ᠸᠠᠩ ᠢᠦᠢ ᠴᠢᠶᠠᠩ ᠦᠪᠦᠷ ᠮᠣᠩᠭᠤᠯ ᠤᠨ ᠣᠷᠳᠣᠰ ᠤᠨ ᠪᠠᠷᠠᠭᠤᠨ ᠬᠡᠰᠡᠭ ᠤᠨ ᠡᠨᠧᠷᠬᠢ ᠶᠢᠨ ᠪᠦᠯᠦᠭᠯᠡᠯ  ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠳᠤ ᠬᠦᠷᠴᠦ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2021/11/8
    11 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠦᠪᠦᠷ ᠮᠣᠩᠭᠤᠯ ᠤᠨ ᠣᠷᠳᠣᠰ ᠤᠨ ᠪᠠᠷᠠᠭᠤᠨ ᠭᠡᠰᠡᠭ ᠤᠨ ᠡᠨᠧᠷᠬᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠣᠳᠣᠯᠬᠤ ᠶᠢᠨ ᠬᠠᠮᠲᠤ ᠰᠠᠭᠤᠳᠠᠯ ᠤᠨ ᠬᠤᠷᠠᠯ ᠬᠤᠷᠠᠯᠳᠣᠪᠠ᠃     ᠰᠠᠭᠤᠳᠠᠯ ᠤᠨ ᠬᠤᠷᠠᠯ ᠳᠡᠭᠡᠷ᠎ᠡ᠂ ᠦᠪᠦᠷ ᠮᠣᠩᠭᠤᠯ ᠤᠨ ᠣᠷᠳᠣᠰ ᠤᠨ ᠪᠠᠷᠠᠭᠤᠨ ᠭᠡᠰᠡᠭ ᠤᠨ ᠡᠨᠧᠷᠬᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠺᠣᠮᠫᠠᠨᠢ ᠶᠢᠨ ᠡᠵᠡᠩᠨᠡᠯᠲᠡ ᠬᠦᠭᠵᠢᠯᠲᠡ ᠶᠢᠨ ᠪᠠᠶᠢᠳᠠᠯ ᠢ ᠬᠠᠷᠢᠭᠤ ᠮᠡᠳᠡᠭᠦᠯᠪᠡ᠃ ᠸᠠᠩ ᠢᠦᠢ ᠴᠢᠶᠠᠩ ᠬᠠᠷᠢᠭᠤ ᠮᠡᠳᠡᠬᠦᠯᠦᠯᠲᠡ ᠶᠢ ᠬᠢᠨᠠᠮᠠᠭᠠᠢ ᠰᠣᠨᠣᠰᠬᠤ ᠶᠢᠨ ᠬᠠᠮᠲᠤ ᠪᠦᠯᠦᠭᠯᠡᠯ ᠤᠨ ᠬᠠᠷᠢᠭᠤᠴᠠᠯᠭᠠᠲᠠᠨ ᠲᠠᠢ ᠬᠦᠭᠵᠢᠯᠲᠡ ᠶᠢᠨ ᠰᠡᠳᠬᠢᠮᠵᠢ ᠪᠠᠨ ᠰᠣᠯᠢᠯᠴᠠᠪᠠ᠃ ᠸᠠᠩ ᠢᠦᠢ ᠴᠢᠶᠠᠩ᠂ ᠣᠲᠤᠭ ᠤᠨ ᠡᠮᠦᠨᠡᠲᠦ ᠬᠤᠰᠢᠭᠤ ᠦᠪᠦᠷ ᠮᠣᠩᠭᠤᠯ᠂ ᠱᠠᠨᠰᠢ᠂ ᠨᠢᠩᠰᠢᠶᠠ ᠭᠤᠷᠪᠠᠨ ᠮᠣᠵᠢ ᠣᠷᠣᠨ ᠤ ᠠᠭᠤᠯᠵᠠᠷ ᠲᠤ ᠪᠠᠶᠢᠷᠢᠯᠠᠵᠤ᠂ ᠵᠠᠮ ᠬᠠᠷᠢᠯᠴᠠᠭ᠎ᠠ ᠳᠦᠬᠦᠮ ᠲᠦᠳᠡ᠂ ᠦᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠲᠠᠢ᠂ ᠣᠷᠳᠣᠰ ᠠᠴᠠ ᠨᠢᠩᠰᠢᠶᠠ᠂ ᠱᠠᠨᠰᠢ ᠵᠢᠴᠢ ᠡᠷᠬᠢᠨ ᠲᠤᠭᠤᠷᠢᠨ ᠤ ᠭᠠᠵᠠᠷ ᠣᠷᠣᠨ ᠳᠤ ᠬᠢ ᠨᠡᠭᠦᠷᠡᠰᠦᠨ ᠤ ᠬᠠᠩᠭᠠᠯᠭ᠎ᠠ ᠶᠢᠨ ᠵᠠᠪᠠᠯ ᠦᠩᠭᠡᠷᠡᠬᠦ ᠭᠠᠵᠠᠷ ᠪᠣᠯᠬᠤᠷ ᠰᠢᠨᠵᠢᠯᠡᠬᠦ ᠣᠬᠠᠭᠠᠨᠴᠢ ᠪᠠᠷ ᠲᠦᠯᠦᠪᠵᠢᠬᠦᠯᠦᠨ᠂ ᠦᠨᠳᠦᠷ ᠪᠠᠷᠢᠮᠵᠢᠶ᠎ᠠ ᠲᠠᠢ ᠪᠠᠷ ᠪᠦᠲᠦᠬᠡᠨ ᠪᠠᠶᠢᠭᠤᠯᠵᠤ᠂ ᠬᠠᠮᠤᠭ ᠤᠨ ᠲᠦᠷᠭᠡᠨ ᠮᠦᠷᠲᠡᠭᠡᠨ ᠪᠦᠲᠦᠮᠵᠢᠲᠡᠢ᠂ ᠠᠮᠣᠷ ᠳᠦᠪᠰᠢᠨ ᠪᠦᠭᠡᠳ ᠣᠷᠴᠢᠨ ᠲᠤᠭᠤᠷᠢᠨ ᠢ ᠬᠠᠮᠠᠭᠠᠯᠠᠭᠰᠠᠨ ᠨᠡᠬᠦᠷᠡᠰᠦ ᠪᠣᠯᠪᠠᠰᠣᠷᠠᠭᠤᠯᠤᠨ ᠰᠢᠢᠳᠪᠦᠷᠢᠯᠡᠬᠦ ᠲᠡᠭᠡᠭᠡᠪᠦᠷᠢ ᠶᠢᠨ ᠰᠢᠰᠲ᠋ᠧᠮ ᠢ ᠪᠣᠢ ᠪᠣᠯᠭᠠᠵᠤ᠂ ᠡᠳ᠋ ᠪᠠᠷᠠᠭ᠎ᠠ᠂ ᠬᠤᠳᠠᠯᠳᠤᠭ᠎ᠠ᠂ ᠪᠡᠯᠡ ᠮᠦᠩᠭᠦ᠂ ᠮᠡᠳᠡᠭᠡ ᠵᠠᠩᠭᠢ  ᠶᠢᠨ ᠬᠦᠢᠯᠭᠡᠭᠡᠨ ᠢ ᠢᠵᠢ ᠴᠤᠭᠴᠠᠵᠢᠭᠤᠯᠬᠤ ᠪᠠᠷ ᠴᠢᠷᠮᠠᠶᠢᠨ᠂ ᠣᠷᠳᠣᠰ ᠤᠨ ᠪᠠᠷᠠᠭᠤᠨ ᠬᠡᠰᠡᠭ ᠤᠨ ᠡᠳ᠋ ᠪᠠᠷᠠᠭᠠᠨ  ᠤ ᠬᠦᠢᠯᠭᠡᠭᠡᠨ ᠤ ᠨᠢᠭᠡᠳᠦᠬᠡᠷ ᠬᠤᠭᠤᠴᠠᠭᠠᠨ ᠤ ᠪᠦᠬᠦ ᠲᠠᠯ᠎ᠠ ᠶᠢᠨ ᠡᠵᠡᠩᠨᠡᠯᠲᠡ᠂ ᠬᠤᠶᠠᠳᠣᠭᠠᠷ ᠬᠤᠭᠤᠴᠠᠭᠠᠨ ᠤ ᠲᠦᠯᠦᠪᠵᠢᠬᠦᠯᠬᠡ ᠶᠢ ᠠᠬᠢᠭᠤᠯᠵᠤ᠂ ᠱᠠᠩᠬᠠᠢ ᠶᠢᠨ ᠰᠦᠮ᠎ᠡ ᠶᠢᠨ ᠨᠡᠬᠦᠷᠡᠰᠦ ᠬᠠᠳᠠᠭᠠᠯᠠᠨ ᠲᠤᠬᠢᠷᠠᠭᠤᠯᠬᠤ ᠰᠠᠭᠤᠷᠢᠨ ᠭᠠᠵᠠᠷ ᠤᠨ ᠪᠠᠶᠢᠭᠤᠯᠤᠯᠲᠠ ᠶᠢ ᠮᠠᠨ ᠤ ᠣᠯᠣᠰ ᠤᠨ ᠪᠠᠷᠠᠭᠤᠨ ᠪᠡᠶ᠎ᠡ ᠶᠢᠨ ᠭᠠᠵᠠᠷ ᠣᠷᠣᠨ ᠤ ᠨᠦᠯᠦᠬᠡᠯᠡᠬᠦ ᠬᠦᠴᠦᠨ  ᠲᠠᠢ᠂ ᠴᠢᠬᠤᠯᠠ ᠪᠦᠬᠦᠢ ᠨᠡᠬᠦᠷᠡᠰᠦ ᠬᠠᠳᠠᠭᠠᠯᠠᠨ ᠲᠤᠬᠢᠷᠠᠭᠤᠯᠬᠤ ᠵᠠᠩᠭᠢᠯᠠᠭ᠎ᠠ ᠶᠢᠨ ᠲᠦᠪ ᠪᠣᠯᠭᠠᠬᠤ ᠪᠠᠷ ᠬᠦᠴᠦᠯᠡᠨ᠂ ᠣᠷᠣᠨ ᠪᠠᠶᠢᠷᠢ᠂ ᠡᠬᠢ ᠰᠣᠷᠪᠣᠯᠵᠢ ᠶᠢᠨ ᠳᠠᠪᠠᠭᠤᠯᠢᠭ ᠢ ᠦᠨᠡᠨ ᠬᠦ ᠨᠡᠭᠡᠭᠡᠯᠲᠡ ᠶᠢᠨ ᠳᠠᠪᠠᠭᠤᠯᠢᠭ᠂ ᠠᠵᠤ ᠠᠬᠤᠢ  ᠶᠢᠨ ᠳᠠᠪᠠᠭᠤᠯᠢᠭ ᠪᠣᠯᠭᠠᠨ ᠬᠤᠪᠢᠷᠠᠭᠠᠬᠤ ᠬᠡᠷᠡᠭᠲᠡᠢ ᠬᠡᠵᠦ ᠵᠢᠭᠠᠭᠰᠠᠨ ᠪᠠᠶᠢᠨ᠎ᠠ᠃     ᠸᠠᠩ ᠢᠦᠢ ᠴᠢᠶᠠᠩ ᠠᠴᠠ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠡᠬᠦᠷᠭᠡ ᠬᠠᠷᠢᠭᠤᠴᠠᠯᠭ᠎ᠠ ᠬᠦᠨᠳᠦ᠂ ᠦᠪᠡᠷᠮᠢᠴᠡ ᠦᠢᠯᠡᠳᠦᠯ ᠲᠠᠢ ᠶᠤᠮ᠃ ᠣᠯᠣᠰ ᠲᠦᠷᠦ ᠶᠢᠨ ᠵᠤᠭᠰᠤᠴᠠ ᠪᠠᠨ ᠣᠯᠠᠮ ᠨᠢᠬᠡ ᠠᠯᠬᠤᠮ ᠳᠡᠭᠡᠭᠰᠢᠯᠡᠬᠦᠯᠵᠦ᠂ ᠪᠠᠶᠢᠯᠳᠣᠬᠤ ᠪᠣᠳᠣᠯᠭ᠎ᠠ ᠶᠢᠨ ᠴᠢᠭᠯᠡᠯ ᠪᠠ ᠬᠦᠭᠵᠢᠯᠲᠡ ᠶᠢᠨ ᠣᠷᠣᠨ ᠪᠠᠶᠢᠷᠢ ᠪᠠᠨ ᠲᠤᠲᠤᠷᠬᠠᠶᠢᠯᠠᠨ᠂ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠦᠬᠡᠷᠡᠴᠢᠯᠡᠯᠲᠡ ᠶᠢᠨ ᠡᠷᠴᠢᠮ ᠢᠶᠠᠨ ᠴᠢᠩᠭᠠᠳᠬᠠᠵᠤ᠂ ᠵᠠᠬ᠎ᠠ ᠳᠡᠯᠭᠡᠭᠦᠷᠴᠢᠯᠡᠯᠲᠡ ᠶᠢᠨ ᠴᠢᠭᠯᠡᠯ ᠢᠶᠠᠷ ᠭᠤᠶᠢᠪᠢᠰᠢ ᠦᠬᠡᠢ ᠣᠷᠣᠭᠰᠢᠯᠠᠨ᠂ ᠦᠪᠡᠷ ᠤᠨ ᠬᠦᠴᠦ ᠪᠠᠷ ᠢᠶᠠᠨ ᠬᠦᠭᠵᠢᠨ ᠬᠦᠴᠦᠷᠬᠡᠭᠵᠢᠵᠦ᠂ ᠣᠯᠣᠰ ᠤᠨ ᠦᠮᠴᠢᠯᠡᠯᠲᠦ ᠬᠦᠷᠦᠩᠭᠡ ᠶᠢᠨ ᠦᠷᠲᠡᠭ ᠤᠨ ᠪᠠᠲᠤᠯᠠᠯᠲᠠ ᠨᠡᠮᠡᠭᠳᠡᠬᠦᠯᠦᠯᠲᠡ ᠪᠠᠨ ᠪᠡᠶᠡᠯᠡᠬᠦᠯᠬᠦ ᠬᠡᠷᠡᠭᠲᠡᠢ᠃ ᠵᠦᠪ ᠣᠨᠣᠪᠴᠢᠲᠠᠢ ᠪᠠᠶᠢᠷᠢ ᠲᠤᠭᠲᠠᠭᠠᠯᠲᠠ ᠶᠢ ᠪᠠᠷᠢᠮᠲᠠᠯᠠᠨ᠂ ᠡᠬᠢ ᠰᠣᠷᠪᠣᠯᠵᠢ᠂ ᠣᠷᠣᠨ ᠪᠠᠶᠢᠷᠢ ᠶᠢᠨ ᠳᠠᠪᠠᠭᠤᠯᠢᠭ ᠤᠨ ᠲᠤᠭᠤᠷᠢᠨ ᠳᠤ ᠲᠤᠰ ᠪᠡᠶ᠎ᠡ ᠶᠢᠨ ᠬᠦᠭᠵᠢᠯᠲᠡ ᠶᠢᠨ ᠬᠠᠷᠠᠯᠲᠠ ᠪᠠ ᠬᠦᠭᠵᠢᠯᠲᠡ ᠶᠢᠨ ᠲᠦᠯᠦᠪᠵᠢᠬᠦᠯᠬᠡ ᠶᠢ ᠨᠠᠷᠢᠯᠢᠭ ᠣᠨᠣᠪᠴᠢᠲᠠᠢ ᠪᠠᠷ ᠲᠤᠭᠲᠠᠭᠠᠵᠤ᠂ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠬᠡᠪᠴᠢᠶ᠎ᠡ ᠪᠠᠨ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠦᠨ᠂ ᠭᠤᠤᠯᠯᠠᠬᠤ ᠲᠤᠬᠠᠶᠢᠯᠠᠭᠰᠠᠨ ᠠᠵᠢᠯ ᠢᠶᠠᠨ ᠪᠦᠬᠦ ᠬᠦᠴᠦᠨ ᠢᠶᠠᠷ ᠬᠦᠭᠵᠢᠬᠦᠯᠵᠦ᠂ ᠲᠤᠰᠬᠠᠢ ᠮᠡᠷᠭᠡᠵᠢᠯ᠂ ᠪᠤᠷᠤᠯᠠᠭᠤᠯᠭ᠎ᠠ ᠶᠢᠨ ᠪᠦᠯᠬᠦᠮ ᠢ ᠲᠡᠬᠦᠯᠳᠡᠷᠵᠢᠬᠦᠯᠦᠨ᠂ ᠦᠢᠯᠡᠳᠪᠦᠷᠢᠯᠡᠯ ᠤᠨ ᠮᠡᠷᠭᠡᠵᠢᠯ ᠢᠶᠠᠨ ᠰᠠᠶᠢᠵᠢᠷᠠᠭᠤᠯᠵᠤ᠂ ᠡᠵᠡᠩᠨᠡᠯᠲᠡ ᠪᠤᠷᠤᠯᠠᠭᠤᠯᠭ᠎ᠠ ᠶᠢᠨ ᠲᠦᠬᠡᠮᠡᠯᠵᠢᠬᠦᠯᠦᠯᠲᠡ ᠪᠠᠨ ᠴᠢᠩᠭᠠᠳᠬᠠᠨ᠂ ᠡᠯ᠎ᠡ ᠵᠦᠢᠯ ᠤᠨ ᠲᠡᠬᠡᠬᠡᠪᠦᠷᠢ ᠶᠢᠨ ᠠᠷᠭ᠎ᠠ ᠮᠠᠶ᠋ᠢᠭ ᠢ ᠨᠢᠭᠡᠳᠦᠯᠲᠡᠢ ᠲᠦᠯᠦᠪᠵᠢᠬᠦᠯᠣᠨ ᠬᠡᠷᠡᠭᠯᠡᠵᠦ᠂ ᠨᠡᠬᠦᠷᠡᠰᠦᠨ ᠤ ᠬᠦᠢᠯᠭᠡᠭᠡ ᠶᠢ ᠪᠣᠵᠠᠭᠠᠶᠢᠷᠠᠭᠤᠯᠤᠨ᠂ ᠠᠵᠤ ᠠᠬᠤᠶᠢᠯᠠᠯ ᠤᠨ ᠦᠨᠳᠦᠷ ᠪᠦᠲᠦᠮᠵᠢᠲᠡᠢ᠂ ᠴᠢᠨᠠᠷᠯᠢᠭ ᠡᠵᠡᠩᠨᠡᠯᠲᠡ ᠶᠢ ᠪᠡᠶᠡᠯᠡᠬᠦᠯᠬᠦ ᠬᠡᠷᠡᠭᠲᠡᠢ᠃  ᠠᠷᠠᠯᠵᠢᠶᠠᠴᠢᠨ ᠣᠷᠢᠵᠦ ᠪᠡᠯᠡ ᠣᠷᠣᠭᠤᠯᠬᠤ ᠡᠷᠴᠢᠮ ᠢᠶᠠᠨ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠪᠡᠯᠡ ᠮᠦᠩᠭᠦ᠂ ᠬᠠᠮᠢᠶᠠᠷᠤᠯᠲᠠ ᠶᠢᠨ ᠲᠤᠷᠰᠢᠯᠭ᠎ᠠ ᠪᠠ ᠴᠢᠳᠠᠪᠤᠷᠢᠲᠠᠨ ᠢ ᠣᠷᠣᠭᠤᠯᠵᠣ ᠠᠪᠴᠢᠷᠠᠨ᠂ ᠲᠤᠰ ᠪᠡᠶ᠎ᠡ  ᠶᠢᠨ ᠴᠢᠳᠠᠪᠤᠷᠢ ᠪᠠᠨ ᠳᠡᠭᠡᠭᠰᠢᠯᠡᠬᠦᠯᠵᠦ᠂ ᠦᠷᠢᠰᠦᠯᠳᠦᠬᠡᠨ ᠤ ᠳᠠᠪᠠᠭᠤᠯᠢᠭ ᠢᠶᠠᠨ ᠴᠢᠩᠭᠠᠳᠬᠠᠨ᠂ ᠨᠡᠩ ᠰᠠᠶᠢᠨ ᠬᠦᠭᠵᠢᠯᠲᠡ ᠶᠢ ᠪᠡᠶᠡᠯᠡᠬᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠸᠠᠩ ᠢᠦᠢ ᠴᠢᠶᠠᠩ ᠠᠴᠠ ᠢᠮᠠᠭᠲᠠ ᠰᠠᠬᠢᠯᠭ᠎ᠠ ᠪᠠᠲᠤ ᠪᠠ ᠲᠦᠷᠢᠮ ᠲᠤᠭᠲᠠᠭᠠᠯ ᠢ ᠲᠡᠷᠢᠬᠦᠨ ᠳᠤ ᠨᠢ ᠴᠢᠬᠤᠯᠠᠴᠢᠯᠠᠵᠤ᠂ ᠬᠠᠮᠢᠶᠠᠷᠤᠯᠲᠠ ᠪᠠᠨ ᠴᠢᠩᠭ᠎ᠠ ᠳᠦᠷᠢᠮᠵᠢᠬᠦᠯᠦᠨ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠯ᠎ᠡ ᠲᠦᠷᠦᠯ ᠤᠨ ᠲᠤᠭᠲᠠᠭᠠᠯ ᠢ ᠴᠢᠩᠭ᠎ᠠ ᠭᠡᠷᠡᠭᠵᠢᠬᠦᠯᠵᠦ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ᠂ ᠬᠢᠨᠠᠨ ᠪᠤᠳᠤᠵᠤ ᠬᠢᠨᠠᠯᠲᠠ ᠲᠠᠯᠪᠢᠬᠤ᠂ ᠬᠠᠤᠯᠢ ᠳᠦᠷᠢᠮ ᠶᠤᠰᠤᠭᠠᠷ ᠡᠵᠡᠩᠨᠡᠬᠦ ᠶᠢ ᠴᠢᠩᠭᠠᠳᠬᠠᠵᠤ᠂ ᠣᠯᠣᠰ ᠤᠨ ᠦᠮᠴᠢᠯᠡᠯᠲᠦ ᠠᠵᠤ ᠠᠬᠤᠶᠢᠯᠠᠯ᠂ ᠣᠯᠣᠰ ᠤᠨ ᠦᠮᠴᠢᠯᠡᠯᠲᠦ ᠠᠵᠤ ᠠᠬᠤᠢ ᠶᠢᠨ ᠴᠢᠨᠠᠷᠯᠢᠭ ᠬᠦᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠬᠠᠷᠢᠯᠴᠠᠨ ᠵᠤᠬᠢᠴᠠᠭᠤᠯᠬᠤ ᠪᠠᠨ ᠴᠢᠩᠭᠠᠳᠬᠠᠨ᠂ ᠢᠳᠡᠪᠬᠢᠲᠡᠢ ᠮᠦᠷᠲᠡᠭᠡᠨ ᠰᠠᠨᠠᠭᠠᠴᠢᠯᠠᠭ᠎ᠠ ᠲᠠᠢ ᠪᠠᠷ ᠦᠢᠯᠡᠴᠢᠯᠡᠵᠦ᠂ ᠠᠵᠤ ᠠᠬᠤᠶᠢᠯᠠᠯ ᠤᠨ ᠬᠦᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠢ ᠴᠠᠭ ᠲᠤᠬᠠᠢ ᠳᠤᠨᠢ ᠵᠤᠬᠢᠴᠠᠭᠤᠯᠵᠤ ᠰᠢᠢᠳᠪᠦᠷᠢᠯᠡᠨ᠂ ᠵᠠᠰᠠᠮᠠᠯ ᠵᠠᠮ ᠵᠡᠷᠭᠡ ᠰᠠᠭᠤᠷᠢ ᠳᠦᠬᠦᠬᠡᠷᠦᠮᠵᠢ ᠶᠢᠨ ᠪᠠᠶᠢᠭᠤᠯᠤᠯᠲᠠ ᠶᠢ ᠲᠠᠰᠣᠷᠠᠯᠲᠠ ᠦᠬᠡᠢ ᠴᠢᠩᠭᠠᠳᠬᠠᠵᠤ᠂ ᠬᠦᠷᠢᠶᠡᠯᠡᠩ ᠲᠤᠭᠤᠷᠢᠭ ᠤᠨ ᠡᠩ ᠤᠨ ᠦᠢᠯᠡᠴᠢᠯᠡᠭᠡᠨ ᠤ ᠴᠢᠳᠠᠮᠵᠢ ᠶᠢ ᠠᠯᠬᠤᠮ ᠠᠯᠬᠤᠮ ᠢᠶᠠᠷ ᠲᠡᠬᠦᠯᠳᠡᠷᠵᠢᠬᠦᠯᠦᠨ᠂ ᠲᠡᠭᠡᠭᠡᠪᠦᠷᠢ᠂ ᠪᠡᠯᠡ ᠮᠦᠩᠭᠦ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠨᠡᠬᠦᠷᠡᠰᠦᠨ ᠤ ᠬᠦᠢᠯᠬᠡᠬᠡᠨ ᠤ ᠡᠷᠬᠢᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠬᠦᠯᠦᠨ᠂ ᠣᠷᠣᠨ ᠪᠦᠰᠡ ᠶᠢᠨ ᠨᠡᠬᠦᠷᠡᠰᠦᠨ ᠤ ᠵᠠᠬ᠎ᠠ ᠳᠡᠯᠬᠡᠬᠦᠷ ᠤᠨ ᠨᠦᠯᠦᠭᠡᠯᠡᠬᠦ ᠬᠦᠴᠦᠨ ᠪᠠ ᠶᠠᠷᠢᠶᠠᠨ ᠤ ᠡᠷᠬᠡ ᠶᠢ ᠴᠢᠩᠭᠠᠳᠬᠠᠵᠤ᠂ ᠨᠡᠬᠦᠷᠡᠰᠦᠨ ᠤ ᠨᠡᠮᠡᠯᠲᠡ ᠦᠷᠲᠡᠭ ᠢ ᠳᠡᠭᠡᠭᠰᠢᠯᠡᠬᠦᠯᠬᠦ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠬᠡᠬᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠰᠦᠨ ᠶᠢᠦ ᠵᠢᠶᠦ᠋ᠨ᠂ ᠬᠤᠰᠢᠭᠤ ᠠᠷᠠᠳ  ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠵᠢᠢ ᠴᠢᠶᠠᠩ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠠᠮᠲᠤ ᠪᠠᠶᠢᠴᠠᠭᠠᠨ ᠰᠣᠳᠣᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号