭᠯᠠᠭᠰᠠᠨ ᠪᠠᠷᠢᠮᠵᠢᠶᠠᠲᠤ ᠴᠢᠬᠢ ᠪᠤᠶᠢᠵᠢᠭᠤᠯᠤᠯᠲᠠ ᠶᠢᠨ ᠲᠦᠪ᠂ ᠪᠠᠶᠢᠭᠤᠯᠤᠯᠲᠠ ᠶᠢᠨ ᠵᠠᠷᠤᠳᠠᠯ ᠤᠨ 30% ᠶᠤᠰᠤᠭᠠᠷ ᠨᠦᠬᠦᠪᠦᠷᠢ ᠣᠯᠭᠤᠨ᠎ᠠ᠃ | 3. ᠵᠢᠮᠢᠰ ᠢᠳᠡᠰᠢᠨ ᠨᠤᠭᠤᠭ᠎ᠠ ᠶᠢ ᠰᠢᠨ᠎ᠡ ᠰᠣᠷᠭᠤᠭ ᠢᠶᠠᠷ ᠬᠦᠷᠦᠭᠡᠨ ᠬᠠᠳᠠᠭᠠᠯᠠᠬᠤ ᠬᠦᠮᠦᠷᠭᠡ ᠶᠢᠨ ᠪᠠᠶᠢᠭᠤᠯᠤᠯᠲᠠ᠃ ᠭᠤᠸ᠎ᠠ ᠵᠢᠮᠢᠰ ᠢᠳᠡᠰᠢᠨ | ᠨᠤᠭᠤᠭᠠᠨ ᠤ ᠭᠤᠤᠯ ᠭᠠᠷᠤᠯᠲᠠ ᠶᠢᠨ ᠲᠤᠭᠤᠷᠢᠭ ᠤᠨ ᠰᠠᠭᠤᠷᠢᠨ ᠭᠠᠵᠠᠷ ᠤᠨ ᠣᠶᠢᠷ᠎ᠠ ᠬᠠᠪᠢ ᠳᠤ 5000 ᠺᠦᠪ ᠮᠧᠲᠷ ᠠᠴᠠ ᠳᠡᠭᠡᠭᠰᠢ ᠲᠠᠯᠠᠪᠠᠢ ᠲᠠᠢ ᠰᠢᠨ᠎ᠡ | ᠪᠠᠷ ᠪᠠᠶᠢᠭᠤᠯᠬᠤ ᠪᠤᠶᠤ ᠦᠷᠬᠦᠯᠵᠢᠯᠡᠨ ᠪᠠᠶᠢᠭᠤᠯᠬᠤ ᠮᠦᠷᠲᠡᠭᠡᠨ ᠲᠤᠬᠠᠢ ᠶᠢᠨ ᠭᠠᠵᠠᠷ ᠤᠨ ᠲᠠᠷᠢᠮᠠᠯ ᠤᠨ ᠡᠷᠦᠬᠡ ᠳᠤ ᠵᠢᠮᠢᠰ ᠢᠳᠡᠰᠢᠨ ᠨᠤᠭᠤᠭ᠎ᠠ ᠶᠢ ᠰᠢᠨ᠎ᠡ | ᠰᠤᠷᠭᠤᠭ ᠢᠶᠠᠷ ᠬᠦᠷᠦᠭᠡᠨ ᠬᠠᠳᠠᠭᠠᠯᠠᠬᠤ ᠦᠢᠯᠡᠴᠢᠯᠡᠭᠡ ᠬᠠᠩᠭᠠᠬᠤ ᠬᠦᠮᠦᠷᠭᠡ ᠳᠤ ᠺᠦᠪ ᠮᠧᠲᠷ ᠪᠣᠯᠭᠠᠨ 500 ᠲᠦᠬᠦᠷᠢᠭ ᠤᠨ ᠪᠠᠷᠢᠮᠵᠢᠶ᠎ᠠ ᠪᠠᠷ ᠨᠦᠬᠦᠪᠦᠷᠢᠯᠡᠨ᠎ᠡ | ᠨᠦᠬᠦᠪᠦᠷᠢ ᠣᠯᠭᠤᠨ᠎ᠠ᠃ | 4. ᠡᠷᠴᠢᠮᠵᠢᠬᠦᠯᠦᠭᠰᠡᠨ ᠴᠢᠬᠢ ᠪᠤᠶᠢᠵᠢᠭᠤᠯᠤᠯᠲᠠ᠃ ᠵᠢᠯ ᠤᠨ ᠡᠷᠴᠢᠮᠯᠢᠭ ᠠᠷᠪᠢᠴᠢ ᠴᠢᠬᠢ ᠪᠤᠶᠢᠵᠢᠭᠤᠯᠤᠯᠲᠠ ᠶᠢᠨ ᠬᠡᠪᠴᠢᠶ᠎ᠡ 200ᠲᠦᠮᠡᠨ ᠰᠠᠭᠤᠷᠢ ᠠᠴᠠ | ᠳᠠᠪᠠᠭᠰᠠᠨ ᠵᠢᠮᠢᠰ ᠢᠳᠡᠰᠢᠨ ᠨᠤᠭᠤᠭᠠᠨ ᠤ ᠪᠠᠷᠢᠮᠵᠢᠶᠠᠲᠤ ᠴᠢᠬᠢ ᠪᠤᠶᠢᠵᠢᠭᠤᠯᠬᠤ ᠰᠠᠭᠤᠷᠢᠨ ᠭᠠᠵᠠᠷ ᠤᠨ ᠬᠢᠨ ᠲᠤᠰ ᠬᠤᠰᠢᠭᠤᠨ ᠳᠤ ᠪᠠᠨ ᠰᠠᠭᠤᠷᠢ ᠪᠤᠯᠭᠠᠨ ᠢ | ᠵᠠᠬ᠎ᠠ ᠳᠡᠯᠭᠡᠭᠦᠷ ᠤᠨ ᠦᠨ᠎ᠡ ᠠᠴᠠ 0.07 ᠲᠦᠬᠦᠷᠢᠭ ᠬᠢᠮᠳᠠ ᠪᠠᠷ ᠴᠢᠬᠢ ᠪᠣᠶᠢᠵᠢᠭᠤᠯᠣᠭᠰᠠᠨ᠂ ᠪᠣᠷᠣᠯᠠᠭᠤᠯᠤᠭᠰᠠᠨ ᠪᠤᠶᠤ ᠲᠠᠷᠢᠭᠰᠠᠨ ᠪᠣᠯ ᠢᠳᠡᠰᠢᠨ ᠨᠤᠭᠤᠭ᠎ᠠ | ᠭᠤᠸ᠎ᠠ ᠵᠢᠮᠢᠰ ᠤᠨ ᠴᠢᠬᠢᠨ ᠤ ᠰᠠᠭᠤᠷᠢ ᠪᠤᠯᠭᠠᠨ ᠳᠤ 0.07ᠲᠦᠬᠦᠷᠢᠭ ᠤᠨ ᠨᠦᠬᠦᠪᠦᠷᠢ ᠮᠦᠩᠭᠦ ᠶᠢᠨ ᠪᠠᠷᠢᠮᠵᠢᠶ᠎ᠠ ᠪᠠᠷ ᠰᠠᠭᠤᠷᠢᠨ ᠭᠠᠵᠠᠷ ᠲᠤ ᠰᠢᠭᠤᠳ | ᠨᠦᠬᠦᠪᠦᠷᠢᠯᠡᠨ᠎ᠡ᠃ | 5. ᠠᠵᠤ ᠠᠬᠤᠢ ᠶᠢᠨ ᠣᠢ ᠲᠠᠷᠢᠬᠤ᠃ ᠡᠯ᠎ᠡ ᠲᠦᠷᠦᠯ ᠤᠨ ᠡᠵᠡᠩᠨᠡᠯᠲᠡ ᠶᠢᠨ ᠭᠤᠤᠯ ᠴᠤᠭᠴᠠ ᠠᠵᠤ ᠠᠬᠤᠢ ᠶᠢᠨ ᠤᠢ ᠶᠢᠨ ᠪᠠᠶᠢᠭᠤᠯᠤᠯᠲᠠ ᠶᠢ | ᠬᠦᠭᠵᠢᠬᠦᠯᠬᠦ ᠶᠢ ᠵᠤᠷᠢᠭᠵᠢᠭᠤᠯᠵᠤ᠂ ᠰᠢᠨ᠎ᠡ ᠪᠠᠷ ᠨᠡᠮᠡᠭᠳᠡᠭᠰᠡᠨ ᠲᠠᠯᠠᠪᠠᠢ 30 ᠮᠤ᠋ ᠠᠴᠠ ᠳᠡᠭᠡᠭᠰᠢ ᠳᠠᠪᠠᠪᠠᠯ᠂ ᠰᠢᠯᠭᠠᠨ ᠬᠤᠷᠢᠶᠠᠭᠠᠳ ᠬᠢᠷᠢ ᠲᠡᠩᠴᠡᠭᠰᠡᠨ ᠤ | ᠳᠠᠷᠠᠭ᠎ᠠ ᠮᠤ᠋ ᠪᠣᠯᠭᠠᠨ ᠳᠤ 800 ᠲᠦᠬᠦᠷᠢᠭ ᠤᠨ ᠨᠦᠬᠦᠪᠦᠷᠢ ᠮᠦᠩᠭᠦ ᠣᠯᠭᠤᠨ᠎ᠠ᠃ | ᠬᠤᠶᠠᠷ᠂ ᠮᠠᠯ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠠᠵᠤ᠂ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ | ᠳᠡᠭᠡᠭᠰᠢᠯᠡᠬᠦᠯᠦᠨ᠎ᠡ | 6. ᠠᠯᠠᠰᠢᠨ ᠮᠠᠯ ᠢ ᠤᠬᠤᠷ ᠬᠤᠭᠤᠴᠠᠭᠠᠨ ᠳᠤ ᠲᠡᠵᠢᠭᠡᠨ ᠲᠠᠷᠭᠤᠯᠠᠭᠤᠯᠬᠤ ᠳᠠᠭᠤᠷᠢᠶᠠᠯ᠃ ᠵᠢᠯ ᠤᠨ ᠪᠤᠷᠤᠯᠠᠭᠤᠯᠭ᠎ᠠ ᠶᠢᠨ ᠨᠤᠷᠮ᠎ᠠ 1000ᠲᠤᠯᠤᠭᠠᠢ ᠠᠴᠠ | ᠳᠠᠪᠠᠭᠰᠠᠨ ᠠᠯᠠᠰᠢᠨ ᠮᠠᠯ ᠢ ᠣᠬᠤᠷ ᠬᠤᠭᠤᠴᠠᠭᠠᠨ ᠳᠤ ᠲᠡᠵᠢᠭᠡᠨ ᠲᠠᠷᠭᠤᠯᠠᠭᠤᠯᠬᠤ ᠳᠠᠭᠤᠷᠢᠶᠠᠯ ᠬᠠᠮᠲᠤᠷᠠᠯ ᠬᠤᠷᠰᠢᠶ᠎ᠠ ᠪᠤᠶᠤ ᠵᠢᠱᠢᠶ᠎ᠡ ᠦᠵᠡᠬᠦᠯᠬᠦ ᠡᠷᠦᠬᠡ ᠶᠢ | 100 ᠳᠤ ᠬᠦᠷᠭᠡᠨ᠂ ᠠᠮᠢᠳᠣ ᠪᠠᠷ ᠠᠷᠠᠯᠵᠢᠶᠠᠯᠠᠬᠤ ᠮᠠᠶ᠋ᠢᠭ ᠢᠶᠠᠷ ᠪᠣᠷᠣᠯᠠᠭᠤᠯᠤᠭᠰᠠᠨ ᠲᠦᠯ ᠪᠤᠯᠭᠠᠨ ᠳᠤ 20ᠲᠦᠬᠦᠷᠢᠭ ᠤᠨ ᠨᠦᠬᠦᠪᠦᠷᠢ ᠮᠦᠩᠭᠦ ᠣᠯᠭᠤᠨ᠎ᠠ︔ | ᠲᠤᠰ ᠭᠠᠵᠠᠷ ᠤᠨ ᠲᠤᠭᠲᠠᠮᠠᠯ ᠨᠢᠳᠣᠯᠬᠤ ᠠᠵᠣ ᠠᠬᠤᠶᠢᠯᠠᠯ ᠳᠤ ᠨᠢᠳᠣᠯᠬᠤ ᠮᠠᠶ᠋ᠢᠭ ᠢᠶᠠᠷ ᠪᠤᠷᠤᠯᠠᠭᠤᠯᠤᠭᠰᠠᠨ ᠮᠦᠷᠳᠡᠨ ᠨᠡᠬᠡᠮᠵᠢᠯᠡᠬᠦ ᠬᠡᠷᠡᠴᠢᠯᠡᠯ ᠲᠠᠢ ᠠᠯᠠᠰᠢᠨ ᠮᠠᠯ | ᠪᠤᠯᠭᠠᠨ ᠳᠤ 60 ᠲᠦᠬᠦᠷᠢᠭ ︵ᠡᠬᠦᠨ ᠳᠤ ᠬᠠᠮᠲᠤᠷᠠᠯ ᠬᠤᠷᠰᠢᠶ᠎ᠠ ᠳᠤ 40 ᠲᠦᠬᠦᠷᠢᠭ᠂ ᠨᠢᠳᠣᠯᠬᠤ ᠠᠵᠤ ᠠᠬᠤᠶᠢᠯᠠᠯ ᠳᠤ 20 ᠲᠦᠬᠦᠷᠢᠭ︶ ᠤᠨ ᠨᠦᠬᠦᠪᠦᠷᠢ | ᠦᠭᠭᠦᠨ᠎ᠡ︔ ᠮᠦᠷᠳᠡᠨ ᠨᠡᠬᠡᠮᠵᠢᠯᠡᠬᠦ ᠭᠡᠷᠡᠴᠢᠯᠠᠯ ᠦᠭᠡᠢ ᠠᠯᠠᠰᠢᠨ ᠮᠠᠯ ᠪᠣᠯᠭᠠᠨ ᠳᠤ 40 ᠲᠦᠬᠦᠷᠢᠭ ︵ᠡᠬᠦᠨ ᠳᠤ ᠬᠠᠮᠲᠤᠷᠠᠯ ᠬᠤᠷᠰᠢᠶ᠎ᠠ ᠳᠤ 30 ᠲᠦᠬᠦᠷᠢᠭ᠂ | ᠨᠢᠳᠣᠯᠬᠤ ᠠᠵᠤ ᠠᠬᠤᠶᠢᠯᠠᠯ ᠳᠤ 10 ᠲᠦᠬᠦᠷᠢᠭ︶ ᠤᠨ ᠨᠦᠬᠦᠪᠦᠷᠢ ᠦᠭᠭᠦᠨ᠎ᠡ︔ ᠲᠤᠰ ᠬᠤᠰᠢᠭᠤᠨ ᠤ ᠵᠢᠯ ᠤᠨ 500 ᠲᠤᠨ ᠠᠴᠠ ᠳᠡᠭᠡᠭᠰᠢ ᠮᠦᠬᠦᠯᠢᠭᠲᠦ | ᠲᠡᠵᠢᠭᠡᠯ ᠪᠣᠷᠳᠤᠭ᠎ᠠ ᠦᠢᠯᠡᠳᠪᠦᠷᠢᠯᠡᠭᠰᠡᠨ ᠠᠵᠤ ᠠᠬᠤᠶᠢᠯᠠᠯ ᠵᠢᠴᠢ ᠬᠠᠮᠲᠤᠷᠠᠯ ᠬᠤᠷᠰᠢᠶ᠎ᠠ ︵ᠡᠬᠦᠨ ᠳᠤ ᠲᠤᠰ ᠬᠤᠰᠢᠭᠤᠨ ᠤ ᠲᠠᠷᠢᠮᠠᠯ ᠤᠨ ᠡᠰᠢ ᠰᠦᠷᠡᠯ ᠤᠨ | ᠣᠭ ᠮᠡᠲ᠋ᠧᠷᠢᠶᠡᠯ ᠢ ᠬᠠᠳᠠᠭᠠᠯᠠᠨ ᠪᠣᠯᠪᠠᠰᠣᠷᠠᠭᠤᠯᠤᠭᠰᠠᠨᠬᠠᠷᠢᠴᠠᠯ 40% ᠶᠢ ᠡᠵᠡᠯᠡᠨ᠎ᠡ︶ ᠠᠴᠠ 10 ᠲᠤᠨ ᠠᠴᠠ ᠳᠡᠭᠡᠭᠰᠢ ᠮᠦᠬᠦᠯᠢᠭᠲᠦ ᠲᠡᠵᠢᠭᠡᠯ ᠪᠤᠷᠳᠤᠭ᠎ᠠ | ᠬᠤᠳᠠᠯᠳᠣᠨ ᠠᠪᠤᠪᠠᠯ᠂ ᠲᠤᠨ ᠪᠦᠷᠢ ᠳᠤ 400 ᠲᠦᠬᠦᠷᠢᠭ ᠨᠦᠬᠦᠪᠦᠷᠢᠯᠡᠨ᠂ ᠠᠶᠢᠯ ᠪᠤᠯᠭᠠᠨ ᠤ ᠨᠦᠬᠦᠪᠦᠷᠢ ᠮᠦᠩᠭᠦ ᠶᠢ ᠲᠦᠮᠡᠨ ᠲᠦᠬᠦᠷᠢᠭ ᠠᠴᠠ ᠳᠠᠪᠠᠭᠤᠯᠵᠤ | ᠪᠣᠯᠬᠤ ᠦᠭᠡᠢ᠃ | 7. ᠠᠯᠠᠰᠢᠨ ᠮᠠᠯ ᠤᠨ ᠡᠭᠦᠯᠳᠡᠷ ᠤᠨ ᠬᠤᠴᠠ ᠤᠬᠤᠨ᠎ᠠ ᠶᠢᠨ ᠣᠷᠣᠭᠤᠯᠣᠯᠲᠠ᠃ ᠬᠤᠰᠢᠭᠤ ᠰᠢᠶᠠᠨ ᠠᠴᠠ ᠳᠡᠭᠡᠭᠰᠢ ᠦᠢᠯᠡᠳᠪᠦᠷᠢᠯᠡᠯ ᠡᠵᠡᠩᠨᠡᠯᠲᠡ ᠶᠢᠨ | ᠦᠨᠡᠮᠯᠡᠯ ᠲᠠᠢ ᠡᠬᠦᠯᠳᠡᠷ ᠤᠨ ᠮᠠᠯ ᠤᠨ ᠲᠡᠯᠡᠪᠡᠢ ᠠᠴᠠ ᠣᠨᠴᠠ ᠲᠡᠰ᠂ ᠨᠢᠭᠡᠳᠦᠭᠡᠷ ᠲᠡᠰ ᠤᠨ ᠠᠯᠠᠰᠢᠨ ᠮᠠᠯ ᠤᠨ ᠡᠭᠦᠯᠳᠡᠷ ᠤᠨ ᠬᠤᠴᠠ ᠤᠬᠤᠨ᠎ᠠ ᠬᠤᠳᠠᠯᠳᠣᠨ | ᠠᠪᠤᠭᠰᠠᠨ ᠲᠡᠵᠢᠭᠡᠪᠦᠷᠢ ᠶᠢᠨ ᠡᠷᠦᠬᠡ ᠳᠤ 2000 ᠲᠦᠬᠦᠷᠢᠭ ᠤᠨ ᠨᠦᠬᠦᠪᠦᠷᠢ ᠮᠦᠩᠭᠦ ᠦᠭᠭᠦᠨ᠎ᠡ᠃ | 8. ᠠᠯᠠᠰᠢᠨ ᠮᠠᠯ ᠤᠨ ᠡᠭᠦᠯᠳᠡᠷ ᠪᠣᠶᠢᠵᠢᠭᠤᠯᠣᠯᠲᠠ᠃ 100 ᠠᠴᠠ ᠳᠡᠭᠡᠭᠰᠢ ᠨᠢᠭᠡ ᠲᠦᠷᠦᠯ ᠤᠨ ᠡᠭᠦᠯᠳᠡᠷ ᠤᠨ ᠡᠬᠡ ᠮᠠᠯ ᠤᠨ ᠰᠦᠷᠦᠭ ᠢ 300 ᠳᠤ | ᠬᠦᠷᠭᠡᠵᠦ᠂ ᠡᠬᠡ ᠮᠠᠯ ᠪᠦᠷᠢ 20 ᠲᠦᠬᠦᠷᠢᠭ ᠤᠨ ᠴᠢᠬᠢᠨ ᠲᠡᠮᠲᠡᠭ ᠤᠨ ᠨᠦᠬᠦᠪᠦᠷᠢ ᠮᠦᠩᠭᠦ ᠪᠠ 20 ᠲᠦᠬᠦᠷᠢᠭ ᠤᠨ ᠭᠠᠷ ᠬᠡᠬᠡᠯᠳᠦᠬᠦᠯᠭᠡ ᠶᠢᠨ ᠨᠦᠬᠦᠪᠦᠷᠢ | ᠮᠦᠩᠭᠦ ᠦᠭᠭᠦᠨ᠎ᠡ᠃ ᠦᠢᠯᠡᠴᠢᠯᠡᠭᠡᠨ ᠤ ᠲᠡᠷᠬᠡ ᠤᠨᠤᠭ᠎ᠠ᠂ ᠭᠠᠷ ᠬᠡᠬᠡᠯᠳᠦᠬᠦᠯᠭᠡ ᠶᠢᠨ ᠬᠡᠷᠡᠭᠰᠡᠯ ᠵᠡᠷᠭᠡ ᠳᠦᠬᠦᠭᠡᠷᠦᠮᠵᠢ ᠲᠠᠢ ᠡᠭᠦᠯᠳᠡᠷ ᠪᠤᠶᠢᠵᠢᠭᠤᠯᠬᠤ 4 ᠨᠡᠭᠦᠳᠡᠯ | ᠦᠷᠲᠡᠭᠡ ᠪᠠᠶᠢᠭᠤᠯᠤᠨ᠎ᠠ᠃ | 9. ᠠᠯᠠᠰᠢᠨ ᠦᠬᠡᠷ ᠤᠨ ᠭᠠᠷ ᠬᠡᠬᠡᠯᠳᠦᠬᠦᠯᠭᠡ᠃ ᠰᠠᠶᠢᠨ ᠡᠬᠦᠯᠳᠡᠷ ᠤᠨ ᠭᠠᠷ ᠬᠡᠬᠡᠯᠳᠦᠬᠦᠯᠭᠡ ᠦᠷᠨᠢᠬᠦᠯᠦᠭᠰᠡᠨ ᠠᠯᠠᠰᠢᠨ ᠦᠭᠡᠷ ᠤᠨ ᠲᠡᠵᠢᠭᠡᠪᠦᠷᠢ ᠶᠢᠨ | ᠲᠠᠯᠠᠪᠠᠢ ︵ᠡᠷᠦᠬᠡ︶ ᠶᠢᠨ ᠲᠤᠭᠤᠯ ᠪᠤᠯᠭᠠᠨ ᠢ ᠰᠢᠯᠭᠠᠨ ᠦᠵᠡᠭᠡᠳ ᠬᠢᠷᠢ ᠲᠡᠩᠴᠡᠭᠰᠡᠨ ᠳᠤ ᠨᠢ 100 ᠲᠦᠬᠦᠷᠢᠭ ᠱᠠᠩᠨᠠᠨ᠎ᠠ᠃ | ᠭᠤᠷᠪᠠ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠤᠭᠴᠠ ᠢ ᠪᠣᠶᠢᠵᠢᠭᠤᠯᠵᠣ᠂ ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢ ᠶᠢ | ᠳᠡᠭᠡᠭᠰᠢᠯᠡᠬᠦᠯᠦᠨ᠎ᠡ | 10. ᠡᠳ᠋ᠰᠢᠬᠦᠯᠬᠦ ᠠᠵᠤ ᠠᠬᠤᠶᠢᠯᠠᠯ ᠤᠨ ᠪᠣᠶᠢᠵᠢᠭᠤᠯᠣᠯᠲᠠ᠃ ᠰᠢᠨ᠎ᠡ ᠪᠠᠷ ᠪᠠᠶᠢᠭᠤᠯᠤᠭᠰᠠᠨ ᠢᠳᠡᠰᠢᠨ ᠨᠤᠭᠤᠭ᠎ᠠ᠂ ᠵᠢᠮᠢᠰ ᠡᠳ᠋ᠰᠢᠬᠦᠯᠬᠦ ︵ᠣᠰᠣ | ᠦᠭᠡᠶᠢᠳᠡᠬᠦᠯᠬᠦ᠂ ᠳᠠᠪᠤᠰᠤᠯᠠᠨ ᠢᠰᠬᠡᠬᠦ᠂ ᠰᠢᠬᠦᠰᠦ ᠰᠢᠬᠠᠬᠤ ᠵᠡᠷᠭᠡ︶᠂ ᠡᠯᠳᠡᠪ ᠠᠮᠤ ᠪᠣᠯᠪᠠᠰᠣᠷᠠᠭᠤᠯᠬᠤ ︵ᠰᠢᠯᠢᠨ ᠰᠣᠩᠭᠤᠬᠤ᠂ ᠪᠣᠭᠤᠳᠠᠯᠯᠠᠬᠤ︶ ᠪᠠ ᠮᠠᠯ ᠤᠨ | ᠠᠰᠢᠭ ᠰᠢᠮ᠎ᠡ ᠪᠣᠯᠪᠠᠰᠣᠷᠠᠭᠤᠯᠬᠤ ︵ᠬᠡᠰᠡᠭᠯᠡᠬᠦ᠂ ᠪᠣᠭᠤᠳᠠᠯᠯᠠᠬᠤ︶ ᠠᠵᠤ ᠠᠬᠤᠶᠢᠯᠠᠯ ᠵᠢᠴᠢ ᠬᠠᠮᠲᠤᠷᠠᠯ ᠬᠤᠷᠰᠢᠶ᠎ᠠ ᠳᠤ ᠱᠠᠩᠨᠠᠯ ᠢᠶᠠᠷ ᠨᠦᠬᠦᠪᠦᠷᠢᠯᠡᠬᠦ ᠬᠡᠯᠪᠡᠷᠢ ᠪᠠᠷ | ᠵᠣᠬᠢᠬᠤ ᠪᠡᠯᠡ ᠮᠦᠩᠭᠦ ᠣᠯᠭᠤᠵᠣ᠂ ᠦᠢᠯᠡᠳᠪᠦᠷᠢᠯᠡᠯ ᠤᠨ ᠳᠦᠬᠦᠭᠡᠷᠦᠮᠵᠢ ᠬᠤᠳᠠᠯᠳᠣᠨᠨ ᠠᠪᠬᠤ ᠶᠢ ᠳᠡᠮᠵᠢᠨ᠂ ᠳᠦᠬᠦᠭᠡᠷᠦᠮᠵᠢ ᠬᠤᠳᠠᠯᠳᠣᠨ ᠠᠪᠬᠤ ᠵᠠᠷᠤᠳᠠᠯ ᠤᠨ | 30% ᠶᠢᠨ ᠪᠠᠷᠢᠮᠵᠢᠶ᠎ᠠ ᠶᠤᠰᠤᠭᠠᠷ ᠨᠦᠬᠦᠪᠦᠷᠢᠯᠡᠨ᠎ᠡ᠃ | 11. ᠬᠠᠮᠲᠤᠷᠠᠯ ᠬᠤᠷᠰᠢᠶ᠎ᠠ ᠶᠢᠨ ᠪᠣᠶᠢᠵᠢᠭᠤᠯᠣᠯᠲᠠ᠃ ᠪᠠᠷᠢᠮᠵᠢᠶᠠᠲᠤ ᠦᠢᠯᠡᠳᠪᠦᠷᠢᠯᠡᠯ᠂ ᠨᠢᠭᠡᠳᠦᠯᠲᠡᠢ ᠦᠢᠯᠡᠴᠢᠯᠡᠭᠡ ᠲᠠᠢ᠂ ᠨᠢᠭᠡᠳᠦᠯᠲᠡᠢ ᠪᠠᠷ | ᠲᠤᠯᠤᠭᠠᠶᠢᠯᠠᠭᠴᠢ ᠠᠵᠤ ᠠᠬᠤᠶᠢᠯᠠᠯ ᠪᠤᠯᠤᠨ ᠮᠠᠯᠴᠢᠨ ᠲᠠᠷᠢᠶᠠᠴᠢᠨ ᠲᠠᠢ ᠨᠢᠭᠲᠠ ᠬᠠᠷᠢᠴᠠᠭ᠎ᠠ ᠲᠠᠢ ᠠᠰᠢᠭ ᠲᠤᠰᠠ ᠶᠢᠨ ᠬᠤᠯᠪᠤᠭᠠᠲᠤ ᠴᠤᠭᠴᠠ ᠶᠢᠨ ᠬᠠᠮᠲᠤᠷᠠᠯ | ᠬᠤᠷᠰᠢᠶ᠎ᠠ ᠶᠢ ᠨᠢᠭᠡᠳᠦᠯᠲᠡᠢ ᠵᠤᠬᠢᠶᠠᠨ ᠪᠠᠶᠢᠭᠤᠯᠪᠠᠯ᠂ ᠨᠢᠭᠡᠯᠡ ᠣᠳᠠᠭ᠎ᠠ ᠪᠠᠷ 30 ᠲᠦᠮᠡᠨ ᠲᠦᠬᠦᠷᠢᠭ ᠱᠠᠩᠨᠠᠨ᠎ᠠ᠃ | ᠳᠦᠷᠪᠡ᠂ ᠨᠡᠷᠡᠲᠦ ᠲᠡᠮᠲᠡᠭ ᠤᠨ ᠪᠣᠶᠢᠵᠢᠭᠤᠯᠤᠯᠲᠠ ᠶᠢᠨ ᠬᠦᠴᠦᠯᠡᠴᠡ ᠪᠠᠨ ᠴᠢᠩᠭᠠᠳᠬᠠᠵᠤ᠂ ᠪᠦᠲᠦᠭᠡᠭᠳᠡᠬᠦᠨ ᠤ ᠦᠷᠢᠰᠦᠯᠳᠦᠬᠦ ᠬᠦᠴᠦᠨ ᠢ | ᠳᠡᠭᠡᠭᠰᠢᠯᠡᠬᠦᠯᠦᠨ᠎ᠡ | 12. ᠨᠡᠷᠡᠲᠦ ᠲᠡᠮᠲᠡᠭ ᠤᠨ ᠴᠤᠭᠴᠠᠯᠠᠯᠲᠠ᠃ ᠠᠵᠤ ᠠᠬᠤᠶᠢᠯᠠᠯ᠂ ᠨᠡᠶᠢᠬᠡᠮᠯᠢᠭ᠂ ᠲᠤᠰᠬᠠᠢ ᠬᠠᠮᠲᠤᠷᠠᠯ ᠬᠤᠷᠰᠢᠶ᠎ᠠ ᠵᠡᠷᠭᠡ ᠶᠢ ᠳᠡᠮᠵᠢᠨ ᠢᠳᠡᠰᠢᠨ ᠨᠤᠭᠤᠭ᠎ᠠ | ᠪᠣᠯᠣᠨ ᠡᠯᠳᠡᠪ ᠠᠮᠤ ᠶᠢᠨ ᠨᠡᠷᠡᠲᠦ ᠲᠡᠮᠲᠡᠭ ᠢ ᠴᠤᠭᠴᠠᠯᠠᠨ᠎ᠠ᠃ 1 ᠪᠣᠬᠢᠷᠳᠣᠯ ᠦᠭᠡᠢ ᠢᠳᠡᠭᠡᠨ ᠬᠡᠷᠡᠴᠢᠯᠡᠬᠦᠯᠪᠡᠯ 3 ᠲᠦᠮᠡᠨ ᠲᠦᠬᠦᠷᠢᠭ ᠬᠦᠬᠢᠬᠦᠯᠦᠨ᠂ ᠣᠷᠭᠠᠨᠢᠭ | ᠢᠳᠡᠭᠡᠨ ᠬᠡᠷᠡᠴᠢᠯᠡᠬᠦᠯᠪᠡᠯ 5 ᠲᠦᠮᠡᠨ ᠲᠦᠬᠦᠷᠢᠭ ᠬᠦᠬᠢᠬᠦᠯᠦᠨ᠎ᠡ︔ 1 ᠨᠡᠷᠡᠲᠦ ᠣᠨᠴᠠ ᠰᠢᠯᠢᠳᠡᠭ ᠰᠢᠨ᠎ᠡ ᠮᠠᠯ ᠲᠠᠷᠢᠶᠠᠯᠠᠩ ᠤᠨ ᠪᠦᠲᠦᠭᠡᠭᠳᠡᠬᠦᠨ ᠳᠠᠩᠰᠠᠯᠠᠭᠤᠯᠪᠠᠯ | 2 ᠲᠦᠮᠡᠨ ᠲᠦᠬᠦᠷᠢᠭ ᠬᠦᠬᠢᠬᠦᠯᠵᠦ᠂ 1 ᠮᠠᠯ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠲᠡᠭᠲᠦ ᠪᠦᠲᠦᠭᠡᠭᠳᠡᠬᠦᠨ ᠳᠠᠩᠰᠠᠯᠠᠭᠤᠯᠤᠨ ᠬᠠᠮᠠᠭᠠᠯᠠᠪᠠᠯ | 20 ᠲᠦᠮᠡᠨ ᠲᠦᠬᠦᠷᠢᠭ ᠬᠦᠬᠢᠬᠦᠯᠦᠨ᠎ᠡ᠃ | 13. ᠨᠡᠷᠡᠲᠦ ᠲᠡᠮᠲᠡᠭ ᠤᠨ ᠲᠦᠭᠡᠮᠡᠯᠵᠢᠬᠦᠯᠦᠯᠲᠡ᠃ 530 ᠲᠦᠮᠡᠨ ᠲᠦᠬᠦᠷᠢᠭ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠡᠮᠲᠡᠭ ᠤᠨ | ᠲᠦᠭᠡᠮᠡᠯᠵᠢᠬᠦᠯᠦᠯᠲᠡ ᠶᠢᠨ ᠵᠠᠷᠤᠳᠠᠯ ᠭᠠᠷᠭᠠᠵᠤ᠂ ᠨᠡᠷᠡᠲᠦ ᠲᠡᠮᠲᠡᠭ ᠤᠨ ᠪᠠᠶᠢᠴᠠᠭᠠᠨ ᠰᠣᠳᠣᠯᠣᠯᠲᠠ᠂ ᠲᠦᠯᠦᠪᠵᠢᠬᠦᠯᠭᠡ ᠲᠤᠭᠤᠷᠪᠢᠯᠲᠠ᠂ ᠪᠠᠷᠢᠮᠵᠢᠶ᠎ᠠ | ᠲᠤᠭᠲᠠᠭᠠᠯᠲᠠ᠂ ᠶᠠᠰᠣ ᠴᠢᠨᠠᠷ ᠤᠨ ᠬᠢᠨᠠᠨ ᠬᠠᠮᠢᠶᠠᠷᠤᠯᠲᠠ᠂ ᠪᠠᠷᠠᠭ᠎ᠠ ᠬᠦᠷᠭᠡᠯᠲᠡ᠂ ᠰᠢᠭᠤᠳ ᠨᠡᠪᠲᠡᠷᠡᠬᠦᠯᠬᠡ ᠶᠢᠨ ᠪᠤᠷᠤᠯᠠᠭᠤᠯᠭ᠎ᠠ᠂ ᠤᠬᠠᠭᠤᠯᠤᠯ | ᠲᠦᠬᠡᠮᠡᠯᠵᠢᠬᠦᠯᠦᠯᠲᠡ ᠪᠠ ᠮᠦᠷᠳᠡᠯᠲᠡ ᠶᠢᠨ ᠲᠤᠭᠲᠠᠯᠴᠠᠭᠠᠨ ᠤ ᠪᠠᠶᠢᠭᠤᠯᠤᠯᠲᠠ ᠵᠡᠷᠭᠡ ᠳᠤ ᠬᠡᠷᠡᠭᠯᠡᠨ᠎ᠡ᠃ | ᠲᠠᠪᠤ᠂ ᠬᠦᠴᠦᠨ ᠵᠦᠢᠯ ᠤᠨ ᠪᠠᠲᠤᠯᠠᠭ᠎ᠠ ᠶᠢᠨ ᠲᠤᠭᠲᠠᠯᠴᠠᠭ᠎ᠠ ᠶᠢ ᠲᠡᠬᠦᠯᠳᠡᠷᠵᠢᠬᠦᠯᠵᠦ᠂ ᠠᠵᠤ. ᠦᠢᠯᠡᠰ ᠤᠨ ᠲᠤᠯᠭᠠᠭᠤᠷᠢᠯᠠᠬᠤ ᠴᠢᠳᠠᠪᠤᠷᠢ ᠶᠢ | ᠳᠡᠭᠡᠭᠰᠢᠯᠡᠬᠦᠯᠦᠨ᠎ᠡ | 14. ᠰᠢᠨᠵᠢᠯᠡᠭᠡ ᠮᠡᠷᠭᠡᠵᠢᠯ ᠲᠦᠭᠡᠮᠡᠯᠵᠢᠬᠦᠯᠬᠦ ᠦᠢᠯᠡᠴᠢᠯᠡᠭᠡ ᠶᠢᠨ ᠰᠢᠨᠡᠴᠢᠯᠡᠯᠲᠡ | ︵1︶ ᠮᠡᠷᠭᠡᠵᠢᠯ ᠲᠦᠬᠡᠮᠡᠯᠵᠢᠬᠦᠯᠬᠦ ᠦᠢᠯᠡᠴᠢᠯᠡᠭᠡ᠃ 385 ᠲᠦᠮᠡᠨ ᠲᠦᠬᠦᠷᠢᠭ ᠤᠨ ᠲᠠᠷᠢᠶᠠᠯᠠᠩ᠂ ᠣᠢ ᠰᠢᠭᠤᠢ᠂ ᠮᠠᠯᠵᠢᠯ ᠤᠨ ᠮᠡᠷᠭᠡᠵᠢᠯ | ᠲᠦᠬᠡᠮᠡᠯᠵᠢᠬᠦᠯᠬᠦ ᠰᠠᠭᠤᠷᠢ ᠮᠦᠩᠭᠦ ᠪᠠᠶᠢᠭᠤᠯᠤᠨ᠂ ᠠᠵᠤ ᠦᠢᠯᠡᠰ ᠤᠨ ᠮᠡᠷᠭᠡᠵᠢᠯ ᠤᠨ ᠦᠢᠯᠡᠴᠢᠯᠡᠭᠡ᠂ ᠪᠠᠷᠢᠮᠵᠢᠶᠠᠵᠢᠭᠰᠠᠨ ᠦᠢᠯᠡᠳᠪᠦᠷᠢᠯᠡᠯ᠂ ᠡᠭᠦᠯᠳᠡᠷ | ᠪᠤᠶᠢᠵᠢᠭᠤᠯᠤᠯᠲᠠ᠂ ᠲᠤᠷᠰᠢᠯᠲᠠ ᠳᠠᠭᠤᠷᠢᠶᠠᠯ᠂ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠵᠢᠴᠢ ᠦᠵᠡᠬᠦᠯᠬᠡ᠂ ᠣᠬᠠᠭᠤᠯᠭ᠎ᠠ ᠪᠤᠯᠪᠠᠰᠣᠷᠠᠯ᠂ ᠵᠢᠱᠢᠶ᠎ᠡ | ᠦᠵᠡᠬᠦᠯᠬᠦ ᠴᠡᠭ ᠪᠠ ᠳᠠᠭᠤᠷᠢᠶᠠᠯ ᠡᠷᠦᠬᠡ ᠶᠢᠨ ᠪᠣᠶᠢᠵᠢᠭᠤᠯᠤᠯᠲᠠ ᠵᠡᠷᠭᠡ ᠳᠤ ᠬᠡᠷᠡᠭᠯᠡᠨ᠎ᠡ᠃ | ︵2︶ ᠨᠡᠶᠢᠬᠡᠮᠴᠢᠯᠡᠭᠰᠡᠨ ᠦᠢᠯᠡᠴᠢᠯᠡᠭᠡ᠃ ᠮᠠᠯᠴᠢᠨ ᠲᠠᠷᠢᠶᠠᠴᠢᠨ ᠡᠷᠦᠬᠡ ᠳᠤ ᠡᠬᠦᠯᠳᠡᠷ ᠢ ᠰᠢᠯᠢᠨ ᠰᠣᠩᠭᠤᠬᠤ᠂ ᠬᠤᠷᠤᠬᠠᠶᠢᠳᠣᠯ ᠢ ᠪᠣᠬᠢᠷᠳᠣᠯ ᠦᠭᠡᠢ ᠪᠠᠷ | ᠰᠡᠷᠭᠡᠶᠢᠯᠡᠨ ᠡᠵᠡᠮᠳᠡᠬᠦ᠂ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ᠂ ᠣᠰᠣ ᠪᠣᠷᠳᠣᠭᠤᠷ ᠢ ᠴᠤᠭᠴᠠᠵᠢᠭᠤᠯᠤᠨ ᠬᠠᠮᠢᠶᠠᠷᠬᠤ᠂ ᠭᠤᠤᠷᠰᠣ ᠳᠠᠪᠬᠤᠴᠠᠯᠲᠠ ᠶᠢ | ᠵᠠᠰᠠᠬᠤ᠂ ᠵᠠᠬᠢᠶᠠᠯᠠᠭ᠎ᠠ ᠪᠠᠷ ᠬᠠᠳᠠᠭᠠᠯᠠᠬᠤ ᠵᠡᠷᠭᠡ ᠰᠢᠷᠢᠰ ᠪᠠᠷᠢᠮᠵᠢᠶᠠᠲᠤ ᠦᠢᠯᠡᠳᠪᠦᠷᠢᠯᠡᠯ ᠤᠨ ᠦᠢᠯᠡᠴᠢᠯᠡᠭᠡ ᠶᠢ ᠨᠢᠭᠡᠳᠦᠯᠲᠡᠢ ᠬᠠᠩᠭᠠᠬᠤ ᠶᠢᠨ ᠬᠠᠮᠲᠤ ᠭᠤᠸ᠎ᠠ | ᠵᠢᠮᠢᠰ ᠢᠳᠡᠰᠢᠨ ᠨᠣᠭᠤᠭᠠᠨ ᠤ ᠦᠢᠯᠡᠴᠢᠯᠡᠭᠡᠨ ᠤ ᠬᠡᠪᠴᠢᠶ᠎ᠠ 1000 ᠮᠣ᠋ ᠠᠴᠠ ᠳᠠᠪᠠᠭᠰᠠᠨ ᠨᠡᠶᠢᠬᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠳᠤ | ᠮᠣ᠋ ᠪᠦᠷᠢ ᠨᠢᠭᠡᠯᠡ ᠣᠳᠠᠭ᠎ᠠ 50 ᠲᠦᠬᠦᠷᠢᠭ ᠤᠨ ᠬᠦᠬᠢᠬᠦᠯᠦᠯ ᠤᠨ ᠴᠢᠨᠠᠷᠲᠠᠢ ᠨᠦᠬᠦᠪᠦᠷᠢ ᠮᠦᠩᠭᠦ ᠦᠭᠭᠦᠨ᠎ᠡ︔ ᠡᠯᠳᠡᠪ ᠠᠮᠤ ᠶᠢᠨ ᠦᠢᠯᠡᠴᠢᠯᠡᠭᠡᠨ ᠤ ᠬᠡᠪᠴᠢᠶ᠎ᠠ | 1000 ᠮᠣ᠋ ᠠᠴᠠ ᠳᠠᠪᠠᠭᠰᠠᠨ ᠨᠡᠶᠢᠬᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠮᠣ᠋ ᠪᠦᠷᠢ ᠨᠢᠭᠡᠯᠡ ᠣᠳᠠᠭ᠎ᠠ ᠪᠠᠷ 80 ᠲᠦᠬᠦᠷᠢᠭ ᠤᠨ | ᠬᠦᠬᠢᠬᠦᠯᠦᠯ ᠤᠨ ᠴᠢᠨᠠᠷᠲᠠᠢ ᠨᠦᠬᠦᠪᠦᠷᠢ ᠮᠦᠩᠭᠦ ᠦᠭᠭᠦᠨ᠎ᠡ᠃ ᠨᠡᠶᠢᠬᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠶᠢ ᠮᠠᠯᠵᠢᠬᠤ ᠲᠠᠷᠢᠶ᠋ᠯᠠᠬᠤ ᠣᠷᠣᠨ | ᠵᠦᠭ ᠣᠷᠳᠣᠳᠬᠠᠬᠤ ᠶᠢ ᠵᠣᠷᠢᠭᠵᠢᠭᠤᠯᠣᠨ᠂ ᠮᠠᠯ ᠲᠠᠷᠢᠶᠠᠯᠠᠩ ᠤᠨ ᠨᠡᠶᠢᠬᠡᠮᠴᠢᠯᠡᠭᠰᠡᠨ ᠦᠢᠯᠡᠴᠢᠯᠡᠭᠡᠨ ᠤ ᠨᠦᠬᠦᠪᠦᠷᠢ ᠵᠠᠷᠣᠳᠠᠯ 300 ᠲᠦᠮᠡᠨ ᠲᠦᠬᠦᠷᠢᠭ | ᠪᠠᠶᠢᠭᠤᠯᠵᠣ᠂ ᠮᠠᠯ ᠲᠠᠷᠢᠶᠠᠯᠠᠩ ᠤᠨ ᠲᠡᠵᠢᠭᠡᠨ ᠦᠷᠡᠵᠢᠭᠦᠯᠭᠡ ᠶᠢᠨ ᠮᠡᠷᠭᠡᠵᠢᠯ ᠤᠨ ᠨᠡᠶᠢᠬᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠣᠯᠳᠠ ᠳᠤ ᠨᠦᠬᠦᠪᠦᠷᠢ | ᠪᠠ ᠱᠠᠩᠨᠠᠯ ᠣᠯᠭᠤᠨ᠎ᠠ᠃ | 15. ᠣᠶᠣᠨᠴᠢ ᠮᠠᠯ ᠲᠠᠷᠢᠶᠠᠯᠠᠩ ᠤᠨ ᠦᠢᠯᠡᠰ ᠤᠨ ᠬᠦᠭᠵᠢᠯᠲᠡ ᠶᠢ ᠲᠦᠷᠭᠡᠳᠬᠡᠨ᠎ᠡ᠃ 618 ᠲᠦᠮᠡᠨ ᠲᠦᠬᠦᠷᠢᠭ ᠤᠨ ᠣᠶᠣᠨᠴᠢ ᠮᠠᠯ ᠲᠠᠷᠢᠶᠠᠯᠠᠩ ᠤᠨ | ᠦᠢᠯᠡᠰ ᠤᠨ ᠬᠦᠭᠵᠢᠯᠲᠡ ᠶᠢᠨ ᠵᠠᠷᠤᠳᠠᠯ ᠢ ᠲᠤᠬᠢᠷᠠᠭᠤᠯᠤᠨ᠂ ᠣᠶᠣᠨᠴᠢ ᠮᠠᠯᠴᠢᠨ ᠲᠠᠷᠢᠶᠠᠴᠢᠨ ᠡᠷᠦᠬᠡ᠂ ᠣᠶᠣᠨᠴᠢ ᠬᠦᠯᠡᠮᠵᠢ᠂ ᠬᠦᠮᠦᠨ ᠦᠭᠡᠢ ᠲᠠᠷᠢᠶᠠᠯᠠᠩ ᠤᠨ | ᠲᠡᠯᠡᠪᠡᠢ᠂ ᠡᠵᠡᠩᠨᠡᠯᠲᠡ ᠶᠢᠨ ᠲᠦᠪ ᠵᠡᠷᠭᠡ ᠳᠤ ᠬᠡᠷᠡᠭᠯᠡᠨ᠎ᠡ᠃ | 16. ᠲᠦᠷᠦ ᠶᠢᠨ ᠪᠤᠳᠤᠯᠭ᠎ᠠ ᠶᠢᠨ ᠴᠢᠨᠠᠷᠲᠠᠢ ᠳᠠᠭᠠᠳᠬᠠᠯ ᠤᠨ ᠬᠦᠷᠢᠶ᠎ᠡ ᠴᠠᠷᠠᠭ᠎ᠠ ᠶᠢ ᠦᠷᠭᠡᠳᠬᠡᠨ᠎ᠡ᠃ | ︵1︶ ᠲᠠᠷᠢᠮᠠᠯ ᠤᠨ ᠦᠢᠯᠡᠰ᠃ ︽ᠣᠯᠠᠷᠢᠯ ᠰᠦᠷᠦᠭᠰᠡᠨ ᠢᠳᠡᠰᠢᠨ ᠨᠤᠭᠤᠭ᠎ᠠ︾ ᠳᠠᠷᠢᠵᠤ ᠳᠠᠭᠠᠳᠬᠠᠯ ᠳᠤ ᠣᠷᠣᠭᠰᠠᠨ ᠲᠠᠷᠢᠶᠠᠴᠢᠨ ᠡᠷᠦᠬᠡ ᠶᠢᠨ ᠯᠠᠵᠤᠤ | ᠂ ᠰᠢᠯᠡᠨ ᠨᠤᠭᠤᠭ᠎ᠠ᠂ ᠨᠣᠭᠤᠭ᠎ᠠ ᠶᠢᠨ ᠭᠤᠤᠯ ᠵᠡᠷᠭᠡ ᠳᠤ ᠮᠣ᠋ ᠪᠦᠷᠢ ᠶᠢᠨ ᠳᠠᠭᠠᠳᠬᠠᠯ ᠤᠨ ᠵᠠᠷᠤᠳᠠᠯ ᠤᠨ 70% ᠶᠢᠨ ᠬᠠᠷᠢᠴᠠᠯ ᠶᠤᠰᠤᠭᠠᠷ ᠨᠦᠬᠦᠪᠦᠷᠢᠯᠡᠨ᠎ᠡ᠃ | ︵2︶ ᠲᠡᠵᠢᠭᠡᠪᠦᠷᠢ ᠶᠢᠨ ᠦᠢᠯᠡᠰ᠃ ᠴᠡᠪᠡᠷ ᠡᠬᠦᠯᠳᠡᠷ ᠤᠨ ᠠᠯᠠᠰᠢᠨ ᠦᠬᠡᠷ᠂ ᠠᠯᠠᠰᠢᠨ ᠮᠠᠯ ᠤᠨ ᠬᠤᠴᠠ ᠤᠬᠤᠨ᠎ᠠ ᠶᠢ ᠳᠠᠭᠠᠳᠬᠠᠯ ᠳᠤ | ᠣᠷᠣᠭᠤᠯᠣᠭᠰᠠᠨ ᠲᠡᠵᠢᠭᠡᠪᠦᠷᠢ ᠶᠢᠨ ᠡᠷᠦᠬᠡ ᠶᠢᠨ ᠮᠠᠯ ᠨᠢᠭᠡᠪᠦᠷᠢ ᠳᠤ ᠳᠠᠭᠠᠳᠬᠠᠯ ᠤᠨ ᠵᠠᠷᠤᠳᠠᠯ ᠤᠨ 70% ᠶᠢᠨ ᠬᠠᠷᠢᠴᠠᠯ ᠶᠤᠰᠤᠭᠠᠷ ᠨᠦᠬᠦᠪᠦᠷᠢᠯᠡᠨ᠎ᠡ᠃ | ᠵᠢᠷᠭᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ | 1. ᠲᠣᠰ ᠲᠦᠷᠦ ᠶᠢᠨ ᠪᠣᠳᠣᠯᠭ᠎ᠠ ᠣᠨᠴᠠᠭᠠᠢ ᠲᠣᠳᠣᠷᠬᠠᠶᠢᠯᠠᠯ ᠦᠭᠡᠢ᠂ ᠨᠦᠬᠦᠪᠦᠷᠢ ᠶᠢᠨ ᠪᠠᠷᠢᠮᠵᠢᠶ᠎ᠠ ᠲᠡᠭᠡᠳᠦ ᠱᠠᠳᠣᠨ ᠤ ᠡᠩ ᠤᠨ ᠰᠢᠯᠵᠢᠭᠦᠯᠦᠨ ᠦᠩᠭᠦ | ᠪᠡᠯᠡ ᠮᠦᠩᠭᠦ᠃ | 2. ᠲᠣᠰ ᠲᠡᠮᠵᠢᠯᠭᠡ ᠶᠢᠨ ᠲᠦᠷᠦ ᠶᠢᠨ ᠪᠣᠳᠣᠯᠭ᠎ᠠ ᠭᠠᠴᠠᠭ᠎ᠠ ᠲᠣᠰᠬᠠᠣᠨ ᠤ ᠬᠠᠮᠳᠦ ᠶᠢᠨ ᠠᠵᠣ ᠠᠬᠤᠢ ᠳᠤ ᠬᠤᠪᠢ ᠣᠷᠣᠭᠤᠯᠣᠭᠰᠠᠨ ᠬᠤᠷᠰᠢᠶᠠᠯ ᠢ | ᠣᠷᠢᠳᠠᠪᠡᠷ ᠲᠡᠮᠵᠢᠨ᠎ᠡ᠃ | 3. ᠲᠣᠰ ᠲᠦᠷᠦ ᠶᠢᠨ ᠪᠣᠳᠣᠯᠭ᠎ᠠ ᠶᠢ ᠲᠦᠷᠦᠯ ᠵᠣᠶᠢᠯᠵᠢᠭᠰᠠᠨ ᠬᠠᠮᠢᠶᠠᠷᠣᠯᠳᠠ ᠶᠢ ᠬᠡᠷᠡᠭᠵᠢᠭᠦᠯᠦᠨ᠂ ᠲᠦᠷᠦᠯ ᠵᠣᠶᠢᠯ ᠪᠣᠯᠭᠠᠨ ᠢ ᠬᠠᠮᠤᠭ ᠶᠡᠭᠡ ᠨᠦᠬᠦᠪᠦᠷᠢ | ᠶᠢᠨ ᠬᠡᠪᠴᠢᠶᠡᠨ ᠳᠤ ᠲᠣᠭᠳᠠᠭᠠᠵᠣ᠂ ᠲᠠᠬᠢᠨ ᠵᠣᠬᠢᠴᠠᠭᠤᠯᠬᠤ ᠴᠢᠬᠤᠯᠠᠳᠠᠢ ᠪᠣᠶᠣ ᠰᠣᠯᠢᠬᠤ ᠴᠢᠬᠤᠯᠠᠳᠠᠢ ᠲᠡᠮᠵᠢᠯᠭᠡ ᠶᠢᠨ ᠲᠦᠷᠦᠯ ᠵᠣᠶᠢᠯ ᠢ ᠲᠣᠰ ᠲᠦᠷᠦ ᠶᠢᠨ | ᠪᠣᠳᠣᠯᠭ᠎ᠠ ᠶᠢᠨ ᠲᠦᠰᠦᠪ ᠲᠣᠳᠣᠷ᠎ᠠ ᠢᠯᠡᠭᠦᠣ ᠭᠠᠷᠣᠭᠰᠠᠨ ᠪᠡᠯᠡ ᠮᠦᠩᠭᠦ ᠪᠠᠷ ᠲᠡᠮᠵᠢᠯᠭᠡ ᠦᠵᠡᠭᠦᠯᠵᠣ ᠪᠣᠯᠣᠨ᠎ᠠ᠂ ︽ᠨᠢᠭᠡ ᠣᠴᠢᠷ ᠢ ᠨᠢᠭᠡ ᠵᠦᠪᠯᠡᠬᠦ︾ ᠢ | ᠪᠠᠷᠢᠮᠳᠠᠯᠠᠨ᠂ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠭᠡᠳ ᠵᠦᠪᠰᠢᠶᠡᠷᠡᠭᠦᠯᠦᠭᠰᠡᠨ ᠤ ᠲᠠᠷᠠᠭ᠎ᠠ ᠲᠡᠮᠵᠢᠯᠭᠡ ᠶᠢᠨ ᠲᠦᠷᠦ ᠪᠣᠳᠣᠯᠭ᠎ᠠ ᠶᠢ | ᠬᠡᠷᠡᠭᠵᠢᠭᠦᠯᠦᠨ᠎ᠡ᠃ | 4. ᠲᠡᠮᠵᠢᠯᠭᠡ ᠶᠢᠨ ᠲᠦᠷᠦ ᠶᠢᠨ ᠪᠣᠳᠣᠯᠭ᠎ᠠ ᠶᠢᠨ ᠲᠦᠷᠦᠯ ᠵᠣᠶᠢᠯ ᠢ ᠲᠠᠪᠬᠤᠴᠠᠭᠠᠬᠤ ᠦᠭᠡᠢ᠂ ᠢᠯᠡᠭᠦᠣ ᠦᠩᠭᠦ ᠠᠴᠠ ᠲᠣᠳᠠᠭᠤ ᠦᠩᠭᠦ ᠦᠭᠡᠢ ᠵᠠᠷᠴᠢᠮ | ᠢᠶᠠᠷ ᠨᠦᠬᠦᠪᠦᠷᠢ ᠣᠯᠭᠤᠨ᠂ ᠪᠦᠳᠦᠭᠡᠨ ᠪᠠᠶᠢᠭᠤᠯᠣᠯᠳᠠ ᠶᠢᠨ ᠪᠡᠯᠡ ᠮᠦᠩᠭᠦ 1000 ᠲᠦᠮᠡᠨ ᠲᠦᠬᠦᠷᠢᠭ ᠤᠨ ᠲᠣᠳᠣᠷ᠎ᠠ᠂ ᠬᠠᠮᠤᠭ ᠦᠨᠳᠦᠷ ᠨᠦᠬᠦᠪᠦᠷᠢ 200 | ᠲᠦᠮᠡᠨ ᠲᠦᠬᠦᠷᠢᠭ ᠠᠴᠠ ᠬᠡᠳᠦᠷᠡᠵᠣ ᠪᠣᠯᠬᠤ ᠦᠭᠡᠢ︔ ᠪᠦᠳᠦᠭᠡᠨ ᠪᠠᠶᠢᠭᠤᠯᠣᠯᠳᠠ ᠶᠢᠨ ᠮᠦᠩᠭᠦ 1000 ᠲᠦᠮᠡᠨ ᠲᠦᠬᠦᠷᠢᠭ ᠠᠴᠠ ᠬᠡᠳᠦᠷᠡᠪᠡᠯ᠂ ᠬᠡᠳᠦᠷᠡᠭᠰᠡᠨ | ᠪᠦᠯᠦᠭ ᠤᠨ 30% ᠶᠢᠨ ᠨᠦᠬᠦᠪᠦᠷᠢ ᠨᠡᠮᠡᠵᠣ᠂ ᠬᠠᠮᠤᠭ ᠦᠨᠳᠦᠷ ᠨᠦᠬᠦᠪᠦᠷᠢ 200 ᠲᠦᠮᠡᠨ ᠲᠦᠬᠦᠷᠢᠭ ᠠᠴᠠ ᠬᠡᠳᠦᠷᠡᠵᠣ ᠪᠣᠯᠬᠤ ᠦᠭᠡᠢ᠃ | 5. ᠲᠣᠰ ᠲᠦᠷᠦ ᠶᠢᠨ ᠪᠣᠳᠣᠯᠭ᠎ᠠ ᠶᠢ ᠲᠦᠷᠦᠯ ᠵᠣᠶᠢᠯᠵᠢᠭᠰᠡᠨ ᠬᠠᠮᠢᠶᠠᠷᠣᠯᠳᠠ ᠬᠡᠷᠡᠭᠵᠢᠭᠦᠯᠦᠨ᠂ ᠲᠦᠷᠦᠯ ᠵᠣᠶᠢᠯ ᠤᠨ ᠮᠡᠳᠡᠭᠦᠯᠬᠦ ᠲᠠᠷᠠᠭᠠᠯᠠᠯ ᠢ ᠴᠢᠩᠭ᠎ᠠ | ᠬᠡᠷᠡᠭᠵᠢᠭᠦᠯᠵᠣ᠂ ᠬᠦᠮᠦᠷᠭᠡ ᠶᠢᠨ ᠪᠣᠰᠣ ᠲᠦᠷᠦᠯ ᠵᠣᠶᠢᠯ ᠢ ᠨᠢᠭᠡ ᠶᠢ ᠴᠤ ᠬᠤᠷᠢᠶᠠᠨ ᠰᠢᠯᠭᠠᠬᠤ ᠪᠠ ᠨᠦᠬᠦᠪᠦᠷᠢ ᠣᠯᠭᠤᠵᠣ ᠪᠣᠯᠬᠤ ᠦᠭᠡᠢ᠃ ᠡᠯ᠎ᠡ ᠪᠠᠯᠭᠠᠰᠦ᠂ | ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠠᠷᠢᠶᠠᠯᠠᠩ ᠳᠤ ᠬᠤᠯᠪᠣᠭᠳᠠᠬᠤ ᠲᠦᠷᠦᠯ ᠵᠣᠶᠢᠯ ᠪᠣᠯᠣᠨ ᠪᠡᠯᠡ ᠮᠦᠩᠭᠦᠨ ᠤ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠂ | ᠮᠡᠳᠡᠭᠦᠯᠦᠨ ᠴᠣᠬᠤᠯᠠᠪᠦᠷᠢᠯᠠᠭᠰᠠᠨ ᠲᠦᠷᠦᠯ ᠵᠣᠶᠢᠯ ᠢ ᠡᠵᠡᠩᠨᠡᠯᠳᠡ ᠶᠢᠨ ᠭᠤᠣᠯ ᠴᠣᠭᠴᠠ ᠬᠡᠷᠡᠭᠵᠢᠭᠦᠯᠦᠭᠰᠡᠨ ᠪᠣᠯ ᠪᠣᠰᠣᠳ ᠲᠦᠷᠦᠯ ᠵᠣᠶᠢᠯ ᠤᠨ ᠮᠡᠳᠡᠭᠦᠯᠦᠯᠳᠡ ᠶᠢ | ᠲᠦᠷ ᠵᠣᠭᠰᠣᠭᠠᠨ᠎ᠠ︔ ᠬᠡᠷᠪᠡ ᠬᠠᠭᠤᠷᠮᠠᠭ ᠵᠣᠬᠢᠶᠠᠭᠰᠠᠨ᠂ ᠪᠡᠯᠡ ᠮᠦᠩᠭᠦ ᠶᠢ ᠵᠠᠷᠣᠭᠰᠠᠨ ᠵᠡᠷᠭᠡ ᠬᠠᠣᠯᠢ ᠵᠦᠷᠢᠴᠡᠭᠰᠡᠨ ᠠᠵᠢᠯᠯᠠᠭ᠎ᠠ ᠢᠯᠡᠷᠡᠭᠦᠯᠪᠡᠯ᠂ ᠲᠡᠮᠵᠢᠯᠭᠡ ᠶᠢᠨ | ᠪᠡᠯᠡ ᠮᠦᠩᠭᠦ ᠶᠢ ᠪᠣᠴᠠᠭᠠᠨ ᠠᠪᠴᠦ ᠢᠷᠡᠭᠦ ᠮᠦᠷᠳᠡᠭᠡᠨ ᠬᠤᠯᠪᠣᠭᠳᠠᠯ ᠪᠦᠬᠦᠢ ᠬᠦᠮᠦᠨ ᠠᠴᠠ ᠬᠠᠷᠢᠭᠤᠴᠠᠯᠭ᠎ᠠ ᠨᠡᠭᠡᠮᠵᠢᠯᠡᠨ᠎ᠡ᠃ | 6. ᠲᠣᠰ ᠲᠦᠷᠦ ᠶᠢᠨ ᠪᠣᠳᠣᠯᠭ᠎ᠠ ᠶᠢ 2021 ᠣᠨ ᠤ 1 ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠂ ᠨᠢᠭᠡ ᠵᠢᠯ ᠤᠨ ᠬᠦᠴᠦᠨ ᠲᠠᠢ᠃ | ᠬᠤᠯᠪᠣᠭᠳᠠᠯ ᠪᠦᠬᠦᠢ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠵᠣᠭᠰᠣᠭᠠᠨ᠎ᠠ᠃ | 7. ᠲᠣᠰ ᠲᠦᠷᠦ ᠶᠢᠨ ᠪᠣᠳᠣᠯᠭ᠎ᠠ ᠶᠢ ᠬᠤᠰᠢᠭᠤ ᠮᠠᠯ ᠲᠠᠷᠢᠶᠠᠯᠠᠩ ᠤᠨ ᠲᠣᠪᠴᠢᠶ᠎ᠠ᠂ ᠣᠢ ᠰᠢᠭᠤᠢ ᠨᠣᠳᠤᠭ ᠪᠡᠯᠴᠢᠭᠡᠷ ᠤᠨ ᠲᠣᠪᠴᠢᠶ᠎ᠠ ᠬᠠᠷᠢᠭᠤᠴᠠᠨ | ᠲᠠᠶᠢᠯᠪᠦᠷᠢᠯᠠᠬᠤ ᠶᠢᠨ ᠬᠠᠮᠳᠦ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠪᠣᠳᠠᠳᠠᠢ ᠨᠠᠷᠢᠨ ᠲᠦᠷᠢᠮ ᠢ ᠲᠣᠭᠳᠠᠭᠠᠨ ᠬᠡᠷᠡᠭᠵᠢᠭᠦᠯᠦᠨ᠎ᠡ᠃ | | |