︽ᠣᠲᠤᠭ ᠤᠨ ᠡᠮᠦᠨᠡᠲᠦ ᠬᠤᠰᠢᠭᠤᠨ ᠤ ︿ᠲᠣᠭᠠᠴᠠᠯᠠᠭᠰᠠᠨ ᠬᠦᠳᠡᠭᠡ ᠲᠣᠰᠬᠤᠨ﹀ ᠤ | ᠲᠣᠷᠰᠢᠯᠳᠠ ᠶᠢᠨ ᠴᠡᠭ ᠤᠨ ᠪᠠᠶᠢᠭᠤᠯᠣᠯᠳᠠ ︵ 2021 — 2023︶ ᠶᠢᠨ | ᠭᠤᠷᠪᠠᠨ ᠵᠢᠯ ᠤᠨ ᠠᠵᠢᠯᠯᠠᠭᠠᠨ ᠤ ᠲᠦᠰᠦᠯ︾ ᠢ ᠲᠠᠷᠬᠠᠭᠠᠬᠤ ᠲᠤᠬᠠᠢ ᠣᠲᠤᠭ ᠤᠨ | ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠦᠪᠯᠡᠯ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠣᠲᠤᠭ ᠤᠨ ᠡᠮᠦᠨᠡᠲᠦ ᠬᠤᠰᠢᠭᠤᠨ ᠤ ︿ᠲᠣᠭᠠᠴᠠᠯᠠᠭᠰᠠᠨ ᠬᠦᠳᠡᠭᠡ ᠲᠣᠰᠬᠤᠨ﹀ ᠤ ᠲᠣᠷᠰᠢᠯᠳᠡ ᠤᠨ ᠴᠡᠭ ᠤᠨ ᠪᠠᠶᠢᠭᠤᠯᠣᠯᠳᠠ ︵2021 — | 2023︶ ᠶᠢᠨ ᠭᠤᠷᠪᠠᠨ ᠵᠢᠯ ᠤᠨ ᠠᠵᠢᠯᠯᠠᠭᠠᠨ ᠤ ᠲᠦᠰᠦᠯ︾ ᠢ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠲᠠᠨᠠᠷ | ᠲᠤ ᠲᠠᠷᠬᠠᠭᠠᠪᠠ᠂ ᠪᠤᠲᠠᠲᠠᠢ ᠲᠠᠢ ᠤᠶᠠᠯᠳᠣᠭᠤᠯᠵᠣ᠂ ᠨᠠᠷᠢᠨ ᠬᠢᠨᠠᠮᠠᠭᠠᠢ ᠲᠣᠣᠱᠯᠠᠭᠤᠯᠤᠨ ᠬᠡᠷᠡᠭᠵᠢᠭᠦᠯᠲᠤᠭᠡᠢ᠃ | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2021 ᠣᠨ ᠤ 4 ᠰᠠᠷ᠎ᠠ ᠶᠢᠨ 30 ᠤ ᠡᠳᠦᠷ | | ᠣᠲᠤᠭ ᠤᠨ ᠡᠮᠦᠨᠡᠲᠦ ᠬᠤᠰᠢᠭᠤᠨ ᠤ ︿ᠲᠣᠭᠠᠴᠠᠯᠠᠭᠰᠠᠨ ᠬᠦᠳᠡᠭᠡ ᠲᠣᠰᠬᠤᠨ﹀ ᠤ | ᠲᠣᠷᠰᠢᠯᠳᠡ ᠤᠨ ᠴᠡᠭ ᠤᠨ ᠪᠠᠶᠢᠭᠤᠯᠣᠯᠳᠠ ︵2021 — 2023︶ ᠶᠢᠨ | ᠭᠤᠷᠪᠠᠨ ᠵᠢᠯ ᠤᠨ ᠠᠵᠢᠯᠯᠠᠭᠠᠨ ᠤ ᠲᠦᠰᠦᠯ | | ᠲᠣᠭᠠᠴᠠᠯᠠᠭᠰᠠᠨ ᠬᠦᠳᠡᠭᠡ ᠲᠣᠰᠬᠤᠨ ᠤ ᠲᠣᠷᠰᠢᠯᠳᠠ ᠶᠢᠨ ᠴᠡᠭ ᠤᠨ ᠪᠠᠶᠢᠭᠤᠯᠣᠯᠳᠠ ᠶᠢ ᠦᠷᠨᠢᠭᠦᠯᠬᠦ ᠨᠢ ᠬᠦᠳᠡᠭᠡ ᠲᠣᠰᠬᠤᠨ ᠢ ᠬᠦᠴᠤᠷᠬᠡᠭᠵᠢᠬᠦᠯᠬᠦ | ᠪᠤᠳᠤᠯᠭ᠎ᠠ ᠶᠢ ᠬᠦᠨᠵᠡᠬᠡᠢ ᠬᠡᠷᠡᠭᠵᠢᠭᠦᠯᠬᠦ ᠪᠣᠳᠠᠳᠦ ᠠᠵᠢᠯᠯᠠᠭ᠎ᠠ ᠮᠦᠷᠳᠡᠭᠡᠨ ᠮᠠᠯ ᠲᠠᠷᠢᠶᠠᠯᠠᠩ ᠬᠦᠳᠡᠭᠡ ᠲᠣᠰᠬᠤᠨ ᠤ ᠣᠳᠣᠬᠢᠴᠢᠯᠠᠯᠳᠠ ᠶᠢ ᠠᠬᠢᠭᠤᠯᠬᠤ ᠭᠠᠷᠳᠠᠴᠠ᠂ | ᠮᠦᠨᠴᠦ ᠲᠣᠭᠠᠴᠠᠯᠠᠯᠳᠠ ᠶᠢᠨ ᠠᠰᠢᠭ ᠲᠣᠰᠠ ᠪᠠᠷ ᠬᠦᠳᠡᠭᠡ ᠲᠣᠰᠬᠤᠨ ᠤ ᠬᠦᠭᠵᠢᠯᠳᠡ ᠶᠢᠨ ᠲᠣᠳᠣᠭᠠᠳᠦ ᠬᠦᠴᠦᠨ ᠢ ᠠᠮᠢᠯᠠᠭᠤᠯᠬᠤ ᠴᠢᠬᠤᠯᠠ ᠠᠷᠭ᠎ᠠ ᠠᠪᠴᠠᠯ | ᠪᠣᠯᠣᠨ᠎ᠠ᠃ ᠣᠳᠤᠭ ᠤᠨ ᠡᠮᠦᠨᠡᠳᠦ ᠬᠤᠰᠢᠭᠤᠨ ᠤ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠲᠣᠭᠠᠴᠠᠯᠠᠭᠰᠠᠨ ᠪᠠᠶᠢᠭᠤᠯᠣᠯᠳᠠ ᠶᠢᠨ ᠠᠬᠢᠭᠤᠯᠣᠯᠳᠠ ᠶᠢ | ᠲᠦᠷᠭᠡᠳᠬᠡᠨ᠂ ᠬᠦᠳᠡᠭᠡ ᠲᠣᠰᠬᠤᠨ ᠢ ᠬᠦᠴᠤᠷᠬᠡᠭᠵᠢᠬᠦᠯᠬᠦ ᠪᠠ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠭᠰᠠᠨ ᠬᠦᠭᠵᠢᠯᠳᠡ ᠳᠤ ᠬᠦᠴᠦᠨ | ᠨᠡᠮᠡᠷᠢᠯᠡᠬᠦ ᠶᠢᠨ ᠲᠣᠰᠠᠳᠠ ᠪᠣᠳᠠᠳᠦ ᠪᠠᠶᠢᠳᠠᠯ ᠲᠠᠢ ᠪᠠᠨ ᠣᠶᠠᠯᠳᠣᠭᠤᠯᠣᠨ᠂ ᠣᠨᠴᠠᠭᠠᠶᠢᠯᠠᠨ ᠲᠣᠰ ᠠᠵᠢᠯᠯᠠᠭᠠᠨ ᠤ ᠲᠦᠰᠦᠯ ᠢ ᠲᠣᠭᠳᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠦ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ | ᠶᠢ ᠪᠠᠷᠢᠮᠳᠠᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠣᠭᠠᠷ᠂ ᠭᠤᠷᠪᠠᠳᠣᠭᠠᠷ᠂ ᠲᠦᠷᠪᠡᠳᠦᠭᠡᠷ᠂ | ᠲᠠᠪᠣᠳᠣᠭᠠᠷ ᠪᠦᠬᠦᠳᠠ ᠬᠤᠷᠠᠯᠳᠣᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠣ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠤᠨ | ᠠᠵᠢᠯ ᠳᠤ ᠦᠭᠭᠦᠭᠰᠡᠨ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ ᠶᠢ ᠲᠣᠣᠱᠯᠠᠭᠤᠯᠣᠨ ᠨᠠᠶᠢᠳᠠᠪᠦᠷᠢᠵᠢᠭᠤᠯᠵᠣ᠂ ᠰᠢᠨ᠎ᠡ ᠬᠦᠭᠵᠢᠯᠳᠡ ᠶᠢᠨ ᠣᠶᠢᠯᠠᠭᠠᠭᠳᠠᠬᠤᠨ ᠢ | ᠪᠠᠳᠦ ᠱᠣᠭᠤᠨ᠂ ᠴᠢᠨᠠᠷᠯᠢᠭ ᠬᠦᠭᠵᠢᠯᠳᠡ ᠶᠢᠨ ᠱᠠᠭᠠᠷᠳᠠᠯᠭ᠎ᠠ ᠶᠢ ᠨᠠᠶᠢᠳᠠᠪᠦᠷᠵᠢᠭᠤᠯᠵᠣ᠂ ︽ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠨ᠂ ᠪᠣᠬᠢᠷᠳᠣᠯ ᠦᠭᠡᠢ | ᠬᠦᠭᠵᠢᠭᠦᠯᠬᠦ︾ ᠵᠠᠮ ᠢᠶᠠᠷ ᠵᠠᠮᠨᠠᠬᠤ ᠶᠢ ᠪᠠᠷᠢᠮᠳᠠᠯᠠᠵᠣ᠂ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠢ ᠣᠷᠢᠳᠠᠪᠡᠷ ᠬᠦᠭᠵᠢᠭᠦᠯᠬᠦ ᠶᠢ ᠪᠠᠷᠢᠮᠳᠠᠯᠠᠨ᠂ ᠠᠵᠣ | ᠣᠶᠢᠯᠠᠰ ᠬᠦᠭᠵᠢᠩᠭᠦᠢ᠂ ᠠᠮᠢ ᠠᠬᠤᠢ ᠵᠣᠬᠢᠴᠠᠩᠭᠤᠢ᠂ ᠨᠣᠳᠤᠭ ᠤᠨ ᠰᠣᠷᠳᠠᠯ ᠪᠣᠯᠪᠠᠰᠣᠨ᠂ ᠨᠡᠶᠢᠭᠡᠮ ᠤᠨ ᠵᠠᠰᠠᠯᠳᠠ ᠪᠦᠳᠦᠮᠵᠢᠳᠡᠢ᠂ ᠠᠵᠣ ᠠᠮᠢᠳᠣᠷᠠᠯ ᠴᠢᠨᠡᠭᠡᠯᠢᠭ | ᠶᠡᠷᠦᠩᠬᠡᠢ ᠱᠠᠭᠠᠷᠳᠠᠯᠭ᠎ᠠ ᠶᠣᠰᠣᠭᠠᠷ᠂ ᠮᠡᠳᠡᠭᠡ ᠵᠠᠩᠬᠢᠴᠢᠯᠠᠯᠳᠠ ᠶᠢᠨ ᠬᠦᠳᠡᠭᠡ ᠲᠣᠰᠬᠤᠨ ᠤ ᠵᠠᠰᠠᠯᠳᠠ ᠶᠢᠨ ᠰᠢᠰᠲ᠋ᠧᠮ ᠪᠣᠯᠣᠨ ᠵᠠᠰᠠᠯᠳᠠ ᠶᠢᠨ ᠴᠢᠳᠠᠪᠬᠢ ᠶᠢᠨ | ᠣᠳᠣᠬᠢᠴᠢᠯᠠᠯᠳᠠ ᠶᠢ ᠠᠬᠢᠭᠤᠯᠬᠤ ᠲᠣᠮᠳᠠᠬᠢ ᠰᠠᠭᠤᠷᠢ ᠲᠣᠯᠭᠠᠭᠤᠷᠢᠯᠠᠯ ᠣᠶᠢᠯᠠᠳᠣᠯ ᠢ ᠭᠦᠢᠴᠡᠳ ᠪᠠᠳᠠᠷᠠᠭᠤᠯᠵᠣ᠂ ᠪᠦᠬᠦ ᠬᠤᠰᠢᠭᠤᠨ ᠤ ᠮᠠᠯ ᠲᠠᠷᠢᠶᠠᠯᠠᠩ ᠤᠨ | ᠣᠶᠢᠯᠠᠰ ᠤᠨ ᠪᠦᠬᠦ ᠲᠠᠯ᠎ᠠ ᠲᠡᠰ ᠲᠡᠪᠰᠢᠯᠳᠡ᠂ ᠮᠠᠯᠵᠢᠬᠤ ᠲᠠᠷᠢᠶᠠᠯᠠᠬᠤ ᠣᠷᠣᠨ ᠤ ᠪᠦᠬᠦ ᠲᠠᠯ᠎ᠠ ᠶᠢᠨ ᠲᠠᠪᠰᠢᠯᠳᠠ᠂ ᠮᠠᠯᠴᠢᠨ ᠲᠠᠷᠢᠶᠠᠴᠢᠳ ᠤᠨ ᠪᠦᠬᠦ ᠲᠠᠯ᠎ᠠ ᠶᠢᠨ | ᠬᠦᠭᠵᠢᠯᠳᠡ ᠶᠢ ᠠᠬᠢᠭᠤᠯᠣᠨ᠂ ᠬᠦᠳᠡᠭᠡ ᠲᠣᠰᠬᠤᠨ ᠢ ᠪᠦᠬᠦ ᠲᠠᠯ᠎ᠠ ᠪᠠᠷ ᠬᠦᠭᠵᠢᠭᠦᠯᠦᠨ ᠮᠠᠨᠳᠣᠭᠤᠯᠬᠤ ᠳᠤ ᠬᠦᠴᠦᠷᠭᠡᠭ ᠶᠡᠭᠡ ᠬᠦᠳᠡᠯᠭᠡᠭᠴᠢ ᠬᠦᠴᠦᠨ ᠬᠠᠩᠭᠠᠨ᠎ᠠ᠃ | | ᠬᠤᠶᠠᠷ᠂ ᠦᠨᠳᠦᠰᠦᠨ ᠵᠠᠷᠴᠢᠮ | — — ᠨᠢᠭᠡᠳᠦᠯᠳᠡᠢ ᠲᠦᠯᠦᠪᠵᠢᠭᠦᠯᠦᠨ᠂ ᠠᠯᠬᠤᠮ ᠬᠤᠪᠢᠶᠠᠨ ᠬᠡᠷᠡᠭᠵᠢᠭᠦᠯᠦᠨ᠎ᠡ᠃ ᠮᠠᠯ ᠲᠠᠷᠢᠶᠠᠯᠠᠩ ᠤᠨ ᠣᠶᠢᠯᠠᠰ ᠮᠠᠯᠵᠢᠬᠤ ᠲᠠᠷᠢᠶᠠᠯᠠᠬᠤ ᠣᠷᠣᠨ ᠢ | ᠣᠷᠢᠳᠠᠪᠠᠷ ᠬᠦᠭᠵᠢᠭᠦᠯᠬᠦ ᠶᠢ ᠪᠠᠷᠢᠮᠳᠠᠯᠠᠨ᠂ ᠠᠵᠣ ᠣᠶᠢᠯᠠᠰ ᠬᠦᠭᠵᠢᠩᠭᠦᠢ᠂ ᠠᠮᠢ ᠠᠬᠤᠢ ᠵᠣᠬᠢᠴᠠᠩᠭᠤᠢ᠂ ᠨᠣᠳᠤᠭ ᠤᠨ ᠰᠣᠷᠳᠠᠯ ᠪᠣᠯᠪᠠᠰᠣᠨ᠂ ᠨᠡᠶᠢᠭᠡᠮ ᠤᠨ | ᠵᠠᠰᠠᠯᠳᠠ ᠪᠦᠳᠦᠮᠵᠢᠳᠠᠢ᠂ ᠠᠵᠣ ᠠᠮᠢᠳᠣᠷᠠᠯ ᠴᠢᠨᠡᠭᠡᠯᠢᠭ ᠶᠡᠷᠦᠩᠬᠡᠢ ᠱᠠᠭᠠᠷᠳᠠᠯᠭ᠎ᠠ ᠶᠣᠰᠣᠭᠠᠷ ᠪᠦᠬᠦ ᠬᠤᠰᠢᠭᠤᠨ ᠤ ᠪᠣᠳᠠᠳᠦ ᠪᠠᠶᠢᠳᠠᠯ ᠲᠠᠢ ᠣᠶᠠᠯᠳᠣᠭᠤᠯᠵᠣ᠂ | ᠭᠠᠵᠠᠷ ᠣᠷᠣᠨ ᠳᠤ ᠨᠢ ᠲᠣᠬᠢᠷᠠᠭᠤᠯᠣᠨ ᠲᠣᠭᠠᠴᠠᠯᠠᠭᠰᠠᠨ ᠬᠦᠳᠡᠭᠡ ᠲᠣᠰᠬᠤᠨ ᠢ ᠪᠠᠶᠢᠭᠤᠯᠣᠨ᠂ ᠪᠦᠬᠦᠯᠢ ᠴᠣᠭᠴᠠ ᠶᠢᠨ ᠵᠢᠷᠤᠭ ᠲᠦᠯᠦᠪᠯᠡᠭᠡ ᠶᠢ ᠰᠠᠶᠢᠳᠦᠷ ᠬᠢᠵᠣ | ᠂ ᠬᠠᠷᠠᠯᠳᠠ ᠪᠣᠯᠣᠨ ᠭᠤᠣᠯᠳᠠᠯᠭᠠᠳᠦ ᠡᠭᠦᠷᠭᠡ ᠪᠠᠨ ᠲᠣᠳᠣᠷᠬᠠᠶᠢᠯᠠᠨ᠂ ᠭᠤᠷᠪᠠᠨ ᠵᠢᠯ ᠤᠨ ᠬᠤᠭᠤᠴᠠᠭ᠎ᠠ ᠬᠡᠷᠡᠭᠯᠡᠨ ᠲᠣᠭᠠᠴᠠᠯᠠᠭᠰᠠᠨ ᠬᠦᠳᠡᠭᠡ ᠲᠣᠰᠬᠤᠨ ᠪᠣᠯᠣᠨ | ᠣᠶᠣᠨᠴᠢ ᠬᠤᠳᠠ ᠪᠠᠯᠭᠠᠰᠦ ᠶᠢᠨ ᠪᠠᠶᠢᠭᠤᠯᠣᠯᠳᠠ ᠶᠢ ᠨᠢᠭᠡᠳᠦᠯᠳᠡᠢ ᠲᠦᠯᠦᠪᠵᠢᠭᠦᠯᠵᠣ᠂ ᠬᠤᠳᠠ ᠬᠦᠳᠡᠭᠡ ᠶᠢᠨ ᠠᠭᠤᠰᠣᠯᠴᠠᠯ ᠬᠦᠭᠵᠢᠯᠳᠡ ᠶᠢ ᠠᠬᠢᠭᠤᠯᠣᠨ᠎ᠠ᠃ | — — ᠦᠭᠡᠷᠡᠴᠢᠯᠡᠨ ᠰᠢᠨᠠᠴᠢᠯᠡᠵᠣ᠂ ᠲᠠᠶᠢᠴᠢᠯᠠᠨ ᠲᠠᠭᠠᠭᠤᠯᠣᠨ᠎ᠠ᠃ ᠦᠭᠡᠷᠡᠴᠢᠯᠡᠯᠳᠡ ᠰᠢᠨᠡᠴᠢᠯᠡᠯᠳᠡ ᠶᠢ ᠭᠦᠨᠵᠡᠭᠡᠶᠢᠷᠡᠭᠦᠯᠦᠨ᠂ ᠮᠠᠯᠴᠢᠨ ᠲᠠᠷᠢᠶᠠᠴᠢᠳ | ᠤᠨ ᠬᠠᠮᠤᠭ ᠠᠴᠠ ᠠᠩᠬᠠᠷᠳᠠᠭ ᠬᠠᠮᠤᠭ ᠰᠢᠭᠤᠳ ᠬᠠᠮᠤᠭ ᠪᠣᠳᠠᠳᠦ ᠠᠰᠠᠭᠤᠳᠠᠯ ᠤᠨ ᠲᠣᠭᠤᠷᠢᠨ ᠳᠤ ᠲᠣᠣᠷ ᠰᠦᠯᠵᠢᠶ᠎ᠡ᠂ ᠲᠤᠭ᠎ᠠ ᠪᠠᠷᠢᠮᠳᠠ᠂ ᠮᠡᠷᠭᠡᠵᠢᠯ ᠪᠣᠯᠣᠨ | ᠮᠡᠳᠡᠯᠭᠡ ᠵᠡᠷᠭᠡ ᠰᠢᠨ᠎ᠡ ᠡᠯᠧᠮᠧᠨ᠋ᠲ ᠤᠨ ᠣᠶᠢᠯᠠᠳᠣᠯ ᠢ ᠭᠦᠢᠴᠡᠳ ᠪᠠᠳᠠᠷᠠᠭᠤᠯᠵᠣ᠂ ᠭᠤᠣᠯ ᠴᠣᠭᠴᠠ᠂ ᠡᠯᠧᠮᠧᠨ᠋ᠲ᠂ ᠵᠠᠬ᠎ᠠ ᠲᠡᠯᠭᠡᠭᠦᠷ ᠢ ᠢᠳᠡᠪᠬᠢᠵᠢᠭᠦᠯᠦᠨ᠂ | ᠬᠦᠳᠡᠭᠡ ᠲᠣᠰᠬᠤᠨ ᠤ ᠬᠦᠭᠵᠢᠯᠳᠡ ᠶᠢᠨ ᠲᠣᠳᠣᠭᠠᠳᠦ ᠬᠦᠳᠡᠯᠭᠡᠭᠴᠢ ᠬᠦᠴᠦᠨ ᠢ ᠲᠠᠰᠣᠷᠠᠯᠳᠠ ᠦᠭᠡᠢ ᠬᠦᠴᠦᠷᠬᠡᠭᠵᠢᠭᠦᠯᠦᠨ᠎ᠡ᠃ ᠲᠣᠷᠰᠢᠯᠳᠡ ᠶᠢᠨ ᠴᠡᠭ ᠵᠢᠱᠢᠶ᠎ᠡ | ᠦᠵᠡᠭᠦᠯᠦᠯᠳᠡ ᠪᠠᠷ ᠲᠠᠮᠵᠢᠭᠤᠯᠣᠨ ᠮᠠᠯᠵᠢᠬᠤ ᠲᠠᠷᠢᠶᠠᠯᠠᠬᠤ ᠣᠷᠣᠨ ᠤ ᠲᠣᠭᠠᠴᠠᠯᠠᠭᠰᠠᠨ ᠬᠡᠯᠪᠡᠷᠢ ᠪᠠᠨ ᠬᠤᠪᠢᠷᠠᠭᠠᠬᠤ ᠶᠢᠨ ᠬᠦᠭᠵᠢᠯᠳᠡ ᠶᠢᠨ ᠣᠷᠳᠦ ᠬᠤᠭᠤᠴᠠᠭᠠᠨ | ᠤ ᠲᠣᠭᠳᠠᠯᠴᠠᠭ᠎ᠠ ᠶᠢ ᠪᠦᠷᠢᠳᠦᠭᠦᠯᠦᠨ᠎ᠡ᠃ | — — ᠡᠬᠢ ᠪᠠᠶᠠᠯᠢᠭ ᠢ ᠲᠣᠬᠢᠷᠠᠭᠤᠯᠣᠨ᠂ ᠬᠠᠮᠳᠦ ᠪᠠᠷ ᠪᠠᠶᠢᠭᠤᠯᠣᠨ ᠬᠠᠮᠳᠦ ᠪᠠᠷ ᠡᠳ᠋ᠯᠡᠨ᠎ᠡ᠃ ᠵᠣᠬᠢᠴᠠᠩᠭᠤᠢ ᠬᠦᠳᠡᠯᠦᠯᠴᠡᠬᠦ ᠶᠢ ᠴᠢᠬᠤᠯᠠᠴᠢᠯᠠᠨ᠂ | ᠲᠣᠷᠰᠢᠯᠳᠠ ᠶᠢᠨ ᠴᠡᠭ ᠤᠨ ᠠᠵᠢᠯ ᠢ ᠨᠢᠭᠡᠳᠦᠯᠳᠡᠢ ᠵᠣᠬᠢᠴᠠᠭᠤᠯᠬᠤ᠂ ᠡᠬᠢ ᠪᠠᠶᠠᠯᠢᠭ ᠢ ᠲᠣᠬᠢᠷᠠᠭᠤᠯᠬᠤ᠂ ᠰᠠᠯᠠᠭ᠎ᠠ ᠮᠦᠴᠢᠷ ᠬᠠᠮᠳᠣᠷᠠᠯᠴᠠᠬᠤ᠂ ᠲᠡᠭᠡᠳᠦ ᠲᠣᠣᠷᠠᠳᠣ | ᠱᠠᠳᠦ ᠬᠠᠮᠳᠦ ᠪᠠᠷ ᠬᠦᠳᠡᠯᠦᠯᠴᠡᠬᠦ ᠶᠢ ᠴᠢᠩᠭᠠᠳᠬᠠᠨ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠲᠠᠪᠠᠭᠤᠯᠢᠭ ᠤᠨ ᠬᠠᠮᠳᠣᠷᠠᠯ ᠬᠦᠴᠦᠨ ᠢ ᠪᠦᠳᠦᠮᠵᠢᠳᠡᠢ | ᠲᠣᠬᠢᠷᠠᠭᠤᠯᠵᠣ᠂ ᠮᠡᠳᠡᠭᠡ ᠵᠠᠩᠬᠢ ᠶᠢᠨ ᠰᠠᠭᠠᠳ ᠢ ᠨᠡᠪᠳᠡᠷᠡᠭᠦᠯᠦᠨ᠂ ᠬᠠᠮᠳᠦ ᠪᠠᠷ ᠡᠳ᠋ᠯᠡᠬᠦ ᠡᠷᠴᠢᠮᠵᠢᠯ ᠢ ᠠᠬᠢᠭᠤᠯᠵᠣ᠂ ᠲᠣᠭᠠᠴᠠᠯᠠᠯᠳᠠ ᠶᠢᠨ ᠠᠰᠢᠭ ᠲᠣᠰᠠ ᠶᠢ | ᠪᠠᠳᠠᠷᠠᠭᠤᠯᠣᠨ᠂ ᠦᠷᠭᠡᠨ ᠣᠯᠠᠨ ᠮᠠᠯᠴᠢᠨ ᠲᠠᠷᠢᠶᠠᠴᠢᠳ ᠤᠨ ᠬᠠᠨᠣᠮᠵᠢ᠂ ᠠᠰᠢᠭ ᠵᠢᠷᠭᠠᠯ᠂ ᠠᠮᠣᠷ ᠲᠦᠪᠰᠢᠨ ᠢ ᠲᠠᠰᠣᠷᠠᠯᠳᠠ ᠦᠭᠡᠢ ᠲᠡᠭᠡᠭᠰᠢᠯᠡᠭᠦᠯᠦᠨ᠎ᠡ᠃ | — — ᠰᠢᠨᠡᠴᠢᠯᠡᠯᠳᠡ ᠪᠠᠷ ᠲᠠᠶᠢᠴᠢᠯᠠᠨ᠂ ᠠᠮᠣᠷ ᠲᠦᠪᠰᠢᠨ ᠢ ᠡᠵᠡᠮᠳᠡᠨ᠎ᠡ᠃ ᠮᠡᠳᠡᠭᠡ ᠵᠠᠩᠬᠢᠴᠢᠯᠠᠯᠳᠠ ᠪᠣᠯᠣᠨ ᠬᠦᠳᠡᠭᠡ ᠲᠣᠰᠬᠤᠨ ᠤ ᠵᠠᠰᠠᠯᠳᠠ ᠶᠢ | ᠭᠦᠨᠵᠡᠭᠡᠢ ᠠᠭᠤᠰᠣᠯᠴᠠᠬᠤ ᠶᠢ ᠠᠬᠢᠭᠤᠯᠣᠨ᠂ ᠬᠦᠳᠡᠭᠡ ᠲᠣᠰᠬᠤᠨ ᠤ ᠵᠠᠰᠠᠯᠳᠠ ᠶᠢᠨ ᠮᠡᠳᠡᠭᠡ ᠵᠠᠩᠬᠢᠴᠢᠯᠠᠯᠳᠠ ᠶᠢᠨ ᠲᠣᠳᠠᠭᠤᠳᠠᠯ ᠢ ᠨᠦᠬᠦᠪᠦᠷᠢᠯᠡᠵᠣ᠂ ᠬᠦᠳᠡᠭᠡ | ᠲᠣᠰᠬᠤᠨ ᠤ ᠵᠠᠰᠠᠯᠳᠠ ᠶᠢᠨ ᠣᠶᠣᠨᠴᠢᠯᠠᠯᠳᠠ᠂ ᠨᠠᠷᠢᠯᠢᠭᠵᠢᠭᠤᠯᠣᠯᠳᠠ᠂ ᠲᠣᠰᠬᠠᠶᠢᠵᠢᠭᠤᠯᠣᠯᠳᠠ ᠶᠢᠨ ᠲᠦᠪᠰᠢᠨ ᠢ ᠲᠡᠭᠡᠭᠰᠢᠯᠡᠭᠦᠯᠦᠨ᠎ᠡ᠃ ᠠᠮᠣᠷ ᠲᠦᠪᠰᠢᠨ ᠪᠣᠯᠣᠨ | ᠬᠦᠭᠵᠢᠯᠳᠡ ᠶᠢᠨ ᠬᠠᠷᠢᠴᠠᠭ᠎ᠠ ᠶᠢ ᠰᠠᠶᠢᠳᠦᠷ ᠰᠢᠢᠳᠪᠦᠷᠢᠯᠡᠵᠣ᠂ ᠠᠮᠣᠷ ᠲᠦᠪᠰᠢᠨ ᠬᠦᠭᠵᠢᠯᠳᠡ ᠶᠢ ᠪᠠᠳᠣᠯᠠᠨ᠂ ᠬᠦᠭᠵᠢᠯᠳᠡ ᠪᠠᠷ ᠠᠮᠣᠷ ᠲᠦᠪᠰᠢᠨ ᠢ ᠠᠬᠢᠭᠤᠯᠵᠣ | ᠂ ᠢᠳᠡᠪᠬᠢᠳᠡᠢ ᠰᠡᠷᠭᠡᠶᠢᠯᠡᠨ᠂ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠣ᠂ ᠲᠣᠭᠠᠴᠠᠯᠠᠭᠰᠠᠨ ᠬᠦᠳᠡᠭᠡ ᠲᠣᠰᠬᠤᠨ ᠤ ᠬᠤᠶᠢᠰᠢᠳᠠ ᠶᠢᠨ ᠡᠷᠡᠭᠦᠯ | ᠬᠦᠭᠵᠢᠯᠳᠡ ᠶᠢ ᠪᠠᠳᠣᠯᠠᠨ᠎ᠠ᠃ | — — ᠠᠮᠢᠵᠢᠷᠠᠯ ᠤᠨ ᠬᠦᠴᠦᠨ ᠢ ᠣᠷᠮᠠᠰᠢᠭᠤᠯᠣᠨ᠂ ᠣᠯᠠᠨ ᠲᠠᠯ᠎ᠠ ᠶᠢᠨ ᠬᠢᠨ ᠣᠷᠣᠯᠴᠠᠨ᠎ᠠ᠃ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ | ᠪᠠ ᠲᠣᠭᠠᠴᠠᠯᠠᠭᠰᠠᠨ ᠬᠦᠳᠡᠭᠡ ᠲᠣᠰᠬᠤᠨ ᠤ ᠬᠦᠭᠵᠢᠯᠳᠡ ᠶᠢᠨ ᠪᠠᠶᠢᠯᠳᠣᠬᠤ ᠪᠣᠳᠣᠯᠭ᠎ᠠ ᠶᠢ ᠨᠢᠭᠳᠠ ᠠᠪᠴᠠᠯᠳᠣᠭᠤᠯᠵᠣ ᠰᠠᠶᠢᠳᠦᠷ ᠠᠳᠬᠤᠨ᠂ ᠡᠯ᠎ᠡ ᠲᠠᠯ᠎ᠠ ᠶᠢᠨ | ᠬᠦᠴᠦᠨ ᠪᠣᠯᠣᠨ ᠦᠷᠭᠡᠨ ᠣᠯᠠᠨ ᠮᠠᠯᠴᠢᠨ ᠲᠠᠷᠢᠶᠠᠴᠢᠳ ᠤᠨ ᠲᠣᠭᠠᠴᠠᠯᠠᠭᠰᠠᠨ ᠬᠦᠳᠡᠭᠡ ᠲᠣᠰᠬᠤᠨ ᠤ ᠪᠠᠶᠢᠭᠤᠯᠣᠯᠳᠠ ᠳᠤ ᠣᠷᠣᠯᠴᠠᠬᠤ ᠶᠢ ᠭᠦᠢᠴᠡᠳ | ᠲᠠᠶᠢᠴᠢᠯᠠᠵᠣ᠂ ᠮᠡᠳᠡᠭᠡ ᠵᠠᠩᠬᠢ ᠶᠢᠨ ᠣᠷᠣᠰᠣᠯ ᠢᠶᠠᠷ ᠮᠠᠷᠭᠡᠵᠢᠯ ᠤᠨ ᠰᠢᠯᠵᠢᠯᠳᠡ᠂ ᠪᠡᠯᠡ ᠮᠦᠩᠭᠦᠨ ᠤ ᠡᠷᠬᠢᠯᠳᠡ᠂ ᠴᠢᠳᠠᠪᠦᠷᠢᠳᠠᠨ ᠤ ᠣᠷᠴᠢᠯ᠂ ᠡᠳ᠋ ᠪᠣᠳᠠᠰ ᠤᠨ | ᠭᠦᠢᠯᠭᠡᠭᠡ ᠶᠢ ᠲᠠᠶᠢᠴᠢᠯᠠᠨ᠂ ᠮᠠᠯᠵᠢᠬᠤ ᠲᠠᠷᠢᠶᠠᠯᠠᠬᠤ ᠣᠷᠣᠨ ᠤ ᠡᠯ᠎ᠡ ᠲᠦᠷᠦᠯ ᠤᠨ ᠬᠦᠴᠦᠨ ᠢ ᠠᠮᠢᠯᠠᠭᠤᠯᠵᠣ᠂ ᠮᠠᠯ ᠲᠠᠷᠢᠶᠠᠯᠠᠩ ᠤᠨ ᠣᠶᠢᠯᠠᠰ᠂ ᠮᠠᠯᠵᠢᠬᠤ | ᠲᠠᠷᠢᠶᠠᠯᠠᠬᠤ ᠣᠷᠣᠨ ᠤ ᠲᠣᠭᠠᠴᠠᠯᠠᠭᠰᠠᠨ ᠬᠤᠪᠢᠷᠠᠭᠤᠯᠣᠯᠳᠠ ᠶᠢ ᠲᠦᠷᠭᠡᠳᠬᠡᠨ᠎ᠡ᠃ | ᠭᠤᠷᠪᠠ᠂ ᠬᠦᠭᠵᠢᠯᠳᠡ ᠶᠢᠨ ᠬᠠᠷᠠᠯᠳᠠ | 2021 ᠣᠨ ᠤ ᠰᠡᠭᠦᠯᠴᠢ ᠪᠣᠯᠳᠠᠯ᠎ᠠ ᠣᠯᠣᠰ ᠤᠨ ︽ᠲᠣᠭᠠᠴᠠᠯᠠᠭᠰᠠᠨ ᠬᠦᠳᠡᠭᠡ ᠲᠣᠰᠬᠤᠨ︾ ᠤ ᠲᠣᠷᠰᠢᠯᠳᠠ ᠶᠢᠨ ᠴᠡᠭ ᠤᠨ ᠪᠠᠶᠢᠭᠤᠯᠣᠯᠳᠠ ᠶᠢᠨ | ᠡᠭᠦᠷᠭᠡ ᠪᠠᠨ ᠪᠡᠶᠡᠯᠡᠭᠦᠯᠦᠨ᠂ ᠪᠦᠬᠦ ᠬᠤᠰᠢᠭᠤᠨ ᠤ ᠲᠣᠭᠠᠴᠠᠯᠠᠭᠰᠠᠨ ᠬᠦᠳᠡᠭᠡ ᠲᠣᠰᠬᠤᠨ ᠤ ᠪᠠᠶᠢᠭᠤᠯᠣᠯᠳᠠ ᠶᠢᠨ ᠪᠦᠬᠦᠯᠢ ᠴᠤᠭᠴᠠ ᠶᠢᠨ ᠪᠣᠷᠦ ᠲᠦᠯᠦᠪ ᠢ | ᠪᠦᠷᠢᠳᠦᠭᠦᠯᠵᠣ᠂ ᠭᠤᠣᠯᠳᠠᠯᠭᠠᠳᠦ ᠣᠷᠣᠨ ᠬᠡᠪᠴᠢᠶ᠎ᠡ᠂ ᠭᠤᠣᠯᠳᠠᠯᠭᠠᠳᠦ ᠬᠦᠷᠢᠶ᠎ᠡ ᠴᠠᠷᠠᠭᠠᠨ ᠤ ᠲᠣᠭᠠᠴᠠᠯᠠᠭᠰᠠᠨ ᠬᠤᠪᠢᠷᠠᠭᠤᠯᠣᠯᠳᠠ ᠶᠢ ᠢᠯᠡᠷᠬᠡᠢ ᠠᠬᠢᠴᠠ ᠲᠠᠢ | ᠪᠣᠯᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠢᠨᠲ᠋ᠧᠷ ᠰᠦᠯᠵᠢᠶᠡᠨ ᠤ ᠲᠦᠭᠡᠮᠡᠯᠵᠢᠯ ᠤᠨ ᠨᠣᠷᠮ᠎ᠠ ᠶᠢ ᠲᠡᠭᠡᠭᠰᠢᠯᠡᠭᠦᠯᠦᠨ᠂ ᠪᠦᠬᠦ ᠬᠤᠰᠢᠭᠤᠨ ᠤ 4 ᠪᠠᠯᠭᠠᠰᠦ᠂ | 68 ᠵᠠᠰᠠᠭ ᠵᠠᠬᠢᠷᠭᠠᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ᠂ ᠬᠦᠮᠦᠨ ᠲᠦᠪᠯᠡᠷᠡᠩᠭᠦᠢ ᠰᠠᠭᠤᠷᠢᠰᠢᠭᠰᠠᠨ ︵30 ᠡᠷᠦᠭᠡ ᠠᠴᠠ ᠲᠡᠭᠡᠭᠰᠢᠬᠢ︶ ᠭᠠᠵᠠᠷ | ᠣᠷᠣᠨ ᠳᠤ ᠰᠦᠯᠵᠢᠶᠡᠨ ᠤ ᠪᠦᠬᠦ ᠪᠦᠷᠭᠦᠴᠡ ᠶᠢ ᠪᠡᠶᠡᠯᠡᠭᠦᠯᠦᠨ᠎ᠡ᠃ ᠨᠢᠭᠡ ᠪᠦᠯᠦᠭ ᠣᠶᠣᠨᠴᠢ ᠲᠠᠷᠢᠶᠠᠯᠠᠩ ᠤᠨ ᠣᠶᠢᠯᠠᠰ᠂ ᠲᠣᠭᠠᠴᠠᠯᠠᠭᠰᠠᠨ ᠮᠠᠯ ᠠᠵᠣ ᠠᠬᠤᠢ | ᠶᠢᠨ ᠣᠶᠢᠯᠠᠰ ᠤᠨ ᠵᠢᠱᠢᠶ᠎ᠡ ᠦᠵᠡᠭᠦᠯᠬᠦ ᠲᠦᠷᠦᠯ ᠵᠣᠶᠢᠯ ᠢ ᠪᠣᠳᠠᠳᠠᠢ ᠬᠡᠷᠡᠭᠯᠡᠯᠳᠡ ᠲᠠᠢ ᠪᠣᠯᠭᠠᠨ᠂ ᠲᠣᠭᠠᠴᠠᠯᠠᠭᠰᠠᠨ ᠮᠡᠷᠭᠡᠵᠢᠯ ᠪᠣᠯᠣᠨ ᠮᠠᠯ ᠲᠠᠷᠢᠶᠠᠯᠠᠩ ᠤᠨ | ᠣᠶᠢᠯᠠᠰ ᠤᠨ ᠣᠶᠢᠯᠠᠳᠪᠦᠷᠢᠯᠠᠯ ᠡᠵᠡᠩᠨᠡᠯᠳᠡ ᠬᠠᠮᠢᠶᠠᠷᠣᠯᠳᠠ ᠶᠢᠨ ᠡᠯ᠎ᠡ ᠭᠤᠭᠴᠣᠭᠠᠨ ᠤ ᠠᠭᠤᠰᠣᠯᠴᠠᠯ ᠢ ᠲᠦᠷᠭᠡᠳᠬᠡᠵᠣ᠂ ᠮᠠᠯᠵᠢᠬᠤ ᠲᠠᠷᠢᠶᠠᠯᠠᠬᠤ ᠣᠷᠣᠨ ᠤ | ᠡᠯᠧᠺᠲᠷᠣᠨ ᠬᠤᠳᠠᠯᠳᠣᠭᠠᠨ ᠤ ᠵᠢᠯ ᠤᠨ ᠪᠣᠷᠣᠯᠠᠭᠤᠯᠭ᠎ᠠ ᠶᠢ 5000 ᠲᠦᠮᠡᠨ ᠲᠦᠬᠦᠷᠢᠭ ᠠᠴᠠ ᠲᠠᠪᠠᠭᠤᠯᠬᠤ ᠶᠢ ᠪᠡᠶᠡᠯᠡᠭᠦᠯᠦᠨ᠎ᠡ᠃ ᠬᠦᠳᠡᠭᠡ ᠲᠣᠰᠬᠤᠨ ᠤ | ᠵᠠᠰᠠᠯᠳᠠ ᠪᠣᠯᠣᠨ ᠨᠡᠶᠢᠳᠡ ᠶᠢᠨ ᠬᠡᠷᠡᠭᠯᠡᠭᠡᠨ ᠤ ᠣᠶᠢᠯᠡᠴᠢᠯᠡᠭᠡᠨ ᠤ ᠲᠣᠭᠠᠴᠠᠯᠠᠭᠰᠠᠨ ᠬᠤᠪᠢᠷᠠᠭᠤᠯᠣᠯᠳᠠ ᠶᠢ ᠲᠦᠷᠭᠡᠳᠬᠡᠨ᠂ ᠵᠠᠰᠠᠭ ᠤᠨ ᠶᠠᠪᠣᠳᠠᠯ ᠤᠨ | ᠣᠶᠢᠯᠡᠴᠢᠯᠡᠭᠡᠨ ᠤ ᠰᠦᠯᠵᠢᠶᠡᠨ ᠲᠡᠭᠡᠷ᠎ᠡ ᠭᠦᠢᠴᠡᠳᠬᠡᠬᠦ ᠨᠣᠷᠮ᠎ᠠ ᠶᠢ 99% ᠳᠤ ᠬᠦᠷᠭᠡᠵᠣ᠂ ᠭᠦᠢᠴᠡᠳᠬᠡᠯ ᠤᠨ ᠬᠠᠷᠢᠴᠠᠯ ᠢ ᠢᠯᠡᠷᠬᠡᠢ ᠲᠡᠭᠡᠭᠰᠢᠯᠡᠭᠦᠯᠦᠨ᠂ | ᠲᠣᠭᠠᠴᠠᠯᠠᠭᠰᠠᠨ ᠬᠦᠳᠡᠭᠡ ᠲᠣᠰᠬᠤᠨ ᠤ ᠪᠠᠶᠢᠭᠤᠯᠣᠯᠳᠠ ᠪᠣᠯᠣᠨ ᠬᠤᠳᠠ ᠶᠢᠨ ᠭᠤᠣᠯ ᠰᠢᠰᠲ᠋ᠧᠮ ᠤᠨ ᠵᠣᠬᠢᠴᠠᠭᠤᠯᠣᠯ ᠠᠭᠤᠰᠣᠯᠴᠠᠯ ᠢ ᠪᠦᠬᠦ ᠣᠷᠣᠨ ᠤ ᠡᠮᠦᠨ᠎ᠡ | ᠡᠩᠨᠡᠭᠡᠨ ᠳᠤ ᠣᠷᠣᠭᠤᠯᠬᠤ ᠶᠢ ᠪᠡᠶᠡᠯᠡᠭᠦᠯᠦᠨ᠎ᠡ᠃ | 2023 ᠣᠨ ᠤ ᠰᠡᠭᠦᠯᠴᠢ ᠪᠣᠯᠬᠤ ᠳᠤ᠂ ︽ᠲᠣᠭᠠᠴᠠᠯᠠᠭᠰᠠᠨ ᠬᠦᠳᠡᠭᠡ ᠲᠣᠰᠬᠤᠨ︾ ᠤ ᠲᠣᠷᠰᠢᠯᠳᠠ ᠶᠢᠨ ᠴᠡᠭ ᠤᠨ ᠵᠢᠱᠢᠶ᠎ᠡ ᠦᠵᠡᠬᠦᠯᠬᠦ ᠨᠦᠯᠦᠭᠡᠯᠡᠯ ᠢ | ᠲᠠᠰᠣᠷᠠᠯᠳᠠ ᠦᠭᠡᠢ ᠦᠷᠭᠡᠳᠬᠡᠨ᠂ ᠲᠣᠭᠠᠴᠠᠯᠠᠭᠰᠠᠨ ᠬᠦᠳᠡᠭᠡ ᠲᠣᠰᠬᠤᠨ ᠤ ᠪᠠᠶᠢᠭᠤᠯᠣᠯᠳᠠ ᠶᠢ ᠴᠢᠬᠤᠯᠠ ᠶᠡᠭᠡ ᠠᠬᠢᠴᠠ ᠲᠠᠢ ᠪᠣᠯᠭᠠᠵᠣ᠂ 4G ᠶᠢ ᠬᠦᠳᠡᠭᠡ | ᠲᠣᠰᠬᠤᠨ ᠳᠤ ᠭᠦᠨᠵᠡᠬᠡᠢ ᠲᠦᠭᠡᠮᠡᠯᠵᠢᠭᠦᠯᠦᠨ 5G ᠶᠢ ᠰᠢᠨᠡᠴᠢᠯᠡᠯᠳᠡ ᠲᠠᠢ ᠬᠡᠷᠡᠭᠯᠡᠵᠣ᠂ ᠬᠤᠳᠠ ᠬᠦᠳᠡᠭᠡ ᠶᠢᠨ ︽ᠲᠣᠭᠠᠴᠠᠯᠠᠯᠳᠠ ᠶᠢᠨ ᠵᠦᠷᠢᠶ᠎ᠡ︾ ᠶᠢ | ᠢᠯᠡᠳᠳᠡ ᠪᠠᠭᠠᠰᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠲᠣᠭᠠᠴᠠᠯᠠᠭᠰᠠᠨ ᠠᠵᠣ ᠠᠬᠤᠢ ᠶᠢ ᠲᠦᠷᠭᠡᠨ ᠬᠦᠭᠵᠢᠭᠦᠯᠦᠨ᠂ ︽ᠢᠨᠲ᠋ᠧᠷ ᠰᠦᠯᠵᠢᠶ᠎ᠡ + ᠵᠠᠰᠠᠭ | ᠤᠨ ᠶᠠᠪᠣᠳᠠᠯ ᠤᠨ ᠣᠶᠢᠯᠡᠴᠢᠯᠡᠭᠡ︾ ᠶᠢ ᠬᠦᠳᠡᠭᠡ ᠲᠣᠰᠬᠤᠨ ᠳᠤ ᠪᠦᠬᠦ ᠲᠠᠯ᠎ᠠ ᠪᠠᠷ ᠪᠦᠷᠭᠦᠬᠦᠯᠵᠣ᠂ ᠬᠦᠳᠡᠭᠡ ᠲᠣᠰᠬᠤᠨ ᠤ ᠣᠶᠣᠨᠴᠢ ᠪᠣᠳᠠᠰ ᠤᠨ ᠭᠦᠢᠯᠭᠡᠭᠡᠨ ᠤ | ᠲᠣᠬᠢᠷᠠᠭᠤᠯᠣᠨ ᠬᠦᠷᠭᠡᠬᠦ ᠰᠢᠰᠲ᠋ᠧᠮ ᠢ ᠪᠦᠷᠢᠯᠳᠦᠭᠦᠯᠦᠨ᠂ ᠬᠦᠳᠡᠭᠡ ᠲᠣᠰᠬᠤᠨ ᠤ ᠰᠦᠯᠵᠢᠶᠡᠨ ᠰᠣᠶᠣᠯ ᠢ ᠬᠦᠭᠵᠢᠭᠦᠯᠦᠨ ᠴᠡᠴᠡᠭᠯᠡᠭᠦᠯᠵᠣ᠂ ᠬᠦᠳᠡᠭᠡ ᠲᠣᠰᠬᠤᠨ | ᠤ ᠲᠣᠭᠠᠴᠠᠯᠠᠭᠰᠠᠨ ᠵᠠᠰᠠᠯᠳᠠ ᠶᠢᠨ ᠰᠢᠰᠲ᠋ᠧᠮ ᠢ ᠣᠯᠠᠮ ᠢᠶᠠᠷ ᠲᠡᠭᠦᠯᠳᠡᠷᠵᠢᠭᠦᠯᠦᠨ᠎ᠡ᠃ | ᠲᠦᠷᠪᠡ᠂ ᠭᠤᠣᠯ ᠡᠭᠦᠷᠭᠡ | ᠣᠳᠤᠭ ᠤᠨ ᠡᠮᠦᠨᠡᠳᠦ ᠬᠤᠰᠢᠭᠤᠨ ᠤ ᠮᠠᠯ ᠲᠠᠷᠢᠶᠠᠯᠠᠩ ᠤᠨ ᠣᠶᠢᠯᠠᠰ ᠤᠨ ᠡᠬᠢ ᠪᠠᠶᠠᠯᠢᠭ ᠤᠨ ᠣᠨᠴᠠᠯᠢᠭ ᠪᠣᠯᠣᠨ ᠠᠵᠣ ᠣᠶᠢᠯᠠᠰ ᠤᠨ ᠲᠠᠪᠠᠭᠤᠯᠢᠭ ᠲᠤ | ᠰᠠᠭᠤᠷᠢᠯᠠᠨ᠂ ︽1 + 1 + 3 + N︾ ᠲᠣᠭᠠᠴᠠᠯᠠᠭᠰᠠᠨ ᠬᠦᠳᠡᠭᠡ ᠲᠣᠰᠬᠤᠨ ᠤ ᠪᠠᠶᠢᠭᠤᠯᠣᠯᠳᠠ ᠶᠢᠨ ᠰᠢᠰᠲ᠋ᠧᠮ ᠢ ᠪᠠᠶᠢᠭᠤᠯᠵᠣ᠂ ᠨᠢᠭᠡᠳᠦᠭᠡᠷ ︽1︾ ᠨᠢ | ᠲᠠᠷᠣᠢ ᠲᠣᠭᠠᠴᠠᠯᠠᠭᠰᠠᠨ ᠬᠦᠳᠡᠭᠡ ᠲᠣᠰᠬᠤᠨ ᠤ ᠰᠣᠳᠣᠯᠭᠠᠨ ᠤ ᠬᠦᠷᠢᠶᠡᠯᠠᠩ ᠪᠠᠶᠢᠭᠤᠯᠬᠤ᠂ ᠬᠤᠶᠠᠳᠣᠭᠠᠷ ︽1︾ ᠨᠢ ᠲᠠᠷᠣᠢ ᠣᠳᠣ ᠦᠶ᠎ᠡ ᠶᠢᠨ ᠮᠠᠯ | ᠲᠠᠷᠢᠶᠠᠯᠠᠩ ᠤᠨ ᠠᠵᠣ ᠣᠶᠢᠯᠠᠰ ᠤᠨ ᠬᠦᠷᠢᠶᠡᠯᠠᠩ ᠪᠠᠶᠢᠭᠤᠯᠬᠤ᠂ ︽3︾ ᠨᠢ ᠲᠠᠷᠣᠢ ᠭᠤᠷᠪᠠᠨ ᠲᠦᠷᠦᠯ ᠤᠨ ᠲᠣᠭᠠᠴᠠᠯᠠᠭᠰᠠᠨ ᠵᠢᠱᠢᠶ᠎ᠡ ᠦᠵᠡᠭᠦᠯᠬᠦ | ᠢᠨᠵᠧᠨᠧᠷᠢᠩ ︵ᠲᠣᠭᠠᠴᠠᠯᠠᠭᠰᠠᠨ ᠬᠦᠳᠡᠭᠡ ᠲᠣᠰᠬᠤᠨ ᠤ ᠠᠵᠣ ᠣᠶᠢᠯᠠᠰ ᠤᠨ ᠵᠢᠱᠢᠶ᠎ᠡ ᠦᠵᠡᠬᠦᠯᠬᠦ ᠲᠣᠰᠬᠤᠨ᠂ ᠨᠢᠭᠡ ᠪᠦᠯᠦᠭ ᠲᠣᠭᠠᠴᠠᠯᠠᠭᠰᠠᠨ ᠮᠠᠯᠴᠢᠨ | ᠲᠠᠷᠢᠶᠠᠴᠢᠨ ᠡᠷᠦᠭᠡ᠂ ᠲᠣᠭᠠᠴᠠᠯᠠᠭᠰᠠᠨ ᠬᠦᠳᠡᠭᠡ ᠲᠣᠰᠬᠤᠨ ᠤ ᠵᠢᠱᠢᠶ᠎ᠡ ᠦᠵᠡᠭᠦᠯᠬᠦ ᠵᠡᠭᠡᠯᠢ ᠭᠤᠳᠣᠮᠵᠢ︶ ᠪᠠᠶᠢᠭᠤᠯᠬᠤ᠂ ︽N︾ ᠨᠢ ᠲᠠᠷᠣᠢ 13 ᠲᠦᠷᠦᠯ ᠤᠨ | ᠲᠣᠭᠠᠴᠠᠯᠠᠭᠰᠠᠨ ᠢᠨᠵᠧᠨᠧᠷᠢᠩ ᠢ ᠬᠡᠷᠡᠭᠵᠢᠭᠦᠯᠬᠦ ᠶᠢ ᠵᠢᠭᠠᠨ᠂ ᠴᠢᠨᠠᠷᠯᠢᠭ᠂ ᠦᠨᠳᠦᠷ ᠪᠠᠷᠢᠮᠵᠢᠶ᠎ᠡ ᠲᠠᠢ ᠪᠠᠷ ᠣᠯᠣᠰ ᠤᠨ ︽ᠲᠣᠭᠠᠴᠠᠯᠠᠭᠰᠠᠨ ᠬᠦᠳᠡᠭᠡ ᠲᠣᠰᠬᠤᠨ︾ | ᠤ ᠲᠣᠷᠰᠢᠯᠳᠠ ᠶᠢᠨ ᠴᠡᠭ ᠤᠨ ᠪᠠᠶᠢᠭᠤᠯᠣᠯᠳᠠ ᠶᠢᠨ ᠡᠭᠦᠷᠭᠡ ᠪᠠᠨ ᠪᠡᠶᠡᠯᠡᠭᠦᠯᠬᠦ ᠶᠢ ᠪᠠᠳᠣᠯᠠᠨ᠎ᠠ᠃ | ︵ᠨᠢᠭᠡ︶ ᠲᠣᠭᠠᠴᠠᠯᠠᠭᠰᠠᠨ ᠬᠦᠳᠡᠭᠡ ᠲᠣᠰᠬᠤᠨ ᠤ ᠰᠣᠳᠣᠯᠭᠠᠨ ᠤ ᠬᠦᠷᠢᠶᠡᠯᠡᠩ ᠪᠠᠶᠢᠭᠤᠯᠣᠨ᠎ᠠ | ︽ᠰᠣᠷᠭᠠᠭᠤᠯᠢ ᠠᠵᠣ ᠠᠬᠤᠶᠢᠯᠠᠯ ᠭᠠᠵᠠᠷ ᠣᠷᠣᠨ︾ ᠬᠠᠮᠳᠣᠷᠠᠯᠴᠠᠨ ᠬᠠᠮᠳᠦ ᠪᠠᠷ ᠪᠠᠶᠢᠭᠤᠯᠬᠤ ᠵᠠᠭᠪᠣᠷ ᠢᠶᠠᠷ᠂ ᠬᠤᠸᠠᠵᠦ᠋ᠩ ᠲᠠᠷᠢᠶᠠᠯᠠᠩ ᠤᠨ ᠶᠡᠭᠡ | ᠰᠣᠷᠭᠠᠭᠤᠯᠢ ᠵᠡᠷᠭᠡ ᠲᠡᠭᠡᠳᠦ ᠰᠣᠷᠭᠠᠭᠤᠯᠢ ᠶᠢᠨ ᠰᠢᠨᠵᠢᠯᠡᠭᠡ ᠰᠣᠳᠣᠯᠭᠠᠨ ᠤ ᠡᠬᠢ ᠪᠠᠶᠠᠯᠢᠭ ᠲᠠᠢ ᠠᠭᠤᠰᠣᠯᠴᠠᠭᠤᠯᠣᠨ᠂ ᠣᠶᠢᠯᠠᠳᠪᠦᠷᠢᠯᠠᠯ ᠰᠣᠷᠭᠠᠯᠳᠠ | ᠰᠣᠳᠣᠯᠣᠯᠳᠠ᠂ ᠣᠨᠣᠯ ᠤᠨ ᠰᠣᠳᠣᠯᠭᠠᠨ᠂ ᠣᠶᠣᠨ ᠤ ᠲᠡᠮᠵᠢᠯᠭᠡ ᠪᠣᠯᠣᠨ ᠨᠡᠶᠢᠭᠡᠮ ᠤᠨ ᠣᠶᠢᠯᠡᠴᠢᠯᠡᠭᠡ ᠶᠢ ᠴᠣᠭᠴᠠᠵᠢᠭᠤᠯᠣᠭᠰᠠᠨ ᠲᠣᠭᠠᠴᠠᠯᠠᠭᠰᠠᠨ ᠬᠦᠳᠡᠭᠡ | ᠲᠣᠰᠬᠤᠨ ᠤ ᠰᠣᠳᠣᠯᠭᠠᠨ ᠤ ᠬᠦᠷᠢᠶᠡᠯᠡᠩ ᠢ ᠪᠠᠶᠢᠭᠤᠯᠵᠣ᠂ ︽ᠲᠠᠷᠢᠶᠠᠯᠠᠩ ᠤᠨ ᠰᠢᠰᠲ᠋ᠧᠮ ᠤᠨ ᠲᠠᠭᠤᠷᠢᠶᠠᠯ ᠲᠣᠷᠰᠢᠯᠳᠠ ᠶᠢᠨ ᠲᠠᠰᠤᠭ︾ ᠢ ᠪᠠᠶᠢᠭᠤᠯᠣᠨ᠂ | ᠲᠦᠷᠦ ᠶᠢᠨ ᠪᠣᠳᠣᠯᠭ᠎ᠠ ᠶᠢᠨ ᠯᠠᠪᠯᠠᠯᠳᠠ᠂ ᠲᠦᠯᠦᠪᠵᠢᠭᠦᠯᠭᠡ ᠶᠢᠨ ᠲᠣᠭᠳᠠᠭᠠᠯᠳᠠ᠂ ᠲᠤᠭ᠎ᠠ ᠪᠠᠷᠢᠮᠳᠠ ᠶᠢᠨ ᠵᠠᠳᠠᠯᠣᠯᠳᠠ᠂ ᠲᠠᠪᠴᠠᠩ ᠤᠨ ᠪᠠᠶᠢᠭᠤᠯᠣᠯᠳᠠ᠂ | ᠴᠢᠳᠠᠪᠦᠷᠢᠳᠠᠨ ᠤ ᠴᠣᠭᠯᠠᠷᠠᠯ᠂ ᠰᠢᠨᠡᠴᠢᠯᠡᠯᠳᠡ ᠰᠣᠳᠣᠯᠣᠯᠳᠠ᠂ ᠬᠡᠷᠡᠭᠯᠡᠭᠡᠨ ᠤ ᠣᠶᠢᠯᠡᠴᠢᠯᠡᠭᠡ ᠵᠡᠷᠭᠡ ᠶᠢ ᠦᠷᠨᠢᠭᠦᠯᠬᠦ ᠪᠠᠷ ᠲᠠᠮᠵᠢᠭᠤᠯᠵᠣ᠂ ᠰᠢᠨ᠎ᠡ ᠨᠢᠭᠡ ᠦᠶ᠎ᠡ ᠶᠢᠨ | ᠮᠡᠳᠡᠭᠡ ᠵᠠᠩᠬᠢ ᠶᠢᠨ ᠮᠡᠷᠭᠡᠵᠢᠯ ᠤᠨ ᠬᠡᠷᠡᠭᠯᠡᠯᠳᠡ ᠶᠢᠨ ᠰᠣᠳᠣᠯᠭᠠᠨ ᠤ ᠣᠶᠢᠯᠡᠳᠪᠦᠷᠢᠯᠡᠬᠦ ᠵᠢᠭᠠᠬᠤ ᠰᠣᠳᠣᠯᠬᠤ ᠶᠢ ᠴᠤᠭᠴᠠᠵᠢᠭᠤᠯᠬᠤ ᠶᠢ ᠪᠡᠶᠡᠯᠡᠭᠦᠯᠣᠨ᠂ ᠣᠳᠤᠭ | ᠤᠨ ᠡᠮᠦᠨᠡᠳᠦ ᠬᠤᠰᠢᠭᠤᠨ ᠤ ᠮᠠᠯ ᠲᠠᠷᠢᠶᠠᠯᠠᠩ ᠤᠨ ᠠᠵᠣ ᠣᠶᠢᠯᠠᠰ ᠤᠨ ᠲᠣᠭᠠᠴᠠᠯᠠᠭᠰᠠᠨ ᠬᠤᠪᠢᠷᠠᠭᠤᠯᠣᠯᠳᠠ ᠪᠣᠯᠣᠨ ᠠᠮᠢ ᠠᠬᠤᠢ ᠣᠷᠴᠢᠨ ᠲᠣᠭᠤᠷᠢᠨ ᠤ | ᠪᠣᠬᠢᠷᠳᠣᠯ ᠦᠭᠡᠢ ᠡᠷᠬᠢᠯᠳᠡᠳᠦ ᠬᠦᠭᠵᠢᠯᠳᠡ ᠳᠤ ᠬᠦᠴᠦᠨ ᠨᠡᠮᠡᠷᠢᠯᠡᠨ᠎ᠡ᠃ ︵ᠲᠣᠯᠣᠭᠠᠶᠢᠯᠠᠭᠴᠢ ᠰᠠᠯᠠᠭ᠎ᠠ ᠮᠦᠴᠢᠷ᠄ ᠵᠠᠰᠠᠭ ᠤᠨ ᠣᠷᠳᠣᠨ ᠤ ᠠᠯᠪᠠᠨ ᠭᠡᠷ᠂ | ᠳ᠋ᠠᠶᠢᠲᠨ ᠲᠦᠪ︔ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠵᠣᠬᠢᠶᠠᠨ ᠪᠠᠶᠢᠭᠤᠯᠬᠤ ᠬᠡᠯᠳᠡᠰ᠂ ᠣᠬᠠᠭᠤᠯᠬᠤ ᠬᠡᠯᠳᠡᠰ᠂ ᠮᠠᠯ ᠲᠠᠷᠢᠶᠠᠯᠠᠩ ᠤᠨ ᠲᠣᠪᠴᠢᠶ᠎ᠠ᠂ ᠠᠵᠣ | ᠣᠶᠢᠯᠠᠳᠪᠦᠷᠢ ᠮᠡᠳᠡᠭᠡ ᠵᠠᠩᠬᠢᠴᠢᠯᠠᠯᠳᠠ ᠪᠣᠯᠣᠨ ᠰᠢᠨᠵᠢᠯᠡᠭᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠰᠢᠨᠵᠢᠯᠡᠭᠡᠮᠡᠷᠭᠡᠵᠢᠯ ᠤᠨ ᠨᠡᠶᠢᠬᠡᠮᠯᠢᠭ᠂ ᠰᠣᠷᠭᠠᠨ ᠬᠦᠮᠦᠵᠢᠯ ᠪᠡᠶ᠎ᠡ ᠲᠠᠮᠢᠷ ᠤᠨ ᠲᠣᠪᠴᠢᠶ᠎ᠠ᠂ ᠡᠯ᠎ᠡ ᠪᠠᠯᠭᠠᠰᠦ︶ | ︵ᠬᠤᠶᠠᠷ︶ ᠣᠳᠦ ᠦᠶ᠎ᠡ ᠶᠢᠨ ᠮᠠᠯ ᠲᠠᠷᠢᠶᠠᠯᠠᠩ ᠤᠨ ᠣᠶᠢᠯᠠᠰ ᠤᠨ ᠬᠦᠷᠢᠶᠡᠯᠡᠩ ᠪᠠᠶᠢᠭᠤᠯᠣᠨ᠎ᠠ | 1. ᠣᠳᠦ ᠦᠶ᠎ᠡ ᠶᠢᠨ ᠮᠠᠯ ᠲᠠᠷᠢᠶᠠᠯᠠᠩ ᠤᠨ ᠴᠢᠨᠠᠷᠢᠯᠢᠭ ᠬᠦᠭᠵᠢᠯᠳᠡ ᠶᠢᠨ ᠬᠠᠷᠠᠯᠳᠠ ᠳᠤ ᠴᠢᠭᠯᠡᠭᠦᠯᠦᠨ᠂ ᠪᠦᠬᠦ ᠬᠦᠴᠦᠨ ᠢᠶᠠᠷ ᠲᠠᠬᠢᠯᠳᠦ ᠶᠢᠨ ᠣᠳᠣ | ᠦᠶ᠎ᠡ ᠶᠢᠨ ᠮᠠᠯ ᠲᠠᠷᠢᠶᠠᠯᠠᠩ ᠤᠨ ᠠᠭᠤᠰᠣᠯᠴᠠᠯ ᠬᠦᠭᠵᠢᠯᠳᠡ ᠶᠢᠨ ᠲᠠᠭᠤᠷᠢᠶᠠᠯ ᠬᠦᠷᠢᠶᠡᠯᠡᠩ ᠢ ᠪᠠᠶᠢᠭᠤᠯᠵᠣ᠂ ᠠᠵᠣ ᠣᠶᠢᠯᠠᠰ ᠤᠨ ᠡᠯᠧᠮᠧᠨ᠋ᠲ ᠲᠦᠪᠯᠡᠷᠡᠩᠭᠦᠢ᠂ | ᠣᠷᠣᠨ ᠪᠠᠶᠢᠷᠢᠰᠢᠯ ᠤᠨ ᠲᠠᠪᠠᠭᠤᠯᠢᠭ ᠲᠣᠪᠣᠶᠢᠮ᠎ᠠ᠂ ᠰᠠᠴᠣᠷᠠᠭ ᠲᠠᠶᠢᠴᠢᠯᠠᠯᠳᠠ ᠢᠯᠡᠷᠭᠡᠢ ᠵᠡᠷᠭᠡ ᠰᠠᠭᠤᠷᠢ ᠨᠦᠭᠦᠴᠡᠯ ᠳᠤ ᠪᠠᠨ ᠲᠦᠰᠢᠭᠯᠡᠨ᠂ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠠᠷᠠᠯᠵᠢᠶᠠᠨ ᠤ ᠵᠠᠬ᠎ᠠ ᠲᠡᠯᠭᠡᠭᠦᠷ᠂ ᠢᠳᠡᠰᠢᠨ ᠨᠣᠭᠤᠭ᠎ᠠ ᠭᠤᠸ᠎ᠠ ᠵᠢᠮᠢᠰ ᠤᠨ ᠴᠢᠬᠢ ᠪᠣᠶᠢᠵᠢᠭᠤᠯᠣᠯᠳᠠ᠂ ᠲᠡᠵᠢᠭᠡᠨ ᠦᠷᠡᠵᠢᠭᠦᠯᠭᠡ ᠶᠢᠨ ᠵᠢᠱᠢᠶ᠎ᠡ | ᠦᠵᠡᠭᠦᠯᠬᠦ ᠲᠣᠭᠤᠷᠢᠭ᠂ ᠲᠠᠷᠢᠶᠠᠯᠠᠩ ᠤᠨ ᠪᠦᠳᠦᠭᠡᠭᠳᠡᠭᠦᠨ ᠢ ᠨᠠᠷᠢᠯᠢᠭ ᠪᠣᠯᠪᠠᠰᠣᠷᠠᠭᠤᠯᠬᠤ ᠲᠦᠷᠦᠯ ᠵᠣᠶᠢᠯ ᠤᠨ ᠲᠣᠭᠤᠷᠢᠭ᠂ ᠮᠠᠯ ᠤᠨ ᠠᠰᠢᠭ ᠰᠢᠮ᠎ᠡ ᠶᠢ | ᠪᠣᠯᠪᠠᠰᠣᠷᠠᠭᠤᠯᠬᠤ ᠲᠣᠭᠤᠷᠢᠭ ᠵᠡᠷᠭᠡ ᠴᠢᠳᠠᠪᠬᠢ ᠶᠢ ᠠᠭᠤᠰᠣᠯᠴᠠᠭᠤᠯᠵᠣ᠂ ᠮᠠᠯ ᠲᠠᠷᠢᠶᠠᠯᠠᠩ ᠤᠨ ᠲᠤᠭ᠎ᠠ ᠪᠠᠷᠢᠮᠳᠠ ᠶᠢᠨ ᠵᠠᠳᠠᠯᠣᠯᠳᠠ᠂ ᠪᠦᠳᠦᠭᠡᠭᠳᠡᠭᠦᠨ ᠤ | ᠠᠷᠠᠯᠵᠢᠶ᠎ᠡ᠂ ᠰᠢᠨ᠎ᠡ ᠮᠡᠷᠭᠡᠵᠢᠯ ᠤᠨ ᠲᠦᠭᠡᠮᠡᠯᠵᠢᠭᠦᠯᠦᠯᠳᠡ᠂ ᠰᠢᠨ᠎ᠡ ᠲᠦᠷᠦᠯ ᠡᠭᠦᠯᠳᠡᠷ ᠤᠨ ᠪᠣᠶᠢᠵᠢᠭᠤᠯᠣᠯᠳᠠ᠂ ᠮᠡᠳᠡᠭᠡ ᠵᠠᠩᠬᠢ ᠶᠢᠨ ᠨᠡᠶᠢᠳᠡᠯᠡᠯ᠂ ᠪᠣᠬᠢᠷᠳᠣᠯ | ᠦᠭᠡᠢ ᠪᠠᠳᠣᠯᠠᠭ᠎ᠠ ᠶᠢ ᠴᠣᠭᠴᠠᠵᠢᠭᠤᠯᠣᠭᠰᠠᠨ ᠣᠳᠦ ᠦᠶ᠎ᠡ ᠶᠢᠨ ᠮᠠᠯ ᠲᠠᠷᠢᠶᠠᠯᠠᠩ ᠤᠨ ᠠᠭᠤᠰᠣᠯᠴᠠᠯ ᠬᠦᠭᠵᠢᠯᠳᠡ ᠶᠢᠨ ᠵᠢᠱᠢᠶ᠎ᠡ ᠦᠵᠡᠭᠦᠯᠬᠦ ᠬᠦᠷᠢᠶᠡᠯᠡᠩ ᠢ | ᠪᠠᠶᠢᠭᠤᠯᠣᠨ᠎ᠠ᠃ ︵ᠲᠣᠯᠣᠭᠠᠶᠢᠯᠠᠭᠴᠢ ᠰᠠᠯᠠᠭ᠎ᠠ ᠮᠦᠴᠢᠷ᠄ ᠮᠠᠯ ᠲᠠᠷᠢᠶᠠᠯᠠᠩ ᠤᠨ ᠲᠣᠪᠴᠢᠶ᠎ᠠ︔ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠣᠯᠵᠠᠴᠢ ᠪᠠᠯᠭᠠᠰᠦ᠂ | ᠠᠵᠣ ᠣᠶᠢᠯᠠᠳᠪᠦᠷᠢ ᠮᠡᠳᠡᠭᠡ ᠵᠠᠩᠬᠢᠴᠢᠯᠠᠯᠳᠠ ᠪᠣᠯᠣᠨ ᠰᠢᠨᠵᠢᠯᠡᠭᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ︶ | 2. ᠣᠶᠣᠨᠴᠢ ᠲᠠᠷᠢᠶᠠᠯᠠᠩ ᠤᠨ ᠬᠦᠭᠵᠢᠯᠳᠡ ᠶᠢ ᠠᠬᠢᠭᠤᠯᠣᠨ᠎ᠠ᠃ ᠣᠶᠣᠨᠴᠢ ᠲᠠᠷᠢᠶᠠᠯᠠᠩ ᠤᠨ ᠲᠠᠯᠠᠪᠠᠢ ᠶᠢ ᠪᠠᠶᠢᠭᠤᠯᠵᠣ᠂ ᠲᠠᠷᠢᠶᠠᠨ ᠭᠠᠵᠠᠷ ᠲᠤ ᠲᠠᠷᠢᠶᠠᠯᠠᠩ | ᠤᠨ ᠪᠣᠳᠠᠰ ᠤᠨ ᠢᠨᠲ᠋ᠧᠷ ᠰᠦᠯᠵᠢᠶᠡᠨ ᠤ ᠮᠡᠷᠭᠡᠵᠢᠯ ᠢ ᠣᠷᠣᠭᠤᠯᠣᠨ᠂ ᠣᠨᠣᠪᠴᠢᠳᠠᠢ ᠰᠠᠴᠣᠵᠣ ᠲᠠᠷᠢᠬᠤ᠂ ᠣᠰᠣ ᠪᠣᠷᠳᠣᠭᠤᠷ ᠢ ᠢᠵᠢ ᠴᠣᠭᠴᠠᠵᠢᠭᠤᠯᠣᠨ | ᠡᠵᠡᠮᠳᠡᠬᠦ᠂ ᠣᠶᠣᠨᠴᠢ ᠪᠠᠷ ᠲᠠᠷᠢᠵᠣ ᠠᠷᠠᠴᠢᠯᠠᠬᠤ ᠪᠠ ᠲᠠᠷᠢᠶᠠᠨ ᠭᠠᠵᠠᠷ ᠤᠨ ᠴᠠᠭ ᠠᠭᠤᠷ ᠤᠨ ᠪᠠᠶᠢᠳᠠᠯ ᠪᠣᠯᠣᠨ ᠭᠠᠮᠰᠢᠭ ᠢ ᠣᠷᠢᠳᠴᠢᠯᠠᠨ ᠰᠡᠷᠡᠮᠵᠢᠯᠡᠭᠦᠯᠬᠦ | ᠣᠶᠣᠨᠴᠢ ᠰᠢᠰᠲ᠋ᠧᠮ᠂ ᠲᠠᠭᠠᠭᠤᠯᠢ ᠣᠳᠣ ᠵᠢᠴᠢ ᠠᠯᠣᠰ ᠤᠨ ᠡᠵᠡᠮᠰᠢᠯ ᠤᠨ ᠨᠢᠰᠭᠡᠯ ᠢᠶᠠᠷ ᠪᠦᠬᠦ ᠪᠣᠶᠢᠵᠢᠯᠳᠠ ᠶᠢᠨ ᠬᠤᠭᠤᠴᠠᠭ᠎ᠠ ᠪᠣᠯᠣᠨ ᠡᠪᠡᠳᠴᠢᠨ ᠬᠤᠷᠣᠬᠠᠢ | ᠶᠢᠨ ᠬᠦᠨᠦᠭᠡᠯ ᠤᠨ ᠠᠦ᠋ᠲ᠋ᠤ᠋ ᠰᠢᠰᠲ᠋ᠧᠮ ᠣᠭᠰᠠᠷᠠᠬᠤ ᠶᠢ ᠪᠡᠶᠡᠯᠡᠭᠦᠯᠵᠣ᠂ ᠬᠦᠷᠢᠶᠡᠯᠡᠩ ᠲᠣᠳᠣᠷᠠᠬᠢ ᠲᠠᠷᠢᠮᠠᠯ ᠤᠨ ᠪᠦᠬᠦ ᠪᠣᠶᠢᠵᠢᠯᠳᠠ ᠶᠢᠨ ᠬᠤᠭᠤᠴᠠᠭᠠᠨ ᠤ ᠪᠠᠶᠢᠳᠠᠯ | ᠪᠣᠯᠣᠨ ᠬᠡᠪ ᠴᠢᠨᠰᠠᠭ᠎ᠠ ᠳᠤ ᠭᠤᠷᠪᠠᠨ ᠬᠡᠮᠵᠢᠯ ᠤᠨ ᠬᠡᠮᠵᠢᠯᠳᠠ᠂ ᠣᠨᠠᠯᠳᠠ ᠶᠢᠨ ᠦᠨᠡᠯᠡᠯᠳᠡ ᠪᠣᠯᠣᠨ ᠡᠵᠡᠮᠳᠡᠯ ᠬᠠᠮᠢᠶᠠᠷᠣᠯᠳᠠ ᠶᠠᠪᠣᠭᠳᠠᠭᠤᠯᠣᠨ᠂ ᠲᠠᠷᠢᠶᠠᠯᠠᠩ | ᠣᠶᠢᠯᠠᠳᠪᠦᠷᠢᠯᠠᠯ ᠢ ᠬᠤᠷᠣᠭᠳᠠᠯ ᠪᠠᠭ᠎ᠠ ᠦᠨᠳᠦᠷ ᠠᠰᠢᠭ ᠲᠠᠢ ᠪᠣᠯᠭᠠᠨ᠂ ᠪᠦᠳᠦᠭᠡᠭᠳᠡᠭᠦᠨ ᠤ ᠰᠢᠯᠢᠳᠡᠭ ᠴᠢᠨᠠᠷᠳᠠᠢ ᠦᠨᠳᠦᠷ ᠣᠨᠠᠯᠳᠠ ᠶᠢ ᠪᠠᠶᠠᠯᠠᠭᠦᠯᠦᠨ᠎ᠠ᠃ | ᠣᠶᠣᠨᠳᠦ ᠬᠦᠯᠡᠮᠵᠢ ᠪᠠᠶᠢᠭᠤᠯᠣᠨ᠂ ᠪᠣᠳᠠᠰ ᠤᠨ ᠢᠨᠲ᠋ᠧᠷ ᠰᠦᠯᠵᠢᠶᠡᠨ ᠤ ᠰᠢᠰᠲ᠋ᠧᠮ ᠤᠨ ᠡᠵᠡᠮᠳᠡᠯ ᠢᠶᠠᠷ ᠬᠦᠷᠦᠰᠦ ᠰᠢᠷᠦᠢ ᠶᠢᠨ ᠲᠣᠯᠠᠭᠠᠨ᠂ ᠬᠦᠷᠦᠰᠦ ᠰᠢᠷᠦᠢ | ᠶᠢᠨ ᠴᠢᠬᠢᠭ ᠤᠨ ᠪᠠᠶᠢᠳᠠᠯ᠂ ᠬᠦᠷᠦᠰᠦ ᠰᠢᠷᠦᠢ ᠶᠢᠨ ᠲᠠᠪᠣᠰᠦ᠂ PH ᠬᠡᠮᠵᠢᠭᠳᠡᠯ᠂ ᠲᠣᠨᠣᠳᠠᠰᠣᠨ ᠤ ᠬᠡᠮᠵᠢᠶ᠎ᠡ᠂ ᠠᠭᠠᠷ ᠤᠨ ᠲᠣᠯᠠᠭᠠᠨ ᠴᠢᠬᠢᠭ ᠤᠨ ᠬᠡᠮᠵᠢᠶ᠎ᠡ᠂ | ᠠᠭᠠᠷ ᠤᠨ ᠲᠠᠷᠣᠯᠳᠠ᠂ ᠭᠡᠷᠡᠯ ᠤᠨ ᠲᠣᠰᠣᠯᠳᠠ᠂ ᠣᠷᠭᠤᠮᠠᠯ ᠤᠨ ᠰᠢᠮ᠎ᠡ ᠲᠡᠵᠢᠭᠡᠯ ᠤᠨ ᠭᠦᠢᠴᠡᠳᠬᠡᠯ ︵ᠰᠢᠮ᠎ᠡ ᠲᠡᠵᠢᠭᠡᠯ᠂ ᠣᠰᠣ᠂ ᠪᠢᠴᠢᠯ ᠡᠯᠧᠮᠧᠨ᠋ᠲ ᠵᠡᠷᠭᠡ︶ | ᠵᠢᠴᠢ ᠣᠷᠭᠤᠮᠠᠯ ᠤᠨ ᠹᠢᠽᠢᠣᠯᠣᠬᠢ ᠠᠮᠢ ᠠᠬᠤᠢ ᠵᠡᠷᠭᠡ ᠲᠤᠭ᠎ᠠ ᠪᠠᠷᠢᠮᠳᠠ ︵ᠣᠷᠭᠤᠮᠠᠯ ᠤᠨ ᠡᠰᠢ ᠰᠦᠷᠡᠯ ᠤᠨ ᠬᠤᠪᠢᠷᠠᠯᠳᠠ᠂ ᠦᠷ᠎ᠡ ᠵᠢᠮᠢᠰ ᠤᠨ ᠪᠣᠯᠪᠠᠰᠣᠷᠠᠯᠳᠠ᠂ | ᠨᠠᠪᠴᠢᠨ ᠤ ᠲᠣᠯᠠᠭᠠᠨ᠂ ᠡᠰᠢ ᠶᠢᠨ ᠣᠷᠣᠰᠬᠠᠯ ᠵᠡᠷᠭᠡ︶ ᠶᠢ ᠴᠠᠭ ᠲᠣᠬᠠᠢ ᠳᠤ ᠨᠢ ᠴᠣᠭᠯᠠᠭᠤᠯᠬᠤ ᠪᠠ ᠬᠢᠨᠠᠨ ᠡᠵᠡᠮᠳᠡᠵᠣ᠂ ᠲᠤᠭ᠎ᠠ ᠪᠠᠷᠢᠮᠳᠠ ᠶᠢᠨ ᠬᠤᠪᠢᠷᠠᠯᠳᠠ | ᠶᠢ ᠦᠨᠳᠦᠰᠦᠯᠡᠨ ᠲᠣᠯᠠᠭᠠᠨ ᠢ ᠡᠵᠡᠮᠰᠢᠬᠦ ᠰᠢᠰᠲ᠋ᠧᠮ᠂ ᠣᠰᠣᠯᠠᠯᠳᠠ ᠶᠢᠨ ᠰᠢᠰᠲ᠋ᠧᠮ ᠵᠡᠷᠭᠡ ᠶᠢ ᠴᠠᠭ ᠲᠣᠬᠠᠢ ᠳᠤ ᠨᠢ ᠲᠣᠬᠢᠷᠠᠭᠤᠯᠬᠤ ᠪᠣᠶᠣ ᠠᠦ᠋ᠲ᠋ᠤ᠋ ᠡᠵᠡᠮᠰᠢᠯ | ᠢᠶᠠᠷ ᠲᠣᠬᠢᠷᠠᠭᠤᠯᠣᠨ᠎ᠠ᠃ ᠡᠭᠦᠨ ᠤ ᠬᠠᠮᠳᠦ ᠬᠦᠯᠡᠮᠵᠢ ᠶᠢᠨ ᠬᠠᠮᠢᠶᠠᠷᠣᠯᠳᠠ ᠶᠢᠨ ᠬᠡᠪᠴᠢᠶᠠᠨ ᠳᠤ 360。 ᠪᠦᠬᠦ ᠪᠠᠶᠢᠷᠢ ᠶᠢᠨ ᠬᠡᠳᠦ ᠣᠯᠠᠭᠠᠨ ᠤ ᠰᠠᠴᠣᠷᠠᠭ ᠢᠶᠠᠷ | ᠵᠢᠷᠤᠭ ᠠᠪᠬᠤ ᠮᠠᠰᠢᠨ ᠣᠭᠰᠠᠷᠠᠨ᠂ ᠲᠠᠷᠢᠮᠠᠯ ᠤᠨ ᠪᠣᠶᠢᠵᠢᠯᠳᠠ ᠶᠢᠨ ᠪᠠᠶᠢᠳᠠᠯ᠂ ᠲᠦᠬᠦᠭᠡᠷᠦᠮᠵᠢ ᠶᠢᠨ ᠠᠯᠣᠰ ᠡᠵᠡᠮᠳᠡᠯ ᠢᠶᠠᠷ ᠭᠦᠢᠴᠡᠳᠬᠡᠬᠦ ᠪᠠᠶᠢᠳᠠᠯ᠂ ᠬᠦᠮᠦᠨ ᠤ | ᠬᠦᠴᠦᠨ ᠤ ᠣᠶᠢᠯᠠᠳᠪᠦᠷᠢᠯᠠᠯ ᠤᠨ ᠪᠠᠶᠢᠳᠠᠯ ᠵᠡᠷᠭᠡ ᠶᠢ ᠴᠠᠭ ᠲᠣᠬᠠᠢ ᠳᠤ ᠨᠢ ᠠᠵᠢᠭᠯᠠᠵᠣ᠂ ᠬᠦᠯᠡᠮᠵᠢ ᠳᠠᠬᠢ ᠲᠠᠷᠢᠮᠠᠯ ᠤᠨ ᠪᠦᠬᠦ ᠶᠠᠪᠣᠴᠠ ᠶᠢᠨ ᠠᠦ᠋ᠲ᠋ᠣᠨᠴᠢᠯᠠᠯᠳᠠ | ᠶᠢ ᠪᠡᠶᠡᠯᠡᠭᠦᠯᠦᠨ᠎ᠡ᠃ ︵ᠲᠣᠯᠣᠭᠠᠶᠢᠯᠠᠭᠴᠢ ᠰᠠᠯᠠᠭ᠎ᠠ ᠮᠦᠴᠢᠷ᠄ ᠮᠠᠯ ᠲᠠᠷᠢᠶᠠᠯᠠᠩ ᠤᠨ ᠲᠣᠪᠴᠢᠶ᠎ᠠ︔ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠳ᠋ᠠᠶᠢᠲᠨ ᠲᠦᠪ᠂ | ᠡᠯ᠎ᠡ ᠪᠠᠯᠭᠠᠰᠦ︶ | 3. ᠲᠣᠭᠠᠴᠠᠯᠠᠭᠰᠠᠨ ᠮᠠᠯᠵᠢᠯ ᠤᠨ ᠬᠦᠭᠵᠢᠯᠳᠡ ᠶᠢ ᠠᠬᠢᠭᠤᠯᠣᠨ᠎ᠠ᠃ ᠰᠢᠨ᠎ᠡ ᠬᠡᠯᠪᠡᠷᠢ ᠶᠢᠨ ᠮᠠᠯ ᠲᠠᠷᠢᠶᠠᠯᠠᠩ ᠤᠨ ᠡᠵᠡᠩᠨᠡᠯᠳᠡ ᠶᠢᠨ ᠭᠤᠣᠯ ᠴᠣᠭᠴᠠ ᠶᠢ | ᠪᠣᠵᠠᠭᠠᠶᠢᠷᠠᠭᠤᠯᠣᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠪᠦᠬᠦ ᠬᠡᠯᠬᠢᠶᠡᠵᠢᠯ ᠤᠨ ᠨᠡᠭᠡᠮᠵᠢᠯᠡᠬᠦ ᠲᠠᠪᠴᠠᠩ ᠪᠠᠶᠢᠭᠤᠯᠵᠣ᠂ ᠲᠡᠵᠢᠭᠡᠨ ᠦᠷᠡᠵᠢᠭᠦᠯᠭᠡ ᠶᠢᠨ | ᠲᠠᠯᠠᠪᠣᠷ ︵ᠨᠢᠳᠦᠯᠠᠭᠠ᠂ ᠲᠡᠵᠢᠭᠡᠯ ᠪᠣᠷᠳᠤᠭ᠎ᠠ᠂ ᠮᠡᠯ ᠤᠨ ᠡᠮ ᠤᠨ ᠠᠵᠣ ᠠᠬᠤᠶᠢᠯᠠᠯ ᠵᠡᠷᠭᠡ︶ ᠲᠠᠢ ᠲᠤᠭ᠎ᠠ ᠪᠠᠷᠢᠮᠳᠠ ᠪᠠᠨ ᠰᠢᠭᠤᠳ ᠬᠤᠯᠪᠣᠨ ᠰᠢᠭᠤᠳ | ᠮᠡᠳᠡᠭᠦᠯᠬᠦ ᠶᠢ ᠠᠬᠢᠭᠤᠯᠣᠨ᠂ ︽ᠨᠢᠭᠡ ᠲᠠᠯᠠᠪᠣᠷ ︵ᠠᠵᠣ ᠠᠬᠤᠶᠢᠯᠠᠯ︶ ᠨᠢᠭᠡ ᠺᠣᠳ᠋᠂ ᠨᠢᠭᠡ ᠮᠠᠯ ︵ᠵᠢᠭᠦᠷᠳᠡᠨ︶ ᠨᠢᠭᠡ ᠲᠡᠮᠳᠡᠭ᠂ ᠨᠢᠭᠡ ᠪᠦᠳᠦᠭᠡᠭᠳᠡᠭᠦᠨ ᠨᠢᠭᠡ | ᠺᠣᠳ᠋︾ ᠤᠨ ᠬᠦᠳᠡᠯᠦᠩᠭᠦᠢ ᠲᠤᠭ᠎ᠠ ᠪᠠᠷᠢᠮᠳᠠ ᠶᠢᠨ ᠬᠦᠮᠦᠷᠭᠡ ᠶᠢ ᠪᠠᠶᠢᠭᠤᠯᠵᠣ᠂ ᠮᠠᠯ ᠠᠵᠣ ᠠᠬᠤᠢ ᠶᠢᠨ ᠣᠶᠢᠯᠠᠳᠪᠦᠷᠢᠯᠠᠯ᠂ ᠭᠦᠢᠯᠭᠡᠭᠡ᠂ ᠨᠢᠳᠦᠯᠠᠭᠠ ᠶᠢᠨ ᠡᠯ᠎ᠡ | ᠭᠤᠭᠴᠣᠭᠠᠨ ᠤ ᠵᠡᠩᠬᠢ ᠶᠢᠨ ᠨᠡᠪᠳᠡᠷᠡᠯᠴᠡᠭᠡ ᠶᠢ ᠪᠡᠶᠡᠯᠡᠭᠦᠯᠦᠨ᠎ᠡ᠃ ᠡᠭᠦᠨ ᠤ ᠬᠠᠮᠳᠦ᠂ ᠠᠦ᠋ᠲ᠋ᠣᠨᠴᠢᠯᠠᠰᠠᠨ ᠡᠪᠡᠰᠦ ᠨᠠᠶᠢᠷᠠᠬᠤ ᠮᠠᠰᠢᠨ᠂ ᠲᠡᠵᠢᠭᠡᠬᠦ ᠮᠠᠰᠢᠨ᠂ | ᠣᠰᠣᠯᠠᠬᠤ ᠮᠠᠰᠢᠨ ᠵᠡᠷᠭᠡ ᠣᠶᠣᠨᠴᠢᠯᠠᠭᠰᠠᠨ ᠲᠦᠬᠦᠭᠡᠷᠦᠮᠵᠢ ᠶᠢ ᠰᠣᠳᠣᠯᠣᠨ ᠨᠡᠭᠡᠭᠡᠵᠣ᠂ ᠬᠡᠷᠡᠭᠯᠡᠯᠳᠡ ᠪᠠ ᠲᠦᠭᠡᠮᠡᠵᠢᠯᠡᠯᠳᠡ ᠶᠢ ᠠᠬᠢᠭᠤᠯᠣᠨ᠂ ᠲᠡᠵᠢᠭᠡᠨ | ᠦᠷᠡᠵᠢᠭᠦᠯᠭᠡ ᠶᠢᠨ ᠬᠡᠪᠴᠢᠶᠡᠵᠢᠭᠰᠡᠨ ᠬᠦᠭᠵᠢᠯᠳᠡ ᠶᠢ ᠠᠬᠢᠭᠤᠯᠣᠨ᠎ᠠ᠃ ︵ᠲᠣᠯᠣᠭᠠᠶᠢᠯᠠᠭᠴᠢ ᠰᠠᠯᠠᠭ᠎ᠠ ᠮᠦᠴᠢᠷ᠄ ᠮᠠᠯ ᠲᠠᠷᠢᠶᠠᠯᠠᠩ ᠤᠨ ᠲᠣᠪᠴᠢᠶ᠎ᠠ︔ | ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠠᠵᠣ ᠣᠶᠢᠯᠠᠳᠪᠦᠷᠢ ᠮᠡᠳᠡᠭᠡ ᠵᠠᠩᠬᠢᠴᠢᠯᠠᠯᠳᠠ ᠪᠣᠯᠣᠨ ᠰᠢᠨᠵᠢᠯᠡᠭᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ | ᠳ᠋ᠠᠶᠢᠲᠨ ᠲᠦᠪ᠂ ᠡᠯ᠎ᠡ ᠪᠠᠯᠭᠠᠰᠦ︶ | 4. ᠮᠠᠯᠵᠢᠬᠤ ᠲᠠᠷᠢᠶᠠᠯᠠᠬᠤ ᠣᠷᠣᠨ ᠤ ᠭᠦᠢᠯᠭᠡᠭᠡᠨ ᠤ ᠣᠶᠢᠯᠡᠴᠢᠯᠡᠭᠡ ᠶᠢᠨ ᠪᠠᠶᠢᠭᠤᠯᠣᠯᠳᠠ ᠶᠢ ᠲᠦᠷᠭᠡᠳᠬᠡᠨ᠎ᠡ᠃ ︽ᠢᠨᠲ᠋ᠧᠷ ᠰᠦᠯᠵᠢᠶ᠎ᠡ +︾ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠬᠦᠳᠡᠭᠡ ᠲᠣᠰᠬᠤᠨ ᠠᠴᠠ ᠭᠠᠷᠴᠣ ᠬᠤᠳᠠ ᠣᠷᠣᠬᠤ ᠢᠨᠵᠧᠨᠧᠷᠢᠩ ᠢ ᠬᠡᠷᠡᠭᠵᠢᠭᠦᠯᠦᠨ᠂ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠪᠣᠯᠪᠠᠰᠣᠷᠠᠭᠤᠯᠣᠯᠳᠠ᠂ ᠪᠣᠭᠤᠳᠠᠯᠠᠯᠳᠠ᠂ ᠬᠦᠢᠳᠡ ᠬᠡᠯᠬᠢᠶ᠎ᠡ᠂ ᠬᠦᠮᠦᠷᠭᠡᠯᠡᠯᠳᠡ ᠵᠡᠷᠭᠡ ᠲᠦᠬᠦᠭᠡᠷᠦᠮᠵᠢ ᠶᠢᠨ ᠪᠠᠶᠢᠭᠤᠯᠣᠯᠳᠠ ᠶᠢ ᠴᠢᠩᠭᠠᠳᠬᠠᠨ᠎ᠠ᠃ | ᠰᠢᠨ᠎ᠡ ᠬᠡᠯᠪᠡᠷᠢ ᠶᠢᠨ ᠬᠦᠳᠡᠭᠡ ᠲᠣᠰᠬᠤᠨ ᠤ ᠮᠠᠯ ᠲᠠᠷᠢᠶᠠᠯᠠᠩ ᠤᠨ ᠲᠡᠮᠵᠢᠯᠭᠡ ᠶᠢᠨ ᠣᠶᠢᠯᠡᠴᠢᠯᠡᠭᠡᠨ ᠤ ᠲᠠᠭᠤᠷᠢᠶᠠᠯ ᠲᠣᠭᠳᠠᠯᠴᠠᠭᠠᠨ ᠤ ᠪᠠᠶᠢᠭᠤᠯᠣᠯᠳᠠ ᠶᠢ | ᠲᠦᠷᠭᠡᠳᠬᠡᠨ᠂ ᠮᠠᠯᠵᠢᠬᠤ ᠲᠠᠷᠢᠶᠠᠯᠠᠬᠤ ᠣᠷᠣᠨ ᠤ ᠪᠣᠳᠠᠰ ᠤᠨ ᠭᠦᠢᠯᠭᠡᠭᠡᠨ ᠤ ᠲᠣᠬᠢᠷᠠᠭᠤᠯᠣᠨ ᠬᠦᠷᠭᠡᠬᠦ ᠲᠣᠭᠳᠠᠯᠴᠠᠭᠠᠨ ᠤ ᠬᠡᠪᠴᠢᠶᠡᠵᠢᠯᠳᠠ᠂ ᠲᠣᠰᠬᠠᠶᠢᠵᠢᠯᠳᠠ᠂ | ᠵᠠᠩᠬᠢᠴᠢᠯᠠᠯᠳᠠ ᠶᠢ ᠠᠬᠢᠭᠤᠯᠣᠨ᠎ᠠ᠃ ᠪᠣᠬᠢᠷᠳᠣᠯ ᠦᠭᠡᠢ ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠣᠨ᠂ ᠪᠣᠬᠢᠷᠳᠣᠯ ᠦᠭᠡᠢ ᠪᠣᠳᠠᠰ ᠤᠨ ᠭᠦᠢᠯᠭᠡᠭᠡ ᠶᠢ | ᠲᠦᠭᠡᠮᠵᠢᠯᠡᠭᠦᠯᠦᠨᠡ᠃ ᠡᠯᠧᠺᠲᠷᠣᠨ ᠬᠤᠳᠠᠯᠳᠤᠭ᠎ᠠ ᠶᠢ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠶᠢ ᠭᠦᠨᠵᠡᠭᠡᠶᠢᠷᠡᠭᠦᠯᠦᠨ᠂ ᠮᠠᠯᠵᠢᠬᠤ ᠲᠠᠷᠢᠶᠠᠯᠠᠬᠤ | ᠣᠷᠣᠨ ᠤ ᠡᠯᠧᠺᠲᠷᠣᠨ ᠬᠤᠳᠠᠯᠳᠣᠭᠠᠨ ᠤ ᠨᠡᠶᠢᠳᠡ ᠶᠢᠨ ᠣᠶᠢᠯᠡᠴᠢᠯᠡᠭᠡᠨ ᠤ ᠲᠣᠭᠳᠠᠯᠴᠠᠭ᠎ᠠ ᠶᠢ ᠲᠡᠭᠦᠯᠳᠡᠷᠵᠢᠭᠦᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠦᠭᠰᠦᠯᠳᠡ ᠶᠢ ᠦᠷᠭᠦᠯᠵᠢᠯᠡᠨ ᠲᠡᠮᠵᠢᠨ᠎ᠡ᠃ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠵᠢᠯᠣᠭᠤᠳᠬᠤ ᠲᠠᠪᠴᠠᠩ ᠪᠣᠯᠣᠨ | ᠡᠯᠧᠺᠲᠷᠣᠨ ᠬᠤᠳᠠᠯᠳᠣᠭᠠᠨ ᠤ ᠲᠠᠪᠴᠠᠩ ᠤᠨ ᠨᠡᠪᠳᠡᠷᠡᠯᠴᠡᠭᠡ ᠶᠢ ᠲᠡᠭᠦᠯᠳᠡᠷᠵᠢᠭᠦᠯᠵᠣ᠂ ᠮᠠᠯᠵᠢᠬᠤ ᠲᠠᠷᠢᠶᠠᠯᠠᠬᠤ ᠣᠷᠣᠨ ᠤ ᠣᠷᠣᠨ ᠨᠣᠳᠤᠭ ᠤᠨ ᠪᠦᠳᠦᠭᠡᠭᠳᠡᠭᠦᠨ | ᠤ ᠡᠵᠡᠩᠨᠡᠨ ᠪᠣᠷᠣᠯᠠᠭᠤᠯᠣᠯᠳᠠ ᠶᠢᠨ ᠠᠷᠭ᠎ᠠ ᠵᠠᠮ ᠢ ᠪᠦᠷᠢᠳᠦᠭᠦᠯᠦᠨ᠂ ᠰᠦᠯᠵᠢᠶᠡᠨ ᠪᠣᠷᠣᠯᠠᠭᠤᠯᠭ᠎ᠠ ᠵᠠᠬ᠎ᠠ ᠲᠡᠯᠭᠡᠭᠦᠷ ᠤᠨ ᠪᠣᠷᠣᠯᠠᠭᠤᠯᠭ᠎ᠠ ᠶᠢᠨ ᠠᠭᠤᠰᠣᠯᠴᠠᠯ | ᠬᠦᠭᠵᠢᠯᠳᠡ ᠶᠢ ᠠᠬᠢᠭᠤᠯᠣᠨ᠎ᠠ᠃ ︵ᠲᠣᠯᠣᠭᠠᠶᠢᠯᠠᠭᠴᠢ ᠰᠠᠯᠠᠭ᠎ᠠ ᠮᠦᠴᠢᠷ᠄ ᠠᠵᠣ ᠣᠶᠢᠯᠠᠳᠪᠦᠷᠢ ᠮᠡᠳᠡᠭᠡ ᠵᠠᠩᠬᠢᠴᠢᠯᠠᠯᠳᠠ ᠪᠣᠯᠣᠨ ᠰᠢᠨᠵᠢᠯᠡᠭᠦ ᠣᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ︔ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠮᠠᠯ ᠲᠠᠷᠢᠶᠠᠯᠠᠩ ᠤᠨ ᠲᠣᠪᠴᠢᠶ᠎ᠠ᠂ ᠳ᠋ᠠᠶᠢᠲᠨ ᠲᠦᠪ᠂ ᠬᠠᠩᠭᠠᠨ ᠪᠣᠷᠣᠯᠠᠭᠤᠯᠬᠤ ᠬᠤᠷᠰᠢᠶ᠎ᠠ | ᠂ ᠡᠯ᠎ᠡ ᠪᠠᠯᠭᠠᠰᠦ︶ | ︵ᠭᠤᠷᠪᠠ︶ ᠭᠤᠷᠪᠠᠨ ᠲᠦᠷᠤᠯ ᠤᠨ ᠳᠤᠭᠠᠴᠠᠯᠠᠭᠰᠡᠨ ᠳᠠᠭᠤᠷᠢᠶᠠᠯ ᠢᠨᠵᠧᠨᠧᠷᠢᠩ ᠢ ᠦᠷᠨᠢᠬᠦᠯᠤᠨ᠎ᠠ | 1. ᠨᠢᠬᠡ ᠳᠤᠭᠠᠴᠠᠯᠠᠭᠰᠡᠨ ᠬᠦᠳᠡᠭᠡ ᠳᠤᠰᠬᠤᠨ ᠤ ᠠᠵᠤ ᠤᠶᠢᠯᠡᠰ ᠤᠨ ᠳᠠᠭᠤᠷᠢᠶᠠᠯ ᠳᠤᠰᠬᠤᠨ ᠢ ᠪᠤᠢ ᠪᠤᠯᠭᠠᠨ᠎ᠠ᠃ ᠤᠷᠢᠳᠠᠪᠠᠷ ᠬᠡᠷᠡᠭᠵᠢᠬᠦᠯᠤᠨ ᠤᠷᠢᠳᠠᠪᠠᠷ | ᠳᠤᠷᠰᠢᠵᠤ᠂ ᠤᠯᠵᠠᠴᠢ ᠪᠠᠯᠭᠠᠰᠤᠨ ᠤ ᠭᠤᠷᠪᠠᠨ ᠪᠤᠯᠠᠭ ᠳᠤᠰᠬᠤᠨ ᠢ ᠳᠠᠭᠤᠷᠢᠶᠠᠯ ︽ᠳᠤᠭᠠᠴᠠᠯᠠᠭᠰᠡᠨ ᠬᠦᠳᠡᠭᠡ ᠳᠤᠰᠬᠤᠨ︾ ᠤ ᠳᠤᠷᠰᠢᠯᠳᠠ ᠶᠢᠨ ᠭᠠᠴᠠᠭ᠎ᠠ | ᠳᠤᠰᠬᠤᠨ ᠪᠤᠯᠭᠠᠵᠤ᠂ ᠠᠵᠤ ᠤᠶᠢᠯᠡᠰ ᠬᠦᠭᠵᠢᠩᠬᠦᠢ᠂ ᠠᠮᠢ ᠠᠬᠤᠢ ᠵᠤᠬᠢᠴᠠᠩᠭᠤᠢ᠂ ᠨᠤᠳᠤᠭ ᠤᠨ ᠰᠤᠷᠳᠠᠯ ᠪᠤᠯᠪᠠᠰᠤᠨ᠂ ᠨᠠᠶᠢᠬᠡᠮ ᠤᠨ ᠵᠠᠰᠠᠯᠳᠠ ᠪᠦᠳᠤᠮᠵᠢᠳᠠᠢ᠂ | ᠠᠵᠤ ᠠᠮᠢᠳᠤᠷᠠᠯ ᠴᠢᠨᠡᠬᠡᠯᠢᠭ ᠶᠡᠷᠤᠩᠬᠡᠢ ᠱᠠᠭᠠᠷᠳᠠᠯᠭ᠎ᠠ ᠶᠢᠨ ᠳᠤᠭᠤᠷᠢᠨ ᠳᠤ᠂ ᠬᠦᠳᠡᠭᠡ ᠳᠤᠰᠬᠤᠨ ᠤ ᠠᠵᠤ ᠤᠶᠢᠯᠡᠰ᠂ ᠠᠮᠢ ᠠᠬᠤᠢ ᠶᠢᠨ ᠤᠷᠴᠢᠨ ᠳᠤᠭᠤᠷᠢᠨ᠂ | ᠨᠠᠶᠢᠳᠠ ᠶᠢᠨ ᠤᠶᠢᠯᠡᠴᠢᠯᠡᠭᠡ᠂ ᠬᠦᠳᠡᠭᠡ ᠳᠤᠰᠬᠤᠨ ᠤ ᠵᠠᠰᠠᠯᠳᠠ ᠪᠠ ᠬᠦᠳᠡᠭᠡ ᠳᠤᠰᠬᠤᠨ ᠤ ᠠᠷᠠᠤᠨ ᠤᠨ ᠠᠮᠢᠳᠤᠷᠠᠯ ᠤᠨ ᠳᠤᠭᠠᠴᠠᠯᠠᠭᠰᠡᠨ ᠬᠢᠷᠢ ᠲᠦᠪᠰᠢᠨ ᠢ | ᠬᠦᠴᠤᠯᠡᠨ ᠳᠡᠬᠡᠭᠰᠢᠯᠡᠬᠦᠯᠤᠨ᠎ᠠ᠃ ᠢᠳᠡᠰᠢᠨ ᠨᠤᠭᠤᠭ᠎ᠠ ᠳᠠᠷᠢᠬᠤ ᠰᠠᠭᠤᠷᠢᠨ ᠭᠠᠵᠠᠷ᠂ ᠮᠠᠯ ᠳᠠᠷᠢᠶᠠᠯᠠᠩ ᠤᠨ ᠪᠦᠳᠤᠬᠡᠭᠳᠡᠬᠦᠨ ᠤ ᠬᠦᠢᠯᠬᠡᠬᠡ ᠬᠦᠷᠬᠡᠯᠳᠠ ᠶᠢᠨ ᠲᠦᠪ | ᠲᠤ ᠰᠠᠭᠤᠷᠢᠯᠠᠨ᠂ ᠬᠤᠪᠢ ᠬᠤᠪᠢᠨ ᠳᠤ ᠪᠠᠨ ᠨᠠᠷᠢᠯᠢᠭ ᠪᠤᠷᠤᠯᠠᠭᠤᠯᠬᠤ ᠳᠠᠪᠴᠠᠩ ᠳᠤ ᠲᠦᠰᠢᠭᠯᠡᠵᠤ᠂ ᠳᠠᠭᠤᠷᠢᠶᠠᠯ ᠠᠵᠤ ᠤᠶᠢᠯᠡᠰ ᠤᠨ ᠬᠦᠭᠵᠢᠯᠳᠠ ᠶᠢᠨ ᠳᠤᠭ᠎ᠠ | ᠪᠠᠷᠢᠮᠳᠠ ᠶᠢ ᠪᠦᠷᠢᠯᠳᠤᠬᠦᠯᠤᠨ᠎ᠠ︔ ᠬᠤᠭ ᠨᠤᠪᠰᠢ ᠶᠢᠨ ᠤᠶᠤᠨᠴᠢ ᠬᠤᠪᠢᠶᠠᠷᠢᠯᠠᠯᠳᠠ᠂ ᠴᠡᠪᠡᠷ ᠠᠷᠢᠭᠤᠨ ᠬᠡᠷ ᠬᠦᠷᠢᠶ᠎ᠡ᠂ ᠠᠶᠢᠯ ᠳᠤᠰᠬᠤᠨ ᠤ | ᠨᠤᠭᠤᠭᠠᠵᠢᠭᠤᠯᠤᠯᠳᠠ ᠪᠠᠷ ᠠᠷᠠᠤᠨ ᠤᠯᠠᠨ ᠳᠤ ᠠᠮᠢ ᠠᠬᠤᠢ ᠶᠢᠨ ᠰᠠᠭᠤᠷᠢᠰᠢᠬᠤ ᠳᠤ ᠳᠤᠬᠢᠷᠠᠮᠵᠢᠳᠠᠢ ᠤᠷᠴᠢᠨ ᠳᠤᠭᠤᠷᠢᠨ ᠢ ᠪᠦᠷᠢᠯᠳᠤᠬᠦᠯᠤᠨ᠎ᠠ︔ ᠪᠤᠯᠪᠠᠰᠤᠨ ᠤ | ᠤᠶᠢᠯᠡᠳᠤᠯᠬᠡ᠂ ᠳᠤᠰᠬᠤᠨ ᠤ ᠲᠦᠷᠢᠮ ᠠᠷᠠᠤᠨ ᠤᠨ ᠵᠢᠷᠤᠮᠯᠠᠯ᠂ ᠢᠳᠡᠬᠡᠮᠵᠢᠳᠤ ᠬᠦᠳᠡᠭᠡ ᠳᠤᠰᠬᠤᠨ ᠤ ᠬᠠᠮᠢᠶᠠᠷᠤᠯᠳᠠ ᠪᠠᠷ ᠳᠠᠭᠤᠷᠢᠶᠠᠯ ᠴᠡᠭ ᠤᠨ ᠪᠤᠯᠪᠠᠰᠤᠨ ᠤ | ᠰᠢᠰᠲ᠋ᠧᠮ ᠢ ᠪᠦᠷᠢᠯᠳᠤᠬᠦᠯᠤᠨ᠎ᠠ︔ ᠭᠤᠷᠪᠠᠨ ᠬᠡᠮᠵᠢᠯ ᠤᠨ ᠵᠢᠷᠤᠭᠳᠤ ᠬᠠᠮᠢᠶᠠᠷᠤᠯᠳᠠ᠂ ᠨᠢᠬᠡ ᠡᠷᠤᠬᠡ ᠨᠢᠬᠡ ᠺᠤᠳ᠋ ᠬᠠᠮᠢᠶᠠᠷᠤᠯᠳᠠ᠂ ᠠᠮᠤᠷ ᠠᠮᠤᠭᠤᠯᠠᠩ ᠬᠦᠳᠡᠭᠡ | ᠳᠤᠰᠬᠤᠨ᠂ ᠨᠠᠮ ᠤᠨ ᠪᠠᠶᠢᠭᠤᠯᠤᠯᠳᠠ᠂ ᠳᠤᠭᠠᠴᠠᠯᠠᠭᠰᠡᠨ ᠳᠤᠰᠬᠤᠨ ᠤ ᠶᠠᠪᠤᠳᠠᠯ᠂ ᠰᠦᠯᠵᠢᠶᠡᠨ ᠳᠡᠬᠡᠷ᠎ᠡ ᠬᠡᠷᠡᠭ ᠡᠷᠬᠢᠯᠡᠬᠦ ᠵᠡᠷᠬᠡ ᠪᠠᠷ ᠳᠠᠭᠤᠷᠢᠶᠠᠯ ᠴᠡᠭ ᠤᠨ | ᠪᠦᠳᠤᠮᠵᠢᠳᠠᠢ ᠵᠠᠰᠠᠯᠳᠠ ᠶᠢᠨ ᠬᠠᠮᠢᠶᠠᠷᠤᠯᠳᠠ ᠶᠢᠨ ᠪᠠᠭᠠᠵᠢ ᠪᠤᠯᠭᠠᠨ᠎ᠠ︔ ᠮᠡᠳᠡᠭᠡ ᠵᠠᠩᠬᠢᠴᠢᠯᠠᠯᠳᠠ ᠶᠢᠨ ᠠᠵᠢᠯ ᠢᠶᠠᠷ ᠡᠬᠢ ᠪᠠᠶᠠᠯᠢᠭ᠂ ᠬᠦᠴᠤᠨ ᠵᠦᠢᠯ ᠢ ᠬᠦᠳᠡᠭᠡ | ᠳᠤᠰᠬᠤᠨ ᠢ ᠬᠦᠴᠤᠷᠬᠡᠭᠵᠢᠬᠦᠯᠤᠨ ᠮᠠᠨᠳᠤᠭᠤᠯᠬᠤ ᠳᠡᠰᠢ ᠬᠤᠷᠠᠮᠳᠤᠭᠤᠯᠵᠤ᠂ ᠰᠢᠨ᠎ᠠ ᠴᠠᠭ ᠦᠶ᠎ᠡ ᠶᠢᠨ ᠮᠠᠯᠴᠢᠨ ᠳᠠᠷᠢᠶᠠᠴᠢᠨ ᠤ ᠴᠢᠨᠡᠬᠡᠯᠢᠭ ᠠᠮᠢᠳᠤᠷᠠᠯ ᠢ ᠪᠦᠬᠦ | ᠳᠠᠯ᠎ᠠ ᠪᠠᠷ ᠢᠯᠡᠷᠡᠬᠦᠯᠤᠨ᠎ᠠ᠃ ︵ᠳᠤᠯᠤᠭᠠᠶᠢᠯᠠᠭᠴᠢ ᠰᠠᠯᠠᠭ᠎ᠠ ᠮᠦᠴᠢᠷ᠄ ᠮᠠᠯ ᠳᠠᠷᠢᠶᠠᠯᠠᠩ ᠤᠨ ᠳᠤᠪᠴᠢᠶ᠎ᠠ᠂ ᠤᠯᠵᠠᠴᠢ ᠪᠠᠯᠭᠠᠰᠤ︔ ᠬᠠᠷᠢᠭᠤᠴᠠᠯᠭ᠎ᠠ ᠶᠢᠨ ᠰᠠᠯᠠᠭ᠎ᠠ | ᠮᠦᠴᠢᠷ᠄ ᠵᠤᠬᠢᠶᠠᠨ ᠪᠠᠶᠢᠭᠤᠯᠬᠤ ᠬᠡᠯᠳᠡᠰ᠂ ᠤᠬᠠᠭᠤᠯᠬᠤ ᠬᠡᠯᠳᠡᠰ᠂ ᠤᠯᠤᠰ ᠲᠦᠷᠤ ᠬᠠᠤᠯᠢ ᠴᠠᠭᠠᠵᠠ ᠶᠢᠨ ᠵᠦᠪᠯᠡᠯ᠂ ᠵᠠᠰᠠᠭ ᠤᠨ ᠶᠠᠪᠤᠳᠠᠯ ᠤᠨ ᠤᠶᠢᠯᠡᠴᠢᠯᠡᠬᠡᠨ | ᠤ ᠳᠤᠪᠴᠢᠶ᠎ᠠ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠠᠶᠢᠭᠤᠯᠤᠯᠳᠠ ᠶᠢᠨ ᠳᠤᠪᠴᠢᠶ᠎ᠠ᠂ ᠳ᠋ᠠᠶᠢᠲ᠋ᠠ ᠲᠦᠪ︶ | 2. ᠨᠢᠬᠡ ᠪᠦᠯᠦᠭ ᠳᠤᠭᠠᠴᠠᠯᠠᠭᠰᠡᠨ ᠮᠠᠯᠴᠢᠨ ᠳᠠᠷᠢᠶᠠᠴᠢᠨ ᠡᠷᠤᠬᠡ ᠢ ᠪᠤᠶᠢᠵᠢᠭᠤᠯᠤᠨ᠎ᠠ᠃ ᠳᠤᠭᠠᠴᠠᠯᠠᠭᠰᠡᠨ ᠬᠦᠳᠡᠭᠡ ᠳᠤᠰᠬᠤᠨ ᠤ ᠴᠢᠳᠠᠪᠤᠷᠢᠳᠠᠨ ᠢ | ᠬᠦᠮᠤᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠤᠨ᠂ ᠤᠯᠠᠨ ᠠᠷᠭ᠎ᠠ ᠠᠪᠴᠠᠯ ᠢᠶᠠᠷ ᠳᠤᠭᠠᠴᠠᠯᠠᠭᠰᠡᠨ ᠬᠦᠳᠡᠭᠡ ᠳᠤᠰᠬᠤᠨ ᠤ ᠬᠡᠷᠡᠭᠴᠡᠭᠡ ᠪᠦᠬᠦᠢ ᠤᠯᠠᠨ | ᠮᠡᠷᠬᠡᠵᠢᠯᠳᠤ ᠴᠢᠳᠠᠪᠤᠷᠢᠳᠠᠨ ᠪᠠ ᠳᠤᠰᠬᠠᠢ ᠲᠦᠷᠤᠯ ᠤᠨ ᠴᠢᠳᠠᠪᠤᠷᠢᠳᠠᠨ ᠢ ᠬᠦᠮᠤᠵᠢᠬᠦᠯᠵᠤ᠂ ᠨᠢᠬᠡ ᠪᠦᠯᠦᠭ ᠳᠤᠭᠠᠴᠠᠯᠠᠭᠰᠡᠨ ᠬᠦᠳᠡᠭᠡ ᠳᠤᠰᠬᠤᠨ ᠤ | ᠪᠠᠶᠢᠭᠤᠯᠤᠯᠳᠠ ᠶᠢᠨ ᠳᠤᠯᠤᠭᠠᠶᠢᠯᠠᠭᠴᠢ᠂ ᠳᠠᠭᠤᠷᠢᠶᠠᠯ ᠡᠷᠤᠬᠡ ᠶᠢ ᠴᠢᠷᠮᠠᠶᠢᠨ ᠪᠤᠶᠢᠵᠢᠭᠤᠯᠤᠨ᠂ ᠬᠦᠳᠡᠭᠡ ᠳᠤᠰᠬᠤᠨ ᠢ ᠬᠦᠴᠤᠷᠬᠡᠭᠵᠢᠬᠦᠯᠤᠨ ᠮᠠᠨᠳᠤᠭᠤᠯᠬᠤ ᠶᠢ ᠨᠠᠩ | ᠤᠶᠤᠨᠴᠢ ᠨᠠᠩ ᠴᠢᠨᠠᠷᠯᠢᠭ ᠪᠤᠯᠭᠠᠨ᠎ᠠ᠃ ᠳᠤᠭᠠᠴᠠᠯᠠᠭᠰᠡᠨ ᠮᠠᠯᠴᠢᠨ ᠳᠠᠷᠢᠶᠠᠴᠢᠨ ᠡᠷᠤᠬᠡ ᠶᠢ ᠬᠦᠮᠤᠵᠢᠬᠦᠯᠤᠨ᠂ ︽ᠤᠳᠤᠭ ᠤᠨ ᠡᠮᠤᠨᠡᠳᠤ ᠬᠤᠰᠢᠭᠤᠨ ᠤ | ᠳᠠᠷᠢᠶᠠᠯᠠᠩ ᠤᠨ ᠺᠤᠳ᠋︾ ᠢᠶᠠᠷ ᠠᠴᠢᠶᠠᠯᠠᠭᠴᠢ ᠪᠤᠯᠭᠠᠵᠤ᠂ ᠮᠠᠯ ᠳᠠᠷᠢᠶᠠᠯᠠᠩ ᠤᠨ ᠤᠶᠢᠯᠡᠤᠨᠪᠤᠷᠢᠯᠡᠯ ᠤᠨ ᠭᠤᠤᠯ ᠴᠤᠭᠴᠠ᠂ ᠮᠠᠯ ᠳᠠᠷᠢᠶᠠᠯᠠᠩ ᠤᠨ ᠪᠦᠳᠤᠬᠡᠭᠳᠡᠬᠦᠨ᠂ | ᠰᠤᠶᠤᠯ ᠵᠢᠭᠤᠯᠴᠢᠯᠠᠯ ᠤᠨ ᠪᠦᠳᠤᠬᠡᠭᠳᠡᠬᠦᠨ ᠵᠡᠷᠬᠡ ᠡᠯ᠎ᠡ ᠤᠶᠢᠯᠡᠤᠨᠪᠤᠷᠢᠯᠡᠯ ᠤᠨ ᠡᠯᠧᠮᠧᠨ᠋ᠲ ᠤᠨ ᠳᠤᠭ᠎ᠠ ᠪᠠᠷᠢᠮᠳᠠ ᠶᠢ ᠪᠦᠬᠦ ᠳᠠᠯ᠎ᠠ ᠪᠠᠷ ᠴᠤᠭᠯᠠᠭᠤᠯᠤᠨ᠂ | ᠪᠦᠬᠦᠶᠢᠯᠡ ᠳᠠᠭᠤᠷᠢᠶᠠᠯ ᠡᠷᠤᠬᠡ ᠳᠤ ᠨᠢᠬᠡᠳᠤᠯᠳᠠᠢ ᠳᠤᠭᠠᠴᠠᠯᠠᠭᠰᠡᠨ ᠪᠡᠶ᠎ᠡ ᠶᠢᠨ ᠦᠨᠡᠮᠯᠡᠯ ᠭᠠᠷᠭᠠᠵᠤ᠂ ᠨᠠᠷᠢᠯᠢᠭᠵᠢᠭᠰᠡᠨ ᠨᠡᠷᠡᠳᠤ ᠳᠡᠮᠳᠡᠭ ᠤᠨ ᠡᠵᠡᠩᠨᠡᠯᠳᠠ᠂ | ᠤᠶᠢᠯᠡᠤᠨᠪᠤᠷᠢᠯᠡᠯ ᠤᠨ ᠵᠢᠯᠤᠭᠤᠳᠤᠮᠵᠢ ᠪᠠ ᠪᠦᠳᠤᠬᠡᠭᠳᠡᠬᠦᠨ ᠤ ᠬᠠᠮᠢᠶᠠᠷᠤᠯᠳᠠ ᠬᠠᠩᠭᠠᠨ᠂ ︽ᠨᠢᠬᠡ ᠦᠷᠳᠡᠬᠡᠳᠤ︾᠂ ︽ᠨᠢᠬᠡ ᠳᠤ ᠨᠢᠬᠡ ᠬᠠᠷᠠᠭᠠᠯᠵᠠᠬᠤ︾ ᠮᠡᠳᠡᠭᠡ | ᠵᠠᠩᠬᠢ ᠶᠢᠨ ᠴᠤᠭᠯᠠᠷᠠᠯ ᠪᠠ ᠴᠢᠳᠠᠪᠬᠢ ᠶᠢᠨ ᠤᠶᠢᠯᠡᠴᠢᠯᠡᠭᠡ ᠪᠠᠷ ᠳᠠᠮᠵᠢᠭᠤᠯᠤᠨ᠂ ᠤᠶᠢᠯᠡᠤᠨᠪᠤᠷᠢᠯᠡᠯ ᠡᠵᠡᠩᠨᠡᠯᠳᠠ ᠶᠢᠨ ᠨᠠᠷᠢᠯᠢᠭᠵᠢᠯᠳᠠ᠂ ᠬᠠᠮᠢᠶᠠᠷᠤᠯᠳᠠ | ᠤᠶᠢᠯᠡᠴᠢᠯᠡᠬᠡᠨ ᠤ ᠤᠶᠤᠨᠴᠢᠯᠠᠯᠳᠠ᠂ ᠬᠦᠳᠡᠭᠡ ᠳᠤᠰᠬᠤᠨ ᠤ ᠵᠠᠰᠠᠯᠳᠠ ᠶᠢᠨ ᠳᠤᠭᠠᠴᠠᠯᠠᠯᠳᠠ ᠶᠢᠨ ᠪᠦᠬᠦᠯᠢ ᠴᠤᠭᠴᠠ ᠶᠢᠨ ᠠᠬᠢᠯᠳᠠ ᠶᠢ ᠲᠦᠷᠬᠡᠤᠨᠬᠡᠨ᠎ᠡ᠃ ︵ | ᠳᠤᠯᠤᠭᠠᠶᠢᠯᠠᠭᠴᠢ ᠰᠠᠯᠠᠭ᠎ᠠ ᠮᠦᠴᠢᠷ᠄ ᠮᠠᠯ ᠳᠠᠷᠢᠶᠠᠯᠠᠩ ᠤᠨ ᠳᠤᠪᠴᠢᠶ᠎ᠠ︔ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠰᠤᠶᠤᠯ ᠵᠢᠭᠤᠯᠴᠢᠯᠠᠯ ᠤᠨ ᠳᠤᠪᠴᠢᠶ᠎ᠠ᠂ | ᠳ᠋ᠠᠶᠢᠲ᠋ᠠ ᠲᠦᠪ᠂ ᠡᠯ᠎ᠡ ᠪᠠᠯᠭᠠᠰᠤ︶ | 3. ᠨᠢᠬᠡ ᠵᠤᠷᠪᠤᠰ ᠳᠤᠭᠠᠴᠠᠯᠠᠭᠰᠡᠨ ᠬᠦᠳᠡᠭᠡ ᠳᠤᠰᠬᠤᠨ ᠤ ᠳᠠᠭᠤᠷᠢᠶᠠᠯ ᠵᠡᠬᠡᠯᠢ ᠶᠢ ᠪᠤᠢ ᠪᠤᠯᠭᠠᠨ᠎ᠠ᠃ ᠪᠤᠷᠤᠪᠠᠯᠭᠠᠰᠤ ᠶᠢᠨ ︽ᠬᠤᠪᠢᠰᠬᠠᠯᠳᠤ ᠵᠢᠭᠤᠯᠴᠢᠯᠠᠯ︾ | ᠤᠨ ᠰᠤᠶᠤᠯ ᠪᠠ ᠴᠢᠨᠠᠷ ᠰᠠᠶᠢᠳᠠᠢ ᠵᠢᠮᠢᠰ ᠢᠳᠡᠰᠢᠨ ᠨᠤᠭᠤᠭᠠᠨ ᠤ ᠳᠠᠷᠢᠯᠳᠠ ᠶᠢᠨ ᠳᠠᠪᠠᠭᠤᠯᠢᠭ ᠢ ᠪᠠᠳᠠᠷᠠᠭᠤᠯᠤᠨ᠂ ᠪᠤᠷᠤᠪᠠᠯᠭᠠᠰᠤ ᠶᠢᠨ ︽ ᠶᠢᠨ ᠶᠤᠸᠠᠨ ᠵᠡᠬᠡᠯᠢ︾ | ᠶᠢ ᠳᠤᠭᠠᠴᠠᠯᠠᠭᠰᠡᠨ ᠬᠦᠳᠡᠭᠡ ᠳᠤᠰᠬᠤᠨ ᠤ ᠳᠠᠭᠤᠷᠢᠶᠠᠯ ᠵᠡᠬᠡᠯᠢ ᠪᠤᠯᠭᠠᠵᠤ᠂ ᠵᠡᠬᠡᠯᠢ ᠶᠢᠨ ᠬᠤᠶᠠᠷ ᠳᠠᠯ᠎ᠠ ᠶᠢᠨ ᠤᠨᠴᠠᠯᠢᠭᠳᠤ ᠢᠳᠡᠬᠡᠨ ᠤᠮᠳᠠᠭᠠᠨ᠂ ᠪᠠᠭᠤᠳᠠᠯ᠂ | ᠬᠤᠳᠠᠯᠳᠤᠭ᠎ᠠ ᠵᠡᠷᠬᠡ ᠠᠷᠠᠯᠵᠢᠶ᠎ᠠ ᠳᠡᠯᠬᠡᠬᠦᠷ ᠤᠨ ᠮᠡᠳᠡᠭᠡ ᠵᠠᠩᠬᠢ ᠶᠢ ᠴᠡᠭᠴᠡᠵᠢᠬᠦᠯᠤᠨ᠂ ︽ᠨᠢᠬᠡ ᠵᠡᠬᠡᠯᠢ ᠨᠢᠬᠡ ᠺᠤᠳ᠋︾᠂ ︽ᠨᠢᠬᠡ ᠳᠡᠯᠬᠡᠬᠦᠷ ᠨᠢᠬᠡ ᠺᠤᠳ᠋︾ ᠤᠨ | ᠮᠡᠳᠡᠭᠡ ᠵᠠᠩᠬᠢ ᠶᠢᠨ ᠳᠠᠪᠴᠠᠩ ᠢ ᠪᠦᠷᠢᠯᠳᠤᠬᠦᠯᠵᠤ᠂ ᠰᠦᠯᠵᠢᠶᠡᠨ ᠳᠠᠬᠢ ᠵᠤᠶᠢᠷᠡᠢ ᠳᠤᠭᠠᠳᠤ ᠨᠢᠬᠡ ᠵᠤᠷᠪᠤᠰ ᠵᠡᠬᠡᠯᠢ ᠶᠢ ᠴᠤᠭᠴᠠᠯᠠᠨ᠂ ᠵᠢᠭᠠᠨ ᠰᠤᠷᠭᠠᠯᠳᠠ᠂ | ᠬᠤᠨᠤᠭ ᠪᠠᠭᠤᠳᠠᠯ᠂ ᠢᠳᠡᠬᠡᠨ ᠤᠮᠳᠠᠭᠠᠨ᠂ ᠵᠤᠭ᠎ᠠ ᠴᠡᠩᠬᠡᠯ ᠤᠨ ᠰᠦᠯᠵᠢᠶᠡᠨ ᠳᠠᠬᠢ ᠬᠡᠯᠬᠢᠶ᠎ᠡ ᠤᠶᠢᠯᠡᠴᠢᠯᠡᠭᠡ ᠶᠢ ᠪᠡᠶᠡᠯᠡᠬᠦᠯᠵᠤ᠂ ᠤᠶᠢᠷ᠎ᠠ ᠬᠠᠪᠢ ᠶᠢᠨ ᠬᠦᠳᠡᠭᠡ | ᠨᠤᠳᠤᠭ ᠤᠨ ᠵᠢᠭᠤᠯᠴᠢᠯᠠᠯ ᠤᠨ ᠤᠶᠢᠯᠡᠰ ᠤᠨ ᠲᠦᠷᠬᠡᠨ ᠬᠦᠭᠵᠢᠯᠳᠠ ᠶᠢ ᠳᠠᠶᠢᠴᠢᠯᠠᠨ᠂ ᠪᠤᠷᠤᠪᠠᠯᠭᠠᠰᠤ ᠶᠢᠨ ᠨᠢᠬᠡ᠂ ᠬᠤᠶᠠᠷ᠂ ᠭᠤᠷᠪᠠᠳᠤᠭᠠᠷ ᠠᠵᠤ ᠤᠶᠢᠯᠡᠰ ᠤᠨ | ᠬᠠᠮ ᠬᠦᠭᠵᠢᠯᠳᠠ ᠶᠢ ᠠᠬᠢᠭᠤᠯᠤᠨ᠎ᠠ᠃ ︵ᠳᠤᠯᠤᠭᠠᠶᠢᠯᠠᠭᠴᠢ ᠰᠠᠯᠠᠭ᠎ᠠ ᠮᠦᠴᠢᠷ᠄ ᠪᠤᠷᠤᠪᠠᠯᠭᠠᠰᠤ ᠪᠠᠯᠭᠠᠰᠤ᠂ ᠳ᠋ᠠᠶᠢᠲ᠋ᠠ ᠲᠦᠪ︔ ᠬᠠᠷᠢᠭᠤᠴᠠᠯᠭ᠎ᠠ ᠶᠢᠨ ᠰᠠᠯᠠᠭ᠎ᠠ | ᠮᠦᠴᠢᠷ᠄ ᠤᠬᠠᠭᠤᠯᠬᠤ ᠬᠡᠯᠳᠡᠰ᠂ ᠮᠠᠯ ᠳᠠᠷᠢᠶᠠᠯᠠᠩ ᠤᠨ ᠳᠤᠪᠴᠢᠶ᠎ᠠ᠂ ᠰᠤᠶᠤᠯ ᠵᠢᠭᠤᠯᠴᠢᠯᠠᠯ ᠤᠨ ᠳᠤᠪᠴᠢᠶ᠎ᠠ᠂ ᠵᠠᠬ᠎ᠠ ᠳᠡᠯᠬᠡᠬᠦᠷ ᠤᠨ ᠬᠢᠨᠠᠯᠳᠠ ᠬᠠᠮᠢᠶᠠᠷᠤᠯᠳᠠ | ᠶᠢᠨ ᠳᠤᠪᠴᠢᠶ᠎ᠠ︶ | ︵ᠲᠦᠷᠪᠡ︶ 13 ᠲᠦᠷᠤᠯ ᠤᠨ ᠳᠤᠭᠠᠴᠠᠯᠠᠭᠰᠡᠨ ᠳᠡᠬᠡᠭᠰᠢᠯᠡᠬᠦᠯᠤᠯᠳᠠ ᠶᠢᠨ ᠢᠨᠵᠧᠨᠧᠷᠢᠩ ᠢ ᠬᠡᠷᠡᠭᠵᠢᠬᠦᠯᠤᠨ᠎ᠠ | ︽ᠳᠤᠭᠠᠴᠠᠯᠠᠭᠰᠡᠨ ᠬᠦᠳᠡᠭᠡ ᠳᠤᠰᠬᠤᠨ ᠤ ᠭᠤᠤᠯ ᠰᠢᠰᠲ᠋ᠧᠮ︾ ᠤᠨ ᠪᠠᠶᠢᠭᠤᠯᠤᠯᠳᠠ ᠪᠠᠷ ᠴᠦᠮ᠎ᠡ ᠪᠤᠯᠭᠠᠨ᠂ ᠨᠠᠶᠢᠳᠠ ᠶᠢᠨ ᠤᠶᠢᠯᠡᠴᠢᠯᠡᠭᠡ ᠪᠠ ᠬᠦᠳᠡᠭᠡ | ᠳᠤᠰᠬᠤᠨ ᠤ ᠵᠠᠰᠠᠯᠳᠠ ᠪᠠᠷ ᠵᠢᠬᠦᠷ ᠪᠤᠯᠭᠠᠵᠤ᠂ 13 ᠲᠦᠷᠦᠯ ᠤᠨ ᠳᠤᠭᠠᠴᠠᠯᠠᠭᠰᠡᠨ ᠳᠡᠬᠡᠭᠰᠢᠯᠡᠬᠦᠯᠤᠯᠳᠠ ᠶᠢᠨ ᠠᠵᠢᠯᠯᠠᠭ᠎ᠠ ᠶᠢ ᠬᠡᠷᠡᠭᠵᠢᠬᠦᠯᠤᠨ᠂ ᠤᠳᠤᠭ ᠤᠨ | ᠡᠮᠤᠨᠡᠳᠤ ᠬᠤᠰᠢᠭᠤᠨ ᠤ ᠮᠠᠯ ᠳᠠᠷᠢᠶᠠᠯᠠᠩ ᠤᠨ ᠤᠶᠢᠯᠡᠤᠨᠪᠤᠷᠢᠯᠡᠯ ᠤᠨ ᠬᠠᠮᠢᠶᠠᠷᠤᠯᠳᠠ ᠶᠢᠨ ᠤᠶᠤᠨᠴᠢᠯᠠᠯᠳᠠ᠂ ᠮᠠᠯ ᠳᠠᠷᠢᠶᠠᠯᠠᠩ ᠤᠨ ᠪᠦᠳᠤᠬᠡᠭᠳᠡᠬᠦᠨ ᠤ ᠴᠢᠨᠠᠷ | ᠴᠢᠨᠰᠠᠭ᠎ᠠ ᠶᠢᠨ ᠬᠢᠨᠠᠯᠳᠠ ᠬᠠᠮᠢᠶᠠᠷᠤᠯᠳᠠ ᠶᠢᠨ ᠵᠠᠩᠬᠢᠴᠢᠯᠠᠯᠳᠠ ᠪᠠ ᠪᠦᠳᠤᠬᠡᠭᠳᠡᠬᠦᠨ ᠤ ᠬᠦᠭᠵᠢᠯᠳᠠ ᠶᠢᠨ ᠨᠡᠷᠡᠳᠤ ᠳᠡᠮᠳᠡᠭᠴᠢᠯᠡᠯᠳᠠ ᠳᠤ ᠬᠦᠴᠤᠨ ᠨᠡᠮᠡᠷᠢᠯᠡᠨ᠎ᠡ᠃ | 1. ᠮᠠᠯᠵᠢᠬᠤ ᠳᠠᠷᠢᠶᠠᠯᠠᠬᠤ ᠤᠷᠤᠨ ᠤ ᠰᠦᠯᠵᠢᠶᠡᠨ ᠳᠤᠨᠤᠭ ᠲᠦᠬᠦᠬᠡᠷᠤᠮᠵᠢ ᠶᠢᠨ ᠬᠢᠷᠢ ᠲᠦᠪᠰᠢᠨ ᠢ ᠶᠡᠬᠡᠪᠡᠷ ᠰᠠᠶᠢᠵᠢᠷᠠᠭᠤᠯᠤᠨ᠎ᠠ᠃ ᠰᠠᠭᠤᠷᠢ | ᠲᠦᠬᠦᠬᠡᠷᠤᠮᠵᠢ ᠶᠢ ᠬᠠᠮᠳᠤ ᠪᠠᠷ ᠪᠠᠶᠢᠭᠤᠯᠤᠨ ᠴᠤᠭ ᠡᠳ᠋ᠯᠡᠬᠦ ᠶᠢ ᠴᠢᠩᠭᠠᠤᠨᠬᠠᠨ᠂ ᠴᠠᠬᠢᠯᠭᠠᠨ ᠬᠤᠯᠪᠤᠭᠠᠨ ᠤ ᠲᠦᠬᠡᠮᠡᠯ ᠤᠶᠢᠯᠡᠴᠢᠯᠡᠭᠡ ᠶᠢ ᠠᠬᠢᠭᠤᠯᠵᠤ᠂ ︽ᠵᠠᠭᠤᠨ | ᠮᠧᠭ᠎ᠠ ᠬᠦᠳᠡᠭᠡ ᠳᠤᠰᠬᠤᠨ︾ ᠤ ᠪᠠᠶᠢᠭᠤᠯᠤᠯᠳᠠ ᠶᠢ ᠲᠦᠷᠬᠡᠤᠨᠬᠡᠨ᠂ ᠮᠠᠯᠵᠢᠬᠤ ᠳᠠᠷᠢᠶᠠᠯᠠᠬᠤ ᠤᠷᠤᠨ ᠤ ᠦᠷᠬᠡᠨ ᠪᠦᠰᠡᠳᠤ ᠴᠢᠮᠡᠭᠡ ᠬᠤᠯᠪᠤᠭᠠᠨ ᠤ ᠳᠤᠤᠷ᠂ | ᠨᠡᠬᠦᠳᠡᠯ ᠢᠨᠲ᠋ᠧᠷ ᠰᠦᠯᠵᠢᠶ᠎ᠡ ᠪᠠ ᠬᠤᠵᠢᠮ ᠤᠨ ᠢᠨᠲ᠋ᠧᠷ ᠰᠦᠯᠵᠢᠶᠡᠨ ᠤ ᠬᠦᠭᠵᠢᠯᠳᠠ ᠶᠢ ᠴᠢᠩᠭᠠᠤᠨᠬᠠᠨ᠎ᠠ᠃ ᠰᠦᠯᠵᠢᠶᠡᠨ ᠤ ᠪᠦᠷᠬᠦᠴᠠ ᠶᠢᠨ ᠪᠠᠶᠢᠭᠤᠯᠤᠯᠳᠠ ᠶᠢᠨ | ᠢᠨᠵᠧᠨᠧᠷᠢᠩ ᠢ ᠬᠡᠷᠡᠭᠵᠢᠬᠦᠯᠵᠤ᠂ ᠵᠠᠰᠠᠭ ᠵᠠᠬᠢᠷᠭᠠᠨ ᠤ ᠳᠤᠰᠬᠤᠨ ᠤ 5G ᠰᠦᠯᠵᠢᠶᠡᠨ ᠪᠠᠶᠢᠭᠤᠯᠤᠯᠳᠠ ᠪᠠ 20 ᠡᠷᠤᠬᠡ ᠠᠴᠠ ᠳᠡᠬᠡᠭᠰᠢᠬᠢ ᠠᠶᠢᠯ ᠳᠤᠰᠬᠤᠨ ᠤ | ᠬᠡᠷᠡᠯ ᠰᠢᠷᠬᠡᠭ ᠤᠨ ᠰᠦᠯᠵᠢᠶ᠎ᠡ ᠪᠠ 4G ᠰᠦᠯᠵᠢᠶᠡᠨ ᠤ ᠪᠦᠬᠦ ᠪᠦᠷᠬᠦᠴᠠ ᠶᠢ ᠠᠬᠢᠭᠤᠯᠤᠨ᠎ᠠ᠃ ᠰᠦᠯᠵᠢᠶᠡᠨ ᠤ ᠠᠮᠤᠷ ᠲᠦᠪᠰᠢᠨ ᠤ ᠪᠠᠳᠤᠯᠠᠭ᠎ᠠ ᠶᠢᠨ ᠰᠢᠰᠲ᠋ᠧᠮ | ᠢ ᠳᠡᠬᠦᠯᠳᠡᠷᠵᠢᠬᠦᠯᠤᠨ᠂ ᠰᠦᠯᠵᠢᠶᠡᠨ ᠤ ᠠᠮᠤᠷ ᠲᠦᠪᠰᠢᠨ ᠤ ᠲᠦᠭᠰᠢᠬᠦᠷᠢ ᠶᠢ ᠰᠡᠷᠬᠡᠶᠢᠯᠡᠬᠦ ᠲᠦᠪᠰᠢᠨ ᠢ ᠳᠡᠬᠡᠭᠰᠢᠯᠡᠬᠦᠯᠤᠨ᠎ᠠ᠃ ︵ᠳᠤᠯᠤᠭᠠᠶᠢᠯᠠᠭᠴᠢ ᠰᠠᠯᠠᠭ᠎ᠠ | ᠮᠦᠴᠢᠷ᠄ ᠠᠵᠤ ᠤᠶᠢᠯᠡᠤᠨᠪᠤᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠭᠡ ᠮᠡᠷᠬᠡᠵᠢᠯ ᠤᠨ ᠳᠤᠪᠴᠢᠶ᠎ᠠ︔ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠳᠡᠮᠤᠷ | ᠰᠤᠪᠤᠷᠭ᠎ᠠ ᠺᠤᠮᠫᠠᠨᠢ᠂ ᠨᠡᠬᠦᠳᠡᠯ ᠬᠤᠯᠪᠤᠭᠠᠨ ᠤ ᠺᠤᠮᠫᠠᠨᠢ᠂ ᠨᠢᠬᠡᠳᠤᠮᠡᠯ ᠬᠤᠯᠪᠤᠭᠠᠨ ᠤ ᠺᠤᠮᠫᠠᠨᠢ᠂ ᠴᠠᠬᠢᠯᠭᠠᠨ ᠬᠤᠯᠪᠤᠭᠠᠨ ᠤ ᠺᠤᠮᠫᠠᠨᠢ᠂ ᠷᠠᠳᠢᠤ᠋ ᠲᠧᠯᠸᠢᠰ ᠤᠨ ᠳᠤᠤᠷ | ᠰᠦᠯᠵᠢᠶᠡᠨ ᠤ ᠺᠤᠮᠫᠠᠨᠢ᠂ ᠡᠯ᠎ᠡ ᠪᠠᠯᠭᠠᠰᠤ︶ | 2. ᠮᠡᠳᠡᠭᠡ ᠵᠠᠩᠬᠢ ᠶᠢᠨ ᠡᠬᠢ ᠪᠠᠶᠠᠯᠢᠭ ᠢ ᠴᠡᠭᠴᠡᠵᠢᠬᠦᠯᠤᠨ ᠬᠠᠮᠳᠤ ᠡᠳ᠋ᠯᠡᠬᠦ ᠪᠠ ᠠᠰᠢᠭᠯᠠᠬᠤ ᠶᠢ ᠴᠢᠩᠭᠠᠤᠨᠬᠠᠨ᠎ᠠ᠃ ᠪᠦᠬᠦ ᠬᠤᠳᠠ ᠶᠢᠨ ᠨᠠᠶᠢᠳᠠ ᠶᠢᠨ | ᠮᠡᠳᠡᠭᠡ ᠵᠠᠩᠬᠢ ᠶᠢᠨ ᠳᠠᠪᠴᠠᠩ ᠤᠨ ᠰᠢᠰᠲ᠋ᠧᠮ ᠳᠤ ᠲᠦᠰᠢᠭᠯᠡᠨ᠂ ᠮᠠᠯᠴᠢᠨ ᠳᠠᠷᠢᠶᠠᠴᠢᠨ ᠡᠷᠤᠬᠡ ᠶᠢᠨ ᠰᠠᠭᠤᠷᠢ ᠳᠤᠭ᠎ᠠ ᠪᠠᠷᠢᠮᠳᠠ ᠪᠠ ᠮᠠᠯ ᠳᠠᠷᠢᠶᠠᠯᠠᠩ ᠲᠠᠢ | ᠬᠤᠯᠪᠤᠭᠳᠠᠬᠤ ᠡᠯ᠎ᠡ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤ ᠡᠳ᠋ᠯᠡᠵᠤ ᠪᠦᠳᠤᠮᠵᠢᠳᠠᠢ ᠴᠡᠭᠴᠡᠵᠢᠬᠦᠯᠬᠦ ᠶᠢ | ᠠᠬᠢᠭᠤᠯᠤᠨ᠎ᠠ᠃ ᠮᠠᠯᠵᠢᠬᠤ ᠳᠠᠷᠢᠶᠠᠯᠠᠬᠤ ᠤᠷᠤᠨ ᠤ ᠰᠠᠭᠤᠷᠢ ᠮᠡᠳᠡᠭᠡ ᠵᠠᠩᠬᠢ ᠶᠢᠨ ᠡᠬᠢ ᠪᠠᠶᠠᠯᠢᠭ ᠤᠨ ᠬᠦᠮᠤᠷᠬᠡ ᠶᠢ ᠪᠠᠶᠢᠭᠤᠯᠤᠨ᠂ ᠳ᠋ᠠᠶᠢᠲ᠋ᠠ ᠲᠦᠪ ᠢᠶᠠᠷ | ᠳᠠᠮᠵᠢᠭᠤᠯᠤᠨ ᠳᠤᠭ᠎ᠠ ᠪᠠᠷᠢᠮᠳᠠ ᠶᠢᠨ ᠤᠶᠤᠨᠴᠢ ᠵᠠᠳᠠᠯᠤᠯᠳᠠ ᠶᠢ ᠰᠢᠯᠢᠳᠡᠭᠵᠢᠬᠦᠯᠵᠤ᠂ ᠮᠠᠯᠵᠢᠬᠤ ᠳᠠᠷᠢᠶᠠᠯᠠᠬᠤ ᠤᠷᠤᠨ ᠤ ᠳ᠋ᠠᠶᠢᠲ᠋ᠠ ᠪᠠᠷ ᠵᠠᠰᠠᠬᠤ ᠰᠢᠢᠤᠨᠪᠤᠷᠢᠳᠤ | ᠪᠤᠳᠤᠯᠭ᠎ᠠ ᠶᠢᠨ ᠵᠠᠭᠪᠤᠷ ᠢ ᠠᠩᠬ᠎ᠠ ᠠᠯᠬᠤᠮ ᠪᠦᠷᠢᠯᠳᠤᠬᠦᠯᠤᠨ᠎ᠠ᠃ ᠬᠦᠳᠡᠭᠡ ᠳᠤᠰᠬᠤᠨ ᠤ ᠡᠳᠤᠬᠡ ᠪᠠᠶᠢᠭ᠎ᠠ ᠮᠡᠳᠡᠭᠡ ᠵᠠᠩᠬᠢ ᠶᠢᠨ ᠤᠶᠢᠯᠡᠴᠢᠯᠡᠬᠡᠨ ᠤ ᠦᠷᠳᠡᠭᠡ | ᠴᠡᠭ ᠤᠨ ᠡᠬᠢ ᠪᠠᠶᠠᠯᠢᠭ ᠢ ᠨᠢᠬᠡᠳᠤᠯᠳᠠᠢ ᠴᠡᠭᠴᠡᠵᠢᠬᠦᠯᠤᠨ᠂ ᠮᠡᠳᠡᠭᠡ ᠵᠠᠩᠬᠢ ᠶᠢ ᠤᠯᠠᠨ ᠳᠠᠯ᠎ᠠ ᠠᠴᠠ ᠬᠡᠷᠡᠭᠯᠡᠬᠦ ᠶᠢ ᠳᠡᠯᠬᠡᠷᠡᠬᠦᠯᠵᠤ᠂ ᠳᠠᠬᠢᠨ ᠳᠠᠪᠳᠠᠨ ᠪᠠᠶᠢᠭᠤᠯᠬᠤ | ᠠᠴᠠ ᠵᠠᠶᠢᠯᠠᠰᠬᠢᠨ᠎ᠠ᠃ ︵ᠳᠤᠯᠤᠭᠠᠶᠢᠯᠠᠭᠴᠢ ᠰᠠᠯᠠᠭ᠎ᠠ ᠮᠦᠴᠢᠷ᠄ ᠳ᠋ᠠᠶᠢᠲ᠋ᠠ ᠲᠦᠪ︔ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠪᠠᠶᠢᠭᠠᠯᠢ ᠶᠢᠨ ᠡᠬᠢ ᠪᠠᠶᠠᠯᠢᠭ ᠤᠨ | ᠳᠤᠪᠴᠢᠶ᠎ᠠ᠂ ᠮᠠᠯ ᠳᠠᠷᠢᠶᠠᠯᠠᠩ ᠤᠨ ᠳᠤᠪᠴᠢᠶ᠎ᠠ᠂ ᠤᠢ ᠰᠢᠭᠤᠢ ᠨᠤᠳᠤᠭ ᠪᠡᠯᠴᠢᠬᠡᠷ ᠤᠨ ᠳᠤᠪᠴᠢᠶ᠎ᠠ᠂ ᠤᠰᠤᠨ ᠠᠰᠢᠭᠯᠠᠯᠳᠠ ᠶᠢᠨ ᠳᠤᠪᠴᠢᠶ᠎ᠠ᠂ ᠠᠮᠢ ᠠᠬᠤᠢ | ᠤᠷᠴᠢᠨ ᠳᠤᠭᠤᠷᠢᠨ ᠤ ᠬᠤᠪᠢᠶᠠᠷᠢ ᠳᠤᠪᠴᠢᠶ᠎ᠠ᠂ ᠡᠯ᠎ᠡ ᠪᠠᠯᠭᠠᠰᠤ︶ | 3. ︽ᠨᠢᠬᠡ ᠳᠠᠪᠴᠠᠩ︾᠂ ︽ᠨᠢᠬᠡ ᠵᠢᠷᠤᠭ︾ ᠤᠨ ᠶᠡᠷᠤᠩᠬᠡᠶᠢᠯᠡᠭᠰᠡᠨ ᠴᠢᠳᠠᠪᠤᠷᠢ ᠶᠢ ᠰᠢᠯᠢᠳᠡᠭᠵᠢᠬᠦᠯᠤᠨ ᠳᠡᠬᠡᠭᠰᠢᠯᠡᠬᠦᠯᠤᠨ᠎ᠠ᠃ ︽ᠬᠦᠳᠡᠭᠡ ᠳᠤᠰᠬᠤᠨ ᠢ | ᠬᠦᠴᠤᠷᠬᠡᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠵᠢᠯᠤᠭᠤᠤᠨᠬᠤ ᠳᠠᠪᠴᠠᠩ︾ ᠳᠤ ᠬᠦᠢᠴᠡᠤᠨ ᠲᠦᠰᠢᠭᠯᠡᠨ᠂ ︽ᠳᠤᠭᠠᠴᠠᠯᠠᠭᠰᠡᠨ ᠬᠦᠳᠡᠭᠡ | ᠳᠤᠰᠬᠤᠨ ᠤ ᠭᠤᠤᠯ ᠰᠢᠰᠲ᠋ᠧᠮ︾ ᠢ ᠪᠠᠶᠢᠭᠤᠯᠵᠤ᠂ ᠪᠦᠬᠦ ᠬᠤᠰᠢᠭᠤᠨ ᠤ ᠡᠯ᠎ᠡ ᠲᠦᠷᠤᠯ ᠤᠨ ᠬᠠᠮᠢᠶ᠎ᠠ ᠪᠦᠬᠦᠢ ᠮᠡᠳᠡᠭᠡ ᠵᠠᠩᠬᠢ ᠶᠢᠨ ᠰᠢᠰᠲ᠋ᠧᠮ ᠢ ᠨᠢᠬᠡᠳᠤᠯᠳᠠᠢ | ᠴᠡᠭᠴᠡᠵᠢᠬᠦᠯᠤᠨ᠂ ᠮᠠᠯᠵᠢᠬᠤ ᠳᠠᠷᠢᠶᠠᠯᠠᠬᠤ ᠤᠷᠤᠨ ᠤ ᠬᠠᠮᠢᠶ᠎ᠠ ᠪᠦᠬᠦᠢ ᠳᠤᠭ᠎ᠠ ᠪᠠᠷᠢᠮᠳᠠ ᠪᠦᠬᠦᠨ ᠢ ᠴᠤᠭᠯᠠᠭᠤᠯᠵᠤ᠂ ᠡᠬᠦᠯᠡᠨ ᠪᠤᠳᠤᠯᠳᠠ ᠶᠢᠨ ᠬᠠᠳᠠᠭᠠᠯᠠᠬᠤ | ᠮᠡᠷᠬᠡᠵᠢᠯ᠂ ᠳ᠋ᠠᠶᠢᠲ᠋ᠠ ᠶᠢᠨ ᠠᠭᠤᠳᠠᠯᠬᠤ ᠮᠡᠷᠬᠡᠵᠢᠯ ᠢ ᠠᠰᠢᠭᠯᠠᠨ ᠤᠶᠤᠨᠴᠢ ᠪᠠᠷ ᠵᠠᠳᠠᠯᠵᠤ ᠰᠢᠢᠤᠨᠪᠤᠷᠢᠯᠡᠨ᠂ ᠪᠦᠬᠦ ᠬᠤᠰᠢᠭᠤᠨ ᠤ ᠤᠨᠴᠠᠯᠢᠭᠳᠤ ᠳᠠᠪᠠᠭᠤᠯᠢᠭ ᠮᠠᠯ | ᠳᠠᠷᠢᠶᠠᠯᠠᠩ ᠤᠨ ᠪᠦᠳᠤᠬᠡᠭᠳᠡᠬᠦᠨ ᠳᠤ ᠨᠠᠷᠢᠯᠢᠭᠵᠢᠭᠰᠡᠨ ᠤᠶᠢᠯᠡᠤᠨᠪᠤᠷᠢᠯᠡᠯ ᠬᠠᠮᠢᠶᠠᠷᠤᠯᠳᠠ ᠬᠢᠨ᠎ᠠ᠃ ᠮᠠᠯ ᠳᠠᠷᠢᠶᠠᠯᠠᠩ ᠤᠨ ᠤᠶᠢᠯᠡᠤᠨᠪᠤᠷᠢᠯᠡᠯ ᠤᠨ ᠮᠠᠲ᠋ᠧᠷᠢᠶᠡᠯ ᠤᠨ | ᠬᠠᠩᠭᠠᠯᠭ᠎ᠠ᠂ ᠮᠠᠯ ᠳᠠᠷᠢᠶᠠᠯᠠᠩ ᠤᠨ ᠪᠦᠳᠤᠬᠡᠭᠳᠡᠬᠦᠨ ᠤ ᠤᠶᠢᠯᠡᠤᠨᠪᠤᠷᠢᠯᠡᠯ᠂ ᠪᠤᠯᠪᠠᠰᠤᠷᠠᠭᠤᠯᠤᠯᠳᠠ᠂ ᠬᠠᠳᠠᠭᠠᠯᠠᠯᠳᠠ ᠳᠡᠬᠡᠬᠡᠪᠤᠷᠢᠯᠡᠯᠳᠠ ᠪᠠ ᠪᠤᠷᠤᠯᠠᠭᠤᠯᠭ᠎ᠠ᠂ | ᠬᠡᠷᠡᠭᠯᠡᠭᠡ ᠵᠡᠷᠬᠡ ᠭᠤᠭᠴᠤᠭ᠎ᠠ ᠶᠢ ᠬᠤᠯᠪᠤᠭᠰᠡᠨ ᠳᠤᠭᠠᠴᠠᠯᠠᠭᠰᠡᠨ ᠳᠠᠪᠴᠠᠩ ᠢ ᠪᠦᠷᠢᠳᠤᠬᠦᠯᠤᠨᠠ᠃ ︽ᠨᠢᠬᠡ ᠵᠢᠷᠤᠭ︾ ᠤᠨ ᠬᠠᠮᠢᠶᠠᠷᠤᠯᠳᠠ ᠤᠶᠢᠯᠡᠴᠢᠯᠡᠭᠡ ᠶᠢ | ᠳᠡᠯᠬᠡᠷᠡᠬᠦᠯᠤᠨ ᠬᠡᠷᠡᠭᠯᠡᠨ᠎ᠡ᠃ ᠨᠢᠬᠡᠳᠤᠯᠳᠠᠢ ᠭᠠᠵᠠᠷ ᠵᠦᠢ ᠶᠢᠨ ᠤᠷᠤᠨ ᠵᠠᠢ ᠶᠢᠨ ᠪᠦᠳᠤᠴᠠ ᠶᠢ ᠦᠨᠳᠤᠰᠤᠯᠡᠨ᠂ ᠪᠦᠬᠦ ᠬᠤᠰᠢᠭᠤᠨ ᠤ ᠮᠠᠯ ᠳᠠᠷᠢᠶᠠᠯᠠᠩ ᠤᠨ ᠡᠬᠢ | ᠪᠠᠶᠠᠯᠢᠭ᠂ ᠠᠮᠢ ᠠᠬᠤᠢ ᠤᠷᠭᠤᠮᠠᠯ ᠤᠨ ᠪᠦᠷᠬᠦᠴᠠ᠂ ᠤᠰᠤᠨ ᠡᠬᠢ ᠪᠡᠶᠠᠯᠢᠭ ᠤᠨ ᠨᠡᠬᠡᠬᠡᠯᠳᠠ᠂ ᠴᠠᠭ ᠠᠭᠤᠷ ᠤᠨ ᠭᠠᠮᠰᠢᠭ ᠤᠨ ᠲᠦᠭᠰᠢᠬᠦᠷᠢ᠂ ᠮᠠᠯ ᠳᠠᠷᠢᠶᠠᠯᠠᠩ | ᠤᠶᠢᠯᠡᠤᠨᠪᠤᠷᠢᠯᠡᠯ ᠤᠨ ᠭᠤᠤᠯ ᠴᠤᠭᠴᠠ᠂ ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ︽ᠪᠡᠯᠡ ᠮᠦᠩᠬᠦ᠂ ᠡᠳ᠋ ᠬᠦᠷᠤᠩᠬᠡ᠂ ᠡᠬᠢ ᠪᠠᠶᠠᠯᠢᠭ︾᠂ ᠬᠦᠳᠡᠭᠡ | ᠳᠤᠰᠬᠤᠨ ᠤ ᠤᠳᠤᠬᠠᠨ ᠤ ᠳᠠᠭᠠᠭᠠᠴᠢᠯᠠᠵᠤ ᠪᠠᠶᠢᠭ᠎ᠠ ᠭᠠᠵᠠᠷ ᠰᠢᠷᠤᠢ ᠪᠠ ᠤᠷᠤᠨ ᠰᠠᠭᠤᠴᠠ ᠶᠢᠨ ᠭᠠᠵᠠᠷ ᠤᠨ ᠤᠷᠤᠨ ᠪᠠᠶᠢᠷᠢᠰᠢᠯ ᠤᠨ ᠪᠠᠶᠢᠳᠠᠯ ᠪᠠ ᠬᠤᠪᠢᠷᠠᠯᠳᠠ | ᠶᠢᠨ ᠬᠠᠨᠳᠤᠰᠢ ᠵᠡᠷᠬᠡ ᠶᠢ ᠰᠢᠭᠤᠤᠨ᠂ ᠲᠦᠷᠰᠦᠯᠢᠭ᠂ ᠬᠦᠳᠡᠯᠤᠩᠬᠦᠢ ᠢᠯᠡᠷᠡᠬᠦᠯᠵᠤ᠂ ᠳᠠᠷᠢᠶᠠᠯᠠᠩ ᠤᠨ ᠪᠤᠳᠠᠰ ᠤᠨ ᠢᠨᠲ᠋ᠧᠷ ᠰᠦᠯᠵᠢᠶ᠎ᠡ᠂ ᠬᠠᠷᠠᠭᠠᠨ ᠳᠡᠪᠳᠠᠮᠵᠢ | ᠶᠢᠨ ᠬᠢᠨᠠᠨ ᠡᠵᠡᠮᠳᠠᠯ᠂ ᠬᠦᠷᠤᠰᠤ ᠰᠢᠷᠤᠢ ᠶᠢᠨ ᠴᠢᠬᠢᠭ ᠤᠨ ᠪᠠᠶᠢᠳᠠᠯ᠂ ᠳᠠᠷᠢᠶᠠᠯᠠᠩ ᠤᠨ ᠴᠠᠭ ᠠᠭᠤᠷ ᠵᠡᠷᠬᠡ ᠶᠢ ᠦᠵᠡᠬᠦᠯᠦᠭᠰᠡᠨ ᠰᠦᠯᠵᠢᠶᠡᠨ ᠬᠢᠨᠠᠯᠳᠠ | ᠪᠠᠶᠢᠴᠠᠭᠠᠯᠳᠠ ᠶᠢᠨ ᠳᠤᠭ᠎ᠠ ᠪᠠᠷᠢᠮᠳᠠ ᠶᠢ ᠪᠠᠶᠢᠭᠤᠯᠤᠨ᠂ ᠤᠳᠤᠭ ᠤᠨ ᠡᠮᠤᠨᠡᠳᠤ ᠬᠤᠰᠢᠭᠤᠨ ᠤ ᠳᠤᠭᠠᠴᠠᠯᠠᠭᠰᠡᠨ ᠬᠦᠳᠡᠭᠡ ᠳᠤᠰᠬᠤᠨ ᠤ ︽ᠨᠢᠬᠡ ᠵᠢᠷᠤᠭ︾ ᠤᠨ | ᠬᠡᠷᠡᠭᠯᠡᠬᠡᠨ ᠤ ᠪᠦᠳᠤᠴᠠ ᠶᠢ ᠪᠦᠷᠢᠯᠳᠤᠬᠦᠯᠵᠤ᠂ ︽ᠨᠢᠬᠡ ᠵᠢᠷᠤᠭ︾ ᠤᠨ ᠦᠵᠡᠬᠦᠯᠤᠯᠬᠡ᠂ ᠪᠦᠷᠢᠤᠨᠬᠡᠯ ᠵᠠᠳᠠᠯᠤᠯᠤᠳᠠ᠂ ᠰᠢᠢᠤᠨᠪᠤᠷᠢᠳᠤ ᠪᠤᠳᠤᠯᠭ᠎ᠠ ᠶᠢᠨ ᠳᠡᠮᠵᠢᠯᠬᠡ | ᠵᠡᠷᠬᠡ ᠤᠶᠢᠯᠡᠴᠢᠯᠡᠭᠡ ᠶᠢ ᠬᠠᠩᠭᠠᠨ᠎ᠠ᠃ ︵ᠳᠤᠯᠤᠭᠠᠶᠢᠯᠠᠭᠴᠢ ᠰᠠᠯᠠᠭ᠎ᠠ ᠮᠦᠴᠢᠷ᠄ ᠳ᠋ᠠᠶᠢᠲ᠋ᠠ ᠲᠦᠪ︔ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠬᠦᠭᠵᠢᠬᠦᠯᠤᠯᠳᠠ | ᠦᠬᠡᠷᠡᠴᠢᠯᠡᠯᠳᠠ ᠶᠢᠨ ᠵᠦᠪᠯᠡᠯ᠂ ᠠᠵᠤ ᠤᠶᠢᠯᠡᠤᠨᠪᠤᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠭᠡ ᠮᠡᠷᠬᠡᠵᠢᠯ ᠤᠨ ᠳᠤᠪᠴᠢᠶ᠎ᠠ᠂ ᠬᠠᠩᠭᠠᠨ ᠪᠤᠷᠤᠯᠠᠭᠤᠯᠬᠤ ᠬᠤᠷᠰᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠳᠤᠪᠴᠢᠶ᠎ᠠ᠂ ᠮᠠᠯ ᠳᠠᠷᠢᠶᠠᠯᠠᠩ ᠤᠨ ᠳᠤᠪᠴᠢᠶ᠎ᠠ᠂ ᠤᠰᠤᠨ ᠠᠰᠢᠭᠯᠠᠯᠳᠠ ᠶᠢᠨ ᠳᠤᠪᠴᠢᠶ᠎ᠠ᠂ ᠤᠢ ᠰᠢᠭᠤᠢ ᠨᠤᠳᠤᠭ ᠪᠡᠯᠴᠢᠬᠡᠷ | ᠤᠨ ᠳᠤᠪᠴᠢᠶ᠎ᠠ᠂ ᠡᠯ᠎ᠡ ᠪᠠᠯᠭᠠᠰᠤ︶ | 4. ᠬᠦᠳᠡᠭᠡ ᠳᠤᠰᠬᠤᠨ ᠤ ᠵᠠᠰᠠᠯᠳᠠ ᠶᠢᠨ ᠤᠳᠤᠬᠢᠴᠢᠯᠠᠭᠰᠡᠨ ᠬᠦᠭᠵᠢᠯᠳᠠ ᠶᠢ ᠠᠬᠢᠭᠤᠯᠤᠨ᠎ᠠ᠃ ᠮᠠᠯᠵᠢᠬᠤ ᠳᠠᠷᠢᠶᠠᠯᠠᠬᠤ ᠤᠷᠤᠨ ᠤ ᠨᠠᠶᠢᠬᠡᠮ ᠤᠨ ᠵᠠᠰᠠᠯᠳᠠ | ᠶᠢ ᠴᠢᠩᠭᠠᠤᠨᠬᠠᠨ ᠰᠢᠨᠡᠴᠢᠯᠡᠵᠤ᠂ ᠨᠠᠶᠢᠬᠡᠮ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠤᠨ᠎ᠠ᠃ ︽ᠪᠦᠬᠦᠳᠠ | ᠶᠢ ᠳᠤᠤᠷᠵᠢᠭᠤᠯᠬᠤ︾ ᠤᠶᠢᠯᠡᠴᠢᠯᠡᠭᠡ ᠶᠢ ᠳᠡᠯᠬᠡᠷᠡᠬᠦᠯᠤᠨ᠂ ᠳ᠋ᠠᠶᠢᠲ᠋ᠠ᠂ ᠡᠬᠦᠯᠡᠨ ᠪᠤᠳᠤᠯᠳᠠ ᠶᠢᠨ ᠮᠠᠷᠬᠡᠵᠢᠯ ᠢ ᠬᠦᠢᠴᠡᠤᠨ ᠠᠰᠢᠭᠯᠠᠵᠤ᠂ ᠮᠡᠳᠡᠭᠡ ᠵᠠᠩᠬᠢᠴᠢᠯᠠᠯᠳᠠ | ᠪᠠᠷ ᠳᠠᠮᠵᠢᠭᠤᠯᠤᠨ ᠦᠨᠳᠤᠰᠤᠨ ᠮᠡᠳᠡᠭᠡ ᠵᠠᠩᠬᠢ ᠶᠢᠨ ᠡᠮᠬᠢᠯᠡᠯᠳᠠ᠂ ᠬᠡᠷᠡᠭ ᠶᠠᠪᠤᠳᠠᠯ ᠤᠨ ᠰᠢᠢᠤᠨᠪᠤᠷᠢᠯᠡᠯᠳᠠ᠂ ᠵᠦᠷᠢᠴᠡᠯ ᠵᠢᠭᠤᠷᠠᠭᠠᠨ ᠤ ᠡᠶᠡᠳᠡᠬᠦᠯᠤᠯᠳᠠ᠂ ᠠᠷᠠᠤᠨ | ᠤᠨ ᠠᠮᠢᠳᠤᠷᠠᠯ ᠤᠨ ᠤᠶᠢᠯᠡᠴᠢᠯᠡᠭᠡ ᠵᠡᠷᠬᠡ ᠠᠵᠢᠯ ᠢ ᠦᠷᠨᠢᠬᠦᠯᠤᠨ᠂ ᠳᠤᠭᠠᠴᠠᠯᠠᠭᠰᠡᠨ᠂ ᠵᠠᠩᠬᠢᠴᠢᠯᠠᠭᠰᠡᠨ᠂ ᠤᠶᠤᠨᠴᠢᠯᠠᠭᠰᠡᠨ ᠳᠤᠤᠷᠵᠢᠯ ᠬᠠᠮᠢᠶᠠᠷᠤᠯᠳᠠ ᠶᠢ | ᠪᠡᠶᠡᠯᠡᠬᠦᠯᠤᠨ᠎ᠠ᠃ ᠰᠢᠨ᠎ᠠ ᠴᠠᠭ ᠦᠶ᠎ᠡ ᠶᠢᠨ ︽ᠹᠧᠩ ᠴᠢᠶᠣᠣ ᠶᠢᠨ ᠳᠤᠷᠰᠢᠯᠭ᠎ᠠ︾ ᠶᠢ ᠰᠢᠨᠡᠴᠢᠯᠡᠨ ᠬᠦᠭᠵᠢᠬᠦᠯᠬᠦ ᠶᠢ ᠪᠠᠷᠢᠮᠳᠠᠯᠠᠵᠤ᠂ ︽ᠨᠠᠶᠢᠷ ᠳᠠᠯᠪᠢᠬᠤ︾ | ᠠᠵᠢᠯ ᠤᠨ ᠠᠷᠭ᠎ᠠ ᠶᠢ ᠳᠡᠯᠬᠡᠷᠡᠬᠦᠯᠤᠨ᠂ ᠸᠢᠴᠠᠲ ᠶᠢᠨ ᠫᠷᠦᠭᠷᠡᠮ᠂ ᠤᠯᠠᠨ ᠨᠠᠶᠢᠳᠠ ᠶᠢᠨ ᠳᠠᠪᠴᠠᠩ ᠵᠡᠷᠬᠡ ᠪᠠᠷ ᠳᠠᠮᠵᠢᠭᠤᠯᠤᠨ ᠵᠦᠷᠢᠴᠡᠯ ᠵᠢᠭᠤᠷᠠᠭᠠᠨ ᠢ | ᠰᠦᠯᠵᠢᠶᠡᠨ ᠳᠡᠬᠡᠷ᠎ᠡ ᠰᠢᠢᠤᠨᠪᠤᠷᠢᠯᠡᠬᠦ ᠠᠷᠭ᠎ᠠ ᠶᠢ ᠡᠷᠢᠯᠬᠢᠯᠡᠨ᠎ᠡ᠃ ᠮᠠᠯᠵᠢᠬᠤ ᠳᠠᠷᠢᠶᠠᠯᠠᠬᠤ ᠤᠷᠤᠨ ᠤ ᠰᠦᠯᠵᠢᠶᠡᠨ ᠳᠡᠬᠡᠷᠡᠬᠢ ᠬᠠᠤᠯᠢ ᠴᠠᠭᠠᠵᠠ ᠶᠢᠨ ᠤᠶᠢᠯᠡᠴᠢᠯᠡᠭᠡ | ᠶᠢ ᠰᠦᠪᠡᠭᠴᠢᠯᠡᠨ᠂ ᠬᠠᠤᠯᠢ ᠴᠠᠭᠠᠵᠠ ᠲᠦᠬᠡᠮᠡᠯᠵᠢᠬᠦᠯᠬᠦ ᠤᠬᠠᠭᠤᠯᠭ᠎ᠠ ᠦᠷᠨᠢᠬᠦᠯᠵᠤ᠂ ᠬᠦᠳᠡᠭᠡ ᠳᠤᠰᠬᠤᠨ ᠤ ᠬᠠᠤᠯᠢ ᠪᠠᠷ ᠵᠠᠰᠠᠬᠤ ᠪᠠᠶᠢᠭᠤᠯᠤᠯᠳᠠ ᠶᠢ | ᠠᠬᠢᠭᠤᠯᠤᠨ᠎ᠠ᠃ ᠮᠠᠯᠵᠢᠬᠤ ᠳᠠᠷᠢᠶᠠᠯᠠᠬᠤ ᠤᠷᠤᠨ ᠤ ᠨᠠᠶᠢᠳᠠ ᠶᠢᠨ ᠠᠮᠤᠷ ᠲᠦᠪᠰᠢᠨ ᠢ ᠬᠠᠷᠠᠭᠠᠨ ᠳᠡᠪᠳᠠᠮᠵᠢ ᠪᠠᠷ ᠡᠵᠡᠮᠳᠡᠬᠦ ᠰᠦᠯᠵᠢᠶᠡᠨ ᠬᠡᠷᠡᠭᠯᠡᠯᠳᠠ ᠶᠢ | ᠠᠬᠢᠭᠤᠯᠤᠨ᠂ ᠬᠦᠳᠡᠭᠡ ᠳᠤᠰᠬᠤᠨ ᠤ ︽ᠳᠤᠳᠤ ᠢᠨᠵᠧᠨᠧᠷᠢᠩ︾ ᠤᠨ ᠪᠠᠶᠢᠭᠤᠯᠤᠯᠳᠠ ᠶᠢ ᠠᠬᠢᠭᠤᠯᠤᠨ᠎ᠠ᠃ ︵ᠳᠤᠯᠤᠭᠠᠶᠢᠯᠠᠭᠴᠢ ᠰᠠᠯᠠᠭ᠎ᠠ ᠮᠦᠴᠢᠷ᠄ ᠤᠯᠤᠰ | ᠲᠦᠷᠤ ᠬᠠᠤᠯᠢ ᠴᠠᠭᠠᠵᠠ ᠶᠢᠨ ᠵᠦᠪᠯᠡᠯ︔ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠵᠤᠬᠢᠶᠠᠨ ᠪᠠᠶᠢᠭᠤᠯᠬᠤ ᠬᠡᠯᠳᠡᠰ᠂ ᠳᠤᠳᠤᠭᠠᠳᠤ ᠶᠢ ᠬᠠᠮᠠᠭᠠᠯᠠᠬᠤ ᠳᠤᠪᠴᠢᠶ᠎ᠠ᠂ | ᠬᠠᠤᠯᠢ ᠴᠠᠭᠠᠵᠠ ᠶᠢᠨ ᠳᠤᠪᠴᠢᠶ᠎ᠠ᠂ ᠳ᠋ᠠᠶᠢᠲ᠋ᠠ ᠲᠦᠪ᠂ ᠡᠯ᠎ᠡ ᠪᠠᠯᠭᠠᠰᠤ︶ | 5. ᠬᠦᠳᠡᠭᠡ ᠳᠤᠰᠬᠤᠨ ᠤ ᠠᠮᠢ ᠠᠬᠤᠢ ᠶᠢᠨ ᠬᠠᠮᠠᠭᠠᠯᠠᠯᠳᠠ ᠶᠢᠨ ᠵᠠᠩᠬᠢᠴᠢᠯᠠᠯᠳᠠ ᠶᠢᠨ ᠲᠦᠪᠰᠢᠨ ᠢ ᠳᠡᠬᠡᠭᠰᠢᠯᠡᠬᠦᠯᠤᠨ᠎ᠠ᠃ ᠤᠢ ᠰᠢᠭᠤᠢ ᠨᠤᠳᠤᠭ | ᠪᠡᠯᠴᠢᠬᠡᠷ ᠤᠨ ᠡᠬᠢ ᠪᠠᠶᠠᠯᠢᠭ ᠤᠨ ᠳᠤᠭᠠᠴᠠᠯᠠᠭᠰᠡᠨ ᠬᠡᠷᠡᠭᠯᠡᠯᠳᠠ ᠶᠢ ᠠᠬᠢᠭᠤᠯᠵᠤ᠂ ᠨᠤᠳᠤᠭ ᠪᠡᠯᠴᠢᠬᠡᠷ ᠤᠨ ︽3S︾ ᠮᠡᠷᠬᠡᠵᠢᠯ ᠤᠨ ᠦᠷᠬᠡᠨ ᠬᠡᠷᠡᠭᠯᠡᠯᠳᠠ ᠶᠢ | ᠳᠡᠯᠬᠡᠷᠡᠬᠦᠯᠤᠨ᠂ ᠨᠤᠳᠤᠭ ᠪᠡᠯᠴᠢᠬᠡᠷ ᠠᠮᠢ ᠠᠬᠤᠢ ᠶᠢᠨ ᠤᠷᠴᠢᠨ ᠳᠤᠭᠤᠷᠢᠨ ᠪᠠ ᠤᠷᠭᠤᠮᠠᠯ ᠤᠨ ᠤᠷᠭᠤᠴᠠ᠂ ᠤᠢ ᠰᠢᠭᠤᠢ ᠨᠤᠳᠤᠭ ᠪᠡᠯᠴᠢᠬᠡᠷ ᠤᠨ ᠭᠠᠯ | ᠰᠡᠷᠬᠡᠶᠢᠯᠡᠯᠳᠠ ᠶᠢ ᠬᠢᠨᠠᠨ ᠡᠵᠡᠮᠳᠡᠵᠤ᠂ ᠤᠬᠤᠷ ᠬᠤᠭᠤᠴᠠᠭᠠᠨ ᠤ ᠪᠡᠯᠴᠢᠬᠡᠷᠯᠡᠬᠦᠯᠬᠦ ᠶᠢ ᠬᠤᠷᠢᠭᠯᠠᠬᠤ᠂ ᠪᠡᠯᠴᠢᠬᠡᠷ ᠤᠨ ᠪᠠᠭᠳᠠᠭᠠᠮᠵᠢ ᠪᠠᠷ ᠮᠠᠯ ᠤᠨ ᠳᠤᠭ᠎ᠠ | ᠳᠤᠭᠳᠠᠭᠠᠬᠤ ᠠᠷᠭ᠎ᠠ ᠪᠠᠷᠢᠯ ᠢ ᠪᠤᠳᠠᠳᠠᠶᠢᠵᠢᠭᠤᠯᠤᠨ᠂ ᠠᠮᠢ ᠠᠬᠤᠢ ᠤᠷᠭᠤᠮᠠᠯ ᠤᠨ ᠪᠦᠷᠬᠦᠴᠠ ᠶᠢ ᠲᠦᠷᠬᠡᠨ ᠰᠡᠷᠬᠦᠬᠡᠨ᠎ᠡ᠃ ᠳᠤᠬᠢᠭᠤᠷ ᠳᠤᠯᠤᠭ᠎ᠠ ᠳᠠᠭᠠᠭᠤᠯᠢ | ᠤᠳᠤᠨ ᠮᠡᠷᠬᠡᠵᠢᠯ ᠤᠨ ᠦᠶᠡᠷ ᠢ ᠰᠡᠷᠬᠡᠶᠢᠯᠡᠨ ᠭᠠᠮᠰᠢᠭ ᠲᠠᠢ ᠳᠡᠮᠡᠴᠡᠬᠦ᠂ ᠤᠰᠤᠨ ᠡᠬᠢ ᠰᠤᠷᠪᠤᠯᠵᠢ ᠶᠢ ᠬᠢᠨᠠᠨ ᠡᠵᠡᠮᠳᠡᠬᠦ ᠪᠠ ᠬᠦᠷᠤᠰᠤ ᠰᠢᠷᠤᠢ ᠶᠢ ᠬᠠᠮᠠᠭᠠᠯᠠᠬᠤ | ᠵᠡᠷᠬᠡ ᠬᠦᠷᠢᠶᠡᠨ ᠳᠠᠬᠢ ᠳᠤᠭᠠᠴᠠᠯᠠᠭᠰᠡᠨ ᠬᠡᠷᠡᠭᠯᠡᠯᠳᠠ ᠶᠢ ᠲᠦᠷᠬᠡᠤᠨᠬᠡᠨ᠎ᠡ᠃ ᠠᠮᠢ ᠠᠬᠤᠢ ᠶᠢᠨ ᠤᠷᠴᠢᠨ ᠳᠤᠭᠤᠷᠢᠨ ᠢ ᠬᠢᠨᠠᠨ ᠡᠵᠡᠮᠳᠡᠬᠦ ᠰᠦᠯᠵᠢᠶ᠎ᠡ ᠶᠢ | ᠳᠡᠬᠦᠯᠳᠡᠷᠵᠢᠬᠦᠯᠤᠨ᠂ ᠬᠢᠨᠠᠨ ᠡᠵᠡᠮᠳᠡᠬᠦ ᠤᠷᠤᠨ ᠵᠠᠢ ᠶᠢᠨ ᠪᠠᠶᠢᠷᠢᠰᠢᠯ ᠢ ᠰᠢᠯᠢᠳᠡᠭᠵᠢᠬᠦᠯᠵᠤ᠂ ᠠᠮᠢ ᠠᠬᠤᠢ ᠶᠢᠨ ᠤᠷᠴᠢᠨ ᠳᠤᠭᠤᠷᠢᠨ ᠤ ᠬᠢᠨᠠᠯᠳᠠ ᠪᠠᠶᠢᠴᠠᠭᠠᠯᠳᠠ | ᠪᠠ ᠬᠠᠮᠠᠭᠠᠯᠠᠯᠳᠠ ᠶᠢ ᠴᠢᠩᠭᠠᠤᠨᠬᠠᠨ᠂ ᠠᠮᠢ ᠠᠬᠤᠢ ᠶᠢᠨ ᠬᠢᠨᠠᠨ ᠡᠵᠡᠮᠳᠡᠯ ᠤᠨ ᠪᠤᠳᠠᠰ ᠤᠨ ᠢᠨᠲ᠋ᠧᠷ ᠰᠦᠯᠵᠢᠶ᠎ᠡ ᠶᠢᠨ ᠬᠡᠷᠡᠭᠯᠡᠯᠳᠠ ᠶᠢ ᠳᠡᠯᠬᠡᠷᠡᠬᠦᠯᠤᠨᠠ᠃ ᠪᠦᠬᠦ | ᠬᠤᠰᠢᠭᠤᠨ ᠤ ᠠᠮᠢ ᠠᠬᠤᠢ ᠶᠢᠨ ᠤᠷᠴᠢᠨ ᠳᠤᠭᠤᠷᠢᠨ ᠤ ᠤᠷᠢᠤᠨᠴᠢᠯᠡᠨ ᠰᠡᠷᠡᠮᠵᠢᠯᠡᠬᠦᠯᠬᠦ᠂ ᠰᠢᠢᠤᠨᠪᠤᠷᠢᠳᠤ ᠪᠤᠳᠤᠯᠭ᠎ᠠ ᠶᠢ ᠵᠠᠳᠠᠯᠬᠤ᠂ ᠭᠠᠮᠰᠢᠭ ᠢ ᠰᠡᠷᠬᠡᠶᠢᠯᠡᠨ | ᠭᠠᠮᠰᠢᠭ ᠢ ᠪᠠᠭᠠᠰᠬᠠᠬᠤ᠂ ᠪᠠᠴᠢᠮ ᠪᠠᠶᠢᠳᠠᠯ ᠢ ᠠᠪᠤᠷᠠᠨ ᠳᠤᠰᠠᠯᠠᠵᠤ ᠵᠢᠯᠤᠭᠤᠤᠨᠬᠤ᠂ ᠭᠠᠮᠰᠢᠭ ᠤᠨ ᠪᠠᠶᠢᠳᠠᠯ ᠢ ᠦᠨᠡᠯᠡᠬᠦ ᠵᠡᠷᠬᠡ ᠳᠤᠭᠠᠴᠠᠯᠠᠭᠰᠡᠨ ᠲᠦᠪᠰᠢᠨ ᠢ | ᠳᠡᠬᠡᠭᠰᠢᠯᠡᠬᠦᠯᠤᠨ᠎ᠠ᠃ ︵ᠳᠤᠯᠤᠭᠠᠶᠢᠯᠠᠭᠴᠢ ᠰᠠᠯᠠᠭ᠎ᠠ ᠮᠦᠴᠢᠷ᠄ ᠤᠢ ᠰᠢᠭᠤᠢ ᠨᠤᠳᠤᠭ ᠪᠡᠯᠴᠢᠬᠡᠷ ᠤᠨ ᠳᠤᠪᠴᠢᠶ᠎ᠠ᠂ ᠤᠰᠤᠨ ᠠᠰᠢᠭᠯᠠᠯᠳᠠ ᠶᠢᠨ ᠳᠤᠪᠴᠢᠶ᠎ᠠ︔ | ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠬᠦᠭᠵᠢᠬᠦᠯᠤᠯᠳᠠ ᠦᠬᠡᠷᠡᠴᠢᠯᠡᠯᠳᠠ ᠶᠢᠨ ᠵᠦᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠳᠤᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠳᠠ ᠶᠢᠨ ᠳᠤᠪᠴᠢᠶ᠎ᠠ᠂ ᠮᠠᠯ ᠳᠠᠷᠢᠶᠠᠯᠠᠩ ᠤᠨ ᠳᠤᠪᠴᠢᠶ᠎ᠠ᠂ ᠠᠮᠢ ᠠᠬᠤᠢ ᠤᠷᠴᠢᠨ ᠳᠤᠭᠤᠷᠢᠨ ᠤ ᠬᠤᠪᠢᠶᠠᠷᠢ ᠳᠤᠪᠴᠢᠶ᠎ᠠ᠂ ᠴᠠᠭ ᠠᠭᠤᠷ | ᠤᠨ ᠳᠤᠪᠴᠢᠶ᠎ᠠ᠂ ᠡᠯ᠎ᠡ ᠪᠠᠯᠭᠠᠰᠤ︶ | 6. ᠮᠠᠯᠵᠢᠬᠤ ᠳᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠰᠢᠯᠢᠳᠡᠭᠵᠢᠬᠦᠯᠤᠨ᠎ᠠ᠃ ᠲᠦᠬᠦᠮ ᠳᠠᠭᠠᠯᠠᠮᠵᠢᠳᠠᠢ᠂ ᠪᠤᠬᠢᠷᠳᠤᠯ | ᠦᠬᠡᠢ ᠳᠤᠤᠷ᠎ᠠ ᠨᠡᠬᠦᠷᠡᠰᠤᠳᠦ᠋ᠷᠦᠭᠴᠢᠳᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠮᠠᠯᠵᠢᠬᠤ ᠳᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ | ᠳᠤᠭᠤᠷᠢᠨ ᠤ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠶᠢ ᠠᠬᠢᠭᠤᠯᠵᠤ᠂ ᠬᠦᠳᠡᠭᠡ ᠳᠤᠰᠬᠤᠨ ᠢ ᠬᠦᠴᠤᠷᠬᠡᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ | ᠶᠢᠨ ᠵᠢᠯᠤᠭᠤᠤᠨᠬᠤ ᠳᠠᠪᠴᠠᠩ ᠳᠤ ᠲᠦᠰᠢᠭᠯᠡᠨ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠤ ᠪᠠᠶᠢᠩᠭᠤᠵᠢᠭᠰᠡᠨ ᠬᠠᠮᠢᠶᠠᠷᠤᠯᠳᠠ ᠶᠢ ᠰᠢᠯᠢᠳᠡᠭᠵᠢᠬᠦᠯᠤᠨ᠂ | ᠮᠠᠯᠵᠢᠬᠤ ᠳᠠᠷᠢᠶᠠᠯᠠᠬᠤ ᠤᠷᠤᠨ ᠤ ᠪᠤᠬᠢᠷᠳᠤᠯ ᠪᠤᠳᠠᠰ᠂ ᠪᠤᠬᠢᠷᠳᠤᠯ ᠤᠨ ᠡᠬᠢ ᠶᠢ ᠴᠠᠭ ᠳᠤᠬᠠᠢ ᠳᠤ ᠨᠢ ᠬᠢᠨᠠᠨ ᠬᠡᠮᠵᠢᠵᠤ᠂ ᠠᠷᠢᠭᠤᠨ ᠴᠡᠪᠡᠷ ᠤᠨ ᠳᠠᠯ᠎ᠠ ᠪᠠᠷ ︽ | ᠡᠷᠤᠬᠡ ᠴᠡᠪᠡᠷᠯᠡᠬᠦ᠂ ᠳᠤᠰᠬᠤᠨ ᠴᠤᠭᠯᠠᠭᠤᠯᠬᠤ᠂ ᠪᠠᠯᠭᠠᠰᠤ ᠳᠡᠬᠡᠬᠡᠪᠤᠷᠢᠯᠡᠬᠦ᠂ ᠬᠤᠰᠢᠭᠤ ᠰᠢᠢᠤᠨᠪᠤᠷᠢᠯᠡᠬᠦ︾ ᠳᠤᠭᠳᠠᠴᠠ ᠶᠢᠨ ᠬᠡᠪ ᠤᠨ ᠠᠵᠢᠯᠯᠠᠭ᠎ᠠ ᠶᠢ | ᠠᠬᠢᠭᠤᠯᠤᠨ᠎ᠠ᠃ ᠤᠯᠠᠨ ᠲᠦᠮᠡᠨ ᠢ ᠵᠢᠯᠤᠭᠤᠳᠤᠨ ᠬᠦᠳᠡᠭᠡ ᠳᠤᠰᠬᠤᠨ ᠤ ᠤᠷᠴᠢᠨ ᠳᠤᠭᠤᠷᠢᠨ ᠤ ᠰᠦᠯᠵᠢᠶᠡᠨ ᠳᠡᠬᠡᠷᠡᠬᠢ ᠬᠢᠨᠠᠯᠳᠠ ᠳᠤ ᠢᠳᠡᠪᠬᠢᠳᠠᠢ | ᠤᠷᠤᠯᠴᠠᠭᠤᠯᠵᠤ᠂ ᠪᠤᠬᠢᠷᠳᠤᠯ ᠦᠬᠡᠢ ᠤᠷᠤᠰᠢᠨ ᠠᠮᠢᠳᠤᠷᠠᠬᠤ ᠤᠷᠴᠢᠨ ᠢᠶᠠᠨ ᠬᠠᠮᠳᠤᠪᠠᠷ ᠬᠠᠮᠠᠭᠠᠯᠠᠨ᠎ᠠ᠃ ︵ᠳᠤᠯᠤᠭᠠᠶᠢᠯᠠᠭᠴᠢ ᠰᠠᠯᠠᠭ᠎ᠠ ᠮᠦᠴᠢᠷ᠄ ᠤᠷᠤᠨ | ᠰᠠᠭᠤᠴᠠ ᠪᠠ ᠬᠤᠳᠠ ᠬᠦᠳᠡᠭᠡ ᠶᠢᠨ ᠪᠦᠳᠤᠬᠡᠨ ᠪᠠᠶᠢᠭᠤᠯᠤᠯᠳᠠ ᠶᠢᠨ ᠳᠤᠪᠴᠢᠶ᠎ᠠ︔ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠪᠠᠶᠢᠭᠠᠯᠢ ᠶᠢᠨ ᠡᠬᠢ ᠪᠠᠶᠠᠯᠢᠭ ᠤᠨ | ᠳᠤᠪᠴᠢᠶ᠎ᠠ᠂ ᠮᠠᠯ ᠳᠠᠷᠢᠶᠠᠯᠠᠩ ᠤᠨ ᠳᠤᠪᠴᠢᠶ᠎ᠠ᠂ ᠤᠢ ᠰᠢᠭᠤᠢ ᠨᠤᠳᠤᠭ ᠪᠠᠯᠴᠢᠬᠡᠷ ᠤᠨ ᠳᠤᠪᠴᠢᠶ᠎ᠠ᠂ ᠤᠰᠤᠨ ᠠᠰᠢᠭᠯᠠᠯᠳᠠ ᠶᠢᠨ ᠳᠤᠪᠴᠢᠶ᠎ᠠ᠂ ᠨᠠᠶᠢᠳᠠ ᠶᠢᠨ | ᠬᠡᠷᠡᠭᠯᠡᠬᠡᠨ ᠤ ᠤᠶᠢᠯᠡᠰ ᠤᠨ ᠬᠠᠮᠢᠶᠠᠷᠤᠯᠳᠠ ᠶᠢᠨ ᠲᠦᠪ᠂ ᠳ᠋ᠠᠶᠢᠲ᠋ᠠ ᠲᠦᠪ᠂ ᠡᠯ᠎ᠡ ᠪᠠᠯᠭᠠᠰᠤ︶ | 7. ᠮᠠᠯᠵᠢᠬᠤ ᠳᠠᠷᠶᠠᠯᠠᠬᠤ ᠤᠷᠤᠨ ᠤ ᠳᠤᠤᠷ ᠰᠦᠯᠵᠢᠶᠡᠨ ᠤ ᠰᠤᠶᠤᠯ ᠤᠨ ᠰᠠᠭᠤᠷᠢ ᠪᠠᠶᠢᠭᠤᠯᠤᠯᠳᠠ ᠶᠢ ᠴᠢᠩᠭᠠᠤᠨᠬᠠᠨ᠎ᠠ᠃ ︽ᠳᠤᠭᠠᠴᠠᠯᠠᠭᠰᠡᠨ ᠰᠤᠶᠤᠯ ᠢ | ᠮᠠᠯᠵᠢᠬᠤ ᠳᠠᠷᠢᠶᠠᠯᠠᠬᠤ ᠤᠷᠤᠨ ᠳᠤ ᠬᠦᠷᠬᠡᠬᠦ ᠢᠨᠵᠧᠨᠧᠷᠢᠩ︾ ᠢ ᠬᠦᠨᠵᠡᠬᠡᠢ ᠦᠷᠨᠢᠬᠦᠯᠵᠤ᠂ ᠤᠳᠤ ᠶᠢᠨ ᠪᠠᠶᠢᠭ᠎ᠠ ᠰᠤᠶᠤᠯ ᠢ ᠬᠠᠮᠳᠤ ᠡᠳ᠋ᠯᠡᠬᠦ ᠢᠨᠵᠧᠨᠧᠷᠢᠩ ᠤᠨ | ᠳᠤᠤᠷ ᠰᠦᠯᠵᠢᠶᠡᠨ ᠤ ᠵᠠᠭᠪᠤᠷ ᠪᠠ ᠤᠶᠢᠯᠡᠴᠢᠯᠡᠬᠡᠨ ᠤ ᠵᠠᠭᠪᠤᠷ ᠤᠨ ᠰᠠᠭᠤᠷᠢᠨ ᠳᠡᠬᠡᠷ᠎ᠡ᠂ WiFi ᠮᠡᠷᠬᠡᠵᠢᠯ ᠵᠢᠴᠢ ᠤᠶᠤᠨᠴᠢ ᠭᠠᠷ ᠤᠳᠠᠰᠤ᠂ ᠬᠠᠪᠳᠠᠰᠤᠨ | ᠺᠤᠮᠫᠢᠦ᠋ᠲ᠋ᠧᠷ ᠵᠡᠷᠬᠡ ᠨᠡᠬᠦᠳᠡᠯ ᠦᠵᠤᠬᠦᠷᠰᠢᠯ ᠢ ᠠᠰᠢᠭᠯᠠᠨ᠂ ᠪᠤᠶᠢᠳᠠ ᠪᠦᠭᠯᠡᠬᠦᠤ ᠭᠠᠵᠠᠷ ᠤᠷᠤᠨ ᠤ ᠳᠤᠤᠷ ᠰᠦᠯᠵᠢᠶᠡᠨ ᠤ ᠪᠦᠷᠬᠦᠴᠠ ᠦᠬᠡᠢ ᠮᠠᠯᠴᠢᠨ | ᠳᠠᠷᠢᠶᠠᠴᠢᠨ ᠳᠤ 24 ᠴᠠᠭ ᠤᠨ ᠳᠤᠭᠠᠴᠠᠯᠠᠭᠰᠡᠨ ᠰᠤᠶᠤᠯ ᠤᠨ ᠮᠡᠳᠡᠭᠡ ᠵᠠᠩᠬᠢ ᠶᠢᠨ ᠡᠬᠢ ᠰᠤᠷᠪᠤᠯᠵᠢ ᠶᠢᠨ ᠤᠶᠢᠯᠡᠴᠢᠯᠡᠭᠡ ᠶᠢ ᠳᠠᠰᠤᠷᠠᠯᠳᠠ ᠦᠬᠡᠢ ᠬᠠᠩᠭᠠᠨ᠎ᠠ᠃ | ᠤᠳᠤᠭ ᠤᠨ ᠡᠮᠤᠨᠡᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠪᠠᠶᠢᠭᠤᠯᠤᠯᠳᠠ ᠶᠢ ᠠᠬᠢᠭᠤᠯᠵᠤ᠂ 2023 ᠤᠨ ᠤ ᠰᠡᠬᠦᠯᠴᠢ ᠠᠴᠠ ᠡᠮᠤᠨ᠎ᠠ ᠪᠦᠬᠦ | ᠬᠤᠰᠢᠭᠤᠨ ᠤ ᠷᠠᠳᠢᠤ᠋᠂ ᠲᠧᠯᠸᠢᠰ ᠤᠨ ᠨᠡᠪᠳᠡᠷᠡᠬᠦᠯᠬᠡ ᠶᠢᠨ ᠶᠡᠷᠤᠩᠬᠡᠶᠢᠯᠡᠭᠰᠡᠨ ᠪᠦᠷᠬᠦᠴᠠ ᠶᠢᠨ ᠨᠤᠷᠮ᠎ᠠ ᠶᠢ ᠳᠤᠰ ᠳᠤᠰ 96% ᠪᠠ 98% ᠳᠤ ᠬᠦᠷᠬᠡᠨ᠎ᠡ᠃ | ︽ᠤᠳᠤᠭ ᠤᠨ ᠡᠮᠤᠨᠡᠳᠤ ᠬᠤᠰᠢᠭᠤᠨ ᠤ ᠨᠠᠶᠢᠳᠠᠯᠠᠯ ︵ᠮᠤᠩᠭᠤᠯ ᠬᠡᠯᠡᠨ ᠤ ᠬᠡᠪ︶︾ ᠤᠨ ᠳᠠᠪᠴᠠᠩ ᠢ ᠨᠡᠬᠡᠬᠡᠨ ᠬᠦᠭᠵᠢᠬᠦᠯᠵᠤ᠂ ︽ᠶᠠᠩ ᠹᠧᠢ ᠶᠢᠨ ᠳᠠᠷᠢᠶᠠᠯᠠᠩ | ᠬᠦᠳᠡᠭᠡ ᠳᠤᠰᠬᠤᠨ ᠳᠠᠷᠢᠶᠠᠴᠢᠨ ᠤ ᠬᠢᠴᠢᠶᠡᠯᠯᠡᠭᠡ ᠶᠢᠨ ᠲᠢᠩᠬᠢᠮ︾ ᠵᠡᠷᠬᠡ ᠨᠢᠬᠡ ᠪᠦᠯᠦᠭ ︽ᠳᠠᠷᠢᠶᠠᠯᠠᠩ ᠬᠦᠳᠡᠭᠡ ᠳᠤᠰᠬᠤᠨ ᠳᠠᠷᠢᠶᠠᠴᠢᠨ︾ ᠤ ᠲᠦᠷᠤ ᠶᠢᠨ | ᠪᠤᠳᠤᠯᠭ᠎ᠠ ᠶᠢᠨ ᠰᠤᠷᠤᠯᠴᠠᠯᠭ᠎ᠠ ᠤᠬᠠᠭᠤᠯᠭ᠎ᠠ ᠶᠢᠨ ᠨᠡᠷᠡᠳᠤ ᠳᠡᠮᠳᠡᠭ ᠢ ᠪᠤᠢ ᠪᠤᠯᠭᠠᠵᠤ᠂ ᠨᠠᠮ ᠤᠨ ᠤᠨᠤᠯ ᠤᠨ ᠰᠢᠨᠡᠴᠢᠯᠠᠯᠳᠠ ᠶᠢᠨ ᠲᠦᠷᠤ ᠶᠢᠨ ᠪᠤᠳᠤᠯᠭ᠎ᠠ ᠶᠢ | ᠳᠤᠤᠷ ᠰᠦᠯᠵᠢᠶᠡᠨ ᠳᠤ ᠭᠠᠷᠭᠠᠵᠤ᠂ ᠠᠷᠠᠤᠨ ᠲᠦᠮᠡᠨ ᠳᠤ ᠮᠡᠳᠡᠬᠦᠯᠤᠨ᠎ᠠ᠃ ︽i ᠡᠮᠤᠨᠡᠳᠤ ᠤᠳᠤᠭ︾ ᠭᠠᠷ ᠤᠳᠠᠰᠤᠨ ᠤ APP ᠲᠤ ᠲᠦᠰᠢᠭᠯᠡᠨ᠂ ᠤᠳᠤᠭ | ᠤᠨ ᠡᠮᠤᠨᠡᠳᠤ ᠬᠤᠰᠢᠭᠤᠨ ᠤ ᠮᠠᠯᠵᠢᠬᠤ ᠳᠠᠷᠢᠶᠠᠯᠠᠬᠤ ᠤᠷᠤᠨ ᠤ ᠰᠤᠶᠤᠯ ᠤᠨ ᠳᠤᠭᠠᠴᠠᠯᠠᠭᠰᠡᠨ ᠡᠬᠢ ᠪᠠᠶᠠᠯᠢᠭ ᠤᠨ ᠬᠦᠮᠤᠷᠬᠡ ᠶᠢ ᠪᠠᠶᠢᠭᠤᠯᠵᠤ᠂ ᠰᠢᠯᠢᠳᠡᠭ | ᠰᠤᠶᠤᠯ ᠤᠨ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤ ᠪᠠᠶᠢᠭᠤᠯᠤᠨ ᠬᠠᠮᠳᠤ ᠡᠳ᠋ᠯᠡᠬᠦ ᠶᠢ ᠪᠡᠶᠡᠯᠡᠬᠦᠯᠤᠨ᠎ᠠ᠃︵ᠳᠤᠯᠤᠭᠠᠶᠢᠯᠠᠭᠴᠢ ᠰᠠᠯᠠᠭ᠎ᠠ ᠮᠦᠴᠢᠷ᠄ | ᠤᠬᠠᠭᠤᠯᠬᠤ ᠬᠡᠯᠳᠡᠰ︔ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠰᠤᠶᠤᠯ ᠵᠢᠭᠤᠯᠴᠢᠯᠠᠯ ᠤᠨ ᠳᠤᠪᠴᠢᠶ᠎ᠠ᠂ ᠮᠠᠯ ᠳᠠᠷᠢᠶᠠᠯᠠᠩ ᠤᠨ ᠳᠤᠪᠴᠢᠶ᠎ᠠ᠂ ᠳ᠋ᠠᠶᠢᠲ᠋ᠠ ᠲᠦᠪ᠂ | ᠬᠠᠮ ᠵᠠᠭᠤᠴᠢᠯᠠᠭᠤᠷ ᠤᠨ ᠲᠦᠪ᠂ ᠷᠠᠳᠢᠤ᠋ ᠲᠧᠯᠸᠢᠰ ᠤᠨ ᠳᠤᠤᠷ ᠰᠦᠯᠵᠢᠶᠡᠨ ᠤ ᠺᠤᠮᠫᠠᠨᠢ︶ | 8. ᠮᠠᠯᠵᠢᠬᠤ ᠳᠠᠷᠢᠶᠠᠯᠠᠬᠤ ᠤᠷᠤᠨ ᠤ ᠰᠦᠯᠵᠢᠶᠡᠨ ᠪᠤᠯᠪᠠᠰᠤᠨ ᠤ ᠳᠡᠯᠬᠡᠷᠡᠬᠦᠯᠤᠯᠳᠠ ᠶᠢ ᠬᠦᠨᠵᠡᠬᠡᠶᠢᠷᠡᠬᠦᠯᠤᠨ᠎ᠠ᠃ ᠮᠠᠨ ᠤ ᠬᠤᠰᠢᠭᠤᠨ ᠤ ᠬᠤᠪᠢᠰᠬᠠᠯᠳᠤ | ᠰᠤᠶᠤᠯ᠂ ᠮᠤᠩᠭᠤᠯ ᠰᠤᠶᠤᠯ᠂ ᠳᠠᠷᠢᠶᠠᠯᠠᠩ ᠤᠨ ᠰᠤᠶᠤᠯ᠂ ᠠᠷᠠᠤᠨ ᠤᠨ ᠵᠠᠩ ᠤᠶᠢᠯᠡ ᠶᠢᠨ ᠰᠤᠶᠤᠯ ᠢ ᠠᠭᠤᠳᠠᠯᠵᠤ᠂ ᠠᠷᠠᠤᠨ ᠤᠨ ᠤᠷᠠᠯᠢᠭ ᠤᠨ ᠪᠦᠯᠬᠦᠮ ᠪᠠ | ᠬᠤᠪᠢ ᠬᠦᠮᠤᠨ ︽ᠳᠠᠷᠢᠶᠠᠯᠠᠩ ᠮᠠᠯ ᠠᠵᠤ ᠠᠬᠤᠢ᠂ ᠮᠠᠯᠵᠢᠬᠤ ᠳᠠᠷᠢᠶᠠᠯᠠᠬᠤ ᠤᠷᠤᠨ᠂ ᠮᠠᠯᠴᠢᠨ ᠳᠠᠷᠢᠶᠠᠴᠢᠨ︾ ᠢᠶᠠᠷ ᠭᠤᠤᠯ ᠰᠡᠳᠤᠪ ᠪᠤᠯᠭᠠᠭᠰᠡᠨ ᠰᠦᠯᠵᠢᠶᠡᠨ ᠤ | ᠤᠷᠠᠨ ᠵᠤᠬᠢᠶᠠᠯ᠂ ᠳᠠᠭᠤᠤ ᠲᠦᠷᠰᠤ ᠰᠢᠩᠬᠡᠬᠡᠯᠳᠠ ᠶᠢᠨ ᠵᠤᠬᠢᠶᠠᠨ ᠪᠦᠳᠤᠬᠡᠯᠬᠡ ᠦᠷᠨᠢᠬᠦᠯᠬᠦ ᠶᠢ ᠵᠤᠷᠢᠭᠵᠢᠭᠤᠯᠤᠨ᠂᠂ ᠮᠠᠯᠵᠢᠬᠤ ᠳᠠᠷᠢᠶᠠᠯᠠᠬᠤ ᠤᠷᠤᠨ ᠤ ᠠᠷᠠᠤᠨ | ᠲᠦᠮᠡᠨ ᠤ ᠤᠶᠤᠨ ᠰᠠᠨᠠᠭᠠᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ︽ᠳᠤᠤᠷ ᠰᠦᠯᠵᠢᠶᠡᠨ ᠤ ᠪᠠᠭ᠋ᠠᠳᠤᠭᠴᠢ︾᠂ ︽ᠳᠤᠤᠷ ᠰᠦᠯᠵᠢᠶᠡᠨ ᠤ | ᠬᠠᠮᠭᠠᠯᠠᠭᠴᠢ︾ ᠶᠢᠨ ᠰᠠᠶᠢᠨ ᠳᠤᠷ᠎ᠠ ᠶᠢᠨ ᠤᠶᠢᠯᠡᠴᠢᠯᠡᠬᠡᠨ ᠤ ᠡᠩᠨᠡᠭᠡ ᠶᠢ ᠬᠦᠭᠵᠢᠬᠦᠯᠤᠨ᠂ ᠮᠠᠯ ᠳᠠᠷᠢᠶᠠᠯᠠᠩ ᠤᠨ ᠠᠷᠠᠯᠵᠢᠶ᠎ᠠ ᠮᠠᠶᠢᠮᠠᠢ ᠶᠢᠨ ᠵᠠᠬ᠎ᠠ ᠳᠡᠯᠬᠡᠬᠦᠷ ᠲᠤ | ᠬᠦᠨᠵᠡᠬᠡᠶᠢᠷᠡᠨ ᠰᠢᠭᠤᠤᠨ ᠨᠡᠪᠳᠡᠷᠡᠬᠦᠯᠬᠡ ᠪᠠᠷ ᠪᠠᠷᠠᠭ᠎ᠠ ᠬᠤᠳᠠᠯᠳᠤᠬᠤ ᠪᠠ ᠳᠤᠤᠷ ᠰᠦᠯᠵᠢᠶᠡᠨ ᠤ ᠠᠮᠤᠷ ᠲᠦᠪᠰᠢᠨ ᠤ ᠮᠡᠳᠡᠯᠬᠡ ᠶᠢ ᠤᠬᠠᠭᠤᠯᠬᠤ ᠠᠵᠢᠯᠯᠠᠭ᠎ᠠ | ᠦᠷᠨᠢᠬᠦᠯᠵᠤ᠂ ᠮᠠᠯᠴᠢᠨ ᠳᠠᠷᠢᠶᠠᠴᠢᠨ ᠢ ᠳᠠᠶᠢᠴᠢᠯᠡᠨ ᠤᠷᠤᠯᠭ᠎ᠠ ᠶᠢ ᠨᠡᠮᠡᠭᠳᠡᠬᠦᠯᠤᠨ ᠪᠠᠶᠠᠵᠢᠭᠤᠯᠵᠤ᠂ ᠪᠦᠬᠦ ᠠᠷᠠᠤᠨ ᠤᠨ ᠰᠦᠯᠵᠢᠶᠡᠨ ᠤ ᠠᠮᠤᠷ ᠲᠦᠪᠰᠢᠨ ᠤ | ᠤᠬᠠᠮᠰᠠᠷ ᠢ ᠳᠡᠬᠡᠭᠰᠢᠯᠡᠬᠦᠯᠤᠨ᠎ᠠ᠃ ᠬᠡᠪ ᠵᠠᠩᠰᠢᠯ ᠢ ᠦᠬᠡᠷᠡᠴᠢᠯᠡᠬᠦ ᠠᠵᠢᠯᠯᠠᠭ᠎ᠠ ᠦᠷᠨᠢᠬᠦᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠳᠤᠤᠷᠵᠢᠯ ᠵᠠᠰᠠᠯᠳᠠ ᠶᠢᠨ | ᠰᠢᠰᠲ᠋ᠧᠮ ᠳᠤ ᠲᠦᠰᠢᠭᠯᠡᠵᠤ᠂ ᠮᠠᠯᠵᠢᠬᠤ ᠳᠠᠷᠢᠶᠠᠯᠠᠬᠤ ᠤᠷᠤᠨ ᠤ ᠭᠠᠴᠠᠭ᠎ᠠ ᠳᠤᠰᠬᠤᠨ᠂ ᠨᠠᠶᠢᠬᠡᠮ ᠳᠤᠭᠤᠷᠢᠭ ᠤᠨ ᠸᠢᠴᠠᠲ ᠶᠢᠨ ᠬᠤᠯᠪᠤᠭ᠎ᠠ ᠶᠢ ᠪᠦᠬᠦ ᠳᠠᠯ᠎ᠠ ᠪᠠᠷ | ᠴᠡᠭᠴᠡᠯᠡᠵᠤ᠂ ᠹᠸᠤᠳᠠᠯ ᠤᠨ ᠮᠤᠬᠤᠷ ᠪᠢᠰᠢᠷᠡᠯ᠂ ᠪᠤᠯᠬᠢ ᠪᠦᠳᠤᠬᠦᠯᠢᠭ ᠢᠶᠠᠷ ᠠᠳᠠᠭᠠᠷᠬᠠᠨ ᠮᠦᠷᠤᠶᠢᠴᠡᠬᠦ ᠵᠡᠷᠬᠡ ᠨᠠᠵᠠᠭᠠᠢ ᠰᠤᠶᠤᠯ ᠢ ᠤᠯᠠᠮᠵᠢᠯᠠᠨ ᠳᠡᠯᠬᠡᠷᠡᠬᠦᠯᠬᠦ ᠶᠢ | ᠡᠷᠡᠰ ᠳᠡᠪᠴᠢᠨ᠎ᠠ᠃︵ᠳᠤᠯᠤᠭᠠᠶᠢᠯᠠᠭᠴᠢ ᠰᠠᠯᠠᠭ᠎ᠠ ᠮᠦᠴᠢᠷ᠄ ᠤᠬᠠᠭᠤᠯᠬᠤ ᠬᠡᠯᠳᠡᠰ︔ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠤᠤᠠᠬ᠎ᠠ ᠤᠷᠠᠯᠢᠭ ᠤᠨ ᠬᠢᠨ ᠤ | ᠬᠤᠯᠪᠤᠭ᠎ᠠ᠂ ᠰᠤᠶᠤᠯ ᠵᠢᠭᠤᠯᠴᠢᠯᠠᠯ ᠤᠨ ᠳᠤᠪᠴᠢᠶ᠎ᠠ᠂ ᠳ᠋ᠠᠶᠢᠲ᠋ᠠ ᠲᠦᠪ᠂ ᠡᠯ᠎ᠡ ᠪᠠᠯᠭᠠᠰᠤ︶ | 9. ᠬᠦᠳᠡᠭᠡ ᠳᠤᠰᠬᠤᠨ ᠤ ᠨᠠᠮ ᠤᠨ ᠠᠵᠢᠯ ᠤᠨ ᠲᠦᠷᠢᠮᠵᠢᠬᠦᠨ ᠬᠠᠮᠢᠶᠠᠷᠤᠯᠳᠠ ᠶᠢ ᠠᠬᠢᠭᠤᠯᠤᠨ᠎ᠠ᠃ ᠬᠦᠳᠡᠭᠡ ᠳᠤᠰᠬᠤᠨ ᠤ ᠨᠠᠮ ᠤᠨ ᠪᠠᠶᠢᠭᠤᠯᠤᠯᠳᠠ ᠶᠢᠨ | ᠲᠦᠷᠢᠮᠵᠢᠬᠦᠨ ᠡᠷᠬᠢᠯᠳᠠ ᠬᠠᠮᠢᠶᠠᠷᠤᠯᠳᠠ ᠶᠢ ᠠᠬᠢᠭᠤᠯᠤᠨ᠎ᠠ᠃ ᠪᠦᠬᠦ ᠤᠷᠤᠨ ᠤ ︽ᠳᠠᠪᠤᠨ ᠳᠠᠯ᠎ᠠ ᠶᠢ ᠬᠠᠮᠵᠢᠯᠴᠠᠭᠤᠯᠤᠨ᠂ ᠦᠨᠳᠤᠰᠤᠨ ᠱᠠᠳᠤ ᠶᠢ ᠭᠤᠤᠯᠯᠠᠨ | ᠠᠤᠨᠬᠤᠬᠤ︾ ᠶᠡᠷᠤᠩᠬᠡᠢ ᠪᠠᠶᠢᠷᠢᠯᠠᠭᠤᠯᠤᠯᠳᠠ ᠶᠢᠨ ᠳᠤᠭᠤᠷᠢᠨ ᠳᠤ᠂ ︽ᠬᠠᠮᠤᠭ ᠤᠨ ᠬᠦᠴᠤᠷᠬᠡᠭ ᠨᠠᠮ ᠤᠨ ᠡᠬᠦᠷ︾ ᠤᠨ ᠴᠤᠭᠴᠠᠯᠠᠯᠳᠠ ᠪᠠᠷ ᠭᠠᠷᠳᠠᠴᠠ | ᠪᠤᠯᠭᠠᠵᠤ᠂ ᠮᠡᠳᠡᠭᠡ ᠵᠠᠩᠬᠢᠴᠢᠯᠠᠯᠳᠠ ᠶᠢᠨ ᠠᠷᠭ᠎ᠠ ᠪᠠᠷᠢᠯ ᠢ ᠬᠦᠳᠡᠭᠡ ᠳᠤᠰᠬᠤᠨ ᠤ ᠨᠠᠮ ᠤᠨ ᠪᠠᠶᠢᠭᠤᠯᠤᠯᠳᠠ ᠶᠢᠨ ᠠᠵᠢᠯ ᠳᠤ ᠤᠷᠤᠭᠤᠯᠵᠤ᠂ ᠤᠶᠤᠨᠴᠢ ᠨᠠᠮ ᠤᠨ | ᠪᠠᠶᠢᠭᠤᠯᠤᠯᠳᠠ ᠶᠢᠨ ᠶᠡᠷᠤᠩᠬᠡᠶᠢᠯᠡᠭᠰᠡᠨ ᠳᠤᠬᠠᠶᠢᠯᠠᠭᠰᠡᠨ ᠠᠵᠢᠯ ᠤᠨ ᠳᠠᠪᠴᠠᠩ ᠢ ᠪᠦᠬᠦ ᠳᠠᠯ᠎ᠠ ᠪᠠᠷ ᠳᠡᠯᠬᠡᠷᠡᠬᠦᠯᠤᠨ᠂ ᠨᠠᠮ ᠤᠨ ᠪᠠᠶᠢᠭᠤᠯᠤᠯᠳᠠ ᠶᠢᠨ ᠯᠠᠪᠯᠠᠯᠳᠠ᠂ | ᠨᠠᠮ ᠤᠨ ᠠᠵᠢᠯ ᠤᠨ ᠮᠡᠳᠡᠯᠬᠡ᠂ ᠺᠡᠳ᠋ᠷᠴᠤᠤᠨ ᠤᠨ ᠬᠠᠮᠢᠶᠠᠷᠤᠯᠳᠠ ᠵᠡᠷᠬᠡ ᠴᠢᠳᠠᠪᠬᠢ ᠶᠢ ᠲᠦᠪᠯᠡᠷᠡᠬᠦᠯᠤᠨ ᠳᠤᠬᠢᠷᠠᠭᠤᠯᠵᠤ᠂ ᠬᠦᠳᠡᠭᠡ ᠳᠤᠰᠬᠤᠨ ᠤ ᠰᠦᠯᠵᠢᠶᠡᠨ | ᠳᠠᠬᠢ ︽ᠬᠡᠷ ᠪᠦᠯᠢ︾ ᠶᠢ ᠪᠠᠶᠢᠭᠤᠯᠤᠨ᠂ ︽ᠭᠤᠷᠪᠠᠨ ᠬᠤᠷᠠᠯ ᠨᠢᠬᠡ ᠬᠢᠴᠢᠶᠡᠯ︾᠂ ᠭᠤᠤᠯ ᠰᠡᠳᠤᠪᠳᠤ ᠨᠠᠮ ᠤᠨ ᠡᠳᠤᠷ ᠤᠨ ᠠᠵᠢᠯᠯᠠᠭ᠎ᠠ᠂ ᠠᠷᠠᠤᠨᠴᠢᠯᠡᠯ ᠢᠶᠠᠷ | ᠨᠠᠮ ᠤᠨ ᠬᠡᠰᠢᠬᠦᠨ ᠢ ᠦᠨᠡᠯᠡᠬᠦ ᠵᠡᠷᠬᠡ ᠤᠯᠤᠰ ᠲᠦᠷᠤ ᠶᠢᠨ ᠦᠨᠳᠤᠰᠤᠨ ᠲᠦᠷᠢᠮ ᠳᠤᠭᠳᠠᠭᠠᠯ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠶᠢᠨ ᠬᠠᠮᠳᠤ᠂ | ᠳᠤᠬᠢᠷᠠᠭᠤᠯᠤᠯᠳᠠ ᠵᠤᠬᠢᠰᠳᠠᠢ᠂ ᠲᠦᠷᠢᠮᠵᠢᠬᠦᠨ ᠦᠨᠳᠤᠷ ᠪᠦᠳᠤᠮᠵᠢᠳᠠᠢ᠂ ᠬᠠᠷᠢᠯᠴᠠᠨ ᠬᠤᠯᠪᠤᠭᠠᠯᠠᠵᠤ ᠬᠠᠷᠢᠯᠴᠠᠨ ᠨᠡᠪᠳᠡᠷᠡᠯᠴᠡᠬᠦ ᠬᠤᠰᠢᠭᠤ᠂ ᠪᠠᠯᠭᠠᠰᠤ᠂ ᠭᠠᠴᠠᠭ᠎ᠠ | ᠳᠤᠰᠬᠤᠨ ᠤ ︽ᠭᠤᠷᠪᠠᠨ ᠱᠠᠳᠤᠨ ᠤ ᠨᠠᠮ ᠤᠨ ᠬᠡᠰᠢᠬᠦᠨ ᠪᠠ ᠤᠯᠠᠨ ᠲᠦᠮᠡᠨ ᠳᠤ ᠤᠶᠢᠯᠡᠴᠢᠯᠡᠬᠦ ᠲᠦᠪ︾ ᠤᠨ ᠰᠢᠰᠲ᠋ᠧᠮ ᠢ ᠨᠢᠬᠡᠳᠤᠯᠳᠠᠢ ᠲᠦᠯᠤᠪᠯᠡᠨ | ᠪᠠᠶᠢᠭᠤᠯᠵᠤ᠂ ᠨᠠᠶᠢᠬᠡᠮ ᠤᠨ ᠪᠠᠶᠢᠳᠠᠯ ᠠᠷᠠᠤᠨ ᠤᠨ ᠰᠠᠨᠠᠭ᠎ᠠ ᠶᠢ ᠴᠤᠭᠯᠠᠭᠤᠯᠬᠤ ᠵᠠᠮ ᠮᠦᠷ ᠢ ᠰᠢᠯᠤᠭᠤᠤᠨᠬᠠᠨ᠂ ᠤᠯᠠᠨ ᠲᠦᠮᠡᠨ ᠲᠠᠢ ᠬᠠᠷᠢᠯᠴᠠᠨ ᠤᠯᠠᠨ ᠲᠦᠮᠡᠨ | ᠳᠤ ᠤᠶᠢᠯᠡᠴᠢᠯᠡᠬᠦ ᠶᠢ ᠦᠨᠡᠨᠬᠦ ᠠᠬᠢᠭᠤᠯᠤᠨ᠎ᠠ᠃ ︵ᠳᠤᠯᠤᠭᠠᠶᠢᠯᠠᠭᠴᠢ ᠰᠠᠯᠠᠭ᠎ᠠ ᠮᠦᠴᠢᠷ᠄ ᠵᠤᠬᠢᠶᠠᠨ ᠪᠠᠶᠢᠭᠤᠯᠬᠤ ᠬᠡᠯᠳᠡᠰ︔ ᠬᠠᠷᠢᠭᠤᠴᠠᠯᠭ᠎ᠠ ᠶᠢᠨ ᠰᠠᠯᠠᠭ᠎ᠠ | ᠮᠦᠴᠢᠷ᠄ ᠤᠶᠤᠨᠴᠢ ᠨᠠᠮ ᠤᠨ ᠪᠠᠶᠢᠭᠤᠯᠤᠯᠳᠠ ᠶᠢᠨ ᠰᠤᠳᠤᠯᠭᠠᠨ ᠤ ᠲᠦᠪ᠂ ᠡᠯ᠎ᠡ ᠪᠠᠯᠭᠠᠰᠤ︶ | 10. ᠬᠦᠳᠡᠭᠡ ᠲᠤᠰᠬᠤᠨ ᠤ ᠵᠠᠰᠠᠭ ᠤᠨ ᠶᠠᠪᠤᠳᠠᠯ ᠤᠨ ᠦᠨᠳᠦᠷ ᠪᠦᠲᠦᠮᠵᠢᠲᠦ ᠦᠢᠯᠡᠴᠢᠯᠡᠭᠡ ᠶᠢ ᠠᠬᠢᠭᠤᠯᠤᠨ᠎ᠠ᠃ ︽ᠭᠠᠭᠴᠠᠬᠠᠨ ᠣᠳᠠᠭ᠎ᠠ ᠳᠡᠭᠡᠷ᠎ᠡ | ᠬᠦᠢᠴᠡᠳᠬᠡᠬᠦ︾ ᠦᠭᠡᠷᠡᠴᠢᠯᠡᠯᠲᠡ ᠶᠢᠨ ᠬᠠᠷᠠᠯᠲᠠ ᠶᠤᠰᠤᠭᠠᠷ᠂ ᠬᠤᠰᠢᠭᠤ᠂ ᠪᠠᠯᠭᠠᠰᠣ᠂ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠭᠤᠷᠪᠠᠨ ᠱᠠᠲᠤ | ᠬᠠᠮᠲᠤᠷᠠᠯᠴᠠᠭᠰᠠᠨ ᠦᠢᠯᠡᠴᠢᠯᠡᠭᠡᠨ ᠤ ᠲᠤᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ ᠪᠦᠬᠦ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ | ᠮᠦᠩᠭᠡ ᠰᠣᠪᠠᠭ APP ᠲᠤ ᠲᠦᠰᠢᠭᠯᠡᠨ᠂ ᠦᠨᠳᠦᠰᠦᠲᠡᠨ ᠤ ᠭᠠᠵᠠᠷ ᠣᠷᠣᠨ ᠤ ︽ᠳᠦᠷᠪᠡᠨ ᠣᠷᠣᠨ ᠳᠤ ᠳᠦᠷᠪᠡᠨ ᠬᠡᠯᠪᠡᠷᠢ ᠪᠠᠷ ᠬᠦᠢᠴᠡᠳᠬᠡᠬᠦ︾ ᠵᠠᠭᠪᠤᠷ ᠢ | ᠬᠡᠷᠡᠭᠵᠢᠬᠦᠯᠵᠦ᠂ ︽ᠳᠦᠷᠪᠡᠨ ᠭᠠᠵᠠᠷ ᠣᠷᠣᠨ ᠳᠤ ᠨᠠᠶᠢᠲᠠᠮ ᠬᠦᠢᠴᠡᠳᠬᠡᠬᠦ︾ ᠴᠢᠨᠠᠷᠯᠢᠭ ᠬᠠᠷᠠᠯᠲᠠ ᠪᠠᠷ ᠡᠯ᠎ᠡ ᠲᠦᠷᠦᠯ ᠤᠨ ᠦᠨᠳᠦᠰᠦᠨ ᠲᠤᠭ᠎ᠠ ᠪᠠᠷᠢᠮᠲᠠ ᠶᠢᠨ | ᠬᠠᠷᠢᠯᠴᠠᠨ ᠬᠤᠯᠪᠤᠭᠠᠯᠠᠵᠤ ᠬᠠᠷᠢᠯᠴᠠᠨ ᠨᠡᠪᠲᠡᠷᠡᠯᠴᠡᠬᠦ ᠶᠢ ᠳᠡᠭᠡᠭᠰᠢᠯᠡᠬᠦᠯᠬᠦ ᠬᠡᠷᠡᠭᠲᠡᠢ᠃ ᠡᠯ᠎ᠡ ᠪᠠᠯᠭᠠᠰᠣᠨ ᠤ ᠠᠷᠠᠳ ᠲᠤ ᠳᠦᠬᠦᠮ ᠦᠵᠡᠬᠦᠯᠬᠦ ᠦᠢᠯᠡᠴᠢᠯᠠᠭᠡᠨ ᠤ | ᠲᠦᠪ᠂ ᠡᠯ᠎ᠡ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠤᠨ ᠠᠷᠠᠳ ᠲᠤ ᠳᠦᠬᠦᠮ ᠦᠵᠡᠬᠦᠯᠬᠦ ᠦᠢᠯᠡᠴᠢᠯᠠᠭᠡᠨ ᠤ ᠣᠷᠣᠯᠠᠨ ᠬᠦᠢᠴᠡᠳᠬᠡᠬᠦ ᠴᠡᠭ ᠤᠨ | ᠲᠦᠪᠯᠡᠷᠡᠩᠭᠦᠢ ᠬᠦᠢᠴᠡᠳᠬᠡᠯ ᠤᠨ ᠦᠢᠯᠡᠳᠦᠯ ᠢ ᠬᠦᠢᠴᠡᠳ ᠪᠳᠠᠷᠠᠭᠤᠯᠤᠨ᠂ ᠨᠡᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭ ᠶᠠᠪᠤᠳᠠᠯ ᠢ | ᠲᠦᠪᠯᠡᠷᠡᠬᠦᠯᠦᠨ ᠬᠦᠢᠴᠡᠳᠬᠡᠬᠦ ᠶᠢ ᠠᠬᠢᠭᠤᠯᠵᠤ᠂ ︽ᠨᠢᠭᠡ ᠭᠠᠵᠠᠷ ᠭᠠᠭᠴᠠᠬᠠᠨ ᠣᠳᠠᠭ᠎ᠠ ᠳᠡᠭᠡᠷ᠎ᠡ ᠬᠦᠢᠴᠡᠳᠬᠡᠬᠦ︾ ᠶᠢ ᠴᠢᠨᠠᠷᠯᠢᠭ ᠪᠡᠶᠡᠯᠡᠬᠦᠯᠦᠨ᠎ᠡ᠃ ︵ | ᠲᠤᠯᠤᠭᠠᠶᠢᠯᠠᠭᠴᠢ ᠰᠠᠯᠠᠭ᠎ᠠ ᠮᠦᠴᠢᠷ᠄ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠤᠪᠴᠢᠶ᠎ᠠ︔ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠵᠠᠰᠠᠭ ᠤᠨ ᠶᠠᠪᠤᠳᠠᠯ | ᠤᠨ ᠦᠢᠯᠡᠴᠢᠯᠡᠭᠡᠨ ᠤ ᠡᠯᠡᠬᠢᠨᠠᠨ ᠴᠣᠬᠤᠯᠠᠪᠤᠷᠢᠯᠠᠬᠤ ᠰᠠᠯᠠᠭ᠎ᠠ ᠮᠦᠴᠢᠷ᠂ ᠡᠯ᠎ᠡ ᠪᠠᠯᠭᠠᠰᠣ︶ | 11. ᠬᠦᠳᠡᠭᠡ ᠲᠤᠰᠬᠤᠨ ᠤ ᠰᠣᠷᠭᠠᠨ ᠬᠦᠮᠦᠵᠢᠯ ᠤᠨ ᠮᠡᠳᠡᠭᠡ ᠵᠠᠩᠭᠢᠴᠢᠯᠠᠯᠲᠠ ᠶᠢ ᠬᠦᠨᠵᠡᠭᠡᠢ ᠠᠬᠢᠭᠤᠯᠤᠨ᠎ᠠ᠃ ᠲᠤᠭᠠᠴᠠᠯᠠᠭᠰᠠᠨ ᠰᠣᠷᠭᠠᠭᠤᠯᠢ ᠶᠢᠨ | ᠬᠦᠷᠢᠶᠡᠨ ᠤ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠪᠠᠯᠭᠠᠰᠣᠨ ᠤ ᠰᠦᠯᠵᠢᠶᠠᠨ ᠬᠤᠯᠪᠤᠭ᠎ᠠ ᠳᠤ ᠣᠷᠣᠭᠰᠠᠨ ᠦᠭᠡᠢ ᠰᠤᠷᠭᠠᠭᠤᠯᠢ ᠳᠤ ᠬᠡᠷᠡᠯᠯᠢᠭ ᠣᠲᠠᠰᠣ᠂ | ᠦᠷᠭᠡᠨ ᠪᠦᠰᠡ ᠨᠡᠪᠲᠡᠷᠡᠬᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠢᠨᠲ᠋ᠧᠷ ᠰᠦᠯᠵᠢᠶᠡᠨ ᠤ ᠬᠡᠷᠡᠭᠯᠡᠯᠲᠡ ᠶᠢ ᠲᠦᠭᠡᠮᠡᠯᠵᠢᠬᠦᠯᠦᠨ᠎ᠡ᠃ ᠠᠮᠣᠷ ᠠᠮᠣᠭᠤᠯᠠᠩ | ᠰᠣᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠣᠷᠭᠠᠭᠤᠯᠢ ᠶᠢᠨ ᠬᠦᠷᠢᠶᠡᠨ ᠤ ᠬᠠᠷᠠᠭᠠᠨ ᠲᠠᠪᠲᠠᠮᠵᠢ ᠶᠢᠨ ᠬᠢᠨᠠᠨ ᠡᠵᠡᠮᠳᠡᠬᠦ ᠰᠦᠯᠵᠢᠶᠡᠨ ᠤ | ᠪᠠᠶᠢᠭᠤᠯᠤᠯᠲᠠ ᠪᠠ ᠪᠦᠬᠦ ᠲᠠᠯ᠎ᠠ ᠶᠢᠨ ᠪᠦᠷᠬᠦᠴᠡ ᠶᠢ ᠠᠬᠢᠭᠤᠯᠬᠤ ᠬᠡᠷᠡᠭᠲᠡᠢ᠃ ︽ᠢᠨᠲ᠋ᠧᠷ ᠰᠦᠯᠵᠢᠶ᠎ᠡ + ᠰᠣᠷᠭᠠᠨ ᠬᠦᠮᠦᠵᠢᠯ︾ ᠢ ᠬᠦᠭᠵᠢᠬᠦᠯᠦᠨ᠂ ᠰᠣᠷᠭᠠᠨ | ᠬᠦᠮᠦᠵᠢᠯ ᠤᠨ ᠰᠢᠯᠢᠳᠡᠭ ᠡᠬᠢ ᠰᠣᠷᠪᠣᠯᠵᠢ ᠬᠢᠬᠡᠳ ᠡᠯ᠎ᠡ ᠪᠠᠯᠭᠠᠰᠣᠨ ᠤ ᠳᠣᠮᠳᠠᠳᠣ ᠪᠠᠭ᠎ᠠ ᠰᠣᠷᠭᠠᠭᠤᠯᠢ ᠶᠢᠨ ᠠᠪᠴᠠᠯᠳᠣᠯ ᠢ ᠠᠬᠢᠭᠤᠯᠵᠤ᠂ ᠰᠦᠯᠵᠢᠶᠡᠨ ᠳᠡᠭᠡᠷᠡᠬᠢ | ᠬᠦᠮᠦᠵᠢᠯ᠂ ᠠᠯᠤᠰ ᠡᠵᠡᠮᠰᠢᠯᠲᠦ ᠬᠦᠮᠦᠵᠢᠯ ᠵᠡᠷᠭᠡ ᠢᠨᠲ᠋ᠧᠷ ᠰᠦᠯᠵᠢᠶᠡᠨ ᠤ ᠦᠢᠯᠡᠴᠢᠯᠡᠭᠡᠨ ᠤ ᠰᠢᠨ᠎ᠡ ᠵᠠᠭᠪᠤᠷ ᠤᠨ ᠲᠦᠭᠡᠮᠡᠯᠵᠢᠬᠦᠯᠦᠯᠲᠡ ᠶᠢ ᠳᠡᠮᠵᠢᠨ᠂ ᠰᠣᠷᠭᠠᠨ | ᠬᠦᠮᠦᠵᠢᠯ ᠤᠨ ᠰᠢᠯᠢᠳᠡᠭ ᠡᠬᠢ ᠰᠤᠷᠪᠤᠯᠵᠢ ᠶᠢᠨ ᠪᠦᠷᠬᠦᠴᠡ ᠶᠢ ᠦᠷᠬᠡᠳᠬᠡᠬᠦ ᠬᠡᠷᠡᠭᠲᠡᠢ᠃ ᠣᠶᠣᠨᠴᠢ ᠰᠣᠷᠭᠠᠨ ᠬᠦᠮᠦᠵᠢᠯ ᠤᠨ ᠲᠣᠷᠰᠢᠯᠲᠠ ᠶᠢᠨ ᠴᠡᠭ ᠤᠨ ᠠᠵᠢᠯ | ᠢ ᠦᠷᠨᠢᠬᠦᠯᠵᠦ᠂ ᠣᠶᠣᠨᠴᠢ ᠬᠢᠴᠢᠶᠠᠯ ᠤᠨ ᠲᠢᠩᠬᠢᠮ ᠤᠨ ᠵᠢᠭᠠᠨ ᠰᠣᠷᠭᠠᠯᠲᠠ ᠶᠢᠨ ᠵᠠᠭᠪᠤᠷ ᠤᠨ ᠬᠡᠷᠡᠭᠯᠡᠯᠲᠡ ᠶᠢ ᠰᠦᠪᠡᠭᠴᠢᠯᠡᠨ᠂ ᠰᠣᠷᠭᠠᠨ ᠬᠦᠮᠦᠵᠢᠯ ᠤᠨ | ᠵᠠᠩᠬᠢᠴᠢᠯᠠᠯᠲᠠ ᠶᠢᠨ ᠠᠭᠤᠰᠤᠯᠴᠠᠯ ᠢᠶᠠᠷ ᠣᠷᠣᠨ ᠪᠦᠰᠡ ᠶᠢᠨ ᠰᠣᠷᠭᠠᠨ ᠬᠦᠮᠦᠵᠢᠯ ᠤᠨ ᠲᠡᠩᠴᠡᠭᠦᠷᠢᠲᠡᠢ ᠴᠢᠨᠠᠷᠯᠢᠭ ᠬᠦᠭᠵᠢᠯᠲᠡ ᠶᠢ ᠠᠬᠢᠭᠤᠯᠬᠤ ᠬᠡᠷᠡᠭᠲᠡᠢ᠃ ︵ | ᠲᠤᠯᠤᠭᠠᠶᠢᠯᠠᠭᠴᠢ ᠰᠠᠯᠠᠭ᠎ᠠ ᠮᠦᠴᠢᠷ᠄ ᠰᠣᠷᠭᠠᠨ ᠬᠦᠮᠦᠵᠢᠯ ᠪᠡᠶ᠎ᠡ ᠲᠠᠮᠢᠷ ᠤᠨ ᠲᠤᠪᠴᠢᠶ᠎ᠠ︔ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠠᠵᠤ ᠦᠢᠯᠡᠳᠪᠦᠷᠢ | ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ᠂ ᠲᠤᠲᠤᠭᠠᠲᠤ ᠶᠢ ᠬᠠᠮᠠᠭᠠᠯᠠᠬᠤ ᠲᠤᠪᠴᠢᠶ᠎ᠠ᠂ ᠡᠯ᠎ᠡ ᠪᠠᠯᠭᠠᠰᠣ︶ | 12. ᠡᠮ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠲᠡᠭᠦᠯᠳᠡᠷᠵᠢᠬᠦᠯᠦᠨ᠎ᠡ᠃ ︽ᠢᠨᠲ᠋ᠧᠷ ᠰᠦᠯᠵᠢᠶ᠎ᠡ + ᠡᠮ ᠡᠮᠨᠡᠯᠬᠡ | ᠡᠷᠡᠬᠦᠯ ᠮᠡᠨᠳᠦ︾ ᠶᠢ ᠶᠡᠬᠡᠪᠡᠷ ᠬᠦᠭᠵᠢᠬᠦᠯᠵᠦ᠂ ᠣᠶᠣᠨᠴᠢ ᠡᠮᠨᠡᠯᠭᠡ ᠶᠢᠨ ᠬᠤᠷᠢᠶ᠎ᠠ᠂ ᠠᠯᠤᠰ ᠡᠵᠡᠮᠰᠢᠯᠲᠦ ᠡᠮᠴᠢᠯᠡᠭᠡᠨ ᠤ ᠲᠦᠪ ᠤᠨ ᠪᠠᠶᠢᠭᠤᠯᠤᠯᠲᠠ ᠶᠢ | ᠰᠦᠪᠡᠭᠴᠢᠯᠡᠨ᠂ ᠡᠮ ᠡᠮᠴᠢᠯᠡᠭᠡᠨ ᠤ ᠴᠤᠭᠴᠠᠵᠢᠭᠤᠯᠤᠭᠰᠠᠨ ᠪᠠᠶᠢᠭᠤᠯᠤᠯᠲᠠ ᠶᠢ ᠡᠷᠴᠢᠮᠲᠡᠢ ᠠᠬᠢᠭᠤᠯᠵᠤ᠂ ᠡᠮᠴᠢᠯᠡᠭᠡᠨ ᠤ ᠡᠮᠦᠨ᠎ᠡ᠂ ᠳᠣᠮᠳᠠ᠂ ᠬᠤᠶᠢᠨᠠᠬᠢ | ᠦᠢᠯᠡᠴᠢᠯᠡᠭᠡ ᠶᠢ ᠪᠦᠷᠢᠳᠦᠬᠦᠯᠦᠭᠰᠡᠨ ᠲᠤᠤᠷ ᠰᠦᠯᠵᠢᠶ᠎ᠡ ᠪᠣᠲᠠᠲᠤ ᠡᠮᠴᠢᠯᠡᠭᠡ ᠶᠢ ᠴᠤᠭᠴᠠᠵᠢᠭᠤᠯᠤᠭᠰᠠᠨ ᠡᠮ ᠡᠮᠴᠢᠯᠡᠭᠡᠨ ᠤ ᠦᠢᠯᠡᠴᠢᠯᠡᠭᠡᠨ ᠤ ᠵᠠᠭᠪᠤᠷ ᠢ | ᠪᠠᠶᠢᠭᠤᠯᠤᠨ᠂ ᠦᠨᠳᠦᠰᠦᠨ ᠡᠮ ᠡᠮᠨᠡᠯᠭᠡ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠪᠦᠬᠦ ᠪᠦᠷᠬᠦᠴᠡ ᠶᠢ ᠠᠬᠢᠭᠤᠯᠵᠤ᠂ ᠠᠯᠤᠰ ᠡᠵᠡᠮᠰᠢᠯᠲᠦ ᠡᠮᠴᠢᠯᠡᠭᠡᠨ ᠤ | ᠦᠢᠯᠡᠴᠢᠯᠡᠬᠡᠨ ᠤ ᠳᠠᠪᠴᠠᠩ ᠤᠨ ᠪᠠᠶᠢᠭᠤᠯᠤᠯᠲᠠ ᠶᠢ ᠲᠡᠬᠦᠯᠳᠡᠷᠵᠢᠬᠦᠯᠦᠨ᠂ ᠠᠯᠣᠰ ᠡᠵᠡᠮᠰᠢᠯᠲᠦ ᠣᠨᠣᠰᠢᠯᠠᠯᠲᠠ᠂ ᠮᠡᠰᠡ ᠵᠠᠰᠠᠯ᠂ ᠪᠠᠴᠢᠮ ᠠᠪᠤᠷᠠᠯᠲᠠ ᠶᠢᠨ | ᠵᠢᠯᠤᠭᠤᠳᠤᠯᠭ᠎ᠠ ᠶᠢ ᠪᠡᠶᠡᠯᠡᠬᠦᠯᠬᠦ ᠬᠡᠷᠡᠭᠲᠡᠢ᠃ ᠡᠷᠡᠭᠦᠯ ᠮᠠᠨᠲᠦ ᠡᠮ ᠡᠮᠴᠢᠯᠡᠭᠡᠨ ᠤ ᠳ᠋ᠠᠶᠢᠲ᠋ᠠ ᠶᠢᠨ ᠬᠡᠷᠡᠭᠯᠡᠭᠡᠨ ᠢ ᠬᠦᠭᠵᠢᠬᠦᠯᠵᠦ᠂ ᠡᠮ ᠡᠮᠨᠡᠯᠭᠡ᠂ ᠨᠠᠰᠣᠲᠠᠨ ᠢ | ᠠᠰᠠᠷᠠᠬᠤ᠂ ᠠᠷᠠᠳ ᠤᠨ ᠶᠠᠪᠤᠳᠠᠯ ᠵᠡᠷᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠳ᠋ᠠᠶᠢᠲ᠋ᠠ ᠶᠢ ᠲᠦᠪᠯᠡᠷᠡᠬᠦᠯᠦᠨ᠂ ᠡᠷᠡᠭᠦᠯ ᠮᠡᠨᠳᠦ ᠶᠢᠨ ᠪᠠᠶᠢᠳᠠᠯ ᠤᠨ ᠵᠠᠳᠠᠯᠤᠯᠲᠠ᠂ | ᠡᠪᠡᠳᠴᠢᠨ ᠡᠮᠬᠡᠭ ᠤᠨ ᠰᠡᠷᠭᠡᠶᠢᠯᠡᠯᠲᠡ᠂ ᠦᠪᠡᠷᠮᠢᠴᠡ ᠮᠠᠶ᠋ᠢᠭ ᠤᠨ ᠲᠠᠨᠢᠯᠴᠠᠭᠤᠯᠭ᠎ᠠ ᠵᠡᠷᠭᠡ ᠳ᠋ᠠᠶᠢᠲ᠋ᠠ ᠶᠢᠨ ᠬᠡᠷᠡᠭᠯᠡᠭᠡᠨ ᠤ ᠦᠢᠯᠡᠴᠢᠯᠡᠭᠡ ᠶᠢ ᠰᠦᠪᠡᠭᠴᠢᠯᠡᠨ | ᠦᠷᠨᠢᠬᠦᠯᠬᠦ ᠬᠡᠷᠡᠭᠲᠡᠢ᠃ ︵ᠲᠤᠯᠤᠭᠠᠶᠢᠯᠠᠭᠴᠢ ᠰᠠᠯᠠᠭ᠎ᠠ ᠮᠦᠴᠢᠷ᠄ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ︔ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ | ᠠᠷᠠᠳ ᠤᠨ ᠶᠠᠪᠤᠳᠠᠯ ᠤᠨ ᠲᠤᠪᠴᠢᠶ᠎ᠠ᠂ ᠡᠮ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ᠂ ᠨᠡᠶᠢᠬᠡᠮ ᠤᠨ ᠪᠠᠲᠤᠯᠠᠭ᠎ᠠ ᠶᠢᠨ ᠲᠤᠪᠴᠢᠶ᠎ᠠ᠂ ᠡᠯ᠎ᠡ ᠪᠠᠯᠭᠠᠰᠣ︶ | 13. ᠲᠤᠭᠠᠴᠠᠯᠠᠭᠰᠠᠨ ᠮᠦᠩᠭᠦᠨ ᠬᠦᠢᠯᠭᠡᠭᠡᠨ ᠤ ᠦᠢᠯᠡᠴᠢᠯᠡᠭᠡ ᠶᠢᠨ ᠮᠠᠯᠵᠢᠬᠤ ᠲᠠᠷᠢᠶᠠᠯᠠᠬᠤ ᠤᠷᠤᠨ ᠲᠡᠰᠢᠬᠢ ᠬᠦᠨᠵᠡᠭᠡᠶᠢᠷᠡᠯ ᠢ ᠲᠦᠷᠭᠡᠳᠬᠡᠨ᠎ᠡ᠃ | ᠲᠤᠭᠠᠴᠠᠯᠠᠭᠰᠠᠨ ᠮᠦᠩᠭᠦᠨ ᠬᠦᠢᠯᠭᠡᠭᠡᠨ ᠤ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠴᠢᠳᠠᠪᠤᠷᠢ ᠪᠠ ᠲᠦᠭᠡᠮᠡᠯ ᠬᠠᠷᠠᠭᠠᠯᠵᠠᠯ ᠤᠨ ᠬᠢᠷᠢ ᠳᠦᠪᠰᠢᠨ ᠢ | ᠳᠡᠭᠡᠭᠰᠢᠯᠡᠬᠦᠯᠵᠦ᠂ ᠰᠦᠯᠵᠢᠶ᠎ᠡ ᠪᠠᠷ ᠣᠯᠭᠤᠬᠤ᠂ ᠳᠠᠪᠴᠠᠩ ᠢᠶᠠᠷ ᠵᠢᠬᠡᠯᠡᠯᠭᠡ ᠲᠠᠯᠪᠢᠬᠤ ᠵᠡᠷᠭᠡ ᠲᠦᠭᠡᠮᠡᠯ ᠬᠠᠷᠠᠭᠠᠯᠵᠠᠯᠯᠠᠲᠤ ᠮᠦᠩᠭᠦᠨ ᠬᠦᠢᠯᠭᠡᠭᠡᠨ ᠤ ᠬᠦᠭᠵᠢᠯᠲᠡ | ᠶᠢᠨ ᠣᠷᠴᠢᠨ ᠢ ᠰᠠᠶᠢᠵᠢᠷᠠᠭᠤᠯᠤᠨ᠂ ᠮᠠᠯᠴᠢᠨ ᠲᠠᠷᠢᠶᠠᠴᠢᠳ ᠲᠤ ᠳᠦᠬᠦᠮ ᠲᠦᠳᠡ ᠮᠦᠩᠭᠦᠨ ᠬᠦᠢᠯᠭᠡᠭᠡᠨ ᠤ ᠦᠢᠯᠡᠴᠢᠯᠡᠭᠡ ᠬᠠᠩᠭᠠᠨ᠎ᠠ᠃ ᠬᠦᠳᠡᠭᠡ ᠲᠤᠰᠬᠤᠨ ᠤ | ᠮᠦᠩᠭᠦᠨ ᠬᠦᠢᠯᠭᠡᠭᠡᠨ ᠤ ᠦᠢᠯᠡᠴᠢᠯᠡᠭᠡ ᠶᠢ ᠰᠠᠶᠢᠵᠢᠷᠠᠭᠤᠯᠵᠤ᠂ ᠵᠢᠭᠡᠯᠡᠯᠭᠡ ᠬᠦᠢᠴᠡᠳᠬᠡᠬᠦ ᠶᠠᠪᠤᠴᠠ ᠶᠢ ᠳᠦᠬᠦᠮᠴᠢᠯᠡᠨ᠂ ᠰᠦᠯᠵᠢᠶᠡᠨ ᠤ ᠵᠢᠭᠡᠯᠡᠯᠭᠡ ᠶᠢ | ᠲᠦᠭᠡᠮᠡᠯᠵᠢᠬᠦᠯᠵᠦ᠂ ᠮᠠᠯ ᠲᠠᠷᠢᠶᠠᠯᠠᠩ ᠤᠨ ᠦᠢᠯᠡᠰ ᠤᠨ ᠡᠵᠡᠩᠨᠡᠯᠲᠡ ᠶᠢᠨ ᠭᠤᠤᠯ ᠴᠤᠭᠴᠠ ᠳᠤ ᠡᠯ᠎ᠡ ᠲᠦᠷᠦᠯ ᠤᠨ ᠡᠳ᠋ ᠬᠦᠷᠦᠩᠭᠡ ᠶᠢᠨ ᠪᠠᠷᠢᠴᠠᠭᠠᠯᠠᠯ᠂ ᠬᠠᠮᠲᠤ | ᠪᠠᠷ ᠪᠠᠲᠤᠯᠠᠬᠤ ᠵᠢᠭᠡᠯᠡᠯᠭᠡ ᠪᠠ ᠮᠠᠯ ᠲᠠᠷᠢᠶᠠᠯᠠᠩ ᠤᠨ ᠳᠠᠭᠠᠭᠳᠬᠠᠯ ᠵᠡᠷᠭᠡ ᠮᠦᠩᠭᠦᠨ ᠬᠦᠢᠯᠭᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠢ᠃ ᠮᠠᠯᠵᠢᠬᠤ ᠲᠠᠷᠢᠶᠠᠯᠬᠤ | ᠣᠷᠣᠨ ᠤ ᠦᠮᠴᠢᠯᠡᠬᠦ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠠᠬᠢᠭᠤᠯᠤᠨ᠂ ᠬᠦᠳᠡᠭᠡ ᠲᠤᠰᠬᠤᠨ ᠤ ᠭᠠᠵᠠᠷ ᠰᠢᠷᠦᠢ ᠶᠢᠨ ᠡᠵᠡᠩᠨᠡᠯᠲᠡ ᠶᠢᠨ ᠡᠷᠬᠡ ᠶᠢᠨ | ᠡᠷᠬᠢᠯᠲᠡ ᠶᠢᠨ ᠦᠢᠯᠡᠴᠢᠯᠡᠭᠡᠨ ᠤ ᠳᠠᠪᠴᠠᠩ ᠢ ᠲᠡᠭᠦᠯᠳᠡᠷᠵᠢᠬᠦᠯᠵᠦ᠂ ᠵᠦᠢ ᠵᠣᠬᠢᠰᠲᠠᠢ ᠬᠡᠪᠴᠢᠶᠡᠵᠡᠯ ᠡᠵᠡᠩᠨᠡᠯᠲᠡ ᠶᠢ ᠠᠬᠢᠭᠤᠯᠬᠤ ᠬᠡᠷᠡᠭᠲᠡᠢ᠃ ︵ᠲᠤᠯᠤᠭᠠᠶᠢᠯᠠᠭᠴᠢ | ᠰᠠᠯᠠᠭ᠎ᠠ ᠮᠦᠴᠢᠷ᠄ ᠮᠦᠩᠭᠦᠨ ᠬᠦᠢᠯᠭᠡᠭᠡᠨ ᠤ ᠦᠢᠯᠡᠴᠢᠯᠡᠭᠡᠨ ᠤ ᠲᠦᠪ᠂ ᠮᠠᠯ ᠲᠠᠷᠢᠶᠠᠯᠠᠩ ᠤᠨ ᠲᠤᠪᠴᠢᠶ᠎ᠠ︔ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠄ ᠪᠠᠶᠢᠭᠠᠯᠢ | ᠶᠢᠨ ᠡᠬᠢ ᠪᠠᠶᠠᠯᠢᠭ ᠤᠨ ᠲᠤᠪᠴᠢᠶ᠎ᠠ᠂ ᠳ᠋ᠠᠶᠢᠲ᠋ᠠ ᠲᠦᠪ᠂ ᠡᠯ᠎ᠡ ᠮᠦᠩᠭᠦᠨ ᠬᠦᠢᠯᠭᠡᠭᠡᠨ ᠤ ᠦᠢᠯᠡᠴᠢᠯᠡᠭᠡᠨ ᠤ ᠪᠠᠶᠢᠭᠤᠯᠤᠮᠵᠢ᠂ ᠡᠯ᠎ᠡ ᠪᠠᠯᠭᠠᠰᠣ︶ | ᠲᠠᠪᠤ᠂ ᠪᠠᠲᠤᠯᠠᠭ᠎ᠠ ᠶᠢᠨ ᠠᠷᠭ᠎ᠠ ᠠᠪᠴᠠᠯ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠵᠠᠰᠠᠭ ᠤᠨ ᠣᠷᠳᠣᠨ ᠠᠴᠠ ᠭᠤᠤᠯᠯᠠᠭᠰᠠᠨ᠂ ᠰᠠᠯᠠᠭ᠎ᠠ ᠮᠦᠴᠢᠷ ᠠᠴᠠ | ᠬᠠᠮᠵᠢᠯᠴᠠᠭᠰᠠᠨ᠂ ᠨᠡᠶᠢᠬᠡᠮ ᠤᠨ ᠬᠢᠨ ᠣᠷᠣᠯᠴᠠᠭᠰᠠᠨ ᠠᠬᠢᠭᠤᠯᠤᠯᠲᠠ ᠶᠢᠨ ᠲᠤᠭᠲᠠᠴᠠ ᠶᠢ ᠲᠡᠭᠦᠯᠳᠡᠷᠵᠢᠬᠦᠯᠦᠨ᠂ ︽ᠲᠤᠭᠠᠴᠠᠯᠠᠭᠰᠠᠨ ᠬᠦᠳᠡᠭᠡ ᠲᠤᠰᠬᠤᠨ︾ ᠤ | ᠲᠤᠷᠰᠢᠯᠲᠠ ᠤᠨ ᠴᠡᠭ ᠤᠨ ᠪᠠᠶᠢᠭᠤᠯᠤᠯᠲᠠ ᠶᠢ ᠴᠢᠬᠤᠯᠠ ᠵᠦᠪᠯᠡᠬᠦ ᠵᠦᠢᠯᠡᠰ ᠲᠤ ᠣᠷᠣᠭᠤᠯᠬᠤ ᠶᠢ ᠬᠡᠷᠡᠭᠵᠢᠬᠦᠯᠵᠦ᠂ ᠣᠲᠤᠭ ᠤᠨ ᠡᠮᠦᠨᠡᠲᠦ ᠬᠤᠰᠢᠭᠤᠨ ᠤ ︽ | ᠲᠤᠭᠠᠴᠠᠯᠠᠭᠰᠠᠨ ᠬᠦᠳᠡᠭᠡ ᠲᠤᠰᠬᠤᠨ︾ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢᠨ ᠠᠵᠢᠯ ᠤᠨ ᠣᠳᠣᠷᠢᠳᠬᠤ ᠳᠣᠭᠤᠶᠢᠯᠠᠩ ︵ᠳᠠᠭᠠᠯᠳᠣᠭᠤᠯᠣᠯ ᠳᠤ | ᠪᠣᠢ︶ ᠢ ᠪᠠᠶᠢᠭᠤᠯᠤᠨ᠂ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠤᠨ ᠬᠦᠴᠦᠨ ᠢ ᠨᠢᠭᠡᠳᠦᠯᠲᠡᠢ ᠲᠦᠯᠦᠪᠵᠢᠬᠦᠯᠦᠨ ᠬᠠᠷᠢᠭᠤᠴᠠᠵᠤ᠂ ︽ᠲᠤᠭᠠᠴᠠᠯᠠᠭᠰᠠᠨ | ᠬᠦᠳᠡᠭᠡ ᠲᠤᠰᠬᠤᠨ︾ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢᠨ ᠴᠢᠬᠤᠯᠠ ᠲᠦᠷᠦ ᠶᠢᠨ ᠪᠤᠳᠤᠯᠭ᠎ᠠ ᠶᠢ ᠲᠤᠭᠲᠠᠭᠠᠬᠤ᠂ ᠴᠢᠬᠤᠯᠠ ᠶᠡᠭᠡ ᠠᠰᠠᠭᠤᠳᠠᠯ ᠢ | ᠵᠤᠬᠢᠴᠠᠭᠤᠯᠤᠨ ᠰᠢᠢᠳᠪᠦᠷᠢᠯᠡᠬᠦ᠂ ᠴᠢᠬᠤᠯᠠ ᠢᠨᠵᠧᠨᠧᠷᠢᠩ ᠢ ᠪᠠᠶᠢᠷᠢᠯᠠᠭᠤᠯᠤᠨ ᠬᠡᠷᠡᠭᠵᠢᠬᠦᠯᠬᠦ ᠶᠢ ᠰᠣᠳᠣᠯᠣᠨ ᠲᠤᠭᠲᠠᠭᠠᠬᠤ ᠬᠡᠷᠡᠭᠲᠡᠢ᠃ ᠮᠡᠷᠭᠡᠵᠢᠯᠲᠡᠨ ᠠᠴᠠ | ᠠᠰᠠᠭᠤᠨ ᠯᠠᠪᠯᠠᠬᠤ ᠳᠦᠷᠢᠮ ᠢ ᠲᠡᠬᠦᠯᠳᠡᠷᠵᠢᠬᠦᠯᠤᠨ᠂ ᠤᠶᠤᠨ ᠤ ᠬᠦᠮᠦᠷᠭᠡ ᠶᠢᠨ ᠦᠢᠯᠡᠳᠦᠯ ᠢ ᠬᠦᠢᠴᠡᠳ ᠪᠠᠳᠠᠷᠠᠭᠤᠯᠵᠣ᠂ ᠬᠤᠷᠸ᠎ᠠ ᠰᠢᠢᠳᠪᠦᠷᠢᠲᠦ ᠪᠣᠳᠣᠯᠭ᠎ᠠ | ᠲᠤᠭᠲᠠᠭᠠᠬᠤ᠂ ᠲᠦᠷᠦᠯ ᠵᠦᠢᠯ ᠢ ᠲᠦᠰᠦᠪᠯᠡᠬᠦ᠂ ᠠᠷᠠᠯᠵᠢᠶᠠᠴᠢᠨ ᠣᠷᠢᠵᠦ ᠪᠡᠯᠡ ᠣᠷᠣᠭᠤᠯᠬᠤ᠂ ᠲᠦᠷᠦ ᠶᠢᠨ ᠪᠤᠳᠤᠯᠭ᠎ᠠ ᠶᠢ ᠰᠣᠳᠣᠯᠬᠤ ᠵᠡᠷᠭᠡ ᠳᠤ | ᠲᠤᠯᠭᠠᠭᠤᠷᠢᠯᠠᠯ ᠬᠠᠩᠭᠠᠬᠤ ᠬᠡᠷᠡᠭᠲᠡᠢ᠃ ᠡᠯ᠎ᠡ ᠪᠠᠯᠭᠠᠰᠣ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠂ ᠠᠵᠢᠯ ᠤᠨ ᠲᠤᠭᠲᠠᠴᠠ ᠪᠠᠨ | ᠲᠡᠬᠦᠯᠳᠡᠷᠵᠢᠬᠦᠯᠵᠦ᠂ ᠠᠵᠢᠯ ᠤᠨ ᠬᠠᠷᠢᠭᠤᠴᠠᠯᠭ᠎ᠠ ᠪᠠᠨ ᠨᠠᠶᠢᠲᠠᠪᠤᠷᠢᠵᠢᠭᠤᠯᠤᠨ᠂ ᠨᠢᠭᠡᠳᠦᠯᠲᠡᠢ ᠲᠦᠯᠦᠪᠵᠢᠬᠦᠯᠦᠨ ᠵᠤᠬᠢᠴᠠᠭᠤᠯᠬᠤ ᠠᠵᠢᠯ ᠢᠶᠠᠨ ᠰᠠᠶᠢᠲᠤᠷ ᠬᠢᠵᠦ᠂ | ᠡᠯᠧᠮᠧᠨ᠋ᠲ ᠤᠨ ᠪᠠᠲᠤᠯᠭ᠎ᠠ ᠶᠢ ᠴᠢᠩᠭᠠᠳᠬᠠᠨ᠂ ᠠᠵᠢᠯ ᠢᠶᠠᠨ ᠡᠮᠬᠢᠲᠡᠢ ᠪᠦᠲᠦᠮᠵᠢᠲᠡᠢ ᠪᠠᠷ ᠠᠬᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠬᠠᠷᠢᠭᠤᠴᠠᠯᠭ᠎ᠠ ᠶᠢᠨ | ᠰᠠᠯᠠᠭ᠎ᠠ ᠮᠦᠴᠢᠷ ᠦᠪᠡᠷ ᠦᠪᠡᠷ ᠤᠨ ᠢᠶᠠᠨ ᠡᠬᠦᠷᠭᠡ ᠬᠠᠷᠢᠭᠤᠴᠠᠯᠭ᠎ᠠ ᠶᠤᠰᠤᠭᠠᠷ ᠠᠵᠢᠯ ᠤᠨ ᠬᠠᠮ ᠬᠦᠴᠦᠨ ᠢ ᠪᠦᠷᠢᠯᠳᠦᠬᠦᠯᠬᠦ ᠬᠡᠷᠡᠭᠳᠡᠢ᠃ | ︵ᠬᠤᠶᠠᠷ︶ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠰᠢᠨᠡᠴᠢᠯᠡᠨ᠎ᠡ᠃ ᠡᠯ᠎ᠡ ᠪᠠᠯᠭᠠᠰᠣ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠣᠳᠣᠬᠠᠨ | ᠤ ᠲᠤᠭᠠᠴᠠᠯᠠᠭᠰᠠᠨ ᠬᠦᠳᠡᠭᠡ ᠲᠤᠰᠬᠤᠨ ᠤ ᠪᠠᠶᠢᠭᠤᠯᠤᠯᠲᠠ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠪᠦᠬᠦ ᠲᠠᠯ᠎ᠠ ᠪᠠᠷ ᠡᠮᠬᠢᠳᠬᠡᠵᠦ᠂ | ᠳᠡᠭᠡᠳᠦ ᠱᠠᠲᠤᠨ ᠤ ᠰᠠᠯᠠᠭ᠎ᠠ ᠮᠦᠴᠢᠷ ᠠᠴᠠ ᠬᠠᠮᠢᠶ᠎ᠠ ᠪᠦᠬᠦᠢ ᠪᠡᠯᠡ ᠮᠦᠩᠭᠦ ᠪᠠ ᠲᠦᠷᠦᠯ ᠵᠦᠢᠯ ᠢ ᠢᠳᠡᠪᠬᠢᠲᠡᠢ ᠪᠠᠷ ᠣᠯᠣᠨ᠂ ᠬᠦᠭᠵᠢᠯᠲᠡ ᠶᠢᠨ ᠰᠢᠨ᠎ᠡ | ᠱᠠᠭᠠᠷᠳᠠᠯᠭ᠎ᠠ ᠲᠠᠢ ᠤᠶᠠᠯᠳᠣᠭᠤᠯᠵᠣ᠂ ᠨᠢᠭᠡ ᠪᠦᠯᠦᠭ ᠳᠣᠪᠣᠶᠢᠮ᠎ᠠ ᠣᠨᠴᠠᠯᠢᠭ ᠲᠠᠢ᠂ ᠪᠤᠲᠠᠲᠤ ᠦᠷ᠎ᠡ ᠠᠰᠢᠭ ᠲᠠᠢ ᠲᠤᠭᠠᠴᠠᠯᠠᠭᠰᠠᠨ ᠬᠦᠳᠡᠭᠡ ᠲᠤᠰᠬᠤᠨ ᠤ | ᠪᠠᠶᠢᠭᠤᠯᠤᠯᠲᠠ ᠶᠢᠨ ᠲᠦᠷᠦᠯ ᠵᠦᠢᠯ ᠢ ᠴᠢᠷᠮᠠᠶᠢᠨ ᠪᠠᠶᠢᠭᠤᠯᠬᠤ ᠬᠡᠷᠡᠭᠲᠡᠢ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠪᠠᠷ ᠣᠳᠣᠷᠢᠳᠣᠮᠵᠢ ᠪᠤᠯᠭᠠᠨ᠂ | ᠲᠦᠯᠦᠪᠵᠢᠬᠦᠯᠭᠡ᠂ ᠠᠵᠤ ᠦᠢᠯᠡᠰ᠂ ᠭᠠᠵᠠᠷ ᠰᠢᠷᠦᠢ᠂ ᠪᠡᠯᠡ ᠮᠦᠩᠭᠦ ᠵᠡᠷᠭᠡ ᠰᠢᠯᠢᠳᠡᠭᠵᠢᠬᠦᠯᠦᠭᠰᠠᠨ ᠲᠦᠬᠦᠷᠵᠢᠬᠦᠯᠦᠯᠲᠡ ᠶᠢ ᠴᠢᠩᠭᠠᠳᠬᠠᠵᠤ᠂ ᠮᠠᠯᠵᠢᠬᠤ | ᠲᠠᠷᠢᠶᠠᠯᠠᠬᠤ ᠤᠷᠤᠨ ᠤ ᠦᠨᠳᠦᠷ ᠪᠦᠲᠦᠮᠵᠢᠲᠦ ᠬᠦᠭᠵᠢᠯᠲᠡ ᠶᠢ ᠵᠢᠯᠤᠭᠤᠳᠬᠤ ᠬᠡᠷᠡᠭᠲᠡᠢ᠃ ᠮᠠᠯ ᠲᠠᠷᠢᠶᠠᠯᠠᠩ ᠤᠨ ᠦᠢᠯᠡᠰ ᠤᠨ ᠬᠦᠷᠢᠶ᠎ᠠ ᠴᠠᠷᠠᠭᠠᠨ ᠤ ᠴᠢᠬᠤᠯᠠ | ᠶᠡᠭᠡ ᠲᠦᠷᠦᠯ ᠵᠦᠢᠯ ᠢ ᠪᠦᠬᠦ ᠬᠤᠰᠢᠭᠤᠨ ᠤ ᠴᠢᠬᠤᠯᠠ ᠶᠡᠭᠡ ᠲᠦᠷᠦᠯ ᠵᠦᠢᠯ ᠤᠨ ᠬᠦᠮᠦᠷᠭᠡ ᠳᠤ ᠡᠩ ᠲᠡᠷᠢᠬᠦᠨ ᠳᠤ ᠨᠢ ᠣᠷᠣᠭᠤᠯᠣᠨ᠂ ᠡᠳ᠋ ᠤᠨ ᠵᠠᠰᠠᠭ ᠤᠨ | ᠲᠦᠰᠦᠪ ᠪᠠ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠠᠪᠴᠠᠯᠳᠣᠭᠤᠯᠣᠯ ᠢ ᠴᠢᠩᠭᠠᠳᠬᠠᠵᠤ᠂ ᠡᠳ᠋ ᠤᠨ ᠵᠠᠰᠠᠭ ᠤᠨ ᠲᠦᠷᠦᠯ ᠵᠦᠢᠯ ᠤᠨ ᠬᠡᠷᠡᠭᠵᠢᠬᠦᠯᠦᠯᠲᠡ | ᠶᠢᠨ ᠪᠠᠲᠤᠯᠠᠭ᠎ᠠ ᠶᠢᠨ ᠦᠢᠯᠡᠳᠦᠯ ᠢ ᠴᠢᠩᠭᠠᠳᠬᠠᠬᠤ ᠬᠡᠷᠡᠭᠲᠡᠢ᠃ | ︵ᠭᠤᠷᠪᠠ︶ ᠦᠨᠡᠯᠡᠨ ᠵᠢᠱᠢᠵᠦ ᠬᠢᠨᠠᠨ ᠰᠢᠯᠭᠠᠬᠤ ᠪᠠᠨ ᠴᠢᠩᠭᠠᠳᠬᠠᠨ᠎ᠠ᠃ ᠡᠯ᠎ᠡ ᠲᠤᠯᠤᠭᠠᠶᠢᠯᠠᠭᠴᠢ ᠰᠠᠯᠠᠭ᠎ᠠ ᠮᠦᠴᠢᠷ ᠪᠠ ᠬᠠᠷᠢᠭᠤᠴᠠᠯᠭ᠎ᠠ ᠶᠢᠨ ᠰᠠᠯᠠᠭ᠎ᠠ | ᠮᠦᠴᠢᠷ ᠤᠨ ᠬᠢᠨ ᠠᠵᠢᠯᠯᠠᠭᠠᠨ ᠤ ᠲᠦᠯᠦᠪᠵᠢᠬᠦᠯᠭᠡ ᠲᠠᠢ ᠬᠠᠷᠢᠴᠠᠭᠤᠯᠵᠤ ᠠᠵᠢᠯ ᠤᠨ ᠡᠬᠦᠷᠭᠡ ᠪᠠᠨ ᠰᠠᠨᠠᠭᠠᠴᠢᠯᠠᠭ᠎ᠠ ᠲᠠᠢ ᠪᠠᠷ ᠬᠦᠯᠢᠶᠡᠵᠦ ᠠᠪᠤᠨ᠂ ᠠᠵᠢᠯ ᠤᠨ | ᠳᠠᠩᠰᠠ ᠶᠢ ᠪᠠᠶᠢᠭᠤᠯᠵᠤ᠂ ᠬᠠᠷᠢᠭᠤᠴᠠᠯᠭᠠᠲᠠᠨ ᠢᠶᠠᠨ ᠲᠤᠲᠤᠷᠬᠠᠶᠢᠯᠠᠨ᠂ ᠠᠵᠢᠯ ᠤᠨ ᠠᠷᠭ᠎ᠠ ᠠᠪᠴᠠᠯ ᠢᠶᠠᠨ ᠨᠠᠷᠢᠯᠢᠭᠵᠢᠭᠤᠯᠬᠤ ᠶᠢᠨ ᠬᠠᠮᠲᠤ ᠰᠠᠷ᠎ᠠ ᠪᠤᠯᠭᠠᠨ ᠤ | 25 ᠤ ᠡᠳᠦᠷ ᠠᠵᠢᠯ ᠤᠨ ᠪᠠᠶᠢᠳᠠᠯ ᠢᠶᠠᠨ ᠭᠤᠣᠯ ᠣᠳᠣᠷᠢᠳᠣᠯᠭ᠎ᠠ ᠪᠠᠷ ᠬᠢᠨᠠᠭᠤᠯᠤᠭᠰᠠᠨ ᠤ ᠳᠠᠷᠠᠭ᠎ᠠ᠂ ︽ᠲᠤᠭᠠᠴᠠᠯᠠᠭᠰᠠᠨ ᠬᠦᠳᠡᠭᠡ ᠲᠤᠰᠬᠤᠨ︾ ᠤ ᠲᠤᠷᠰᠢᠯᠲᠠ | ᠶᠢᠨ ᠴᠡᠭ ᠤᠨ ᠪᠠᠶᠢᠭᠤᠯᠤᠯᠲᠠ ᠶᠢᠨ ᠣᠳᠣᠷᠢᠳᠬᠤ ᠳᠣᠭᠤᠶᠢᠯᠠᠩ ᠤᠨ ᠠᠯᠪᠠᠨ ᠭᠡᠷ ︵ᠬᠠᠷᠢᠯᠴᠠᠬᠤ ᠬᠦᠮᠦᠨ᠄ ᠶᠢᠨ ᠮᠸᠢ᠂ eqqdsjzx@163.com᠂ | 18547790099︶ ᠲᠤ ᠮᠡᠳᠡᠬᠦᠯᠵᠦ᠂ ᠬᠤᠰᠢᠭᠤ ᠨᠠᠮ ᠵᠠᠰᠠᠭ ᠤᠨ ᠱᠠᠭᠠᠷᠳᠠᠨ ᠪᠠᠶᠢᠴᠠᠭᠠᠬᠤ ᠲᠠᠰᠤᠭ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠦᠪᠯᠡᠯ ᠲᠠᠢ ᠬᠠᠮᠲᠤᠷᠠᠨ ᠲᠤᠭᠲᠠᠮᠠᠯ ᠪᠤᠰᠤ ᠬᠤᠭᠤᠴᠠᠭ᠎ᠠ ᠲᠠᠢ ᠪᠠᠷ ᠡᠬᠦᠷᠭᠡ ᠶᠢᠨ ᠠᠬᠢᠯᠲᠠ ᠶᠢᠨ ᠪᠠᠶᠢᠳᠠᠯ ᠢ ᠬᠢᠨᠠᠨ ᠪᠠᠶᠢᠴᠠᠭᠠᠵᠤ ᠨᠡᠶᠢᠲᠡᠯᠡᠬᠦ | ᠶᠢᠨ ᠬᠠᠮᠲᠤ ᠡᠬᠦᠷᠭᠡ ᠪᠠᠨ ᠪᠡᠶᠡᠯᠡᠭᠦᠯᠦᠭᠰᠠᠨ ᠪᠠᠶᠢᠳᠠᠯ ᠢ ᠡᠯ᠎ᠡ ᠪᠠᠯᠭᠠᠰᠣ᠂ ᠡᠯ᠎ᠡ ᠰᠠᠯᠠᠭ᠎ᠠ ᠮᠦᠴᠢᠷ ᠤᠨ ᠠᠵᠢᠯ ᠪᠠ ᠪᠦᠲᠦᠮᠵᠢ ᠶᠢᠨ ᠴᠢᠬᠤᠯᠠ ᠪᠠᠷᠢᠮᠲᠠ ᠪᠤᠯᠭᠠᠬᠤ | ᠬᠡᠷᠡᠭᠲᠡᠢ᠃ | ︵ᠳᠦᠷᠪᠡ︶ ᠣᠬᠠᠭᠤᠯᠤᠨ ᠵᠢᠯᠣᠭᠤᠳᠬᠤ ᠶᠢ ᠴᠢᠬᠤᠯᠠᠴᠢᠯᠠᠨ᠎ᠠ᠃ ᠡᠯ᠎ᠡ ᠪᠠᠯᠭᠠᠰᠣ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠶᠠᠷᠢᠶ᠎ᠠ | ᠬᠡᠯᠡᠯᠴᠡᠭᠡᠨ ᠤ ᠣᠬᠠᠭᠤᠯᠭ᠎ᠠ ᠶᠢ ᠴᠢᠩᠭᠠᠳᠬᠠᠨ᠂ ᠲᠦᠷᠦ ᠶᠢᠨ ᠪᠣᠳᠣᠯᠭ᠎ᠠ ᠶᠢᠨ ᠲᠠᠶᠢᠯᠣᠮᠵᠢ ᠶᠢ ᠴᠠᠭ ᠲᠤᠬᠠᠢ ᠳᠤᠨᠢ ᠨᠡᠶᠢᠲᠡᠯᠡᠵᠦ᠂ ᠨᠡᠶᠢᠬᠡᠮ ᠤᠨ ᠬᠠᠯᠠᠮᠵᠢᠯᠠᠯ ᠳᠤ | ᠬᠠᠷᠢᠭᠤ ᠦᠭᠭᠦᠨ᠂ ᠪᠦᠬᠦ ᠨᠡᠶᠢᠬᠡᠮ ᠤᠨ ᠬᠦᠴᠦᠨ ᠢ ᠲᠦᠪᠯᠡᠷᠡᠬᠦᠯᠵᠦ᠂ ︽ᠲᠤᠭᠠᠴᠠᠯᠠᠭᠰᠠᠨ ᠬᠦᠳᠡᠭᠡ ᠲᠤᠰᠬᠤᠨ︾ ᠤ ᠲᠤᠷᠰᠢᠯᠲᠠ ᠶᠢᠨ ᠴᠡᠭ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠠᠮ ᠬᠦᠴᠦᠨ ᠢ ᠪᠦᠷᠢᠯᠳᠦᠬᠦᠯᠬᠦ ᠬᠡᠷᠡᠭᠲᠡᠢ᠃ ᠰᠢᠨ᠎ᠡ ᠵᠠᠭᠤᠴᠢᠯᠠᠭᠤᠷ ᠢ ᠬᠦᠢᠴᠡᠳ ᠠᠰᠢᠭᠯᠠᠨ᠂ ︽ | ᠲᠤᠭᠠᠴᠠᠯᠠᠭᠰᠠᠨ ᠬᠦᠳᠡᠭᠡ ᠲᠤᠰᠬᠤᠨ︾ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠶᠡᠬᠡᠪᠡᠷ ᠣᠬᠠᠭᠤᠯᠵᠦ᠂ ᠲᠤᠷᠰᠢᠯᠭ᠎ᠠ ᠠᠮᠵᠢᠯᠲᠠ ᠪᠠᠨ ᠲᠠᠰᠣᠷᠠᠯᠲᠠ | ᠦᠭᠡᠢ ᠳ᠋ᠦᠩᠨᠡᠨ᠂ ᠰᠢᠨᠵᠢᠯᠡᠬᠦ ᠤᠬᠠᠭᠠᠨᠴᠢ ᠪᠠᠷ ᠵᠢᠯᠤᠭᠤᠳᠬᠤ ᠪᠠ ᠨᠡᠶᠢᠲᠡᠯᠢᠭ ᠳᠠᠭᠤᠷᠢᠶᠠᠯ ᠢ ᠮᠡᠳᠡᠬᠦᠯᠬᠦ ᠪᠠᠨ ᠴᠢᠩᠭᠠᠳᠬᠠᠵᠤ᠂ ᠣᠬᠢ ᠰᠠᠶᠢᠨ ᠨᠡᠶᠢᠬᠡᠮ ᠤᠨ | ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ | | ᠳᠠᠭᠠᠯᠳᠣᠭᠤᠯᠣᠯ᠄ 1. ᠣᠲᠤᠭ ᠤᠨ ᠡᠮᠦᠨᠡᠲᠦ ᠬᠤᠰᠢᠭᠤᠨ ᠤ ︽ᠲᠤᠭᠠᠴᠠᠯᠠᠭᠰᠠᠨ ᠬᠦᠳᠡᠭᠡ ᠲᠤᠰᠬᠤᠨ︾ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢᠨ | ᠣᠳᠣᠷᠢᠳᠬᠤ ᠳᠣᠭᠤᠶᠢᠯᠠᠩ | 2. ᠣᠲᠤᠭ ᠤᠨ ᠡᠮᠦᠨᠡᠲᠦ ᠬᠤᠰᠢᠭᠤᠨ ᠤ ︽ᠲᠤᠭᠠᠴᠠᠯᠠᠭᠰᠠᠨ ᠬᠦᠳᠡᠭᠡ ᠲᠤᠰᠬᠤᠨ︾ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢᠨ | 2021 ᠣᠨ ᠤ ᠭᠤᠤᠯᠳᠠᠯᠭᠠᠲᠤ ᠡᠬᠦᠷᠭᠡ ᠶᠢᠨ ᠠᠵᠢᠯ ᠤᠨ ᠬᠤᠪᠢᠶᠠᠷᠢᠯᠠᠯ ᠤᠨ ᠨᠠᠷᠢᠨ ᠳᠠᠩᠰᠠ ︵ᠲᠤᠪᠴᠢᠯᠠᠪᠠ︶ | | | | ᠳᠠᠭᠠᠯᠳᠣᠭᠤᠯᠣᠯ 1᠄ | ᠣᠲᠤᠭ ᠤᠨ ᠡᠮᠦᠨᠡᠲᠦ ᠬᠤᠰᠢᠭᠤᠨ ᠤ ︽ᠲᠤᠭᠠᠴᠠᠯᠠᠭᠰᠠᠨ ᠬᠦᠳᠡᠭᠡ ᠲᠤᠰᠬᠤᠨ︾ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢᠨ ᠣᠳᠣᠷᠢᠳᠬᠤ | ᠳᠣᠭᠤᠶᠢᠯᠠᠩ | ᠣᠯᠣᠰ ᠤᠨ ︽ᠲᠤᠭᠠᠴᠠᠯᠠᠭᠰᠠᠨ ᠬᠦᠳᠡᠭᠡ ᠲᠤᠰᠬᠤᠨ︾ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠵᠤ | ᠨᠠᠶᠢᠲᠠᠪᠤᠷᠢᠵᠢᠭᠤᠯᠤᠨ᠂ ᠪᠦᠬᠦ ᠬᠤᠰᠢᠭᠤᠨ ᠤ ︽ᠲᠤᠭᠠᠴᠠᠯᠠᠭᠰᠠᠨ ᠬᠦᠳᠡᠭᠡ ᠲᠤᠰᠬᠤᠨ︾ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢᠨ ᠠᠵᠢᠯ ᠢ ᠡᠮᠬᠢᠲᠡᠢ | ᠠᠬᠢᠭᠤᠯᠬᠤ ᠶᠢᠨ ᠲᠤᠰᠠᠳᠠ᠂ ︽ᠲᠤᠭᠠᠴᠠᠯᠠᠭᠰᠠᠨ ᠬᠦᠳᠡᠭᠡ ᠲᠤᠰᠬᠤᠨ︾ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢᠨ ᠣᠳᠣᠷᠢᠳᠬᠤ ᠳᠣᠭᠤᠶᠢᠯᠠᠩ | ᠪᠠᠶᠢᠭᠤᠯᠬᠤ ᠪᠠᠷ ᠲᠤᠭᠲᠠᠪᠠ᠃ | ᠳᠣᠭᠤᠶᠢᠯᠠᠩ ᠤᠨ ᠳᠠᠷᠤᠭ᠎ᠠ᠄ ᠡᠤ ᠶᠦᠨ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ | ᠳᠡᠳ᠋ ᠳᠣᠭᠤᠶᠢᠯᠠᠩ ᠤᠨ ᠳᠠᠷᠤᠭ᠎ᠠ᠄ ᠼᠦᠢ ᠵᠢᠩ ᠰᠢᠶᠠᠩ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠯᠣᠰ ᠲᠦᠷᠦ ᠬᠠᠤᠯᠢ ᠴᠠᠭᠠᠵᠠ ᠶᠢᠨ | ᠵᠦᠪᠯᠡᠯ ᠤᠨ ᠱᠦᠵᠢ | ᠳᠣᠷᠠᠰᠬᠠᠯ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ | ᠪᠠᠢ ᠲᠦᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠵᠠᠩ ᠮᠢᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ | ᠣᠳᠣᠷᠢᠳᠬᠤ ᠳᠣᠭᠤᠶᠢᠯᠠᠩ ᠤᠨ ᠪᠦᠷᠢᠯᠳᠦᠬᠦᠨ | ᠪᠠᠢ ᠶᠦᠩ ᠹᠧᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠯᠦᠸᠧ ᠵᠢᠶᠠᠨ ᠰᠢᠶᠦ᠋ᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ | ᠰᠦᠨ ᠶᠸᠦ ᠵᠢᠶᠦ᠋ᠨ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠯᠢᠦᠢ ᠶᠤᠤ ᠹᠧᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠶᠢᠦ ᠵᠢᠶᠠᠨ ᠴᠢᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠪᠦᠷᠢᠯᠳᠦᠬᠦᠨ᠄ ᠯᠢᠦ ᠲᠢᠶᠡᠨ ᠶᠦᠨ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ᠂ ᠮᠦᠩᠭᠦᠨ ᠬᠦᠢᠯᠭᠡᠭᠡᠨ ᠤ | ᠠᠯᠪᠠᠨ ᠭᠡᠷ ᠤᠨ ᠡᠷᠬᠢᠯᠡᠭᠴᠢ | ᠡᠾᠧ ᠹᠦ᠋ ᠶᠦᠨ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ᠂ ᠳᠠᠩᠰᠠ ᠡᠪᠬᠡᠮᠡᠯ ᠤᠨ ᠲᠤᠪᠴᠢᠶᠠᠨ ᠤ | ᠳᠠᠷᠤᠭ᠎ᠠ | ᠠᠰᠢᠳᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠬᠡᠰᠢᠭᠵᠡᠶᠠᠭᠠ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠨᠠᠶᠢᠲᠠ ᠶᠢᠨ ᠦᠮᠴᠢᠯᠠᠯ ᠤᠨ ᠪᠣᠰᠣ ᠠᠵᠤ | ᠠᠬᠤᠢ ᠶᠢᠨ ᠵᠤᠬᠢᠶᠠᠨ ᠪᠠᠶᠢᠭᠤᠯᠤᠯᠲᠠ ᠪᠠ ᠨᠠᠶᠢᠬᠡᠮ ᠤᠨ ᠵᠤᠬᠢᠶᠠᠨ ᠪᠠᠶᠢᠭᠤᠯᠤᠯᠲᠠ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ | ᠺᠠᠩ ᠱᠢ ᠫᠢᠩ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠰᠦᠯᠵᠢᠶᠡᠨ ᠤ ᠠᠮᠤᠷ ᠳᠦᠪᠰᠢᠨ ᠪᠠ ᠮᠡᠳᠡᠭᠡ | ᠵᠠᠩᠭᠢᠴᠢᠯᠠᠯᠲᠠ ᠶᠢᠨ ᠵᠦᠪᠯᠡᠯ ᠤᠨ ᠠᠯᠪᠠᠨ ᠭᠡᠷ | ᠶᠠᠩ ᠵᠡᠨ ᠵᠢᠶᠦ᠋ᠨ ᠬᠤᠰᠢᠭᠤ ᠨᠠᠮ ᠤᠨ ᠬᠤᠷᠢᠶᠠᠨ ᠤ ᠣᠯᠣᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠳᠡᠳ᠋ ᠱᠦᠵᠢ | ᠳᠠᠪᠰᠢᠯᠲᠦ ᠬᠤᠰᠢᠭᠤ ᠣᠳᠬ᠎ᠠ ᠣᠷᠠᠯᠢᠭ ᠤᠨ ᠬᠢᠨ ᠤ ᠬᠤᠯᠪᠤᠭ᠎ᠠ ᠶᠢᠨ ᠲᠡᠷᠢᠬᠦᠯᠡᠭᠴᠢ | ᠶᠧ ᠹᠧᠩ ᠰᠢᠶᠦ᠋ᠩ ᠬᠤᠰᠢᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠬᠡᠮᠯᠢᠭ ᠤᠨ ᠲᠡᠷᠢᠬᠦᠯᠡᠭᠴᠢ | ᠪᠦᠷᠢᠨᠪᠠᠶᠠᠷ ᠬᠤᠰᠢᠭᠤ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠤᠨ ᠡᠷᠬᠢᠯᠡᠭᠴᠢ | ᠴᠢ᠊ ᠠᠷᠪᠢᠨ ᠬᠤᠰᠢᠭᠤ ᠰᠣᠷᠭᠠᠨ ᠬᠦᠮᠦᠵᠢᠯ ᠪᠡᠶ᠎ᠡ ᠲᠡᠮᠢᠷ ᠤᠨ ᠲᠤᠪᠴᠢᠶᠠᠨ ᠤ ᠳᠠᠷᠤᠭ᠎ᠠ | ᠵᠢᠶᠠ ᠰᠢᠶᠡᠩ ᠪᠢᠩ ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ | ᠳᠠᠷᠤᠭ᠎ᠠ | ᠶᠠᠩ ᠱᠧᠩ ᠵᠢᠶᠦ᠋ᠨ ᠬᠤᠰᠢᠭᠤ ᠠᠷᠠᠳ ᠤᠨ ᠶᠠᠪᠤᠳᠠᠯ ᠤᠨ ᠲᠤᠪᠴᠢᠶᠠᠨ ᠤ ᠳᠠᠷᠤᠭ᠎ᠠ | ᠮᠢ ᠬᠠᠢ ᠶᠦᠨ ᠬᠤᠰᠢᠭᠤ ᠬᠠᠤᠯᠢ ᠴᠠᠭᠠᠵᠠ ᠶᠢᠨ ᠲᠤᠪᠴᠢᠶᠠᠨ ᠤ ᠳᠠᠷᠤᠭ᠎ᠠ | ᠠᠶᠤᠰᠢ ᠬᠤᠰᠢᠭᠤ ᠡᠳ᠋ ᠤᠨ ᠵᠠᠰᠠᠭ ᠤᠨ ᠳᠣᠪᠴᠢᠶᠠᠨ ᠤ ᠳᠠᠷᠤᠭ᠎ᠠ | ᠸᠠᠩ ᠵᠢᠶᠡᠨ ᠫᠢᠩ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠳᠠᠷᠤᠭ᠎ᠠ | ᠴᠢᠨ ᠶᠢᠦ ᠭᠦᠸᠧ ᠬᠤᠰᠢᠭᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠤ ᠳᠠᠷᠤᠭ᠎ᠠ | ᠴᠢ ᠵᠢᠶᠦ᠋ᠨ ᠬᠤᠰᠢᠭᠤ ᠤᠰᠤᠨ ᠠᠰᠢᠭᠯᠠᠯᠲᠠ ᠶᠢᠨ ᠲᠤᠪᠴᠢᠶᠠᠨ ᠤ ᠳᠠᠷᠤᠭ᠎ᠠ | ᠡᠷᠳᠡᠨᠢᠪᠢᠯᠢᠭ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠤ ᠳᠠᠷᠤᠭ᠎ᠠ | ᠯᠢ ᠶᠦᠨ ᠯᠦᠩ ᠬᠤᠰᠢᠭᠤ ᠰᠣᠶᠣᠯ ᠪᠠ ᠵᠢᠭᠤᠯᠴᠢᠯᠠᠯ ᠤᠨ ᠲᠤᠪᠴᠢᠶᠠᠨ ᠤ ᠳᠠᠷᠤᠭ᠎ᠠ | ᠴᠧᠨ ᠵᠤᠤ ᠬᠤᠰᠢᠭᠤ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠡᠷᠬᠢᠯᠡᠭᠴᠢ | ᠰᠦᠨ ᠱᠤ᠋ ᠶᠤᠸᠡᠨ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ | ᠰᠣ᠋ ᠵᠡᠨ ᠴᠢᠶᠡᠨ ᠬᠤᠰᠢᠭᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ | ᠴᠢᠨ ᠯᠢᠩ ᠹᠧᠩ ᠬᠤᠰᠢᠭᠤ ᠤᠢ ᠰᠢᠭᠤᠢ ᠨᠣᠲᠤᠭ ᠪᠡᠯᠴᠢᠭᠡᠷ ᠤᠨ ᠲᠤᠪᠴᠢᠶᠠᠨ ᠤ ᠳᠠᠷᠤᠭ᠎ᠠ | ᠰᠢᠨ ᠶᠦᠩ ᠴᠢᠦᠸᠡᠨ ᠬᠤᠰᠢᠭᠤ ᠡᠮ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶᠠᠨ ᠤ ᠳᠠᠷᠤᠭ᠎ᠠ | ᠸᠧᠢ ᠱᠢ ᠬᠠᠢ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶᠠᠨ ᠤ ᠳᠠᠷᠤᠭ᠎ᠠ | ᠶᠠᠩ ᠳ᠋ᠦᠩ ᠬᠤᠰᠢᠭᠤ ᠲᠤᠲᠤᠭᠠᠲᠤ ᠶᠢ ᠬᠠᠮᠠᠭᠠᠯᠠᠬᠤ ᠲᠤᠪᠴᠢᠶᠠᠨ ᠤ ᠳᠡᠳ᠋ ᠳᠠᠷᠤᠭ᠎ᠠ | ᠨᠠᠶᠠ ᠣᠯᠵᠠᠴᠢ ᠪᠠᠯᠭᠠᠰᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠭ ᠤᠨ ᠣᠷᠳᠣᠨ ᠤ ᠪᠠᠯᠭᠠᠰᠣᠨ ᠳᠠᠷᠤᠭ᠎ᠠ | ᠪᠠᠶᠠᠨᠮᠦ᠋ᠩᠭᠡ ᠱᠠᠩᠬᠠᠢ ᠶᠢᠨ ᠰᠦᠮ᠎ᠡ ᠪᠠᠯᠭᠠᠰᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠣᠨ ᠳᠠᠷᠤᠭ᠎ᠠ | ᠷᠠᠳᠨ᠎ᠠ ᠪᠣᠷᠣᠪᠠᠯᠭᠠᠰᠣ ᠪᠠᠯᠭᠠᠰᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠭ ᠤᠨ ᠣᠷᠳᠣᠨ ᠤ ᠪᠠᠯᠭᠠᠰᠣᠨ ᠳᠠᠷᠤᠭ᠎ᠠ | ᠵᠣᠣ ᠶᠦᠩ ᡁᠢ ᠨᠠᠩᠰᠣ ᠪᠠᠯᠭᠠᠰᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠭ ᠤᠨ ᠣᠷᠳᠣᠨ ᠤ ᠪᠠᠯᠭᠠᠰᠣᠨ ᠳᠠᠷᠤᠭ᠎ᠠ | ᠯᠢᠦᠢ ᠰᠢᠶᠦ᠋ᠨ ᠶᠢᠩ ᠬᠤᠰᠢᠭᠤ ᠠᠮᠢ ᠠᠬᠤᠢ ᠤᠷᠴᠢᠨ ᠲᠤᠭᠤᠷᠢᠨ ᠤ ᠬᠤᠪᠢᠶᠠᠷᠢ ᠲᠤᠪᠴᠢᠶᠠᠨ ᠤ ᠳᠠᠷᠤᠭ᠎ᠠ | ᠹᠧᠩ ᠿᠢ ᠱᠧᠩ ᠬᠤᠰᠢᠭᠤ ᠴᠠᠭ ᠠᠭᠤᠷ ᠤᠨ ᠲᠤᠪᠴᠢᠶᠠᠨ ᠤ ᠳᠠᠷᠤᠭ᠎ᠠ | ᠯᠢᠦ ᠲᠢᠶᠡᠨ ᠼᠠᠢ ᠬᠤᠰᠢᠭᠤ ᠬᠠᠮ ᠵᠠᠭᠤᠴᠢᠯᠠᠭᠤᠷ ᠤᠨ ᠲᠦᠪ ᠤᠨ ᠡᠷᠬᠢᠯᠡᠭᠴᠢ | ᠵᠠᠩ ᠺᠧ ᠨᠢᠩ ᠬᠤᠰᠢᠭᠤ ᠤᠶᠤᠨᠴᠢ ᠨᠠᠮ ᠤᠨ ᠪᠠᠶᠢᠭᠤᠯᠤᠯᠲᠠ ᠶᠢᠨ ᠰᠣᠳᠣᠯᠭᠠᠨ ᠤ ᠲᠦᠪ ᠤᠨ ᠡᠷᠬᠢᠯᠡᠭᠴᠢ | ᠢᠦᠢ ᠺᠧ ᠴᠢ ᠬᠤᠰᠢᠭᠤ ᠨᠠᠶᠢᠲᠠ ᠶᠢᠨ ᠦᠢᠯᠡᠰ ᠤᠨ ᠬᠠᠮᠢᠶᠠᠷᠤᠯᠲᠠ ᠶᠢᠨ ᠲᠦᠪ ᠤᠨ ᠡᠷᠬᠢᠯᠡᠭᠴᠢ | ᠮᠠ ᠶᠢᠨ ᠡᠾᠧ ᠬᠤᠰᠢᠭᠤ ᠳ᠋ᠠᠶᠢᠲ᠋ᠠ ᠲᠦᠪ ᠤᠨ ᠡᠷᠬᠢᠯᠡᠭᠴᠢ | ᠵᠠᠩ ᠬᠠᠢ ᠭᠠᠩ ᠬᠤᠰᠢᠭᠤ ᠬᠠᠩᠭᠠᠨ ᠪᠣᠷᠣᠯᠠᠭᠤᠯᠬᠤ ᠬᠤᠷᠰᠢᠶᠠᠨ ᠤ ᠡᠷᠬᠢᠯᠡᠭᠴᠢ | ᠴᠧᠨ ᠰᠢᠶᠤᠤ ᠬᠤᠢ ᠬᠤᠰᠢᠭᠤ ᠮᠦᠩᠭᠦᠨ ᠬᠦᠢᠯᠭᠡᠭᠡᠨ ᠤ ᠦᠢᠯᠡᠴᠢᠯᠡᠭᠡᠨ ᠤ ᠲᠦᠪ ᠤᠨ ᠡᠷᠬᠢᠯᠡᠭᠴᠢ | ᠦᠯᠵᠡᠶᠢᠮᠦ᠋ᠷᠡᠨ ᠬᠤᠰᠢᠭᠤ ᠨᠡᠶᠢᠬᠡᠮ ᠤᠨ ᠳᠠᠭᠠᠳᠬᠠᠯ ᠤᠨ ᠠᠵᠢᠯ ᠦᠢᠯᠡᠰ ᠤᠨ ᠦᠢᠯᠡᠴᠢᠯᠡᠭᠡᠨ ᠤᠨ ᠲᠦᠪ ᠤᠨ ᠡᠷᠬᠢᠯᠡᠭᠴᠢ | ᠡᠤ ᠺᠧ ᠵᠢᠶᠦ᠋ᠨ ᠳᠣᠮᠳᠠᠳᠣ ᠤᠯᠤᠰ ᠤᠨ ᠨᠢᠭᠡᠳᠦᠮᠡᠯ ᠬᠤᠯᠪᠤᠭᠠᠨ ᠤ ᠣᠲᠤᠭ ᠤᠨ ᠡᠮᠦᠨᠡᠲᠦ ᠬᠤᠰᠢᠭᠤᠨ ᠤ ᠬᠤᠪᠢᠶᠠᠷᠢ ᠺᠣᠮᠫᠠᠨᠢ ᠶᠢᠨ ᠶᠡᠷᠦᠩᠬᠡᠢ | ᠳᠠᠭᠠᠭᠠᠮᠠᠯ | ᠵᠠᠩ ᠷᠦᠢ ᠳᠣᠮᠳᠠᠳᠣ ᠣᠯᠣᠰ ᠤᠨ ᠨᠡᠭᠦᠳᠡᠯ ᠬᠤᠯᠪᠤᠭᠠᠨ ᠤ ᠣᠲᠤᠭ ᠤᠨ ᠡᠮᠦᠨᠡᠲᠦ ᠬᠤᠰᠢᠭᠤᠨ ᠤ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ | ᠪᠦᠬᠡ ᠳᠣᠮᠳᠠᠳᠣ ᠣᠯᠣᠰ ᠤᠨ ᠴᠠᠬᠢᠯᠭᠠᠨ ᠬᠤᠯᠪᠤᠭᠠᠨ ᠤ ᠣᠲᠤᠭ ᠤᠨ ᠡᠮᠦᠨᠡᠲᠦ ᠬᠤᠰᠢᠭᠤᠨ ᠤ ᠬᠤᠪᠢᠶᠠᠷᠢ ᠺᠤᠮᠫᠠᠨᠢ ᠶᠢᠨ ᠶᠡᠷᠦᠩᠬᠡᠢ ᠳᠠᠭᠠᠭᠠᠮᠠᠯ | ᠭᠤᠣ ᠫᠢᠩ ᠳᠣᠮᠳᠠᠳᠣ ᠣᠯᠣᠰ ᠤᠨ ᠲᠡᠮᠦᠷ ᠴᠠᠮᠬᠠᠭ ᠤᠨ ᠣᠲᠤᠭ ᠤᠨ ᠡᠮᠦᠨᠡᠲᠦ ᠬᠤᠰᠢᠭᠤᠨ ᠤ ᠬᠤᠪᠢᠶᠠᠷᠢ ᠺᠤᠮᠫᠠᠨᠢ ᠶᠢᠨ ᠶᠡᠷᠦᠩᠬᠡᠢ ᠳᠠᠭᠠᠭᠠᠮᠠᠯ | ᠵᠢᠶᠠ ᠰᠢᠶᠤᠤ ᠯᠢᠨ ᠦᠪᠦᠷ ᠮᠣᠩᠭᠤᠯ ᠤᠨ ᠷᠠᠳᠢᠤ᠋ ᠲᠧᠯᠸᠢᠰ ᠤᠨ ᠣᠲᠤᠭ ᠤᠨ ᠡᠮᠦᠨᠡᠲᠦ ᠬᠤᠰᠢᠭᠤᠨ ᠤ ᠬᠤᠪᠢᠶᠠᠷᠢ ᠺᠤᠮᠫᠠᠨᠢ ᠶᠢᠨ ᠶᠡᠷᠦᠩᠬᠡᠢ | ᠳᠠᠭᠠᠭᠠᠮᠠᠯ | ᠣᠳᠣᠷᠢᠳᠬᠤ ᠳᠣᠭᠤᠶᠢᠯᠠᠩ ᠠᠴᠠ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠵᠢᠴᠢ ᠦᠪᠡᠷᠲᠡᠭᠡᠨ ᠵᠠᠰᠠᠬᠤ ᠤᠷᠤᠨ᠂ ᠬᠤᠲᠠ ᠪᠠ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠲᠤᠭᠠᠴᠠᠯᠠᠭᠰᠠᠨ ᠬᠦᠳᠡᠭᠡ ᠲᠤᠰᠬᠤᠨ︾ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢᠨ ᠬᠠᠮᠢᠶ᠎ᠠ | ᠪᠦᠬᠦᠢ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠤᠱᠯᠠᠭᠤᠯᠵᠤ ᠨᠠᠶᠢᠲᠠᠪᠤᠷᠢᠵᠢᠭᠤᠯᠤᠨ᠂ ᠪᠦᠬᠦ ᠬᠤᠰᠢᠭᠤᠨ ᠤ ︽ᠲᠤᠭᠠᠴᠠᠯᠠᠭᠰᠠᠨ ᠬᠦᠳᠡᠭᠡ ᠲᠤᠰᠬᠤᠨ︾ ᠤ | ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠬᠤ᠂ ᠵᠢᠯᠣᠭᠤᠳᠬᠤ᠂ ᠵᠣᠬᠢᠴᠠᠭᠤᠯᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ | ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠵᠤ ᠰᠢᠢᠳᠪᠦᠷᠢᠯᠡᠨ᠂ ᠡᠯ᠎ᠡ ᠲᠦᠷᠦᠯ ᠤᠨ ᠡᠬᠦᠷᠭᠡ ᠶᠢᠨ | ᠨᠠᠶᠢᠲᠠᠪᠤᠷᠢᠵᠢᠭᠤᠯᠤᠯᠲᠠ ᠶᠢ ᠨᠢᠭᠡᠳᠦᠯᠲᠡᠢ ᠲᠦᠯᠦᠪᠵᠢᠬᠦᠯᠦᠨ ᠠᠬᠢᠭᠤᠯᠤᠨ᠎ᠠ᠃ ᠣᠳᠣᠷᠢᠳᠬᠤ ᠳᠣᠭᠤᠶᠢᠯᠠᠩ ᠤᠨ ᠠᠯᠪᠠᠨ ᠭᠡᠷ ᠢ ᠬᠤᠰᠢᠭᠤ ᠳ᠋ᠠᠶᠢᠲ᠋ᠠ ᠲᠦᠪ ᠲᠤ | ᠲᠤᠬᠢᠷᠠᠭᠤᠯᠤᠨ᠂ ᠠᠯᠪᠠᠨ ᠭᠡᠷ ᠤᠨ ᠡᠷᠬᠢᠯᠡᠭᠴᠢ ᠶᠢ ᠮᠠ ᠶᠢᠨ ᠡᠾᠧ ᠡᠬᠦᠷᠭᠡᠯᠡᠵᠦ᠂ ︽ᠲᠤᠭᠠᠴᠠᠯᠠᠭᠰᠠᠨ ᠬᠦᠳᠡᠭᠡ ᠲᠤᠰᠬᠤᠨ︾ ᠤ ᠲᠤᠷᠰᠢᠯᠲᠠ ᠶᠢᠨ ᠴᠡᠭ ᠤᠨ | ᠪᠠᠶᠢᠭᠤᠯᠤᠯᠲᠠ ᠶᠢᠨ ᠪᠣᠲᠠᠲᠠᠢ ᠠᠵᠢᠯ ᠢ ᠬᠠᠷᠢᠭᠤᠴᠠᠵᠣ ᠠᠬᠢᠭᠤᠯᠤᠨ᠎ᠠ᠃ ᠬᠤᠰᠢᠭᠤᠨ ᠤ ᠭᠤᠤᠯ ᠣᠳᠣᠷᠢᠳᠣᠯᠭ᠎ᠠ ᠠᠴᠠ ᠭᠠᠳᠠᠨ᠎ᠠ᠂ ᠣᠳᠣᠷᠢᠳᠬᠤ ᠳᠣᠭᠤᠶᠢᠯᠠᠩ | ᠤᠨ ᠪᠦᠷᠢᠯᠳᠦᠬᠦᠨ ᠤ ᠲᠤᠰᠢᠶᠠᠯ ᠪᠠ ᠠᠵᠢᠯ ᠤᠨ ᠬᠤᠪᠢᠶᠠᠷᠢᠯᠠᠯ ᠬᠤᠪᠢᠷᠠᠯᠲᠠ ᠡᠬᠦᠰᠪᠡᠯ᠂ ᠲᠤᠰ ᠲᠤᠰᠢᠶᠠᠯ ᠳᠤ ᠲᠤᠮᠢᠯᠠᠭᠳᠠᠭᠰᠠᠳ ᠬᠠᠷᠢᠭᠤᠴᠠᠨ᠎ᠠ᠂ ᠳᠠᠬᠢᠨ | ᠮᠡᠳᠡᠭᠳᠡᠯ ᠪᠠᠭᠤᠯᠭᠠᠬᠤ ᠦᠭᠡᠢ᠃ | | | | | ᠣᠳᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2021 ᠤᠨ ᠤ 4 ᠰᠠᠷ᠎ᠠ ᠶᠢᠨ 30 ᠤ ᠡᠳᠤᠷ ᠲᠠᠷᠤᠮᠠᠯᠯᠠᠨ ᠲᠠᠷᠬᠠᠭᠠᠪᠠ |