︽ᠤᠳᠤᠭ ᠤᠨ ᠡᠮᠤᠨᠡᠳᠤ ᠬᠤᠰᠢᠭᠤᠨ ᠤ ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠤᠨᠬᠡᠯ ᠲᠦᠰᠤᠪ︾ ᠢ ᠳᠠᠷᠤᠮᠠᠯᠯᠠᠨ ᠳᠠᠷᠬᠠᠭᠠᠬᠤ ᠳᠤᠬᠠᠢ ᠤᠳᠤᠭ ᠤᠨ | ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ | | | ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠬᠠᠮᠢᠶᠠᠷᠤᠯᠳᠠ ᠶᠢᠨ ᠵᠦᠪᠯᠡᠯ᠂ ᠡᠯ᠎ᠡ | ᠪᠠᠯᠭᠠᠰᠤ ᠶᠢᠨ ᠠᠷᠠᠤᠨ ᠤᠨ ᠵᠠᠰᠠᠭ ᠤᠨ ᠤᠷᠳᠤᠨ᠂ ᠬᠤᠰᠢᠭᠤ ᠰᠢᠭᠤᠤᠨ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ | ᠮᠦᠴᠢᠷ᠂ ᠡᠯ᠎ᠡ ᠠᠵᠤ ᠠᠬᠤᠶᠢᠯᠠᠯ ᠠᠵᠢᠯ ᠤᠶᠢᠯᠡᠰ ᠤᠨ ᠨᠢᠬᠡᠴᠠ ᠳᠤ᠄ | ᠡᠳᠤᠬᠡ ︽ᠤᠳᠤᠭ ᠤᠨ ᠡᠮᠤᠨᠡᠳᠤ ᠬᠤᠰᠢᠭᠤᠨ ᠤ ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠤᠨᠬᠡᠯ ᠲᠦᠰᠤᠪ︾ ᠢ ᠲᠠ ᠨᠠᠷ ᠲᠤ ᠳᠠᠷᠤᠮᠠᠯᠯᠠᠨ ᠳᠠᠷᠬᠠᠭᠠᠯ᠎ᠠ᠂ ᠪᠤᠳᠠᠳᠤ ᠪᠠᠶᠢᠳᠠᠯ ᠲᠠᠢ | ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠳᠤᠤᠱᠯᠠᠭᠤᠯᠤᠨ ᠬᠡᠷᠡᠭᠵᠢᠬᠦᠯᠰᠤᠬᠡᠢ᠃ | | ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠬᠡᠷ | 2021 ᠤᠨ ᠤ 5 ᠰᠠᠷ᠎ᠠ ᠶᠢᠨ 27 ᠤ ᠡᠳᠤᠷ | ᠤᠳᠤᠭ ᠤᠨ ᠡᠮᠤᠨᠡᠳᠤ ᠬᠤᠰᠢᠭᠤᠨ ᠤ ᠬᠦᠨᠳᠤ ᠪᠤᠬᠢᠷᠳᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠤᠨᠬᠡᠯ ᠲᠦᠰᠤᠪ ︵2021 ᠤᠨ ᠤ ᠬᠡᠪ︶ | | ᠨᠢᠬᠡ᠂ ᠶᠡᠷᠤᠩᠬᠡᠢ ᠵᠠᠷᠴᠢᠮ | ︵ᠨᠢᠬᠡ︶ ᠨᠠᠶᠢᠷᠠᠭᠤᠯᠤᠨ ᠳᠤᠭᠤᠷᠪᠢᠭᠰᠡᠨ ᠵᠤᠷᠢᠯᠭ᠎ᠠ | ᠤᠳᠤᠭ ᠤᠨ ᠡᠮᠤᠨᠡᠳᠤ ᠬᠤᠰᠢᠭᠤᠨ ᠤ ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠰᠢᠰᠲ᠋ᠧᠮ ᠢ ᠳᠡᠬᠦᠯᠳᠡᠷᠵᠢᠬᠦᠯᠵᠤ᠂ ᠤᠷᠤᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠪᠠᠷ | ᠬᠤᠯᠪᠤᠭᠠᠯᠠᠨ ᠬᠦᠳᠡᠯᠤᠯᠴᠠᠵᠤ᠂ ᠬᠤᠯᠪᠤᠭᠠᠯᠠᠨ ᠰᠡᠷᠬᠡᠶᠢᠯᠡᠵᠤ᠂ ᠬᠤᠯᠪᠤᠭᠠᠯᠠᠨ ᠬᠢᠵᠠᠭᠠᠷᠯᠠᠬᠤ ᠶᠢ ᠴᠢᠩᠭᠠᠤᠨᠬᠠᠨ᠂ | ᠬᠦᠨᠳᠤ ᠪᠤᠬᠢᠷᠳᠤᠯ ᠲᠠᠢ ᠴᠠᠭ ᠠᠭᠤᠷ ᠢ ᠴᠠᠭ ᠳᠤᠬᠠᠢ ᠳᠤ ᠨᠢ ᠪᠦᠳᠤᠮᠵᠢᠳᠠᠢ ᠠᠷᠭᠠᠴᠠᠵᠤ᠂ ᠪᠤᠬᠢᠷᠳᠤᠯ ᠤᠨ | ᠬᠡᠮᠵᠢᠶ᠎ᠡ ᠶᠢ ᠦᠨᠡᠨᠬᠦ ᠪᠠᠭᠠᠰᠬᠠᠨ᠂ ᠤᠯᠠᠨ ᠲᠦᠮᠡᠨ ᠤ ᠡᠷᠡᠬᠦᠯ ᠮᠠᠨᠳᠤ ᠶᠢ ᠬᠠᠮᠠᠭᠠᠯᠠᠨ᠎ᠠ᠃ | ︵ᠬᠤᠶᠠᠷ︶ ᠨᠠᠶᠢᠷᠠᠭᠤᠯᠤᠨ ᠳᠤᠭᠤᠷᠪᠢᠭᠰᠡᠨ ᠦᠨᠳᠤᠰᠤᠯᠡᠯ | ︽ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠤᠷᠴᠢᠨ ᠳᠤᠭᠤᠷᠢᠨ ᠢ ᠬᠠᠮᠠᠭᠠᠯᠠᠬᠤ ᠬᠠᠤᠯᠢ︾᠂ | ︽ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠬᠤ | ᠬᠠᠤᠯᠢ︾᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠬᠡᠨᠡᠤᠨᠳᠠ ᠶᠢᠨ ᠬᠡᠷᠡᠭ ᠢ ᠠᠷᠭᠠᠴᠠᠬᠤ | ᠬᠠᠤᠯᠢ︾᠂ ︽ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢ ᠪᠦᠬᠦ ᠳᠠᠯ᠎ᠠ ᠪᠠᠷ ᠴᠢᠩᠭᠠᠤᠨᠬᠠᠨ ᠪᠤᠬᠢᠷᠳᠤᠯ | ᠢ ᠰᠡᠷᠬᠡᠶᠢᠯᠡᠨ ᠵᠠᠰᠠᠬᠤ ᠰᠢᠪᠳᠤᠯᠤᠯᠳᠠ ᠶᠢᠨ ᠠᠵᠢᠯ ᠢ ᠭᠤᠶᠢᠪᠢᠰᠢ ᠦᠬᠡᠢ ᠰᠠᠶᠢᠳᠤᠷ ᠬᠢᠬᠦ ᠳᠤᠬᠠᠢ ᠳᠤᠮᠳᠠᠳᠤ | ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠲᠦᠷᠤ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠦᠪ | ᠳᠠᠷᠬᠠᠭᠠᠬᠤ ﹇2018﹈ 17 ᠳᠤᠭᠠᠳᠤ︶᠂ ︽ᠠᠭᠠᠷ ᠮᠠᠨᠳᠠᠯ ᠢ ᠬᠠᠮᠠᠭᠠᠯᠠᠬᠤ ᠭᠤᠷᠪᠠᠨ ᠵᠢᠯ ᠤᠨ ᠠᠵᠢᠯᠯᠠᠭᠠᠨ ᠤ | ᠲᠦᠯᠤᠪᠯᠡᠭᠡ ᠶᠢ ᠳᠠᠷᠤᠮᠠᠯᠯᠠᠨ ᠳᠠᠷᠬᠠᠭᠠᠬᠤ ᠳᠤᠬᠠᠢ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ | ᠲᠦᠷᠤ ᠳᠠᠷᠬᠠᠭᠠᠬᠤ ﹇2018﹈ 22 ᠳᠤᠭᠠᠳᠤ︶᠂ ᠠᠮᠢ ᠠᠬᠤᠢ ᠤᠷᠴᠢᠨ ᠳᠤᠭᠤᠷᠢᠨ ᠤ ᠶᠠᠮᠤᠨ ᠤ ᠠᠯᠪᠠᠨ | ᠲᠢᠩᠬᠢᠮ ᠤᠨ ︽ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠤᠨᠬᠡᠯ ᠲᠦᠰᠤᠪ | ᠲᠤ ᠵᠠᠰᠠᠪᠤᠷᠢ ᠤᠷᠤᠭᠤᠯᠬᠤ ᠠᠵᠢᠯ ᠢ ᠠᠬᠢᠭᠤᠯᠬᠤ ᠳᠤᠬᠠᠢ ᠵᠢᠯᠤᠭᠤᠤᠬᠤ ᠰᠠᠨᠠᠯ︾ ︵ᠤᠷᠴᠢᠨ ᠳᠤᠭᠤᠷᠢᠨ ᠠᠯᠪᠠᠨ | ᠲᠢᠩᠬᠢᠮ ᠠᠭᠠᠷ ᠮᠠᠨᠳᠠᠯ ᠵᠠᠬᠢᠳᠠᠯ ﹇2018﹈ 875 ᠳᠤᠭᠠᠳᠤ︶᠂ ︽ᠬᠦᠨᠳᠤ ᠪᠤᠬᠢᠷᠳᠤᠯ ᠲᠠᠢ ᠴᠠᠭ ᠠᠭᠤᠷ ᠢ | ᠠᠷᠭᠠᠴᠠᠬᠤ ᠶᠢ ᠴᠢᠩᠭᠠᠤᠨᠬᠠᠨ ᠪᠠᠴᠢᠮ ᠪᠠᠶᠢᠳᠠᠯ ᠢ ᠠᠷᠭᠠᠴᠠᠨ ᠪᠤᠬᠢᠷᠳᠤᠯ ᠤᠨ ᠭᠠᠳᠠᠭᠰᠢᠯᠠᠭᠤᠯᠤᠯᠳᠠ ᠶᠢ ᠪᠠᠭᠠᠰᠬᠠᠬᠤ | ᠳᠤᠬᠠᠢ ᠵᠢᠯᠤᠭᠤᠤᠨᠬᠤ ᠰᠠᠨᠠᠯ︾ ︵ᠤᠷᠴᠢᠨ ᠳᠤᠭᠤᠷᠢᠨ ᠠᠯᠪᠠᠨ ᠲᠢᠩᠬᠢᠮ ᠠᠭᠠᠷ ᠮᠠᠨᠳᠠᠯ ᠵᠠᠬᠢᠳᠠᠯ ﹇2019﹈ | 648 ᠳᠤᠭᠠᠳᠤ︶᠂ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠭᠠᠷ ᠮᠠᠨᠳᠠᠯ ᠤᠨ ᠪᠤᠬᠢᠷᠳᠤᠯ ᠢ | ᠰᠡᠷᠬᠡᠶᠢᠯᠡᠨ ᠵᠠᠰᠠᠬᠤ ᠲᠦᠷᠢᠮ︾᠂ ︽ᠤᠷᠳᠤᠰ ᠬᠤᠳᠠ ᠶᠢᠨ ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠬᠤ | ᠲᠦᠷᠢᠮ︾᠂ ︽ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢ ᠪᠦᠬᠦ ᠳᠠᠯ᠎ᠠ ᠪᠠᠷ ᠴᠢᠩᠭᠠᠤᠨᠬᠠᠨ | ᠪᠤᠬᠢᠷᠳᠤᠯ ᠢ ᠰᠡᠷᠬᠡᠶᠢᠯᠡᠨ ᠵᠠᠰᠠᠬᠤ ᠰᠢᠪᠳᠤᠯᠤᠯᠳᠠ ᠶᠢᠨ ᠠᠵᠢᠯ ᠢ ᠭᠤᠶᠢᠪᠢᠰᠢ ᠦᠬᠡᠢ ᠰᠠᠶᠢᠳᠤᠷ ᠬᠢᠬᠦ ᠳᠤᠬᠠᠢ | ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠷᠠᠤᠨ ᠤᠨ ᠵᠠᠰᠠᠭ ᠤᠨ ᠤᠷᠳᠤᠨ ᠤ | ᠰᠠᠨᠠᠯ︾ ︵ᠦᠪᠤᠷ ᠨᠠᠮ ᠳᠠᠷᠬᠠᠭᠠᠬᠤ ﹇2018﹈ 13 ᠳᠤᠭᠠᠳᠤ︶᠂ ︽ᠦᠪᠤᠷ ᠮᠤᠩᠭᠤᠯ ᠤᠨ ᠦᠪᠡᠷᠳᠡᠬᠡᠨ | ᠵᠠᠰᠠᠬᠤ ᠤᠷᠤᠨ ᠤ ᠠᠭᠠᠷ ᠮᠠᠨᠳᠠᠯ ᠢ ᠬᠠᠮᠠᠭᠠᠯᠠᠬᠤ ᠭᠤᠷᠪᠠᠨ ᠵᠢᠯ ᠤᠨ ᠠᠵᠢᠯᠯᠠᠭᠠᠨ ᠤ ᠲᠦᠯᠤᠪᠯᠡᠭᠡ ᠶᠢᠨ | ᠬᠡᠷᠡᠭᠵᠢᠬᠦᠯᠬᠦ ᠲᠦᠰᠤᠯ︾ ︵ᠦᠪᠤᠷ ᠵᠠᠰᠠᠭ ᠳᠠᠷᠬᠠᠭᠠᠬᠤ ﹇2018﹈ 37 ᠳᠤᠭᠠᠳᠤ︶᠂ ︽ᠬᠦᠨᠳᠤ ᠪᠤᠬᠢᠷᠳᠤᠯ | ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠤᠨᠬᠡᠯ ᠲᠦᠰᠤᠪ ᠲᠤ ᠵᠠᠰᠠᠪᠤᠷᠢ ᠤᠷᠤᠭᠤᠯᠬᠤ ᠠᠵᠢᠯ ᠢ | ᠵᠤᠬᠢᠶᠠᠨ ᠪᠠᠶᠢᠭᠤᠯᠬᠤ ᠳᠤᠬᠠᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠤᠷᠴᠢᠨ | ᠳᠤᠭᠤᠷᠢᠨ ᠤ ᠲᠢᠩᠬᠢᠮ ᠤᠨ ᠵᠠᠬᠢᠳᠠᠯ︾ ︵ᠦᠪᠤᠷ ᠤᠷᠴᠢᠨ ᠳᠤᠭᠤᠷᠢᠨ ᠠᠯᠪᠠᠨ ᠵᠠᠬᠢᠳᠠᠯ ﹇2020﹈ 25 | ᠳᠤᠭᠠᠳᠤ︶᠂ ︽ᠦᠪᠡᠷᠳᠡᠬᠡᠨ ᠵᠠᠰᠠᠬᠤ ᠤᠷᠤᠨ ᠤ ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠤᠨᠬᠡᠯ ᠲᠦᠰᠤᠪ ︵2020 ᠤᠨ ᠤ ᠬᠡᠪ︶ ᠢ ᠳᠠᠷᠤᠮᠠᠯᠯᠠᠨ ᠳᠠᠷᠬᠠᠭᠠᠬᠤ ᠳᠤᠬᠠᠢ ᠦᠪᠤᠷ ᠮᠤᠩᠭᠤᠯ | ᠤᠨ ᠦᠪᠡᠷᠳᠡᠬᠡᠨ ᠵᠠᠰᠠᠬᠤ ᠤᠷᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ︾ ︵ | ᠦᠪᠤᠷ ᠵᠠᠰᠠᠭ ᠠᠯᠪᠠᠨ ᠳᠠᠷᠬᠠᠭᠠᠬᠤ ﹇2020﹈ 13 ᠳᠤᠭᠠᠳᠤ︶᠂ ︽ᠤᠷᠳᠤᠰ ᠬᠤᠳᠠ ᠶᠢᠨ ᠬᠦᠨᠳᠤ | ᠪᠤᠬᠢᠷᠳᠤᠯ ᠲᠠᠢ ᠴᠠᠭ ᠠᠭᠤᠷ ᠢ ᠠᠷᠭᠠᠴᠠᠬᠤ ᠪᠡᠯᠡᠤᠨᠬᠡᠯ ᠲᠦᠰᠤᠪ︾ ︵ᠤᠷᠳᠤᠰ ᠵᠠᠰᠠᠭ ᠠᠯᠪᠠᠨ ᠳᠠᠷᠬᠠᠭᠠᠬᠤ ﹇ | 2020﹈ 59 ᠳᠤᠭᠠᠳᠤ︶ ᠵᠡᠷᠬᠡ ᠬᠠᠤᠯᠢ ᠴᠠᠭᠠᠵᠠ᠂ ᠬᠠᠤᠯᠢ ᠲᠦᠷᠢᠮ ᠪᠠ ᠪᠢᠴᠢᠭ ᠮᠠᠲ᠋ᠧᠷᠢᠶᠠᠯ᠃ | ︵ᠭᠤᠷᠪᠠ︶ ᠬᠡᠷᠡᠭᠯᠡᠬᠦ ᠬᠡᠪᠴᠢᠶ᠎ᠡ | ᠳᠤᠰ ᠪᠡᠯᠡᠤᠨᠬᠡᠯ ᠲᠦᠰᠤᠪ ᠢ ᠤᠳᠤᠭ ᠤᠨ ᠡᠮᠤᠨᠡᠳᠤ ᠬᠤᠰᠢᠭᠤᠨ ᠤ ᠵᠠᠰᠠᠭ ᠵᠠᠬᠢᠷᠭᠠᠨ ᠤ ᠤᠷᠤᠨ ᠳᠤᠳᠤᠷᠠᠬᠢ | ᠬᠦᠨᠳᠤ ᠪᠤᠬᠢᠷᠳᠤᠯ ᠲᠠᠢ ᠴᠠᠭ ᠠᠭᠤᠷ ᠢ ᠠᠷᠭᠠᠴᠠᠬᠤ ᠠᠵᠢᠯ ᠳᠤ ᠬᠡᠷᠡᠭᠯᠡᠨ᠎ᠡ᠃ ᠡᠯᠡᠰᠤ ᠳᠤᠭᠤᠰᠤ᠂ ᠭᠠᠯ ᠤᠨ | ᠠᠶᠤᠯ ᠵᠡᠷᠬᠡ ᠡᠰᠡᠷᠬᠦᠴᠡᠰᠢ ᠦᠬᠡᠢ ᠬᠦᠴᠤᠨ ᠠᠴᠠ ᠪᠤᠯᠤᠭᠰᠡᠨ ᠬᠦᠨᠳᠤ ᠪᠤᠬᠢᠷᠳᠤᠯ ᠲᠠᠢ ᠴᠠᠭ ᠠᠭᠤᠷ ᠢ ᠳᠤᠰ | ᠲᠦᠰᠤᠯ ᠤᠨ ᠬᠡᠪᠴᠢᠶᠡᠨ ᠳᠤ ᠪᠠᠭᠳᠠᠭᠠᠬᠤ ᠦᠬᠡᠢ᠃ | ︵ᠲᠦᠷᠪᠡ︶ ᠪᠡᠯᠡᠤᠨᠬᠡᠯ ᠲᠦᠰᠤᠪ ᠤᠨ ᠰᠢᠰᠲ᠋ᠧᠮ | ᠬᠤᠰᠢᠭᠤ ᠳᠡᠰ ᠤᠨ ᠬᠦᠨᠳᠤ ᠪᠤᠬᠢᠷᠳᠤᠯ ᠲᠠᠢ ᠴᠠᠭ ᠠᠭᠤᠷ ᠢ ᠪᠠᠴᠢᠮ ᠠᠷᠭᠠᠴᠠᠬᠤ ᠪᠡᠯᠡᠤᠨᠬᠡᠯ ᠲᠦᠰᠤᠪ ᠤᠨ | ᠰᠢᠰᠲ᠋ᠧᠮ ᠳᠤ ᠳᠤᠰ ᠪᠡᠯᠡᠤᠨᠬᠡᠯ ᠲᠦᠰᠤᠪ᠂ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠶᠢᠨ | ᠳᠤᠰᠬᠠᠢ ᠲᠦᠷᠤᠯ ᠤᠨ ᠬᠡᠷᠡᠭᠵᠢᠬᠦᠯᠬᠦ ᠲᠦᠰᠤᠯ ᠢ ᠪᠠᠭᠳᠠᠭᠠᠨ᠎ᠠ᠃ | ᠬᠤᠰᠢᠭᠤ ᠳᠡᠰ ᠤᠨ ᠪᠠᠴᠢᠮ ᠪᠠᠶᠢᠳᠠᠯ ᠢ ᠠᠷᠭᠠᠴᠠᠬᠤ ᠪᠡᠯᠡᠤᠨᠬᠡᠯ ᠲᠦᠰᠤᠪ ᠲᠤ ᠡᠷᠬᠡᠪᠰᠢ ᠪᠠᠴᠢᠮ ᠪᠠᠶᠢᠳᠠᠯ ᠢ | ᠠᠷᠭᠠᠴᠠᠨ ᠪᠤᠬᠢᠷᠳᠤᠯ ᠤᠨ ᠭᠠᠳᠠᠭᠰᠢᠯᠠᠭᠤᠯᠤᠯᠳᠠ ᠶᠢ ᠪᠠᠭᠠᠰᠬᠠᠬᠤ ᠲᠦᠷᠤᠯ ᠵᠦᠢᠯ ᠤᠨ ᠨᠠᠷᠢᠨ ᠵᠦᠢᠯᠡᠰ ᠢ | ᠪᠠᠭᠳᠠᠭᠠᠨ᠎ᠠ᠃ | ︵ᠳᠠᠪᠤ︶ ᠠᠵᠢᠯ ᠤᠨ ᠵᠠᠷᠴᠢᠮ | 1. ᠬᠦᠮᠤᠨ ᠢᠶᠠᠷ ᠦᠨᠳᠤᠰᠤ ᠪᠤᠯᠭᠠᠵᠤ᠂ ᠰᠡᠷᠬᠡᠶᠢᠯᠡᠬᠦ ᠪᠠᠷ ᠭᠤᠤᠯ ᠪᠤᠯᠭᠠᠨ᠎ᠠ᠃ ᠠᠷᠠᠤᠨ ᠲᠦᠮᠡᠨ ᠤ ᠡᠷᠡᠬᠦᠯ | ᠮᠠᠨᠳᠤ ᠶᠢ ᠬᠠᠮᠠᠭᠠᠯᠠᠬᠤ ᠪᠠᠷ ᠬᠦᠨᠳᠤ ᠪᠤᠬᠢᠷᠳᠤᠯ ᠲᠠᠢ ᠴᠠᠭ ᠠᠭᠤᠷ ᠢ ᠠᠷᠭᠠᠴᠠᠬᠤ ᠬᠢᠵᠠᠭᠠᠷ ᠱᠤᠭᠤᠮ ᠪᠤᠯᠭᠠᠵᠤ᠂ | ᠡᠳᠤᠷ ᠳᠤᠳᠤᠮ ᠤᠨ ᠬᠢᠨᠠᠨ ᠪᠠᠶᠢᠴᠠᠭᠠᠯᠳᠠ ᠪᠠ ᠬᠠᠮᠢᠶᠠᠷᠤᠯᠳᠠ ᠶᠢ ᠴᠢᠩᠭᠠᠤᠨᠬᠠᠨ᠂ ᠬᠦᠨᠳᠤ ᠪᠤᠬᠢᠷᠳᠤᠯ ᠲᠠᠢ ᠴᠠᠭ | ᠠᠭᠤᠷ ᠢ ᠠᠷᠭᠠᠴᠠᠨ ᠰᠢᠢᠤᠨᠪᠤᠷᠢᠯᠡᠬᠦ ᠴᠢᠳᠠᠪᠤᠷᠢ ᠪᠠᠨ ᠬᠦᠴᠤᠯᠡᠨ ᠳᠡᠬᠡᠭᠰᠢᠯᠡᠬᠦᠯᠵᠤ᠂ ᠡᠯ᠎ᠡ ᠵᠦᠢᠯ ᠤᠨ ᠪᠤᠬᠢᠷᠳᠤᠯ | ᠪᠤᠳᠠᠰ ᠤᠨ ᠭᠠᠳᠠᠭᠰᠢᠯᠠᠭᠤᠯᠤᠯᠳᠠ ᠶᠢ ᠬᠠᠷᠠᠭᠠᠯᠵᠠᠭᠰᠡᠨ ᠭᠠᠳᠠᠭᠰᠢᠯᠠᠭᠤᠯᠤᠯᠳᠠ ᠶᠢ ᠪᠠᠭᠠᠰᠬᠠᠬᠤ ᠬᠠᠷᠢᠴᠡᠯ ᠲᠠᠢ | ᠨᠠᠶᠢᠴᠡᠬᠦᠯᠬᠦ ᠶᠢ ᠪᠠᠳᠤᠯᠠᠵᠤ᠂ ᠭᠠᠳᠠᠭᠰᠢᠯᠠᠭᠤᠯᠤᠯᠳᠠ ᠶᠢ ᠪᠠᠭᠠᠰᠬᠠᠬᠤ ᠪᠦᠳᠤᠮᠵᠢ ᠶᠢ ᠦᠨᠡᠬᠦ ᠪᠠᠳᠠᠷᠠᠭᠤᠯᠤᠨ᠂ | ᠬᠦᠨᠳᠤ ᠪᠤᠬᠢᠷᠳᠤᠯ ᠲᠠᠢ ᠴᠠᠭ ᠠᠭᠤᠷ ᠤᠨ ᠬᠤᠤᠷ ᠬᠦᠨᠤᠬᠡᠯ ᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠨ᠎ᠠ᠃ | 2. ᠰᠢᠨᠵᠢᠯᠡᠬᠦ ᠤᠬᠠᠭᠠᠨᠴᠢ ᠪᠠᠷ ᠰᠡᠷᠡᠮᠵᠢᠯᠡᠬᠦᠯᠵᠤ᠂ ᠴᠠᠭ ᠳᠤᠬᠠᠢ ᠳᠤ ᠨᠢ ᠳᠠᠶᠢᠴᠢᠯᠡᠨ ᠠᠵᠢᠯᠯᠠᠨ᠎ᠠ᠃ ᠠᠭᠠᠷ | ᠮᠠᠨᠳᠠᠯ ᠤᠨ ᠪᠤᠬᠢᠷᠳᠤᠯ ᠤᠨ ᠡᠬᠢ ᠰᠤᠷᠪᠤᠯᠵᠢ ᠶᠢᠨ ᠬᠢᠨᠠᠨ ᠬᠢᠵᠠᠭᠠᠷᠯᠠᠯᠳᠠ ᠶᠢ ᠴᠢᠩᠭᠠᠤᠨᠬᠠᠨ᠂ ᠠᠭᠠᠷ ᠤᠨ | ᠴᠢᠨᠰᠠᠭ᠎ᠠ ᠪᠠ ᠴᠠᠭ ᠠᠭᠤᠷ ᠤᠨ ᠨᠦᠬᠦᠴᠡᠯ ᠤᠨ ᠡᠳᠤᠷ ᠳᠤᠳᠤᠮ ᠤᠨ ᠬᠢᠨᠠᠨ ᠪᠠᠶᠢᠴᠠᠭᠠᠯᠳᠠ ᠶᠢ ᠰᠠᠶᠢᠳᠤᠷ ᠬᠢᠵᠤ᠂ | ᠬᠤᠪᠢᠷᠠᠯᠳᠠ ᠶᠢᠨ ᠪᠠᠶᠢᠳᠠᠯ ᠢ ᠴᠠᠭ ᠳᠤᠬᠠᠢ ᠳᠤ ᠨᠢ ᠤᠨᠤᠪᠴᠢᠳᠠᠢ ᠡᠵᠡᠮᠳᠡᠨ᠂ ᠬᠦᠨᠳᠤ ᠪᠤᠬᠢᠷᠳᠤᠯ ᠲᠠᠢ ᠴᠠᠭ | ᠠᠭᠤᠷ ᠢ ᠬᠢᠨᠠᠨ ᠪᠠᠶᠢᠴᠠᠭᠠᠵᠤ ᠰᠡᠷᠡᠮᠵᠢᠯᠡᠬᠦᠯᠬᠦ᠂ ᠵᠦᠪᠳᠡᠯᠴᠡᠨ ᠰᠤᠳᠤᠯᠵᠤ ᠮᠠᠭᠠᠤᠨᠯᠠᠬᠤ᠂ ᠪᠠᠴᠢᠮ ᠪᠠᠶᠢᠳᠠᠯ ᠢ | ᠠᠷᠭᠠᠴᠠᠬᠤ ᠶᠢ ᠳᠠᠶᠢᠴᠢᠯᠠᠬᠤ᠂ ᠱᠠᠭᠠᠷᠳᠠᠨ ᠪᠠᠶᠢᠴᠠᠭᠠᠵᠤ ᠳᠤᠬᠢᠷᠠᠭᠤᠯᠬᠤ ᠳᠤᠭᠳᠠᠴᠠ ᠶᠢ ᠪᠠᠶᠢᠭᠤᠯᠤᠨ | ᠳᠡᠬᠦᠯᠳᠡᠷᠵᠢᠬᠦᠯᠵᠤ᠂ ᠬᠦᠨᠳᠤ ᠪᠤᠬᠢᠷᠳᠤᠯ ᠲᠠᠢ ᠴᠠᠭ ᠠᠭᠤᠷ ᠢ ᠢᠳᠡᠪᠬᠢᠳᠠᠢ ᠪᠦᠳᠤᠮᠵᠢᠳᠠᠢ ᠠᠷᠭᠠᠴᠠᠨ᠎ᠠ᠃ | 3. ᠱᠠᠳᠤ ᠬᠤᠪᠢᠶᠠᠨ ᠬᠠᠮᠢᠶᠠᠷᠤᠨ ᠡᠵᠡᠮᠳᠡᠵᠤ᠂ ᠨᠠᠷᠢᠯᠢᠭ ᠤᠨᠤᠪᠴᠢᠳᠠᠢ ᠪᠠᠷ ᠭᠠᠳᠠᠭᠰᠢᠯᠠᠭᠤᠯᠤᠯᠳᠠ ᠶᠢ | ᠪᠠᠭᠠᠰᠬᠠᠨ᠎ᠠ᠃ ︽ᠶᠡᠭᠡ ᠭᠠᠳᠠᠭᠰᠢᠯᠠᠭᠤᠯᠪᠠᠯ ᠶᠡᠭᠡ ᠪᠠᠷ ᠬᠢᠵᠠᠭᠠᠷᠯᠠᠵᠤ᠂ ᠪᠠᠭ᠎ᠠ ᠭᠠᠳᠠᠭᠰᠢᠯᠠᠭᠤᠯᠪᠠᠯ ᠪᠠᠭ᠎ᠠ ᠪᠠᠷ | ᠬᠢᠵᠠᠭᠠᠷᠯᠠᠨ᠂ ᠭᠠᠳᠠᠭᠰᠢᠯᠠᠭᠤᠯᠬᠤ ᠦᠬᠡᠢ ᠪᠤᠯ ᠬᠢᠵᠠᠭᠠᠷᠯᠠᠬᠤ ᠦᠬᠡᠢ︾ ᠵᠠᠷᠴᠢᠮ ᠢ ᠪᠠᠷᠢᠮᠳᠠᠯᠠᠨ᠂ ᠵᠦᠷᠢᠶᠡᠨᠳᠤ | ᠬᠠᠮᠢᠶᠠᠷᠤᠯᠳᠠ ᠬᠢᠵᠠᠭᠠᠷᠯᠠᠯᠳᠠ ᠶᠢᠨ ᠠᠷᠭ᠎ᠠ ᠪᠠᠷᠢᠯ ᠢ ᠬᠡᠷᠡᠭᠵᠢᠬᠦᠯᠵᠤ᠂ ᠠᠵᠤ ᠠᠬᠤᠶᠢᠯᠠᠯ ᠤᠨ ︽ᠨᠢᠬᠡ | ᠤᠶᠢᠯᠡᠤᠪᠤᠷᠢ ᠳᠤ ᠨᠢᠬᠡ ᠪᠤᠳᠤᠯᠭ᠎ᠠ ᠲᠠᠢ︾ ᠪᠠᠴᠢᠮ ᠪᠠᠶᠢᠳᠠᠯ ᠢ ᠠᠷᠭᠠᠴᠠᠨ ᠭᠠᠳᠠᠭᠰᠢᠯᠠᠭᠤᠯᠤᠯᠳᠠ ᠶᠢ ᠪᠠᠭᠠᠰᠬᠠᠬᠤ | ᠬᠡᠷᠡᠭᠵᠢᠬᠦᠯᠤᠯᠳᠠ ᠶᠢᠨ ᠲᠦᠰᠤᠯ ᠢ ᠨᠠᠷᠢᠯᠢᠭᠵᠢᠭᠤᠯᠤᠨ᠂ ᠭᠠᠳᠠᠭᠰᠢᠯᠠᠭᠤᠯᠤᠯᠳᠠ ᠶᠢ ᠪᠠᠭᠠᠰᠠᠬᠠᠬᠤ ᠠᠷᠭ᠎ᠠ ᠪᠠᠷᠢᠯ ᠢ | ︽ᠬᠡᠷᠡᠭᠵᠢᠬᠦᠯᠵᠤ ᠪᠤᠯᠬᠤ᠂ ᠬᠢᠨᠠᠨ ᠪᠠᠶᠢᠴᠠᠭᠠᠵᠤ ᠪᠤᠯᠬᠤ᠂ ᠬᠠᠷᠭᠤᠭᠤᠯᠤᠨ ᠪᠠᠶᠢᠴᠠᠭᠠᠵᠤ ᠪᠤᠯᠬᠤ︾ ᠶᠢ | ᠪᠡᠶᠡᠯᠡᠬᠦᠯᠤᠨ᠎ᠠ᠃ | 4. ᠬᠠᠷᠢᠶ᠎ᠠ ᠭᠠᠵᠠᠷ ᠬᠠᠷᠢᠭᠤᠴᠠᠵᠤ᠂ ᠤᠷᠤᠨ ᠪᠦᠰᠡ ᠨᠢᠬᠡᠳᠤᠯᠳᠠᠢ ᠲᠦᠯᠤᠪᠯᠡᠨᠡ᠃ ᠬᠤᠰᠢᠭᠤ ᠬᠦᠨᠳᠤ | ᠪᠤᠬᠢᠷᠳᠤᠯ ᠲᠠᠢ ᠴᠠᠭ ᠠᠭᠤᠷ ᠢ ᠪᠠᠴᠢᠮ ᠠᠷᠭᠠᠴᠠᠬᠤ ᠵᠢᠯᠤᠭᠤᠤᠨᠬᠤ ᠭᠠᠵᠠᠷ ᠠᠴᠠ ᠪᠦᠬᠦ ᠬᠤᠰᠢᠭᠤᠨ ᠤ ᠬᠦᠨᠳᠤ | ᠪᠤᠬᠢᠷᠳᠤᠯ ᠲᠠᠢ ᠴᠠᠭ ᠠᠭᠤᠷ ᠢ ᠠᠷᠭᠠᠴᠠᠬᠤ ᠠᠵᠢᠯ ᠢ ᠨᠢᠬᠡᠳᠤᠯᠳᠠᠢ ᠵᠢᠯᠤᠭᠤᠳᠤᠨ᠎ᠠ᠃ ᠡᠯ᠎ᠡ ᠪᠠᠯᠭᠠᠰᠤ ᠶᠢᠨ ᠠᠷᠠᠤᠨ | ᠤᠨ ᠵᠠᠰᠠᠭ ᠤᠨ ᠤᠷᠳᠤᠨ ᠳᠤᠰ ᠵᠠᠰᠠᠭ ᠵᠠᠬᠢᠷᠭᠠᠨ ᠤ ᠤᠷᠤᠨ ᠳᠤᠳᠤᠷᠠᠬᠢ ᠬᠦᠨᠳᠤ ᠪᠤᠬᠢᠷᠳᠤᠯ ᠲᠠᠢ ᠴᠠᠭ ᠠᠭᠤᠷ ᠢ | ᠪᠠᠴᠢᠮ ᠠᠷᠭᠠᠴᠠ᠊ ᠬᠤ ᠠᠵᠢᠯ ᠢ ᠬᠠᠷᠢᠭᠤᠴᠠᠨ᠎ᠠ᠃ | 5. ᠰᠠᠯᠠᠭ᠎ᠠ ᠮᠦᠴᠢᠷ ᠬᠤᠯᠪᠤᠭᠠᠯᠠᠨ᠂ ᠪᠤᠳᠠᠳᠠᠶᠢᠵᠢᠭᠤᠯᠤᠯᠳᠠ ᠶᠢ ᠴᠢᠩᠭᠠᠤᠨᠬᠠᠨ᠎ᠠ᠃ ᠡᠯ᠎ᠡ ᠬᠠᠮᠢᠶ᠎ᠠ ᠪᠦᠬᠦᠢ | ᠰᠠᠯᠠᠭ᠎ᠠ ᠮᠦᠴᠢᠷ᠂ ᠪᠠᠶᠢᠭᠤᠯᠭ᠎ᠠ ᠨᠢᠬᠡᠴᠠ ᠶᠢᠨ ᠠᠵᠢᠯ ᠤᠨ ᠡᠬᠦᠷᠬᠡ ᠬᠠᠷᠢᠭᠤᠴᠠᠯᠭ᠎ᠠ ᠶᠢ ᠳᠤᠳᠤᠷᠬᠠᠶᠢᠯᠠᠵᠤ᠂ | ᠨᠢᠬᠡᠳᠤᠯᠳᠠᠢ ᠲᠦᠯᠤᠪᠯᠡᠨ ᠵᠤᠬᠢᠴᠠᠭᠤᠯᠬᠤ ᠶᠢ ᠴᠢᠩᠭᠠᠤᠨᠬᠠᠨ᠂ ᠮᠡᠳᠡᠭᠡ ᠵᠠᠩᠬᠢ ᠶᠢ ᠬᠠᠮᠳᠤ ᠡᠳ᠋ᠯᠡᠬᠦ ᠪᠠ ᠮᠡᠳᠡᠭᠡ | ᠵᠠᠩᠬᠢ ᠶᠢ ᠢᠯᠡ ᠪᠤᠯᠭᠠᠬᠤ ᠶᠢ ᠴᠢᠩᠭᠠᠷᠠᠭᠤᠯᠤᠨ᠂ ᠳᠤᠰ ᠳᠤᠰ ᠤᠨ ᠡᠬᠦᠷᠬᠡ ᠬᠠᠷᠢᠭᠤᠴᠠᠯᠭ᠎ᠠ ᠪᠠᠨ ᠬᠦᠢᠴᠡᠤᠨᠬᠡᠵᠤ᠂ | ᠨᠢᠭᠳᠠ ᠬᠠᠮᠵᠢᠯᠴᠠᠨ᠂ ᠨᠢᠬᠡᠳᠤᠯᠳᠠᠢ ᠬᠦᠳᠡᠯᠤᠯᠴᠠᠬᠦ ᠠᠵᠢᠯ ᠤᠨ ᠳᠤᠭᠳᠠᠴᠠ ᠶᠢ ᠪᠦᠷᠢᠯᠳᠤᠬᠦᠯᠤᠨ᠎ᠠ᠃ ᠠᠵᠢᠯ ᠤᠨ | ᠡᠬᠦᠷᠬᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠨᠠᠨ ᠪᠠᠶᠢᠴᠠᠭᠠᠬᠤ᠂ ᠤᠷᠢᠤᠨᠴᠢᠯᠡᠨ ᠵᠢᠱᠢᠬᠦ᠂ | ᠰᠡᠷᠡᠮᠵᠢᠯᠡᠬᠦᠯᠬᠦ᠂ ᠳᠠᠶᠢᠴᠢᠯᠠᠬᠤ ᠵᠡᠷᠬᠡ ᠪᠠᠴᠢᠮ ᠪᠠᠶᠢᠳᠠᠯ ᠢ ᠠᠷᠭᠠᠴᠠᠬᠤ ᠠᠵᠢᠯ ᠢ ᠡᠮᠬᠢᠳᠠᠢ ᠪᠤᠳᠠᠳᠠᠶᠢᠵᠢᠭᠤᠯᠬᠤ ᠶᠢ | ᠪᠠᠳᠤᠯᠠᠨ᠎ᠠ᠃ | ᠬᠤᠶᠠᠷ᠂ ᠵᠤᠬᠢᠶᠠᠨ ᠪᠠᠶᠢᠭᠤᠯᠬᠤ ᠪᠠᠶᠢᠭᠤᠯᠤᠮᠵᠢ | ᠤᠳᠤᠭ ᠤᠨ ᠡᠮᠤᠨᠡᠳᠤ ᠬᠤᠰᠢᠭᠤᠨ ᠤ ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠵᠢᠯᠤᠭᠤᠤᠨᠬᠤ ᠭᠠᠵᠠᠷ ᠢ ᠪᠠᠶᠢᠭᠤᠯᠤᠨ᠂ ᠪᠦᠬᠦ ᠬᠤᠰᠢᠭᠤᠨ ᠤ ᠬᠦᠨᠳᠤ ᠪᠤᠬᠢᠷᠳᠤᠯ ᠲᠠᠢ ᠴᠠᠭ ᠠᠭᠤᠷ | ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠨᠢᠬᠡᠳᠤᠯᠳᠠᠢ ᠤᠳᠤᠷᠢᠳᠤᠨ ᠵᠢᠯᠤᠭᠤᠳᠤᠨ᠎ᠠ᠃ ᠶᠡᠷᠤᠩᠬᠡᠢ | ᠵᠢᠯᠤᠭᠤᠳᠤᠭᠴᠢ ᠶᠢᠨ ᠳᠤᠰᠢᠶᠡᠯ ᠢ ᠬᠤᠰᠢᠭᠤ ᠳᠠᠷᠤᠭ᠎ᠠ ᠡᠬᠦᠷᠬᠡᠯᠡᠵᠤ᠂ ᠳᠡᠳ᠋ ᠶᠡᠷᠤᠩᠬᠡᠢ ᠵᠢᠯᠤᠭᠤᠳᠤᠭᠴᠢ ᠶᠢᠨ | ᠳᠤᠰᠢᠶᠠᠯ ᠢ ᠠᠮᠢ ᠠᠬᠤᠢ ᠤᠷᠴᠢᠨ ᠳᠤᠭᠤᠷᠢᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤ ᠳᠡᠳ᠋ | ᠳᠠᠷᠤᠭ᠎ᠠ ᠡᠬᠦᠷᠬᠡᠯᠡᠨ᠎ᠡ᠃ ᠬᠤᠰᠢᠭᠤᠨ ᠤ ᠰᠢᠭᠤᠤᠨ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠨᠢᠬᠡᠴᠠ ᠪᠤᠯ ᠪᠠᠴᠢᠮ | ᠪᠠᠶᠢᠳᠠᠯ ᠢ ᠠᠷᠭᠠᠴᠠᠬᠤ ᠵᠢᠯᠤᠭᠤᠤᠨᠬᠤ ᠭᠠᠵᠠᠷ ᠤᠨ ᠪᠦᠷᠢᠯᠳᠤᠬᠦᠨ ᠨᠢᠬᠡᠴᠠ ᠪᠤᠯᠤᠨ᠎ᠠ᠃ | ᠤᠳᠤᠭ ᠤᠨ ᠡᠮᠤᠨᠡᠳᠤ ᠬᠤᠰᠢᠭᠤᠨ ᠤ ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠵᠢᠯᠤᠭᠤᠤᠨᠬᠤ ᠭᠠᠵᠠᠷ ᠤᠨ ᠠᠯᠪᠠᠨ ᠬᠡᠷ ᠢ ᠬᠤᠰᠢᠭᠤ ᠠᠮᠢ ᠠᠬᠤᠢ ᠤᠷᠴᠢᠨ ᠳᠤᠭᠤᠷᠢᠨ ᠤ ᠬᠤᠪᠢᠶᠠᠷᠢ | ᠳᠤᠪᠴᠢᠶ᠎ᠠ ᠳᠤ ᠳᠤᠬᠢᠷᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠳᠤᠰᠢᠶᠠᠯ ᠢ ᠬᠤᠰᠢᠭᠤ ᠠᠮᠢ ᠠᠬᠤᠢ ᠤᠷᠴᠢᠨ | ᠳᠤᠭᠤᠷᠢᠨ ᠤ ᠬᠤᠪᠢᠶᠠᠷᠢ ᠳᠤᠪᠴᠢᠶ᠎ᠠ ᠶᠢᠨ ᠳᠠᠷᠤᠭ᠎ᠠ ᠡᠬᠦᠷᠬᠡᠯᠡᠨ᠎ᠡ᠃ | ᠵᠤᠬᠢᠶᠠᠨ ᠪᠠᠶᠢᠭᠤᠯᠬᠤ ᠪᠠᠶᠢᠭᠤᠯᠤᠮᠵᠢ᠂ ᠵᠢᠯᠤᠭᠤᠤᠨᠬᠤ ᠭᠠᠵᠠᠷ ᠤᠨ ᠪᠦᠷᠢᠯᠳᠤᠬᠦᠨ ᠨᠢᠬᠡᠴᠠ ᠶᠢᠨ ᠡᠬᠦᠷᠬᠡ | ᠬᠠᠷᠢᠭᠤᠴᠠᠯᠭ᠎ᠠ ᠶᠢᠨ ᠨᠠᠷᠢᠨ ᠪᠠᠶᠢᠳᠠᠯ ᠢ ᠠᠷᠤ ᠳᠤ ᠳᠠᠭᠠᠯᠳᠤᠭᠤᠯᠪᠠ᠃ | ᠭᠤᠷᠪᠠ᠂ ᠤᠷᠢᠤᠨᠴᠢᠯᠡᠨ ᠮᠡᠳᠡᠬᠡᠯᠡᠵᠤ ᠤᠷᠢᠤᠨᠴᠢᠯᠡᠨ ᠰᠡᠷᠡᠮᠵᠢᠯᠡᠬᠦᠯᠬᠦ | ︵ᠨᠢᠬᠡ︶ ᠬᠢᠨᠠᠨ ᠰᠢᠯᠭᠠᠵᠤ ᠤᠷᠢᠤᠨᠴᠢᠯᠡᠨ ᠮᠡᠳᠡᠬᠡᠯᠡᠬᠦ | ᠬᠢᠨᠠᠨ ᠰᠢᠯᠭᠠᠬᠤ᠃ ᠬᠤᠰᠢᠭᠤ ᠠᠮᠢ ᠠᠬᠤᠢ ᠤᠷᠴᠢᠨ ᠳᠤᠭᠤᠷᠢᠨ ᠤ ᠬᠤᠪᠢᠶᠠᠷᠢ ᠳᠤᠪᠴᠢᠶ᠎ᠠ᠂ ᠴᠠᠭ ᠠᠭᠤᠷ | ᠤᠨ ᠰᠠᠯᠠᠭ᠎ᠠ ᠮᠦᠴᠢᠷ ᠳᠤᠰᠪᠤᠷᠢ ᠤᠷᠴᠢᠨ ᠳᠤᠭᠤᠷᠢᠨ ᠤ ᠠᠭᠠᠷ ᠤᠨ ᠴᠢᠨᠰᠠᠭ᠎ᠠ ᠶᠢ ᠬᠢᠨᠠᠨ ᠰᠢᠯᠭᠠᠬᠤ ᠪᠠ ᠴᠠᠭ | ᠠᠭᠤᠷ ᠤᠨ ᠪᠠᠶᠢᠳᠠᠯ ᠢ ᠠᠵᠢᠭᠯᠠᠨ ᠰᠢᠯᠭᠠᠬᠤ ᠶᠢ ᠬᠠᠷᠢᠭᠤᠴᠠᠨ᠂ ᠳᠤᠭ᠎ᠠ ᠪᠠᠷᠢᠮᠳᠠ ᠶᠢ ᠴᠤᠭᠯᠠᠭᠤᠯᠤᠨ | ᠰᠢᠢᠤᠨᠪᠤᠷᠢᠯᠡᠬᠦ᠂ ᠤᠳᠤᠬᠢ ᠪᠠᠶᠢᠳᠠᠯ ᠳᠤ ᠦᠨᠡᠯᠡᠯᠳᠠ ᠬᠢᠬᠦ᠂ ᠮᠡᠳᠡᠭᠡ ᠵᠠᠩᠬᠢ ᠶᠢ ᠰᠤᠯᠢᠯᠴᠠᠵᠤ ᠬᠠᠮᠳᠤ ᠡᠳ᠋ᠯᠡᠬᠦ ᠶᠢ | ᠰᠠᠶᠢᠳᠤᠷ ᠬᠢᠵᠤ᠂ ᠤᠷᠢᠤᠨᠴᠢᠯᠡᠨ ᠮᠡᠳᠡᠬᠡᠯᠡᠬᠦ᠂ ᠵᠦᠪᠳᠡᠯᠴᠡᠬᠦ᠂ ᠤᠷᠢᠤᠨᠴᠢᠯᠡᠨ ᠰᠡᠷᠡᠮᠵᠢᠯᠡᠬᠦᠯᠬᠦ ᠳᠤ ᠰᠢᠢᠤᠨᠪᠤᠷᠢᠳᠤ | ᠦᠨᠳᠤᠰᠤᠯᠡᠯ ᠬᠠᠩᠭᠠᠨ᠎ᠠ᠃ | ᠤᠷᠢᠤᠨᠴᠢᠯᠡᠨ ᠮᠡᠳᠡᠬᠡᠯᠡᠬᠦ᠃ ᠬᠤᠰᠢᠭᠤ ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠵᠢᠯᠤᠭᠤᠤᠨᠬᠤ ᠭᠠᠵᠠᠷ ᠤᠨ ᠠᠯᠪᠠᠨ ᠬᠡᠷ ᠠᠴᠠ ᠤᠳᠤᠭ ᠤᠨ ᠡᠮᠤᠨᠡᠳᠤ ᠬᠤᠰᠢᠭᠤᠨ ᠤ ᠤᠷᠴᠢᠨ | ᠳᠤᠭᠤᠷᠢᠨ ᠢ ᠬᠢᠨᠠᠨ ᠰᠢᠯᠭᠠᠬᠤ ᠦᠷᠳᠡᠭᠡ᠂ ᠬᠤᠰᠢᠭᠤ ᠴᠠᠭ ᠠᠭᠤᠷ ᠤᠨ ᠳᠤᠪᠴᠢᠶ᠎ᠠ ᠶᠢ ᠵᠤᠬᠢᠶᠠᠨ ᠪᠠᠶᠢᠭᠤᠯᠤᠨ | ᠢᠷᠡᠬᠡᠳᠤᠢ ᠶᠢᠨ 3 ᠡᠳᠤᠷ ᠤᠨ ᠠᠭᠠᠷ ᠤᠨ ᠴᠢᠨᠰᠠᠭ᠎ᠠ ᠶᠢ ᠤᠷᠢᠤᠨᠴᠢᠯᠡᠨ ᠮᠡᠳᠡᠬᠡᠯᠡᠵᠤ᠂ ᠢᠷᠡᠬᠡᠳᠤᠢ ᠶᠢᠨ 7 ᠡᠳᠤᠷ | ᠤᠨ ᠠᠭᠠᠷ ᠤᠨ ᠴᠢᠨᠰᠠᠭ᠎ᠠ ᠶᠢᠨ ᠬᠤᠪᠢᠷᠠᠯᠳᠠ ᠶᠢᠨ ᠬᠠᠨᠳᠤᠰᠢ ᠳᠤ ᠵᠢᠱᠢᠯᠳᠠ ᠬᠢᠵᠤ᠂ ᠰᠡᠷᠡᠮᠵᠢᠯᠡᠬᠦᠯᠬᠦ᠂ | ᠳᠠᠶᠢᠴᠢᠯᠠᠬᠤ ᠳᠤ ᠰᠢᠢᠤᠨᠪᠤᠷᠢᠳᠤ ᠦᠨᠳᠤᠰᠤᠯᠡᠯ ᠬᠠᠩᠭᠠᠨ᠎ᠠ᠃ | ᠵᠦᠪᠳᠡᠯᠴᠡᠬᠦ᠃ ᠬᠤᠰᠢᠭᠤ ᠠᠮᠢ ᠠᠬᠤᠢ ᠤᠷᠴᠢᠨ ᠳᠤᠭᠤᠷᠢᠨ ᠤ ᠬᠤᠪᠢᠶᠠᠷᠢ ᠳᠤᠪᠴᠢᠶ᠎ᠠ᠂ ᠴᠠᠭ ᠠᠭᠤᠷ ᠤᠨ | ᠳᠤᠪᠴᠢᠶ᠎ᠠ ᠠᠴᠠ ᠢᠷᠡᠬᠡᠳᠤᠢ ᠳᠤ ᠭᠠᠷᠴᠤ ᠮᠡᠳᠡᠬᠦ ᠬᠦᠨᠳᠤ ᠪᠤᠬᠢᠷᠳᠤᠯ ᠲᠠᠢ ᠴᠠᠭ ᠠᠭᠤᠷ ᠢ ᠬᠠᠮᠳᠤᠷᠠᠨ ᠰᠤᠳᠤᠯᠵᠤ | ᠮᠠᠭᠠᠤᠨᠯᠠᠬᠤ ᠳᠤ ᠪᠠᠨ ᠬᠠᠷᠠᠭᠠᠨ ᠳᠠᠪᠳᠠᠮᠵᠢ ᠪᠠᠷ ᠵᠦᠪᠳᠡᠯᠴᠡᠵᠤ ᠪᠤᠯᠤᠨ᠎ᠠ᠂ ᠴᠢᠬᠤᠯᠠ ᠲᠠᠢ ᠦᠶ᠎ᠡ ᠳᠤ ᠳᠤᠰᠬᠠᠢ | ᠮᠡᠷᠬᠡᠵᠢᠯᠳᠠᠨ ᠢ ᠵᠤᠬᠢᠶᠠᠨ ᠪᠠᠶᠢᠭᠤᠯᠤᠨ ᠬᠠᠮᠳᠤ ᠶᠢᠨ ᠵᠦᠪᠳᠡᠯᠴᠡᠭᠡ ᠦᠷᠨᠢᠬᠦᠯᠤᠨ᠎ᠠ᠃ ᠵᠢᠯᠤᠭᠤᠤᠨᠬᠤ ᠭᠠᠵᠠᠷ ᠤᠨ | ᠠᠯᠪᠠᠨ ᠬᠡᠷ ᠲᠤ ᠤᠷᠢᠤᠨᠴᠢᠯᠡᠨ ᠰᠡᠷᠡᠮᠵᠢᠯᠡᠬᠦᠯᠬᠦ ᠶᠢ ᠨᠠᠶᠢᠳᠡᠯᠡᠬᠦ᠂ ᠳᠤᠬᠢᠷᠠᠭᠤᠯᠬᠤ᠂ ᠦᠬᠡᠶᠢᠰᠬᠡᠬᠦ ᠰᠠᠨᠠᠯ ᠢ ᠴᠠᠭ | ᠳᠤᠬᠠᠢ ᠳᠤ ᠨᠢ ᠳᠤᠷᠠᠳᠤᠨ᠎ᠠ᠃ ᠵᠢᠱᠢᠯᠳᠠ ᠪᠠᠷ 2 ᠡᠳᠤᠷ ᠵᠢᠴᠢ 2 ᠡᠳᠤᠷ ᠠᠴᠠ ᠳᠡᠬᠡᠭᠰᠢ ᠬᠦᠨᠳᠤ ᠪᠤᠬᠢᠷᠳᠤᠯ ᠲᠠᠢ | ᠴᠠᠭ ᠠᠭᠤᠷ ᠡᠬᠦᠰᠬᠦ ᠪᠤᠯᠤᠯᠴᠠᠭ᠎ᠠ ᠲᠠᠢ ᠪᠤᠯ ᠠᠭᠠᠷ ᠤᠨ ᠴᠢᠨᠰᠠᠭ᠎ᠠ ᠶᠢᠨ ᠤᠷᠢᠤᠨᠴᠢᠯᠡᠨ ᠮᠡᠳᠡᠬᠡᠯᠡᠯᠳᠠ ᠶᠢᠨ ᠦᠷ᠎ᠡ | ᠳ᠋ᠦᠩ ᠤᠨ ᠳᠡᠬᠡᠳᠤ ᠬᠢᠵᠠᠭᠠᠷ ᠶᠤᠰᠤᠭᠠᠷ ᠤᠷᠢᠤᠨᠴᠢᠯᠡᠨ ᠰᠡᠷᠡᠮᠵᠢᠯᠡᠬᠦᠯᠬᠦ ᠳᠡᠰ ᠤᠨ ᠰᠠᠨᠠᠭᠤᠯᠭ᠎ᠠ ᠳᠤᠷᠠᠳᠤᠨ᠎ᠠ᠃ | ︵ᠬᠤᠶᠠᠷ︶ ᠰᠡᠷᠡᠮᠵᠢᠯᠡᠬᠦᠯᠬᠦ ᠳᠡᠰ ᠬᠤᠪᠢᠶᠠᠬᠤ | ᠪᠦᠬᠦ ᠬᠤᠰᠢᠭᠤᠨ ᠤ ᠨᠢᠬᠡᠳᠤᠯᠳᠠᠢ ᠰᠡᠷᠡᠮᠵᠢᠯᠡᠬᠦᠯᠬᠦ ᠳᠡᠰ ᠬᠤᠪᠢᠶᠠᠷᠢᠯᠠᠯᠳᠠ ᠳᠤᠤᠷ᠎ᠠ ᠠᠴᠠ ᠳᠡᠬᠡᠭᠰᠢ ᠪᠠᠨ | ᠰᠢᠷ᠎ᠠ ᠦᠩᠬᠡ ︵Ⅲ ᠳᠡᠰ︶᠂ ᠤᠯᠠᠪᠤᠷ ᠦᠩᠬᠡ ︵Ⅱ ᠳᠡᠰ︶ ᠪᠠ ᠤᠯᠠᠭᠠᠨ ᠦᠩᠬᠡ ︵Ⅰ ᠳᠡᠰ︶ ᠭᠤᠷᠪᠡᠨ | ᠳᠡᠰ ᠬᠤᠪᠢᠶᠠᠨ ᠤᠷᠢᠤᠨᠴᠢᠯᠡᠨ ᠰᠡᠷᠡᠮᠵᠢᠯᠡᠬᠦᠯᠤᠨᠠ᠃ ᠠᠭᠠᠷ ᠤᠨ ᠴᠢᠨᠰᠠᠭ᠎ᠠ ᠶᠢᠨ ᠢᠯᠡᠤᠨᠬᠡᠮᠵᠢ ︵AQI︶ ᠶᠢᠨ | ᠡᠳᠤᠷ ᠳᠤᠮᠳᠠᠴᠢ ᠶᠢᠨ ᠬᠡᠮᠵᠢᠭᠳᠡᠯ ᠢᠶᠠᠷ ᠵᠢᠭᠠᠯᠳᠠ ᠳᠤᠭ᠎ᠠ ᠪᠤᠯᠭᠠᠵᠤ᠂ ᠦᠷᠬᠦᠯᠵᠢᠯᠡᠭᠰᠡᠨ 24 ᠴᠠᠭ ︵ᠪᠠᠶᠢᠭᠠᠯᠢ | ᠶᠢᠨ ᠡᠳᠤᠷ ᠢ ᠠᠯᠤᠰᠯᠠᠵᠤ ᠪᠤᠯᠤᠨ᠎ᠠ︶ ᠤᠨ ᠳᠤᠮᠳᠠᠴᠢ ᠬᠡᠮᠵᠢᠭᠳᠡᠯ ᠢᠶᠠᠷ ᠪᠤᠳᠤᠵᠤ᠂ AQI>200 ᠦᠷᠬᠦᠯᠵᠢᠯᠡᠬᠦ | ᠡᠳᠤᠷ ᠤᠨ ᠳᠤᠭ᠎ᠠ ᠪᠠᠷ ᠡᠯ᠎ᠡ ᠳᠡᠰ ᠤᠨ ᠤᠷᠢᠤᠨᠴᠢᠯᠡᠨ ᠰᠡᠷᠡᠮᠵᠢᠯᠡᠬᠦᠯᠤᠯ ᠢ ᠡᠬᠢᠯᠡᠬᠦᠯᠬᠦ ᠦᠨᠳᠤᠰᠤᠨ ᠨᠦᠬᠦᠴᠡᠯ | ᠪᠤᠯᠭᠠᠨ᠎ᠠ᠃ ᠳᠡᠰ ᠬᠤᠪᠢᠶᠠᠬᠤ ᠪᠠᠷᠢᠮᠵᠢᠶ᠎ᠠ ᠨᠢ᠄ | ᠰᠢᠷ᠎ᠠ ᠦᠩᠬᠡ ᠶᠢᠨ ᠰᠡᠷᠡᠮᠵᠢᠯᠡᠬᠦᠯᠤᠯ᠄ ᠵᠢᠱᠢᠯᠳᠠ ᠪᠠᠷ AQI ᠶᠢᠨ ᠡᠳᠤᠷ ᠳᠤᠮᠳᠠᠴᠢ ᠶᠢᠨ ᠬᠡᠮᠵᠢᠭᠳᠡᠯ > | 200 ᠪᠠᠷ 2 ᠡᠳᠤᠷ ︵48 ᠴᠠᠭ︶ ᠪᠤᠶᠤ 2 ᠡᠳᠤᠷ ᠠᠴᠠ ᠳᠡᠬᠡᠭᠰᠢ ᠦᠷᠬᠦᠯᠵᠢᠯᠡᠬᠦ ᠮᠦᠷᠳᠡᠬᠡᠨ ᠳᠡᠬᠡᠳᠤ ᠳᠡᠰ | ᠤᠨ ᠤᠷᠢᠤᠨᠴᠢᠯᠡᠨ ᠰᠡᠷᠡᠮᠵᠢᠯᠡᠬᠦᠯᠤᠯ ᠤᠨ ᠨᠦᠬᠦᠴᠡᠯ ᠳᠤ ᠬᠦᠷᠦᠭᠰᠡᠨ ᠦᠬᠡᠢ ᠦᠶ᠎ᠡ ᠳᠤ᠃ | ᠤᠯᠠᠪᠤᠷ ᠦᠩᠬᠡ ᠶᠢᠨ ᠰᠡᠷᠡᠮᠵᠢᠯᠡᠬᠦᠯᠤᠯ᠄ ᠵᠢᠱᠢᠯᠳᠠ ᠪᠠᠷ AQI ᠶᠢᠨ ᠡᠳᠤᠷ ᠳᠤᠮᠳᠠᠴᠢ ᠶᠢᠨ ᠬᠡᠮᠵᠢᠭᠳᠡᠯ > | 200 ᠪᠠᠷ 3 ᠡᠳᠤᠷ ︵72 ᠴᠠᠭ︶ ᠪᠤᠶᠤ 3 ᠡᠳᠤᠷ ᠠᠴᠠ ᠳᠡᠬᠡᠭᠰᠢ ᠦᠷᠬᠦᠯᠵᠢᠯᠡᠬᠦ ᠮᠦᠷᠳᠡᠬᠡᠨ ᠳᠡᠬᠡᠳᠤ ᠳᠡᠰ | ᠤᠨ ᠤᠷᠢᠤᠨᠴᠢᠯᠡᠨ ᠰᠡᠷᠡᠮᠵᠢᠯᠡᠬᠦᠯᠤᠯ ᠤᠨ ᠨᠦᠬᠦᠴᠡᠯ ᠳᠤ ᠬᠦᠷᠦᠭᠰᠡᠨ ᠦᠬᠡᠢ ᠦᠶ᠎ᠡ ᠳᠤ᠃ | ᠤᠯᠠᠭᠠᠨ ᠦᠩᠬᠡ ᠶᠢᠨ ᠰᠡᠷᠡᠮᠵᠢᠯᠡᠬᠦᠯᠤᠯ᠄ ᠵᠢᠱᠢᠯᠳᠠ ᠪᠠᠷ AQI ᠶᠢᠨ ᠡᠳᠤᠷ ᠳᠤᠮᠳᠠᠴᠢ ᠶᠢᠨ ᠬᠡᠮᠵᠢᠭᠳᠡᠯ > | 200 ᠪᠠᠷ 4 ᠡᠳᠤᠷ ︵96 ᠴᠠᠭ︶ ᠪᠤᠶᠤ 4 ᠡᠳᠤᠷ ᠠᠴᠠ ᠳᠡᠬᠡᠭᠰᠢ ᠦᠷᠬᠦᠯᠵᠢᠯᠡᠬᠦ ᠮᠦᠷᠳᠡᠬᠡᠨ ᠵᠢᠱᠢᠯᠳᠠ ᠪᠠᠷ | AQI ᠶᠢᠨ ᠡᠳᠤᠷ ᠳᠤᠮᠳᠠᠴᠢ ᠶᠢᠨ ᠬᠡᠮᠵᠢᠭᠳᠡᠯ > 300 ᠪᠠᠷ 2 ᠡᠳᠤᠷ ︵48 ᠴᠠᠭ︶ ᠪᠤᠶᠤ 2 ᠡᠳᠤᠷ ᠠᠴᠠ | ᠳᠡᠬᠡᠭᠰᠢ ᠦᠷᠬᠦᠯᠵᠢᠯᠡᠬᠦ︔ ᠡᠰᠡᠬᠦᠯ᠎ᠡ ᠵᠢᠱᠢᠯᠳᠠ ᠪᠠᠷ AQI ᠶᠢᠨ ᠡᠳᠤᠷ ᠳᠤᠮᠳᠠᠴᠢ ᠶᠢᠨ ᠬᠡᠮᠵᠢᠭᠳᠡᠯ 500 | ᠬᠦᠷᠦᠭᠰᠡᠨ ᠦᠶ᠎ᠡ ᠳᠤ᠃ | ︵ᠭᠤᠷᠪᠠ︶ ᠰᠡᠷᠡᠮᠵᠢᠯᠡᠬᠦᠯᠤᠯ ᠨᠠᠶᠢᠳᠡᠯᠡᠬᠦ | ᠪᠦᠬᠦ ᠬᠤᠰᠢᠭᠤᠨ ᠳᠤ ᠰᠢᠷ᠎ᠠ ᠦᠩᠬᠡ ︵Ⅲ ᠳᠡᠰ︶᠂ ᠤᠯᠠᠪᠤᠷ ᠦᠩᠬᠡ ︵Ⅱ ᠳᠡᠰ︶᠂ ᠤᠯᠠᠭᠠᠨ ᠦᠩᠬᠡ | ︵Ⅰ ᠳᠡᠰ︶ ᠭᠤᠷᠪᠡᠨ ᠳᠡᠰ ᠤᠨ ᠤᠷᠢᠤᠨᠴᠢᠯᠡᠨ ᠰᠡᠷᠡᠮᠵᠢᠯᠡᠬᠦᠯᠤᠯ ᠳᠤᠬᠢᠷᠠᠭᠤᠯᠵᠤ᠂ ᠵᠢᠱᠢᠯᠳᠠ ᠪᠠᠷ ᠢᠷᠡᠬᠡᠳᠤᠢ | ᠶᠢᠨ ᠠᠭᠠᠷ ᠤᠨ ᠴᠢᠨᠰᠠᠭ᠎ᠠ ᠤᠷᠢᠤᠨᠴᠢᠯᠡᠨ ᠰᠡᠷᠡᠮᠵᠢᠯᠡᠬᠦᠯᠬᠦ ᠨᠦᠬᠦᠴᠡᠯ ᠳᠤ ᠬᠦᠷᠬᠦ ᠪᠤᠯᠤᠮᠵᠢ ᠲᠠᠢ ᠪᠤᠯ᠂ ᠬᠤᠰᠢᠭᠤ | ᠵᠠᠰᠠᠭ ᠤᠨ ᠤᠷᠳᠤᠨ ᠠᠴᠠ 24 ᠴᠠᠭ ᠤᠨ ᠡᠮᠤᠨ᠎ᠡ ᠤᠷᠢᠤᠨᠴᠢᠯᠡᠨ ᠰᠡᠷᠡᠮᠵᠢᠯᠡᠬᠦᠯᠬᠦ ᠮᠡᠳᠡᠭᠡ ᠵᠠᠩᠬᠢ ᠪᠠᠨ | ᠨᠠᠶᠢᠳᠡᠯᠡᠨ᠎ᠡ᠃ ᠰᠢᠯᠭᠠᠨ ᠪᠠᠶᠢᠴᠠᠭᠠᠯᠳᠠ ᠪᠠᠷ ᠠᠭᠠᠷ ᠤᠨ ᠴᠢᠨᠰᠠᠭ᠎ᠠ ᠨᠢᠬᠡᠨᠳᠠ ᠬᠦᠨᠳᠤ ᠪᠤᠶᠤ ᠬᠦᠨᠳᠤ ᠠᠴᠠ ᠳᠡᠬᠡᠭᠰᠢ | ᠪᠤᠬᠢᠷᠳᠤᠯ ᠳᠤ ᠬᠦᠷᠦᠭᠰᠡᠨ ᠮᠦᠷᠳᠡᠬᠡᠨ ᠵᠢᠱᠢᠯᠳᠠ ᠪᠠᠷ ᠢᠷᠡᠬᠡᠳᠤᠢ ᠶᠢᠨ 24 ᠴᠠᠭ ᠲᠤ ᠠᠭᠠᠷ ᠤᠨ ᠴᠢᠨᠰᠠᠭ᠎ᠠ | ᠢᠯᠡᠷᠬᠡᠢ ᠰᠠᠶᠢᠵᠢᠷᠠᠯᠳᠠ ᠦᠬᠡᠢ ᠪᠤᠯ᠂ ᠪᠤᠳᠠᠳᠠᠢ ᠪᠤᠬᠢᠷᠳᠤᠯ ᠤᠨ ᠪᠠᠶᠢᠳᠠᠯ ᠢ ᠦᠨᠳᠤᠰᠤᠯᠡᠨ ᠴᠠᠭ ᠳᠤᠬᠠᠢ ᠳᠤ ᠨᠢ | ᠵᠤᠬᠢᠬᠤ ᠳᠡᠰ ᠢᠶᠠᠷ ᠤᠷᠢᠤᠨᠴᠢᠯᠡᠨ ᠰᠡᠷᠡᠮᠵᠢᠯᠡᠬᠦᠯᠤᠨᠠ᠃ | ᠬᠤᠳᠠ ᠶᠢᠨ ᠵᠠᠰᠠᠭ ᠤᠨ ᠤᠷᠳᠤᠨ ︵ᠪᠠᠴᠢᠮ ᠪᠠᠶᠢᠳᠠᠯ ᠢ ᠠᠷᠭᠠᠴᠠᠬᠤ ᠵᠢᠯᠤᠭᠤᠤᠨᠬᠤ ᠭᠠᠵᠠᠷ ᠤᠨ ᠠᠯᠪᠠᠨ | ᠬᠡᠷ︶ ᠤ ᠨᠠᠶᠢᠳᠡᠯᠡᠭᠰᠡᠨ ᠤᠷᠢᠤᠨᠴᠢᠯᠡᠨ ᠰᠡᠷᠡᠮᠵᠢᠯᠡᠬᠦᠯᠤᠯ ᠤᠨ ᠮᠡᠳᠡᠭᠡ ᠵᠠᠩᠬᠢ ᠨᠢ ᠮᠠᠨ ᠤ ᠬᠤᠰᠢᠭᠤ ᠲᠠᠢ | ᠬᠤᠯᠪᠤᠭᠳᠠᠬᠤ ᠦᠶᠡᠰ᠂ ᠮᠠᠨ ᠤ ᠬᠤᠰᠢᠭᠤ ᠬᠠᠷᠠᠭᠠᠯᠵᠠᠭᠰᠡᠨ ᠳᠡᠰ ᠤᠨ ᠤᠷᠢᠤᠨᠴᠢᠯᠡᠨ ᠰᠡᠷᠡᠮᠵᠢᠯᠡᠬᠦᠯᠤᠯ ︵ | ᠤᠷᠢᠤᠨᠴᠢᠯᠡᠨ ᠰᠡᠷᠡᠮᠵᠢᠯᠡᠬᠦᠯᠬᠦ ᠳᠡᠰ ᠢ ᠳᠡᠬᠡᠭᠰᠢᠯᠡᠬᠦᠯᠵᠤ ᠪᠤᠯᠤᠨ᠎ᠠ︶ ᠢ ᠢᠵᠢᠯ ᠠᠯᠬᠤᠮ ᠢᠶᠠᠷ ᠨᠠᠶᠢᠳᠡᠯᠡᠵᠤ᠂ | ᠬᠤᠰᠢᠭᠤ᠂ ᠪᠠᠯᠭᠠᠰᠤ᠂ ᠬᠤᠰᠢᠭᠤ ᠰᠢᠭᠤᠤᠨ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠬᠤᠯᠪᠤᠭᠠᠯᠠᠨ ᠪᠠᠴᠢᠮ | ᠪᠠᠶᠢᠳᠠᠯ ᠢ ᠠᠷᠭᠠᠴᠠᠨ ᠡᠵᠡᠮᠳᠡᠬᠦ ᠶᠢ ᠬᠡᠷᠡᠭᠵᠢᠬᠦᠯᠤᠨ᠎ᠠ᠃ | ᠮᠠᠨ ᠤ ᠬᠤᠰᠢᠭᠤ ᠤᠷᠢᠤᠨᠴᠢᠯᠡᠨ ᠰᠡᠷᠡᠮᠵᠢᠯᠡᠬᠦᠯᠬᠦ ᠨᠦᠬᠦᠴᠡᠯ ᠳᠤ ᠬᠦᠷᠬᠦ ᠦᠶ᠎ᠡ ᠳᠤ᠂ ᠬᠤᠰᠢᠭᠤ ᠵᠠᠰᠠᠭ ᠤᠨ | ᠤᠷᠳᠤᠨ ︵ᠪᠠᠴᠢᠮ ᠪᠠᠶᠢᠳᠠᠯ ᠢ ᠠᠷᠭᠠᠴᠠᠬᠤ ᠵᠢᠯᠤᠭᠤᠤᠨᠬᠤ ᠭᠠᠵᠠᠷ ᠤᠨ ᠠᠯᠪᠠᠨ ᠬᠡᠷ︶ ᠤᠷᠢᠤᠨᠴᠢᠯᠡᠨ | ᠰᠡᠷᠡᠮᠵᠢᠯᠡᠬᠦᠯᠬᠦ ᠮᠡᠳᠡᠭᠡ ᠵᠠᠩᠬᠢ ᠨᠠᠶᠢᠳᠡᠯᠡᠵᠤ᠂ ᠳᠡᠰ ᠬᠤᠪᠢᠶᠠᠷᠢᠯᠠᠯ ᠶᠤᠰᠤᠭᠠᠷ ᠤᠷᠢᠤᠨᠴᠢᠯᠡᠨ ᠰᠡᠷᠡᠮᠵᠢᠯᠡᠬᠦᠯᠵᠤ᠂ | ᠪᠠᠯᠭᠠᠰᠤᠨ ᠳᠤᠭᠤᠷᠢᠭ ᠲᠤ ᠬᠠᠷᠠᠭᠠᠯᠵᠠᠭᠰᠡᠨ ᠳᠡᠰ ᠤᠨ ᠤᠷᠢᠤᠨᠴᠢᠯᠡᠨ ᠰᠡᠷᠡᠮᠵᠢᠯᠡᠬᠦᠯᠤᠯ ᠢ ᠢᠵᠢᠯ ᠠᠯᠬᠤᠮ ᠢᠶᠠᠷ | ᠡᠬᠢᠯᠡᠬᠦᠯᠵᠤ᠂ ᠬᠤᠰᠢᠭᠤ᠂ ᠪᠠᠯᠭᠠᠰᠤ᠂ ᠬᠤᠰᠢᠭᠤ ᠰᠢᠭᠤᠤᠨ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ | ᠬᠤᠯᠪᠤᠭᠠᠯᠠᠨ ᠪᠠᠴᠢᠮ ᠪᠠᠶᠢᠳᠠᠯ ᠢ ᠠᠷᠭᠠᠴᠠᠨ ᠡᠵᠡᠮᠳᠡᠬᠦ ᠶᠢ ᠬᠡᠷᠡᠭᠵᠢᠬᠦᠯᠤᠨ᠎ᠠ᠃ | ︵ᠲᠦᠷᠪᠡ︶ ᠰᠡᠷᠡᠮᠵᠢᠯᠡᠬᠦᠯᠤᠯ ᠢ ᠳᠤᠬᠢᠷᠠᠭᠤᠯᠤᠨ ᠡᠵᠡᠮᠳᠡᠬᠦ | ᠳᠡᠬᠡᠳᠤ ᠳᠡᠰ ᠢᠶᠠᠷ ᠤᠷᠢᠤᠨᠴᠢᠯᠡᠨ ᠰᠡᠷᠡᠮᠵᠢᠯᠡᠬᠦᠯᠬᠦ᠄ ᠵᠢᠱᠢᠯᠳᠠ ᠪᠠᠷ ᠡᠮᠤᠨ᠎ᠡ ᠬᠤᠶᠢᠨ᠎ᠠ ᠬᠤᠶᠠᠷ ᠤᠳᠠᠭ᠎ᠠ | ᠬᠦᠨᠳᠤ ᠪᠤᠬᠢᠷᠳᠤᠯ ᠡᠬᠦᠰᠬᠦ ᠮᠦᠷᠳᠡᠬᠡᠨ ᠠᠯᠤᠰᠯᠠᠭᠰᠡᠨ ᠴᠠᠭ ᠨᠢ ᠤᠷᠢᠤᠨᠴᠢᠯᠡᠨ ᠰᠡᠷᠡᠮᠵᠢᠯᠡᠬᠦᠯᠤᠯ ᠢ ᠦᠬᠡᠶᠢᠰᠬᠡᠬᠦ | ᠨᠦᠬᠦᠴᠡᠯ ᠳᠤ ᠬᠦᠷᠬᠦ ᠦᠬᠡᠢ ᠦᠶᠡᠰ᠂ ᠨᠢᠬᠡ ᠤᠳᠠᠭᠠᠨ ᠤ ᠬᠦᠨᠳᠤ ᠪᠤᠬᠢᠷᠳᠤᠯ ᠤᠨ ᠶᠠᠪᠤᠴᠠ ᠪᠠᠷ ᠪᠤᠳᠤᠵᠤ᠂ | ᠳᠡᠬᠡᠳᠤ ᠳᠡᠰ ᠤᠨ ᠤᠷᠢᠤᠨᠴᠢᠯᠡᠨ ᠰᠡᠷᠡᠮᠵᠢᠯᠡᠬᠦᠯᠤᠯ ᠠᠴᠠ ᠡᠬᠢᠯᠡᠬᠦᠯᠤᠨ᠎ᠠ᠃ ᠵᠢᠱᠢᠯᠳᠠ ᠪᠠᠷ ᠪᠤᠶᠤ ᠬᠢᠨᠠᠨ | ᠪᠠᠶᠢᠴᠠᠭᠠᠯᠳᠠ ᠪᠠᠷ ᠠᠭᠠᠷ ᠤᠨ ᠴᠢᠨᠰᠠᠭ᠎ᠠ ᠨᠠᠩ ᠦᠨᠳᠤᠷ ᠳᠡᠰ ᠤᠨ ᠤᠷᠢᠤᠨᠴᠢᠯᠡᠨ ᠰᠡᠷᠡᠮᠵᠢᠯᠡᠬᠦᠯᠬᠦ ᠨᠦᠬᠦᠴᠡᠯ ᠳᠤ | ᠬᠦᠷᠦᠭᠰᠡᠨ ᠪᠤᠯ ᠳᠡᠰ ᠳᠡᠪᠰᠢᠬᠦᠯᠬᠦ ᠠᠷᠭ᠎ᠠ ᠠᠪᠴᠠᠯ ᠢ ᠠᠯᠢ ᠲᠦᠷᠬᠡᠨ ᠢᠶᠠᠷ ᠬᠡᠷᠡᠭᠵᠢᠬᠦᠯᠤᠨ᠎ᠠ᠃ | ᠤᠷᠢᠤᠨᠴᠢᠯᠡᠨ ᠰᠡᠷᠡᠮᠵᠢᠯᠡᠬᠦᠯᠬᠦ ᠳᠡᠰ ᠢ ᠪᠠᠭᠤᠷᠠᠭᠤᠯᠬᠤ᠄ ᠵᠢᠱᠢᠯᠳᠠ ᠪᠠᠷ ᠪᠤᠶᠤ ᠬᠢᠨᠠᠨ ᠪᠠᠶᠢᠴᠠᠭᠠᠯᠳᠠ ᠪᠠᠷ | ᠠᠭᠠᠷ ᠤᠨ ᠴᠢᠨᠰᠠᠭ᠎ᠠ ᠰᠠᠶᠢᠵᠢᠷᠠᠭᠠᠤᠨ ᠬᠠᠷᠠᠭᠠᠯᠵᠠᠭᠰᠡᠨ ᠳᠡᠰ ᠤᠨ ᠤᠷᠢᠤᠨᠴᠢᠯᠡᠨ ᠰᠡᠷᠡᠮᠵᠢᠯᠡᠬᠦᠯᠤᠯ ᠢ ᠡᠬᠢᠯᠡᠬᠦᠯᠬᠦ | ᠪᠠᠷᠢᠮᠵᠢᠶ᠎ᠠ ᠠᠴᠠ ᠳᠤᠤᠷ᠎ᠠ ᠪᠤᠯᠤᠭᠰᠡᠨ ᠮᠦᠷᠳᠡᠬᠡᠨ ᠵᠢᠱᠢᠯᠳᠠ ᠪᠠᠷ 36 ᠴᠠᠭ ᠠᠴᠠ ᠳᠡᠬᠡᠭᠰᠢ ᠦᠷᠬᠦᠯᠵᠢᠯᠡᠪᠡᠯ | ᠤᠷᠢᠤᠨᠴᠢᠯᠡᠨ ᠰᠡᠷᠡᠮᠵᠢᠯᠡᠬᠦᠯᠬᠦ ᠳᠡᠰ ᠢ ᠪᠠᠭᠤᠷᠠᠭᠤᠯᠵᠤ ᠪᠤᠯᠤᠨ᠎ᠠ᠃ | ᠤᠷᠢᠤᠨᠴᠢᠯᠡᠨ ᠰᠡᠷᠡᠮᠵᠢᠯᠡᠬᠦᠯᠤᠯ ᠢ ᠬᠦᠴᠤᠨ ᠦᠬᠡᠢ ᠪᠤᠯᠭᠠᠬᠤ᠄ ᠵᠢᠱᠢᠯᠳᠠ ᠪᠠᠷ ᠪᠤᠶᠤ ᠬᠢᠨᠠᠨ ᠪᠠᠶᠢᠴᠠᠭᠠᠯᠳᠠ | ᠪᠠᠷ ᠠᠭᠠᠷ ᠤᠨ ᠴᠢᠨᠰᠠᠭ᠎ᠠ ᠰᠠᠶᠢᠵᠢᠷᠠᠭᠠᠤᠨ ᠬᠦᠩᠬᠡᠨ ᠪᠤᠬᠢᠷᠳᠤᠯ ᠵᠢᠴᠢ ᠳᠡᠬᠦᠨ ᠠᠴᠠ ᠳᠤᠷᠤᠭᠰᠢᠬᠢ ᠳᠡᠰ ᠲᠤ | ᠬᠦᠷᠦᠭᠰᠡᠨ ᠮᠦᠷᠳᠡᠬᠡᠨ ᠵᠢᠱᠢᠯᠳᠠ ᠪᠠᠷ 36 ᠴᠠᠭ ᠠᠴᠠ ᠳᠡᠬᠡᠭᠰᠢ ᠦᠷᠬᠦᠯᠵᠢᠯᠡᠪᠡᠯ ᠤᠷᠢᠤᠨᠴᠢᠯᠡᠨ ᠰᠡᠷᠡᠮᠵᠢᠯᠡᠬᠦᠯᠬᠦ | ᠶᠢ ᠬᠦᠴᠤᠨ ᠦᠬᠡᠢ ᠪᠤᠯᠭᠠᠵᠤ ᠪᠤᠯᠤᠨ᠎ᠠ᠃ | ᠤᠷᠢᠤᠨᠴᠢᠯᠡᠨ ᠰᠡᠷᠡᠮᠵᠢᠯᠡᠬᠦᠯᠤᠯ ᠤᠨ ᠳᠡᠰ ᠢ ᠪᠠᠭᠤᠷᠠᠭᠤᠯᠬᠤ ᠪᠤᠶᠤ ᠬᠦᠴᠤᠨ ᠦᠬᠡᠢ ᠪᠤᠯᠭᠠᠬᠤ ᠳᠤ | ᠤᠷᠢᠤᠨᠴᠢᠯᠡᠨ ᠮᠡᠳᠡᠭᠡ ᠵᠠᠩᠬᠢ ᠨᠠᠶᠢᠳᠠᠯᠠᠨ᠎ᠠ᠃ | ︵ᠲᠠᠪᠤ︶ ᠣᠷᠢᠳᠴᠢᠯᠠᠨ ᠰᠡᠷᠡᠮᠵᠢᠯᠡᠬᠦᠯᠦᠯ ᠤᠨ ᠬᠢᠨᠠᠨ ᠴᠤᠬᠤᠯᠠᠪᠤᠷᠢᠯᠠᠯᠲᠠ | ᠵᠢᠱᠢᠯᠲᠡ ᠨᠢ ᠣᠷᠢᠳᠴᠢᠯᠠᠨ ᠰᠡᠷᠡᠮᠵᠢᠯᠡᠬᠦᠯᠬᠦ ᠨᠦᠬᠦᠴᠡᠯ ᠳᠤ ᠬᠦᠷᠬᠦ ᠦᠶᠡᠰ᠂ ᠬᠤᠰᠢᠭᠤ ᠠᠮᠢ ᠠᠬᠤᠢ | ᠣᠷᠴᠢᠨ ᠲᠤᠭᠤᠷᠢᠨ ᠤ ᠬᠤᠪᠢᠶᠠᠷᠢ ᠲᠤᠪᠴᠢᠶ᠎ᠠ᠂ ᠬᠤᠰᠢᠭᠤ ᠴᠠᠭ ᠠᠭᠤᠷ ᠤᠨ ᠲᠤᠪᠴᠢᠶᠠᠨ ᠠᠴᠠ ᠲᠠᠷᠤᠢ ᠳᠤᠨᠢ | ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠠᠯᠪᠠᠨ ᠭᠡᠷ ᠲᠤ ᠵᠦᠪᠳᠡᠯᠴᠡᠭᠡᠨ ᠤ ᠦᠷ᠎ᠡ ᠳ᠋ᠦᠩ ᠪᠠ | ᠣᠷᠢᠳᠴᠢᠯᠠᠨ ᠰᠡᠷᠡᠮᠵᠢᠯᠡᠬᠦᠯᠬᠦ ᠰᠠᠨᠠᠯ ᠢᠶᠠᠨ ᠮᠡᠳᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ | ᠤᠨ ᠠᠯᠪᠠᠨ ᠭᠡᠷ ᠠᠴᠠ ᠠᠯᠬᠤᠮ ᠳᠠᠷᠠᠭᠠᠯᠠᠯ ᠶᠤᠰᠤᠭᠠᠷ ᠬᠤᠰᠢᠭᠤ ᠠᠷᠠᠳ ᠤᠨ ᠵᠠᠰᠠᠭ ᠤᠨ ᠣᠷᠳᠣᠨ ᠳᠤ | ᠣᠷᠢᠳᠴᠢᠯᠠᠨ ᠰᠡᠷᠡᠮᠵᠢᠯᠡᠬᠦᠯᠬᠦ ᠮᠡᠳᠡᠭᠡ ᠵᠠᠩᠭᠢ ᠪᠠᠨ ᠮᠡᠳᠡᠭᠦᠯᠦᠨ᠎ᠡ᠃ | ᠰᠢᠷ᠎ᠠ ᠦᠩᠭᠡ ᠶᠢᠨ ᠰᠡᠷᠡᠮᠵᠢᠯᠡᠬᠦᠯᠦᠯ ᠨᠠᠶᠢᠲᠠᠯᠠᠬᠦ ᠳᠤ ᠬᠤᠰᠢᠭᠤ ᠬᠦᠨᠳᠦ ᠪᠤᠬᠢᠷᠳᠣᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠳᠡᠳ᠋ ᠶᠠᠷᠦᠩᠬᠡᠢ ᠵᠢᠯᠤᠭᠤᠳᠤᠭᠴᠢ ᠠᠴᠠ ︵ᠡᠰᠡᠬᠦᠯ᠎ᠡ | ᠠᠯᠪᠠᠨ ᠭᠡᠷ ᠤᠨ ᠡᠷᠬᠢᠯᠡᠭᠴᠢ ᠳᠤ ᠡᠷᠬᠡ ᠣᠯᠭᠤᠨ︶ ᠭᠠᠷ ᠤᠨ ᠦᠰᠦᠭ ᠵᠢᠷᠤᠵᠤ ᠬᠢᠨᠠᠨ ᠴᠤᠬᠤᠯᠠᠪᠤᠷᠢᠯᠠᠭᠰᠠᠨ ᠤ | ᠳᠠᠷᠠᠭ᠎ᠠ ᠣᠷᠢᠳᠴᠢᠯᠠᠨ ᠰᠡᠷᠡᠮᠵᠢᠯᠡᠬᠦᠯᠬᠦ ᠮᠡᠳᠡᠭᠡ ᠵᠠᠩᠭᠢ ᠨᠡᠶᠢᠲᠡᠯᠡᠬᠦ ᠲᠦᠪ ᠲᠤ ᠬᠦᠷᠬᠡᠵᠦ᠂ ᠨᠢᠭᠡᠳᠦᠯᠲᠡᠢ ᠪᠠᠷ | ᠨᠡᠶᠢᠲᠡᠯᠡᠨ᠎ᠡ︔ ᠣᠯᠠᠪᠤᠷ ᠦᠩᠭᠡ᠂ ᠣᠯᠠᠭᠠᠨ ᠦᠩᠭᠡ ᠶᠢᠨ ᠰᠡᠷᠡᠮᠵᠢᠯᠡᠬᠦᠯᠦᠯ ᠢ ᠨᠡᠶᠢᠲᠡᠯᠡᠬᠦ ᠳᠤ ᠬᠤᠰᠢᠭᠤ ᠬᠦᠨᠳᠦ | ᠪᠤᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠶᠠᠷᠦᠩᠬᠡᠢ | ᠵᠢᠯᠤᠭᠤᠳᠤᠭᠴᠢ ᠠᠴᠠ ︵ᠡᠰᠡᠬᠦᠯ᠎ᠡ ᠳᠡᠳ᠋ ᠶᠡᠷᠦᠩᠬᠡᠢ ᠵᠢᠯᠤᠭᠤᠳᠤᠭᠴᠢ ᠳᠤ ᠡᠷᠬᠡ ᠣᠯᠭᠤᠨ︶ ᠭᠠᠷ ᠤᠨ ᠦᠰᠦᠭ | ᠵᠢᠷᠤᠵᠤ ᠬᠢᠨᠠᠨ ᠴᠤᠬᠤᠯᠠᠪᠤᠷᠢᠯᠠᠭᠰᠠᠨ ᠤ ᠳᠠᠷᠠᠭ᠎ᠠ ᠣᠷᠢᠳᠴᠢᠯᠠᠨ ᠰᠡᠷᠡᠮᠵᠢᠯᠡᠬᠦᠯᠬᠦ ᠮᠡᠳᠡᠭᠡ ᠵᠠᠩᠭᠢ ᠨᠡᠶᠢᠲᠡᠯᠡᠬᠦ ᠲᠦᠪ | ᠲᠤ ᠬᠦᠷᠬᠡᠵᠦ᠂ ᠨᠢᠭᠡᠳᠦᠯᠲᠡᠢ ᠪᠠᠷ ᠨᠡᠶᠢᠲᠡᠯᠡᠨ᠎ᠡ︔ ᠣᠷᠢᠳᠴᠢᠯᠠᠨ ᠰᠡᠷᠡᠮᠵᠢᠯᠡᠬᠦᠯᠦᠯ ᠢ ᠦᠬᠡᠶᠢᠰᠬᠡᠬᠦ ᠮᠡᠳᠡᠭᠡ ᠵᠠᠩᠭᠢ | ᠶᠢ ᠨᠡᠶᠢᠲᠡᠯᠡᠬᠦ ᠳᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠤᠨ ᠡᠷᠬᠢᠯᠡᠭᠴᠢ ᠬᠢᠨᠠᠨ | ᠴᠤᠬᠤᠯᠠᠪᠣᠷᠢᠯᠠᠭᠰᠠᠨ ᠤ ᠳᠠᠷᠠᠭ᠎ᠠ ᠣᠷᠢᠳᠴᠢᠯᠠᠨ ᠰᠡᠷᠡᠮᠵᠢᠯᠡᠬᠦᠯᠬᠦ ᠮᠡᠳᠡᠭᠡ ᠵᠠᠩᠭᠢ ᠨᠡᠶᠢᠲᠡᠯᠡᠬᠦ ᠲᠦᠪ ᠲᠤ ᠬᠦᠷᠬᠡᠵᠦ | ᠂ ᠨᠢᠭᠡᠳᠦᠯᠲᠡᠢ ᠪᠠᠷ ᠨᠡᠶᠢᠲᠡᠯᠡᠨ᠎ᠡ᠃ | ᠳᠦᠷᠪᠡ᠂ ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠲᠠ ᠶᠢᠨ ᠠᠵᠢᠯᠯᠠᠭ᠎ᠠ | ︵ᠨᠢᠭᠡ︶ ᠲᠠᠶᠢᠴᠢᠯᠠᠯᠲᠠ ᠶᠢᠨ ᠠᠵᠢᠯᠯᠠᠭ᠎ᠠ ᠶᠢᠨ ᠲᠡᠰ ᠬᠤᠪᠢᠶᠠᠷᠢᠯᠠᠯ | ᠰᠢᠷ᠎ᠠ ᠦᠩᠭᠡ ᠶᠢᠨ ᠰᠡᠷᠡᠮᠵᠢᠯᠡᠬᠦᠯᠦᠯ ᠨᠠᠶᠢᠲᠠᠯᠠᠬᠦ ᠦᠶᠡᠰ᠂ ᠪᠠᠴᠢᠮ ᠪᠠᠶᠢᠳᠠᠯ ᠢ ᠠᠷᠭᠠᠴᠠᠬᠤ Ⅲ ᠲᠡᠰ ᠤᠨ | ᠲᠠᠶᠢᠴᠢᠯᠠᠯᠲᠠ ᠶᠢᠨ ᠠᠵᠢᠯᠯᠠᠭ᠎ᠠ ᠶᠢ ᠡᠬᠢᠯᠡᠬᠦᠯᠦᠨ᠎ᠡ᠃ | ᠣᠯᠠᠪᠤᠷ ᠦᠩᠭᠡ ᠶᠢᠨ ᠰᠡᠷᠡᠮᠵᠢᠯᠡᠬᠦᠯᠦᠯ ᠨᠠᠶᠢᠲᠠᠯᠠᠬᠦ ᠦᠶᠡᠰ᠂ ᠪᠠᠴᠢᠮ ᠪᠠᠶᠢᠳᠠᠯ ᠢ ᠠᠷᠭᠠᠴᠠᠬᠤ Ⅱ ᠲᠡᠰ ᠤᠨ | ᠲᠠᠶᠢᠴᠢᠯᠠᠯᠲᠠ ᠶᠢᠨ ᠠᠵᠢᠯᠯᠠᠭ᠎ᠠ ᠶᠢ ᠡᠬᠢᠯᠡᠬᠦᠯᠦᠨ᠎ᠡ᠃ | ᠣᠯᠠᠭᠠᠨ ᠦᠩᠭᠡ ᠶᠢᠨ ᠰᠡᠷᠡᠮᠵᠢᠯᠡᠬᠦᠯᠦᠯ ᠨᠠᠶᠢᠲᠠᠯᠠᠬᠦ ᠦᠶᠡᠰ᠂ ᠪᠠᠴᠢᠮ ᠪᠠᠶᠢᠳᠠᠯ ᠢ ᠠᠷᠭᠠᠴᠠᠬᠤⅠ ᠲᠡᠰ | ᠤᠨ ᠲᠠᠶᠢᠴᠢᠯᠠᠯᠲᠠ ᠶᠢᠨ ᠠᠵᠢᠯᠯᠠᠭ᠎ᠠ ᠶᠢ ᠡᠬᠢᠯᠡᠬᠦᠯᠦᠨ᠎ᠡ᠃ | ︵ᠬᠤᠶᠠᠷ︶ ᠲᠠᠶᠢᠴᠢᠯᠠᠯᠲᠠ ᠶᠢᠨ ᠠᠵᠢᠯᠯᠠᠭ᠎ᠠ ᠶᠢᠨ ᠶᠠᠪᠤᠴᠠ | ᠣᠷᠢᠳᠴᠢᠯᠠᠨ ᠰᠡᠷᠡᠮᠵᠢᠯᠡᠬᠦᠯᠦᠯ ᠤᠨ ᠮᠡᠳᠡᠭᠡ ᠵᠠᠩᠭᠢ ᠨᠡᠶᠢᠲᠡᠯᠡᠭᠰᠡᠨ ᠤ ᠳᠠᠷᠠᠭ᠎ᠠ ᠠᠳᠠᠯᠢ ᠲᠡᠰ ᠤᠨ | ᠲᠠᠶᠢᠴᠢᠯᠠᠯᠲᠠ ᠶᠢᠨ ᠠᠵᠢᠯᠯᠠᠭ᠎ᠠ ᠶᠢᠨ ᠠᠷᠭ᠎ᠠ ᠠᠪᠴᠠᠯ ᠠᠪᠤᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠪᠠᠴᠢᠮ | ᠪᠠᠶᠢᠳᠠᠯ ᠢ ᠠᠷᠭᠠᠴᠠᠬᠤ ᠣᠷᠢᠳᠴᠢᠯᠠᠨ ᠰᠡᠷᠡᠮᠵᠢᠯᠡᠬᠦᠯᠬᠦ ᠮᠡᠳᠡᠭᠡ ᠵᠠᠩᠭᠢ ᠣᠯᠣᠭᠰᠠᠨ ᠤ ᠳᠠᠷᠠᠭ᠎ᠠ ᠲᠤᠰ ᠲᠤᠰ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠪ ᠢᠶᠠᠨ ᠡᠬᠢᠯᠡᠬᠦᠯᠵᠦ᠂ ᠪᠠᠴᠢᠮ ᠪᠠᠶᠢᠳᠠᠯ ᠢ ᠠᠷᠭᠠᠴᠠᠬᠤ | ᠲᠠᠶᠢᠴᠢᠯᠠᠯᠲᠠ ᠶᠢᠨ ᠠᠵᠢᠯᠯᠠᠭ᠎ᠠ ᠶᠢᠨ ᠠᠷᠭ᠎ᠠ ᠠᠪᠴᠠᠯ ᠢᠶᠠᠨ ᠨᠡᠶᠢᠲᠡᠪᠤᠷᠢᠵᠢᠭᠤᠯᠤᠨ᠎ᠠ᠃ | ︵ᠭᠤᠷᠪᠠ︶ ᠲᠠᠶᠢᠴᠢᠯᠠᠯᠲᠠ ᠶᠢᠨ ᠠᠵᠢᠯᠯᠠᠭ᠎ᠠ ᠶᠢᠨ ᠡᠬᠢᠯᠡᠬᠦᠯᠦᠯᠲᠡ | 1. ᠬᠤᠲᠠ ᠶᠢᠨ ᠣᠷᠢᠳᠴᠢᠯᠠᠨ ᠰᠡᠷᠡᠮᠵᠢᠯᠡᠬᠦᠯᠦᠯ ᠢ ᠣᠯᠣᠭᠰᠠᠨ ᠤ ᠳᠠᠷᠠᠭ᠎ᠠ ᠮᠠᠨ ᠤ ᠬᠤᠰᠢᠭᠤ ᠪᠠᠴᠢᠮ | ᠪᠠᠶᠢᠳᠠᠯ ᠢ ᠠᠷᠭᠠᠴᠠᠬᠤ ᠳᠠᠶᠢᠴᠢᠯᠠᠯᠲᠠ ᠶᠢᠨ ᠠᠵᠢᠯᠯᠠᠭ᠎ᠠ ᠪᠠᠨ ᠡᠬᠢᠯᠡᠬᠦᠯᠦᠨ᠎ᠡ᠃ | ᠬᠤᠲᠠ ᠶᠢᠨ ᠨᠡᠶᠢᠲᠡᠯᠡᠭᠰᠡᠨ ᠣᠷᠣᠨ ᠪᠦᠰᠡ ᠶᠢᠨ ᠣᠯᠠᠪᠣᠷ ᠦᠩᠭᠡ ᠶᠢᠨ ᠰᠡᠷᠡᠮᠵᠢᠯᠡᠬᠦᠯᠦᠯ ᠮᠠᠨ ᠤ ᠬᠤᠰᠢᠭᠤ | ᠲᠠᠢ ᠬᠤᠯᠪᠤᠭᠳᠠᠬᠤ ᠦᠶᠡᠰ᠂ ᠣᠷᠢᠳᠴᠢᠯᠠᠨ ᠰᠡᠷᠡᠮᠵᠢᠯᠡᠬᠦᠯᠦᠯ ᠢ ᠣᠯᠣᠭᠰᠠᠨ ᠤ ᠳᠠᠷᠠᠭ᠎ᠠ ᠮᠠᠨ ᠤ ᠬᠤᠰᠢᠭᠤ ᠪᠠᠴᠢᠮ | ᠪᠠᠶᠢᠳᠠᠯ ᠢ ᠠᠷᠭᠠᠴᠠᠬᠤ Ⅱ ᠲᠡᠰ ᠤᠨ ᠲᠠᠶᠢᠴᠢᠯᠠᠯᠲᠠ ᠶᠢᠨ ᠠᠵᠢᠯᠯᠠᠭ᠎ᠠ ᠪᠠᠨ ᠡᠬᠢᠯᠡᠬᠦᠯᠬᠦ ᠶᠢᠨ ᠬᠠᠮᠲᠤ | ᠬᠠᠷᠠᠭᠠᠯᠵᠠᠭᠰᠠᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠠᠪᠴᠠᠯ ᠢᠶᠠᠨ ᠬᠦᠢᠴᠡᠳᠬᠡᠨ᠎ᠡ᠃ | ᠬᠤᠲᠠ ᠶᠢᠨ ᠨᠡᠶᠢᠲᠡᠯᠡᠭᠰᠡᠨ ᠣᠷᠣᠨ ᠪᠦᠰᠡ ᠶᠢᠨ ᠣᠯᠠᠭᠠᠨ ᠦᠩᠭᠡ ᠶᠢᠨ ᠰᠡᠷᠡᠮᠵᠢᠯᠡᠬᠦᠯᠦᠯ ᠮᠠᠨ ᠤ ᠬᠤᠰᠢᠭᠤ | ᠲᠠᠢ ᠬᠤᠯᠪᠤᠭᠳᠠᠬᠤ ᠦᠶᠡᠰ᠂ ᠣᠷᠢᠳᠴᠢᠯᠠᠨ ᠰᠡᠷᠡᠮᠵᠢᠯᠡᠬᠦᠯᠦᠯ ᠢ ᠣᠯᠣᠭᠰᠠᠨ ᠤ ᠳᠠᠷᠠᠭ᠎ᠠ ᠮᠠᠨ ᠤ ᠬᠤᠰᠢᠭᠤ ᠪᠠᠴᠢᠮ | ᠪᠠᠶᠢᠳᠠᠯ ᠢ ᠠᠷᠭᠠᠴᠠᠬᠤ Ⅰ ᠲᠡᠰ ᠤᠨ ᠲᠠᠶᠢᠴᠢᠯᠠᠯᠲᠠ ᠶᠢᠨ ᠠᠵᠢᠯᠯᠠᠭ᠎ᠠ ᠪᠠᠨ ᠡᠬᠢᠯᠡᠬᠦᠯᠬᠦ ᠶᠢᠨ ᠬᠠᠮᠲᠤ | ᠬᠠᠷᠠᠭᠠᠯᠵᠠᠭᠰᠠᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠠᠪᠴᠠᠯ ᠢᠶᠠᠨ ᠬᠦᠢᠴᠡᠳᠬᠡᠨ᠎ᠡ᠃ | ᠬᠤᠲᠠ ᠶᠢᠨ ᠨᠡᠶᠢᠲᠡᠯᠡᠭᠰᠡᠨ ᠭᠤᠷᠪᠠ ᠪᠤᠶᠤ ᠭᠤᠷᠪᠠ ᠠᠴᠠ ᠳᠡᠭᠡᠭᠰᠢ ᠬᠤᠰᠢᠭᠤ ᠲᠤᠭᠤᠷᠢᠭ ᠢ ᠬᠠᠮᠤᠷᠠᠭᠰᠠᠨ | ᠣᠯᠠᠪᠣᠷ ᠦᠩᠭᠡ ᠶᠢᠨ ᠰᠡᠷᠡᠮᠵᠢᠯᠡᠬᠦᠯᠦᠯ ᠮᠠᠨ ᠤ ᠬᠤᠰᠢᠭᠤ ᠲᠠᠢ ᠬᠤᠯᠪᠤᠭᠳᠠᠬᠤ ᠦᠶᠡᠰ᠂ ᠣᠷᠢᠳᠴᠢᠯᠠᠨ | ᠰᠡᠷᠡᠮᠵᠢᠯᠡᠬᠦᠯᠦᠯ ᠢ ᠣᠯᠣᠭᠰᠠᠨ ᠤ ᠳᠠᠷᠠᠭ᠎ᠠ ᠮᠠᠨ ᠤ ᠬᠤᠰᠢᠭᠤ ᠪᠠᠴᠢᠮ ᠪᠠᠶᠢᠳᠠᠯ ᠢ ᠠᠷᠭᠠᠴᠠᠬᠤ Ⅱ ᠲᠡᠰ ᠤᠨ | ᠲᠠᠶᠢᠴᠢᠯᠠᠯᠲᠠ ᠶᠢᠨ ᠠᠵᠢᠯᠯᠠᠭ᠎ᠠ ᠪᠠᠨ ᠡᠬᠢᠯᠡᠬᠦᠯᠬᠦ ᠶᠢᠨ ᠬᠠᠮᠲᠤ ᠬᠠᠷᠠᠭᠠᠯᠵᠠᠭᠰᠠᠨ ᠪᠠᠴᠢᠮ ᠪᠠᠶᠢᠳᠠᠯ ᠢ ᠠᠷᠭᠠᠴᠠᠬᠤ | ᠠᠷᠭ᠎ᠠ ᠠᠪᠴᠠᠯ ᠢᠶᠠᠨ ᠬᠦᠢᠴᠡᠳᠬᠡᠨ᠎ᠡ᠃ | ᠬᠤᠲᠠ ᠶᠢᠨ ᠨᠡᠶᠢᠲᠡᠯᠡᠭᠰᠡᠨ ᠭᠤᠷᠪᠠ ᠪᠤᠶᠤ ᠭᠤᠷᠪᠠ ᠠᠴᠠ ᠳᠡᠭᠡᠭᠰᠢ ᠬᠤᠰᠢᠭᠤ ᠲᠤᠭᠤᠷᠢᠭ ᠢ ᠬᠠᠮᠤᠷᠠᠭᠰᠠᠨ | ᠤᠯᠠᠭᠠᠨ ᠦᠩᠭᠭᠡ ᠶᠢᠨ ᠰᠡᠷᠡᠮᠵᠢᠯᠡᠬᠦᠯᠦᠯ ᠮᠠᠨ ᠤ ᠬᠤᠰᠢᠭᠤ ᠲᠠᠢ ᠬᠤᠯᠪᠤᠭᠳᠠᠬᠤ ᠦᠶᠡᠰ᠂ ᠣᠷᠢᠳᠴᠢᠯᠠᠨ | ᠰᠡᠷᠡᠮᠵᠢᠯᠡᠬᠦᠯᠦᠯ ᠢ ᠣᠯᠣᠭᠰᠠᠨ ᠤ ᠳᠠᠷᠠᠭ᠎ᠠ ᠮᠠᠨ ᠤ ᠬᠤᠰᠢᠭᠤ ᠪᠠᠴᠢᠮ ᠪᠠᠶᠢᠳᠠᠯ ᠢ ᠠᠷᠭᠠᠴᠠᠬᠤ Ⅰ ᠲᠡᠰ ᠤᠨ | ᠲᠠᠶᠢᠴᠢᠯᠠᠯᠲᠠ ᠶᠢᠨ ᠠᠵᠢᠯᠯᠠᠭ᠎ᠠ ᠪᠠᠨ ᠡᠬᠢᠯᠡᠬᠦᠯᠬᠦ ᠶᠢᠨ ᠬᠠᠮᠲᠤ ᠬᠠᠷᠠᠭᠠᠯᠵᠠᠭᠰᠠᠨ ᠪᠠᠴᠢᠮ ᠪᠠᠶᠢᠳᠠᠯ ᠢ ᠠᠷᠭᠠᠴᠠᠬᠤ | ᠠᠷᠭ᠎ᠠ ᠠᠪᠴᠠᠯ ᠢᠶᠠᠨ ᠬᠦᠢᠴᠡᠳᠬᠡᠨ᠎ᠡ᠃ | 2. ᠮᠠᠨ ᠤ ᠬᠤᠰᠢᠭᠤ ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠲᠠ ᠶᠢᠨ ᠠᠵᠢᠯᠯᠠᠭ᠎ᠠ ᠪᠠᠨ ᠦᠪᠡᠷᠲᠡᠭᠡᠨ | ᠡᠬᠢᠯᠡᠬᠦᠯᠦᠨ᠎ᠡ | ᠮᠠᠨ ᠤ ᠬᠤᠰᠢᠭᠤ ᠣᠷᠢᠳᠴᠢᠯᠠᠨ ᠰᠡᠷᠡᠮᠵᠢᠯᠡᠬᠦᠯᠦᠯ ᠢ ᠡᠬᠢᠯᠡᠬᠦᠯᠬᠦ ᠨᠦᠬᠦᠴᠡᠯ ᠳᠤ ᠬᠦᠷᠬᠦ ᠦᠶᠡᠰ᠂ | ᠳᠠᠶᠢᠴᠢᠯᠠᠯᠲᠠ ᠶᠢᠨ ᠠᠵᠢᠯᠯᠠᠭᠠᠨ ᠤ ᠲᠡᠰ ᠬᠤᠪᠢᠶᠠᠷᠢᠯᠠᠯ ᠶᠤᠰᠤᠭᠠᠷ ᠣᠷᠢᠳᠴᠢᠯᠠᠨ ᠰᠡᠷᠡᠮᠵᠢᠯᠡᠬᠦᠯᠦᠯ ᠢ ᠡᠬᠢᠯᠡᠬᠦᠯᠵᠦ᠂ | ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠦᠴᠢᠷ ᠠᠴᠠ ᠬᠠᠷᠠᠭᠠᠯᠵᠠᠭᠰᠠᠨ ᠲᠡᠰ ᠤᠨ ᠣᠷᠢᠳᠴᠢᠯᠠᠨ | ᠰᠡᠷᠡᠮᠵᠢᠯᠡᠬᠦᠯᠦᠯ ᠢ ᠡᠬᠢᠯᠡᠬᠦᠯᠦᠨ᠂ ᠬᠠᠷᠠᠭᠠᠯᠵᠠᠭᠰᠠᠨ ᠪᠠᠴᠢᠮ ᠪᠠᠶᠢᠳᠠᠯ ᠢ ᠠᠷᠠᠭᠠᠴᠠᠬᠤ ᠠᠷᠭ᠎ᠠ ᠠᠪᠴᠠᠯ ᠢᠶᠠᠨ | ᠬᠦᠢᠴᠡᠳᠭᠡᠨ᠎ᠡ᠃ | ︵ᠳᠦᠷᠪᠡ︶ ᠳᠠᠶᠢᠴᠢᠯᠠᠯᠲᠠ ᠶᠢᠨ ᠠᠵᠢᠯᠯᠠᠭᠠᠨ ᠤ ᠠᠷᠭ᠎ᠠ ᠠᠪᠴᠠᠯ | 1. ᠶᠠᠷᠦᠩᠬᠡᠢ ᠱᠠᠭᠠᠷᠳᠠᠯᠭ᠎ᠠ | ︵1︶ ᠡᠯ᠎ᠡ ᠪᠠᠯᠭᠠᠰᠣ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠤᠰᠤᠭᠠᠷ᠂ ᠪᠤᠢ ᠪᠦᠬᠦᠢ ᠬᠡᠢ | ᠲᠠᠢ ᠪᠡᠶᠡᠲᠦ ᠶᠢᠨ ᠭᠠᠳᠠᠭᠰᠢᠯᠠᠭᠤᠯᠤᠯ ᠬᠤᠯᠪᠤᠭᠳᠠᠬᠤ ᠠᠵᠤ ᠠᠬᠤᠶᠢᠯᠠᠯ ︵ᠪᠠᠷᠢᠯᠭ᠎ᠠ︶ ᠢ ᠪᠠᠴᠢᠮ ᠪᠠᠶᠢᠳᠠᠯ ᠢ | ᠠᠷᠭᠠᠴᠠᠨ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠲᠦᠷᠦᠯ ᠵᠦᠢᠯ ᠤᠨ ᠨᠠᠷᠢᠨ ᠳᠠᠩᠰᠠᠨ ᠳᠤ | ᠣᠷᠣᠭᠤᠯᠵᠣ᠂ ᠪᠦᠲᠦᠮᠵᠢ ᠶᠢᠨ ᠲᠡᠰ ᠬᠤᠪᠢᠶᠠᠬᠤ ᠬᠠᠮᠢᠶᠠᠷᠤᠯᠲᠠ ᠶᠢ ᠬᠡᠷᠡᠭᠵᠢᠬᠦᠯᠦᠨ᠂ ᠡᠯ᠎ᠡ ᠭᠠᠵᠠᠷ ᠡᠷᠬᠡᠪᠰᠢ | ᠪᠤᠲᠠᠲᠤ ᠪᠠᠶᠢᠳᠠᠯ ᠢᠶᠠᠨ ᠦᠨᠳᠦᠰᠦᠯᠡᠵᠦ᠂ ᠵᠢᠯ ᠳᠤ ᠲᠤᠭᠲᠠᠮᠠᠯ ᠬᠤᠭᠤᠴᠠᠭ᠎ᠠ ᠲᠠᠢ ᠪᠠᠷ ᠨᠠᠷᠢᠨ ᠳᠠᠩᠰᠠ ᠳᠤ | ᠵᠠᠰᠠᠪᠤᠷᠢ ᠤᠷᠤᠭᠤᠯᠤᠨ᠎ᠠ᠃ ᠪᠡᠯᠡᠳᠬᠡᠯ ᠲᠦᠰᠦᠪ ᠤᠨ ᠬᠠᠮᠢᠶᠠᠷᠤᠯᠲᠠ ᠶᠢᠨ ᠬᠡᠷᠡᠭᠵᠢᠬᠦᠯᠬᠦ ᠶᠠᠪᠤᠴᠠ ᠪᠠᠨ | ᠲᠤᠲᠤᠷᠬᠠᠶᠢᠯᠠᠨ᠂ ᠬᠠᠷᠢᠭᠤᠴᠠᠯᠭ᠎ᠠ ᠶᠢᠨ ᠭᠤᠤᠯ ᠴᠤᠭᠴᠠ ᠪᠠ ᠰᠠᠯᠠᠭ᠎ᠠ ᠮᠦᠴᠢᠷ ᠤᠨ ᠠᠵᠢᠯ ᠤᠨ ᠬᠤᠪᠢᠶᠠᠷᠢᠯᠠᠯᠲᠠ | ᠪᠠᠨ ᠨᠠᠶᠢᠲᠠᠪᠤᠷᠢᠵᠢᠭᠤᠯᠵᠤ᠂ ᠪᠡᠯᠡᠳᠬᠡᠯ ᠲᠦᠰᠦᠪ ᠤᠨ ᠠᠵᠢᠯᠯᠠᠮᠵᠢ᠂ ᠠᠵᠤ ᠠᠬᠤᠶᠢᠯᠠᠯ ᠤᠨ ᠪᠣᠬᠢᠷᠳᠣᠯ ᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ ᠤᠨ ᠪᠣᠲᠠᠲᠠᠢ ᠬᠡᠷᠡᠭᠵᠢᠬᠦᠯᠦᠯᠲᠡ ᠶᠢ ᠪᠠᠲᠤᠯᠠᠨ᠂ ︽ᠨᠢᠭᠡ | ᠦᠢᠯᠡᠳᠪᠦᠷᠢ ᠳᠤ ᠨᠢᠭᠡ ᠪᠤᠳᠤᠯᠭ᠎ᠠ︾ ᠬᠡᠷᠡᠭᠵᠢᠬᠦᠯᠬᠦ ᠶᠢ ᠪᠡᠶᠡᠯᠡᠬᠦᠯᠦᠨ᠎ᠡ᠃ | ︵2︶ ᠬᠤᠰᠢᠭᠤᠨ ᠤ ᠠᠮᠢ ᠠᠬᠤᠢ ᠣᠷᠴᠢᠨ ᠲᠤᠭᠤᠷᠢᠨ ᠤ ᠬᠤᠪᠢᠶᠠᠷᠢ ᠲᠤᠪᠴᠢᠶ᠎ᠠ ᠡᠷᠬᠡᠪᠰᠢ ᠬᠦᠨᠳᠦ | ᠪᠤᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠣᠬᠢᠷᠳᠣᠯ ᠤᠨ ᠭᠠᠳᠠᠭᠰᠢᠯᠠᠭᠤᠯᠤᠯᠲᠠ ᠶᠢᠨ | ᠨᠠᠷᠢᠨ ᠳᠠᠩᠰᠠᠨ ᠳᠤ ᠣᠷᠣᠭᠤᠯᠣᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠵᠢᠯᠤᠭᠤᠳᠤᠨ ︽ᠨᠢᠭᠡ | ᠦᠢᠯᠡᠳᠪᠦᠷᠢ ᠳᠤ ᠨᠢᠭᠡ ᠪᠤᠳᠤᠯᠭ᠎ᠠ︾ ᠶᠢᠨ ᠬᠡᠷᠡᠭᠵᠢᠬᠦᠯᠦᠯᠲᠡ ᠶᠢᠨ ᠲᠦᠰᠦᠯ ᠢ ᠲᠤᠭᠲᠠᠭᠠᠨ᠎ᠠ᠃ ᠪᠣᠲᠠᠲᠠᠢ | ᠵᠤᠭᠰᠤᠭᠠᠬᠤ ᠦᠢᠯᠡᠳᠪᠦᠷᠢᠯᠡᠯ ᠤᠨ ᠱᠣᠭᠤᠮ᠂ ᠮᠡᠷᠭᠡᠵᠢᠯ ᠤᠨ ᠭᠤᠭᠴᠤᠭ᠎ᠠ ᠪᠠ ᠡᠯ᠎ᠡ ᠲᠦᠷᠦᠯ ᠤᠨ ᠪᠣᠬᠢᠷᠳᠣᠯ ᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ ᠤᠨ ᠵᠠᠩᠭᠢᠯᠠᠭ᠎ᠠ ᠶᠢᠨ ᠴᠢᠨᠠᠷᠲᠠᠢ ᠬᠦᠢᠴᠡᠳᠬᠡᠯ ᠲᠤᠭ᠎ᠠ ︵ | ᠵᠢᠱᠢᠶᠡᠯᠡᠪᠡᠯ ᠰᠢᠲᠠᠮᠠᠬᠠᠢ ᠬᠡᠢ ᠶᠢᠨ ᠬᠡᠷᠡᠭᠯᠡᠯᠲᠡ ᠶᠢᠨ ᠬᠡᠮᠵᠢᠶ᠎ᠡ᠂ ᠴᠠᠬᠢᠯᠭᠠᠨ ᠬᠡᠷᠡᠭᠯᠡᠯᠲᠡ ᠶᠢᠨ ᠬᠡᠮᠵᠢᠶ᠎ᠡ ᠵᠡᠷᠭᠡ︾᠂ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠴᠠᠭ ᠢ ᠲᠤᠲᠤᠷᠬᠠᠶᠢᠯᠠᠵᠤ᠂ ᠪᠣᠲᠠᠲᠠᠢ ᠪᠣᠬᠢᠷᠳᠣᠯ ᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯ ᠤᠨ ᠲᠠᠷᠠᠭᠠᠯᠠᠯ ᠤᠨ ᠬᠠᠷᠢᠭᠤᠴᠠᠯᠭᠠᠲᠠᠨ ᠵᠢᠴᠢ ᠬᠠᠷᠢᠯᠴᠠᠬᠤ ᠠᠷᠭ᠎ᠠ | ᠮᠠᠶ᠋ᠢᠭ ᠢ ᠨᠠᠷᠢᠪᠴᠢᠯᠠᠨ᠂ ︽ᠬᠡᠷᠡᠭᠵᠢᠬᠦᠯᠬᠦ᠂ ᠬᠢᠨᠠᠨ ᠰᠢᠯᠭᠠᠬᠤ᠂ ᠬᠠᠷᠭᠤᠭᠤᠯᠤᠨ ᠪᠠᠶᠢᠴᠠᠭᠠᠬᠤ︾ ᠶᠢ | ᠪᠡᠶᠡᠯᠡᠬᠦᠯᠦᠨ᠎ᠡ ᠃ | ︵3︶ ᠰᠢᠨ᠎ᠡ ᠪᠠᠷ ᠮᠠᠨᠳᠣᠭᠰᠠᠨ ᠠᠵᠤ ᠦᠢᠯᠡᠰ᠂ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠠᠵᠤ ᠦᠢᠯᠡᠰ | ᠪᠠ ᠠᠷᠠᠳ ᠤᠨ ᠠᠮᠢᠳᠣᠷᠠᠯ ᠢ ᠪᠠᠲᠤᠯᠠᠬᠤ ᠠᠵᠤ ᠠᠬᠤᠶᠢᠯᠠᠯ ᠳᠤ ᠪᠤᠲᠠᠲᠤ ᠪᠠᠶᠢᠳᠠᠯ ᠢ ᠨᠢ ᠦᠨᠳᠦᠰᠦᠯᠡᠨ᠂ | ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ ᠢ ᠬᠡᠷᠡᠭᠯᠡᠵᠦ᠂ ᠬᠡᠪ ᠤᠨ ᠦᠢᠯᠡᠳᠪᠦᠷᠢᠯᠡᠯ | ᠠᠮᠢᠳᠣᠷᠠᠯ ᠢ ᠨᠦᠯᠦᠬᠡᠯᠡᠬᠦ ᠠᠴᠠ ᠵᠠᠶᠢᠯᠠᠰᠬᠢᠨ᠎ᠠ᠃ ᠮᠠᠨ ᠤ ᠬᠤᠰᠢᠭᠤᠨ ᠤ ᠠᠮᠢᠳᠣᠷᠠᠯ ᠤᠨ ᠬᠤᠭ ᠨᠤᠪᠰᠢ ᠪᠤᠶᠤ | ᠠᠶᠤᠯᠲᠤ ᠬᠠᠶᠠᠭᠳᠠᠮᠠᠯ ᠪᠤᠳᠠᠰ ᠤᠨ ᠰᠢᠢᠳᠪᠦᠷᠢᠯᠡᠯᠲᠡ᠂ ᠰᠠᠭᠤᠭᠠᠯᠢ ᠠᠷᠠᠳ ᠤᠨ ᠲᠤᠯᠠᠭᠠᠯᠠᠭ᠎ᠠ ᠲᠠᠢ ᠬᠤᠯᠪᠤᠭᠳᠠᠬᠤ | ᠠᠷᠠᠳ ᠤᠨ ᠠᠮᠢᠳᠣᠷᠠᠯ ᠤᠨ ᠪᠠᠲᠤᠯᠠᠭ᠎ᠠ ᠶᠢᠨ ᠲᠦᠷᠦᠯ ᠤᠨ ᠠᠵᠤ ᠠᠬᠤᠶᠢᠯᠠᠯ ᠳᠤ ᠴᠢᠭᠯᠡᠬᠦᠯᠦᠨ᠂ ᠡᠬᠦᠷᠬᠡ ᠪᠠᠨ | ᠪᠡᠶᠡᠯᠡᠬᠦᠯᠬᠦ ᠶᠢ ᠪᠠᠲᠤᠯᠠᠬᠤ ᠶᠢᠨ ᠬᠠᠮᠲᠤ ᠦᠢᠯᠡᠳᠪᠦᠷᠢᠯᠡᠯ ᠤᠨ ᠬᠠᠮᠤᠭ ᠶᠡᠭᠡ ᠳᠠᠭᠠᠭᠠᠴᠠ ᠶᠢ ᠲᠤᠭᠲᠠᠭᠠᠵᠤ᠂ ︽ | ᠲᠤᠭ᠎ᠠ ᠬᠡᠮᠵᠢᠶ᠎ᠡ ᠪᠠᠷ ᠦᠢᠯᠡᠳᠪᠦᠷᠢᠯᠡᠯ ᠢ ᠲᠤᠭᠲᠠᠭᠠᠬᠤ︾ ᠪᠣᠶᠣ ︽ᠲᠤᠯᠠᠭᠠᠯᠠᠯᠭ᠎ᠠ ᠶᠢᠨ ᠬᠡᠮᠵᠢᠶ᠎ᠡ ᠪᠠᠷ | ᠦᠢᠯᠡᠳᠪᠦᠷᠢᠯᠡᠯ ᠢ ᠲᠤᠭᠲᠠᠭᠠᠬᠤ︾ ᠶᠢ ᠬᠡᠷᠡᠭᠵᠢᠬᠦᠯᠦᠨ᠂ ︽ᠠᠳᠠᠯᠢᠬᠠᠨ ᠰᠢᠢᠳᠪᠦᠷᠢᠯᠡᠬᠦ︾ ᠠᠴᠠ ᠵᠠᠶᠢᠯᠠᠰᠬᠢᠨ᠎ᠠ᠃ | ︵4︶ ᠬᠦᠨᠳᠦ ᠪᠤᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠲᠠ ᠶᠢᠨ | ᠠᠵᠢᠯᠯᠠᠭᠠᠨ ᠤ ᠬᠤᠭᠤᠴᠠᠭᠠᠨ ᠳᠤ᠂ ᠬᠡᠷᠡᠭ ᠡᠭᠦᠰᠦᠭᠰᠡᠨ ᠭᠠᠵᠠᠷ ᠤᠨ ᠬᠦᠬᠦᠷ ᠤᠨ ᠳᠠᠪᠬᠤᠷ ᠢᠰᠦᠯ᠂ ᠠᠽᠤᠲ | ᠤᠨ ᠢᠰᠦᠮᠡᠭ᠂ ᠮᠦᠬᠦᠯᠢᠭᠲᠦ ᠪᠣᠳᠠᠰ ᠪᠠ ᠠᠭᠤᠷᠰᠢᠬᠤ ᠰᠢᠨᠵᠢ ᠶᠢᠨ ᠣᠷᠭᠠᠨᠢᠭ ᠨᠢᠭᠡᠳᠪᠦᠷᠢ ᠶᠢᠨ Ⅲ ᠲᠡᠰ᠂Ⅱ | ᠲᠡᠰ᠂Ⅰ ᠲᠡᠰ ᠤᠨ ᠣᠷᠢᠳᠴᠢᠯᠠᠨ ᠰᠡᠷᠡᠮᠵᠢᠯᠡᠬᠦᠯᠦᠯ ᠳᠤ ᠬᠢ ᠪᠣᠬᠢᠷᠳᠣᠯ ᠤᠨ ᠭᠠᠳᠠᠭᠰᠢᠯᠠᠭᠤᠯᠤᠯᠲᠠ ᠶᠢ | ᠪᠠᠭᠠᠰᠬᠠᠬᠤ ᠬᠠᠷᠢᠴᠠᠯ ᠢ ᠲᠤᠰ ᠲᠤᠰ ᠪᠦᠬᠦ ᠨᠡᠶᠢᠬᠡᠮ ᠤᠨ 10%᠂ 20% ᠪᠠ 30% ᠠᠴᠠ ᠳᠠᠪᠠᠭᠤᠯᠤᠨ᠎ᠠ᠃ | ᠡᠯ᠎ᠡ ᠭᠠᠵᠠᠷ ᠤᠨ ᠬᠢᠨ ᠲᠤᠰ ᠭᠠᠵᠠᠷ ᠣᠷᠣᠨ ᠤ ᠪᠣᠬᠢᠷᠳᠣᠯ ᠤᠨ ᠭᠠᠳᠠᠭᠰᠢᠯᠠᠭᠤᠯᠤᠯᠲᠠ ᠶᠢᠨ ᠪᠦᠲᠦᠴᠡ ᠪᠠᠨ | ᠦᠨᠳᠦᠰᠦᠯᠡᠨ ᠬᠦᠬᠦᠷ ᠤᠨ ᠳᠠᠪᠬᠤᠷ ᠢᠰᠦᠯ ᠪᠠ ᠠᠽᠦᠲ ᠤᠨ ᠢᠰᠦᠮᠡᠭ ᠤᠨ ᠪᠣᠬᠢᠷᠳᠣᠯ ᠤᠨ | ᠭᠠᠳᠠᠭᠰᠢᠯᠠᠭᠤᠯᠤᠯᠲᠠ ᠶᠢᠨ ᠬᠠᠷᠢᠴᠠᠯ ᠢ ᠲᠤᠬᠢᠷᠠᠭᠤᠯᠵᠤ᠂ ᠬᠤᠶᠠᠷ ᠵᠦᠢᠯ ᠤᠨ ᠬᠠᠷᠢᠴᠠᠯ ᠤᠨ ᠨᠡᠶᠢᠯᠡᠪᠦᠷᠢ ᠶᠢ | ᠳᠡᠭᠡᠷ᠎ᠡ ᠲᠤᠷᠠᠳᠣᠭᠰᠠᠨ ᠶᠡᠷᠦᠩᠬᠡᠢ ᠱᠠᠭᠠᠷᠳᠠᠯᠭ᠎ᠠ ᠠᠴᠠ ᠳᠣᠣᠷ᠎ᠠ ᠪᠠᠶᠢᠯᠭᠠᠵᠤ ᠪᠤᠯᠬᠤ ᠦᠭᠡᠢ᠃ | 2.Ⅲ ᠲᠡᠰ ᠤᠨ ᠲᠠᠶᠢᠴᠢᠯᠠᠯᠲᠠ ᠶᠢᠨ ᠠᠵᠢᠯᠯᠠᠭᠠᠨ ᠤ ᠠᠷᠭ᠎ᠠ ᠠᠪᠴᠠᠯ | ᠣᠷᠢᠳᠴᠢᠯᠠᠨ ᠰᠡᠷᠡᠮᠵᠢᠯᠡᠬᠦᠯᠦᠯ ᠤᠨ ᠮᠡᠳᠡᠭᠡ ᠵᠠᠩᠭᠢ ᠨᠡᠶᠢᠲᠡᠯᠡᠭᠰᠡᠨ ᠤ ᠳᠠᠷᠠᠭ᠎ᠠ᠂ ᠬᠡᠷᠡᠭ ᠡᠬᠦᠰᠦᠭᠰᠡᠨ ᠭᠠᠵᠠᠷ ᠤᠨ | ᠵᠠᠰᠠᠭ ᠤᠨ ᠣᠷᠳᠣᠨ ᠡᠷᠬᠡᠪᠰᠢ ᠳᠠᠷᠤᠢ ᠲᠦᠷᠭᠡᠨ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠡ | ᠪᠠ ᠬᠠᠮᠢᠶ᠎ᠠ ᠪᠦᠬᠦᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠲᠠ | ᠶᠢᠨ ᠠᠵᠢᠯᠯᠠᠭᠠᠨ ᠤ ᠪᠠᠶᠢᠳᠠᠯ ᠳᠤ ᠣᠷᠣᠬᠤ ᠶᠢᠨ ᠬᠠᠮᠲᠤ ᠬᠠᠷᠠᠭᠠᠯᠵᠠᠭᠰᠠᠨ ᠲᠡᠰ ᠤᠨ ᠲᠠᠶᠢᠴᠢᠯᠠᠯᠲᠠ ᠶᠢᠨ | ᠠᠵᠢᠯᠯᠠᠭᠠᠨ ᠤ ᠠᠷᠭ᠎ᠠ ᠠᠪᠴᠠᠯ ᠢ ᠬᠡᠷᠡᠭᠯᠡᠨ᠎ᠡ᠃ ᠳᠣᠣᠷᠠᠬᠢ ᠠᠷᠭ᠎ᠠ ᠠᠪᠴᠠᠯ ᠪᠠᠭᠲᠠᠬᠤ ᠪᠣᠯᠪᠠᠴᠣ ᠬᠢᠵᠠᠭᠠᠷᠯᠠᠬᠤ | ᠦᠭᠡᠢ᠄ | ︵1︶ ᠣᠯᠠᠨ ᠨᠠᠶᠢᠲᠠ ᠶᠢᠨ ᠰᠡᠷᠭᠡᠶᠢᠯᠡᠯᠲᠡ ᠶᠢᠨ ᠠᠷᠭ᠎ᠠ ᠠᠪᠴᠠᠯ᠃ ᠬᠡᠣᠬᠡᠳ᠂ ᠨᠠᠰᠣᠳᠠᠶᠢᠴᠣᠳ ᠪᠠ | ᠵᠢᠷᠤᠬᠡ ᠲᠠᠷᠢᠬᠢᠨ ᠴᠢᠰᠣᠨ ᠰᠣᠳᠠᠯ ᠤᠨ ᠡᠪᠡᠳᠴᠢᠨ᠂ ᠠᠮᠢᠰᠬᠤᠯ ᠤᠨ ᠰᠢᠰᠲ᠋ᠧᠮ ᠵᠡᠷᠭᠡ ᠡᠪᠡᠳᠴᠢᠨ ᠲᠠᠢ ᠠᠮᠠᠷᠬᠠᠨ | ᠬᠠᠯᠳᠠᠪᠤᠷᠢᠯᠠᠬᠤ ᠬᠦᠮᠦᠰ ᠬᠡᠷ ᠲᠤ ᠪᠠᠨ ᠰᠠᠭᠤᠵᠤ᠂ ᠭᠠᠳᠠᠨ᠎ᠠ ᠬᠦᠳᠡᠯᠬᠡᠬᠡᠨ ᠬᠢᠬᠦ ᠠᠴᠠ ᠵᠠᠶᠢᠯᠠᠰᠬᠢᠨ᠎ᠠ︔ ᠪᠣᠰᠣᠳ | ᠬᠦᠮᠦᠰ ᠭᠠᠳᠠᠨ᠎ᠠ ᠲᠠᠮᠢᠷ ᠤᠨ ᠬᠦᠳᠡᠯᠭᠡᠭᠡᠨ ᠬᠢᠬᠦ ᠪᠠ ᠠᠵᠢᠯᠯᠠᠬᠤ ᠴᠠᠭ ᠢᠶᠠᠨ ᠪᠠᠭᠠᠰᠬᠠᠵᠤ᠂ ᠵᠠᠶᠢᠯᠠᠰᠬᠢᠬᠦ ᠠᠷᠭ᠎ᠠ | ᠦᠭᠡᠢ ᠪᠠᠶᠢᠳᠠᠯ ᠳᠣᠣᠷ᠎ᠠ ᠰᠡᠷᠬᠡᠶᠢᠯᠡᠯᠲᠡ ᠶᠢᠨ ᠠᠷᠭ᠎ᠠ ᠠᠪᠴᠠᠯ ᠠᠪᠬᠤ ᠬᠡᠷᠡᠭᠲᠡᠢ᠃ | ᠬᠡᠷᠡᠭ ᠡᠭᠦᠰᠦᠭᠰᠡᠨ ᠭᠠᠵᠠᠷ ᠤᠨ ᠰᠣᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ ᠠᠭᠠᠷ ᠴᠡᠪᠡᠷᠰᠢᠬᠦᠯᠬᠦ | ᠳᠦᠬᠦᠭᠡᠷᠦᠮᠵᠢ ᠣᠭᠰᠠᠷᠠᠭᠰᠠᠨ ᠴᠡᠴᠡᠷᠯᠢᠭ᠂ ᠳᠤᠮᠳᠠᠳᠤ ᠪᠠᠭ᠎ᠠ ᠰᠣᠷᠭᠠᠭᠤᠯᠢ ᠴᠠᠭ ᠲᠤᠬᠠᠢ ᠳᠤᠨᠢ ᠠᠭᠠᠷ | ᠴᠡᠪᠡᠷᠰᠢᠬᠦᠯᠬᠦ ᠲᠦᠬᠦᠭᠡᠷᠦᠮᠵᠢ ᠪᠠᠨ ᠨᠡᠭᠡᠭᠡᠬᠦ ᠶᠢ ᠵᠢᠯᠤᠭᠤᠳᠴᠤ᠂ ᠳᠤᠮᠳᠠᠳᠤ ᠪᠠᠭ᠎ᠠ ᠰᠣᠷᠭᠠᠭᠤᠯᠢ᠂ ᠴᠡᠴᠡᠷᠯᠢᠭ ᠢ | ᠵᠤᠬᠢᠶᠠᠨ ᠪᠠᠶᠢᠭᠤᠯᠤᠨ ᠬᠢᠴᠢᠶᠡᠯ ᠤᠨ ᠲᠢᠩᠬᠢᠮ ᠤᠨ ᠭᠠᠳᠠᠨᠠᠬᠢ ᠬᠢᠴᠢᠶᠡᠯᠡᠯᠭᠡ ᠵᠢᠴᠢ ᠬᠦᠳᠡᠯᠭᠡᠭᠡᠨ ᠢ ᠵᠤᠭᠰᠤᠭᠠᠬᠤ | ᠬᠡᠷᠡᠭᠲᠡᠢ᠃ | ᠬᠡᠷᠡᠭ ᠡᠭᠦᠰᠦᠭᠰᠡᠨ ᠭᠠᠵᠠᠷ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠰᠠᠯᠠᠭ᠎ᠠ ᠮᠦᠴᠢᠷ ᠠᠴᠠ ᠡᠮᠴᠢᠯᠡᠭᠡᠨ ᠤ | ᠪᠠᠶᠢᠭᠤᠯᠤᠮᠵᠢ ᠶᠢ ᠵᠢᠯᠤᠭᠤᠳᠤᠨ ᠬᠠᠮᠢᠶ᠎ᠠ ᠪᠦᠬᠦᠢ ᠡᠪᠡᠳᠴᠢᠨ ᠤ ᠡᠭᠦᠳᠡᠨ ᠡᠮᠨᠡᠯᠭᠡ᠂ ᠲᠦᠷᠭᠡᠨ ᠡᠮᠨᠡᠯᠭᠡ | ᠲᠤᠬᠢᠷᠠᠭᠤᠯᠬᠤ ᠪᠠ ᠡᠮᠨᠡᠯᠭᠡ ᠶᠢᠨ ᠠᠵᠢᠯᠲᠠᠨ ᠨᠡᠮᠡᠭᠳᠡᠬᠦᠯᠬᠦ ᠶᠢ ᠬᠠᠷᠢᠭᠤᠴᠠᠬᠤ ᠬᠡᠷᠡᠭᠲᠡᠢ᠃ | ︵2︶ ᠰᠠᠨᠠᠭᠠᠴᠢᠯᠠᠭ᠎ᠠ ᠶᠢᠨ ᠴᠢᠨᠠᠷᠲᠠᠢ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ | ᠠᠪᠴᠠᠯ᠃ ᠪᠠᠶᠢᠭᠤᠯᠭ᠎ᠠ ᠨᠢᠭᠡᠴᠡ ᠪᠠ ᠣᠯᠠᠨ ᠲᠦᠮᠡᠨ ᠠᠭᠤᠷᠰᠢᠬᠤ ᠰᠢᠨᠵᠢ ᠶᠢᠨ ᠣᠷᠭᠠᠨᠢᠭ ᠪᠤᠳᠠᠰ ᠤᠨ | ᠳᠦᠷᠬᠢᠭᠡᠰᠦ ᠡᠳ᠋᠂ ᠲᠤᠰᠤᠨ ᠰᠢᠷ᠂ ᠠᠭᠤᠰᠬᠠᠭᠴᠢ ᠡᠮ ᠵᠡᠷᠭᠡ ᠣᠭ ᠮᠡᠲ᠋ᠧᠷᠢᠶᠡᠯ ᠵᠢᠴᠢ ᠪᠦᠲᠦᠭᠡᠭᠳᠡᠬᠦᠨ ᠤ | ᠬᠡᠷᠡᠭᠯᠡᠯᠲᠡ ᠪᠠᠨ ᠪᠠᠭᠠᠰᠬᠠᠬᠤ ᠬᠡᠷᠡᠭᠲᠡᠢ︔ ᠣᠯᠠᠨ ᠲᠦᠮᠡᠨ ᠤ ᠵᠠᠮ ᠬᠠᠷᠢᠯᠴᠠᠭᠠᠨ ᠤ ᠪᠠᠭᠠᠵᠢ ᠪᠣᠶᠣ ᠴᠠᠬᠢᠯᠭᠠᠨ | ᠬᠦᠳᠡᠯᠭᠡᠭᠦᠷᠲᠦ ᠲᠡᠷᠬᠡ ᠪᠠᠷ ᠭᠠᠳᠠᠭᠰᠢ ᠭᠠᠷᠬᠤ ᠶᠢ ᠰᠠᠨᠠᠭᠠᠴᠢᠯᠠᠵᠤ᠂ ᠲᠡᠷᠬᠡ ᠪᠠᠨ ᠵᠤᠭᠰᠣᠭᠠᠬᠤ ᠳᠤ ᠪᠠᠨ ᠴᠠᠭ | ᠲᠤᠬᠠᠢ ᠳᠤᠨᠢ ᠣᠨᠲᠠᠷᠠᠭᠠᠵᠤ᠂ ᠲᠡᠷᠬᠡ ᠤ ᠣᠷᠣᠨ ᠳᠠᠭᠠᠨ ᠠᠯᠭᠤᠷ ᠠᠵᠢᠯᠯᠠᠬᠤ ᠴᠠᠭ ᠢ ᠪᠠᠭᠠᠰᠬᠠᠬᠤ ᠬᠡᠷᠡᠭᠲᠡᠢ︔ | ᠣᠯᠠᠨ ᠲᠦᠮᠡᠨ ᠤ ᠡᠷᠡᠭᠦᠯ ᠴᠢᠬᠢᠷᠠᠭ ᠠᠮᠢᠳᠣᠷᠠᠯ ᠪᠠ ᠠᠷᠪᠢᠲᠠᠢ ᠬᠡᠷᠡᠭᠯᠡᠭᠡ ᠶᠢ ᠰᠠᠨᠠᠭᠠᠴᠢᠯᠠᠨ᠂ ᠡᠨᠧᠷᠬᠢ ᠶᠢᠨ | ᠬᠤᠷᠤᠭᠳᠠᠯ ᠢ ᠪᠠᠭᠠᠰᠬᠠᠨ᠎ᠠ᠃ | ︵3︶ ᠠᠯᠪᠠᠳᠠᠯᠭ᠎ᠠ ᠶᠢᠨ ᠴᠢᠨᠠᠷᠲᠠᠢ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ | ᠃ ᠬᠡᠷᠡᠭ ᠡᠬᠦᠰᠦᠭᠰᠡᠨ ᠭᠠᠵᠠᠷ ᠤᠨ ᠵᠠᠰᠠᠭ ᠤᠨ ᠣᠷᠳᠣᠨ ᠡᠷᠬᠡᠪᠰᠢ ᠳᠣᠣᠷᠠᠬᠢ ᠠᠷᠭ᠎ᠠ ᠠᠪᠴᠠᠯ ᠢ ᠵᠢᠯᠤᠭᠤᠳᠤᠨ | ᠨᠠᠶᠢᠲᠠᠪᠤᠷᠢᠵᠢᠭᠤᠯᠬᠤ ᠬᠡᠷᠡᠭᠲᠡᠢ᠄ | ᠠᠵᠤ ᠦᠢᠯᠡᠳᠪᠦᠷᠢ ᠶᠢᠨ ᠡᠬᠢᠲᠦ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ᠃ | ᠬᠡᠷᠡᠭ ᠡᠬᠦᠰᠦᠭᠰᠡᠨ ᠭᠠᠵᠠᠷ ᠤᠨ ᠵᠠᠰᠠᠭ ᠤᠨ ᠣᠷᠳᠣᠨ ᠡᠷᠬᠡᠪᠰᠢ ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠨ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠨᠠᠷᠢᠨ ᠳᠠᠩᠰᠠ ᠶᠤᠰᠤᠭᠠᠷ᠂ ᠡᠯ᠎ᠡ | ᠲᠦᠷᠦᠯ ᠤᠨ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ ᠢ ᠴᠢᠩᠭ᠎ᠠ | ᠨᠠᠶᠢᠲᠠᠪᠤᠷᠢᠵᠢᠭᠤᠯᠬᠤ ᠬᠡᠷᠡᠭᠲᠡᠢ᠃ ᠠᠮᠢ ᠠᠬᠤᠢ ᠣᠷᠴᠢᠨ ᠲᠤᠭᠤᠷᠢᠨ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠵᠡᠷᠭᠡ ᠰᠠᠯᠠᠭ᠎ᠠ ᠮᠦᠴᠢᠷ ᠡᠬᠦᠷᠭᠡ ᠴᠢᠳᠠᠪᠬᠢ ᠠᠵᠢᠯ ᠤᠨ ᠬᠤᠪᠢᠶᠠᠷᠢᠯᠠᠯᠲᠠ ᠶᠤᠰᠤᠭᠠᠷ ᠠᠵᠤ | ᠠᠬᠤᠶᠢᠯᠠᠯ ᠤᠨ ᠬᠢᠨ ᠤ ︽ᠨᠢᠭᠡ ᠦᠢᠯᠡᠳᠪᠦᠷᠢ ᠳᠤ ᠨᠢᠭᠡ ᠪᠣᠳᠣᠯᠭ᠎ᠠ︾ ᠶᠢᠨ ᠪᠠᠴᠢᠮ ᠪᠠᠶᠢᠳᠠᠯ ᠢ ᠠᠷᠭᠠᠴᠠᠬᠤ | ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠱᠠᠭᠠᠷᠳᠠᠯᠭ᠎ᠠ ᠶᠢᠨ ᠨᠠᠶᠢᠲᠠᠪᠤᠷᠢᠵᠢᠭᠤᠯᠤᠯᠲᠠ ᠶᠢ | ᠬᠠᠷᠢᠭᠤᠴᠠᠵᠤ᠂ ᠦᠢᠯᠡᠳᠪᠦᠷᠢᠯᠡᠯ ᠤᠨ ᠳᠠᠭᠠᠭᠠᠴᠠ ᠶᠢ ᠪᠠᠭᠤᠷᠠᠭᠤᠯᠬᠤ᠂ ᠦᠢᠯᠡᠳᠪᠦᠷᠢᠯᠡᠯ ᠢ ᠵᠤᠭᠰᠤᠭᠠᠬᠤ᠂ | ᠪᠣᠬᠢᠷᠳᠣᠯ ᠤᠨ ᠵᠠᠰᠠᠯᠲᠠ ᠪᠠᠨ ᠴᠢᠩᠭᠠᠳᠬᠠᠬᠤ᠂ ᠪᠡᠯᠡᠨ ᠪᠠᠷᠠᠭ᠎ᠠ ᠶᠢ ᠴᠠᠭ ᠵᠦᠷᠢᠬᠦᠯᠦᠨ ᠵᠦᠭᠡᠭᠡᠪᠦᠷᠢᠯᠡᠬᠦ ᠵᠡᠷᠭᠡ | ᠠᠷᠭ᠎ᠠ ᠠᠪᠴᠠᠯ ᠠᠪᠤᠨ᠂ ᠠᠭᠠᠷ ᠮᠠᠨᠳᠠᠯ ᠢ ᠪᠣᠬᠢᠷᠳᠣᠭᠤᠯᠬᠤ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ | ᠶᠢᠨ ᠬᠠᠮᠲᠤ ᠠᠭᠠᠷ ᠮᠠᠨᠳᠠᠯ ᠤᠨ ᠬᠦᠨᠳᠦ ᠪᠤᠬᠢᠷᠳᠣᠯ ᠤᠨ ᠡᠬᠢ ᠳᠤ ᠬᠠᠤᠯᠢ ᠬᠡᠷᠡᠭᠵᠢᠬᠦᠯᠦᠨ ᠪᠠᠶᠢᠴᠠᠭᠠᠬᠤ ᠲᠠᠪᠲᠠᠮᠵᠢ | ᠪᠠᠨ ᠨᠡᠮᠡᠭᠳᠡᠬᠦᠯᠬᠦ ᠬᠡᠷᠡᠭᠲᠡᠢ᠃ | ᠲᠤᠭᠤᠰᠤᠨ ᠤ ᠡᠬᠢᠲᠦ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ᠃ ᠠᠭᠤᠷᠬᠠᠢ | ᠂ ᠬᠠᠶᠢᠷ ᠴᠢᠯᠠᠭᠤᠨ ᠤ ᠮᠡᠲ᠋ᠧᠷᠢᠶᠡᠯ ᠤᠨ ᠦᠢᠯᠡᠳᠪᠦᠷᠢ᠂ ᠴᠢᠯᠠᠭᠤᠨ ᠮᠡᠲ᠋ᠧᠷᠢᠶᠡᠯ ᠤᠨ ᠦᠢᠯᠡᠳᠪᠦᠷᠢ᠂ ᠴᠢᠯᠠᠭᠤᠨ | ᠬᠠᠪᠲᠠᠰᠣᠨ ᠦᠢᠯᠡᠳᠪᠦᠷᠢ ᠭᠠᠳᠠᠨ᠎ᠠ ᠬᠠᠯᠬᠠᠪᠴᠢ ᠦᠬᠡᠢ ᠠᠵᠢᠯᠯᠠᠬᠤ ᠪᠠᠨ ᠵᠤᠭᠰᠣᠭᠠᠵᠤ᠂ ᠪᠠᠷᠢᠯᠭ᠎ᠠ ᠶᠢᠨ ᠭᠠᠵᠠᠷ | ᠰᠢᠪᠡᠷ ᠰᠢᠷᠦᠢ ᠶᠢᠨ ᠠᠵᠢᠯ ︵ᠪᠠᠷᠢᠯᠭ᠎ᠠ ᠨᠣᠷᠠᠭᠠᠬᠤ᠂ ᠰᠢᠷᠦᠢ ᠴᠢᠯᠠᠭᠤ ᠮᠠᠯᠲᠠᠬᠤ᠂ ᠪᠣᠯᠠᠬᠤ᠂ ᠰᠢᠯᠵᠢᠬᠦᠯᠦᠨ | ᠵᠦᠬᠡᠬᠡᠪᠦᠷᠢᠯᠡᠬᠦ᠂ ᠴᠤᠬᠤᠢ ᠬᠤᠯᠢᠬᠤ᠂ ᠪᠧᠲ᠋ᠤᠨ ᠪᠠᠯᠪᠠᠴᠢᠬᠤ ᠵᠡᠷᠭᠡ ᠠᠵᠢᠯ ᠢᠶᠠᠨ ᠵᠤᠭᠰᠤᠭᠠᠵᠤ᠂ ᠪᠠᠷᠢᠯᠭ᠎ᠠ ᠶᠢᠨ | ᠲᠦᠬᠦᠷ ᠵᠠᠮ ᠪᠠ ᠬᠤᠭᠤᠯᠠᠢ ᠶᠢᠨ ᠰᠣᠪᠠᠭ ᠮᠠᠯᠲᠠᠬᠤ ᠠᠵᠢᠯ ᠢ ᠵᠤᠭᠰᠤᠭᠠᠬᠤ ᠵᠡᠷᠭᠡ ᠪᠠᠭᠲᠠᠨ᠎ᠠ︶ ᠢᠶᠠᠨ | ᠵᠤᠭᠰᠤᠭᠠᠨ᠎ᠠ︔ ᠪᠠᠷᠢᠯᠭ᠎ᠠ ᠶᠢᠨ ᠬᠤᠭ ᠨᠤᠪᠰᠢ ᠶᠢ ᠴᠡᠪᠡᠷᠯᠡᠵᠦ ᠵᠦᠬᠡᠬᠡᠪᠦᠷᠢᠯᠡᠬᠦ ᠲᠡᠷᠬᠡ ᠪᠠ ᠬᠠᠶᠢᠷ ᠴᠢᠯᠠᠭᠤ | ᠲᠡᠭᠡᠭᠡᠪᠦᠷᠢᠯᠡᠬᠦ ᠮᠠᠰᠢᠨ ᠵᠠᠮ ᠳᠤ ᠭᠠᠷᠴᠤ ᠪᠤᠯᠬᠤ ᠦᠬᠡᠢ᠂ ᠰᠢᠷᠦᠢ ᠴᠢᠯᠠᠭᠤ ᠮᠠᠯᠲᠠᠬᠤ ᠣᠬᠤᠭᠤᠷ ᠮᠠᠰᠢᠨ | ᠠᠵᠢᠯᠠᠯᠠᠬᠤ ᠪᠠᠨ ᠵᠤᠭᠰᠤᠭᠠᠨ᠎ᠠ᠃ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠵᠠᠮ ᠢ ᠠᠷᠢᠭᠤᠳᠬᠠᠬᠤ | ᠲᠠᠪᠲᠠᠮᠵᠢ ᠪᠠᠨ ᠨᠡᠮᠡᠭᠳᠡᠬᠦᠯᠦᠭᠰᠡᠨ ᠰᠠᠭᠤᠷᠢᠨ ᠳᠡᠭᠡᠷ᠎ᠡ᠂ ᠴᠡᠪᠡᠷᠯᠡᠬᠦ᠂ ᠣᠰᠣ ᠰᠦᠷᠴᠢᠬᠦ᠂ ᠰᠠᠭᠠᠬᠢᠬᠤ ᠵᠡᠷᠭᠡ ᠠᠵᠢᠯ | ᠤᠨ ᠲᠠᠪᠲᠠᠮᠵᠢ ︵ᠮᠦᠰᠦᠳᠦᠬᠦ ᠬᠤᠭᠤᠴᠠᠭᠠᠨ ᠳᠤ ᠲᠤᠬᠠᠢ ᠶᠢᠨ ᠭᠠᠵᠠᠷ ᠤᠨ ᠪᠣᠲᠠᠲᠣ ᠪᠠᠶᠢᠳᠠᠯ ᠲᠠᠢ | ᠣᠶᠠᠯᠳᠣᠭᠤᠯᠵᠣ ᠬᠡᠷᠡᠭᠵᠢᠬᠦᠯᠦᠨ᠎ᠡ︶ ᠪᠠᠨ ᠨᠡᠮᠡᠭᠳᠡᠬᠦᠯᠬᠦ ᠬᠡᠷᠡᠭᠲᠡᠢ᠃ ᠵᠠᠮ ᠲᠡᠭᠡᠭᠡᠪᠦᠷᠢ ᠶᠢᠨ ᠰᠠᠯᠠᠭ᠎ᠠ ᠮᠦᠴᠢᠷ ᠵᠠᠮ | ᠬᠠᠷᠢᠯᠴᠠᠭᠠᠨ ᠤ ᠪᠠᠷᠢᠯᠭ᠎ᠠ ᠪᠠ ᠵᠠᠰᠠᠮᠠᠯ ᠵᠠᠮ ᠤᠨ ᠲᠡᠭᠡᠭᠡᠪᠦᠷᠢ ᠶᠢᠨ ᠬᠢᠨᠠᠨ ᠬᠠᠮᠢᠶᠠᠷᠤᠯᠲᠠ ᠪᠠᠨ ᠴᠢᠩᠭᠠᠳᠬᠠᠬᠤ ᠶᠢ | ᠬᠠᠷᠢᠭᠤᠴᠠᠨ᠂ ᠪᠦᠲᠦᠮᠵᠢᠲᠡᠢ ᠠᠷᠭ᠎ᠠ ᠠᠪᠴᠠᠯ ᠠᠪᠴᠤ ᠵᠠᠰᠠᠮᠠᠯ ᠵᠠᠮ ᠤᠨ ᠲᠤᠭᠤᠰᠤᠨ ᠤ ᠪᠣᠬᠢᠷᠳᠣᠯ ᠢ ᠰᠡᠷᠬᠡᠶᠢᠯᠡᠨ | ᠵᠠᠰᠠᠬᠤ ᠬᠡᠷᠡᠭᠲᠡᠢ᠃ | ᠲᠤᠬᠠᠢ ᠶᠢᠨ ᠭᠠᠵᠠᠷ ᠤᠨ ᠲᠤᠭᠲᠠᠭᠠᠭᠰᠠᠨ ᠴᠢᠬᠤᠯᠠ ᠪᠠᠶᠢᠭᠤᠯᠤᠯᠲᠠ ᠶᠢᠨ ᠲᠦᠷᠦᠯ ᠵᠦᠢᠯ᠂ ᠠᠷᠠᠳ ᠤᠨ | ᠠᠮᠢᠳᠣᠷᠠᠯ ᠤᠨ ᠢᠨᠵᠧᠨᠧᠷᠢᠩ᠂ ᠪᠠᠴᠢᠮ ᠪᠠᠶᠢᠳᠠᠯ ᠢ ᠠᠷᠭᠠᠴᠠᠨ ᠠᠶᠤᠯ ᠠᠴᠠ ᠠᠪᠤᠷᠠᠬᠤ ᠪᠠᠷᠢᠯᠭ᠎ᠠ ᠵᠡᠷᠭᠡ ᠶᠢ | ᠬᠡᠷᠡᠭᠴᠡᠭᠡ ᠪᠠᠨ ᠦᠨᠳᠦᠰᠦᠯᠡᠨ ᠦᠷᠬᠦᠯᠵᠢᠯᠡᠨ ᠠᠵᠢᠯᠯᠠᠭᠤᠯᠵᠤ ᠪᠣᠯᠣᠨ᠎ᠠ᠂ ᠬᠡᠪᠡᠴᠦ ︽ᠵᠢᠷᠭᠤᠭᠠᠨ ᠵᠠᠭᠤᠨ ᠤ ᠵᠠᠭᠤ | ︾ ︵ᠪᠠᠷᠢᠯᠭ᠎ᠠ ᠶᠢᠨ ᠭᠠᠵᠠᠷ ᠢᠶᠠᠨ ᠵᠠᠭᠤᠨ ᠤ ᠵᠠᠭᠤ ᠪᠠᠷ ᠬᠦᠷᠢᠶᠡᠯᠡᠭᠰᠡᠨ ᠪᠠᠶᠢᠬᠤ᠂ ᠣᠪᠣᠭᠠᠯᠠᠵᠤ ᠪᠠᠶᠢᠭ᠎ᠠ ᠡᠳ᠋ | ᠪᠠᠷᠠᠭ᠎ᠠ ᠪᠠᠨ ᠵᠠᠭᠤᠨ ᠤ ᠵᠠᠭᠤ ᠪᠠᠷ ᠪᠦᠷᠬᠦᠭᠰᠡᠨ ᠪᠠᠶᠢᠬᠤ᠂ ᠣᠷᠣᠵᠣ ᠭᠠᠷᠬᠤ ᠲᠡᠷᠬᠡ ᠪᠠᠨ ᠵᠠᠭᠤᠨ ᠤ ᠵᠠᠭᠤ ᠪᠠᠷ | ᠣᠬᠢᠶᠠᠬᠤ᠂ ᠪᠠᠷᠢᠯᠭ᠎ᠠ ᠶᠢᠨ ᠠᠬᠤᠢ ᠲᠡᠯᠡᠪᠡᠢ ᠶᠢᠨ ᠭᠠᠵᠠᠷ ᠤᠨ ᠭᠠᠳᠠᠷᠭᠤ ᠶᠢ ᠵᠠᠭᠤᠨ ᠤ ᠵᠠᠭᠤ ᠪᠠᠷ | ᠬᠠᠲᠠᠭᠤᠵᠢᠭᠤᠯᠤᠭᠰᠠᠨ ᠪᠠᠶᠢᠬᠤ᠂ ᠨᠣᠷᠠᠭᠠᠵᠤ ᠨᠡᠬᠦᠯᠬᠡᠬᠦ ᠪᠠᠷᠢᠯᠭ᠎ᠠ ᠶᠢᠨ ᠭᠠᠵᠠᠷ ᠢ ᠵᠠᠭᠤᠨ ᠤ ᠵᠠᠭᠤ ᠪᠠᠷ | ᠴᠢᠬᠢᠭᠳᠡᠬᠦᠯᠵᠦ ᠠᠵᠢᠯᠯᠠᠭᠰᠠᠨ ᠪᠠᠶᠢᠬᠤ᠂ ᠬᠤᠭ ᠰᠢᠷᠦᠢ ᠶᠢᠨ ᠲᠡᠷᠭᠡ ᠶᠢ ᠵᠠᠭᠤᠨ ᠤ ᠵᠠᠭᠤ ᠪᠠᠷ ᠪᠢᠲᠡᠬᠦᠮᠵᠢᠯᠡᠭᠰᠡᠨ | ᠪᠠᠶᠢᠬᠤ︶ ᠱᠠᠭᠠᠷᠳᠠᠯᠭ᠎ᠠ ᠶᠢ ᠡᠷᠡᠰ ᠴᠢᠩᠭ᠎ᠠ ᠨᠡᠶᠢᠲᠠᠪᠤᠷᠢᠵᠢᠭᠤᠯᠵᠤ᠂ ᠬᠤᠭᠤᠰᠤᠨ ᠭᠠᠵᠠᠷ ᠪᠦᠬᠦᠨ ᠢ ᠪᠦᠲᠡᠬᠡᠵᠦ | ᠪᠦᠷᠬᠦᠨ᠂ ᠣᠰᠣ ᠰᠦᠷᠴᠢᠨ ᠲᠤᠭᠤᠰᠤᠨ ᠤ ᠪᠣᠬᠢᠷᠳᠣᠯ ᠢ ᠪᠠᠭᠠᠰᠬᠠᠬᠤ ᠲᠠᠪᠲᠠᠮᠵᠢ ᠪᠠᠨ ᠨᠡᠮᠡᠭᠳᠡᠬᠦᠯᠦᠨ᠎ᠡ᠃ | ᠨᠡᠬᠦᠳᠡᠯ ᠡᠬᠢᠲᠦ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ᠃ ᠪᠠᠷᠢᠯᠭ᠎ᠠ ᠶᠢᠨ | ᠭᠠᠵᠠᠷ᠂ ᠠᠵᠤ ᠦᠢᠯᠡᠳᠪᠦᠷᠢ᠂ ᠠᠵᠤ ᠠᠬᠤᠶᠢᠯᠠᠯ ᠤᠨ ᠲᠤᠭᠤᠷᠢᠭ ᠪᠠ ᠠᠵᠤ ᠦᠢᠯᠡᠳᠪᠦᠷᠢ ᠶᠢᠨ ᠬᠦᠷᠢᠶᠡᠯᠡᠩ | ᠲᠤᠭᠤᠷᠢᠭ ᠲᠤ ᠪᠠᠷᠢᠮᠵᠢᠶᠠᠨ ᠳᠤ ᠬᠦᠷᠦᠭᠰᠡᠨ ᠦᠬᠡᠢ ᠨᠡᠭᠦᠳᠡᠯ ᠮᠠᠰᠢᠨ ᠲᠤᠨᠤᠭᠯᠠᠯ ᠢ ᠬᠡᠷᠡᠭᠯᠡᠵᠦ ᠪᠤᠯᠬᠤ ᠦᠭᠡᠢ᠃ | ᠵᠠᠷᠴᠢᠮ ᠳᠡᠭᠡᠷ᠎ᠡ ᠪᠠᠨ᠂ ᠬᠤᠲᠠ ᠶᠢᠨ ᠡᠷᠬᠢᠯᠲᠡ ᠶᠢ ᠪᠠᠲᠤᠯᠠᠬᠤ ᠲᠡᠷᠭᠡ ᠪᠠ ᠡᠬᠦᠷᠬᠡ ᠪᠡᠶᠡᠯᠡᠬᠦᠯᠬᠦ ᠣᠨᠴᠠᠭᠠᠢ ᠲᠡᠷᠬᠡ | ᠮᠠᠰᠢᠨ ᠠᠴᠠ ᠭᠠᠳᠠᠨ᠎ᠠ᠂ ᠬᠤᠲᠠ ᠪᠠᠯᠭᠠᠰᠣᠨ ᠤ ᠵᠡᠭᠡᠯᠢ ᠳᠡᠭᠡᠷ᠎ᠡ ᠬᠦᠨᠳᠦ ᠬᠡᠯᠪᠡᠷᠢ ᠪᠠ ᠳᠣᠮᠳᠠ ᠬᠡᠯᠪᠡᠷᠢ ᠶᠢᠨ | ᠲᠦᠯᠡᠰᠢ ᠶᠢᠨ ᠲᠤᠰᠤᠨ ᠤ ᠠᠴᠢᠶᠠᠨ ᠤ ᠮᠠᠰᠢᠨ᠂ ᠳᠣᠣᠷ᠎ᠠ ᠬᠤᠷᠳᠣᠴᠠᠲᠤ ᠠᠴᠢᠶᠠᠨ ᠤ ᠮᠠᠰᠢᠨ ᠪᠠ ᠲᠷᠡᠺᠲ᠋ᠤᠷ ᠵᠠᠮ | ᠦᠩᠭᠡᠷᠡᠭᠦ ᠶᠢ ᠬᠤᠷᠢᠭᠯᠠᠨ᠎ᠠ᠃ ᠡᠯ᠎ᠡ ᠭᠠᠵᠠᠷ ᠤᠨ ᠲᠤᠲᠤᠭᠠᠲᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠨᠡᠶᠢᠲᠡᠯᠡᠭᠰᠡᠨ ᠬᠦᠨᠳᠦ | ᠪᠤᠬᠢᠷᠳᠣᠯ ᠲᠠᠢ ᠴᠠᠭ ᠠᠭᠤᠷ ᠲᠤ ᠲᠡᠷᠬᠡ ᠮᠠᠰᠢᠨ ᠨᠡᠪᠲᠡᠷᠡᠬᠦ ᠶᠢ ᠬᠢᠵᠠᠭᠠᠷᠯᠠᠬᠤ ᠵᠠᠷᠯᠠᠯ ᠶᠤᠰᠤᠭᠠᠷ᠂ ᠬᠦᠨᠳᠦ | ᠬᠡᠯᠪᠡᠷᠢ᠂ ᠳᠣᠮᠳᠠ ᠬᠡᠯᠪᠡᠷᠢ ᠶᠢᠨ ᠠᠴᠢᠶᠠᠨ ᠤ ᠮᠠᠰᠢᠨ ᠵᠢᠴᠢ ᠪᠠᠷᠢᠯᠭ᠎ᠠ ᠶᠢᠨ ᠲᠡᠷᠬᠡ ᠮᠠᠰᠢᠨ ᠲᠤᠷ᠎ᠠ ᠲᠠᠪᠠ ᠪᠠᠷ | ᠢᠶᠠᠨ ᠶᠠᠪᠤᠨ ᠵᠠᠷᠯᠠᠯ ᠢ ᠵᠦᠷᠢᠴᠡᠬᠦ ᠵᠠᠮ ᠬᠠᠷᠢᠯᠴᠠᠭᠠᠨ ᠤ ᠬᠠᠤᠯᠢ ᠵᠦᠷᠢᠴᠡᠭᠰᠡᠨ ᠠᠵᠢᠯᠯᠠᠭᠠᠨ ᠢ ᠰᠢᠢᠳᠬᠡᠵᠦ᠂ | ᠬᠢᠵᠠᠭᠠᠷ ᠢᠶᠠᠷ ᠦᠩᠭᠡᠷᠡᠭᠦ ᠲᠡᠷᠭᠡ ᠬᠤᠲᠠ ᠪᠠᠯᠭᠠᠰᠣᠨ ᠤ ᠵᠡᠭᠡᠯᠢ ᠪᠠᠷ ᠶᠠᠪᠤᠬᠤ ᠠᠴᠠ ᠵᠠᠶᠢᠯᠠᠰᠬᠢᠬᠦ ᠶᠢ ᠵᠢᠯᠤᠭᠤᠳᠤᠨ᠎ᠠ | ᠃ | 3. Ⅱ ᠲᠡᠰ ᠤᠨ ᠳᠠᠶᠢᠴᠢᠯᠠᠯᠲᠠ ᠶᠢᠨ ᠠᠵᠢᠯᠯᠠᠭᠠᠨ ᠤ ᠠᠷᠭ᠎ᠠ ᠠᠪᠴᠠᠯ | ᠪᠠᠴᠢᠮ ᠪᠠᠶᠢᠳᠠᠯ ᠢ ᠠᠷᠭᠠᠴᠠᠬᠤⅢᠲᠡᠰ ᠤᠨ ᠳᠠᠶᠢᠴᠢᠯᠠᠯᠲᠠ ᠶᠢᠨ ᠠᠵᠢᠯᠯᠠᠭᠠᠨ ᠤ ᠠᠷᠭ᠎ᠠ ᠠᠪᠴᠠᠯ ᠢ | ᠬᠡᠷᠡᠭᠵᠢᠬᠦᠯᠬᠦ ᠰᠠᠭᠤᠷᠢᠨ ᠳᠡᠭᠡᠷ᠎ᠡ᠂ ᠳᠣᠣᠷᠠᠬᠢ ᠠᠷᠭ᠎ᠠ ᠠᠪᠴᠠᠯ ᠢ ᠨᠡᠮᠡᠭᠳᠡᠬᠦᠯᠦᠨ᠎ᠡ᠄ | ᠠᠵᠤ ᠦᠢᠯᠡᠳᠪᠦᠷᠢ ᠶᠢᠨ ᠡᠬᠢᠲᠦ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ᠃ | ᠬᠦᠭᠵᠢᠭᠦᠯᠦᠯᠳᠠ ᠦᠭᠡᠷᠡᠴᠢᠯᠡᠯᠳᠡ᠂ ᠡᠨᠧᠷᠬᠢ ᠶᠢᠨ ᠰᠠᠯᠠᠭ᠎ᠠ ᠮᠦᠴᠢᠷ ᠤᠨ ᠬᠢᠨ ᠨᠡᠬᠦᠷᠡᠰᠦᠨ ᠴᠠᠬᠢᠯᠭᠠᠨ ᠤ ᠠᠵᠤ | ᠠᠬᠤᠶᠢᠯᠠᠯ ᠢ ᠵᠢᠯᠤᠭᠤᠳᠤᠨ ᠰᠢᠯᠢᠳᠡᠭ ᠨᠡᠬᠦᠷᠡᠰᠦ ᠬᠡᠷᠡᠭᠯᠡᠬᠦ ᠬᠠᠷᠢᠴᠠᠯ ᠢ ᠨᠢ ᠶᠡᠭᠡᠳᠬᠡᠨᠡ᠃ ᠦᠪᠦᠷ ᠮᠣᠩᠭᠤᠯ ᠤᠨ | ᠴᠠᠬᠢᠯᠭᠠᠨ ᠬᠦᠴᠦᠨ ᠤ ᠪᠦᠯᠦᠭᠯᠡᠯ ᠠᠴᠠ ᠨᠡᠬᠦᠷᠡᠰᠦᠨ ᠴᠠᠬᠢᠯᠭᠠᠨ ᠤ ᠠᠵᠤ ᠠᠬᠤᠶᠢᠯᠠᠯ ᠤᠨ ᠴᠠᠬᠢᠯᠭᠠᠨ ᠭᠠᠷᠭᠠᠯᠲᠠ | ᠳᠤ ᠱᠠᠲᠤ ᠬᠤᠪᠢᠶᠠᠵᠤ ᠡᠬᠡᠯᠵᠢᠯᠡᠨ ᠬᠢᠵᠠᠭᠠᠷᠯᠠᠬᠤ ᠠᠷᠭ᠎ᠠ ᠠᠪᠴᠠᠯ ᠢᠶᠠᠷ ᠨᠢᠭᠡᠳᠦᠯᠲᠡᠢ ᠲᠦᠯᠦᠪᠵᠢᠬᠦᠯᠦᠨ | ᠬᠡᠷᠡᠭᠵᠢᠬᠦᠯᠬᠦ ᠬᠡᠷᠡᠭᠲᠡᠢ᠃ | ᠨᠡᠭᠦᠳᠡᠯ ᠡᠬᠢᠲᠦ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ᠃ ᠵᠠᠮ | ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠦᠴᠢᠷ ᠤᠯᠠᠨ ᠨᠠᠶᠢᠲᠠ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ | ᠬᠦᠴᠦᠨ ᠢᠶᠠᠨ ᠨᠡᠮᠡᠭᠳᠡᠬᠦᠯᠬᠦ ᠶᠢ ᠬᠠᠷᠢᠭᠤᠴᠠᠵᠤ᠂ ᠰᠠᠭᠤᠭᠠᠯᠢ ᠠᠷᠠᠳ ᠤᠨ ᠭᠠᠳᠠᠭᠰᠢ ᠶᠠᠪᠤᠬᠤ ᠶᠢ ᠪᠠᠲᠤᠯᠠᠨ᠂ | ᠨᠦᠬᠦᠴᠡᠯ ᠲᠠᠢ ᠭᠠᠵᠠᠷ ᠤᠷᠤᠨ ᠵᠠᠰᠠᠭ ᠤᠨ ᠣᠷᠳᠣᠨ ᠨᠠᠶᠢᠲᠠ ᠶᠢᠨ ᠮᠠᠰᠢᠨ ᠲᠡᠷᠬᠡᠨ ᠤ ᠠᠵᠤ ᠠᠬᠤᠶᠢᠯᠠᠯ ᠤᠨ | ᠦᠢᠯᠡᠴᠢᠯᠡᠭᠡ ᠶᠢ ᠬᠤᠳᠠᠯᠳᠣᠨ ᠠᠪᠬᠤ ᠬᠡᠯᠪᠡᠷᠢ ᠪᠠᠷ ᠨᠠᠶᠢᠲᠡ ᠶᠢᠨ ᠮᠠᠰᠢᠨ ᠲᠡᠷᠭᠡᠨ ᠳᠤ ᠰᠠᠭᠤᠬᠤ ᠵᠠᠷᠤᠳᠠᠯ ᠢ | ᠬᠦᠩᠭᠡᠷᠡᠭᠦᠯᠵᠦ ᠪᠤᠯᠤᠨ᠎ᠠ᠃ ᠠᠭᠤᠷᠬᠠᠢ ︵ᠨᠡᠭᠦᠷᠡᠰᠦᠨ ᠠᠭᠤᠷᠬᠠᠢ ᠪᠠᠭᠲᠠᠨ᠎ᠠ︶᠂ ᠨᠡᠭᠦᠷᠡᠰᠦ ᠤᠬᠢᠶᠠᠬᠤ | ᠦᠢᠯᠡᠳᠪᠦᠷᠢ᠂ ᠡᠳ᠋ ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ ︵ᠠᠷᠠᠳ ᠤᠨ ᠠᠮᠢᠳᠣᠷᠠᠯ ᠤᠨ ᠪᠠᠲᠤᠯᠠᠭ᠎ᠠ ᠶᠢᠨ | ᠲᠦᠷᠦᠯ ᠠᠴᠠ ᠭᠠᠳᠠᠨ᠎ᠠ︶ ᠵᠡᠷᠭᠡ ᠪᠡᠯᠡᠨ ᠲᠦᠬᠦᠭᠡᠢ ᠡᠳ᠋ ᠪᠠ ᠪᠦᠲᠦᠭᠡᠭᠳᠡᠬᠦᠨ ᠤ ᠲᠡᠭᠡᠭᠡᠪᠦᠷᠢ ︵ᠡᠳᠦᠷ ᠪᠦᠷᠢ ᠶᠢᠨ | ᠲᠡᠷᠬᠡ ᠮᠠᠰᠢᠨ ᠤᠷᠤᠵᠤ ᠭᠠᠷᠬᠤ ᠬᠡᠮᠵᠢᠶ᠎ᠡ 10 ᠠᠴᠠ ᠬᠡᠲᠦᠷᠡᠬᠦ︶ ᠶᠢᠨ ᠪᠠᠶᠢᠭᠤᠯᠭ᠎ᠠ ᠨᠢᠭᠡᠴᠡ ᠡᠷᠬᠡᠪᠰᠢ ᠣᠯᠣᠰ | ᠤᠨ ᠳᠦᠷᠪᠡᠳᠦᠭᠡᠷ ᠲᠡᠰ ᠤᠨ ᠪᠠᠷᠢᠮᠵᠢᠶ᠎ᠠ ᠠᠴᠠ ᠲᠤᠷᠤᠭᠰᠢ ᠬᠦᠨᠳᠦ ᠬᠡᠯᠪᠡᠷᠢ ᠶᠢᠨ ᠠᠴᠢᠶᠠᠨ ᠤ ᠮᠠᠰᠢᠨ ︵ | ᠰᠢᠲᠠᠮᠠᠬᠠᠢ ᠬᠡᠢ ᠪᠠᠷ ᠲᠦᠯᠡᠰᠢ ᠪᠤᠯᠭᠠᠭᠰᠠᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠪᠠᠭᠲᠠᠨ᠎ᠠ︶ ᠢᠶᠠᠷ | ᠲᠡᠭᠡᠭᠡᠪᠦᠷᠢᠯᠡᠬᠦ ︵ᠣᠨᠴᠠᠭᠠᠢ ᠮᠠᠰᠢᠨ ᠲᠡᠷᠬᠡ᠂ ᠠᠶᠤᠯᠲᠤ ᠬᠢᠮᠢ ᠶᠢᠨ ᠪᠦᠲᠦᠭᠡᠭᠳᠡᠬᠦᠨ ᠤ ᠮᠠᠰᠢᠨ ᠲᠡᠷᠬᠡ ᠶᠢ | ᠪᠠᠭᠲᠠᠭᠠᠬᠤ ᠦᠭᠡᠢ︶ ᠪᠠᠨ ᠵᠤᠭᠰᠤᠭᠠᠨ᠎ᠠ᠃ | ᠴᠠᠭ ᠠᠭᠤᠷ ᠤᠨ ᠰᠠᠯᠠᠭ᠎ᠠ ᠮᠦᠴᠢᠷ ᠴᠠᠭ ᠠᠭᠤᠷ ᠤᠨ ᠨᠦᠭᠦᠴᠡᠯ ᠢᠶᠠᠨ ᠦᠨᠳᠦᠰᠦᠯᠡᠨ ᠴᠠᠭ ᠠᠭᠤᠷ ᠢ | ᠨᠦᠯᠦᠭᠡᠯᠡᠭᠦ ᠬᠡᠷᠡᠭᠵᠢᠭᠦᠯᠦᠰᠢᠳᠠᠢ ᠠᠷᠭ᠎ᠠ ᠠᠪᠴᠠᠯ ᠠᠪᠣᠨ᠎ᠠ᠃ | 4. Ⅰ ᠲᠡᠰ ᠤᠨ ᠲᠠᠶᠢᠴᠢᠯᠠᠯᠳᠠ ᠶᠢᠨ ᠠᠵᠢᠯᠯᠠᠭ᠎ᠠ ᠶᠢᠨ ᠠᠷᠭ᠎ᠠ ᠠᠪᠴᠠᠯ | ᠪᠠᠴᠢᠮ ᠢ ᠠᠷᠭᠠᠴᠠᠬᠤ Ⅱ ᠲᠡᠰ ᠤᠨ ᠲᠠᠶᠢᠴᠢᠯᠠᠯᠳᠠ ᠶᠢᠨ ᠠᠵᠢᠯᠯᠠᠭ᠎ᠠ ᠶᠢᠨ ᠠᠷᠭ᠎ᠠ ᠠᠪᠴᠠᠯ ᠢ ᠬᠡᠷᠡᠭᠵᠢᠭᠦᠯᠬᠦ | ᠰᠠᠭᠤᠷᠢᠨ ᠲᠡᠭᠡᠷ᠎ᠡ᠂ ᠲᠣᠣᠷᠠᠬᠢ ᠠᠷᠭ᠎ᠠ ᠠᠪᠴᠠᠯ ᠢ ᠨᠠᠮᠡᠭᠳᠡᠭᠦᠯᠦᠨ᠎ᠡ᠄ | ᠡᠷᠡᠭᠦᠯ ᠮᠡᠨᠳᠦ ᠶᠢᠨ ᠬᠠᠮᠠᠭᠠᠯᠠᠯᠳᠠ ᠶᠢᠨ ᠠᠷᠭ᠎ᠠ ᠠᠪᠴᠠᠯ᠃ ᠬᠡᠷᠡᠭ ᠡᠭᠦᠰᠦᠭᠰᠡᠨ ᠲᠣᠬᠠᠢ ᠶᠢᠨ ᠭᠠᠵᠠᠷ ᠤᠨ | ᠰᠣᠷᠭᠠᠨ ᠬᠦᠮᠦᠵᠢᠯ ᠤᠨ ᠰᠠᠯᠠᠭ᠎ᠠ ᠮᠦᠴᠢᠷ ᠲᠣᠰ ᠭᠠᠵᠠᠷ ᠣᠷᠣᠨ ᠤ ᠪᠣᠳᠠᠳᠠᠢ ᠪᠣᠬᠢᠷᠳᠣᠯ ᠤᠨ ᠬᠡᠮᠵᠢᠶ᠎ᠡ ︵AQI | ᠤᠨ ᠡᠳᠦᠷ ᠪᠦᠷᠢ ᠶᠢᠨ ᠲᠣᠮᠳᠠᠴᠢ ᠬᠡᠮᠵᠢᠭᠳᠡᠯ 500 ᠳᠤ ᠬᠦᠷᠪᠡᠯ︶ ᠶᠢ ᠦᠨᠳᠦᠰᠦᠯᠡᠨ ᠬᠡᠣᠭᠡᠳ ᠤᠨ ᠴᠡᠴᠡᠷᠯᠢᠭ᠂ | ᠲᠣᠮᠳᠠᠳᠦ ᠪᠠᠭ᠎ᠠ ᠰᠣᠷᠭᠠᠭᠤᠯᠢ ᠶᠢᠨ ᠬᠢᠴᠢᠶᠡᠯ ᠢ ᠵᠣᠭᠰᠣᠭᠠᠨ᠂ ᠬᠢᠴᠢᠶᠡᠯ ᠵᠣᠭᠰᠣᠭᠰᠠᠨ ᠬᠤᠭᠤᠴᠠᠭᠠᠨ ᠳᠠᠬᠢ | ᠰᠣᠷᠣᠭᠴᠢᠳ ᠤᠨ ᠰᠣᠷᠣᠯᠴᠠᠯᠭ᠎ᠠ ᠶᠢ ᠵᠣᠬᠢᠰᠳᠠᠢ ᠲᠣᠬᠢᠷᠠᠭᠤᠯᠵᠣ᠂ ᠬᠢᠴᠢᠶᠡᠯ ᠵᠣᠭᠰᠣᠬᠤ ᠠᠴᠠ ᠰᠣᠷᠣᠯᠴᠠᠯᠭ᠎ᠠ | ᠵᠣᠭᠰᠣᠬᠤ ᠦᠭᠡᠢ ᠶᠢ ᠪᠠᠳᠣᠯᠠᠨ᠎ᠠ᠃ | ᠠᠵᠣ ᠣᠶᠢᠯᠠᠳᠪᠦᠷᠢ ᠶᠢᠨ ᠡᠬᠢᠳᠦ ᠪᠣᠬᠢᠷᠳᠣᠯ ᠤᠨ ᠭᠠᠳᠠᠭᠰᠢᠯᠠᠭᠤᠯᠣᠯᠳᠠ ᠶᠢ ᠪᠠᠭᠠᠰᠬᠠᠬᠤ ᠠᠷᠭ᠎ᠠ ᠠᠪᠴᠠᠯ᠃ | ᠬᠡᠷᠡᠭ ᠡᠭᠦᠰᠦᠭᠰᠡᠨ ᠭᠠᠵᠠᠷ ᠤᠨ ᠵᠠᠰᠠᠭ ᠤᠨ ᠣᠷᠳᠣᠨ ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠶᠢᠳᠠᠯ ᠢ | ᠦᠨᠳᠦᠰᠦᠯᠡᠨ ᠣᠶᠢᠯᠠᠳᠪᠦᠷᠢᠯᠠᠯ ᠢ ᠬᠢᠵᠠᠭᠠᠷᠯᠠᠬᠤ᠂ ᠵᠣᠭᠰᠣᠭᠠᠬᠤ ᠵᠡᠷᠭᠡ ᠪᠣᠬᠢᠷᠳᠣᠯ ᠤᠨ ᠭᠠᠳᠠᠭᠰᠢᠯᠠᠭᠤᠯᠣᠯᠳᠠ ᠶᠢ | ᠪᠠᠭᠠᠰᠬᠠᠬᠤ ᠨᠠᠷᠢᠨ ᠲᠠᠩᠰᠠ ᠶᠣᠰᠣᠭᠠᠷ᠂ ᠡᠯ᠎ᠡ ᠲᠦᠷᠦᠯ ᠤᠨ ᠭᠠᠳᠠᠭᠰᠢᠯᠠᠭᠤᠯᠣᠯᠳᠠ ᠶᠢ ᠪᠠᠭᠠᠰᠬᠠᠬᠤ ᠠᠷᠭ᠎ᠠ | ᠠᠪᠴᠠᠯ ᠢ ᠴᠢᠩᠭ᠎ᠠ ᠨᠠᠶᠢᠳᠠᠪᠦᠷᠢᠵᠢᠭᠤᠯᠣᠨ᠎ᠠ᠃ | ᠨᠡᠭᠦᠳᠡᠯ ᠡᠬᠢᠳᠦ ᠪᠣᠬᠢᠷᠳᠣᠯ ᠤᠨ ᠭᠠᠳᠠᠭᠰᠢᠯᠠᠭᠤᠯᠣᠯᠳᠠ ᠶᠢ ᠪᠠᠭᠠᠰᠬᠠᠬᠤ ᠠᠷᠭ᠎ᠠ ᠠᠪᠴᠠᠯ᠃ ᠬᠡᠷᠡᠭ | ᠡᠭᠦᠰᠦᠭᠰᠡᠨ ᠭᠠᠵᠠᠷ ᠤᠨ ᠵᠠᠰᠠᠭ ᠤᠨ ᠣᠷᠳᠣᠨ ᠠᠴᠠ ᠲᠡᠷᠬᠡ ᠮᠠᠰᠢᠨ ᠤ ᠨᠠᠭᠠᠰᠢ ᠴᠠᠭᠠᠰᠢ ᠶᠠᠪᠣᠬᠤ ᠶᠢ ᠴᠢᠩᠭ᠎ᠠ | ᠬᠢᠵᠠᠭᠠᠷᠯᠠᠬᠤ ᠠᠷᠭ᠎ᠠ ᠠᠪᠴᠠᠯ ᠢ ᠬᠡᠷᠡᠭᠵᠢᠭᠦᠯᠦᠨ᠎ᠡ᠃ | 5. ᠪᠠᠴᠢᠮ ᠪᠠᠶᠢᠳᠠᠯ ᠢ ᠠᠷᠭᠠᠴᠠᠬᠤ ᠬᠤᠯᠪᠣᠭᠠᠯᠠᠬᠤ ᠠᠵᠢᠯᠯᠠᠭ᠎ᠠ | ︵1︶ ᠪᠦᠬᠦ ᠬᠤᠰᠢᠭᠤᠨ ᠤ Ⅲ ᠲᠡᠰ ᠤᠨ ᠲᠠᠶᠢᠴᠢᠯᠠᠯᠳᠠ ᠶᠢᠨ ᠠᠵᠢᠯᠯᠠᠭ᠎ᠠ | ᠬᠤᠰᠢᠭᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠦᠭᠵᠢᠭᠦᠯᠦᠯᠳᠡ ᠦᠭᠡᠷᠡᠴᠢᠯᠡᠯᠳᠡ | ᠶᠢᠨ ᠵᠦᠪᠯᠡᠯ᠂ ᠠᠵᠣ ᠣᠶᠢᠯᠠᠳᠪᠦᠷᠢ ᠪᠣᠯᠣᠨ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠲᠣᠳᠣᠭᠠᠳᠦ ᠶᠢ | ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠬᠤᠳᠠ ᠬᠦᠳᠡᠭᠡ | ᠶᠢᠨ ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠷᠭᠠᠨ | ᠬᠦᠮᠦᠵᠢᠯ ᠪᠡᠶ᠎ᠡ ᠲᠠᠮᠢᠷ ᠤᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ ᠵᠡᠷᠭᠡ ᠠᠯᠪᠠᠳᠠᠯᠭ᠎ᠠ ᠶᠢᠨ ᠴᠢᠨᠠᠷᠳᠠᠢ | ᠪᠠᠷ ᠪᠣᠬᠢᠷᠳᠣᠯ ᠤᠨ ᠭᠠᠳᠠᠭᠰᠢᠯᠠᠭᠤᠯᠣᠯᠳᠠ ᠶᠢ ᠪᠠᠭᠠᠰᠬᠠᠬᠤ ᠶᠢ ᠬᠢᠨᠠᠨ ᠬᠠᠮᠢᠶᠠᠷᠬᠤ ᠪᠣᠶᠣ ᠬᠢᠨᠠᠨ ᠵᠢᠯᠣᠭᠤᠳᠬᠤ | ᠡᠭᠦᠷᠭᠡ ᠲᠣᠰᠢᠶᠠᠯ ᠲᠠᠢ ᠰᠠᠯᠠᠭ᠎ᠠ ᠮᠦᠴᠢᠷ ᠡᠭᠦᠷᠭᠡ ᠲᠣᠰᠢᠶᠠᠯ ᠤᠨ ᠬᠤᠪᠢᠶᠠᠷᠯᠠᠯ ᠶᠣᠰᠣᠭᠠᠷ᠂ ᠰᠠᠯᠠᠭ᠎ᠠ ᠮᠦᠴᠢᠷ | ᠤᠨ ᠲᠣᠰᠬᠠᠢ ᠲᠦᠷᠦᠯ ᠤᠨ ᠬᠡᠷᠡᠭᠵᠢᠭᠦᠯᠬᠦ ᠲᠦᠰᠦᠯ ᠢᠶᠠᠨ ᠡᠬᠢᠯᠡᠭᠦᠯᠵᠣ᠂ ᠭᠠᠳᠠᠭᠰᠢᠯᠠᠭᠤᠯᠣᠯᠳᠠ ᠶᠢ ᠪᠠᠭᠠᠰᠬᠠᠬᠤ | ᠠᠷᠭ᠎ᠠ ᠠᠪᠴᠠᠯ ᠢ ᠬᠠᠮᠳᠣᠷᠠᠨ ᠨᠠᠶᠢᠳᠠᠪᠦᠷᠢᠵᠢᠭᠤᠯᠣᠨ᠎ᠠ᠃ | ︵2︶ ᠪᠦᠬᠦ ᠬᠤᠰᠢᠭᠤᠨ ᠤ Ⅱ ᠲᠡᠰ ᠤᠨ ᠲᠠᠶᠢᠴᠢᠯᠠᠯᠳᠠ ᠶᠢᠨ ᠠᠵᠢᠯᠯᠠᠭ᠎ᠠ | ᠪᠦᠬᠦ ᠬᠤᠰᠢᠭᠤᠨ ᠤ Ⅲ ᠲᠡᠰ ᠤᠨ ᠲᠠᠶᠢᠴᠢᠯᠠᠯᠳᠠ ᠶᠢᠨ ᠠᠵᠢᠯᠯᠠᠭᠠᠨ ᠤ ᠰᠠᠭᠤᠷᠢᠨ ᠲᠡᠭᠡᠷ᠎ᠡ᠂ ᠵᠠᠳᠠᠯᠣᠯᠳᠠ᠂ | ᠮᠠᠭᠠᠳᠯᠠᠯᠳᠠ᠂ ᠦᠨᠡᠯᠡᠯᠳᠡ ᠪᠠᠨ ᠴᠢᠩᠭᠠᠳᠬᠠᠵᠣ᠂ ᠬᠤᠯᠪᠣᠭᠳᠠᠯ ᠪᠦᠬᠦᠢ ᠪᠠᠶᠢᠳᠠᠯ ᠢ ᠡᠳᠦᠷ ᠪᠣᠯᠭᠠᠨ ᠬᠤᠰᠢᠭᠤ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠦᠪ ᠤᠨ ᠠᠯᠪᠠᠨ ᠭᠡᠷ ᠲᠤ ᠮᠡᠳᠡᠭᠦᠯᠦᠨ᠎ᠡ᠃ | ︵3︶ ᠪᠦᠬᠦ ᠬᠤᠰᠢᠭᠤᠨ ᠤ Ⅰ ᠲᠡᠰ ᠤᠨ ᠲᠠᠶᠢᠴᠢᠯᠠᠯᠳᠠ ᠶᠢᠨ ᠠᠵᠢᠯᠯᠠᠭ᠎ᠠ | ᠪᠦᠬᠦ ᠬᠤᠰᠢᠭᠤᠨ ᠤ Ⅱ ᠲᠡᠰ ᠤᠨ ᠲᠠᠶᠢᠴᠢᠯᠠᠯᠳᠠ ᠶᠢᠨ ᠠᠵᠢᠯᠯᠠᠭᠠᠨ ᠤ ᠰᠠᠭᠤᠷᠢᠨ ᠲᠡᠭᠡᠷ᠎ᠡ᠂ ᠬᠤᠰᠢᠭᠤ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠲᠦᠪ ᠤᠨ ᠠᠯᠪᠠᠨ ᠭᠡᠷ ᠠᠴᠠ ᠶᠡᠷᠦᠩᠬᠡᠶᠢᠯᠡᠭᠰᠡᠨ ᠱᠠᠭᠠᠷᠳᠠᠨ ᠪᠠᠶᠢᠴᠠᠭᠠᠬᠤ | ᠲᠣᠭᠤᠶᠢᠯᠠᠩ ᠲᠣᠮᠢᠯᠠᠵᠣ᠂ ᠬᠡᠷᠡᠭ ᠡᠭᠦᠰᠦᠭᠰᠡᠨ ᠭᠠᠵᠠᠷ ᠤᠨ ᠵᠠᠰᠠᠭ ᠤᠨ ᠣᠷᠳᠣᠨ ᠡᠯ᠎ᠡ ᠲᠦᠷᠦᠯ ᠤᠨ ᠪᠠᠴᠢᠮ | ᠪᠠᠶᠢᠳᠠᠯ ᠢ ᠠᠷᠭᠠᠴᠠᠬᠤ ᠲᠠᠶᠢᠴᠢᠯᠠᠯᠳᠠ ᠶᠢᠨ ᠠᠵᠢᠯᠯᠠᠭᠠᠨ ᠤ ᠠᠷᠭ᠎ᠠ ᠠᠪᠴᠠᠯ ᠤᠨ ᠨᠠᠶᠢᠳᠠᠪᠦᠷᠢᠵᠢᠭᠤᠯᠣᠯᠳᠠ ᠶᠢᠨ | ᠪᠠᠶᠢᠳᠠᠯ ᠪᠣᠯᠣᠨ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠶᠢᠨ ᠲᠣᠰᠬᠠᠢ ᠲᠦᠷᠦᠯ ᠤᠨ | ᠬᠡᠷᠡᠭᠵᠢᠭᠦᠯᠬᠦ ᠲᠦᠰᠦᠯ ᠤᠨ ᠨᠠᠶᠢᠳᠠᠪᠦᠷᠢᠵᠢᠭᠤᠯᠣᠯᠳᠠ ᠶᠢᠨ ᠪᠠᠶᠢᠳᠠᠯ ᠢ ᠱᠠᠭᠠᠷᠳᠠᠨ ᠪᠠᠶᠢᠴᠠᠭᠠᠨ᠎ᠠ᠃ | 6. ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠳᠠ ᠶᠢᠨ ᠠᠵᠢᠯᠯᠠᠭ᠎ᠠ ᠶᠢ ᠲᠠᠭᠤᠰᠬᠠᠬᠤ | ᠣᠷᠢᠳᠴᠢᠯᠠᠨ ᠰᠡᠷᠡᠮᠵᠢᠯᠡᠭᠦᠯᠦᠯᠳᠡ ᠶᠢ ᠬᠦᠴᠦᠨ ᠦᠭᠡᠢ ᠪᠣᠯᠭᠠᠭᠰᠠᠨ ᠤ ᠲᠠᠷᠠᠭ᠎ᠠ᠂ ᠪᠠᠴᠢᠮ ᠪᠠᠶᠢᠳᠠᠯ ᠢ | ᠠᠷᠭᠠᠴᠠᠬᠤ ᠲᠠᠶᠢᠴᠢᠯᠠᠯᠳᠠ ᠶᠢᠨ ᠠᠵᠢᠯᠯᠠᠭᠠᠨ ᠢ ᠠᠶᠠᠨᠳᠠᠭᠠᠨ ᠵᠣᠭᠰᠣᠭᠠᠨ᠎ᠠ᠃ | ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠳᠠ ᠶᠢᠨ ᠠᠵᠢᠯᠯᠠᠭ᠎ᠠ ᠵᠣᠭᠰᠣᠭᠰᠠᠨ ᠭᠤᠷᠪᠠᠨ ᠠᠵᠢᠯᠯᠠᠬᠤ ᠡᠳᠦᠷ | ᠤᠨ ᠲᠣᠳᠣᠷ᠎ᠠ᠂ ᠡᠯ᠎ᠡ ᠪᠠᠯᠭᠠᠰᠦ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠪᠠᠴᠢᠮ ᠪᠠᠶᠢᠳᠠᠯ ᠢ | ᠠᠷᠭᠠᠴᠠᠬᠤ ᠲᠠᠶᠢᠴᠢᠯᠠᠯᠳᠠ ᠶᠢᠨ ᠠᠵᠢᠯᠯᠠᠭᠠᠨ ᠤ ᠦᠨᠡᠯᠡᠯᠳᠡ ᠶᠢᠨ ᠮᠡᠳᠡᠭᠦᠯᠦᠯᠳᠡ ᠪᠠᠨ ᠬᠤᠰᠢᠭᠤ ᠪᠠᠴᠢᠮ ᠪᠠᠶᠢᠳᠠᠯ | ᠢ ᠠᠷᠭᠠᠴᠠᠬᠤ ᠵᠢᠯᠣᠭᠤᠳᠬᠤ ᠲᠦᠪ ᠤᠨ ᠠᠯᠪᠠᠨ ᠭᠡᠷ ᠲᠤ ᠬᠦᠷᠭᠡᠨ᠎ᠡ᠃ ᠦᠨᠡᠯᠡᠯᠳᠡ ᠶᠢᠨ ᠮᠡᠳᠡᠭᠦᠯᠦᠯᠳᠡ ᠳᠤ ᠪᠠᠨ | ᠪᠠᠴᠢᠮ ᠪᠠᠶᠢᠳᠠᠯ ᠢ ᠠᠷᠭᠠᠴᠠᠬᠤ ᠳᠤ ᠠᠪᠣᠭᠰᠠᠨ ᠠᠷᠭ᠎ᠠ ᠠᠪᠴᠠᠯ᠂ ᠣᠯᠣᠭᠰᠠᠨ ᠦᠷ᠎ᠡ ᠪᠦᠳᠦᠮᠵᠢ᠂ | ᠢᠯᠡᠷᠡᠭᠦᠯᠦᠭᠰᠡᠨ ᠠᠰᠠᠭᠤᠳᠠᠯ ᠢᠶᠠᠨ ᠲᠣᠷᠠᠳᠬᠤ ᠶᠢᠨ ᠬᠠᠮᠳᠦ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠭᠰᠡᠨ | ᠰᠠᠶᠢᠵᠢᠷᠠᠭᠤᠯᠬᠤ ᠠᠷᠭ᠎ᠠ ᠠᠪᠴᠠᠯ ᠢᠶᠠᠨ ᠲᠣᠳᠣᠷᠬᠠᠢ ᠲᠣᠷᠠᠳᠣᠨ᠎ᠠ᠃ | ᠲᠠᠪᠦ᠂ ᠪᠠᠳᠣᠯᠠᠭ᠎ᠠ ᠶᠢᠨ ᠠᠷᠭ᠎ᠠ ᠠᠪᠴᠠᠯ | ︵ᠨᠢᠭᠡ︶ ᠵᠠᠷᠣᠳᠠᠯ ᠤᠨ ᠪᠠᠳᠣᠯᠠᠭ᠎ᠠ | ᠬᠦᠨᠳᠦ ᠪᠣᠬᠢᠷᠳᠣᠯ ᠲᠠᠢ ᠴᠠᠭ ᠠᠭᠤᠷ ᠤᠨ ᠪᠡᠯᠡ ᠮᠦᠩᠭᠦᠨ ᠤ ᠲᠡᠮᠵᠢᠯᠭᠡ ᠶᠢᠨ ᠬᠦᠴᠦᠨ ᠢᠶᠠᠨ ᠴᠢᠩᠭᠠᠳᠬᠠᠨ | ᠂ ᠬᠦᠨᠳᠦ ᠪᠣᠬᠢᠷᠳᠣᠯ ᠲᠠᠢ ᠴᠠᠭ ᠠᠭᠤᠷ ᠤᠨ ᠬᠢᠨᠠᠨ ᠬᠡᠮᠵᠢᠯᠳᠡ᠂ ᠣᠷᠢᠳᠴᠢᠯᠠᠨ ᠰᠡᠷᠡᠮᠵᠢᠯᠡᠭᠦᠯᠦᠯᠳᠡ᠂ ᠪᠠᠴᠢᠮ | ᠪᠠᠶᠢᠳᠠᠯ ᠢ ᠠᠷᠭᠠᠴᠠᠬᠤ ᠰᠢᠢᠳᠪᠦᠷᠢᠯᠡᠯᠳᠡ ᠪᠣᠯᠣᠨ ᠠᠪᠣᠷᠠᠨ ᠲᠣᠰᠠᠯᠠᠯᠳᠠ᠂ ᠬᠢᠨᠠᠯᠳᠠ ᠪᠠᠶᠢᠴᠠᠭᠠᠯᠳᠠ ᠵᠢᠴᠢ ᠰᠠᠭᠤᠷᠢ | ᠲᠦᠬᠦᠭᠡᠷᠦᠮᠵᠢ ᠶᠢᠨ ᠪᠠᠶᠢᠭᠤᠯᠣᠯᠳᠠ᠂ ᠠᠵᠢᠯᠯᠠᠮᠵᠢ ᠪᠣᠯᠣᠨ ᠬᠠᠮᠠᠭᠠᠯᠠᠯᠳᠠ᠂ ᠪᠠᠴᠢᠮ ᠪᠠᠶᠢᠳᠠᠯ ᠢ ᠠᠷᠭᠠᠴᠠᠬᠤ | ᠮᠡᠷᠭᠡᠵᠢᠯ ᠤᠨ ᠲᠡᠮᠵᠢᠯᠭᠡ ᠪᠣᠯᠣᠨ ᠪᠠᠴᠢᠮ ᠪᠠᠶᠢᠳᠠᠯ ᠢ ᠠᠷᠭᠠᠴᠠᠬᠤ ᠰᠣᠷᠢᠯᠳᠠ ᠵᠡᠷᠭᠡ ᠡᠯ᠎ᠡ ᠲᠦᠷᠦᠯ ᠤᠨ ᠠᠵᠢᠯ ᠳᠤ | ᠪᠡᠯᠡ ᠮᠦᠩᠭᠦᠨ ᠤ ᠪᠠᠳᠣᠯᠠᠭ᠎ᠠ ᠬᠠᠩᠭᠠᠨ᠎ᠠ᠃ | ︵ᠬᠤᠶᠠᠷ︶ ᠡᠳ᠋ ᠪᠣᠳᠠᠰ ᠤᠨ ᠪᠠᠳᠣᠯᠠᠭ᠎ᠠ | ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠦᠪ ᠤᠨ ᠠᠯᠪᠠᠨ | ᠭᠡᠷ ᠠᠴᠠ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠬᠤ ᠬᠡᠮᠵᠢᠭᠦᠷᠯᠢᠭ᠂ | ᠲᠡᠷᠭᠡ ᠮᠠᠰᠢᠨ᠂ ᠠᠵᠢᠯᠳᠠᠨ ᠤ ᠰᠠᠷᠭᠡᠶᠢᠯᠡᠨ ᠬᠠᠮᠠᠭᠠᠯᠠᠯᠳᠠ ᠶᠢᠨ ᠲᠣᠨᠣᠭᠯᠠᠯ ᠲᠣᠬᠢᠷᠠᠭᠤᠯᠬᠤ ᠲᠦᠯᠦᠪᠯᠡᠭᠡ | ᠲᠣᠭᠳᠠᠭᠠᠨ᠂ ᠡᠯ᠎ᠡ ᠲᠦᠷᠦᠯ ᠤᠨ ᠪᠠᠴᠢᠮ ᠢ ᠠᠷᠭᠠᠴᠠᠬᠤ ᠡᠳ᠋ ᠪᠣᠳᠠᠰ ᠨᠦᠭᠡᠴᠡᠯᠡᠬᠦ ᠬᠠᠮᠠᠭᠠᠯᠠᠬᠤ ᠭᠤᠣᠯ ᠴᠣᠭᠴᠠ᠂ | ᠲᠦᠷᠦᠯ ᠵᠣᠶᠢᠯ ᠪᠣᠯᠣᠨ ᠲᠤᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠦᠪᠡᠷ | ᠤᠨ ᠲᠣᠰᠢᠶᠠᠯ ᠴᠢᠳᠠᠪᠬᠢ ᠶᠢᠨ ᠬᠤᠪᠢᠶᠠᠷᠢᠯᠠᠯ ᠢᠶᠠᠨ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠬᠡᠮᠵᠢᠭᠦᠷᠯᠢᠭ᠂ | ᠲᠡᠷᠭᠡ ᠮᠠᠰᠢᠨ᠂ ᠠᠵᠢᠯᠳᠠᠨ ᠤ ᠰᠠᠷᠭᠡᠶᠢᠯᠡᠨ ᠬᠠᠮᠠᠭᠠᠯᠠᠯᠳᠠ ᠶᠢᠨ ᠲᠣᠨᠣᠭᠯᠠᠯ ᠢ ᠪᠦᠷᠢᠨ ᠭᠦᠢᠴᠡᠳ ᠪᠡᠯᠡᠳᠭᠡᠵᠣ᠂ | ᠡᠳᠦᠷ ᠲᠣᠳᠣᠮ ᠤᠨ ᠬᠠᠮᠢᠶᠠᠷᠣᠯᠳᠠ ᠪᠣᠯᠣᠨ ᠬᠠᠮᠠᠭᠠᠯᠠᠯᠳᠠ ᠪᠠᠨ ᠴᠢᠩᠭᠠᠳᠬᠠᠨ᠂ ᠬᠦᠨᠳᠦ ᠪᠣᠬᠢᠷᠳᠣᠯ ᠲᠠᠢ ᠴᠠᠭ | ᠠᠭᠤᠷ ᠢ ᠪᠠᠴᠢᠮ ᠠᠷᠭᠠᠴᠠᠬᠤ ᠠᠵᠢᠯ ᠣᠷᠣᠭᠰᠢᠳᠠᠢ ᠶᠠᠪᠣᠭᠳᠠᠬᠤ ᠶᠢ ᠪᠠᠳᠣᠯᠠᠨ᠎ᠠ᠃ | ︵ᠭᠤᠷᠪᠠ︶ ᠠᠮᠣᠷ ᠲᠦᠪᠰᠢᠨ ᠤ ᠪᠠᠳᠣᠯᠠᠭ᠎ᠠ | ᠬᠦᠨᠳᠦ ᠪᠣᠬᠢᠷᠳᠣᠯ ᠲᠠᠢ ᠴᠠᠭ ᠠᠭᠤᠷ ᠢ ᠣᠷᠢᠳᠴᠢᠯᠠᠨ ᠰᠡᠷᠡᠮᠵᠢᠯᠡᠭᠦᠯᠦᠭᠰᠡᠨ ᠤ ᠲᠠᠷᠠᠭ᠎ᠠ᠂ ᠬᠤᠰᠢᠭᠤ ᠠᠮᠢ | ᠠᠬᠤᠢ ᠣᠷᠴᠢᠨ ᠲᠣᠭᠤᠷᠢᠨ ᠤ ᠰᠠᠯᠠᠭ᠎ᠠ ᠮᠦᠴᠢᠷ ᠴᠠᠭ ᠲᠣᠬᠠᠢ ᠳᠤ ᠨᠢ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠣᠯᠳᠠ ᠶᠢᠨ ᠰᠠᠯᠠᠭ᠎ᠠ ᠮᠦᠴᠢᠷ ᠲᠤ ᠮᠡᠳᠡᠭᠳᠡᠨ᠎ᠡ᠃ ᠣᠶᠢᠯᠠᠳᠪᠦᠷᠢᠯᠠᠯ ᠡᠵᠡᠩᠨᠡᠯᠳᠡ ᠶᠢᠨ ᠪᠠᠶᠢᠭᠤᠯᠭ᠎ᠠ ᠶᠢᠨ | ᠣᠶᠢᠯᠠᠳᠪᠦᠷᠢᠯᠠᠯ ᠢ ᠬᠢᠵᠠᠭᠠᠷᠯᠠᠭᠰᠠᠨ᠂ ᠣᠶᠢᠯᠠᠳᠪᠦᠷᠢᠯᠠᠯ ᠢ ᠵᠣᠭᠰᠣᠭᠠᠭᠰᠠᠨ ᠬᠤᠭᠤᠴᠠᠭᠠᠨ ᠳᠤ ᠬᠤᠰᠢᠭᠤ ᠱᠠᠳᠣᠨ | ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠣᠯᠳᠠ ᠪᠣᠯᠣᠨ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠦᠴᠢᠷ | ᠬᠠᠮᠳᠣᠷᠠᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠨ᠂ ᠬᠠᠣᠯᠢ ᠶᠢ ᠦᠨᠳᠦᠰᠦᠯᠡᠨ ᠣᠶᠢᠯᠠᠳᠪᠦᠷᠢᠯᠠᠯ ᠢ ᠬᠢᠵᠠᠭᠠᠷᠯᠠᠨ | ᠣᠶᠢᠯᠠᠳᠪᠦᠷᠢᠯᠠᠯ ᠢ ᠵᠣᠭᠰᠣᠭᠠᠭᠰᠠᠨ ᠠᠵᠣ ᠠᠬᠤᠶᠢᠯᠠᠯ ᠤᠨ ᠠᠮᠣᠷ ᠲᠦᠪᠰᠢᠨ ᠤ ᠲᠦᠭᠰᠢᠭᠦᠷᠢ ᠶᠢᠨ ᠲᠡᠰ ᠢ | ᠰᠢᠯᠭᠠᠨ ᠲᠣᠭᠳᠠᠭᠠᠵᠣ᠂ ᠲᠦᠭᠰᠢᠭᠦᠷᠢᠳᠦ ᠴᠢᠨᠠᠷ ᠢᠶᠠᠷ ᠶᠡᠭᠡ ᠠᠵᠣ ᠠᠬᠤᠶᠢᠯᠠᠯ ᠳᠤ ᠲᠣᠰᠬᠠᠢ ᠮᠡᠷᠭᠡᠵᠢᠯᠳᠡᠨ ᠵᠢᠴᠢ | ᠬᠢᠨᠠᠯᠳᠠ ᠬᠠᠮᠢᠶᠠᠷᠣᠯᠳᠠ ᠶᠢᠨ ᠠᠵᠢᠯᠳᠠᠨ ᠲᠣᠮᠢᠯᠠᠨ᠂ ᠡᠭᠦᠷᠭᠡ ᠬᠠᠷᠢᠭᠤᠴᠠᠯᠭ᠎ᠠ ᠶᠣᠰᠣᠭᠠᠷ ᠲᠦᠭᠰᠢᠭᠦᠷᠢ ᠶᠢ ᠢᠯᠭᠠᠨ | ᠲᠠᠨᠢᠵᠣ᠂ ᠪᠦᠬᠦ ᠲᠠᠯ᠎ᠠ ᠶᠢᠨ ᠲᠠᠯᠳᠠ ᠭᠡᠮ ᠤᠨ ᠪᠠᠶᠢᠴᠠᠭᠠᠯᠳᠠ ᠬᠢᠨ᠂ ᠣᠶᠢᠯᠠᠳᠪᠦᠷᠢᠯᠠᠯ ᠡᠵᠡᠩᠨᠡᠯᠳᠡ ᠶᠢᠨ | ᠪᠠᠶᠢᠭᠤᠯᠭ᠎ᠠ ᠶᠢᠨ ᠣᠶᠢᠯᠠᠳᠪᠦᠷᠢᠯᠠᠯ ᠢ ᠬᠢᠵᠠᠭᠠᠷᠯᠠᠭᠰᠠᠨ᠂ ᠣᠶᠢᠯᠠᠳᠪᠦᠷᠢᠯᠠᠯ ᠢ ᠵᠣᠭᠰᠣᠭᠠᠭᠰᠠᠨ ᠬᠤᠭᠤᠴᠠᠭᠠᠨ ᠳᠠᠬᠢ | ᠠᠮᠣᠷ ᠲᠣᠭᠳᠠᠭᠤᠨ ᠢ ᠪᠠᠳᠣᠯᠠᠵᠣ᠂ ᠣᠶᠢᠯᠠᠳᠪᠦᠷᠢᠯᠠᠯ ᠤᠨ ᠠᠮᠣᠷ ᠲᠦᠪᠰᠢᠨ ᠤ ᠬᠡᠷᠡᠭ ᠣᠴᠢᠷ ᠪᠠ ᠣᠷᠴᠢᠨ | ᠲᠣᠭᠤᠷᠢᠨ ᠤ ᠪᠣᠬᠢᠷᠳᠣᠯ ᠭᠠᠷᠬᠤ ᠠᠴᠠ ᠵᠠᠶᠢᠯᠠᠰᠬᠢᠨ᠎ᠠ᠃ | ︵ᠲᠦᠷᠪᠡ︶ ᠣᠷᠢᠳᠴᠢᠯᠠᠨ ᠮᠡᠳᠡᠭᠡᠯᠡᠵᠣ ᠰᠡᠷᠡᠮᠵᠢᠯᠡᠭᠦᠯᠬᠦ ᠴᠢᠳᠠᠪᠬᠢ ᠶᠢᠨ ᠪᠠᠳᠣᠯᠠᠭ᠎ᠠ | ᠣᠷᠴᠢᠨ ᠲᠣᠭᠤᠷᠢᠨ ᠠᠭᠠᠷ ᠮᠠᠨᠳᠠᠯ ᠤᠨ ᠪᠠᠶᠢᠳᠠᠯ ᠤᠨ ᠣᠷᠢᠳᠴᠢᠯᠠᠨ ᠮᠡᠳᠡᠭᠡᠯᠡᠵᠣ ᠰᠡᠷᠡᠮᠵᠢᠯᠡᠭᠦᠯᠬᠦ ᠴᠢᠳᠠᠪᠬᠢ | ᠶᠢᠨ ᠪᠠᠶᠢᠭᠤᠯᠣᠯᠳᠠ ᠶᠢ ᠴᠢᠩᠭᠠᠳᠬᠠᠨ᠂ ᠣᠷᠢᠳᠴᠢᠯᠠᠨ ᠮᠡᠳᠡᠭᠡᠯᠡᠵᠣ ᠰᠡᠷᠡᠮᠵᠢᠯᠡᠭᠦᠯᠬᠦ ᠴᠢᠳᠠᠪᠦᠷᠢ ᠶᠢ ᠨᠡᠮᠡᠭᠳᠡᠭᠦᠯᠵᠣ᠂ | ᠣᠷᠴᠢᠨ ᠲᠣᠭᠤᠷᠢᠨ ᠠᠭᠠᠷ ᠮᠠᠨᠳᠠᠯ ᠤᠨ ᠶᠠᠰᠦ ᠴᠢᠨᠠᠷ ᠤᠨ ᠬᠡᠮᠵᠢᠯᠳᠡ ᠶᠢᠨ ᠲᠣᠨᠤᠭ ᠲᠦᠬᠦᠭᠡᠷᠦᠮᠵᠢ᠂ | ᠣᠷᠢᠳᠴᠢᠯᠠᠨ ᠮᠡᠳᠡᠭᠡᠯᠡᠵᠣ ᠰᠡᠷᠡᠮᠵᠢᠯᠡᠭᠦᠯᠬᠦ ᠵᠠᠭᠪᠣᠷ ᠵᠡᠷᠭᠡ ᠵᠦᠭᠡᠯᠡᠨ ᠬᠠᠳᠠᠭᠤ ᠲᠣᠨᠣᠭᠯᠠᠯ ᠢ ᠲᠡᠭᠦᠯᠳᠡᠷᠵᠢᠭᠦᠯᠦᠨ᠂ | ᠣᠷᠴᠢᠨ ᠲᠣᠭᠤᠷᠢᠨ ᠠᠭᠠᠷ ᠮᠠᠨᠳᠠᠯ ᠤᠨ ᠶᠠᠰᠦ ᠴᠢᠨᠠᠷ᠂ ᠴᠠᠭ ᠠᠭᠤᠷ ᠤᠨ ᠨᠦᠭᠦᠴᠡᠯ ᠤᠨ ᠣᠷᠢᠳᠴᠢᠯᠠᠨ ᠵᠢᠱᠢᠯᠳᠠ | ᠵᠡᠷᠭᠡ ᠬᠤᠯᠪᠣᠭᠳᠠᠯ ᠪᠦᠬᠦᠢ ᠬᠡᠪᠴᠢᠶᠡᠨ ᠳᠠᠬᠢ ᠰᠣᠳᠣᠯᠣᠯ ᠢ ᠴᠢᠩᠭᠠᠳᠬᠠᠨ᠎ᠠ᠃ ᠪᠠᠯᠭᠠᠰᠣᠨ ᠤ ᠵᠠᠰᠠᠭ ᠤᠨ | ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠵᠢᠵᠢᠭᠦᠷᠯᠡᠬᠦ ᠲᠦᠷᠢᠮ ᠢ ᠲᠣᠭᠳᠠᠭᠠᠨ᠂ ᠪᠠᠴᠢᠮ ᠪᠠᠶᠢᠳᠠᠯ ᠢ ᠠᠷᠭᠠᠴᠠᠬᠤ ᠠᠵᠢᠯᠳᠠᠨ ᠤ ᠮᠡᠳᠡᠭᠡ ᠵᠡᠩᠬᠢ | ᠶᠢᠨ ᠬᠦᠮᠦᠷᠭᠡ ᠪᠦᠷᠢᠳᠦᠭᠦᠯᠵᠣ᠂ ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠴᠢᠮ ᠢ ᠠᠷᠭᠠᠴᠠᠬᠤ | ᠬᠠᠷᠢᠭᠤᠴᠠᠯᠭᠠᠳᠠᠨ ᠪᠠ ᠬᠠᠷᠢᠯᠴᠠᠬᠤ ᠬᠦᠮᠦᠨ ᠢ ᠲᠣᠳᠣᠷᠬᠠᠶᠢᠯᠠᠨ᠂ 24 ᠴᠠᠭ ᠢᠶᠠᠷ ᠰᠠᠭᠠᠳ ᠦᠭᠡᠢ ᠨᠡᠪᠳᠡᠷᠡᠭᠦ ᠶᠢ | ᠪᠠᠳᠣᠯᠠᠵᠣ᠂ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠬᠢ ᠪᠣᠯᠣᠨ ᠵᠠᠷᠯᠢᠭ ᠢ ᠴᠠᠭ ᠲᠣᠬᠠᠢ ᠳᠤ ᠨᠢ ᠣᠯᠠᠮᠵᠢᠯᠠᠬᠤ | ᠶᠢ ᠪᠠᠳᠣᠯᠠᠨ᠎ᠠ᠃ | ᠵᠢᠷᠭᠤᠭ᠎ᠠ᠂ ᠪᠡᠯᠡᠳᠬᠡᠯ ᠲᠦᠰᠦᠯ ᠤᠨ ᠬᠠᠮᠢᠶᠠᠷᠣᠯᠳᠠ | ︵ᠨᠢᠭᠡ︶ ᠪᠡᠯᠡᠳᠬᠡᠯ ᠲᠦᠰᠦᠯ ᠤᠨ ᠣᠬᠠᠭᠤᠯᠭ᠎ᠠ | ᠢᠨᠲ᠋ᠧᠷ ᠰᠦᠯᠵᠢᠶ᠎ᠡ᠂ ᠷᠠᠳᠢᠤ᠋ ᠲᠧᠯᠸᠢᠰ᠂ ᠰᠣᠨᠢᠨ ᠰᠡᠳᠬᠦᠯ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠵᠢᠴᠢ | ᠮᠡᠳᠡᠭᠡ ᠵᠠᠩᠬᠢ ᠶᠢᠨ ᠰᠦᠯᠵᠢᠶ᠎ᠡ ᠶᠢ ᠭᠦᠢᠴᠡᠳ ᠠᠰᠢᠭᠯᠠᠨ᠂ ᠪᠡᠯᠡᠳᠬᠡᠯ ᠲᠦᠰᠦᠯ ᠵᠢᠴᠢ ᠬᠦᠨᠳᠦ ᠪᠣᠬᠢᠷᠳᠣᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠬᠠᠣᠯᠢ ᠲᠦᠷᠢᠮ᠂ ᠡᠷᠡᠭᠦᠯ ᠮᠠᠨᠳᠦ ᠶᠢᠨ ᠬᠠᠮᠠᠭᠠᠯᠠᠯᠳᠠ ᠶᠢᠨ | ᠲᠠᠯ᠎ᠠ ᠶᠢᠨ ᠣᠬᠠᠭᠤᠯᠭ᠎ᠠ ᠪᠠᠨ ᠴᠢᠩᠭᠠᠳᠬᠠᠵᠣ᠂ ᠬᠦᠨᠳᠦ ᠪᠣᠬᠢᠷᠳᠣᠯ ᠲᠠᠢ ᠴᠠᠭ ᠠᠭᠤᠷ ᠤᠨ ᠬᠤᠯᠪᠣᠭᠳᠠᠯ ᠪᠦᠬᠦᠢ | ᠮᠡᠳᠡᠭᠡ ᠵᠠᠩᠬᠢ ᠶᠢ ᠴᠠᠭ ᠲᠣᠬᠠᠢ ᠳᠤ ᠨᠢ ᠣᠨᠣᠪᠴᠢᠳᠠᠢ ᠨᠡᠶᠢᠳᠡᠯᠡᠨ᠂ ᠶᠠᠷᠢᠶ᠎ᠠ ᠬᠡᠯᠡᠯᠴᠡᠭᠡᠨ ᠢ ᠵᠦᠪ ᠣᠨᠣᠪᠴᠢᠳᠠᠢ | ᠵᠢᠯᠣᠭᠤᠳᠣᠨ᠎ᠠ᠃ | ︵ᠬᠤᠶᠠᠷ︶ ᠪᠡᠯᠡᠳᠬᠡᠯ ᠲᠦᠰᠦᠯ ᠤᠨ ᠪᠣᠯᠪᠠᠰᠣᠷᠠᠯ | ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ ᠤᠨ | ᠪᠣᠯᠪᠠᠰᠣᠷᠠᠯ ᠤᠨ ᠲᠦᠷᠢᠮ ᠢ ᠲᠣᠭᠳᠠᠭᠠᠨ ᠲᠡᠭᠦᠯᠳᠡᠷᠵᠢᠭᠦᠯᠵᠣ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠤᠨ | ᠡᠭᠦᠷᠭᠡ ᠲᠣᠰᠢᠶᠠᠯ ᠤᠨ ᠬᠤᠪᠢᠶᠠᠷᠢᠯᠠᠯ ᠢ ᠦᠨᠳᠦᠰᠦᠯᠡᠨ᠂ ᠪᠣᠯᠪᠠᠰᠣᠷᠠᠯ ᠤᠨ ᠲᠦᠯᠦᠪᠯᠡᠭᠡ ᠲᠣᠭᠳᠠᠭᠠᠨ᠂ | ᠪᠣᠯᠪᠠᠰᠣᠷᠠᠯ ᠤᠨ ᠠᠭᠤᠯᠭ᠎ᠠ ᠪᠠ ᠴᠠᠭ ᠢᠶᠠᠨ ᠲᠣᠳᠣᠷᠬᠠᠶᠢᠯᠠᠵᠣ᠂ ᠪᠣᠯᠪᠠᠰᠣᠷᠠᠯ ᠢ ᠲᠦᠷᠢᠮᠵᠢᠭᠦᠨ ᠡᠮᠬᠢ ᠲᠢᠭᠯᠢᠮ ᠲᠠᠢ | ᠶᠠᠪᠣᠭᠳᠠᠭᠤᠯᠬᠤ ᠶᠢ ᠪᠠᠳᠣᠯᠠᠨ᠎ᠠ᠃ | ᠲᠣᠯᠤᠭ᠎ᠠ᠂ ᠬᠠᠷᠢᠭᠤᠴᠠᠯᠭ᠎ᠠ ᠨᠡᠬᠡᠮᠵᠢᠯᠡᠬᠦ | ᠡᠯ᠎ᠡ ᠬᠠᠮᠢᠶ᠎ᠠ ᠪᠦᠬᠦᠢ ᠲᠣᠰᠢᠶᠠᠯ ᠬᠠᠷᠢᠭᠤᠴᠠᠯᠭᠠᠳᠦ ᠰᠠᠯᠠᠭ᠎ᠠ ᠮᠦᠴᠢᠷ ᠲᠣᠰ ᠰᠠᠯᠠᠭ᠎ᠠ ᠮᠦᠴᠢᠷ ᠤᠨ ᠬᠦᠨᠳᠦ | ᠪᠣᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠳᠠ ᠶᠢᠨ ᠠᠵᠢᠯᠯᠠᠭᠠᠨ ᠤ ᠲᠣᠰᠬᠠᠢ | ᠲᠦᠷᠦᠯ ᠤᠨ ᠬᠡᠷᠡᠭᠵᠢᠬᠦᠯᠬᠦ ᠲᠦᠰᠦᠯ ᠢ ᠲᠣᠭᠳᠠᠭᠠᠨ᠂ ᠨᠡᠶᠢᠭᠡᠮ ᠳᠤ ᠨᠡᠶᠢᠳᠡᠯᠡᠨ᠎ᠡ᠃ ᠲᠣᠰᠬᠠᠢ ᠲᠦᠷᠦᠯ ᠤᠨ | ᠬᠡᠷᠡᠭᠵᠢᠭᠦᠯᠬᠦ ᠲᠦᠰᠦᠯ ᠤᠨ ᠡᠯ᠎ᠡ ᠲᠦᠷᠦᠯ ᠤᠨ ᠠᠷᠭ᠎ᠠ ᠠᠪᠴᠠᠯ ᠢ ᠨᠠᠷᠢᠯᠢᠭᠵᠢᠭᠤᠯᠣᠨ᠂ ᠦᠷ᠎ᠡ ᠪᠦᠳᠦᠮᠵᠢ ᠶᠢ | ᠲᠡᠭᠡᠭᠰᠢᠯᠡᠭᠦᠯᠦᠨ᠎ᠡ᠃ ᠬᠤᠰᠢᠭᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠦᠪ ᠤᠨ ᠪᠦᠷᠢᠯᠳᠦᠭᠦᠨ | ᠪᠠᠶᠢᠭᠤᠯᠭ᠎ᠠ ᠶᠢᠨ ᠡᠭᠦᠷᠭᠡ ᠲᠣᠰᠢᠶᠠᠯ ᠢᠶᠠᠨ ᠭᠦᠢᠴᠡᠳᠬᠡᠭᠰᠡᠨ ᠪᠠᠶᠢᠳᠠᠯ ᠤᠨ ᠱᠠᠭᠠᠷᠳᠠᠨ ᠪᠠᠶᠢᠴᠠᠭᠠᠯᠳᠠ ᠪᠠᠨ | ᠴᠢᠩᠭᠠᠳᠬᠠᠨ᠂ ᠬᠦᠨᠳᠦ ᠪᠣᠬᠢᠷᠳᠣᠯ ᠲᠠᠢ ᠴᠠᠭ ᠠᠭᠤᠷ ᠢ ᠠᠷᠭᠠᠴᠠᠬᠤ ᠠᠵᠢᠯ ᠳᠤ ᠠᠰᠢᠭ ᠦᠭᠡᠢ ᠠᠵᠢᠯᠯᠠᠭᠠᠨ ᠠᠴᠠ | ᠬᠠᠣᠯᠢ ᠰᠠᠬᠢᠯᠭ᠎ᠠ ᠶᠣᠰᠣᠭᠠᠷ ᠬᠠᠷᠢᠭᠤᠴᠠᠯᠭ᠎ᠠ ᠨᠡᠭᠡᠮᠵᠢᠯᠡᠨ᠎ᠡ᠃ | ᠨᠠᠢᠮᠠ᠂ ᠲᠠᠭᠠᠯᠳᠣᠭᠤᠯᠣᠯ | ᠲᠣᠰ ᠪᠡᠯᠡᠳᠬᠡᠯ ᠲᠦᠰᠦᠯ ᠢ ᠨᠡᠶᠢᠳᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠬᠦ ᠶᠢᠨ ᠬᠠᠮᠳᠦ ︽ᠣᠳᠤᠭ | ᠤᠨ ᠡᠮᠦᠨᠡᠳᠦ ᠬᠤᠰᠢᠭᠤᠨ ᠤ ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠦᠰᠦᠪ ︵2016 ᠣᠨ ᠤ ᠵᠠᠰᠠᠪᠦᠷᠢ ᠣᠷᠣᠭᠤᠯᠣᠭᠰᠠᠨ ᠬᠡᠪ︶︾ ᠢ ᠬᠦᠴᠦᠨ ᠦᠭᠡᠢ ᠪᠣᠯᠭᠠᠨ᠎ᠠ᠃ | ᠲᠠᠭᠠᠯᠳᠣᠭᠤᠯᠣᠯ᠄ 1. ᠬᠤᠰᠢᠭᠤ ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠲᠦᠪ ᠤᠨ ᠪᠦᠷᠢᠯᠳᠦᠭᠦᠨ | 2. ᠲᠣᠰᠢᠶᠠᠯ ᠬᠠᠷᠢᠭᠤᠴᠠᠯᠭ᠎ᠠ ᠶᠢᠨ ᠲᠠᠩᠰᠠ ︵ᠲᠣᠪᠴᠢᠯᠠᠪᠠ︶ | 3. ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠳᠠ ᠶᠢᠨ ᠠᠵᠢᠯᠯᠠᠭᠠᠨ ᠤ ᠶᠠᠪᠣᠴᠠ ᠶᠢᠨ ᠵᠢᠷᠤᠭ | ︵ᠲᠣᠪᠴᠢᠯᠠᠪᠠ︶ | 4. ᠣᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠬᠢ ᠶᠢᠨ ᠨᠡᠶᠢᠳᠡᠯᠡᠯ ᠤᠨ ᠵᠠᠭᠪᠣᠷ ᠬᠦᠰᠦᠨᠦᠭ ︵ᠲᠣᠪᠴᠢᠯᠠᠪᠠ︶ | | ᠲᠠᠭᠠᠯᠳᠣᠭᠤᠯᠣᠯ 1᠄ | ᠬᠤᠰᠢᠭᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠦᠪ ᠤᠨ ᠪᠦᠷᠢᠯᠳᠦᠭᠦᠨ ᠤ ᠨᠡᠷᠡᠰ | ᠶᠡᠷᠦᠩᠬᠡᠢ ᠵᠢᠯᠣᠭᠤᠳᠣᠭᠴᠢ᠄ ᠦ᠋ ᠶᠦᠨ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ | ᠤᠨ ᠣᠷᠳᠣᠨ ᠤ ᠬᠤᠰᠢᠭᠤ ᠲᠠᠷᠤᠭ᠎ᠠ | ᠲᠡᠳ᠋ ᠶᠡᠷᠦᠩᠬᠡᠢ ᠵᠢᠯᠣᠭᠤᠳᠣᠭᠴᠢ᠄ ᠯᠢᠦᠢ ᠶᠣᠣ ᠹᠧᠩ ᠬᠤᠰᠢᠭᠤ ᠵᠠᠰᠠᠭ ᠤᠨ ᠣᠷᠳᠣᠨ ᠤ ᠬᠤᠰᠢᠭᠤ | ᠲᠡᠳ᠋ ᠲᠠᠷᠤᠭ᠎ᠠ | ᠠᠯᠪᠠᠨ ᠭᠡᠷ ᠤᠨ ᠡᠷᠬᠢᠯᠡᠭᠴᠢ᠄ ᠯᠢᠦᠢ ᠰᠢᠶᠦ᠋ᠨ ᠶᠢᠩ ᠬᠤᠰᠢᠭᠤ ᠠᠮᠢ ᠠᠬᠤᠢ ᠣᠷᠴᠢᠨ ᠲᠣᠭᠤᠷᠢᠨ ᠤ | ᠬᠤᠪᠢᠶᠠᠷᠢ ᠲᠣᠪᠴᠢᠶᠠᠨ ᠤ ᠲᠠᠷᠤᠭ᠎ᠠ | ᠪᠦᠷᠢᠯᠳᠦᠭᠦᠨ᠄ ᠵᠠᠩ ᠮᠢᠩ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠣᠬᠠᠭᠤᠯᠬᠤ | ᠬᠡᠯᠳᠡᠰ ᠤᠨ ᠲᠠᠷᠤᠭ᠎ᠠ | ᠪᠦᠷᠢᠨᠪᠠᠶᠠᠷ ᠬᠤᠰᠢᠭᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠤᠨ ᠡᠷᠬᠢᠯᠡᠭᠴᠢ | ᠵᠢᠶᠠ ᠰᠢᠶᠠᠩ ᠪᠢᠩ ᠬᠤᠰᠢᠭᠤ ᠠᠵᠣ ᠣᠶᠢᠯᠠᠳᠪᠦᠷᠢ ᠪᠣᠯᠣᠨ ᠮᠡᠳᠡᠭᠡ ᠵᠠᠩᠬᠢᠴᠢᠯᠠᠯᠳᠠ ᠶᠢᠨ ᠲᠣᠪᠴᠢᠶᠠᠨ | ᠤ ᠲᠠᠷᠤᠭ᠎ᠠ | ᠠᠶᠣᠰᠢ ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠲᠠᠷᠤᠭ᠎ᠠ | ᠶᠠᠩ ᠳ᠋ᠦᠩ ᠬᠤᠰᠢᠭᠤ ᠲᠣᠳᠣᠭᠠᠳᠦ ᠶᠢ ᠬᠠᠮᠠᠭᠠᠯᠠᠬᠤ ᠲᠣᠪᠴᠢᠶᠠᠨ ᠤ ᠲᠡᠳ᠋ ᠲᠠᠷᠤᠭ᠎ᠠ | ᠸᠠᠩ ᠵᠢᠶᠠᠨ ᠫᠢᠩ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠲᠠᠷᠤᠭ᠎ᠠ | ᠴᠢᠨ ᠶᠢᠣ ᠭᠥᠸᠧ ᠬᠤᠰᠢᠭᠤ ᠣᠷᠣᠨ ᠰᠠᠭᠤᠴᠠ ᠪᠣᠯᠣᠨ ᠬᠤᠳᠠ ᠬᠦᠳᠡᠭᠡ ᠶᠢᠨ ᠪᠦᠳᠦᠭᠡᠨ | ᠪᠠᠶᠢᠭᠤᠯᠣᠯᠳᠠ ᠶᠢᠨ ᠲᠣᠪᠴᠢᠶᠠᠨ ᠤ ᠲᠠᠷᠤᠭ᠎ᠠ | ᠰᠢᠤᠸᠠᠢ ᠵᠣᠣ ᠰᠧᠨ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠨᠠᠮ ᠤᠨ | ᠣᠳᠣᠷᠢᠳᠬᠤ ᠲᠣᠭᠤᠶᠢᠯᠠᠩ ᠤᠨ ᠱᠦᠵᠢ᠂ ᠲᠡᠳ᠋ ᠲᠣᠪᠴᠢᠶᠠᠨ ᠲᠠᠷᠤᠭ᠎ᠠ | ᠴᠢ᠊ · ᠠᠷᠪᠢᠨ ᠬᠤᠰᠢᠭᠤ ᠰᠣᠷᠭᠠᠨ ᠬᠦᠮᠦᠵᠢᠯ ᠪᠡᠶ᠎ᠡ ᠲᠠᠮᠢᠷ ᠤᠨ ᠲᠣᠪᠴᠢᠶᠠᠨ ᠤ ᠲᠠᠷᠤᠭ᠎ᠠ | ᠴᠧᠨ ᠵᠣᠣ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠡᠷᠬᠢᠯᠡᠭᠴᠢ | ᠡᠷᠳᠡᠨᠢᠪᠢᠯᠢᠭ ᠬᠤᠰᠢᠭᠤ ᠮᠠᠯ ᠲᠠᠷᠢᠶᠠᠯᠠᠩ ᠤᠨ ᠲᠣᠪᠴᠢᠶᠠᠨ ᠤ ᠲᠠᠷᠤᠭ᠎ᠠ | ᠰᠦᠨ ᠱᠦ ᠶᠤᠸᠠᠨ ᠬᠤᠰᠢᠭᠤ ᠪᠠᠴᠢᠮ ᠪᠠᠶᠢᠳᠠᠯ ᠢ ᠠᠷᠭᠠᠴᠠᠬᠤ ᠲᠣᠪᠴᠢᠶᠠᠨ ᠤ ᠲᠠᠷᠤᠭ᠎ᠠ | ᠴᠢ ᠵᠢᠶᠦ᠋ᠨ ᠬᠤᠰᠢᠭᠤ ᠣᠰᠣᠨ ᠠᠰᠢᠭᠯᠠᠯᠳᠠ ᠶᠢᠨ ᠲᠣᠪᠴᠢᠶᠠᠨ ᠤ ᠲᠠᠷᠤᠭ᠎ᠠ | ᠠᠯᠳ᠋ᠬᠠᠠᠭᠤᠯᠠ ᠬᠤᠰᠢᠭᠤ ᠡᠨᠧᠷᠬᠢ ᠶᠢᠨ ᠲᠣᠪᠴᠢᠶᠠᠨ ᠤ ᠲᠠᠷᠤᠭ᠎ᠠ | ᠹᠧᠩ ᠿᠢ ᠱᠧᠩ ᠬᠤᠰᠢᠭᠤ ᠴᠠᠭ ᠠᠭᠤᠷ ᠤᠨ ᠲᠣᠪᠴᠢᠶᠠᠨ ᠤ ᠲᠠᠷᠤᠭ᠎ᠠ | ᠶᠠᠨ ᠯᠢ ᠬᠤᠰᠢᠭᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠲᠡᠳ᠋ ᠲᠠᠷᠤᠭ᠎ᠠ | | | ᠣᠳᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2021 ᠤᠨ ᠤ 5 ᠰᠠᠷ᠎ᠠ ᠶᠢᠨ 27 ᠤ ᠡᠳᠤᠷ ᠲᠠᠷᠤᠮᠠᠯᠯᠠᠨ ᠲᠠᠷᠬᠠᠭᠠᠪᠠ |