︽ᠤᠳᠤᠭ ᠤᠨ ᠡᠮᠤᠨᠡᠳᠤ ᠬᠤᠰᠢᠭᠤᠨ ᠤ ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠤᠨᠬᠡᠯ ᠲᠦᠰᠤᠪ︾ ᠢ ᠳᠠᠷᠤᠮᠠᠯᠯᠠᠨ ᠳᠠᠷᠬᠠᠭᠠᠬᠤ ᠳᠤᠬᠠᠢ ᠤᠳᠤᠭ ᠤᠨ | ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ | | | ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠬᠠᠮᠢᠶᠠᠷᠤᠯᠳᠠ ᠶᠢᠨ ᠵᠦᠪᠯᠡᠯ᠂ ᠡᠯ᠎ᠡ ᠪᠠᠯᠭᠠᠰᠤ ᠶᠢᠨ ᠠᠷᠠᠤᠨ ᠤᠨ ᠵᠠᠰᠠᠭ ᠤᠨ ᠤᠷᠳᠤᠨ᠂ | ᠬᠤᠰᠢᠭᠤ ᠰᠢᠭᠤᠤᠨ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠤᠶᠢᠯᠡᠰ ᠤᠨ ᠨᠢᠬᠡᠴᠠ ᠳᠤ᠄ | ᠡᠳᠤᠬᠡ ︽ᠤᠳᠤᠭ ᠤᠨ ᠡᠮᠤᠨᠡᠳᠤ ᠬᠤᠰᠢᠭᠤᠨ ᠤ ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠤᠨᠬᠡᠯ ᠲᠦᠰᠤᠪ︾ ᠢ | ᠲᠠ ᠨᠠᠷ ᠲᠤ ᠳᠠᠷᠤᠮᠠᠯᠯᠠᠨ ᠳᠠᠷᠬᠠᠭᠠᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠳᠤᠤᠱᠯᠠᠭᠤᠯᠤᠨ ᠬᠡᠷᠡᠭᠵᠢᠬᠦᠯᠰᠤᠬᠡᠢ᠃ | | ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠬᠡᠷ | 2021 ᠤᠨ ᠤ 5 ᠰᠠᠷ᠎ᠠ ᠶᠢᠨ 27 ᠤ ᠡᠳᠤᠷ | ᠤᠳᠤᠭ ᠤᠨ ᠡᠮᠤᠨᠡᠳᠤ ᠬᠤᠰᠢᠭᠤᠨ ᠤ ᠬᠦᠨᠳᠤ ᠪᠤᠬᠢᠷᠳᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠤᠨᠬᠡᠯ ᠲᠦᠰᠤᠪ ︵2021 ᠤᠨ ᠤ ᠬᠡᠪ︶ | | ᠨᠢᠬᠡ᠂ ᠶᠡᠷᠤᠩᠬᠡᠢ ᠵᠠᠷᠴᠢᠮ | ︵ᠨᠢᠬᠡ︶ ᠨᠠᠶᠢᠷᠠᠭᠤᠯᠤᠨ ᠳᠤᠭᠤᠷᠪᠢᠭᠰᠡᠨ ᠵᠤᠷᠢᠯᠭ᠎ᠠ | ᠤᠳᠤᠭ ᠤᠨ ᠡᠮᠤᠨᠡᠳᠤ ᠬᠤᠰᠢᠭᠤᠨ ᠤ ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠳᠡᠬᠦᠯᠳᠡᠷᠵᠢᠬᠦᠯᠵᠤ᠂ | ᠤᠷᠤᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠪᠠᠷ ᠬᠤᠯᠪᠤᠭᠠᠯᠠᠨ ᠬᠦᠳᠡᠯᠤᠯᠴᠠᠵᠤ᠂ ᠬᠤᠯᠪᠤᠭᠠᠯᠠᠨ ᠰᠡᠷᠬᠡᠶᠢᠯᠡᠵᠤ᠂ ᠬᠤᠯᠪᠤᠭᠠᠯᠠᠨ ᠬᠢᠵᠠᠭᠠᠷᠯᠠᠬᠤ ᠶᠢ | ᠴᠢᠩᠭᠠᠤᠨᠬᠠᠨ᠂ ᠬᠦᠨᠳᠤ ᠪᠤᠬᠢᠷᠳᠤᠯ ᠲᠠᠢ ᠴᠠᠭ ᠠᠭᠤᠷ ᠢ ᠴᠠᠭ ᠳᠤᠬᠠᠢ ᠳᠤ ᠨᠢ ᠪᠦᠳᠤᠮᠵᠢᠳᠠᠢ ᠠᠷᠭᠠᠴᠠᠵᠤ᠂ ᠪᠤᠬᠢᠷᠳᠤᠯ ᠤᠨ ᠬᠡᠮᠵᠢᠶ᠎ᠡ ᠶᠢ ᠦᠨᠡᠨᠬᠦ ᠪᠠᠭᠠᠰᠬᠠᠨ᠂ | ᠤᠯᠠᠨ ᠲᠦᠮᠡᠨ ᠤ ᠡᠷᠡᠬᠦᠯ ᠮᠠᠨᠳᠤ ᠶᠢ ᠬᠠᠮᠠᠭᠠᠯᠠᠨ᠎ᠠ᠃ | ︵ᠬᠤᠶᠠᠷ︶ ᠨᠠᠶᠢᠷᠠᠭᠤᠯᠤᠨ ᠳᠤᠭᠤᠷᠪᠢᠭᠰᠡᠨ ᠦᠨᠳᠤᠰᠤᠯᠡᠯ | ︽ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠤᠷᠴᠢᠨ ᠳᠤᠭᠤᠷᠢᠨ ᠢ ᠬᠠᠮᠠᠭᠠᠯᠠᠬᠤ ᠬᠠᠤᠯᠢ︾᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠤᠨ | ᠤᠯᠤᠰ ᠤᠨ ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠬᠤ ᠬᠠᠤᠯᠢ︾᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠬᠡᠨᠡᠤᠨᠳᠠ ᠶᠢᠨ ᠬᠡᠷᠡᠭ | ᠢ ᠠᠷᠭᠠᠴᠠᠬᠤ ᠬᠠᠤᠯᠢ︾᠂ ︽ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢ ᠪᠦᠬᠦ ᠳᠠᠯ᠎ᠠ ᠪᠠᠷ ᠴᠢᠩᠭᠠᠤᠨᠬᠠᠨ ᠪᠤᠬᠢᠷᠳᠤᠯ ᠢ ᠰᠡᠷᠬᠡᠶᠢᠯᠡᠨ ᠵᠠᠰᠠᠬᠤ | ᠰᠢᠪᠳᠤᠯᠤᠯᠳᠠ ᠶᠢᠨ ᠠᠵᠢᠯ ᠢ ᠭᠤᠶᠢᠪᠢᠰᠢ ᠦᠬᠡᠢ ᠰᠠᠶᠢᠳᠤᠷ ᠬᠢᠬᠦ ᠳᠤᠬᠠᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠲᠦᠷᠤ ᠶᠢᠨ ᠶᠠᠪᠤᠳᠠᠯ | ᠤᠨ ᠬᠤᠷᠢᠶᠠᠨ ᠤ ᠰᠠᠨᠠᠯ︾ ︵ᠲᠦᠪ ᠳᠠᠷᠬᠠᠭᠠᠬᠤ ﹇2018﹈ 17 ᠳᠤᠭᠠᠳᠤ︶᠂ ︽ᠠᠭᠠᠷ ᠮᠠᠨᠳᠠᠯ ᠢ ᠬᠠᠮᠠᠭᠠᠯᠠᠬᠤ ᠭᠤᠷᠪᠠᠨ ᠵᠢᠯ ᠤᠨ ᠠᠵᠢᠯᠯᠠᠭᠠᠨ ᠤ | ᠲᠦᠯᠤᠪᠯᠡᠭᠡ ᠶᠢ ᠳᠠᠷᠤᠮᠠᠯᠯᠠᠨ ᠳᠠᠷᠬᠠᠭᠠᠬᠤ ᠳᠤᠬᠠᠢ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠦᠷᠤ ᠳᠠᠷᠬᠠᠭᠠᠬᠤ ﹇2018﹈ 22 ᠳᠤᠭᠠᠳᠤ︶ | ᠂ ᠠᠮᠢ ᠠᠬᠤᠢ ᠤᠷᠴᠢᠨ ᠳᠤᠭᠤᠷᠢᠨ ᠤ ᠶᠠᠮᠤᠨ ᠤ ᠠᠯᠪᠠᠨ ᠲᠢᠩᠬᠢᠮ ᠤᠨ ︽ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠤᠨᠬᠡᠯ | ᠲᠦᠰᠤᠪ ᠲᠤ ᠵᠠᠰᠠᠪᠤᠷᠢ ᠤᠷᠤᠭᠤᠯᠬᠤ ᠠᠵᠢᠯ ᠢ ᠠᠬᠢᠭᠤᠯᠬᠤ ᠳᠤᠬᠠᠢ ᠵᠢᠯᠤᠭᠤᠤᠬᠤ ᠰᠠᠨᠠᠯ︾ ︵ᠤᠷᠴᠢᠨ ᠳᠤᠭᠤᠷᠢᠨ ᠠᠯᠪᠠᠨ ᠲᠢᠩᠬᠢᠮ ᠠᠭᠠᠷ ᠮᠠᠨᠳᠠᠯ ᠵᠠᠬᠢᠳᠠᠯ ﹇ | 2018﹈ 875 ᠳᠤᠭᠠᠳᠤ︶᠂ ︽ᠬᠦᠨᠳᠤ ᠪᠤᠬᠢᠷᠳᠤᠯ ᠲᠠᠢ ᠴᠠᠭ ᠠᠭᠤᠷ ᠢ ᠠᠷᠭᠠᠴᠠᠬᠤ ᠶᠢ ᠴᠢᠩᠭᠠᠤᠨᠬᠠᠨ ᠪᠠᠴᠢᠮ ᠪᠠᠶᠢᠳᠠᠯ ᠢ ᠠᠷᠭᠠᠴᠠᠨ ᠪᠤᠬᠢᠷᠳᠤᠯ ᠤᠨ | ᠭᠠᠳᠠᠭᠰᠢᠯᠠᠭᠤᠯᠤᠯᠳᠠ ᠶᠢ ᠪᠠᠭᠠᠰᠬᠠᠬᠤ ᠳᠤᠬᠠᠢ ᠵᠢᠯᠤᠭᠤᠤᠨᠬᠤ ᠰᠠᠨᠠᠯ︾ ︵ᠤᠷᠴᠢᠨ ᠳᠤᠭᠤᠷᠢᠨ ᠠᠯᠪᠠᠨ ᠲᠢᠩᠬᠢᠮ ᠠᠭᠠᠷ ᠮᠠᠨᠳᠠᠯ ᠵᠠᠬᠢᠳᠠᠯ ﹇2019﹈ 648 | ᠳᠤᠭᠠᠳᠤ︶᠂ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠬᠤ ᠲᠦᠷᠢᠮ︾᠂ ︽ᠤᠷᠳᠤᠰ | ᠬᠤᠳᠠ ᠶᠢᠨ ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠬᠤ ᠲᠦᠷᠢᠮ︾᠂ ︽ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢ ᠪᠦᠬᠦ ᠳᠠᠯ᠎ᠠ ᠪᠠᠷ | ᠴᠢᠩᠭᠠᠤᠨᠬᠠᠨ ᠪᠤᠬᠢᠷᠳᠤᠯ ᠢ ᠰᠡᠷᠬᠡᠶᠢᠯᠡᠨ ᠵᠠᠰᠠᠬᠤ ᠰᠢᠪᠳᠤᠯᠤᠯᠳᠠ ᠶᠢᠨ ᠠᠵᠢᠯ ᠢ ᠭᠤᠶᠢᠪᠢᠰᠢ ᠦᠬᠡᠢ ᠰᠠᠶᠢᠳᠤᠷ ᠬᠢᠬᠦ ᠳᠤᠬᠠᠢ ᠦᠪᠤᠷ ᠮᠤᠩᠭᠤᠯ ᠤᠨ ᠦᠪᠡᠷᠳᠡᠬᠡᠨ | ᠵᠠᠰᠠᠬᠤ ᠤᠷᠤᠨ ᠤ ᠨᠠᠮ ᠤᠨ ᠬᠤᠷᠢᠶ᠎ᠠ ᠠᠷᠠᠤᠨ ᠤᠨ ᠵᠠᠰᠠᠭ ᠤᠨ ᠤᠷᠳᠤᠨ ᠤ ᠰᠠᠨᠠᠯ︾ ︵ᠦᠪᠤᠷ ᠨᠠᠮ ᠳᠠᠷᠬᠠᠭᠠᠬᠤ ﹇2018﹈ 13 ᠳᠤᠭᠠᠳᠤ︶᠂ ︽ᠦᠪᠤᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠭᠠᠷ ᠮᠠᠨᠳᠠᠯ ᠢ ᠬᠠᠮᠠᠭᠠᠯᠠᠬᠤ ᠭᠤᠷᠪᠠᠨ ᠵᠢᠯ ᠤᠨ ᠠᠵᠢᠯᠯᠠᠭᠠᠨ ᠤ ᠲᠦᠯᠤᠪᠯᠡᠭᠡ ᠶᠢᠨ ᠬᠡᠷᠡᠭᠵᠢᠬᠦᠯᠬᠦ ᠲᠦᠰᠤᠯ︾ ︵ | ᠦᠪᠤᠷ ᠵᠠᠰᠠᠭ ᠳᠠᠷᠬᠠᠭᠠᠬᠤ ﹇2018﹈ 37 ᠳᠤᠭᠠᠳᠤ︶᠂ ︽ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠤᠨᠬᠡᠯ ᠲᠦᠰᠤᠪ | ᠲᠤ ᠵᠠᠰᠠᠪᠤᠷᠢ ᠤᠷᠤᠭᠤᠯᠬᠤ ᠠᠵᠢᠯ ᠢ ᠵᠤᠬᠢᠶᠠᠨ ᠪᠠᠶᠢᠭᠤᠯᠬᠤ ᠳᠤᠬᠠᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠤᠷᠴᠢᠨ ᠳᠤᠭᠤᠷᠢᠨ | ᠤ ᠲᠢᠩᠬᠢᠮ ᠤᠨ ᠵᠠᠬᠢᠳᠠᠯ︾ ︵ᠦᠪᠤᠷ ᠤᠷᠴᠢᠨ ᠳᠤᠭᠤᠷᠢᠨ ᠠᠯᠪᠠᠨ ᠵᠠᠬᠢᠳᠠᠯ ﹇2020﹈ 25 ᠳᠤᠭᠠᠳᠤ︶᠂ ︽ᠦᠪᠡᠷᠳᠡᠬᠡᠨ ᠵᠠᠰᠠᠬᠤ ᠤᠷᠤᠨ ᠤ ᠬᠦᠨᠳᠤ | ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠤᠨᠬᠡᠯ ᠲᠦᠰᠤᠪ ︵2020 ᠤᠨ ᠤ ᠬᠡᠪ︶ ᠢ ᠳᠠᠷᠤᠮᠠᠯᠯᠠᠨ ᠳᠠᠷᠬᠠᠭᠠᠬᠤ ᠳᠤᠬᠠᠢ ᠦᠪᠤᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ︾ ︵ᠦᠪᠤᠷ ᠵᠠᠰᠠᠭ ᠠᠯᠪᠠᠨ ᠳᠠᠷᠬᠠᠭᠠᠬᠤ | ﹇2020﹈ 13 ᠳᠤᠭᠠᠳᠤ︶᠂ ︽ᠤᠷᠳᠤᠰ ᠬᠤᠳᠠ ᠶᠢᠨ ᠬᠦᠨᠳᠤ ᠪᠤᠬᠢᠷᠳᠤᠯ ᠲᠠᠢ ᠴᠠᠭ ᠠᠭᠤᠷ ᠢ ᠠᠷᠭᠠᠴᠠᠬᠤ ᠪᠡᠯᠡᠤᠨᠬᠡᠯ ᠲᠦᠰᠤᠪ︾ ︵ᠤᠷᠳᠤᠰ ᠵᠠᠰᠠᠭ | ᠠᠯᠪᠠᠨ ᠳᠠᠷᠬᠠᠭᠠᠬᠤ ﹇2020﹈ 59 ᠳᠤᠭᠠᠳᠤ︶ ᠵᠡᠷᠬᠡ ᠬᠠᠤᠯᠢ ᠴᠠᠭᠠᠵᠠ᠂ ᠬᠠᠤᠯᠢ ᠲᠦᠷᠢᠮ ᠪᠠ ᠪᠢᠴᠢᠭ ᠮᠠᠲ᠋ᠧᠷᠢᠶᠠᠯ᠃ | ︵ᠭᠤᠷᠪᠠ︶ ᠬᠡᠷᠡᠭᠯᠡᠬᠦ ᠬᠡᠪᠴᠢᠶ᠎ᠡ | ᠳᠤᠰ ᠪᠡᠯᠡᠤᠨᠬᠡᠯ ᠲᠦᠰᠤᠪ ᠢ ᠤᠳᠤᠭ ᠤᠨ ᠡᠮᠤᠨᠡᠳᠤ ᠬᠤᠰᠢᠭᠤᠨ ᠤ ᠵᠠᠰᠠᠭ ᠵᠠᠬᠢᠷᠭᠠᠨ ᠤ ᠤᠷᠤᠨ ᠳᠤᠳᠤᠷᠠᠬᠢ ᠬᠦᠨᠳᠤ ᠪᠤᠬᠢᠷᠳᠤᠯ ᠲᠠᠢ ᠴᠠᠭ ᠠᠭᠤᠷ ᠢ | ᠠᠷᠭᠠᠴᠠᠬᠤ ᠠᠵᠢᠯ ᠳᠤ ᠬᠡᠷᠡᠭᠯᠡᠨ᠎ᠡ᠃ ᠡᠯᠡᠰᠤ ᠳᠤᠭᠤᠰᠤ᠂ ᠭᠠᠯ ᠤᠨ ᠠᠶᠤᠯ ᠵᠡᠷᠬᠡ ᠡᠰᠡᠷᠬᠦᠴᠡᠰᠢ ᠦᠬᠡᠢ ᠬᠦᠴᠤᠨ ᠠᠴᠠ ᠪᠤᠯᠤᠭᠰᠡᠨ ᠬᠦᠨᠳᠤ ᠪᠤᠬᠢᠷᠳᠤᠯ ᠲᠠᠢ | ᠴᠠᠭ ᠠᠭᠤᠷ ᠢ ᠳᠤᠰ ᠲᠦᠰᠤᠯ ᠤᠨ ᠬᠡᠪᠴᠢᠶᠡᠨ ᠳᠤ ᠪᠠᠭᠳᠠᠭᠠᠬᠤ ᠦᠬᠡᠢ᠃ | ︵ᠲᠦᠷᠪᠡ︶ ᠪᠡᠯᠡᠤᠨᠬᠡᠯ ᠲᠦᠰᠤᠪ ᠤᠨ ᠰᠢᠰᠲ᠋ᠧᠮ | ᠬᠤᠰᠢᠭᠤ ᠳᠡᠰ ᠤᠨ ᠬᠦᠨᠳᠤ ᠪᠤᠬᠢᠷᠳᠤᠯ ᠲᠠᠢ ᠴᠠᠭ ᠠᠭᠤᠷ ᠢ ᠪᠠᠴᠢᠮ ᠠᠷᠭᠠᠴᠠᠬᠤ ᠪᠡᠯᠡᠤᠨᠬᠡᠯ ᠲᠦᠰᠤᠪ ᠤᠨ ᠰᠢᠰᠲ᠋ᠧᠮ ᠳᠤ ᠳᠤᠰ ᠪᠡᠯᠡᠤᠨᠬᠡᠯ ᠲᠦᠰᠤᠪ᠂ | ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠶᠢᠨ ᠳᠤᠰᠬᠠᠢ ᠲᠦᠷᠤᠯ ᠤᠨ ᠬᠡᠷᠡᠭᠵᠢᠬᠦᠯᠬᠦ ᠲᠦᠰᠤᠯ ᠢ ᠪᠠᠭᠳᠠᠭᠠᠨ᠎ᠠ᠃ | ᠬᠤᠰᠢᠭᠤ ᠳᠡᠰ ᠤᠨ ᠪᠠᠴᠢᠮ ᠪᠠᠶᠢᠳᠠᠯ ᠢ ᠠᠷᠭᠠᠴᠠᠬᠤ ᠪᠡᠯᠡᠤᠨᠬᠡᠯ ᠲᠦᠰᠤᠪ ᠲᠤ ᠡᠷᠬᠡᠪᠰᠢ ᠪᠠᠴᠢᠮ ᠪᠠᠶᠢᠳᠠᠯ ᠢ ᠠᠷᠭᠠᠴᠠᠨ ᠪᠤᠬᠢᠷᠳᠤᠯ ᠤᠨ | ᠭᠠᠳᠠᠭᠰᠢᠯᠠᠭᠤᠯᠤᠯᠳᠠ ᠶᠢ ᠪᠠᠭᠠᠰᠬᠠᠬᠤ ᠲᠦᠷᠤᠯ ᠵᠦᠢᠯ ᠤᠨ ᠨᠠᠷᠢᠨ ᠵᠦᠢᠯᠡᠰ ᠢ ᠪᠠᠭᠳᠠᠭᠠᠨ᠎ᠠ᠃ | ︵ᠳᠠᠪᠤ︶ ᠠᠵᠢᠯ ᠤᠨ ᠵᠠᠷᠴᠢᠮ | 1. ᠬᠦᠮᠤᠨ ᠢᠶᠠᠷ ᠦᠨᠳᠤᠰᠤ ᠪᠤᠯᠭᠠᠵᠤ᠂ ᠰᠡᠷᠬᠡᠶᠢᠯᠡᠬᠦ ᠪᠠᠷ ᠭᠤᠤᠯ ᠪᠤᠯᠭᠠᠨ᠎ᠠ᠃ ᠠᠷᠠᠤᠨ ᠲᠦᠮᠡᠨ ᠤ ᠡᠷᠡᠬᠦᠯ ᠮᠠᠨᠳᠤ ᠶᠢ ᠬᠠᠮᠠᠭᠠᠯᠠᠬᠤ ᠪᠠᠷ ᠬᠦᠨᠳᠤ | ᠪᠤᠬᠢᠷᠳᠤᠯ ᠲᠠᠢ ᠴᠠᠭ ᠠᠭᠤᠷ ᠢ ᠠᠷᠭᠠᠴᠠᠬᠤ ᠬᠢᠵᠠᠭᠠᠷ ᠱᠤᠭᠤᠮ ᠪᠤᠯᠭᠠᠵᠤ᠂ ᠡᠳᠤᠷ ᠳᠤᠳᠤᠮ ᠤᠨ ᠬᠢᠨᠠᠨ ᠪᠠᠶᠢᠴᠠᠭᠠᠯᠳᠠ ᠪᠠ ᠬᠠᠮᠢᠶᠠᠷᠤᠯᠳᠠ ᠶᠢ ᠴᠢᠩᠭᠠᠤᠨᠬᠠᠨ᠂ | ᠬᠦᠨᠳᠤ ᠪᠤᠬᠢᠷᠳᠤᠯ ᠲᠠᠢ ᠴᠠᠭ ᠠᠭᠤᠷ ᠢ ᠠᠷᠭᠠᠴᠠᠨ ᠰᠢᠢᠤᠨᠪᠤᠷᠢᠯᠡᠬᠦ ᠴᠢᠳᠠᠪᠤᠷᠢ ᠪᠠᠨ ᠬᠦᠴᠤᠯᠡᠨ ᠳᠡᠬᠡᠭᠰᠢᠯᠡᠬᠦᠯᠵᠤ᠂ ᠡᠯ᠎ᠡ ᠵᠦᠢᠯ ᠤᠨ ᠪᠤᠬᠢᠷᠳᠤᠯ ᠪᠤᠳᠠᠰ ᠤᠨ | ᠭᠠᠳᠠᠭᠰᠢᠯᠠᠭᠤᠯᠤᠯᠳᠠ ᠶᠢ ᠬᠠᠷᠠᠭᠠᠯᠵᠠᠭᠰᠡᠨ ᠭᠠᠳᠠᠭᠰᠢᠯᠠᠭᠤᠯᠤᠯᠳᠠ ᠶᠢ ᠪᠠᠭᠠᠰᠬᠠᠬᠤ ᠬᠠᠷᠢᠴᠡᠯ ᠲᠠᠢ ᠨᠠᠶᠢᠴᠡᠬᠦᠯᠬᠦ ᠶᠢ ᠪᠠᠳᠤᠯᠠᠵᠤ᠂ ᠭᠠᠳᠠᠭᠰᠢᠯᠠᠭᠤᠯᠤᠯᠳᠠ ᠶᠢ | ᠪᠠᠭᠠᠰᠬᠠᠬᠤ ᠪᠦᠳᠤᠮᠵᠢ ᠶᠢ ᠦᠨᠡᠬᠦ ᠪᠠᠳᠠᠷᠠᠭᠤᠯᠤᠨ᠂ ᠬᠦᠨᠳᠤ ᠪᠤᠬᠢᠷᠳᠤᠯ ᠲᠠᠢ ᠴᠠᠭ ᠠᠭᠤᠷ ᠤᠨ ᠬᠤᠤᠷ ᠬᠦᠨᠤᠬᠡᠯ ᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠨ᠎ᠠ᠃ | 2. ᠰᠢᠨᠵᠢᠯᠡᠬᠦ ᠤᠬᠠᠭᠠᠨᠴᠢ ᠪᠠᠷ ᠰᠡᠷᠡᠮᠵᠢᠯᠡᠬᠦᠯᠵᠤ᠂ ᠴᠠᠭ ᠳᠤᠬᠠᠢ ᠳᠤ ᠨᠢ ᠳᠠᠶᠢᠴᠢᠯᠡᠨ ᠠᠵᠢᠯᠯᠠᠨ᠎ᠠ᠃ ᠠᠭᠠᠷ ᠮᠠᠨᠳᠠᠯ ᠤᠨ ᠪᠤᠬᠢᠷᠳᠤᠯ ᠤᠨ ᠡᠬᠢ ᠰᠤᠷᠪᠤᠯᠵᠢ | ᠶᠢᠨ ᠬᠢᠨᠠᠨ ᠬᠢᠵᠠᠭᠠᠷᠯᠠᠯᠳᠠ ᠶᠢ ᠴᠢᠩᠭᠠᠤᠨᠬᠠᠨ᠂ ᠠᠭᠠᠷ ᠤᠨ ᠴᠢᠨᠰᠠᠭ᠎ᠠ ᠪᠠ ᠴᠠᠭ ᠠᠭᠤᠷ ᠤᠨ ᠨᠦᠬᠦᠴᠡᠯ ᠤᠨ ᠡᠳᠤᠷ ᠳᠤᠳᠤᠮ ᠤᠨ ᠬᠢᠨᠠᠨ ᠪᠠᠶᠢᠴᠠᠭᠠᠯᠳᠠ ᠶᠢ | ᠰᠠᠶᠢᠳᠤᠷ ᠬᠢᠵᠤ᠂ ᠬᠤᠪᠢᠷᠠᠯᠳᠠ ᠶᠢᠨ ᠪᠠᠶᠢᠳᠠᠯ ᠢ ᠴᠠᠭ ᠳᠤᠬᠠᠢ ᠳᠤ ᠨᠢ ᠤᠨᠤᠪᠴᠢᠳᠠᠢ ᠡᠵᠡᠮᠳᠡᠨ᠂ ᠬᠦᠨᠳᠤ ᠪᠤᠬᠢᠷᠳᠤᠯ ᠲᠠᠢ ᠴᠠᠭ ᠠᠭᠤᠷ ᠢ ᠬᠢᠨᠠᠨ ᠪᠠᠶᠢᠴᠠᠭᠠᠵᠤ | ᠰᠡᠷᠡᠮᠵᠢᠯᠡᠬᠦᠯᠬᠦ᠂ ᠵᠦᠪᠳᠡᠯᠴᠡᠨ ᠰᠤᠳᠤᠯᠵᠤ ᠮᠠᠭᠠᠤᠨᠯᠠᠬᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠶᠢᠴᠢᠯᠠᠬᠤ᠂ ᠱᠠᠭᠠᠷᠳᠠᠨ ᠪᠠᠶᠢᠴᠠᠭᠠᠵᠤ ᠳᠤᠬᠢᠷᠠᠭᠤᠯᠬᠤ | ᠳᠤᠭᠳᠠᠴᠠ ᠶᠢ ᠪᠠᠶᠢᠭᠤᠯᠤᠨ ᠳᠡᠬᠦᠯᠳᠡᠷᠵᠢᠬᠦᠯᠵᠤ᠂ ᠬᠦᠨᠳᠤ ᠪᠤᠬᠢᠷᠳᠤᠯ ᠲᠠᠢ ᠴᠠᠭ ᠠᠭᠤᠷ ᠢ ᠢᠳᠡᠪᠬᠢᠳᠠᠢ ᠪᠦᠳᠤᠮᠵᠢᠳᠠᠢ ᠠᠷᠭᠠᠴᠠᠨ᠎ᠠ᠃ | 3. ᠱᠠᠳᠤ ᠬᠤᠪᠢᠶᠠᠨ ᠬᠠᠮᠢᠶᠠᠷᠤᠨ ᠡᠵᠡᠮᠳᠡᠵᠤ᠂ ᠨᠠᠷᠢᠯᠢᠭ ᠤᠨᠤᠪᠴᠢᠳᠠᠢ ᠪᠠᠷ ᠭᠠᠳᠠᠭᠰᠢᠯᠠᠭᠤᠯᠤᠯᠳᠠ ᠶᠢ ᠪᠠᠭᠠᠰᠬᠠᠨ᠎ᠠ᠃ ︽ᠶᠡᠭᠡ ᠭᠠᠳᠠᠭᠰᠢᠯᠠᠭᠤᠯᠪᠠᠯ ᠶᠡᠭᠡ | ᠪᠠᠷ ᠬᠢᠵᠠᠭᠠᠷᠯᠠᠵᠤ᠂ ᠪᠠᠭ᠎ᠠ ᠭᠠᠳᠠᠭᠰᠢᠯᠠᠭᠤᠯᠪᠠᠯ ᠪᠠᠭ᠎ᠠ ᠪᠠᠷ ᠬᠢᠵᠠᠭᠠᠷᠯᠠᠨ᠂ ᠭᠠᠳᠠᠭᠰᠢᠯᠠᠭᠤᠯᠬᠤ ᠦᠬᠡᠢ ᠪᠤᠯ ᠬᠢᠵᠠᠭᠠᠷᠯᠠᠬᠤ ᠦᠬᠡᠢ︾ ᠵᠠᠷᠴᠢᠮ ᠢ ᠪᠠᠷᠢᠮᠳᠠᠯᠠᠨ᠂ | ᠵᠦᠷᠢᠶᠡᠨᠳᠤ ᠬᠠᠮᠢᠶᠠᠷᠤᠯᠳᠠ ᠬᠢᠵᠠᠭᠠᠷᠯᠠᠯᠳᠠ ᠶᠢᠨ ᠠᠷᠭ᠎ᠠ ᠪᠠᠷᠢᠯ ᠢ ᠬᠡᠷᠡᠭᠵᠢᠬᠦᠯᠵᠤ᠂ ᠠᠵᠤ ᠠᠬᠤᠶᠢᠯᠠᠯ ᠤᠨ ︽ᠨᠢᠬᠡ ᠤᠶᠢᠯᠡᠤᠪᠤᠷᠢ ᠳᠤ ᠨᠢᠬᠡ ᠪᠤᠳᠤᠯᠭ᠎ᠠ ᠲᠠᠢ︾ | ᠪᠠᠴᠢᠮ ᠪᠠᠶᠢᠳᠠᠯ ᠢ ᠠᠷᠭᠠᠴᠠᠨ ᠭᠠᠳᠠᠭᠰᠢᠯᠠᠭᠤᠯᠤᠯᠳᠠ ᠶᠢ ᠪᠠᠭᠠᠰᠬᠠᠬᠤ ᠬᠡᠷᠡᠭᠵᠢᠬᠦᠯᠤᠯᠳᠠ ᠶᠢᠨ ᠲᠦᠰᠤᠯ ᠢ ᠨᠠᠷᠢᠯᠢᠭᠵᠢᠭᠤᠯᠤᠨ᠂ ᠭᠠᠳᠠᠭᠰᠢᠯᠠᠭᠤᠯᠤᠯᠳᠠ ᠶᠢ | ᠪᠠᠭᠠᠰᠠᠬᠠᠬᠤ ᠠᠷᠭ᠎ᠠ ᠪᠠᠷᠢᠯ ᠢ ︽ᠬᠡᠷᠡᠭᠵᠢᠬᠦᠯᠵᠤ ᠪᠤᠯᠬᠤ᠂ ᠬᠢᠨᠠᠨ ᠪᠠᠶᠢᠴᠠᠭᠠᠵᠤ ᠪᠤᠯᠬᠤ᠂ ᠬᠠᠷᠭᠤᠭᠤᠯᠤᠨ ᠪᠠᠶᠢᠴᠠᠭᠠᠵᠤ ᠪᠤᠯᠬᠤ︾ ᠶᠢ ᠪᠡᠶᠡᠯᠡᠬᠦᠯᠤᠨ᠎ᠠ᠃ | 4. ᠬᠠᠷᠢᠶ᠎ᠠ ᠭᠠᠵᠠᠷ ᠬᠠᠷᠢᠭᠤᠴᠠᠵᠤ᠂ ᠤᠷᠤᠨ ᠪᠦᠰᠡ ᠨᠢᠬᠡᠳᠤᠯᠳᠠᠢ ᠲᠦᠯᠤᠪᠯᠡᠨᠡ᠃ ᠬᠤᠰᠢᠭᠤ ᠬᠦᠨᠳᠤ ᠪᠤᠬᠢᠷᠳᠤᠯ ᠲᠠᠢ ᠴᠠᠭ ᠠᠭᠤᠷ ᠢ ᠪᠠᠴᠢᠮ | ᠠᠷᠭᠠᠴᠠᠬᠤ ᠵᠢᠯᠤᠭᠤᠤᠨᠬᠤ ᠭᠠᠵᠠᠷ ᠠᠴᠠ ᠪᠦᠬᠦ ᠬᠤᠰᠢᠭᠤᠨ ᠤ ᠬᠦᠨᠳᠤ ᠪᠤᠬᠢᠷᠳᠤᠯ ᠲᠠᠢ ᠴᠠᠭ ᠠᠭᠤᠷ ᠢ ᠠᠷᠭᠠᠴᠠᠬᠤ ᠠᠵᠢᠯ ᠢ ᠨᠢᠬᠡᠳᠤᠯᠳᠠᠢ ᠵᠢᠯᠤᠭᠤᠳᠤᠨ᠎ᠠ᠃ | ᠡᠯ᠎ᠡ ᠪᠠᠯᠭᠠᠰᠤ ᠶᠢᠨ ᠠᠷᠠᠤᠨ ᠤᠨ ᠵᠠᠰᠠᠭ ᠤᠨ ᠤᠷᠳᠤᠨ ᠳᠤᠰ ᠵᠠᠰᠠᠭ ᠵᠠᠬᠢᠷᠭᠠᠨ ᠤ ᠤᠷᠤᠨ ᠳᠤᠳᠤᠷᠠᠬᠢ ᠬᠦᠨᠳᠤ ᠪᠤᠬᠢᠷᠳᠤᠯ ᠲᠠᠢ ᠴᠠᠭ ᠠᠭᠤᠷ ᠢ ᠪᠠᠴᠢᠮ ᠠᠷᠭᠠᠴᠠ᠊ | ᠬᠤ ᠠᠵᠢᠯ ᠢ ᠬᠠᠷᠢᠭᠤᠴᠠᠨ᠎ᠠ᠃ | 5. ᠰᠠᠯᠠᠭ᠎ᠠ ᠮᠦᠴᠢᠷ ᠬᠤᠯᠪᠤᠭᠠᠯᠠᠨ᠂ ᠪᠤᠳᠠᠳᠠᠶᠢᠵᠢᠭᠤᠯᠤᠯᠳᠠ ᠶᠢ ᠴᠢᠩᠭᠠᠤᠨᠬᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠂ ᠪᠠᠶᠢᠭᠤᠯᠭ᠎ᠠ ᠨᠢᠬᠡᠴᠠ ᠶᠢᠨ | ᠠᠵᠢᠯ ᠤᠨ ᠡᠬᠦᠷᠬᠡ ᠬᠠᠷᠢᠭᠤᠴᠠᠯᠭ᠎ᠠ ᠶᠢ ᠳᠤᠳᠤᠷᠬᠠᠶᠢᠯᠠᠵᠤ᠂ ᠨᠢᠬᠡᠳᠤᠯᠳᠠᠢ ᠲᠦᠯᠤᠪᠯᠡᠨ ᠵᠤᠬᠢᠴᠠᠭᠤᠯᠬᠤ ᠶᠢ ᠴᠢᠩᠭᠠᠤᠨᠬᠠᠨ᠂ ᠮᠡᠳᠡᠭᠡ ᠵᠠᠩᠬᠢ ᠶᠢ ᠬᠠᠮᠳᠤ ᠡᠳ᠋ᠯᠡᠬᠦ | ᠪᠠ ᠮᠡᠳᠡᠭᠡ ᠵᠠᠩᠬᠢ ᠶᠢ ᠢᠯᠡ ᠪᠤᠯᠭᠠᠬᠤ ᠶᠢ ᠴᠢᠩᠭᠠᠷᠠᠭᠤᠯᠤᠨ᠂ ᠳᠤᠰ ᠳᠤᠰ ᠤᠨ ᠡᠬᠦᠷᠬᠡ ᠬᠠᠷᠢᠭᠤᠴᠠᠯᠭ᠎ᠠ ᠪᠠᠨ ᠬᠦᠢᠴᠡᠤᠨᠬᠡᠵᠤ᠂ ᠨᠢᠭᠳᠠ ᠬᠠᠮᠵᠢᠯᠴᠠᠨ᠂ | ᠨᠢᠬᠡᠳᠤᠯᠳᠠᠢ ᠬᠦᠳᠡᠯᠤᠯᠴᠠᠬᠦ ᠠᠵᠢᠯ ᠤᠨ ᠳᠤᠭᠳᠠᠴᠠ ᠶᠢ ᠪᠦᠷᠢᠯᠳᠤᠬᠦᠯᠤᠨ᠎ᠠ᠃ ᠠᠵᠢᠯ ᠤᠨ ᠡᠬᠦᠷᠬᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠨᠠᠨ | ᠪᠠᠶᠢᠴᠠᠭᠠᠬᠤ᠂ ᠤᠷᠢᠤᠨᠴᠢᠯᠡᠨ ᠵᠢᠱᠢᠬᠦ᠂ ᠰᠡᠷᠡᠮᠵᠢᠯᠡᠬᠦᠯᠬᠦ᠂ ᠳᠠᠶᠢᠴᠢᠯᠠᠬᠤ ᠵᠡᠷᠬᠡ ᠪᠠᠴᠢᠮ ᠪᠠᠶᠢᠳᠠᠯ ᠢ ᠠᠷᠭᠠᠴᠠᠬᠤ ᠠᠵᠢᠯ ᠢ ᠡᠮᠬᠢᠳᠠᠢ ᠪᠤᠳᠠᠳᠠᠶᠢᠵᠢᠭᠤᠯᠬᠤ ᠶᠢ | ᠪᠠᠳᠤᠯᠠᠨ᠎ᠠ᠃ | ᠬᠤᠶᠠᠷ᠂ ᠵᠤᠬᠢᠶᠠᠨ ᠪᠠᠶᠢᠭᠤᠯᠬᠤ ᠪᠠᠶᠢᠭᠤᠯᠤᠮᠵᠢ | ᠤᠳᠤᠭ ᠤᠨ ᠡᠮᠤᠨᠡᠳᠤ ᠬᠤᠰᠢᠭᠤᠨ ᠤ ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠤᠨᠬᠤ ᠭᠠᠵᠠᠷ ᠢ ᠪᠠᠶᠢᠭᠤᠯᠤᠨ᠂ | ᠪᠦᠬᠦ ᠬᠤᠰᠢᠭᠤᠨ ᠤ ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠨᠢᠬᠡᠳᠤᠯᠳᠠᠢ ᠤᠳᠤᠷᠢᠳᠤᠨ ᠵᠢᠯᠤᠭᠤᠳᠤᠨ᠎ᠠ᠃ | ᠶᠡᠷᠤᠩᠬᠡᠢ ᠵᠢᠯᠤᠭᠤᠳᠤᠭᠴᠢ ᠶᠢᠨ ᠳᠤᠰᠢᠶᠡᠯ ᠢ ᠬᠤᠰᠢᠭᠤ ᠳᠠᠷᠤᠭ᠎ᠠ ᠡᠬᠦᠷᠬᠡᠯᠡᠵᠤ᠂ ᠳᠡᠳ᠋ ᠶᠡᠷᠤᠩᠬᠡᠢ ᠵᠢᠯᠤᠭᠤᠳᠤᠭᠴᠢ ᠶᠢᠨ ᠳᠤᠰᠢᠶᠠᠯ ᠢ ᠠᠮᠢ ᠠᠬᠤᠢ ᠤᠷᠴᠢᠨ | ᠳᠤᠭᠤᠷᠢᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤ ᠳᠡᠳ᠋ ᠳᠠᠷᠤᠭ᠎ᠠ ᠡᠬᠦᠷᠬᠡᠯᠡᠨ᠎ᠡ᠃ ᠬᠤᠰᠢᠭᠤᠨ ᠤ ᠰᠢᠭᠤᠤᠨ ᠬᠠᠷᠢᠶ᠎ᠠ ᠬᠠᠮᠢᠶ᠎ᠠ ᠪᠦᠬᠦᠢ | ᠪᠠᠶᠢᠭᠤᠯᠭ᠎ᠠ ᠨᠢᠬᠡᠴᠠ ᠪᠤᠯ ᠪᠠᠴᠢᠮ ᠪᠠᠶᠢᠳᠠᠯ ᠢ ᠠᠷᠭᠠᠴᠠᠬᠤ ᠵᠢᠯᠤᠭᠤᠤᠨᠬᠤ ᠭᠠᠵᠠᠷ ᠤᠨ ᠪᠦᠷᠢᠯᠳᠤᠬᠦᠨ ᠨᠢᠬᠡᠴᠠ ᠪᠤᠯᠤᠨ᠎ᠠ᠃ | ᠤᠳᠤᠭ ᠤᠨ ᠡᠮᠤᠨᠡᠳᠤ ᠬᠤᠰᠢᠭᠤᠨ ᠤ ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠤᠨᠬᠤ ᠭᠠᠵᠠᠷ ᠤᠨ ᠠᠯᠪᠠᠨ ᠬᠡᠷ | ᠢ ᠬᠤᠰᠢᠭᠤ ᠠᠮᠢ ᠠᠬᠤᠢ ᠤᠷᠴᠢᠨ ᠳᠤᠭᠤᠷᠢᠨ ᠤ ᠬᠤᠪᠢᠶᠠᠷᠢ ᠳᠤᠪᠴᠢᠶ᠎ᠠ ᠳᠤ ᠳᠤᠬᠢᠷᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠳᠤᠰᠢᠶᠠᠯ ᠢ ᠬᠤᠰᠢᠭᠤ ᠠᠮᠢ | ᠠᠬᠤᠢ ᠤᠷᠴᠢᠨ ᠳᠤᠭᠤᠷᠢᠨ ᠤ ᠬᠤᠪᠢᠶᠠᠷᠢ ᠳᠤᠪᠴᠢᠶ᠎ᠠ ᠶᠢᠨ ᠳᠠᠷᠤᠭ᠎ᠠ ᠡᠬᠦᠷᠬᠡᠯᠡᠨ᠎ᠡ᠃ | ᠵᠤᠬᠢᠶᠠᠨ ᠪᠠᠶᠢᠭᠤᠯᠬᠤ ᠪᠠᠶᠢᠭᠤᠯᠤᠮᠵᠢ᠂ ᠵᠢᠯᠤᠭᠤᠤᠨᠬᠤ ᠭᠠᠵᠠᠷ ᠤᠨ ᠪᠦᠷᠢᠯᠳᠤᠬᠦᠨ ᠨᠢᠬᠡᠴᠠ ᠶᠢᠨ ᠡᠬᠦᠷᠬᠡ ᠬᠠᠷᠢᠭᠤᠴᠠᠯᠭ᠎ᠠ ᠶᠢᠨ ᠨᠠᠷᠢᠨ ᠪᠠᠶᠢᠳᠠᠯ ᠢ ᠠᠷᠤ | ᠳᠤ ᠳᠠᠭᠠᠯᠳᠤᠭᠤᠯᠪᠠ᠃ | ᠭᠤᠷᠪᠠ᠂ ᠤᠷᠢᠤᠨᠴᠢᠯᠡᠨ ᠮᠡᠳᠡᠬᠡᠯᠡᠵᠤ ᠤᠷᠢᠤᠨᠴᠢᠯᠡᠨ ᠰᠡᠷᠡᠮᠵᠢᠯᠡᠬᠦᠯᠬᠦ | ︵ᠨᠢᠬᠡ︶ ᠬᠢᠨᠠᠨ ᠰᠢᠯᠭᠠᠵᠤ ᠤᠷᠢᠤᠨᠴᠢᠯᠡᠨ ᠮᠡᠳᠡᠬᠡᠯᠡᠬᠦ | ᠬᠢᠨᠠᠨ ᠰᠢᠯᠭᠠᠬᠤ᠃ ᠬᠤᠰᠢᠭᠤ ᠠᠮᠢ ᠠᠬᠤᠢ ᠤᠷᠴᠢᠨ ᠳᠤᠭᠤᠷᠢᠨ ᠤ ᠬᠤᠪᠢᠶᠠᠷᠢ ᠳᠤᠪᠴᠢᠶ᠎ᠠ᠂ ᠴᠠᠭ ᠠᠭᠤᠷ ᠤᠨ ᠰᠠᠯᠠᠭ᠎ᠠ ᠮᠦᠴᠢᠷ ᠳᠤᠰᠪᠤᠷᠢ ᠤᠷᠴᠢᠨ | ᠳᠤᠭᠤᠷᠢᠨ ᠤ ᠠᠭᠠᠷ ᠤᠨ ᠴᠢᠨᠰᠠᠭ᠎ᠠ ᠶᠢ ᠬᠢᠨᠠᠨ ᠰᠢᠯᠭᠠᠬᠤ ᠪᠠ ᠴᠠᠭ ᠠᠭᠤᠷ ᠤᠨ ᠪᠠᠶᠢᠳᠠᠯ ᠢ ᠠᠵᠢᠭᠯᠠᠨ ᠰᠢᠯᠭᠠᠬᠤ ᠶᠢ ᠬᠠᠷᠢᠭᠤᠴᠠᠨ᠂ ᠳᠤᠭ᠎ᠠ ᠪᠠᠷᠢᠮᠳᠠ ᠶᠢ | ᠴᠤᠭᠯᠠᠭᠤᠯᠤᠨ ᠰᠢᠢᠤᠨᠪᠤᠷᠢᠯᠡᠬᠦ᠂ ᠤᠳᠤᠬᠢ ᠪᠠᠶᠢᠳᠠᠯ ᠳᠤ ᠦᠨᠡᠯᠡᠯᠳᠠ ᠬᠢᠬᠦ᠂ ᠮᠡᠳᠡᠭᠡ ᠵᠠᠩᠬᠢ ᠶᠢ ᠰᠤᠯᠢᠯᠴᠠᠵᠤ ᠬᠠᠮᠳᠤ ᠡᠳ᠋ᠯᠡᠬᠦ ᠶᠢ ᠰᠠᠶᠢᠳᠤᠷ ᠬᠢᠵᠤ᠂ | ᠤᠷᠢᠤᠨᠴᠢᠯᠡᠨ ᠮᠡᠳᠡᠬᠡᠯᠡᠬᠦ᠂ ᠵᠦᠪᠳᠡᠯᠴᠡᠬᠦ᠂ ᠤᠷᠢᠤᠨᠴᠢᠯᠡᠨ ᠰᠡᠷᠡᠮᠵᠢᠯᠡᠬᠦᠯᠬᠦ ᠳᠤ ᠰᠢᠢᠤᠨᠪᠤᠷᠢᠳᠤ ᠦᠨᠳᠤᠰᠤᠯᠡᠯ ᠬᠠᠩᠭᠠᠨ᠎ᠠ᠃ | ᠤᠷᠢᠤᠨᠴᠢᠯᠡᠨ ᠮᠡᠳᠡᠬᠡᠯᠡᠬᠦ᠃ ᠬᠤᠰᠢᠭᠤ ᠬᠦᠨᠳᠤ ᠪᠤᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠤᠨᠬᠤ ᠭᠠᠵᠠᠷ ᠤᠨ ᠠᠯᠪᠠᠨ ᠬᠡᠷ | ᠠᠴᠠ ᠤᠳᠤᠭ ᠤᠨ ᠡᠮᠤᠨᠡᠳᠤ ᠬᠤᠰᠢᠭᠤᠨ ᠤ ᠤᠷᠴᠢᠨ ᠳᠤᠭᠤᠷᠢᠨ ᠢ ᠬᠢᠨᠠᠨ ᠰᠢᠯᠭᠠᠬᠤ ᠦᠷᠳᠡᠭᠡ᠂ ᠬᠤᠰᠢᠭᠤ ᠴᠠᠭ ᠠᠭᠤᠷ ᠤᠨ ᠳᠤᠪᠴᠢᠶ᠎ᠠ ᠶᠢ ᠵᠤᠬᠢᠶᠠᠨ | ᠪᠠᠶᠢᠭᠤᠯᠤᠨ ᠢᠷᠡᠬᠡᠳᠤᠢ ᠶᠢᠨ 3 ᠡᠳᠤᠷ ᠤᠨ ᠠᠭᠠᠷ ᠤᠨ ᠴᠢᠨᠰᠠᠭ᠎ᠠ ᠶᠢ ᠤᠷᠢᠤᠨᠴᠢᠯᠡᠨ ᠮᠡᠳᠡᠬᠡᠯᠡᠵᠤ᠂ ᠢᠷᠡᠬᠡᠳᠤᠢ ᠶᠢᠨ 7 ᠡᠳᠤᠷ ᠤᠨ ᠠᠭᠠᠷ ᠤᠨ ᠴᠢᠨᠰᠠᠭ᠎ᠠ ᠶᠢᠨ | ᠬᠤᠪᠢᠷᠠᠯᠳᠠ ᠶᠢᠨ ᠬᠠᠨᠳᠤᠰᠢ ᠳᠤ ᠵᠢᠱᠢᠯᠳᠠ ᠬᠢᠵᠤ᠂ ᠰᠡᠷᠡᠮᠵᠢᠯᠡᠬᠦᠯᠬᠦ᠂ ᠳᠠᠶᠢᠴᠢᠯᠠᠬᠤ ᠳᠤ ᠰᠢᠢᠤᠨᠪᠤᠷᠢᠳᠤ ᠦᠨᠳᠤᠰᠤᠯᠡᠯ ᠬᠠᠩᠭᠠᠨ᠎ᠠ᠃ | ᠵᠦᠪᠳᠡᠯᠴᠡᠬᠦ᠃ ᠬᠤᠰᠢᠭᠤ ᠠᠮᠢ ᠠᠬᠤᠢ ᠤᠷᠴᠢᠨ ᠳᠤᠭᠤᠷᠢᠨ ᠤ ᠬᠤᠪᠢᠶᠠᠷᠢ ᠳᠤᠪᠴᠢᠶ᠎ᠠ᠂ ᠴᠠᠭ ᠠᠭᠤᠷ ᠤᠨ ᠳᠤᠪᠴᠢᠶ᠎ᠠ ᠠᠴᠠ ᠢᠷᠡᠬᠡᠳᠤᠢ ᠳᠤ ᠭᠠᠷᠴᠤ | ᠮᠡᠳᠡᠬᠦ ᠬᠦᠨᠳᠤ ᠪᠤᠬᠢᠷᠳᠤᠯ ᠲᠠᠢ ᠴᠠᠭ ᠠᠭᠤᠷ ᠢ ᠬᠠᠮᠳᠤᠷᠠᠨ ᠰᠤᠳᠤᠯᠵᠤ ᠮᠠᠭᠠᠤᠨᠯᠠᠬᠤ ᠳᠤ ᠪᠠᠨ ᠬᠠᠷᠠᠭᠠᠨ ᠳᠠᠪᠳᠠᠮᠵᠢ ᠪᠠᠷ ᠵᠦᠪᠳᠡᠯᠴᠡᠵᠤ ᠪᠤᠯᠤᠨ᠎ᠠ᠂ ᠴᠢᠬᠤᠯᠠ | ᠲᠠᠢ ᠦᠶ᠎ᠡ ᠳᠤ ᠳᠤᠰᠬᠠᠢ ᠮᠡᠷᠬᠡᠵᠢᠯᠳᠠᠨ ᠢ ᠵᠤᠬᠢᠶᠠᠨ ᠪᠠᠶᠢᠭᠤᠯᠤᠨ ᠬᠠᠮᠳᠤ ᠶᠢᠨ ᠵᠦᠪᠳᠡᠯᠴᠡᠭᠡ ᠦᠷᠨᠢᠬᠦᠯᠤᠨ᠎ᠠ᠃ ᠵᠢᠯᠤᠭᠤᠤᠨᠬᠤ ᠭᠠᠵᠠᠷ ᠤᠨ ᠠᠯᠪᠠᠨ ᠬᠡᠷ ᠲᠤ | ᠤᠷᠢᠤᠨᠴᠢᠯᠡᠨ ᠰᠡᠷᠡᠮᠵᠢᠯᠡᠬᠦᠯᠬᠦ ᠶᠢ ᠨᠠᠶᠢᠳᠡᠯᠡᠬᠦ᠂ ᠳᠤᠬᠢᠷᠠᠭᠤᠯᠬᠤ᠂ ᠦᠬᠡᠶᠢᠰᠬᠡᠬᠦ ᠰᠠᠨᠠᠯ ᠢ ᠴᠠᠭ ᠳᠤᠬᠠᠢ ᠳᠤ ᠨᠢ ᠳᠤᠷᠠᠳᠤᠨ᠎ᠠ᠃ ᠵᠢᠱᠢᠯᠳᠠ ᠪᠠᠷ 2 ᠡᠳᠤᠷ ᠵᠢᠴᠢ | 2 ᠡᠳᠤᠷ ᠠᠴᠠ ᠳᠡᠬᠡᠭᠰᠢ ᠬᠦᠨᠳᠤ ᠪᠤᠬᠢᠷᠳᠤᠯ ᠲᠠᠢ ᠴᠠᠭ ᠠᠭᠤᠷ ᠡᠬᠦᠰᠬᠦ ᠪᠤᠯᠤᠯᠴᠠᠭ᠎ᠠ ᠲᠠᠢ ᠪᠤᠯ ᠠᠭᠠᠷ ᠤᠨ ᠴᠢᠨᠰᠠᠭ᠎ᠠ ᠶᠢᠨ ᠤᠷᠢᠤᠨᠴᠢᠯᠡᠨ ᠮᠡᠳᠡᠬᠡᠯᠡᠯᠳᠠ ᠶᠢᠨ | ᠦᠷ᠎ᠡ ᠳ᠋ᠦᠩ ᠤᠨ ᠳᠡᠬᠡᠳᠤ ᠬᠢᠵᠠᠭᠠᠷ ᠶᠤᠰᠤᠭᠠᠷ ᠤᠷᠢᠤᠨᠴᠢᠯᠡᠨ ᠰᠡᠷᠡᠮᠵᠢᠯᠡᠬᠦᠯᠬᠦ ᠳᠡᠰ ᠤᠨ ᠰᠠᠨᠠᠭᠤᠯᠭ᠎ᠠ ᠳᠤᠷᠠᠳᠤᠨ᠎ᠠ᠃ | ︵ᠬᠤᠶᠠᠷ︶ ᠰᠡᠷᠡᠮᠵᠢᠯᠡᠬᠦᠯᠬᠦ ᠳᠡᠰ ᠬᠤᠪᠢᠶᠠᠬᠤ | ᠪᠦᠬᠦ ᠬᠤᠰᠢᠭᠤᠨ ᠤ ᠨᠢᠬᠡᠳᠤᠯᠳᠠᠢ ᠰᠡᠷᠡᠮᠵᠢᠯᠡᠬᠦᠯᠬᠦ ᠳᠡᠰ ᠬᠤᠪᠢᠶᠠᠷᠢᠯᠠᠯᠳᠠ ᠳᠤᠤᠷ᠎ᠠ ᠠᠴᠠ ᠳᠡᠬᠡᠭᠰᠢ ᠪᠠᠨ ᠰᠢᠷ᠎ᠠ ᠦᠩᠬᠡ ︵Ⅲ ᠳᠡᠰ︶᠂ ᠤᠯᠠᠪᠤᠷ ᠦᠩᠬᠡ | ︵Ⅱ ᠳᠡᠰ︶ ᠪᠠ ᠤᠯᠠᠭᠠᠨ ᠦᠩᠬᠡ ︵Ⅰ ᠳᠡᠰ︶ ᠭᠤᠷᠪᠡᠨ ᠳᠡᠰ ᠬᠤᠪᠢᠶᠠᠨ ᠤᠷᠢᠤᠨᠴᠢᠯᠡᠨ ᠰᠡᠷᠡᠮᠵᠢᠯᠡᠬᠦᠯᠤᠨᠠ᠃ ᠠᠭᠠᠷ ᠤᠨ ᠴᠢᠨᠰᠠᠭ᠎ᠠ ᠶᠢᠨ ᠢᠯᠡᠤᠨᠬᠡᠮᠵᠢ ︵ | AQI︶ ᠶᠢᠨ ᠡᠳᠤᠷ ᠳᠤᠮᠳᠠᠴᠢ ᠶᠢᠨ ᠬᠡᠮᠵᠢᠭᠳᠡᠯ ᠢᠶᠠᠷ ᠵᠢᠭᠠᠯᠳᠠ ᠳᠤᠭ᠎ᠠ ᠪᠤᠯᠭᠠᠵᠤ᠂ ᠦᠷᠬᠦᠯᠵᠢᠯᠡᠭᠰᠡᠨ 24 ᠴᠠᠭ ︵ᠪᠠᠶᠢᠭᠠᠯᠢ ᠶᠢᠨ ᠡᠳᠤᠷ ᠢ ᠠᠯᠤᠰᠯᠠᠵᠤ | ᠪᠤᠯᠤᠨ᠎ᠠ︶ ᠤᠨ ᠳᠤᠮᠳᠠᠴᠢ ᠬᠡᠮᠵᠢᠭᠳᠡᠯ ᠢᠶᠠᠷ ᠪᠤᠳᠤᠵᠤ᠂ AQI>200 ᠦᠷᠬᠦᠯᠵᠢᠯᠡᠬᠦ ᠡᠳᠤᠷ ᠤᠨ ᠳᠤᠭ᠎ᠠ ᠪᠠᠷ ᠡᠯ᠎ᠡ ᠳᠡᠰ ᠤᠨ ᠤᠷᠢᠤᠨᠴᠢᠯᠡᠨ ᠰᠡᠷᠡᠮᠵᠢᠯᠡᠬᠦᠯᠤᠯ | ᠢ ᠡᠬᠢᠯᠡᠬᠦᠯᠬᠦ ᠦᠨᠳᠤᠰᠤᠨ ᠨᠦᠬᠦᠴᠡᠯ ᠪᠤᠯᠭᠠᠨ᠎ᠠ᠃ ᠳᠡᠰ ᠬᠤᠪᠢᠶᠠᠬᠤ ᠪᠠᠷᠢᠮᠵᠢᠶ᠎ᠠ ᠨᠢ᠄ | ᠰᠢᠷ᠎ᠠ ᠦᠩᠬᠡ ᠶᠢᠨ ᠰᠡᠷᠡᠮᠵᠢᠯᠡᠬᠦᠯᠤᠯ᠄ ᠵᠢᠱᠢᠯᠳᠠ ᠪᠠᠷ AQI ᠶᠢᠨ ᠡᠳᠤᠷ ᠳᠤᠮᠳᠠᠴᠢ ᠶᠢᠨ ᠬᠡᠮᠵᠢᠭᠳᠡᠯ > 200 ᠪᠠᠷ 2 ᠡᠳᠤᠷ ︵48 ᠴᠠᠭ︶ ᠪᠤᠶᠤ 2 | ᠡᠳᠤᠷ ᠠᠴᠠ ᠳᠡᠬᠡᠭᠰᠢ ᠦᠷᠬᠦᠯᠵᠢᠯᠡᠬᠦ ᠮᠦᠷᠳᠡᠬᠡᠨ ᠳᠡᠬᠡᠳᠤ ᠳᠡᠰ ᠤᠨ ᠤᠷᠢᠤᠨᠴᠢᠯᠡᠨ ᠰᠡᠷᠡᠮᠵᠢᠯᠡᠬᠦᠯᠤᠯ ᠤᠨ ᠨᠦᠬᠦᠴᠡᠯ ᠳᠤ ᠬᠦᠷᠦᠭᠰᠡᠨ ᠦᠬᠡᠢ ᠦᠶ᠎ᠡ ᠳᠤ᠃ | ᠤᠯᠠᠪᠤᠷ ᠦᠩᠬᠡ ᠶᠢᠨ ᠰᠡᠷᠡᠮᠵᠢᠯᠡᠬᠦᠯᠤᠯ᠄ ᠵᠢᠱᠢᠯᠳᠠ ᠪᠠᠷ AQI ᠶᠢᠨ ᠡᠳᠤᠷ ᠳᠤᠮᠳᠠᠴᠢ ᠶᠢᠨ ᠬᠡᠮᠵᠢᠭᠳᠡᠯ > 200 ᠪᠠᠷ 3 ᠡᠳᠤᠷ ︵72 ᠴᠠᠭ︶ ᠪᠤᠶᠤ | 3 ᠡᠳᠤᠷ ᠠᠴᠠ ᠳᠡᠬᠡᠭᠰᠢ ᠦᠷᠬᠦᠯᠵᠢᠯᠡᠬᠦ ᠮᠦᠷᠳᠡᠬᠡᠨ ᠳᠡᠬᠡᠳᠤ ᠳᠡᠰ ᠤᠨ ᠤᠷᠢᠤᠨᠴᠢᠯᠡᠨ ᠰᠡᠷᠡᠮᠵᠢᠯᠡᠬᠦᠯᠤᠯ ᠤᠨ ᠨᠦᠬᠦᠴᠡᠯ ᠳᠤ ᠬᠦᠷᠦᠭᠰᠡᠨ ᠦᠬᠡᠢ ᠦᠶ᠎ᠡ ᠳᠤ᠃ | ᠤᠯᠠᠭᠠᠨ ᠦᠩᠬᠡ ᠶᠢᠨ ᠰᠡᠷᠡᠮᠵᠢᠯᠡᠬᠦᠯᠤᠯ᠄ ᠵᠢᠱᠢᠯᠳᠠ ᠪᠠᠷ AQI ᠶᠢᠨ ᠡᠳᠤᠷ ᠳᠤᠮᠳᠠᠴᠢ ᠶᠢᠨ ᠬᠡᠮᠵᠢᠭᠳᠡᠯ > 200 ᠪᠠᠷ 4 ᠡᠳᠤᠷ ︵96 ᠴᠠᠭ︶ ᠪᠤᠶᠤ | 4 ᠡᠳᠤᠷ ᠠᠴᠠ ᠳᠡᠬᠡᠭᠰᠢ ᠦᠷᠬᠦᠯᠵᠢᠯᠡᠬᠦ ᠮᠦᠷᠳᠡᠬᠡᠨ ᠵᠢᠱᠢᠯᠳᠠ ᠪᠠᠷ AQI ᠶᠢᠨ ᠡᠳᠤᠷ ᠳᠤᠮᠳᠠᠴᠢ ᠶᠢᠨ ᠬᠡᠮᠵᠢᠭᠳᠡᠯ > 300 ᠪᠠᠷ 2 ᠡᠳᠤᠷ ︵48 ᠴᠠᠭ︶ | ᠪᠤᠶᠤ 2 ᠡᠳᠤᠷ ᠠᠴᠠ ᠳᠡᠬᠡᠭᠰᠢ ᠦᠷᠬᠦᠯᠵᠢᠯᠡᠬᠦ︔ ᠡᠰᠡᠬᠦᠯ᠎ᠡ ᠵᠢᠱᠢᠯᠳᠠ ᠪᠠᠷ AQI ᠶᠢᠨ ᠡᠳᠤᠷ ᠳᠤᠮᠳᠠᠴᠢ ᠶᠢᠨ ᠬᠡᠮᠵᠢᠭᠳᠡᠯ 500 ᠬᠦᠷᠦᠭᠰᠡᠨ ᠦᠶ᠎ᠡ ᠳᠤ᠃ | ︵ᠭᠤᠷᠪᠠ︶ ᠰᠡᠷᠡᠮᠵᠢᠯᠡᠬᠦᠯᠤᠯ ᠨᠠᠶᠢᠳᠡᠯᠡᠬᠦ | ᠪᠦᠬᠦ ᠬᠤᠰᠢᠭᠤᠨ ᠳᠤ ᠰᠢᠷ᠎ᠠ ᠦᠩᠬᠡ ︵Ⅲ ᠳᠡᠰ︶᠂ ᠤᠯᠠᠪᠤᠷ ᠦᠩᠬᠡ ︵Ⅱ ᠳᠡᠰ︶᠂ ᠤᠯᠠᠭᠠᠨ ᠦᠩᠬᠡ ︵Ⅰ ᠳᠡᠰ︶ ᠭᠤᠷᠪᠡᠨ ᠳᠡᠰ ᠤᠨ | ᠤᠷᠢᠤᠨᠴᠢᠯᠡᠨ ᠰᠡᠷᠡᠮᠵᠢᠯᠡᠬᠦᠯᠤᠯ ᠳᠤᠬᠢᠷᠠᠭᠤᠯᠵᠤ᠂ ᠵᠢᠱᠢᠯᠳᠠ ᠪᠠᠷ ᠢᠷᠡᠬᠡᠳᠤᠢ ᠶᠢᠨ ᠠᠭᠠᠷ ᠤᠨ ᠴᠢᠨᠰᠠᠭ᠎ᠠ ᠤᠷᠢᠤᠨᠴᠢᠯᠡᠨ ᠰᠡᠷᠡᠮᠵᠢᠯᠡᠬᠦᠯᠬᠦ ᠨᠦᠬᠦᠴᠡᠯ ᠳᠤ ᠬᠦᠷᠬᠦ | ᠪᠤᠯᠤᠮᠵᠢ ᠲᠠᠢ ᠪᠤᠯ᠂ ᠬᠤᠰᠢᠭᠤ ᠵᠠᠰᠠᠭ ᠤᠨ ᠤᠷᠳᠤᠨ ᠠᠴᠠ 24 ᠴᠠᠭ ᠤᠨ ᠡᠮᠤᠨ᠎ᠡ ᠤᠷᠢᠤᠨᠴᠢᠯᠡᠨ ᠰᠡᠷᠡᠮᠵᠢᠯᠡᠬᠦᠯᠬᠦ ᠮᠡᠳᠡᠭᠡ ᠵᠠᠩᠬᠢ ᠪᠠᠨ ᠨᠠᠶᠢᠳᠡᠯᠡᠨ᠎ᠡ᠃ | ᠰᠢᠯᠭᠠᠨ ᠪᠠᠶᠢᠴᠠᠭᠠᠯᠳᠠ ᠪᠠᠷ ᠠᠭᠠᠷ ᠤᠨ ᠴᠢᠨᠰᠠᠭ᠎ᠠ ᠨᠢᠬᠡᠨᠳᠠ ᠬᠦᠨᠳᠤ ᠪᠤᠶᠤ ᠬᠦᠨᠳᠤ ᠠᠴᠠ ᠳᠡᠬᠡᠭᠰᠢ ᠪᠤᠬᠢᠷᠳᠤᠯ ᠳᠤ ᠬᠦᠷᠦᠭᠰᠡᠨ ᠮᠦᠷᠳᠡᠬᠡᠨ ᠵᠢᠱᠢᠯᠳᠠ ᠪᠠᠷ | ᠢᠷᠡᠬᠡᠳᠤᠢ ᠶᠢᠨ 24 ᠴᠠᠭ ᠲᠤ ᠠᠭᠠᠷ ᠤᠨ ᠴᠢᠨᠰᠠᠭ᠎ᠠ ᠢᠯᠡᠷᠬᠡᠢ ᠰᠠᠶᠢᠵᠢᠷᠠᠯᠳᠠ ᠦᠬᠡᠢ ᠪᠤᠯ᠂ ᠪᠤᠳᠠᠳᠠᠢ ᠪᠤᠬᠢᠷᠳᠤᠯ ᠤᠨ ᠪᠠᠶᠢᠳᠠᠯ ᠢ ᠦᠨᠳᠤᠰᠤᠯᠡᠨ ᠴᠠᠭ ᠳᠤᠬᠠᠢ | ᠳᠤ ᠨᠢ ᠵᠤᠬᠢᠬᠤ ᠳᠡᠰ ᠢᠶᠠᠷ ᠤᠷᠢᠤᠨᠴᠢᠯᠡᠨ ᠰᠡᠷᠡᠮᠵᠢᠯᠡᠬᠦᠯᠤᠨᠠ᠃ | ᠬᠤᠳᠠ ᠶᠢᠨ ᠵᠠᠰᠠᠭ ᠤᠨ ᠤᠷᠳᠤᠨ ︵ᠪᠠᠴᠢᠮ ᠪᠠᠶᠢᠳᠠᠯ ᠢ ᠠᠷᠭᠠᠴᠠᠬᠤ ᠵᠢᠯᠤᠭᠤᠤᠨᠬᠤ ᠭᠠᠵᠠᠷ ᠤᠨ ᠠᠯᠪᠠᠨ ᠬᠡᠷ︶ ᠤ ᠨᠠᠶᠢᠳᠡᠯᠡᠭᠰᠡᠨ ᠤᠷᠢᠤᠨᠴᠢᠯᠡᠨ | ᠰᠡᠷᠡᠮᠵᠢᠯᠡᠬᠦᠯᠤᠯ ᠤᠨ ᠮᠡᠳᠡᠭᠡ ᠵᠠᠩᠬᠢ ᠨᠢ ᠮᠠᠨ ᠤ ᠬᠤᠰᠢᠭᠤ ᠲᠠᠢ ᠬᠤᠯᠪᠤᠭᠳᠠᠬᠤ ᠦᠶᠡᠰ᠂ ᠮᠠᠨ ᠤ ᠬᠤᠰᠢᠭᠤ ᠬᠠᠷᠠᠭᠠᠯᠵᠠᠭᠰᠡᠨ ᠳᠡᠰ ᠤᠨ ᠤᠷᠢᠤᠨᠴᠢᠯᠡᠨ | ᠰᠡᠷᠡᠮᠵᠢᠯᠡᠬᠦᠯᠤᠯ ︵ᠤᠷᠢᠤᠨᠴᠢᠯᠡᠨ ᠰᠡᠷᠡᠮᠵᠢᠯᠡᠬᠦᠯᠬᠦ ᠳᠡᠰ ᠢ ᠳᠡᠬᠡᠭᠰᠢᠯᠡᠬᠦᠯᠵᠤ ᠪᠤᠯᠤᠨ᠎ᠠ︶ ᠢ ᠢᠵᠢᠯ ᠠᠯᠬᠤᠮ ᠢᠶᠠᠷ ᠨᠠᠶᠢᠳᠡᠯᠡᠵᠤ᠂ ᠬᠤᠰᠢᠭᠤ᠂ ᠪᠠᠯᠭᠠᠰᠤ᠂ | ᠬᠤᠰᠢᠭᠤ ᠰᠢᠭᠤᠤᠨ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠬᠤᠯᠪᠤᠭᠠᠯᠠᠨ ᠪᠠᠴᠢᠮ ᠪᠠᠶᠢᠳᠠᠯ ᠢ ᠠᠷᠭᠠᠴᠠᠨ ᠡᠵᠡᠮᠳᠡᠬᠦ ᠶᠢ ᠬᠡᠷᠡᠭᠵᠢᠬᠦᠯᠤᠨ᠎ᠠ᠃ | ᠮᠠᠨ ᠤ ᠬᠤᠰᠢᠭᠤ ᠤᠷᠢᠤᠨᠴᠢᠯᠡᠨ ᠰᠡᠷᠡᠮᠵᠢᠯᠡᠬᠦᠯᠬᠦ ᠨᠦᠬᠦᠴᠡᠯ ᠳᠤ ᠬᠦᠷᠬᠦ ᠦᠶ᠎ᠡ ᠳᠤ᠂ ᠬᠤᠰᠢᠭᠤ ᠵᠠᠰᠠᠭ ᠤᠨ ᠤᠷᠳᠤᠨ ︵ᠪᠠᠴᠢᠮ ᠪᠠᠶᠢᠳᠠᠯ ᠢ ᠠᠷᠭᠠᠴᠠᠬᠤ | ᠵᠢᠯᠤᠭᠤᠤᠨᠬᠤ ᠭᠠᠵᠠᠷ ᠤᠨ ᠠᠯᠪᠠᠨ ᠬᠡᠷ︶ ᠤᠷᠢᠤᠨᠴᠢᠯᠡᠨ ᠰᠡᠷᠡᠮᠵᠢᠯᠡᠬᠦᠯᠬᠦ ᠮᠡᠳᠡᠭᠡ ᠵᠠᠩᠬᠢ ᠨᠠᠶᠢᠳᠡᠯᠡᠵᠤ᠂ ᠳᠡᠰ ᠬᠤᠪᠢᠶᠠᠷᠢᠯᠠᠯ ᠶᠤᠰᠤᠭᠠᠷ ᠤᠷᠢᠤᠨᠴᠢᠯᠡᠨ | ᠰᠡᠷᠡᠮᠵᠢᠯᠡᠬᠦᠯᠵᠤ᠂ ᠪᠠᠯᠭᠠᠰᠤᠨ ᠳᠤᠭᠤᠷᠢᠭ ᠲᠤ ᠬᠠᠷᠠᠭᠠᠯᠵᠠᠭᠰᠡᠨ ᠳᠡᠰ ᠤᠨ ᠤᠷᠢᠤᠨᠴᠢᠯᠡᠨ ᠰᠡᠷᠡᠮᠵᠢᠯᠡᠬᠦᠯᠤᠯ ᠢ ᠢᠵᠢᠯ ᠠᠯᠬᠤᠮ ᠢᠶᠠᠷ ᠡᠬᠢᠯᠡᠬᠦᠯᠵᠤ᠂ ᠬᠤᠰᠢᠭᠤ᠂ | ᠪᠠᠯᠭᠠᠰᠤ᠂ ᠬᠤᠰᠢᠭᠤ ᠰᠢᠭᠤᠤᠨ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠬᠤᠯᠪᠤᠭᠠᠯᠠᠨ ᠪᠠᠴᠢᠮ ᠪᠠᠶᠢᠳᠠᠯ ᠢ ᠠᠷᠭᠠᠴᠠᠨ ᠡᠵᠡᠮᠳᠡᠬᠦ ᠶᠢ ᠬᠡᠷᠡᠭᠵᠢᠬᠦᠯᠤᠨ᠎ᠠ᠃ | ︵ᠲᠦᠷᠪᠡ︶ ᠰᠡᠷᠡᠮᠵᠢᠯᠡᠬᠦᠯᠤᠯ ᠢ ᠳᠤᠬᠢᠷᠠᠭᠤᠯᠤᠨ ᠡᠵᠡᠮᠳᠡᠬᠦ | ᠳᠡᠬᠡᠳᠤ ᠳᠡᠰ ᠢᠶᠠᠷ ᠤᠷᠢᠤᠨᠴᠢᠯᠡᠨ ᠰᠡᠷᠡᠮᠵᠢᠯᠡᠬᠦᠯᠬᠦ᠄ ᠵᠢᠱᠢᠯᠳᠠ ᠪᠠᠷ ᠡᠮᠤᠨ᠎ᠡ ᠬᠤᠶᠢᠨ᠎ᠠ ᠬᠤᠶᠠᠷ ᠤᠳᠠᠭ᠎ᠠ ᠬᠦᠨᠳᠤ ᠪᠤᠬᠢᠷᠳᠤᠯ ᠡᠬᠦᠰᠬᠦ ᠮᠦᠷᠳᠡᠬᠡᠨ | ᠠᠯᠤᠰᠯᠠᠭᠰᠡᠨ ᠴᠠᠭ ᠨᠢ ᠤᠷᠢᠤᠨᠴᠢᠯᠡᠨ ᠰᠡᠷᠡᠮᠵᠢᠯᠡᠬᠦᠯᠤᠯ ᠢ ᠦᠬᠡᠶᠢᠰᠬᠡᠬᠦ ᠨᠦᠬᠦᠴᠡᠯ ᠳᠤ ᠬᠦᠷᠬᠦ ᠦᠬᠡᠢ ᠦᠶᠡᠰ᠂ ᠨᠢᠬᠡ ᠤᠳᠠᠭᠠᠨ ᠤ ᠬᠦᠨᠳᠤ ᠪᠤᠬᠢᠷᠳᠤᠯ ᠤᠨ | ᠶᠠᠪᠤᠴᠠ ᠪᠠᠷ ᠪᠤᠳᠤᠵᠤ᠂ ᠳᠡᠬᠡᠳᠤ ᠳᠡᠰ ᠤᠨ ᠤᠷᠢᠤᠨᠴᠢᠯᠡᠨ ᠰᠡᠷᠡᠮᠵᠢᠯᠡᠬᠦᠯᠤᠯ ᠠᠴᠠ ᠡᠬᠢᠯᠡᠬᠦᠯᠤᠨ᠎ᠠ᠃ ᠵᠢᠱᠢᠯᠳᠠ ᠪᠠᠷ ᠪᠤᠶᠤ ᠬᠢᠨᠠᠨ ᠪᠠᠶᠢᠴᠠᠭᠠᠯᠳᠠ ᠪᠠᠷ ᠠᠭᠠᠷ ᠤᠨ | ᠴᠢᠨᠰᠠᠭ᠎ᠠ ᠨᠠᠩ ᠦᠨᠳᠤᠷ ᠳᠡᠰ ᠤᠨ ᠤᠷᠢᠤᠨᠴᠢᠯᠡᠨ ᠰᠡᠷᠡᠮᠵᠢᠯᠡᠬᠦᠯᠬᠦ ᠨᠦᠬᠦᠴᠡᠯ ᠳᠤ ᠬᠦᠷᠦᠭᠰᠡᠨ ᠪᠤᠯ ᠳᠡᠰ ᠳᠡᠪᠰᠢᠬᠦᠯᠬᠦ ᠠᠷᠭ᠎ᠠ ᠠᠪᠴᠠᠯ ᠢ ᠠᠯᠢ ᠲᠦᠷᠬᠡᠨ ᠢᠶᠠᠷ | ᠬᠡᠷᠡᠭᠵᠢᠬᠦᠯᠤᠨ᠎ᠠ᠃ | ᠤᠷᠢᠤᠨᠴᠢᠯᠡᠨ ᠰᠡᠷᠡᠮᠵᠢᠯᠡᠬᠦᠯᠬᠦ ᠳᠡᠰ ᠢ ᠪᠠᠭᠤᠷᠠᠭᠤᠯᠬᠤ᠄ ᠵᠢᠱᠢᠯᠳᠠ ᠪᠠᠷ ᠪᠤᠶᠤ ᠬᠢᠨᠠᠨ ᠪᠠᠶᠢᠴᠠᠭᠠᠯᠳᠠ ᠪᠠᠷ ᠠᠭᠠᠷ ᠤᠨ ᠴᠢᠨᠰᠠᠭ᠎ᠠ ᠰᠠᠶᠢᠵᠢᠷᠠᠭᠠᠤᠨ | ᠬᠠᠷᠠᠭᠠᠯᠵᠠᠭᠰᠡᠨ ᠳᠡᠰ ᠤᠨ ᠤᠷᠢᠤᠨᠴᠢᠯᠡᠨ ᠰᠡᠷᠡᠮᠵᠢᠯᠡᠬᠦᠯᠤᠯ ᠢ ᠡᠬᠢᠯᠡᠬᠦᠯᠬᠦ ᠪᠠᠷᠢᠮᠵᠢᠶ᠎ᠠ ᠠᠴᠠ ᠳᠤᠤᠷ᠎ᠠ ᠪᠤᠯᠤᠭᠰᠡᠨ ᠮᠦᠷᠳᠡᠬᠡᠨ ᠵᠢᠱᠢᠯᠳᠠ ᠪᠠᠷ 36 ᠴᠠᠭ ᠠᠴᠠ | ᠳᠡᠬᠡᠭᠰᠢ ᠦᠷᠬᠦᠯᠵᠢᠯᠡᠪᠡᠯ ᠤᠷᠢᠤᠨᠴᠢᠯᠡᠨ ᠰᠡᠷᠡᠮᠵᠢᠯᠡᠬᠦᠯᠬᠦ ᠳᠡᠰ ᠢ ᠪᠠᠭᠤᠷᠠᠭᠤᠯᠵᠤ ᠪᠤᠯᠤᠨ᠎ᠠ᠃ | ᠤᠷᠢᠤᠨᠴᠢᠯᠡᠨ ᠰᠡᠷᠡᠮᠵᠢᠯᠡᠬᠦᠯᠤᠯ ᠢ ᠬᠦᠴᠤᠨ ᠦᠬᠡᠢ ᠪᠤᠯᠭᠠᠬᠤ᠄ ᠵᠢᠱᠢᠯᠳᠠ ᠪᠠᠷ ᠪᠤᠶᠤ ᠬᠢᠨᠠᠨ ᠪᠠᠶᠢᠴᠠᠭᠠᠯᠳᠠ ᠪᠠᠷ ᠠᠭᠠᠷ ᠤᠨ ᠴᠢᠨᠰᠠᠭ᠎ᠠ ᠰᠠᠶᠢᠵᠢᠷᠠᠭᠠᠤᠨ | ᠬᠦᠩᠬᠡᠨ ᠪᠤᠬᠢᠷᠳᠤᠯ ᠵᠢᠴᠢ ᠳᠡᠬᠦᠨ ᠠᠴᠠ ᠳᠤᠷᠤᠭᠰᠢᠬᠢ ᠳᠡᠰ ᠲᠤ ᠬᠦᠷᠦᠭᠰᠡᠨ ᠮᠦᠷᠳᠡᠬᠡᠨ ᠵᠢᠱᠢᠯᠳᠠ ᠪᠠᠷ 36 ᠴᠠᠭ ᠠᠴᠠ ᠳᠡᠬᠡᠭᠰᠢ ᠦᠷᠬᠦᠯᠵᠢᠯᠡᠪᠡᠯ | ᠤᠷᠢᠤᠨᠴᠢᠯᠡᠨ ᠰᠡᠷᠡᠮᠵᠢᠯᠡᠬᠦᠯᠬᠦ ᠶᠢ ᠬᠦᠴᠤᠨ ᠦᠬᠡᠢ ᠪᠤᠯᠭᠠᠵᠤ ᠪᠤᠯᠤᠨ᠎ᠠ᠃ | ᠤᠷᠢᠤᠨᠴᠢᠯᠡᠨ ᠰᠡᠷᠡᠮᠵᠢᠯᠡᠬᠦᠯᠤᠯ ᠤᠨ ᠳᠡᠰ ᠢ ᠪᠠᠭᠤᠷᠠᠭᠤᠯᠬᠤ ᠪᠤᠶᠤ ᠬᠦᠴᠤᠨ ᠦᠬᠡᠢ ᠪᠤᠯᠭᠠᠬᠤ ᠳᠤ ᠤᠷᠢᠤᠨᠴᠢᠯᠡᠨ ᠮᠡᠳᠡᠭᠡ ᠵᠠᠩᠬᠢ ᠨᠠᠶᠢᠳᠠᠯᠠᠨ᠎ᠠ᠃ | ︵ᠲᠠᠪᠤ︶ ᠣᠷᠢᠳᠴᠢᠯᠠᠨ ᠰᠡᠷᠡᠮᠵᠢᠯᠡᠬᠦᠯᠦᠯ ᠤᠨ ᠬᠢᠨᠠᠨ ᠴᠤᠬᠤᠯᠠᠪᠤᠷᠢᠯᠠᠯᠲᠠ | ᠵᠢᠱᠢᠯᠲᠡ ᠨᠢ ᠣᠷᠢᠳᠴᠢᠯᠠᠨ ᠰᠡᠷᠡᠮᠵᠢᠯᠡᠬᠦᠯᠬᠦ ᠨᠦᠬᠦᠴᠡᠯ ᠳᠤ ᠬᠦᠷᠬᠦ ᠦᠶᠡᠰ᠂ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠠᠷᠢ ᠲᠤᠪᠴᠢᠶ᠎ᠠ᠂ | ᠬᠤᠰᠢᠭᠤ ᠴᠠᠭ ᠠᠭᠤᠷ ᠤᠨ ᠲᠤᠪᠴᠢᠶᠠᠨ ᠠᠴᠠ ᠲᠠᠷᠤᠢ ᠳᠤᠨᠢ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠠᠯᠪᠠᠨ ᠭᠡᠷ ᠲᠤ ᠵᠦᠪᠳᠡᠯᠴᠡᠭᠡᠨ ᠤ | ᠦᠷ᠎ᠡ ᠳ᠋ᠦᠩ ᠪᠠ ᠣᠷᠢᠳᠴᠢᠯᠠᠨ ᠰᠡᠷᠡᠮᠵᠢᠯᠡᠬᠦᠯᠬᠦ ᠰᠠᠨᠠᠯ ᠢᠶᠠᠨ ᠮᠡᠳᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠠᠯᠪᠠᠨ ᠭᠡᠷ ᠠᠴᠠ | ᠠᠯᠬᠤᠮ ᠳᠠᠷᠠᠭᠠᠯᠠᠯ ᠶᠤᠰᠤᠭᠠᠷ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠣᠷᠢᠳᠴᠢᠯᠠᠨ ᠰᠡᠷᠡᠮᠵᠢᠯᠡᠬᠦᠯᠬᠦ ᠮᠡᠳᠡᠭᠡ ᠵᠠᠩᠭᠢ ᠪᠠᠨ ᠮᠡᠳᠡᠭᠦᠯᠦᠨ᠎ᠡ᠃ | ᠰᠢᠷ᠎ᠠ ᠦᠩᠭᠡ ᠶᠢᠨ ᠰᠡᠷᠡᠮᠵᠢᠯᠡᠬᠦᠯᠦᠯ ᠨᠠᠶᠢᠲᠠᠯᠠᠬᠦ ᠳᠤ ᠬᠤᠰᠢᠭᠤ ᠬᠦᠨᠳᠦ ᠪᠤᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠭᠠᠵᠠᠷ ᠤᠨ ᠳᠡᠳ᠋ ᠶᠠᠷᠦᠩᠬᠡᠢ ᠵᠢᠯᠤᠭᠤᠳᠤᠭᠴᠢ ᠠᠴᠠ ︵ᠡᠰᠡᠬᠦᠯ᠎ᠡ ᠠᠯᠪᠠᠨ ᠭᠡᠷ ᠤᠨ ᠡᠷᠬᠢᠯᠡᠭᠴᠢ ᠳᠤ ᠡᠷᠬᠡ ᠣᠯᠭᠤᠨ︶ ᠭᠠᠷ ᠤᠨ ᠦᠰᠦᠭ ᠵᠢᠷᠤᠵᠤ ᠬᠢᠨᠠᠨ | ᠴᠤᠬᠤᠯᠠᠪᠤᠷᠢᠯᠠᠭᠰᠠᠨ ᠤ ᠳᠠᠷᠠᠭ᠎ᠠ ᠣᠷᠢᠳᠴᠢᠯᠠᠨ ᠰᠡᠷᠡᠮᠵᠢᠯᠡᠬᠦᠯᠬᠦ ᠮᠡᠳᠡᠭᠡ ᠵᠠᠩᠭᠢ ᠨᠡᠶᠢᠲᠡᠯᠡᠬᠦ ᠲᠦᠪ ᠲᠤ ᠬᠦᠷᠬᠡᠵᠦ᠂ ᠨᠢᠭᠡᠳᠦᠯᠲᠡᠢ ᠪᠠᠷ ᠨᠡᠶᠢᠲᠡᠯᠡᠨ᠎ᠡ︔ ᠣᠯᠠᠪᠤᠷ | ᠦᠩᠭᠡ᠂ ᠣᠯᠠᠭᠠᠨ ᠦᠩᠭᠡ ᠶᠢᠨ ᠰᠡᠷᠡᠮᠵᠢᠯᠡᠬᠦᠯᠦᠯ ᠢ ᠨᠡᠶᠢᠲᠡᠯᠡᠬᠦ ᠳᠤ ᠬᠤᠰᠢᠭᠤ ᠬᠦᠨᠳᠦ ᠪᠤᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠶᠠᠷᠦᠩᠬᠡᠢ ᠵᠢᠯᠤᠭᠤᠳᠤᠭᠴᠢ ᠠᠴᠠ ︵ᠡᠰᠡᠬᠦᠯ᠎ᠡ ᠳᠡᠳ᠋ ᠶᠡᠷᠦᠩᠬᠡᠢ ᠵᠢᠯᠤᠭᠤᠳᠤᠭᠴᠢ ᠳᠤ ᠡᠷᠬᠡ ᠣᠯᠭᠤᠨ︶ ᠭᠠᠷ ᠤᠨ ᠦᠰᠦᠭ ᠵᠢᠷᠤᠵᠤ | ᠬᠢᠨᠠᠨ ᠴᠤᠬᠤᠯᠠᠪᠤᠷᠢᠯᠠᠭᠰᠠᠨ ᠤ ᠳᠠᠷᠠᠭ᠎ᠠ ᠣᠷᠢᠳᠴᠢᠯᠠᠨ ᠰᠡᠷᠡᠮᠵᠢᠯᠡᠬᠦᠯᠬᠦ ᠮᠡᠳᠡᠭᠡ ᠵᠠᠩᠭᠢ ᠨᠡᠶᠢᠲᠡᠯᠡᠬᠦ ᠲᠦᠪ ᠲᠤ ᠬᠦᠷᠬᠡᠵᠦ᠂ ᠨᠢᠭᠡᠳᠦᠯᠲᠡᠢ ᠪᠠᠷ ᠨᠡᠶᠢᠲᠡᠯᠡᠨ᠎ᠡ︔ | ᠣᠷᠢᠳᠴᠢᠯᠠᠨ ᠰᠡᠷᠡᠮᠵᠢᠯᠡᠬᠦᠯᠦᠯ ᠢ ᠦᠬᠡᠶᠢᠰᠬᠡᠬᠦ ᠮᠡᠳᠡᠭᠡ ᠵᠠᠩᠭᠢ ᠶᠢ ᠨᠡᠶᠢᠲᠡᠯᠡᠬᠦ ᠳᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠤᠨ | ᠡᠷᠬᠢᠯᠡᠭᠴᠢ ᠬᠢᠨᠠᠨ ᠴᠤᠬᠤᠯᠠᠪᠣᠷᠢᠯᠠᠭᠰᠠᠨ ᠤ ᠳᠠᠷᠠᠭ᠎ᠠ ᠣᠷᠢᠳᠴᠢᠯᠠᠨ ᠰᠡᠷᠡᠮᠵᠢᠯᠡᠬᠦᠯᠬᠦ ᠮᠡᠳᠡᠭᠡ ᠵᠠᠩᠭᠢ ᠨᠡᠶᠢᠲᠡᠯᠡᠬᠦ ᠲᠦᠪ ᠲᠤ ᠬᠦᠷᠬᠡᠵᠦ᠂ ᠨᠢᠭᠡᠳᠦᠯᠲᠡᠢ ᠪᠠᠷ | ᠨᠡᠶᠢᠲᠡᠯᠡᠨ᠎ᠡ᠃ | ᠳᠦᠷᠪᠡ᠂ ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠲᠠ ᠶᠢᠨ ᠠᠵᠢᠯᠯᠠᠭ᠎ᠠ | ︵ᠨᠢᠭᠡ︶ ᠲᠠᠶᠢᠴᠢᠯᠠᠯᠲᠠ ᠶᠢᠨ ᠠᠵᠢᠯᠯᠠᠭ᠎ᠠ ᠶᠢᠨ ᠲᠡᠰ ᠬᠤᠪᠢᠶᠠᠷᠢᠯᠠᠯ | ᠰᠢᠷ᠎ᠠ ᠦᠩᠭᠡ ᠶᠢᠨ ᠰᠡᠷᠡᠮᠵᠢᠯᠡᠬᠦᠯᠦᠯ ᠨᠠᠶᠢᠲᠠᠯᠠᠬᠦ ᠦᠶᠡᠰ᠂ ᠪᠠᠴᠢᠮ ᠪᠠᠶᠢᠳᠠᠯ ᠢ ᠠᠷᠭᠠᠴᠠᠬᠤ Ⅲ ᠲᠡᠰ ᠤᠨ ᠲᠠᠶᠢᠴᠢᠯᠠᠯᠲᠠ ᠶᠢᠨ ᠠᠵᠢᠯᠯᠠᠭ᠎ᠠ ᠶᠢ | ᠡᠬᠢᠯᠡᠬᠦᠯᠦᠨ᠎ᠡ᠃ | ᠣᠯᠠᠪᠤᠷ ᠦᠩᠭᠡ ᠶᠢᠨ ᠰᠡᠷᠡᠮᠵᠢᠯᠡᠬᠦᠯᠦᠯ ᠨᠠᠶᠢᠲᠠᠯᠠᠬᠦ ᠦᠶᠡᠰ᠂ ᠪᠠᠴᠢᠮ ᠪᠠᠶᠢᠳᠠᠯ ᠢ ᠠᠷᠭᠠᠴᠠᠬᠤ Ⅱ ᠲᠡᠰ ᠤᠨ ᠲᠠᠶᠢᠴᠢᠯᠠᠯᠲᠠ ᠶᠢᠨ ᠠᠵᠢᠯᠯᠠᠭ᠎ᠠ ᠶᠢ | ᠡᠬᠢᠯᠡᠬᠦᠯᠦᠨ᠎ᠡ᠃ | ᠣᠯᠠᠭᠠᠨ ᠦᠩᠭᠡ ᠶᠢᠨ ᠰᠡᠷᠡᠮᠵᠢᠯᠡᠬᠦᠯᠦᠯ ᠨᠠᠶᠢᠲᠠᠯᠠᠬᠦ ᠦᠶᠡᠰ᠂ ᠪᠠᠴᠢᠮ ᠪᠠᠶᠢᠳᠠᠯ ᠢ ᠠᠷᠭᠠᠴᠠᠬᠤⅠ ᠲᠡᠰ ᠤᠨ ᠲᠠᠶᠢᠴᠢᠯᠠᠯᠲᠠ ᠶᠢᠨ ᠠᠵᠢᠯᠯᠠᠭ᠎ᠠ ᠶᠢ | ᠡᠬᠢᠯᠡᠬᠦᠯᠦᠨ᠎ᠡ᠃ | ︵ᠬᠤᠶᠠᠷ︶ ᠲᠠᠶᠢᠴᠢᠯᠠᠯᠲᠠ ᠶᠢᠨ ᠠᠵᠢᠯᠯᠠᠭ᠎ᠠ ᠶᠢᠨ ᠶᠠᠪᠤᠴᠠ | ᠣᠷᠢᠳᠴᠢᠯᠠᠨ ᠰᠡᠷᠡᠮᠵᠢᠯᠡᠬᠦᠯᠦᠯ ᠤᠨ ᠮᠡᠳᠡᠭᠡ ᠵᠠᠩᠭᠢ ᠨᠡᠶᠢᠲᠡᠯᠡᠭᠰᠡᠨ ᠤ ᠳᠠᠷᠠᠭ᠎ᠠ ᠠᠳᠠᠯᠢ ᠲᠡᠰ ᠤᠨ ᠲᠠᠶᠢᠴᠢᠯᠠᠯᠲᠠ ᠶᠢᠨ ᠠᠵᠢᠯᠯᠠᠭ᠎ᠠ ᠶᠢᠨ ᠠᠷᠭ᠎ᠠ ᠠᠪᠴᠠᠯ | ᠠᠪᠤᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠪᠠᠴᠢᠮ ᠪᠠᠶᠢᠳᠠᠯ ᠢ ᠠᠷᠭᠠᠴᠠᠬᠤ ᠣᠷᠢᠳᠴᠢᠯᠠᠨ ᠰᠡᠷᠡᠮᠵᠢᠯᠡᠬᠦᠯᠬᠦ ᠮᠡᠳᠡᠭᠡ ᠵᠠᠩᠭᠢ ᠣᠯᠣᠭᠰᠠᠨ ᠤ ᠳᠠᠷᠠᠭ᠎ᠠ | ᠲᠤᠰ ᠲᠤᠰ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠪ ᠢᠶᠠᠨ ᠡᠬᠢᠯᠡᠬᠦᠯᠵᠦ᠂ ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠲᠠ ᠶᠢᠨ ᠠᠵᠢᠯᠯᠠᠭ᠎ᠠ ᠶᠢᠨ | ᠠᠷᠭ᠎ᠠ ᠠᠪᠴᠠᠯ ᠢᠶᠠᠨ ᠨᠡᠶᠢᠲᠡᠪᠤᠷᠢᠵᠢᠭᠤᠯᠤᠨ᠎ᠠ᠃ | ︵ᠭᠤᠷᠪᠠ︶ ᠲᠠᠶᠢᠴᠢᠯᠠᠯᠲᠠ ᠶᠢᠨ ᠠᠵᠢᠯᠯᠠᠭ᠎ᠠ ᠶᠢᠨ ᠡᠬᠢᠯᠡᠬᠦᠯᠦᠯᠲᠡ | 1. ᠬᠤᠲᠠ ᠶᠢᠨ ᠣᠷᠢᠳᠴᠢᠯᠠᠨ ᠰᠡᠷᠡᠮᠵᠢᠯᠡᠬᠦᠯᠦᠯ ᠢ ᠣᠯᠣᠭᠰᠠᠨ ᠤ ᠳᠠᠷᠠᠭ᠎ᠠ ᠮᠠᠨ ᠤ ᠬᠤᠰᠢᠭᠤ ᠪᠠᠴᠢᠮ ᠪᠠᠶᠢᠳᠠᠯ ᠢ ᠠᠷᠭᠠᠴᠠᠬᠤ ᠳᠠᠶᠢᠴᠢᠯᠠᠯᠲᠠ ᠶᠢᠨ | ᠠᠵᠢᠯᠯᠠᠭ᠎ᠠ ᠪᠠᠨ ᠡᠬᠢᠯᠡᠬᠦᠯᠦᠨ᠎ᠡ᠃ | ᠬᠤᠲᠠ ᠶᠢᠨ ᠨᠡᠶᠢᠲᠡᠯᠡᠭᠰᠡᠨ ᠣᠷᠣᠨ ᠪᠦᠰᠡ ᠶᠢᠨ ᠣᠯᠠᠪᠣᠷ ᠦᠩᠭᠡ ᠶᠢᠨ ᠰᠡᠷᠡᠮᠵᠢᠯᠡᠬᠦᠯᠦᠯ ᠮᠠᠨ ᠤ ᠬᠤᠰᠢᠭᠤ ᠲᠠᠢ ᠬᠤᠯᠪᠤᠭᠳᠠᠬᠤ ᠦᠶᠡᠰ᠂ ᠣᠷᠢᠳᠴᠢᠯᠠᠨ | ᠰᠡᠷᠡᠮᠵᠢᠯᠡᠬᠦᠯᠦᠯ ᠢ ᠣᠯᠣᠭᠰᠠᠨ ᠤ ᠳᠠᠷᠠᠭ᠎ᠠ ᠮᠠᠨ ᠤ ᠬᠤᠰᠢᠭᠤ ᠪᠠᠴᠢᠮ ᠪᠠᠶᠢᠳᠠᠯ ᠢ ᠠᠷᠭᠠᠴᠠᠬᠤ Ⅱ ᠲᠡᠰ ᠤᠨ ᠲᠠᠶᠢᠴᠢᠯᠠᠯᠲᠠ ᠶᠢᠨ ᠠᠵᠢᠯᠯᠠᠭ᠎ᠠ ᠪᠠᠨ ᠡᠬᠢᠯᠡᠬᠦᠯᠬᠦ | ᠶᠢᠨ ᠬᠠᠮᠲᠤ ᠬᠠᠷᠠᠭᠠᠯᠵᠠᠭᠰᠠᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠠᠪᠴᠠᠯ ᠢᠶᠠᠨ ᠬᠦᠢᠴᠡᠳᠬᠡᠨ᠎ᠡ᠃ | ᠬᠤᠲᠠ ᠶᠢᠨ ᠨᠡᠶᠢᠲᠡᠯᠡᠭᠰᠡᠨ ᠣᠷᠣᠨ ᠪᠦᠰᠡ ᠶᠢᠨ ᠣᠯᠠᠭᠠᠨ ᠦᠩᠭᠡ ᠶᠢᠨ ᠰᠡᠷᠡᠮᠵᠢᠯᠡᠬᠦᠯᠦᠯ ᠮᠠᠨ ᠤ ᠬᠤᠰᠢᠭᠤ ᠲᠠᠢ ᠬᠤᠯᠪᠤᠭᠳᠠᠬᠤ ᠦᠶᠡᠰ᠂ ᠣᠷᠢᠳᠴᠢᠯᠠᠨ | ᠰᠡᠷᠡᠮᠵᠢᠯᠡᠬᠦᠯᠦᠯ ᠢ ᠣᠯᠣᠭᠰᠠᠨ ᠤ ᠳᠠᠷᠠᠭ᠎ᠠ ᠮᠠᠨ ᠤ ᠬᠤᠰᠢᠭᠤ ᠪᠠᠴᠢᠮ ᠪᠠᠶᠢᠳᠠᠯ ᠢ ᠠᠷᠭᠠᠴᠠᠬᠤ Ⅰ ᠲᠡᠰ ᠤᠨ ᠲᠠᠶᠢᠴᠢᠯᠠᠯᠲᠠ ᠶᠢᠨ ᠠᠵᠢᠯᠯᠠᠭ᠎ᠠ ᠪᠠᠨ ᠡᠬᠢᠯᠡᠬᠦᠯᠬᠦ | ᠶᠢᠨ ᠬᠠᠮᠲᠤ ᠬᠠᠷᠠᠭᠠᠯᠵᠠᠭᠰᠠᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠠᠪᠴᠠᠯ ᠢᠶᠠᠨ ᠬᠦᠢᠴᠡᠳᠬᠡᠨ᠎ᠡ᠃ | ᠬᠤᠲᠠ ᠶᠢᠨ ᠨᠡᠶᠢᠲᠡᠯᠡᠭᠰᠡᠨ ᠭᠤᠷᠪᠠ ᠪᠤᠶᠤ ᠭᠤᠷᠪᠠ ᠠᠴᠠ ᠳᠡᠭᠡᠭᠰᠢ ᠬᠤᠰᠢᠭᠤ ᠲᠤᠭᠤᠷᠢᠭ ᠢ ᠬᠠᠮᠤᠷᠠᠭᠰᠠᠨ ᠣᠯᠠᠪᠣᠷ ᠦᠩᠭᠡ ᠶᠢᠨ ᠰᠡᠷᠡᠮᠵᠢᠯᠡᠬᠦᠯᠦᠯ ᠮᠠᠨ ᠤ | ᠬᠤᠰᠢᠭᠤ ᠲᠠᠢ ᠬᠤᠯᠪᠤᠭᠳᠠᠬᠤ ᠦᠶᠡᠰ᠂ ᠣᠷᠢᠳᠴᠢᠯᠠᠨ ᠰᠡᠷᠡᠮᠵᠢᠯᠡᠬᠦᠯᠦᠯ ᠢ ᠣᠯᠣᠭᠰᠠᠨ ᠤ ᠳᠠᠷᠠᠭ᠎ᠠ ᠮᠠᠨ ᠤ ᠬᠤᠰᠢᠭᠤ ᠪᠠᠴᠢᠮ ᠪᠠᠶᠢᠳᠠᠯ ᠢ ᠠᠷᠭᠠᠴᠠᠬᠤ Ⅱ ᠲᠡᠰ | ᠤᠨ ᠲᠠᠶᠢᠴᠢᠯᠠᠯᠲᠠ ᠶᠢᠨ ᠠᠵᠢᠯᠯᠠᠭ᠎ᠠ ᠪᠠᠨ ᠡᠬᠢᠯᠡᠬᠦᠯᠬᠦ ᠶᠢᠨ ᠬᠠᠮᠲᠤ ᠬᠠᠷᠠᠭᠠᠯᠵᠠᠭᠰᠠᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠠᠪᠴᠠᠯ ᠢᠶᠠᠨ ᠬᠦᠢᠴᠡᠳᠬᠡᠨ᠎ᠡ᠃ | ᠬᠤᠲᠠ ᠶᠢᠨ ᠨᠡᠶᠢᠲᠡᠯᠡᠭᠰᠡᠨ ᠭᠤᠷᠪᠠ ᠪᠤᠶᠤ ᠭᠤᠷᠪᠠ ᠠᠴᠠ ᠳᠡᠭᠡᠭᠰᠢ ᠬᠤᠰᠢᠭᠤ ᠲᠤᠭᠤᠷᠢᠭ ᠢ ᠬᠠᠮᠤᠷᠠᠭᠰᠠᠨ ᠤᠯᠠᠭᠠᠨ ᠦᠩᠭᠭᠡ ᠶᠢᠨ ᠰᠡᠷᠡᠮᠵᠢᠯᠡᠬᠦᠯᠦᠯ ᠮᠠᠨ | ᠤ ᠬᠤᠰᠢᠭᠤ ᠲᠠᠢ ᠬᠤᠯᠪᠤᠭᠳᠠᠬᠤ ᠦᠶᠡᠰ᠂ ᠣᠷᠢᠳᠴᠢᠯᠠᠨ ᠰᠡᠷᠡᠮᠵᠢᠯᠡᠬᠦᠯᠦᠯ ᠢ ᠣᠯᠣᠭᠰᠠᠨ ᠤ ᠳᠠᠷᠠᠭ᠎ᠠ ᠮᠠᠨ ᠤ ᠬᠤᠰᠢᠭᠤ ᠪᠠᠴᠢᠮ ᠪᠠᠶᠢᠳᠠᠯ ᠢ ᠠᠷᠭᠠᠴᠠᠬᠤ Ⅰ | ᠲᠡᠰ ᠤᠨ ᠲᠠᠶᠢᠴᠢᠯᠠᠯᠲᠠ ᠶᠢᠨ ᠠᠵᠢᠯᠯᠠᠭ᠎ᠠ ᠪᠠᠨ ᠡᠬᠢᠯᠡᠬᠦᠯᠬᠦ ᠶᠢᠨ ᠬᠠᠮᠲᠤ ᠬᠠᠷᠠᠭᠠᠯᠵᠠᠭᠰᠠᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠠᠪᠴᠠᠯ ᠢᠶᠠᠨ | ᠬᠦᠢᠴᠡᠳᠬᠡᠨ᠎ᠡ᠃ | 2. ᠮᠠᠨ ᠤ ᠬᠤᠰᠢᠭᠤ ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠲᠠ ᠶᠢᠨ ᠠᠵᠢᠯᠯᠠᠭ᠎ᠠ ᠪᠠᠨ ᠦᠪᠡᠷᠲᠡᠭᠡᠨ ᠡᠬᠢᠯᠡᠬᠦᠯᠦᠨ᠎ᠡ | ᠮᠠᠨ ᠤ ᠬᠤᠰᠢᠭᠤ ᠣᠷᠢᠳᠴᠢᠯᠠᠨ ᠰᠡᠷᠡᠮᠵᠢᠯᠡᠬᠦᠯᠦᠯ ᠢ ᠡᠬᠢᠯᠡᠬᠦᠯᠬᠦ ᠨᠦᠬᠦᠴᠡᠯ ᠳᠤ ᠬᠦᠷᠬᠦ ᠦᠶᠡᠰ᠂ ᠳᠠᠶᠢᠴᠢᠯᠠᠯᠲᠠ ᠶᠢᠨ ᠠᠵᠢᠯᠯᠠᠭᠠᠨ ᠤ ᠲᠡᠰ ᠬᠤᠪᠢᠶᠠᠷᠢᠯᠠᠯ | ᠶᠤᠰᠤᠭᠠᠷ ᠣᠷᠢᠳᠴᠢᠯᠠᠨ ᠰᠡᠷᠡᠮᠵᠢᠯᠡᠬᠦᠯᠦᠯ ᠢ ᠡᠬᠢᠯᠡᠬᠦᠯᠵᠦ᠂ ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠦᠴᠢᠷ ᠠᠴᠠ ᠬᠠᠷᠠᠭᠠᠯᠵᠠᠭᠰᠠᠨ ᠲᠡᠰ ᠤᠨ | ᠣᠷᠢᠳᠴᠢᠯᠠᠨ ᠰᠡᠷᠡᠮᠵᠢᠯᠡᠬᠦᠯᠦᠯ ᠢ ᠡᠬᠢᠯᠡᠬᠦᠯᠦᠨ᠂ ᠬᠠᠷᠠᠭᠠᠯᠵᠠᠭᠰᠠᠨ ᠪᠠᠴᠢᠮ ᠪᠠᠶᠢᠳᠠᠯ ᠢ ᠠᠷᠠᠭᠠᠴᠠᠬᠤ ᠠᠷᠭ᠎ᠠ ᠠᠪᠴᠠᠯ ᠢᠶᠠᠨ ᠬᠦᠢᠴᠡᠳᠭᠡᠨ᠎ᠡ᠃ | ︵ᠳᠦᠷᠪᠡ︶ ᠳᠠᠶᠢᠴᠢᠯᠠᠯᠲᠠ ᠶᠢᠨ ᠠᠵᠢᠯᠯᠠᠭᠠᠨ ᠤ ᠠᠷᠭ᠎ᠠ ᠠᠪᠴᠠᠯ | 1. ᠶᠠᠷᠦᠩᠬᠡᠢ ᠱᠠᠭᠠᠷᠳᠠᠯᠭ᠎ᠠ | ︵1︶ ᠡᠯ᠎ᠡ ᠪᠠᠯᠭᠠᠰᠣ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠤᠰᠤᠭᠠᠷ᠂ ᠪᠤᠢ ᠪᠦᠬᠦᠢ ᠬᠡᠢ ᠲᠠᠢ ᠪᠡᠶᠡᠲᠦ ᠶᠢᠨ ᠭᠠᠳᠠᠭᠰᠢᠯᠠᠭᠤᠯᠤᠯ | ᠬᠤᠯᠪᠤᠭᠳᠠᠬᠤ ᠠᠵᠤ ᠠᠬᠤᠶᠢᠯᠠᠯ ︵ᠪᠠᠷᠢᠯᠭ᠎ᠠ︶ ᠢ ᠪᠠᠴᠢᠮ ᠪᠠᠶᠢᠳᠠᠯ ᠢ ᠠᠷᠭᠠᠴᠠᠨ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠲᠦᠷᠦᠯ ᠵᠦᠢᠯ ᠤᠨ | ᠨᠠᠷᠢᠨ ᠳᠠᠩᠰᠠᠨ ᠳᠤ ᠣᠷᠣᠭᠤᠯᠵᠣ᠂ ᠪᠦᠲᠦᠮᠵᠢ ᠶᠢᠨ ᠲᠡᠰ ᠬᠤᠪᠢᠶᠠᠬᠤ ᠬᠠᠮᠢᠶᠠᠷᠤᠯᠲᠠ ᠶᠢ ᠬᠡᠷᠡᠭᠵᠢᠬᠦᠯᠦᠨ᠂ ᠡᠯ᠎ᠡ ᠭᠠᠵᠠᠷ ᠡᠷᠬᠡᠪᠰᠢ ᠪᠤᠲᠠᠲᠤ ᠪᠠᠶᠢᠳᠠᠯ ᠢᠶᠠᠨ | ᠦᠨᠳᠦᠰᠦᠯᠡᠵᠦ᠂ ᠵᠢᠯ ᠳᠤ ᠲᠤᠭᠲᠠᠮᠠᠯ ᠬᠤᠭᠤᠴᠠᠭ᠎ᠠ ᠲᠠᠢ ᠪᠠᠷ ᠨᠠᠷᠢᠨ ᠳᠠᠩᠰᠠ ᠳᠤ ᠵᠠᠰᠠᠪᠤᠷᠢ ᠤᠷᠤᠭᠤᠯᠤᠨ᠎ᠠ᠃ ᠪᠡᠯᠡᠳᠬᠡᠯ ᠲᠦᠰᠦᠪ ᠤᠨ ᠬᠠᠮᠢᠶᠠᠷᠤᠯᠲᠠ ᠶᠢᠨ | ᠬᠡᠷᠡᠭᠵᠢᠬᠦᠯᠬᠦ ᠶᠠᠪᠤᠴᠠ ᠪᠠᠨ ᠲᠤᠲᠤᠷᠬᠠᠶᠢᠯᠠᠨ᠂ ᠬᠠᠷᠢᠭᠤᠴᠠᠯᠭ᠎ᠠ ᠶᠢᠨ ᠭᠤᠤᠯ ᠴᠤᠭᠴᠠ ᠪᠠ ᠰᠠᠯᠠᠭ᠎ᠠ ᠮᠦᠴᠢᠷ ᠤᠨ ᠠᠵᠢᠯ ᠤᠨ ᠬᠤᠪᠢᠶᠠᠷᠢᠯᠠᠯᠲᠠ ᠪᠠᠨ | ᠨᠠᠶᠢᠲᠠᠪᠤᠷᠢᠵᠢᠭᠤᠯᠵᠤ᠂ ᠪᠡᠯᠡᠳᠬᠡᠯ ᠲᠦᠰᠦᠪ ᠤᠨ ᠠᠵᠢᠯᠯᠠᠮᠵᠢ᠂ ᠠᠵᠤ ᠠᠬᠤᠶᠢᠯᠠᠯ ᠤᠨ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ | ᠤᠨ ᠪᠣᠲᠠᠲᠠᠢ ᠬᠡᠷᠡᠭᠵᠢᠬᠦᠯᠦᠯᠲᠡ ᠶᠢ ᠪᠠᠲᠤᠯᠠᠨ᠂ ︽ᠨᠢᠭᠡ ᠦᠢᠯᠡᠳᠪᠦᠷᠢ ᠳᠤ ᠨᠢᠭᠡ ᠪᠤᠳᠤᠯᠭ᠎ᠠ︾ ᠬᠡᠷᠡᠭᠵᠢᠬᠦᠯᠬᠦ ᠶᠢ ᠪᠡᠶᠡᠯᠡᠬᠦᠯᠦᠨ᠎ᠡ᠃ | ︵2︶ ᠬᠤᠰᠢᠭᠤᠨ ᠤ ᠠᠮᠢ ᠠᠬᠤᠢ ᠣᠷᠴᠢᠨ ᠲᠤᠭᠤᠷᠢᠨ ᠤ ᠬᠤᠪᠢᠶᠠᠷᠢ ᠲᠤᠪᠴᠢᠶ᠎ᠠ ᠡᠷᠬᠡᠪᠰᠢ ᠬᠦᠨᠳᠦ ᠪᠤᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ | ᠢ ᠠᠷᠭᠠᠴᠠᠬᠤ ᠪᠣᠬᠢᠷᠳᠣᠯ ᠤᠨ ᠭᠠᠳᠠᠭᠰᠢᠯᠠᠭᠤᠯᠤᠯᠲᠠ ᠶᠢᠨ ᠨᠠᠷᠢᠨ ᠳᠠᠩᠰᠠᠨ ᠳᠤ ᠣᠷᠣᠭᠤᠯᠣᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠵᠢᠯᠤᠭᠤᠳᠤᠨ ︽ | ᠨᠢᠭᠡ ᠦᠢᠯᠡᠳᠪᠦᠷᠢ ᠳᠤ ᠨᠢᠭᠡ ᠪᠤᠳᠤᠯᠭ᠎ᠠ︾ ᠶᠢᠨ ᠬᠡᠷᠡᠭᠵᠢᠬᠦᠯᠦᠯᠲᠡ ᠶᠢᠨ ᠲᠦᠰᠦᠯ ᠢ ᠲᠤᠭᠲᠠᠭᠠᠨ᠎ᠠ᠃ ᠪᠣᠲᠠᠲᠠᠢ ᠵᠤᠭᠰᠤᠭᠠᠬᠤ ᠦᠢᠯᠡᠳᠪᠦᠷᠢᠯᠡᠯ ᠤᠨ ᠱᠣᠭᠤᠮ᠂ | ᠮᠡᠷᠭᠡᠵᠢᠯ ᠤᠨ ᠭᠤᠭᠴᠤᠭ᠎ᠠ ᠪᠠ ᠡᠯ᠎ᠡ ᠲᠦᠷᠦᠯ ᠤᠨ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ ᠤᠨ ᠵᠠᠩᠭᠢᠯᠠᠭ᠎ᠠ ᠶᠢᠨ ᠴᠢᠨᠠᠷᠲᠠᠢ | ᠬᠦᠢᠴᠡᠳᠬᠡᠯ ᠲᠤᠭ᠎ᠠ ︵ᠵᠢᠱᠢᠶᠡᠯᠡᠪᠡᠯ ᠰᠢᠲᠠᠮᠠᠬᠠᠢ ᠬᠡᠢ ᠶᠢᠨ ᠬᠡᠷᠡᠭᠯᠡᠯᠲᠡ ᠶᠢᠨ ᠬᠡᠮᠵᠢᠶ᠎ᠡ᠂ ᠴᠠᠬᠢᠯᠭᠠᠨ ᠬᠡᠷᠡᠭᠯᠡᠯᠲᠡ ᠶᠢᠨ ᠬᠡᠮᠵᠢᠶ᠎ᠡ ᠵᠡᠷᠭᠡ︾᠂ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠴᠠᠭ ᠢ ᠲᠤᠲᠤᠷᠬᠠᠶᠢᠯᠠᠵᠤ᠂ ᠪᠣᠲᠠᠲᠠᠢ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯ ᠤᠨ ᠲᠠᠷᠠᠭᠠᠯᠠᠯ ᠤᠨ | ᠬᠠᠷᠢᠭᠤᠴᠠᠯᠭᠠᠲᠠᠨ ᠵᠢᠴᠢ ᠬᠠᠷᠢᠯᠴᠠᠬᠤ ᠠᠷᠭ᠎ᠠ ᠮᠠᠶ᠋ᠢᠭ ᠢ ᠨᠠᠷᠢᠪᠴᠢᠯᠠᠨ᠂ ︽ᠬᠡᠷᠡᠭᠵᠢᠬᠦᠯᠬᠦ᠂ ᠬᠢᠨᠠᠨ ᠰᠢᠯᠭᠠᠬᠤ᠂ ᠬᠠᠷᠭᠤᠭᠤᠯᠤᠨ ᠪᠠᠶᠢᠴᠠᠭᠠᠬᠤ︾ ᠶᠢ | ᠪᠡᠶᠡᠯᠡᠬᠦᠯᠦᠨ᠎ᠡ ᠃ | ︵3︶ ᠰᠢᠨ᠎ᠡ ᠪᠠᠷ ᠮᠠᠨᠳᠣᠭᠰᠠᠨ ᠠᠵᠤ ᠦᠢᠯᠡᠰ᠂ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠠᠵᠤ ᠦᠢᠯᠡᠰ ᠪᠠ ᠠᠷᠠᠳ ᠤᠨ ᠠᠮᠢᠳᠣᠷᠠᠯ ᠢ ᠪᠠᠲᠤᠯᠠᠬᠤ ᠠᠵᠤ | ᠠᠬᠤᠶᠢᠯᠠᠯ ᠳᠤ ᠪᠤᠲᠠᠲᠤ ᠪᠠᠶᠢᠳᠠᠯ ᠢ ᠨᠢ ᠦᠨᠳᠦᠰᠦᠯᠡᠨ᠂ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ ᠢ ᠬᠡᠷᠡᠭᠯᠡᠵᠦ᠂ ᠬᠡᠪ ᠤᠨ | ᠦᠢᠯᠡᠳᠪᠦᠷᠢᠯᠡᠯ ᠠᠮᠢᠳᠣᠷᠠᠯ ᠢ ᠨᠦᠯᠦᠬᠡᠯᠡᠬᠦ ᠠᠴᠠ ᠵᠠᠶᠢᠯᠠᠰᠬᠢᠨ᠎ᠠ᠃ ᠮᠠᠨ ᠤ ᠬᠤᠰᠢᠭᠤᠨ ᠤ ᠠᠮᠢᠳᠣᠷᠠᠯ ᠤᠨ ᠬᠤᠭ ᠨᠤᠪᠰᠢ ᠪᠤᠶᠤ ᠠᠶᠤᠯᠲᠤ ᠬᠠᠶᠠᠭᠳᠠᠮᠠᠯ ᠪᠤᠳᠠᠰ | ᠤᠨ ᠰᠢᠢᠳᠪᠦᠷᠢᠯᠡᠯᠲᠡ᠂ ᠰᠠᠭᠤᠭᠠᠯᠢ ᠠᠷᠠᠳ ᠤᠨ ᠲᠤᠯᠠᠭᠠᠯᠠᠭ᠎ᠠ ᠲᠠᠢ ᠬᠤᠯᠪᠤᠭᠳᠠᠬᠤ ᠠᠷᠠᠳ ᠤᠨ ᠠᠮᠢᠳᠣᠷᠠᠯ ᠤᠨ ᠪᠠᠲᠤᠯᠠᠭ᠎ᠠ ᠶᠢᠨ ᠲᠦᠷᠦᠯ ᠤᠨ ᠠᠵᠤ ᠠᠬᠤᠶᠢᠯᠠᠯ | ᠳᠤ ᠴᠢᠭᠯᠡᠬᠦᠯᠦᠨ᠂ ᠡᠬᠦᠷᠬᠡ ᠪᠠᠨ ᠪᠡᠶᠡᠯᠡᠬᠦᠯᠬᠦ ᠶᠢ ᠪᠠᠲᠤᠯᠠᠬᠤ ᠶᠢᠨ ᠬᠠᠮᠲᠤ ᠦᠢᠯᠡᠳᠪᠦᠷᠢᠯᠡᠯ ᠤᠨ ᠬᠠᠮᠤᠭ ᠶᠡᠭᠡ ᠳᠠᠭᠠᠭᠠᠴᠠ ᠶᠢ ᠲᠤᠭᠲᠠᠭᠠᠵᠤ᠂ ︽ᠲᠤᠭ᠎ᠠ | ᠬᠡᠮᠵᠢᠶ᠎ᠡ ᠪᠠᠷ ᠦᠢᠯᠡᠳᠪᠦᠷᠢᠯᠡᠯ ᠢ ᠲᠤᠭᠲᠠᠭᠠᠬᠤ︾ ᠪᠣᠶᠣ ︽ᠲᠤᠯᠠᠭᠠᠯᠠᠯᠭ᠎ᠠ ᠶᠢᠨ ᠬᠡᠮᠵᠢᠶ᠎ᠡ ᠪᠠᠷ ᠦᠢᠯᠡᠳᠪᠦᠷᠢᠯᠡᠯ ᠢ ᠲᠤᠭᠲᠠᠭᠠᠬᠤ︾ ᠶᠢ ᠬᠡᠷᠡᠭᠵᠢᠬᠦᠯᠦᠨ᠂ ︽ | ᠠᠳᠠᠯᠢᠬᠠᠨ ᠰᠢᠢᠳᠪᠦᠷᠢᠯᠡᠬᠦ︾ ᠠᠴᠠ ᠵᠠᠶᠢᠯᠠᠰᠬᠢᠨ᠎ᠠ᠃ | ︵4︶ ᠬᠦᠨᠳᠦ ᠪᠤᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠲᠠ ᠶᠢᠨ ᠠᠵᠢᠯᠯᠠᠭᠠᠨ ᠤ ᠬᠤᠭᠤᠴᠠᠭᠠᠨ ᠳᠤ᠂ ᠬᠡᠷᠡᠭ | ᠡᠭᠦᠰᠦᠭᠰᠡᠨ ᠭᠠᠵᠠᠷ ᠤᠨ ᠬᠦᠬᠦᠷ ᠤᠨ ᠳᠠᠪᠬᠤᠷ ᠢᠰᠦᠯ᠂ ᠠᠽᠤᠲ ᠤᠨ ᠢᠰᠦᠮᠡᠭ᠂ ᠮᠦᠬᠦᠯᠢᠭᠲᠦ ᠪᠣᠳᠠᠰ ᠪᠠ ᠠᠭᠤᠷᠰᠢᠬᠤ ᠰᠢᠨᠵᠢ ᠶᠢᠨ ᠣᠷᠭᠠᠨᠢᠭ ᠨᠢᠭᠡᠳᠪᠦᠷᠢ | ᠶᠢᠨ Ⅲ ᠲᠡᠰ᠂Ⅱ ᠲᠡᠰ᠂Ⅰ ᠲᠡᠰ ᠤᠨ ᠣᠷᠢᠳᠴᠢᠯᠠᠨ ᠰᠡᠷᠡᠮᠵᠢᠯᠡᠬᠦᠯᠦᠯ ᠳᠤ ᠬᠢ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠠᠷᠢᠴᠠᠯ ᠢ ᠲᠤᠰ | ᠲᠤᠰ ᠪᠦᠬᠦ ᠨᠡᠶᠢᠬᠡᠮ ᠤᠨ 10%᠂ 20% ᠪᠠ 30% ᠠᠴᠠ ᠳᠠᠪᠠᠭᠤᠯᠤᠨ᠎ᠠ᠃ ᠡᠯ᠎ᠡ ᠭᠠᠵᠠᠷ ᠤᠨ ᠬᠢᠨ ᠲᠤᠰ ᠭᠠᠵᠠᠷ ᠣᠷᠣᠨ ᠤ ᠪᠣᠬᠢᠷᠳᠣᠯ ᠤᠨ | ᠭᠠᠳᠠᠭᠰᠢᠯᠠᠭᠤᠯᠤᠯᠲᠠ ᠶᠢᠨ ᠪᠦᠲᠦᠴᠡ ᠪᠠᠨ ᠦᠨᠳᠦᠰᠦᠯᠡᠨ ᠬᠦᠬᠦᠷ ᠤᠨ ᠳᠠᠪᠬᠤᠷ ᠢᠰᠦᠯ ᠪᠠ ᠠᠽᠦᠲ ᠤᠨ ᠢᠰᠦᠮᠡᠭ ᠤᠨ ᠪᠣᠬᠢᠷᠳᠣᠯ ᠤᠨ ᠭᠠᠳᠠᠭᠰᠢᠯᠠᠭᠤᠯᠤᠯᠲᠠ | ᠶᠢᠨ ᠬᠠᠷᠢᠴᠠᠯ ᠢ ᠲᠤᠬᠢᠷᠠᠭᠤᠯᠵᠤ᠂ ᠬᠤᠶᠠᠷ ᠵᠦᠢᠯ ᠤᠨ ᠬᠠᠷᠢᠴᠠᠯ ᠤᠨ ᠨᠡᠶᠢᠯᠡᠪᠦᠷᠢ ᠶᠢ ᠳᠡᠭᠡᠷ᠎ᠡ ᠲᠤᠷᠠᠳᠣᠭᠰᠠᠨ ᠶᠡᠷᠦᠩᠬᠡᠢ ᠱᠠᠭᠠᠷᠳᠠᠯᠭ᠎ᠠ ᠠᠴᠠ ᠳᠣᠣᠷ᠎ᠠ ᠪᠠᠶᠢᠯᠭᠠᠵᠤ | ᠪᠤᠯᠬᠤ ᠦᠭᠡᠢ᠃ | 2.Ⅲ ᠲᠡᠰ ᠤᠨ ᠲᠠᠶᠢᠴᠢᠯᠠᠯᠲᠠ ᠶᠢᠨ ᠠᠵᠢᠯᠯᠠᠭᠠᠨ ᠤ ᠠᠷᠭ᠎ᠠ ᠠᠪᠴᠠᠯ | ᠣᠷᠢᠳᠴᠢᠯᠠᠨ ᠰᠡᠷᠡᠮᠵᠢᠯᠡᠬᠦᠯᠦᠯ ᠤᠨ ᠮᠡᠳᠡᠭᠡ ᠵᠠᠩᠭᠢ ᠨᠡᠶᠢᠲᠡᠯᠡᠭᠰᠡᠨ ᠤ ᠳᠠᠷᠠᠭ᠎ᠠ᠂ ᠬᠡᠷᠡᠭ ᠡᠬᠦᠰᠦᠭᠰᠡᠨ ᠭᠠᠵᠠᠷ ᠤᠨ ᠵᠠᠰᠠᠭ ᠤᠨ ᠣᠷᠳᠣᠨ ᠡᠷᠬᠡᠪᠰᠢ ᠳᠠᠷᠤᠢ | ᠲᠦᠷᠭᠡᠨ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠡ ᠪᠠ ᠬᠠᠮᠢᠶ᠎ᠠ ᠪᠦᠬᠦᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ | ᠠᠷᠭᠠᠴᠠᠬᠤ ᠲᠠᠶᠢᠴᠢᠯᠠᠯᠲᠠ ᠶᠢᠨ ᠠᠵᠢᠯᠯᠠᠭᠠᠨ ᠤ ᠪᠠᠶᠢᠳᠠᠯ ᠳᠤ ᠣᠷᠣᠬᠤ ᠶᠢᠨ ᠬᠠᠮᠲᠤ ᠬᠠᠷᠠᠭᠠᠯᠵᠠᠭᠰᠠᠨ ᠲᠡᠰ ᠤᠨ ᠲᠠᠶᠢᠴᠢᠯᠠᠯᠲᠠ ᠶᠢᠨ ᠠᠵᠢᠯᠯᠠᠭᠠᠨ ᠤ ᠠᠷᠭ᠎ᠠ | ᠠᠪᠴᠠᠯ ᠢ ᠬᠡᠷᠡᠭᠯᠡᠨ᠎ᠡ᠃ ᠳᠣᠣᠷᠠᠬᠢ ᠠᠷᠭ᠎ᠠ ᠠᠪᠴᠠᠯ ᠪᠠᠭᠲᠠᠬᠤ ᠪᠣᠯᠪᠠᠴᠣ ᠬᠢᠵᠠᠭᠠᠷᠯᠠᠬᠤ ᠦᠭᠡᠢ᠄ | ︵1︶ ᠣᠯᠠᠨ ᠨᠠᠶᠢᠲᠠ ᠶᠢᠨ ᠰᠡᠷᠭᠡᠶᠢᠯᠡᠯᠲᠡ ᠶᠢᠨ ᠠᠷᠭ᠎ᠠ ᠠᠪᠴᠠᠯ᠃ ᠬᠡᠣᠬᠡᠳ᠂ ᠨᠠᠰᠣᠳᠠᠶᠢᠴᠣᠳ ᠪᠠ ᠵᠢᠷᠤᠬᠡ ᠲᠠᠷᠢᠬᠢᠨ ᠴᠢᠰᠣᠨ ᠰᠣᠳᠠᠯ ᠤᠨ ᠡᠪᠡᠳᠴᠢᠨ | ᠂ ᠠᠮᠢᠰᠬᠤᠯ ᠤᠨ ᠰᠢᠰᠲ᠋ᠧᠮ ᠵᠡᠷᠭᠡ ᠡᠪᠡᠳᠴᠢᠨ ᠲᠠᠢ ᠠᠮᠠᠷᠬᠠᠨ ᠬᠠᠯᠳᠠᠪᠤᠷᠢᠯᠠᠬᠤ ᠬᠦᠮᠦᠰ ᠬᠡᠷ ᠲᠤ ᠪᠠᠨ ᠰᠠᠭᠤᠵᠤ᠂ ᠭᠠᠳᠠᠨ᠎ᠠ ᠬᠦᠳᠡᠯᠬᠡᠬᠡᠨ ᠬᠢᠬᠦ ᠠᠴᠠ | ᠵᠠᠶᠢᠯᠠᠰᠬᠢᠨ᠎ᠠ︔ ᠪᠣᠰᠣᠳ ᠬᠦᠮᠦᠰ ᠭᠠᠳᠠᠨ᠎ᠠ ᠲᠠᠮᠢᠷ ᠤᠨ ᠬᠦᠳᠡᠯᠭᠡᠭᠡᠨ ᠬᠢᠬᠦ ᠪᠠ ᠠᠵᠢᠯᠯᠠᠬᠤ ᠴᠠᠭ ᠢᠶᠠᠨ ᠪᠠᠭᠠᠰᠬᠠᠵᠤ᠂ ᠵᠠᠶᠢᠯᠠᠰᠬᠢᠬᠦ ᠠᠷᠭ᠎ᠠ ᠦᠭᠡᠢ ᠪᠠᠶᠢᠳᠠᠯ | ᠳᠣᠣᠷ᠎ᠠ ᠰᠡᠷᠬᠡᠶᠢᠯᠡᠯᠲᠡ ᠶᠢᠨ ᠠᠷᠭ᠎ᠠ ᠠᠪᠴᠠᠯ ᠠᠪᠬᠤ ᠬᠡᠷᠡᠭᠲᠡᠢ᠃ | ᠬᠡᠷᠡᠭ ᠡᠭᠦᠰᠦᠭᠰᠡᠨ ᠭᠠᠵᠠᠷ ᠤᠨ ᠰᠣᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ ᠠᠭᠠᠷ ᠴᠡᠪᠡᠷᠰᠢᠬᠦᠯᠬᠦ ᠳᠦᠬᠦᠭᠡᠷᠦᠮᠵᠢ ᠣᠭᠰᠠᠷᠠᠭᠰᠠᠨ ᠴᠡᠴᠡᠷᠯᠢᠭ᠂ ᠳᠤᠮᠳᠠᠳᠤ | ᠪᠠᠭ᠎ᠠ ᠰᠣᠷᠭᠠᠭᠤᠯᠢ ᠴᠠᠭ ᠲᠤᠬᠠᠢ ᠳᠤᠨᠢ ᠠᠭᠠᠷ ᠴᠡᠪᠡᠷᠰᠢᠬᠦᠯᠬᠦ ᠲᠦᠬᠦᠭᠡᠷᠦᠮᠵᠢ ᠪᠠᠨ ᠨᠡᠭᠡᠭᠡᠬᠦ ᠶᠢ ᠵᠢᠯᠤᠭᠤᠳᠴᠤ᠂ ᠳᠤᠮᠳᠠᠳᠤ ᠪᠠᠭ᠎ᠠ ᠰᠣᠷᠭᠠᠭᠤᠯᠢ᠂ ᠴᠡᠴᠡᠷᠯᠢᠭ ᠢ | ᠵᠤᠬᠢᠶᠠᠨ ᠪᠠᠶᠢᠭᠤᠯᠤᠨ ᠬᠢᠴᠢᠶᠡᠯ ᠤᠨ ᠲᠢᠩᠬᠢᠮ ᠤᠨ ᠭᠠᠳᠠᠨᠠᠬᠢ ᠬᠢᠴᠢᠶᠡᠯᠡᠯᠭᠡ ᠵᠢᠴᠢ ᠬᠦᠳᠡᠯᠭᠡᠭᠡᠨ ᠢ ᠵᠤᠭᠰᠤᠭᠠᠬᠤ ᠬᠡᠷᠡᠭᠲᠡᠢ᠃ | ᠬᠡᠷᠡᠭ ᠡᠭᠦᠰᠦᠭᠰᠡᠨ ᠭᠠᠵᠠᠷ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠰᠠᠯᠠᠭ᠎ᠠ ᠮᠦᠴᠢᠷ ᠠᠴᠠ ᠡᠮᠴᠢᠯᠡᠭᠡᠨ ᠤ ᠪᠠᠶᠢᠭᠤᠯᠤᠮᠵᠢ ᠶᠢ ᠵᠢᠯᠤᠭᠤᠳᠤᠨ ᠬᠠᠮᠢᠶ᠎ᠠ | ᠪᠦᠬᠦᠢ ᠡᠪᠡᠳᠴᠢᠨ ᠤ ᠡᠭᠦᠳᠡᠨ ᠡᠮᠨᠡᠯᠭᠡ᠂ ᠲᠦᠷᠭᠡᠨ ᠡᠮᠨᠡᠯᠭᠡ ᠲᠤᠬᠢᠷᠠᠭᠤᠯᠬᠤ ᠪᠠ ᠡᠮᠨᠡᠯᠭᠡ ᠶᠢᠨ ᠠᠵᠢᠯᠲᠠᠨ ᠨᠡᠮᠡᠭᠳᠡᠬᠦᠯᠬᠦ ᠶᠢ ᠬᠠᠷᠢᠭᠤᠴᠠᠬᠤ ᠬᠡᠷᠡᠭᠲᠡᠢ᠃ | ︵2︶ ᠰᠠᠨᠠᠭᠠᠴᠢᠯᠠᠭ᠎ᠠ ᠶᠢᠨ ᠴᠢᠨᠠᠷᠲᠠᠢ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ᠃ ᠪᠠᠶᠢᠭᠤᠯᠭ᠎ᠠ ᠨᠢᠭᠡᠴᠡ ᠪᠠ ᠣᠯᠠᠨ | ᠲᠦᠮᠡᠨ ᠠᠭᠤᠷᠰᠢᠬᠤ ᠰᠢᠨᠵᠢ ᠶᠢᠨ ᠣᠷᠭᠠᠨᠢᠭ ᠪᠤᠳᠠᠰ ᠤᠨ ᠳᠦᠷᠬᠢᠭᠡᠰᠦ ᠡᠳ᠋᠂ ᠲᠤᠰᠤᠨ ᠰᠢᠷ᠂ ᠠᠭᠤᠰᠬᠠᠭᠴᠢ ᠡᠮ ᠵᠡᠷᠭᠡ ᠣᠭ ᠮᠡᠲ᠋ᠧᠷᠢᠶᠡᠯ ᠵᠢᠴᠢ | ᠪᠦᠲᠦᠭᠡᠭᠳᠡᠬᠦᠨ ᠤ ᠬᠡᠷᠡᠭᠯᠡᠯᠲᠡ ᠪᠠᠨ ᠪᠠᠭᠠᠰᠬᠠᠬᠤ ᠬᠡᠷᠡᠭᠲᠡᠢ︔ ᠣᠯᠠᠨ ᠲᠦᠮᠡᠨ ᠤ ᠵᠠᠮ ᠬᠠᠷᠢᠯᠴᠠᠭᠠᠨ ᠤ ᠪᠠᠭᠠᠵᠢ ᠪᠣᠶᠣ ᠴᠠᠬᠢᠯᠭᠠᠨ ᠬᠦᠳᠡᠯᠭᠡᠭᠦᠷᠲᠦ ᠲᠡᠷᠬᠡ ᠪᠠᠷ | ᠭᠠᠳᠠᠭᠰᠢ ᠭᠠᠷᠬᠤ ᠶᠢ ᠰᠠᠨᠠᠭᠠᠴᠢᠯᠠᠵᠤ᠂ ᠲᠡᠷᠬᠡ ᠪᠠᠨ ᠵᠤᠭᠰᠣᠭᠠᠬᠤ ᠳᠤ ᠪᠠᠨ ᠴᠠᠭ ᠲᠤᠬᠠᠢ ᠳᠤᠨᠢ ᠣᠨᠲᠠᠷᠠᠭᠠᠵᠤ᠂ ᠲᠡᠷᠬᠡ ᠤ ᠣᠷᠣᠨ ᠳᠠᠭᠠᠨ ᠠᠯᠭᠤᠷ ᠠᠵᠢᠯᠯᠠᠬᠤ | ᠴᠠᠭ ᠢ ᠪᠠᠭᠠᠰᠬᠠᠬᠤ ᠬᠡᠷᠡᠭᠲᠡᠢ︔ ᠣᠯᠠᠨ ᠲᠦᠮᠡᠨ ᠤ ᠡᠷᠡᠭᠦᠯ ᠴᠢᠬᠢᠷᠠᠭ ᠠᠮᠢᠳᠣᠷᠠᠯ ᠪᠠ ᠠᠷᠪᠢᠲᠠᠢ ᠬᠡᠷᠡᠭᠯᠡᠭᠡ ᠶᠢ ᠰᠠᠨᠠᠭᠠᠴᠢᠯᠠᠨ᠂ ᠡᠨᠧᠷᠬᠢ ᠶᠢᠨ ᠬᠤᠷᠤᠭᠳᠠᠯ ᠢ | ᠪᠠᠭᠠᠰᠬᠠᠨ᠎ᠠ᠃ | ︵3︶ ᠠᠯᠪᠠᠳᠠᠯᠭ᠎ᠠ ᠶᠢᠨ ᠴᠢᠨᠠᠷᠲᠠᠢ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ᠃ ᠬᠡᠷᠡᠭ ᠡᠬᠦᠰᠦᠭᠰᠡᠨ ᠭᠠᠵᠠᠷ ᠤᠨ ᠵᠠᠰᠠᠭ | ᠤᠨ ᠣᠷᠳᠣᠨ ᠡᠷᠬᠡᠪᠰᠢ ᠳᠣᠣᠷᠠᠬᠢ ᠠᠷᠭ᠎ᠠ ᠠᠪᠴᠠᠯ ᠢ ᠵᠢᠯᠤᠭᠤᠳᠤᠨ ᠨᠠᠶᠢᠲᠠᠪᠤᠷᠢᠵᠢᠭᠤᠯᠬᠤ ᠬᠡᠷᠡᠭᠲᠡᠢ᠄ | ᠠᠵᠤ ᠦᠢᠯᠡᠳᠪᠦᠷᠢ ᠶᠢᠨ ᠡᠬᠢᠲᠦ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ᠃ ᠬᠡᠷᠡᠭ ᠡᠬᠦᠰᠦᠭᠰᠡᠨ ᠭᠠᠵᠠᠷ ᠤᠨ ᠵᠠᠰᠠᠭ ᠤᠨ | ᠣᠷᠳᠣᠨ ᠡᠷᠬᠡᠪᠰᠢ ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠨ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠨᠠᠷᠢᠨ | ᠳᠠᠩᠰᠠ ᠶᠤᠰᠤᠭᠠᠷ᠂ ᠡᠯ᠎ᠡ ᠲᠦᠷᠦᠯ ᠤᠨ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ ᠢ ᠴᠢᠩᠭ᠎ᠠ ᠨᠠᠶᠢᠲᠠᠪᠤᠷᠢᠵᠢᠭᠤᠯᠬᠤ ᠬᠡᠷᠡᠭᠲᠡᠢ᠃ | ᠠᠮᠢ ᠠᠬᠤᠢ ᠣᠷᠴᠢᠨ ᠲᠤᠭᠤᠷᠢᠨ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠦᠴᠢᠷ ᠡᠬᠦᠷᠭᠡ ᠴᠢᠳᠠᠪᠬᠢ ᠠᠵᠢᠯ ᠤᠨ ᠬᠤᠪᠢᠶᠠᠷᠢᠯᠠᠯᠲᠠ | ᠶᠤᠰᠤᠭᠠᠷ ᠠᠵᠤ ᠠᠬᠤᠶᠢᠯᠠᠯ ᠤᠨ ᠬᠢᠨ ᠤ ︽ᠨᠢᠭᠡ ᠦᠢᠯᠡᠳᠪᠦᠷᠢ ᠳᠤ ᠨᠢᠭᠡ ᠪᠣᠳᠣᠯᠭ᠎ᠠ︾ ᠶᠢᠨ ᠪᠠᠴᠢᠮ ᠪᠠᠶᠢᠳᠠᠯ ᠢ ᠠᠷᠭᠠᠴᠠᠬᠤ ᠪᠣᠬᠢᠷᠳᠣᠯ ᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠱᠠᠭᠠᠷᠳᠠᠯᠭ᠎ᠠ ᠶᠢᠨ ᠨᠠᠶᠢᠲᠠᠪᠤᠷᠢᠵᠢᠭᠤᠯᠤᠯᠲᠠ ᠶᠢ ᠬᠠᠷᠢᠭᠤᠴᠠᠵᠤ᠂ ᠦᠢᠯᠡᠳᠪᠦᠷᠢᠯᠡᠯ ᠤᠨ ᠳᠠᠭᠠᠭᠠᠴᠠ ᠶᠢ ᠪᠠᠭᠤᠷᠠᠭᠤᠯᠬᠤ᠂ | ᠦᠢᠯᠡᠳᠪᠦᠷᠢᠯᠡᠯ ᠢ ᠵᠤᠭᠰᠤᠭᠠᠬᠤ᠂ ᠪᠣᠬᠢᠷᠳᠣᠯ ᠤᠨ ᠵᠠᠰᠠᠯᠲᠠ ᠪᠠᠨ ᠴᠢᠩᠭᠠᠳᠬᠠᠬᠤ᠂ ᠪᠡᠯᠡᠨ ᠪᠠᠷᠠᠭ᠎ᠠ ᠶᠢ ᠴᠠᠭ ᠵᠦᠷᠢᠬᠦᠯᠦᠨ ᠵᠦᠭᠡᠭᠡᠪᠦᠷᠢᠯᠡᠬᠦ ᠵᠡᠷᠭᠡ ᠠᠷᠭ᠎ᠠ | ᠠᠪᠴᠠᠯ ᠠᠪᠤᠨ᠂ ᠠᠭᠠᠷ ᠮᠠᠨᠳᠠᠯ ᠢ ᠪᠣᠬᠢᠷᠳᠣᠭᠤᠯᠬᠤ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢᠨ ᠬᠠᠮᠲᠤ ᠠᠭᠠᠷ ᠮᠠᠨᠳᠠᠯ ᠤᠨ ᠬᠦᠨᠳᠦ ᠪᠤᠬᠢᠷᠳᠣᠯ ᠤᠨ | ᠡᠬᠢ ᠳᠤ ᠬᠠᠤᠯᠢ ᠬᠡᠷᠡᠭᠵᠢᠬᠦᠯᠦᠨ ᠪᠠᠶᠢᠴᠠᠭᠠᠬᠤ ᠲᠠᠪᠲᠠᠮᠵᠢ ᠪᠠᠨ ᠨᠡᠮᠡᠭᠳᠡᠬᠦᠯᠬᠦ ᠬᠡᠷᠡᠭᠲᠡᠢ᠃ | ᠲᠤᠭᠤᠰᠤᠨ ᠤ ᠡᠬᠢᠲᠦ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ᠃ ᠠᠭᠤᠷᠬᠠᠢ᠂ ᠬᠠᠶᠢᠷ ᠴᠢᠯᠠᠭᠤᠨ ᠤ ᠮᠡᠲ᠋ᠧᠷᠢᠶᠡᠯ ᠤᠨ | ᠦᠢᠯᠡᠳᠪᠦᠷᠢ᠂ ᠴᠢᠯᠠᠭᠤᠨ ᠮᠡᠲ᠋ᠧᠷᠢᠶᠡᠯ ᠤᠨ ᠦᠢᠯᠡᠳᠪᠦᠷᠢ᠂ ᠴᠢᠯᠠᠭᠤᠨ ᠬᠠᠪᠲᠠᠰᠣᠨ ᠦᠢᠯᠡᠳᠪᠦᠷᠢ ᠭᠠᠳᠠᠨ᠎ᠠ ᠬᠠᠯᠬᠠᠪᠴᠢ ᠦᠬᠡᠢ ᠠᠵᠢᠯᠯᠠᠬᠤ ᠪᠠᠨ ᠵᠤᠭᠰᠣᠭᠠᠵᠤ᠂ | ᠪᠠᠷᠢᠯᠭ᠎ᠠ ᠶᠢᠨ ᠭᠠᠵᠠᠷ ᠰᠢᠪᠡᠷ ᠰᠢᠷᠦᠢ ᠶᠢᠨ ᠠᠵᠢᠯ ︵ᠪᠠᠷᠢᠯᠭ᠎ᠠ ᠨᠣᠷᠠᠭᠠᠬᠤ᠂ ᠰᠢᠷᠦᠢ ᠴᠢᠯᠠᠭᠤ ᠮᠠᠯᠲᠠᠬᠤ᠂ ᠪᠣᠯᠠᠬᠤ᠂ ᠰᠢᠯᠵᠢᠬᠦᠯᠦᠨ ᠵᠦᠬᠡᠬᠡᠪᠦᠷᠢᠯᠡᠬᠦ᠂ ᠴᠤᠬᠤᠢ | ᠬᠤᠯᠢᠬᠤ᠂ ᠪᠧᠲ᠋ᠤᠨ ᠪᠠᠯᠪᠠᠴᠢᠬᠤ ᠵᠡᠷᠭᠡ ᠠᠵᠢᠯ ᠢᠶᠠᠨ ᠵᠤᠭᠰᠤᠭᠠᠵᠤ᠂ ᠪᠠᠷᠢᠯᠭ᠎ᠠ ᠶᠢᠨ ᠲᠦᠬᠦᠷ ᠵᠠᠮ ᠪᠠ ᠬᠤᠭᠤᠯᠠᠢ ᠶᠢᠨ ᠰᠣᠪᠠᠭ ᠮᠠᠯᠲᠠᠬᠤ ᠠᠵᠢᠯ ᠢ ᠵᠤᠭᠰᠤᠭᠠᠬᠤ | ᠵᠡᠷᠭᠡ ᠪᠠᠭᠲᠠᠨ᠎ᠠ︶ ᠢᠶᠠᠨ ᠵᠤᠭᠰᠤᠭᠠᠨ᠎ᠠ︔ ᠪᠠᠷᠢᠯᠭ᠎ᠠ ᠶᠢᠨ ᠬᠤᠭ ᠨᠤᠪᠰᠢ ᠶᠢ ᠴᠡᠪᠡᠷᠯᠡᠵᠦ ᠵᠦᠬᠡᠬᠡᠪᠦᠷᠢᠯᠡᠬᠦ ᠲᠡᠷᠬᠡ ᠪᠠ ᠬᠠᠶᠢᠷ ᠴᠢᠯᠠᠭᠤ ᠲᠡᠭᠡᠭᠡᠪᠦᠷᠢᠯᠡᠬᠦ ᠮᠠᠰᠢᠨ ᠵᠠᠮ | ᠳᠤ ᠭᠠᠷᠴᠤ ᠪᠤᠯᠬᠤ ᠦᠬᠡᠢ᠂ ᠰᠢᠷᠦᠢ ᠴᠢᠯᠠᠭᠤ ᠮᠠᠯᠲᠠᠬᠤ ᠣᠬᠤᠭᠤᠷ ᠮᠠᠰᠢᠨ ᠠᠵᠢᠯᠠᠯᠠᠬᠤ ᠪᠠᠨ ᠵᠤᠭᠰᠤᠭᠠᠨ᠎ᠠ᠃ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ | ᠮᠦᠴᠢᠷ ᠵᠠᠮ ᠢ ᠠᠷᠢᠭᠤᠳᠬᠠᠬᠤ ᠲᠠᠪᠲᠠᠮᠵᠢ ᠪᠠᠨ ᠨᠡᠮᠡᠭᠳᠡᠬᠦᠯᠦᠭᠰᠡᠨ ᠰᠠᠭᠤᠷᠢᠨ ᠳᠡᠭᠡᠷ᠎ᠡ᠂ ᠴᠡᠪᠡᠷᠯᠡᠬᠦ᠂ ᠣᠰᠣ ᠰᠦᠷᠴᠢᠬᠦ᠂ ᠰᠠᠭᠠᠬᠢᠬᠤ ᠵᠡᠷᠭᠡ ᠠᠵᠢᠯ ᠤᠨ | ᠲᠠᠪᠲᠠᠮᠵᠢ ︵ᠮᠦᠰᠦᠳᠦᠬᠦ ᠬᠤᠭᠤᠴᠠᠭᠠᠨ ᠳᠤ ᠲᠤᠬᠠᠢ ᠶᠢᠨ ᠭᠠᠵᠠᠷ ᠤᠨ ᠪᠣᠲᠠᠲᠣ ᠪᠠᠶᠢᠳᠠᠯ ᠲᠠᠢ ᠣᠶᠠᠯᠳᠣᠭᠤᠯᠵᠣ ᠬᠡᠷᠡᠭᠵᠢᠬᠦᠯᠦᠨ᠎ᠡ︶ ᠪᠠᠨ ᠨᠡᠮᠡᠭᠳᠡᠬᠦᠯᠬᠦ ᠬᠡᠷᠡᠭᠲᠡᠢ᠃ | ᠵᠠᠮ ᠲᠡᠭᠡᠭᠡᠪᠦᠷᠢ ᠶᠢᠨ ᠰᠠᠯᠠᠭ᠎ᠠ ᠮᠦᠴᠢᠷ ᠵᠠᠮ ᠬᠠᠷᠢᠯᠴᠠᠭᠠᠨ ᠤ ᠪᠠᠷᠢᠯᠭ᠎ᠠ ᠪᠠ ᠵᠠᠰᠠᠮᠠᠯ ᠵᠠᠮ ᠤᠨ ᠲᠡᠭᠡᠭᠡᠪᠦᠷᠢ ᠶᠢᠨ ᠬᠢᠨᠠᠨ ᠬᠠᠮᠢᠶᠠᠷᠤᠯᠲᠠ ᠪᠠᠨ ᠴᠢᠩᠭᠠᠳᠬᠠᠬᠤ ᠶᠢ | ᠬᠠᠷᠢᠭᠤᠴᠠᠨ᠂ ᠪᠦᠲᠦᠮᠵᠢᠲᠡᠢ ᠠᠷᠭ᠎ᠠ ᠠᠪᠴᠠᠯ ᠠᠪᠴᠤ ᠵᠠᠰᠠᠮᠠᠯ ᠵᠠᠮ ᠤᠨ ᠲᠤᠭᠤᠰᠤᠨ ᠤ ᠪᠣᠬᠢᠷᠳᠣᠯ ᠢ ᠰᠡᠷᠬᠡᠶᠢᠯᠡᠨ ᠵᠠᠰᠠᠬᠤ ᠬᠡᠷᠡᠭᠲᠡᠢ᠃ | ᠲᠤᠬᠠᠢ ᠶᠢᠨ ᠭᠠᠵᠠᠷ ᠤᠨ ᠲᠤᠭᠲᠠᠭᠠᠭᠰᠠᠨ ᠴᠢᠬᠤᠯᠠ ᠪᠠᠶᠢᠭᠤᠯᠤᠯᠲᠠ ᠶᠢᠨ ᠲᠦᠷᠦᠯ ᠵᠦᠢᠯ᠂ ᠠᠷᠠᠳ ᠤᠨ ᠠᠮᠢᠳᠣᠷᠠᠯ ᠤᠨ ᠢᠨᠵᠧᠨᠧᠷᠢᠩ᠂ ᠪᠠᠴᠢᠮ ᠪᠠᠶᠢᠳᠠᠯ | ᠢ ᠠᠷᠭᠠᠴᠠᠨ ᠠᠶᠤᠯ ᠠᠴᠠ ᠠᠪᠤᠷᠠᠬᠤ ᠪᠠᠷᠢᠯᠭ᠎ᠠ ᠵᠡᠷᠭᠡ ᠶᠢ ᠬᠡᠷᠡᠭᠴᠡᠭᠡ ᠪᠠᠨ ᠦᠨᠳᠦᠰᠦᠯᠡᠨ ᠦᠷᠬᠦᠯᠵᠢᠯᠡᠨ ᠠᠵᠢᠯᠯᠠᠭᠤᠯᠵᠤ ᠪᠣᠯᠣᠨ᠎ᠠ᠂ ᠬᠡᠪᠡᠴᠦ ︽ᠵᠢᠷᠭᠤᠭᠠᠨ | ᠵᠠᠭᠤᠨ ᠤ ᠵᠠᠭᠤ︾ ︵ᠪᠠᠷᠢᠯᠭ᠎ᠠ ᠶᠢᠨ ᠭᠠᠵᠠᠷ ᠢᠶᠠᠨ ᠵᠠᠭᠤᠨ ᠤ ᠵᠠᠭᠤ ᠪᠠᠷ ᠬᠦᠷᠢᠶᠡᠯᠡᠭᠰᠡᠨ ᠪᠠᠶᠢᠬᠤ᠂ ᠣᠪᠣᠭᠠᠯᠠᠵᠤ ᠪᠠᠶᠢᠭ᠎ᠠ ᠡᠳ᠋ ᠪᠠᠷᠠᠭ᠎ᠠ ᠪᠠᠨ ᠵᠠᠭᠤᠨ ᠤ ᠵᠠᠭᠤ | ᠪᠠᠷ ᠪᠦᠷᠬᠦᠭᠰᠡᠨ ᠪᠠᠶᠢᠬᠤ᠂ ᠣᠷᠣᠵᠣ ᠭᠠᠷᠬᠤ ᠲᠡᠷᠬᠡ ᠪᠠᠨ ᠵᠠᠭᠤᠨ ᠤ ᠵᠠᠭᠤ ᠪᠠᠷ ᠣᠬᠢᠶᠠᠬᠤ᠂ ᠪᠠᠷᠢᠯᠭ᠎ᠠ ᠶᠢᠨ ᠠᠬᠤᠢ ᠲᠡᠯᠡᠪᠡᠢ ᠶᠢᠨ ᠭᠠᠵᠠᠷ ᠤᠨ ᠭᠠᠳᠠᠷᠭᠤ ᠶᠢ | ᠵᠠᠭᠤᠨ ᠤ ᠵᠠᠭᠤ ᠪᠠᠷ ᠬᠠᠲᠠᠭᠤᠵᠢᠭᠤᠯᠤᠭᠰᠠᠨ ᠪᠠᠶᠢᠬᠤ᠂ ᠨᠣᠷᠠᠭᠠᠵᠤ ᠨᠡᠬᠦᠯᠬᠡᠬᠦ ᠪᠠᠷᠢᠯᠭ᠎ᠠ ᠶᠢᠨ ᠭᠠᠵᠠᠷ ᠢ ᠵᠠᠭᠤᠨ ᠤ ᠵᠠᠭᠤ ᠪᠠᠷ ᠴᠢᠬᠢᠭᠳᠡᠬᠦᠯᠵᠦ ᠠᠵᠢᠯᠯᠠᠭᠰᠠᠨ | ᠪᠠᠶᠢᠬᠤ᠂ ᠬᠤᠭ ᠰᠢᠷᠦᠢ ᠶᠢᠨ ᠲᠡᠷᠭᠡ ᠶᠢ ᠵᠠᠭᠤᠨ ᠤ ᠵᠠᠭᠤ ᠪᠠᠷ ᠪᠢᠲᠡᠬᠦᠮᠵᠢᠯᠡᠭᠰᠡᠨ ᠪᠠᠶᠢᠬᠤ︶ ᠱᠠᠭᠠᠷᠳᠠᠯᠭ᠎ᠠ ᠶᠢ ᠡᠷᠡᠰ ᠴᠢᠩᠭ᠎ᠠ ᠨᠡᠶᠢᠲᠠᠪᠤᠷᠢᠵᠢᠭᠤᠯᠵᠤ᠂ | ᠬᠤᠭᠤᠰᠤᠨ ᠭᠠᠵᠠᠷ ᠪᠦᠬᠦᠨ ᠢ ᠪᠦᠲᠡᠬᠡᠵᠦ ᠪᠦᠷᠬᠦᠨ᠂ ᠣᠰᠣ ᠰᠦᠷᠴᠢᠨ ᠲᠤᠭᠤᠰᠤᠨ ᠤ ᠪᠣᠬᠢᠷᠳᠣᠯ ᠢ ᠪᠠᠭᠠᠰᠬᠠᠬᠤ ᠲᠠᠪᠲᠠᠮᠵᠢ ᠪᠠᠨ ᠨᠡᠮᠡᠭᠳᠡᠬᠦᠯᠦᠨ᠎ᠡ᠃ | ᠨᠡᠬᠦᠳᠡᠯ ᠡᠬᠢᠲᠦ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ᠃ ᠪᠠᠷᠢᠯᠭ᠎ᠠ ᠶᠢᠨ ᠭᠠᠵᠠᠷ᠂ ᠠᠵᠤ ᠦᠢᠯᠡᠳᠪᠦᠷᠢ᠂ ᠠᠵᠤ | ᠠᠬᠤᠶᠢᠯᠠᠯ ᠤᠨ ᠲᠤᠭᠤᠷᠢᠭ ᠪᠠ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ᠪᠠᠷᠢᠮᠵᠢᠶᠠᠨ ᠳᠤ ᠬᠦᠷᠦᠭᠰᠡᠨ ᠦᠬᠡᠢ ᠨᠡᠭᠦᠳᠡᠯ ᠮᠠᠰᠢᠨ ᠲᠤᠨᠤᠭᠯᠠᠯ ᠢ | ᠬᠡᠷᠡᠭᠯᠡᠵᠦ ᠪᠤᠯᠬᠤ ᠦᠭᠡᠢ᠃ ᠵᠠᠷᠴᠢᠮ ᠳᠡᠭᠡᠷ᠎ᠡ ᠪᠠᠨ᠂ ᠬᠤᠲᠠ ᠶᠢᠨ ᠡᠷᠬᠢᠯᠲᠡ ᠶᠢ ᠪᠠᠲᠤᠯᠠᠬᠤ ᠲᠡᠷᠭᠡ ᠪᠠ ᠡᠬᠦᠷᠬᠡ ᠪᠡᠶᠡᠯᠡᠬᠦᠯᠬᠦ ᠣᠨᠴᠠᠭᠠᠢ ᠲᠡᠷᠬᠡ ᠮᠠᠰᠢᠨ ᠠᠴᠠ | ᠭᠠᠳᠠᠨ᠎ᠠ᠂ ᠬᠤᠲᠠ ᠪᠠᠯᠭᠠᠰᠣᠨ ᠤ ᠵᠡᠭᠡᠯᠢ ᠳᠡᠭᠡᠷ᠎ᠡ ᠬᠦᠨᠳᠦ ᠬᠡᠯᠪᠡᠷᠢ ᠪᠠ ᠳᠣᠮᠳᠠ ᠬᠡᠯᠪᠡᠷᠢ ᠶᠢᠨ ᠲᠦᠯᠡᠰᠢ ᠶᠢᠨ ᠲᠤᠰᠤᠨ ᠤ ᠠᠴᠢᠶᠠᠨ ᠤ ᠮᠠᠰᠢᠨ᠂ ᠳᠣᠣᠷ᠎ᠠ | ᠬᠤᠷᠳᠣᠴᠠᠲᠤ ᠠᠴᠢᠶᠠᠨ ᠤ ᠮᠠᠰᠢᠨ ᠪᠠ ᠲᠷᠡᠺᠲ᠋ᠤᠷ ᠵᠠᠮ ᠦᠩᠭᠡᠷᠡᠭᠦ ᠶᠢ ᠬᠤᠷᠢᠭᠯᠠᠨ᠎ᠠ᠃ ᠡᠯ᠎ᠡ ᠭᠠᠵᠠᠷ ᠤᠨ ᠲᠤᠲᠤᠭᠠᠲᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠨᠡᠶᠢᠲᠡᠯᠡᠭᠰᠡᠨ ᠬᠦᠨᠳᠦ ᠪᠤᠬᠢᠷᠳᠣᠯ ᠲᠠᠢ ᠴᠠᠭ ᠠᠭᠤᠷ ᠲᠤ ᠲᠡᠷᠬᠡ | ᠮᠠᠰᠢᠨ ᠨᠡᠪᠲᠡᠷᠡᠬᠦ ᠶᠢ ᠬᠢᠵᠠᠭᠠᠷᠯᠠᠬᠤ ᠵᠠᠷᠯᠠᠯ ᠶᠤᠰᠤᠭᠠᠷ᠂ ᠬᠦᠨᠳᠦ ᠬᠡᠯᠪᠡᠷᠢ᠂ ᠳᠣᠮᠳᠠ ᠬᠡᠯᠪᠡᠷᠢ ᠶᠢᠨ ᠠᠴᠢᠶᠠᠨ ᠤ ᠮᠠᠰᠢᠨ ᠵᠢᠴᠢ ᠪᠠᠷᠢᠯᠭ᠎ᠠ ᠶᠢᠨ ᠲᠡᠷᠬᠡ ᠮᠠᠰᠢᠨ | ᠲᠤᠷ᠎ᠠ ᠲᠠᠪᠠ ᠪᠠᠷ ᠢᠶᠠᠨ ᠶᠠᠪᠤᠨ ᠵᠠᠷᠯᠠᠯ ᠢ ᠵᠦᠷᠢᠴᠡᠬᠦ ᠵᠠᠮ ᠬᠠᠷᠢᠯᠴᠠᠭᠠᠨ ᠤ ᠬᠠᠤᠯᠢ ᠵᠦᠷᠢᠴᠡᠭᠰᠡᠨ ᠠᠵᠢᠯᠯᠠᠭᠠᠨ ᠢ ᠰᠢᠢᠳᠬᠡᠵᠦ᠂ ᠬᠢᠵᠠᠭᠠᠷ ᠢᠶᠠᠷ ᠦᠩᠭᠡᠷᠡᠭᠦ ᠲᠡᠷᠭᠡ | ᠬᠤᠲᠠ ᠪᠠᠯᠭᠠᠰᠣᠨ ᠤ ᠵᠡᠭᠡᠯᠢ ᠪᠠᠷ ᠶᠠᠪᠤᠬᠤ ᠠᠴᠠ ᠵᠠᠶᠢᠯᠠᠰᠬᠢᠬᠦ ᠶᠢ ᠵᠢᠯᠤᠭᠤᠳᠤᠨ᠎ᠠ᠃ | 3. Ⅱ ᠲᠡᠰ ᠤᠨ ᠳᠠᠶᠢᠴᠢᠯᠠᠯᠲᠠ ᠶᠢᠨ ᠠᠵᠢᠯᠯᠠᠭᠠᠨ ᠤ ᠠᠷᠭ᠎ᠠ ᠠᠪᠴᠠᠯ | ᠪᠠᠴᠢᠮ ᠪᠠᠶᠢᠳᠠᠯ ᠢ ᠠᠷᠭᠠᠴᠠᠬᠤⅢᠲᠡᠰ ᠤᠨ ᠳᠠᠶᠢᠴᠢᠯᠠᠯᠲᠠ ᠶᠢᠨ ᠠᠵᠢᠯᠯᠠᠭᠠᠨ ᠤ ᠠᠷᠭ᠎ᠠ ᠠᠪᠴᠠᠯ ᠢ ᠬᠡᠷᠡᠭᠵᠢᠬᠦᠯᠬᠦ ᠰᠠᠭᠤᠷᠢᠨ ᠳᠡᠭᠡᠷ᠎ᠡ᠂ ᠳᠣᠣᠷᠠᠬᠢ ᠠᠷᠭ᠎ᠠ | ᠠᠪᠴᠠᠯ ᠢ ᠨᠡᠮᠡᠭᠳᠡᠬᠦᠯᠦᠨ᠎ᠡ᠄ | ᠠᠵᠤ ᠦᠢᠯᠡᠳᠪᠦᠷᠢ ᠶᠢᠨ ᠡᠬᠢᠲᠦ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ᠃ ᠬᠦᠭᠵᠢᠭᠦᠯᠦᠯᠳᠠ ᠦᠭᠡᠷᠡᠴᠢᠯᠡᠯᠳᠡ᠂ ᠡᠨᠧᠷᠬᠢ | ᠶᠢᠨ ᠰᠠᠯᠠᠭ᠎ᠠ ᠮᠦᠴᠢᠷ ᠤᠨ ᠬᠢᠨ ᠨᠡᠬᠦᠷᠡᠰᠦᠨ ᠴᠠᠬᠢᠯᠭᠠᠨ ᠤ ᠠᠵᠤ ᠠᠬᠤᠶᠢᠯᠠᠯ ᠢ ᠵᠢᠯᠤᠭᠤᠳᠤᠨ ᠰᠢᠯᠢᠳᠡᠭ ᠨᠡᠬᠦᠷᠡᠰᠦ ᠬᠡᠷᠡᠭᠯᠡᠬᠦ ᠬᠠᠷᠢᠴᠠᠯ ᠢ ᠨᠢ ᠶᠡᠭᠡᠳᠬᠡᠨᠡ᠃ | ᠦᠪᠦᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠠᠴᠠ ᠨᠡᠬᠦᠷᠡᠰᠦᠨ ᠴᠠᠬᠢᠯᠭᠠᠨ ᠤ ᠠᠵᠤ ᠠᠬᠤᠶᠢᠯᠠᠯ ᠤᠨ ᠴᠠᠬᠢᠯᠭᠠᠨ ᠭᠠᠷᠭᠠᠯᠲᠠ ᠳᠤ ᠱᠠᠲᠤ ᠬᠤᠪᠢᠶᠠᠵᠤ | ᠡᠬᠡᠯᠵᠢᠯᠡᠨ ᠬᠢᠵᠠᠭᠠᠷᠯᠠᠬᠤ ᠠᠷᠭ᠎ᠠ ᠠᠪᠴᠠᠯ ᠢᠶᠠᠷ ᠨᠢᠭᠡᠳᠦᠯᠲᠡᠢ ᠲᠦᠯᠦᠪᠵᠢᠬᠦᠯᠦᠨ ᠬᠡᠷᠡᠭᠵᠢᠬᠦᠯᠬᠦ ᠬᠡᠷᠡᠭᠲᠡᠢ᠃ | ᠨᠡᠭᠦᠳᠡᠯ ᠡᠬᠢᠲᠦ ᠪᠣᠬᠢᠷᠳᠣᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠠᠪᠴᠠᠯ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠦᠴᠢᠷ ᠤᠯᠠᠨ | ᠨᠠᠶᠢᠲᠠ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠦᠴᠦᠨ ᠢᠶᠠᠨ ᠨᠡᠮᠡᠭᠳᠡᠬᠦᠯᠬᠦ ᠶᠢ ᠬᠠᠷᠢᠭᠤᠴᠠᠵᠤ᠂ ᠰᠠᠭᠤᠭᠠᠯᠢ ᠠᠷᠠᠳ ᠤᠨ ᠭᠠᠳᠠᠭᠰᠢ ᠶᠠᠪᠤᠬᠤ ᠶᠢ ᠪᠠᠲᠤᠯᠠᠨ᠂ | ᠨᠦᠬᠦᠴᠡᠯ ᠲᠠᠢ ᠭᠠᠵᠠᠷ ᠤᠷᠤᠨ ᠵᠠᠰᠠᠭ ᠤᠨ ᠣᠷᠳᠣᠨ ᠨᠠᠶᠢᠲᠠ ᠶᠢᠨ ᠮᠠᠰᠢᠨ ᠲᠡᠷᠬᠡᠨ ᠤ ᠠᠵᠤ ᠠᠬᠤᠶᠢᠯᠠᠯ ᠤᠨ ᠦᠢᠯᠡᠴᠢᠯᠡᠭᠡ ᠶᠢ ᠬᠤᠳᠠᠯᠳᠣᠨ ᠠᠪᠬᠤ ᠬᠡᠯᠪᠡᠷᠢ | ᠪᠠᠷ ᠨᠠᠶᠢᠲᠡ ᠶᠢᠨ ᠮᠠᠰᠢᠨ ᠲᠡᠷᠭᠡᠨ ᠳᠤ ᠰᠠᠭᠤᠬᠤ ᠵᠠᠷᠤᠳᠠᠯ ᠢ ᠬᠦᠩᠭᠡᠷᠡᠭᠦᠯᠵᠦ ᠪᠤᠯᠤᠨ᠎ᠠ᠃ ᠠᠭᠤᠷᠬᠠᠢ ︵ᠨᠡᠭᠦᠷᠡᠰᠦᠨ ᠠᠭᠤᠷᠬᠠᠢ ᠪᠠᠭᠲᠠᠨ᠎ᠠ︶᠂ ᠨᠡᠭᠦᠷᠡᠰᠦ | ᠤᠬᠢᠶᠠᠬᠤ ᠦᠢᠯᠡᠳᠪᠦᠷᠢ᠂ ᠡᠳ᠋ ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ ︵ᠠᠷᠠᠳ ᠤᠨ ᠠᠮᠢᠳᠣᠷᠠᠯ ᠤᠨ ᠪᠠᠲᠤᠯᠠᠭ᠎ᠠ ᠶᠢᠨ ᠲᠦᠷᠦᠯ ᠠᠴᠠ ᠭᠠᠳᠠᠨ᠎ᠠ︶ ᠵᠡᠷᠭᠡ | ᠪᠡᠯᠡᠨ ᠲᠦᠬᠦᠭᠡᠢ ᠡᠳ᠋ ᠪᠠ ᠪᠦᠲᠦᠭᠡᠭᠳᠡᠬᠦᠨ ᠤ ᠲᠡᠭᠡᠭᠡᠪᠦᠷᠢ ︵ᠡᠳᠦᠷ ᠪᠦᠷᠢ ᠶᠢᠨ ᠲᠡᠷᠬᠡ ᠮᠠᠰᠢᠨ ᠤᠷᠤᠵᠤ ᠭᠠᠷᠬᠤ ᠬᠡᠮᠵᠢᠶ᠎ᠡ 10 ᠠᠴᠠ ᠬᠡᠲᠦᠷᠡᠬᠦ︶ ᠶᠢᠨ | ᠪᠠᠶᠢᠭᠤᠯᠭ᠎ᠠ ᠨᠢᠭᠡᠴᠡ ᠡᠷᠬᠡᠪᠰᠢ ᠣᠯᠣᠰ ᠤᠨ ᠳᠦᠷᠪᠡᠳᠦᠭᠡᠷ ᠲᠡᠰ ᠤᠨ ᠪᠠᠷᠢᠮᠵᠢᠶ᠎ᠠ ᠠᠴᠠ ᠲᠤᠷᠤᠭᠰᠢ ᠬᠦᠨᠳᠦ ᠬᠡᠯᠪᠡᠷᠢ ᠶᠢᠨ ᠠᠴᠢᠶᠠᠨ ᠤ ᠮᠠᠰᠢᠨ ︵ᠰᠢᠲᠠᠮᠠᠬᠠᠢ ᠬᠡᠢ | ᠪᠠᠷ ᠲᠦᠯᠡᠰᠢ ᠪᠤᠯᠭᠠᠭᠰᠠᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠪᠠᠭᠲᠠᠨ᠎ᠠ︶ ᠢᠶᠠᠷ ᠲᠡᠭᠡᠭᠡᠪᠦᠷᠢᠯᠡᠬᠦ ︵ᠣᠨᠴᠠᠭᠠᠢ ᠮᠠᠰᠢᠨ ᠲᠡᠷᠬᠡ᠂ ᠠᠶᠤᠯᠲᠤ ᠬᠢᠮᠢ ᠶᠢᠨ | ᠪᠦᠲᠦᠭᠡᠭᠳᠡᠬᠦᠨ ᠤ ᠮᠠᠰᠢᠨ ᠲᠡᠷᠬᠡ ᠶᠢ ᠪᠠᠭᠲᠠᠭᠠᠬᠤ ᠦᠭᠡᠢ︶ ᠪᠠᠨ ᠵᠤᠭᠰᠤᠭᠠᠨ᠎ᠠ᠃ | ᠴᠠᠭ ᠠᠭᠤᠷ ᠤᠨ ᠰᠠᠯᠠᠭ᠎ᠠ ᠮᠦᠴᠢᠷ ᠴᠠᠭ ᠠᠭᠤᠷ ᠤᠨ ᠨᠦᠭᠦᠴᠡᠯ ᠢᠶᠠᠨ ᠦᠨᠳᠦᠰᠦᠯᠡᠨ ᠴᠠᠭ ᠠᠭᠤᠷ ᠢ ᠨᠦᠯᠦᠭᠡᠯᠡᠭᠦ ᠬᠡᠷᠡᠭᠵᠢᠭᠦᠯᠦᠰᠢᠳᠠᠢ ᠠᠷᠭ᠎ᠠ ᠠᠪᠴᠠᠯ | ᠠᠪᠣᠨ᠎ᠠ᠃ | 4. Ⅰ ᠲᠡᠰ ᠤᠨ ᠲᠠᠶᠢᠴᠢᠯᠠᠯᠳᠠ ᠶᠢᠨ ᠠᠵᠢᠯᠯᠠᠭ᠎ᠠ ᠶᠢᠨ ᠠᠷᠭ᠎ᠠ ᠠᠪᠴᠠᠯ | ᠪᠠᠴᠢᠮ ᠢ ᠠᠷᠭᠠᠴᠠᠬᠤ Ⅱ ᠲᠡᠰ ᠤᠨ ᠲᠠᠶᠢᠴᠢᠯᠠᠯᠳᠠ ᠶᠢᠨ ᠠᠵᠢᠯᠯᠠᠭ᠎ᠠ ᠶᠢᠨ ᠠᠷᠭ᠎ᠠ ᠠᠪᠴᠠᠯ ᠢ ᠬᠡᠷᠡᠭᠵᠢᠭᠦᠯᠬᠦ ᠰᠠᠭᠤᠷᠢᠨ ᠲᠡᠭᠡᠷ᠎ᠡ᠂ ᠲᠣᠣᠷᠠᠬᠢ ᠠᠷᠭ᠎ᠠ | ᠠᠪᠴᠠᠯ ᠢ ᠨᠠᠮᠡᠭᠳᠡᠭᠦᠯᠦᠨ᠎ᠡ᠄ | ᠡᠷᠡᠭᠦᠯ ᠮᠡᠨᠳᠦ ᠶᠢᠨ ᠬᠠᠮᠠᠭᠠᠯᠠᠯᠳᠠ ᠶᠢᠨ ᠠᠷᠭ᠎ᠠ ᠠᠪᠴᠠᠯ᠃ ᠬᠡᠷᠡᠭ ᠡᠭᠦᠰᠦᠭᠰᠡᠨ ᠲᠣᠬᠠᠢ ᠶᠢᠨ ᠭᠠᠵᠠᠷ ᠤᠨ ᠰᠣᠷᠭᠠᠨ ᠬᠦᠮᠦᠵᠢᠯ ᠤᠨ ᠰᠠᠯᠠᠭ᠎ᠠ ᠮᠦᠴᠢᠷ | ᠲᠣᠰ ᠭᠠᠵᠠᠷ ᠣᠷᠣᠨ ᠤ ᠪᠣᠳᠠᠳᠠᠢ ᠪᠣᠬᠢᠷᠳᠣᠯ ᠤᠨ ᠬᠡᠮᠵᠢᠶ᠎ᠡ ︵AQI ᠤᠨ ᠡᠳᠦᠷ ᠪᠦᠷᠢ ᠶᠢᠨ ᠲᠣᠮᠳᠠᠴᠢ ᠬᠡᠮᠵᠢᠭᠳᠡᠯ 500 ᠳᠤ ᠬᠦᠷᠪᠡᠯ︶ ᠶᠢ ᠦᠨᠳᠦᠰᠦᠯᠡᠨ | ᠬᠡᠣᠭᠡᠳ ᠤᠨ ᠴᠡᠴᠡᠷᠯᠢᠭ᠂ ᠲᠣᠮᠳᠠᠳᠦ ᠪᠠᠭ᠎ᠠ ᠰᠣᠷᠭᠠᠭᠤᠯᠢ ᠶᠢᠨ ᠬᠢᠴᠢᠶᠡᠯ ᠢ ᠵᠣᠭᠰᠣᠭᠠᠨ᠂ ᠬᠢᠴᠢᠶᠡᠯ ᠵᠣᠭᠰᠣᠭᠰᠠᠨ ᠬᠤᠭᠤᠴᠠᠭᠠᠨ ᠳᠠᠬᠢ ᠰᠣᠷᠣᠭᠴᠢᠳ ᠤᠨ | ᠰᠣᠷᠣᠯᠴᠠᠯᠭ᠎ᠠ ᠶᠢ ᠵᠣᠬᠢᠰᠳᠠᠢ ᠲᠣᠬᠢᠷᠠᠭᠤᠯᠵᠣ᠂ ᠬᠢᠴᠢᠶᠡᠯ ᠵᠣᠭᠰᠣᠬᠤ ᠠᠴᠠ ᠰᠣᠷᠣᠯᠴᠠᠯᠭ᠎ᠠ ᠵᠣᠭᠰᠣᠬᠤ ᠦᠭᠡᠢ ᠶᠢ ᠪᠠᠳᠣᠯᠠᠨ᠎ᠠ᠃ | ᠠᠵᠣ ᠣᠶᠢᠯᠠᠳᠪᠦᠷᠢ ᠶᠢᠨ ᠡᠬᠢᠳᠦ ᠪᠣᠬᠢᠷᠳᠣᠯ ᠤᠨ ᠭᠠᠳᠠᠭᠰᠢᠯᠠᠭᠤᠯᠣᠯᠳᠠ ᠶᠢ ᠪᠠᠭᠠᠰᠬᠠᠬᠤ ᠠᠷᠭ᠎ᠠ ᠠᠪᠴᠠᠯ᠃ ᠬᠡᠷᠡᠭ ᠡᠭᠦᠰᠦᠭᠰᠡᠨ ᠭᠠᠵᠠᠷ ᠤᠨ ᠵᠠᠰᠠᠭ ᠤᠨ | ᠣᠷᠳᠣᠨ ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠶᠢᠳᠠᠯ ᠢ ᠦᠨᠳᠦᠰᠦᠯᠡᠨ ᠣᠶᠢᠯᠠᠳᠪᠦᠷᠢᠯᠠᠯ ᠢ ᠬᠢᠵᠠᠭᠠᠷᠯᠠᠬᠤ᠂ ᠵᠣᠭᠰᠣᠭᠠᠬᠤ ᠵᠡᠷᠭᠡ ᠪᠣᠬᠢᠷᠳᠣᠯ ᠤᠨ | ᠭᠠᠳᠠᠭᠰᠢᠯᠠᠭᠤᠯᠣᠯᠳᠠ ᠶᠢ ᠪᠠᠭᠠᠰᠬᠠᠬᠤ ᠨᠠᠷᠢᠨ ᠲᠠᠩᠰᠠ ᠶᠣᠰᠣᠭᠠᠷ᠂ ᠡᠯ᠎ᠡ ᠲᠦᠷᠦᠯ ᠤᠨ ᠭᠠᠳᠠᠭᠰᠢᠯᠠᠭᠤᠯᠣᠯᠳᠠ ᠶᠢ ᠪᠠᠭᠠᠰᠬᠠᠬᠤ ᠠᠷᠭ᠎ᠠ ᠠᠪᠴᠠᠯ ᠢ ᠴᠢᠩᠭ᠎ᠠ | ᠨᠠᠶᠢᠳᠠᠪᠦᠷᠢᠵᠢᠭᠤᠯᠣᠨ᠎ᠠ᠃ | ᠨᠡᠭᠦᠳᠡᠯ ᠡᠬᠢᠳᠦ ᠪᠣᠬᠢᠷᠳᠣᠯ ᠤᠨ ᠭᠠᠳᠠᠭᠰᠢᠯᠠᠭᠤᠯᠣᠯᠳᠠ ᠶᠢ ᠪᠠᠭᠠᠰᠬᠠᠬᠤ ᠠᠷᠭ᠎ᠠ ᠠᠪᠴᠠᠯ᠃ ᠬᠡᠷᠡᠭ ᠡᠭᠦᠰᠦᠭᠰᠡᠨ ᠭᠠᠵᠠᠷ ᠤᠨ ᠵᠠᠰᠠᠭ ᠤᠨ ᠣᠷᠳᠣᠨ ᠠᠴᠠ | ᠲᠡᠷᠬᠡ ᠮᠠᠰᠢᠨ ᠤ ᠨᠠᠭᠠᠰᠢ ᠴᠠᠭᠠᠰᠢ ᠶᠠᠪᠣᠬᠤ ᠶᠢ ᠴᠢᠩᠭ᠎ᠠ ᠬᠢᠵᠠᠭᠠᠷᠯᠠᠬᠤ ᠠᠷᠭ᠎ᠠ ᠠᠪᠴᠠᠯ ᠢ ᠬᠡᠷᠡᠭᠵᠢᠭᠦᠯᠦᠨ᠎ᠡ᠃ | 5. ᠪᠠᠴᠢᠮ ᠪᠠᠶᠢᠳᠠᠯ ᠢ ᠠᠷᠭᠠᠴᠠᠬᠤ ᠬᠤᠯᠪᠣᠭᠠᠯᠠᠬᠤ ᠠᠵᠢᠯᠯᠠᠭ᠎ᠠ | ︵1︶ ᠪᠦᠬᠦ ᠬᠤᠰᠢᠭᠤᠨ ᠤ Ⅲ ᠲᠡᠰ ᠤᠨ ᠲᠠᠶᠢᠴᠢᠯᠠᠯᠳᠠ ᠶᠢᠨ ᠠᠵᠢᠯᠯᠠᠭ᠎ᠠ | ᠬᠤᠰᠢᠭᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠠᠵᠣ ᠣᠶᠢᠯᠠᠳᠪᠦᠷᠢ ᠪᠣᠯᠣᠨ | ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ | ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠷᠭᠠᠨ ᠬᠦᠮᠦᠵᠢᠯ ᠪᠡᠶ᠎ᠡ ᠲᠠᠮᠢᠷ ᠤᠨ | ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ ᠵᠡᠷᠭᠡ ᠠᠯᠪᠠᠳᠠᠯᠭ᠎ᠠ ᠶᠢᠨ ᠴᠢᠨᠠᠷᠳᠠᠢ ᠪᠠᠷ ᠪᠣᠬᠢᠷᠳᠣᠯ ᠤᠨ ᠭᠠᠳᠠᠭᠰᠢᠯᠠᠭᠤᠯᠣᠯᠳᠠ ᠶᠢ ᠪᠠᠭᠠᠰᠬᠠᠬᠤ ᠶᠢ ᠬᠢᠨᠠᠨ | ᠬᠠᠮᠢᠶᠠᠷᠬᠤ ᠪᠣᠶᠣ ᠬᠢᠨᠠᠨ ᠵᠢᠯᠣᠭᠤᠳᠬᠤ ᠡᠭᠦᠷᠭᠡ ᠲᠣᠰᠢᠶᠠᠯ ᠲᠠᠢ ᠰᠠᠯᠠᠭ᠎ᠠ ᠮᠦᠴᠢᠷ ᠡᠭᠦᠷᠭᠡ ᠲᠣᠰᠢᠶᠠᠯ ᠤᠨ ᠬᠤᠪᠢᠶᠠᠷᠯᠠᠯ ᠶᠣᠰᠣᠭᠠᠷ᠂ ᠰᠠᠯᠠᠭ᠎ᠠ ᠮᠦᠴᠢᠷ ᠤᠨ | ᠲᠣᠰᠬᠠᠢ ᠲᠦᠷᠦᠯ ᠤᠨ ᠬᠡᠷᠡᠭᠵᠢᠭᠦᠯᠬᠦ ᠲᠦᠰᠦᠯ ᠢᠶᠠᠨ ᠡᠬᠢᠯᠡᠭᠦᠯᠵᠣ᠂ ᠭᠠᠳᠠᠭᠰᠢᠯᠠᠭᠤᠯᠣᠯᠳᠠ ᠶᠢ ᠪᠠᠭᠠᠰᠬᠠᠬᠤ ᠠᠷᠭ᠎ᠠ ᠠᠪᠴᠠᠯ ᠢ ᠬᠠᠮᠳᠣᠷᠠᠨ | ᠨᠠᠶᠢᠳᠠᠪᠦᠷᠢᠵᠢᠭᠤᠯᠣᠨ᠎ᠠ᠃ | ︵2︶ ᠪᠦᠬᠦ ᠬᠤᠰᠢᠭᠤᠨ ᠤ Ⅱ ᠲᠡᠰ ᠤᠨ ᠲᠠᠶᠢᠴᠢᠯᠠᠯᠳᠠ ᠶᠢᠨ ᠠᠵᠢᠯᠯᠠᠭ᠎ᠠ | ᠪᠦᠬᠦ ᠬᠤᠰᠢᠭᠤᠨ ᠤ Ⅲ ᠲᠡᠰ ᠤᠨ ᠲᠠᠶᠢᠴᠢᠯᠠᠯᠳᠠ ᠶᠢᠨ ᠠᠵᠢᠯᠯᠠᠭᠠᠨ ᠤ ᠰᠠᠭᠤᠷᠢᠨ ᠲᠡᠭᠡᠷ᠎ᠡ᠂ ᠵᠠᠳᠠᠯᠣᠯᠳᠠ᠂ ᠮᠠᠭᠠᠳᠯᠠᠯᠳᠠ᠂ ᠦᠨᠡᠯᠡᠯᠳᠡ ᠪᠠᠨ ᠴᠢᠩᠭᠠᠳᠬᠠᠵᠣ᠂ | ᠬᠤᠯᠪᠣᠭᠳᠠᠯ ᠪᠦᠬᠦᠢ ᠪᠠᠶᠢᠳᠠᠯ ᠢ ᠡᠳᠦᠷ ᠪᠣᠯᠭᠠᠨ ᠬᠤᠰᠢᠭᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠦᠪ ᠤᠨ ᠠᠯᠪᠠᠨ ᠭᠡᠷ ᠲᠤ ᠮᠡᠳᠡᠭᠦᠯᠦᠨ᠎ᠡ᠃ | ︵3︶ ᠪᠦᠬᠦ ᠬᠤᠰᠢᠭᠤᠨ ᠤ Ⅰ ᠲᠡᠰ ᠤᠨ ᠲᠠᠶᠢᠴᠢᠯᠠᠯᠳᠠ ᠶᠢᠨ ᠠᠵᠢᠯᠯᠠᠭ᠎ᠠ | ᠪᠦᠬᠦ ᠬᠤᠰᠢᠭᠤᠨ ᠤ Ⅱ ᠲᠡᠰ ᠤᠨ ᠲᠠᠶᠢᠴᠢᠯᠠᠯᠳᠠ ᠶᠢᠨ ᠠᠵᠢᠯᠯᠠᠭᠠᠨ ᠤ ᠰᠠᠭᠤᠷᠢᠨ ᠲᠡᠭᠡᠷ᠎ᠡ᠂ ᠬᠤᠰᠢᠭᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠦᠪ | ᠤᠨ ᠠᠯᠪᠠᠨ ᠭᠡᠷ ᠠᠴᠠ ᠶᠡᠷᠦᠩᠬᠡᠶᠢᠯᠡᠭᠰᠡᠨ ᠱᠠᠭᠠᠷᠳᠠᠨ ᠪᠠᠶᠢᠴᠠᠭᠠᠬᠤ ᠲᠣᠭᠤᠶᠢᠯᠠᠩ ᠲᠣᠮᠢᠯᠠᠵᠣ᠂ ᠬᠡᠷᠡᠭ ᠡᠭᠦᠰᠦᠭᠰᠡᠨ ᠭᠠᠵᠠᠷ ᠤᠨ ᠵᠠᠰᠠᠭ ᠤᠨ ᠣᠷᠳᠣᠨ ᠡᠯ᠎ᠡ | ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠳᠠ ᠶᠢᠨ ᠠᠵᠢᠯᠯᠠᠭᠠᠨ ᠤ ᠠᠷᠭ᠎ᠠ ᠠᠪᠴᠠᠯ ᠤᠨ ᠨᠠᠶᠢᠳᠠᠪᠦᠷᠢᠵᠢᠭᠤᠯᠣᠯᠳᠠ ᠶᠢᠨ ᠪᠠᠶᠢᠳᠠᠯ ᠪᠣᠯᠣᠨ ᠬᠤᠰᠢᠭᠤ | ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠶᠢᠨ ᠲᠣᠰᠬᠠᠢ ᠲᠦᠷᠦᠯ ᠤᠨ ᠬᠡᠷᠡᠭᠵᠢᠭᠦᠯᠬᠦ ᠲᠦᠰᠦᠯ ᠤᠨ ᠨᠠᠶᠢᠳᠠᠪᠦᠷᠢᠵᠢᠭᠤᠯᠣᠯᠳᠠ ᠶᠢᠨ ᠪᠠᠶᠢᠳᠠᠯ ᠢ ᠱᠠᠭᠠᠷᠳᠠᠨ | ᠪᠠᠶᠢᠴᠠᠭᠠᠨ᠎ᠠ᠃ | 6. ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠳᠠ ᠶᠢᠨ ᠠᠵᠢᠯᠯᠠᠭ᠎ᠠ ᠶᠢ ᠲᠠᠭᠤᠰᠬᠠᠬᠤ | ᠣᠷᠢᠳᠴᠢᠯᠠᠨ ᠰᠡᠷᠡᠮᠵᠢᠯᠡᠭᠦᠯᠦᠯᠳᠡ ᠶᠢ ᠬᠦᠴᠦᠨ ᠦᠭᠡᠢ ᠪᠣᠯᠭᠠᠭᠰᠠᠨ ᠤ ᠲᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠳᠠ ᠶᠢᠨ ᠠᠵᠢᠯᠯᠠᠭᠠᠨ ᠢ | ᠠᠶᠠᠨᠳᠠᠭᠠᠨ ᠵᠣᠭᠰᠣᠭᠠᠨ᠎ᠠ᠃ | ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠳᠠ ᠶᠢᠨ ᠠᠵᠢᠯᠯᠠᠭ᠎ᠠ ᠵᠣᠭᠰᠣᠭᠰᠠᠨ ᠭᠤᠷᠪᠠᠨ ᠠᠵᠢᠯᠯᠠᠬᠤ ᠡᠳᠦᠷ ᠤᠨ ᠲᠣᠳᠣᠷ᠎ᠠ᠂ ᠡᠯ᠎ᠡ ᠪᠠᠯᠭᠠᠰᠦ᠂ ᠬᠤᠰᠢᠭᠤ | ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠳᠠ ᠶᠢᠨ ᠠᠵᠢᠯᠯᠠᠭᠠᠨ ᠤ ᠦᠨᠡᠯᠡᠯᠳᠡ ᠶᠢᠨ ᠮᠡᠳᠡᠭᠦᠯᠦᠯᠳᠡ ᠪᠠᠨ ᠬᠤᠰᠢᠭᠤ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠦᠪ ᠤᠨ ᠠᠯᠪᠠᠨ ᠭᠡᠷ ᠲᠤ ᠬᠦᠷᠭᠡᠨ᠎ᠡ᠃ ᠦᠨᠡᠯᠡᠯᠳᠡ ᠶᠢᠨ ᠮᠡᠳᠡᠭᠦᠯᠦᠯᠳᠡ ᠳᠤ ᠪᠠᠨ ᠪᠠᠴᠢᠮ ᠪᠠᠶᠢᠳᠠᠯ ᠢ | ᠠᠷᠭᠠᠴᠠᠬᠤ ᠳᠤ ᠠᠪᠣᠭᠰᠠᠨ ᠠᠷᠭ᠎ᠠ ᠠᠪᠴᠠᠯ᠂ ᠣᠯᠣᠭᠰᠠᠨ ᠦᠷ᠎ᠡ ᠪᠦᠳᠦᠮᠵᠢ᠂ ᠢᠯᠡᠷᠡᠭᠦᠯᠦᠭᠰᠡᠨ ᠠᠰᠠᠭᠤᠳᠠᠯ ᠢᠶᠠᠨ ᠲᠣᠷᠠᠳᠬᠤ ᠶᠢᠨ ᠬᠠᠮᠳᠦ ᠲᠣᠪᠣᠶᠢᠮ᠎ᠠ | ᠠᠰᠠᠭᠤᠳᠠᠯ ᠳᠤ ᠴᠢᠭᠯᠡᠭᠦᠯᠦᠭᠰᠡᠨ ᠰᠠᠶᠢᠵᠢᠷᠠᠭᠤᠯᠬᠤ ᠠᠷᠭ᠎ᠠ ᠠᠪᠴᠠᠯ ᠢᠶᠠᠨ ᠲᠣᠳᠣᠷᠬᠠᠢ ᠲᠣᠷᠠᠳᠣᠨ᠎ᠠ᠃ | ᠲᠠᠪᠦ᠂ ᠪᠠᠳᠣᠯᠠᠭ᠎ᠠ ᠶᠢᠨ ᠠᠷᠭ᠎ᠠ ᠠᠪᠴᠠᠯ | ︵ᠨᠢᠭᠡ︶ ᠵᠠᠷᠣᠳᠠᠯ ᠤᠨ ᠪᠠᠳᠣᠯᠠᠭ᠎ᠠ | ᠬᠦᠨᠳᠦ ᠪᠣᠬᠢᠷᠳᠣᠯ ᠲᠠᠢ ᠴᠠᠭ ᠠᠭᠤᠷ ᠤᠨ ᠪᠡᠯᠡ ᠮᠦᠩᠭᠦᠨ ᠤ ᠲᠡᠮᠵᠢᠯᠭᠡ ᠶᠢᠨ ᠬᠦᠴᠦᠨ ᠢᠶᠠᠨ ᠴᠢᠩᠭᠠᠳᠬᠠᠨ᠂ ᠬᠦᠨᠳᠦ ᠪᠣᠬᠢᠷᠳᠣᠯ ᠲᠠᠢ ᠴᠠᠭ ᠠᠭᠤᠷ ᠤᠨ | ᠬᠢᠨᠠᠨ ᠬᠡᠮᠵᠢᠯᠳᠡ᠂ ᠣᠷᠢᠳᠴᠢᠯᠠᠨ ᠰᠡᠷᠡᠮᠵᠢᠯᠡᠭᠦᠯᠦᠯᠳᠡ᠂ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠳᠡ ᠪᠣᠯᠣᠨ ᠠᠪᠣᠷᠠᠨ ᠲᠣᠰᠠᠯᠠᠯᠳᠠ᠂ ᠬᠢᠨᠠᠯᠳᠠ | ᠪᠠᠶᠢᠴᠠᠭᠠᠯᠳᠠ ᠵᠢᠴᠢ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ᠂ ᠠᠵᠢᠯᠯᠠᠮᠵᠢ ᠪᠣᠯᠣᠨ ᠬᠠᠮᠠᠭᠠᠯᠠᠯᠳᠠ᠂ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠤᠨ | ᠲᠡᠮᠵᠢᠯᠭᠡ ᠪᠣᠯᠣᠨ ᠪᠠᠴᠢᠮ ᠪᠠᠶᠢᠳᠠᠯ ᠢ ᠠᠷᠭᠠᠴᠠᠬᠤ ᠰᠣᠷᠢᠯᠳᠠ ᠵᠡᠷᠭᠡ ᠡᠯ᠎ᠡ ᠲᠦᠷᠦᠯ ᠤᠨ ᠠᠵᠢᠯ ᠳᠤ ᠪᠡᠯᠡ ᠮᠦᠩᠭᠦᠨ ᠤ ᠪᠠᠳᠣᠯᠠᠭ᠎ᠠ ᠬᠠᠩᠭᠠᠨ᠎ᠠ᠃ | ︵ᠬᠤᠶᠠᠷ︶ ᠡᠳ᠋ ᠪᠣᠳᠠᠰ ᠤᠨ ᠪᠠᠳᠣᠯᠠᠭ᠎ᠠ | ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠦᠪ ᠤᠨ ᠠᠯᠪᠠᠨ ᠭᠡᠷ ᠠᠴᠠ ᠪᠠᠴᠢᠮ ᠪᠠᠶᠢᠳᠠᠯ ᠢ ᠠᠷᠭᠠᠴᠠᠬᠤ | ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠬᠤ ᠬᠡᠮᠵᠢᠭᠦᠷᠯᠢᠭ᠂ ᠲᠡᠷᠭᠡ ᠮᠠᠰᠢᠨ᠂ ᠠᠵᠢᠯᠳᠠᠨ ᠤ ᠰᠠᠷᠭᠡᠶᠢᠯᠡᠨ ᠬᠠᠮᠠᠭᠠᠯᠠᠯᠳᠠ ᠶᠢᠨ ᠲᠣᠨᠣᠭᠯᠠᠯ ᠲᠣᠬᠢᠷᠠᠭᠤᠯᠬᠤ | ᠲᠦᠯᠦᠪᠯᠡᠭᠡ ᠲᠣᠭᠳᠠᠭᠠᠨ᠂ ᠡᠯ᠎ᠡ ᠲᠦᠷᠦᠯ ᠤᠨ ᠪᠠᠴᠢᠮ ᠢ ᠠᠷᠭᠠᠴᠠᠬᠤ ᠡᠳ᠋ ᠪᠣᠳᠠᠰ ᠨᠦᠭᠡᠴᠡᠯᠡᠬᠦ ᠬᠠᠮᠠᠭᠠᠯᠠᠬᠤ ᠭᠤᠣᠯ ᠴᠣᠭᠴᠠ᠂ ᠲᠦᠷᠦᠯ ᠵᠣᠶᠢᠯ ᠪᠣᠯᠣᠨ ᠲᠤᠭ᠎ᠠ | ᠬᠡᠮᠵᠢᠶ᠎ᠡ ᠶᠢ ᠲᠣᠳᠣᠷᠬᠠᠶᠢᠯᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠦᠪᠡᠷ ᠤᠨ ᠲᠣᠰᠢᠶᠠᠯ ᠴᠢᠳᠠᠪᠬᠢ ᠶᠢᠨ ᠬᠤᠪᠢᠶᠠᠷᠢᠯᠠᠯ ᠢᠶᠠᠨ ᠦᠨᠳᠦᠰᠦᠯᠡᠨ᠂ ᠪᠠᠴᠢᠮ | ᠪᠠᠶᠢᠳᠠᠯ ᠢ ᠠᠷᠭᠠᠴᠠᠬᠤ ᠬᠡᠮᠵᠢᠭᠦᠷᠯᠢᠭ᠂ ᠲᠡᠷᠭᠡ ᠮᠠᠰᠢᠨ᠂ ᠠᠵᠢᠯᠳᠠᠨ ᠤ ᠰᠠᠷᠭᠡᠶᠢᠯᠡᠨ ᠬᠠᠮᠠᠭᠠᠯᠠᠯᠳᠠ ᠶᠢᠨ ᠲᠣᠨᠣᠭᠯᠠᠯ ᠢ ᠪᠦᠷᠢᠨ ᠭᠦᠢᠴᠡᠳ ᠪᠡᠯᠡᠳᠭᠡᠵᠣ᠂ ᠡᠳᠦᠷ | ᠲᠣᠳᠣᠮ ᠤᠨ ᠬᠠᠮᠢᠶᠠᠷᠣᠯᠳᠠ ᠪᠣᠯᠣᠨ ᠬᠠᠮᠠᠭᠠᠯᠠᠯᠳᠠ ᠪᠠᠨ ᠴᠢᠩᠭᠠᠳᠬᠠᠨ᠂ ᠬᠦᠨᠳᠦ ᠪᠣᠬᠢᠷᠳᠣᠯ ᠲᠠᠢ ᠴᠠᠭ ᠠᠭᠤᠷ ᠢ ᠪᠠᠴᠢᠮ ᠠᠷᠭᠠᠴᠠᠬᠤ ᠠᠵᠢᠯ ᠣᠷᠣᠭᠰᠢᠳᠠᠢ | ᠶᠠᠪᠣᠭᠳᠠᠬᠤ ᠶᠢ ᠪᠠᠳᠣᠯᠠᠨ᠎ᠠ᠃ | ︵ᠭᠤᠷᠪᠠ︶ ᠠᠮᠣᠷ ᠲᠦᠪᠰᠢᠨ ᠤ ᠪᠠᠳᠣᠯᠠᠭ᠎ᠠ | ᠬᠦᠨᠳᠦ ᠪᠣᠬᠢᠷᠳᠣᠯ ᠲᠠᠢ ᠴᠠᠭ ᠠᠭᠤᠷ ᠢ ᠣᠷᠢᠳᠴᠢᠯᠠᠨ ᠰᠡᠷᠡᠮᠵᠢᠯᠡᠭᠦᠯᠦᠭᠰᠡᠨ ᠤ ᠲᠠᠷᠠᠭ᠎ᠠ᠂ ᠬᠤᠰᠢᠭᠤ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ | ᠮᠦᠴᠢᠷ ᠴᠠᠭ ᠲᠣᠬᠠᠢ ᠳᠤ ᠨᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠣᠯᠳᠠ ᠶᠢᠨ ᠰᠠᠯᠠᠭ᠎ᠠ ᠮᠦᠴᠢᠷ ᠲᠤ ᠮᠡᠳᠡᠭᠳᠡᠨ᠎ᠡ᠃ ᠣᠶᠢᠯᠠᠳᠪᠦᠷᠢᠯᠠᠯ ᠡᠵᠡᠩᠨᠡᠯᠳᠡ ᠶᠢᠨ | ᠪᠠᠶᠢᠭᠤᠯᠭ᠎ᠠ ᠶᠢᠨ ᠣᠶᠢᠯᠠᠳᠪᠦᠷᠢᠯᠠᠯ ᠢ ᠬᠢᠵᠠᠭᠠᠷᠯᠠᠭᠰᠠᠨ᠂ ᠣᠶᠢᠯᠠᠳᠪᠦᠷᠢᠯᠠᠯ ᠢ ᠵᠣᠭᠰᠣᠭᠠᠭᠰᠠᠨ ᠬᠤᠭᠤᠴᠠᠭᠠᠨ ᠳᠤ ᠬᠤᠰᠢᠭᠤ ᠱᠠᠳᠣᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠣᠯᠳᠠ ᠪᠣᠯᠣᠨ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠦᠴᠢᠷ ᠬᠠᠮᠳᠣᠷᠠᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠨ᠂ ᠬᠠᠣᠯᠢ ᠶᠢ | ᠦᠨᠳᠦᠰᠦᠯᠡᠨ ᠣᠶᠢᠯᠠᠳᠪᠦᠷᠢᠯᠠᠯ ᠢ ᠬᠢᠵᠠᠭᠠᠷᠯᠠᠨ ᠣᠶᠢᠯᠠᠳᠪᠦᠷᠢᠯᠠᠯ ᠢ ᠵᠣᠭᠰᠣᠭᠠᠭᠰᠠᠨ ᠠᠵᠣ ᠠᠬᠤᠶᠢᠯᠠᠯ ᠤᠨ ᠠᠮᠣᠷ ᠲᠦᠪᠰᠢᠨ ᠤ ᠲᠦᠭᠰᠢᠭᠦᠷᠢ ᠶᠢᠨ ᠲᠡᠰ ᠢ | ᠰᠢᠯᠭᠠᠨ ᠲᠣᠭᠳᠠᠭᠠᠵᠣ᠂ ᠲᠦᠭᠰᠢᠭᠦᠷᠢᠳᠦ ᠴᠢᠨᠠᠷ ᠢᠶᠠᠷ ᠶᠡᠭᠡ ᠠᠵᠣ ᠠᠬᠤᠶᠢᠯᠠᠯ ᠳᠤ ᠲᠣᠰᠬᠠᠢ ᠮᠡᠷᠭᠡᠵᠢᠯᠳᠡᠨ ᠵᠢᠴᠢ ᠬᠢᠨᠠᠯᠳᠠ ᠬᠠᠮᠢᠶᠠᠷᠣᠯᠳᠠ ᠶᠢᠨ ᠠᠵᠢᠯᠳᠠᠨ | ᠲᠣᠮᠢᠯᠠᠨ᠂ ᠡᠭᠦᠷᠭᠡ ᠬᠠᠷᠢᠭᠤᠴᠠᠯᠭ᠎ᠠ ᠶᠣᠰᠣᠭᠠᠷ ᠲᠦᠭᠰᠢᠭᠦᠷᠢ ᠶᠢ ᠢᠯᠭᠠᠨ ᠲᠠᠨᠢᠵᠣ᠂ ᠪᠦᠬᠦ ᠲᠠᠯ᠎ᠠ ᠶᠢᠨ ᠲᠠᠯᠳᠠ ᠭᠡᠮ ᠤᠨ ᠪᠠᠶᠢᠴᠠᠭᠠᠯᠳᠠ ᠬᠢᠨ᠂ ᠣᠶᠢᠯᠠᠳᠪᠦᠷᠢᠯᠠᠯ | ᠡᠵᠡᠩᠨᠡᠯᠳᠡ ᠶᠢᠨ ᠪᠠᠶᠢᠭᠤᠯᠭ᠎ᠠ ᠶᠢᠨ ᠣᠶᠢᠯᠠᠳᠪᠦᠷᠢᠯᠠᠯ ᠢ ᠬᠢᠵᠠᠭᠠᠷᠯᠠᠭᠰᠠᠨ᠂ ᠣᠶᠢᠯᠠᠳᠪᠦᠷᠢᠯᠠᠯ ᠢ ᠵᠣᠭᠰᠣᠭᠠᠭᠰᠠᠨ ᠬᠤᠭᠤᠴᠠᠭᠠᠨ ᠳᠠᠬᠢ ᠠᠮᠣᠷ ᠲᠣᠭᠳᠠᠭᠤᠨ ᠢ | ᠪᠠᠳᠣᠯᠠᠵᠣ᠂ ᠣᠶᠢᠯᠠᠳᠪᠦᠷᠢᠯᠠᠯ ᠤᠨ ᠠᠮᠣᠷ ᠲᠦᠪᠰᠢᠨ ᠤ ᠬᠡᠷᠡᠭ ᠣᠴᠢᠷ ᠪᠠ ᠣᠷᠴᠢᠨ ᠲᠣᠭᠤᠷᠢᠨ ᠤ ᠪᠣᠬᠢᠷᠳᠣᠯ ᠭᠠᠷᠬᠤ ᠠᠴᠠ ᠵᠠᠶᠢᠯᠠᠰᠬᠢᠨ᠎ᠠ᠃ | ︵ᠲᠦᠷᠪᠡ︶ ᠣᠷᠢᠳᠴᠢᠯᠠᠨ ᠮᠡᠳᠡᠭᠡᠯᠡᠵᠣ ᠰᠡᠷᠡᠮᠵᠢᠯᠡᠭᠦᠯᠬᠦ ᠴᠢᠳᠠᠪᠬᠢ ᠶᠢᠨ ᠪᠠᠳᠣᠯᠠᠭ᠎ᠠ | ᠣᠷᠴᠢᠨ ᠲᠣᠭᠤᠷᠢᠨ ᠠᠭᠠᠷ ᠮᠠᠨᠳᠠᠯ ᠤᠨ ᠪᠠᠶᠢᠳᠠᠯ ᠤᠨ ᠣᠷᠢᠳᠴᠢᠯᠠᠨ ᠮᠡᠳᠡᠭᠡᠯᠡᠵᠣ ᠰᠡᠷᠡᠮᠵᠢᠯᠡᠭᠦᠯᠬᠦ ᠴᠢᠳᠠᠪᠬᠢ ᠶᠢᠨ ᠪᠠᠶᠢᠭᠤᠯᠣᠯᠳᠠ ᠶᠢ ᠴᠢᠩᠭᠠᠳᠬᠠᠨ᠂ | ᠣᠷᠢᠳᠴᠢᠯᠠᠨ ᠮᠡᠳᠡᠭᠡᠯᠡᠵᠣ ᠰᠡᠷᠡᠮᠵᠢᠯᠡᠭᠦᠯᠬᠦ ᠴᠢᠳᠠᠪᠦᠷᠢ ᠶᠢ ᠨᠡᠮᠡᠭᠳᠡᠭᠦᠯᠵᠣ᠂ ᠣᠷᠴᠢᠨ ᠲᠣᠭᠤᠷᠢᠨ ᠠᠭᠠᠷ ᠮᠠᠨᠳᠠᠯ ᠤᠨ ᠶᠠᠰᠦ ᠴᠢᠨᠠᠷ ᠤᠨ ᠬᠡᠮᠵᠢᠯᠳᠡ ᠶᠢᠨ ᠲᠣᠨᠤᠭ | ᠲᠦᠬᠦᠭᠡᠷᠦᠮᠵᠢ᠂ ᠣᠷᠢᠳᠴᠢᠯᠠᠨ ᠮᠡᠳᠡᠭᠡᠯᠡᠵᠣ ᠰᠡᠷᠡᠮᠵᠢᠯᠡᠭᠦᠯᠬᠦ ᠵᠠᠭᠪᠣᠷ ᠵᠡᠷᠭᠡ ᠵᠦᠭᠡᠯᠡᠨ ᠬᠠᠳᠠᠭᠤ ᠲᠣᠨᠣᠭᠯᠠᠯ ᠢ ᠲᠡᠭᠦᠯᠳᠡᠷᠵᠢᠭᠦᠯᠦᠨ᠂ ᠣᠷᠴᠢᠨ ᠲᠣᠭᠤᠷᠢᠨ ᠠᠭᠠᠷ | ᠮᠠᠨᠳᠠᠯ ᠤᠨ ᠶᠠᠰᠦ ᠴᠢᠨᠠᠷ᠂ ᠴᠠᠭ ᠠᠭᠤᠷ ᠤᠨ ᠨᠦᠭᠦᠴᠡᠯ ᠤᠨ ᠣᠷᠢᠳᠴᠢᠯᠠᠨ ᠵᠢᠱᠢᠯᠳᠠ ᠵᠡᠷᠭᠡ ᠬᠤᠯᠪᠣᠭᠳᠠᠯ ᠪᠦᠬᠦᠢ ᠬᠡᠪᠴᠢᠶᠡᠨ ᠳᠠᠬᠢ ᠰᠣᠳᠣᠯᠣᠯ ᠢ | ᠴᠢᠩᠭᠠᠳᠬᠠᠨ᠎ᠠ᠃ ᠪᠠᠯᠭᠠᠰᠣᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠵᠢᠵᠢᠭᠦᠷᠯᠡᠬᠦ ᠲᠦᠷᠢᠮ ᠢ ᠲᠣᠭᠳᠠᠭᠠᠨ᠂ ᠪᠠᠴᠢᠮ ᠪᠠᠶᠢᠳᠠᠯ ᠢ ᠠᠷᠭᠠᠴᠠᠬᠤ ᠠᠵᠢᠯᠳᠠᠨ ᠤ ᠮᠡᠳᠡᠭᠡ ᠵᠡᠩᠬᠢ ᠶᠢᠨ ᠬᠦᠮᠦᠷᠭᠡ ᠪᠦᠷᠢᠳᠦᠭᠦᠯᠵᠣ᠂ ᠬᠦᠨᠳᠦ | ᠪᠣᠬᠢᠷᠳᠣᠯ ᠲᠠᠢ ᠴᠠᠭ ᠠᠭᠤᠷ ᠤᠨ ᠪᠠᠴᠢᠮ ᠢ ᠠᠷᠭᠠᠴᠠᠬᠤ ᠬᠠᠷᠢᠭᠤᠴᠠᠯᠭᠠᠳᠠᠨ ᠪᠠ ᠬᠠᠷᠢᠯᠴᠠᠬᠤ ᠬᠦᠮᠦᠨ ᠢ ᠲᠣᠳᠣᠷᠬᠠᠶᠢᠯᠠᠨ᠂ 24 ᠴᠠᠭ ᠢᠶᠠᠷ ᠰᠠᠭᠠᠳ ᠦᠭᠡᠢ | ᠨᠡᠪᠳᠡᠷᠡᠭᠦ ᠶᠢ ᠪᠠᠳᠣᠯᠠᠵᠣ᠂ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠬᠢ ᠪᠣᠯᠣᠨ ᠵᠠᠷᠯᠢᠭ ᠢ ᠴᠠᠭ ᠲᠣᠬᠠᠢ ᠳᠤ ᠨᠢ ᠣᠯᠠᠮᠵᠢᠯᠠᠬᠤ ᠶᠢ ᠪᠠᠳᠣᠯᠠᠨ᠎ᠠ᠃ | ᠵᠢᠷᠭᠤᠭ᠎ᠠ᠂ ᠪᠡᠯᠡᠳᠬᠡᠯ ᠲᠦᠰᠦᠯ ᠤᠨ ᠬᠠᠮᠢᠶᠠᠷᠣᠯᠳᠠ | ︵ᠨᠢᠭᠡ︶ ᠪᠡᠯᠡᠳᠬᠡᠯ ᠲᠦᠰᠦᠯ ᠤᠨ ᠣᠬᠠᠭᠤᠯᠭ᠎ᠠ | ᠢᠨᠲ᠋ᠧᠷ ᠰᠦᠯᠵᠢᠶ᠎ᠡ᠂ ᠷᠠᠳᠢᠤ᠋ ᠲᠧᠯᠸᠢᠰ᠂ ᠰᠣᠨᠢᠨ ᠰᠡᠳᠬᠦᠯ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠮᠡᠳᠡᠭᠡ ᠵᠠᠩᠬᠢ ᠶᠢᠨ ᠰᠦᠯᠵᠢᠶ᠎ᠡ ᠶᠢ | ᠭᠦᠢᠴᠡᠳ ᠠᠰᠢᠭᠯᠠᠨ᠂ ᠪᠡᠯᠡᠳᠬᠡᠯ ᠲᠦᠰᠦᠯ ᠵᠢᠴᠢ ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠬᠠᠣᠯᠢ ᠲᠦᠷᠢᠮ᠂ ᠡᠷᠡᠭᠦᠯ ᠮᠠᠨᠳᠦ | ᠶᠢᠨ ᠬᠠᠮᠠᠭᠠᠯᠠᠯᠳᠠ ᠶᠢᠨ ᠲᠠᠯ᠎ᠠ ᠶᠢᠨ ᠣᠬᠠᠭᠤᠯᠭ᠎ᠠ ᠪᠠᠨ ᠴᠢᠩᠭᠠᠳᠬᠠᠵᠣ᠂ ᠬᠦᠨᠳᠦ ᠪᠣᠬᠢᠷᠳᠣᠯ ᠲᠠᠢ ᠴᠠᠭ ᠠᠭᠤᠷ ᠤᠨ ᠬᠤᠯᠪᠣᠭᠳᠠᠯ ᠪᠦᠬᠦᠢ ᠮᠡᠳᠡᠭᠡ ᠵᠠᠩᠬᠢ ᠶᠢ | ᠴᠠᠭ ᠲᠣᠬᠠᠢ ᠳᠤ ᠨᠢ ᠣᠨᠣᠪᠴᠢᠳᠠᠢ ᠨᠡᠶᠢᠳᠡᠯᠡᠨ᠂ ᠶᠠᠷᠢᠶ᠎ᠠ ᠬᠡᠯᠡᠯᠴᠡᠭᠡᠨ ᠢ ᠵᠦᠪ ᠣᠨᠣᠪᠴᠢᠳᠠᠢ ᠵᠢᠯᠣᠭᠤᠳᠣᠨ᠎ᠠ᠃ | ︵ᠬᠤᠶᠠᠷ︶ ᠪᠡᠯᠡᠳᠬᠡᠯ ᠲᠦᠰᠦᠯ ᠤᠨ ᠪᠣᠯᠪᠠᠰᠣᠷᠠᠯ | ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ ᠤᠨ ᠪᠣᠯᠪᠠᠰᠣᠷᠠᠯ ᠤᠨ ᠲᠦᠷᠢᠮ ᠢ ᠲᠣᠭᠳᠠᠭᠠᠨ | ᠲᠡᠭᠦᠯᠳᠡᠷᠵᠢᠭᠦᠯᠵᠣ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠤᠨ ᠡᠭᠦᠷᠭᠡ ᠲᠣᠰᠢᠶᠠᠯ ᠤᠨ ᠬᠤᠪᠢᠶᠠᠷᠢᠯᠠᠯ ᠢ ᠦᠨᠳᠦᠰᠦᠯᠡᠨ᠂ ᠪᠣᠯᠪᠠᠰᠣᠷᠠᠯ ᠤᠨ ᠲᠦᠯᠦᠪᠯᠡᠭᠡ | ᠲᠣᠭᠳᠠᠭᠠᠨ᠂ ᠪᠣᠯᠪᠠᠰᠣᠷᠠᠯ ᠤᠨ ᠠᠭᠤᠯᠭ᠎ᠠ ᠪᠠ ᠴᠠᠭ ᠢᠶᠠᠨ ᠲᠣᠳᠣᠷᠬᠠᠶᠢᠯᠠᠵᠣ᠂ ᠪᠣᠯᠪᠠᠰᠣᠷᠠᠯ ᠢ ᠲᠦᠷᠢᠮᠵᠢᠭᠦᠨ ᠡᠮᠬᠢ ᠲᠢᠭᠯᠢᠮ ᠲᠠᠢ ᠶᠠᠪᠣᠭᠳᠠᠭᠤᠯᠬᠤ ᠶᠢ | ᠪᠠᠳᠣᠯᠠᠨ᠎ᠠ᠃ | ᠲᠣᠯᠤᠭ᠎ᠠ᠂ ᠬᠠᠷᠢᠭᠤᠴᠠᠯᠭ᠎ᠠ ᠨᠡᠬᠡᠮᠵᠢᠯᠡᠬᠦ | ᠡᠯ᠎ᠡ ᠬᠠᠮᠢᠶ᠎ᠠ ᠪᠦᠬᠦᠢ ᠲᠣᠰᠢᠶᠠᠯ ᠬᠠᠷᠢᠭᠤᠴᠠᠯᠭᠠᠳᠦ ᠰᠠᠯᠠᠭ᠎ᠠ ᠮᠦᠴᠢᠷ ᠲᠣᠰ ᠰᠠᠯᠠᠭ᠎ᠠ ᠮᠦᠴᠢᠷ ᠤᠨ ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠲᠠᠶᠢᠴᠢᠯᠠᠯᠳᠠ ᠶᠢᠨ ᠠᠵᠢᠯᠯᠠᠭᠠᠨ ᠤ ᠲᠣᠰᠬᠠᠢ ᠲᠦᠷᠦᠯ ᠤᠨ ᠬᠡᠷᠡᠭᠵᠢᠬᠦᠯᠬᠦ ᠲᠦᠰᠦᠯ ᠢ ᠲᠣᠭᠳᠠᠭᠠᠨ᠂ ᠨᠡᠶᠢᠭᠡᠮ ᠳᠤ ᠨᠡᠶᠢᠳᠡᠯᠡᠨ᠎ᠡ᠃ | ᠲᠣᠰᠬᠠᠢ ᠲᠦᠷᠦᠯ ᠤᠨ ᠬᠡᠷᠡᠭᠵᠢᠭᠦᠯᠬᠦ ᠲᠦᠰᠦᠯ ᠤᠨ ᠡᠯ᠎ᠡ ᠲᠦᠷᠦᠯ ᠤᠨ ᠠᠷᠭ᠎ᠠ ᠠᠪᠴᠠᠯ ᠢ ᠨᠠᠷᠢᠯᠢᠭᠵᠢᠭᠤᠯᠣᠨ᠂ ᠦᠷ᠎ᠡ ᠪᠦᠳᠦᠮᠵᠢ ᠶᠢ ᠲᠡᠭᠡᠭᠰᠢᠯᠡᠭᠦᠯᠦᠨ᠎ᠡ᠃ | ᠬᠤᠰᠢᠭᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠦᠪ ᠤᠨ ᠪᠦᠷᠢᠯᠳᠦᠭᠦᠨ ᠪᠠᠶᠢᠭᠤᠯᠭ᠎ᠠ ᠶᠢᠨ ᠡᠭᠦᠷᠭᠡ ᠲᠣᠰᠢᠶᠠᠯ ᠢᠶᠠᠨ ᠭᠦᠢᠴᠡᠳᠬᠡᠭᠰᠡᠨ ᠪᠠᠶᠢᠳᠠᠯ ᠤᠨ | ᠱᠠᠭᠠᠷᠳᠠᠨ ᠪᠠᠶᠢᠴᠠᠭᠠᠯᠳᠠ ᠪᠠᠨ ᠴᠢᠩᠭᠠᠳᠬᠠᠨ᠂ ᠬᠦᠨᠳᠦ ᠪᠣᠬᠢᠷᠳᠣᠯ ᠲᠠᠢ ᠴᠠᠭ ᠠᠭᠤᠷ ᠢ ᠠᠷᠭᠠᠴᠠᠬᠤ ᠠᠵᠢᠯ ᠳᠤ ᠠᠰᠢᠭ ᠦᠭᠡᠢ ᠠᠵᠢᠯᠯᠠᠭᠠᠨ ᠠᠴᠠ ᠬᠠᠣᠯᠢ | ᠰᠠᠬᠢᠯᠭ᠎ᠠ ᠶᠣᠰᠣᠭᠠᠷ ᠬᠠᠷᠢᠭᠤᠴᠠᠯᠭ᠎ᠠ ᠨᠡᠭᠡᠮᠵᠢᠯᠡᠨ᠎ᠡ᠃ | ᠨᠠᠢᠮᠠ᠂ ᠲᠠᠭᠠᠯᠳᠣᠭᠤᠯᠣᠯ | ᠲᠣᠰ ᠪᠡᠯᠡᠳᠬᠡᠯ ᠲᠦᠰᠦᠯ ᠢ ᠨᠡᠶᠢᠳᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠬᠦ ᠶᠢᠨ ᠬᠠᠮᠳᠦ ︽ᠣᠳᠤᠭ ᠤᠨ ᠡᠮᠦᠨᠡᠳᠦ ᠬᠤᠰᠢᠭᠤᠨ ᠤ ᠬᠦᠨᠳᠦ ᠪᠣᠬᠢᠷᠳᠣᠯ | ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠪ ︵2016 ᠣᠨ ᠤ ᠵᠠᠰᠠᠪᠦᠷᠢ ᠣᠷᠣᠭᠤᠯᠣᠭᠰᠠᠨ ᠬᠡᠪ︶︾ ᠢ ᠬᠦᠴᠦᠨ ᠦᠭᠡᠢ | ᠪᠣᠯᠭᠠᠨ᠎ᠠ᠃ | ᠲᠠᠭᠠᠯᠳᠣᠭᠤᠯᠣᠯ᠄ 1. ᠬᠤᠰᠢᠭᠤ ᠬᠦᠨᠳᠦ ᠪᠣᠬᠢᠷᠳᠣᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠦᠪ ᠤᠨ ᠪᠦᠷᠢᠯᠳᠦᠭᠦᠨ | 2. ᠲᠣᠰᠢᠶᠠᠯ ᠬᠠᠷᠢᠭᠤᠴᠠᠯᠭ᠎ᠠ ᠶᠢᠨ ᠲᠠᠩᠰᠠ ︵ᠲᠣᠪᠴᠢᠯᠠᠪᠠ︶ | 3. ᠪᠠᠴᠢᠮ ᠪᠠᠶᠢᠳᠠᠯ ᠢ ᠠᠷᠭᠠᠴᠠᠬᠤ ᠲᠠᠶᠢᠴᠢᠯᠠᠯᠳᠠ ᠶᠢᠨ ᠠᠵᠢᠯᠯᠠᠭᠠᠨ ᠤ ᠶᠠᠪᠣᠴᠠ ᠶᠢᠨ ᠵᠢᠷᠤᠭ ︵ᠲᠣᠪᠴᠢᠯᠠᠪᠠ︶ | 4. ᠣᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠬᠢ ᠶᠢᠨ ᠨᠡᠶᠢᠳᠡᠯᠡᠯ ᠤᠨ ᠵᠠᠭᠪᠣᠷ ᠬᠦᠰᠦᠨᠦᠭ ︵ᠲᠣᠪᠴᠢᠯᠠᠪᠠ︶ | ᠲᠠᠭᠠᠯᠳᠣᠭᠤᠯᠣᠯ 1᠄ | ᠬᠤᠰᠢᠭᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠦᠪ ᠤᠨ ᠪᠦᠷᠢᠯᠳᠦᠭᠦᠨ ᠤ ᠨᠡᠷᠡᠰ | ᠶᠡᠷᠦᠩᠬᠡᠢ ᠵᠢᠯᠣᠭᠤᠳᠣᠭᠴᠢ᠄ ᠦ᠋ ᠶᠦᠨ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ | ᠲᠡᠳ᠋ ᠶᠡᠷᠦᠩᠬᠡᠢ ᠵᠢᠯᠣᠭᠤᠳᠣᠭᠴᠢ᠄ ᠯᠢᠦᠢ ᠶᠣᠣ ᠹᠧᠩ ᠬᠤᠰᠢᠭᠤ ᠵᠠᠰᠠᠭ ᠤᠨ ᠣᠷᠳᠣᠨ ᠤ ᠬᠤᠰᠢᠭᠤ ᠲᠡᠳ᠋ ᠲᠠᠷᠤᠭ᠎ᠠ | ᠠᠯᠪᠠᠨ ᠭᠡᠷ ᠤᠨ ᠡᠷᠬᠢᠯᠡᠭᠴᠢ᠄ ᠯᠢᠦᠢ ᠰᠢᠶᠦ᠋ᠨ ᠶᠢᠩ ᠬᠤᠰᠢᠭᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠲᠠᠷᠤᠭ᠎ᠠ | ᠪᠦᠷᠢᠯᠳᠦᠭᠦᠨ᠄ ᠵᠠᠩ ᠮᠢᠩ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠣᠬᠠᠭᠤᠯᠬᠤ ᠬᠡᠯᠳᠡᠰ ᠤᠨ ᠲᠠᠷᠤᠭ᠎ᠠ | ᠪᠦᠷᠢᠨᠪᠠᠶᠠᠷ ᠬᠤᠰᠢᠭᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠤᠨ ᠡᠷᠬᠢᠯᠡᠭᠴᠢ | ᠵᠢᠶᠠ ᠰᠢᠶᠠᠩ ᠪᠢᠩ ᠬᠤᠰᠢᠭᠤ ᠠᠵᠣ ᠣᠶᠢᠯᠠᠳᠪᠦᠷᠢ ᠪᠣᠯᠣᠨ ᠮᠡᠳᠡᠭᠡ ᠵᠠᠩᠬᠢᠴᠢᠯᠠᠯᠳᠠ ᠶᠢᠨ ᠲᠣᠪᠴᠢᠶᠠᠨ ᠤ ᠲᠠᠷᠤᠭ᠎ᠠ | ᠠᠶᠣᠰᠢ ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠲᠠᠷᠤᠭ᠎ᠠ | ᠶᠠᠩ ᠳ᠋ᠦᠩ ᠬᠤᠰᠢᠭᠤ ᠲᠣᠳᠣᠭᠠᠳᠦ ᠶᠢ ᠬᠠᠮᠠᠭᠠᠯᠠᠬᠤ ᠲᠣᠪᠴᠢᠶᠠᠨ ᠤ ᠲᠡᠳ᠋ ᠲᠠᠷᠤᠭ᠎ᠠ | ᠸᠠᠩ ᠵᠢᠶᠠᠨ ᠫᠢᠩ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠲᠠᠷᠤᠭ᠎ᠠ | ᠴᠢᠨ ᠶᠢᠣ ᠭᠥᠸᠧ ᠬᠤᠰᠢᠭᠤ ᠣᠷᠣᠨ ᠰᠠᠭᠤᠴᠠ ᠪᠣᠯᠣᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠣᠪᠴᠢᠶᠠᠨ ᠤ ᠲᠠᠷᠤᠭ᠎ᠠ | ᠰᠢᠤᠸᠠᠢ ᠵᠣᠣ ᠰᠧᠨ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠨᠠᠮ ᠤᠨ ᠣᠳᠣᠷᠢᠳᠬᠤ ᠲᠣᠭᠤᠶᠢᠯᠠᠩ ᠤᠨ ᠱᠦᠵᠢ᠂ ᠲᠡᠳ᠋ | ᠲᠣᠪᠴᠢᠶᠠᠨ ᠲᠠᠷᠤᠭ᠎ᠠ | ᠴᠢ᠊ · ᠠᠷᠪᠢᠨ ᠬᠤᠰᠢᠭᠤ ᠰᠣᠷᠭᠠᠨ ᠬᠦᠮᠦᠵᠢᠯ ᠪᠡᠶ᠎ᠡ ᠲᠠᠮᠢᠷ ᠤᠨ ᠲᠣᠪᠴᠢᠶᠠᠨ ᠤ ᠲᠠᠷᠤᠭ᠎ᠠ | ᠴᠧᠨ ᠵᠣᠣ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠡᠷᠬᠢᠯᠡᠭᠴᠢ | ᠡᠷᠳᠡᠨᠢᠪᠢᠯᠢᠭ ᠬᠤᠰᠢᠭᠤ ᠮᠠᠯ ᠲᠠᠷᠢᠶᠠᠯᠠᠩ ᠤᠨ ᠲᠣᠪᠴᠢᠶᠠᠨ ᠤ ᠲᠠᠷᠤᠭ᠎ᠠ | ᠰᠦᠨ ᠱᠦ ᠶᠤᠸᠠᠨ ᠬᠤᠰᠢᠭᠤ ᠪᠠᠴᠢᠮ ᠪᠠᠶᠢᠳᠠᠯ ᠢ ᠠᠷᠭᠠᠴᠠᠬᠤ ᠲᠣᠪᠴᠢᠶᠠᠨ ᠤ ᠲᠠᠷᠤᠭ᠎ᠠ | ᠴᠢ ᠵᠢᠶᠦ᠋ᠨ ᠬᠤᠰᠢᠭᠤ ᠣᠰᠣᠨ ᠠᠰᠢᠭᠯᠠᠯᠳᠠ ᠶᠢᠨ ᠲᠣᠪᠴᠢᠶᠠᠨ ᠤ ᠲᠠᠷᠤᠭ᠎ᠠ | ᠠᠯᠳ᠋ᠬᠠᠠᠭᠤᠯᠠ ᠬᠤᠰᠢᠭᠤ ᠡᠨᠧᠷᠬᠢ ᠶᠢᠨ ᠲᠣᠪᠴᠢᠶᠠᠨ ᠤ ᠲᠠᠷᠤᠭ᠎ᠠ | ᠹᠧᠩ ᠿᠢ ᠱᠧᠩ ᠬᠤᠰᠢᠭᠤ ᠴᠠᠭ ᠠᠭᠤᠷ ᠤᠨ ᠲᠣᠪᠴᠢᠶᠠᠨ ᠤ ᠲᠠᠷᠤᠭ᠎ᠠ | ᠶᠠᠨ ᠯᠢ ᠬᠤᠰᠢᠭᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠲᠡᠳ᠋ ᠲᠠᠷᠤᠭ᠎ᠠ | | | ᠣᠳᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2021 ᠤᠨ ᠤ 5 ᠰᠠᠷ᠎ᠠ ᠶᠢᠨ 27 ᠤ ᠡᠳᠤᠷ ᠲᠠᠷᠤᠮᠠᠯᠯᠠᠨ ᠲᠠᠷᠬᠠᠭᠠᠪᠠ |