ᠮᠠᠨ ᠤ ᠬᠤᠰᠢᠭᠤ ᠤᠷᠳᠤᠰ ᠬᠤᠳᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠤᠮᠫᠠᠨᠢ ᠲᠠᠢ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2021/12/17
    12 ᠰᠠᠷ᠎ᠠ ᠶᠢᠨ 14 ᠤ ᠡᠳᠤᠷ᠂ ᠮᠠᠨ ᠤ ᠬᠤᠰᠢᠭᠤ ᠤᠷᠳᠤᠰ ᠬᠤᠳᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠤᠮᠫᠠᠨᠢ ᠲᠠᠢ ᠰᠠᠭᠤᠳᠠᠯ ᠤᠨ ᠬᠤᠷᠠᠯ ᠬᠢᠪᠠ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠤᠷᠳᠤᠰ ᠬᠤᠳᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠤᠮᠫᠠᠨᠢ ᠶᠢᠨ ᠶᠡᠷᠤᠩᠬᠡᠢ ᠳᠠᠭᠠᠭᠠᠮᠠᠯ᠂ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠪᠢᠨ ᠨᠠᠷ ᠲᠠᠢ ᠪᠦᠬᠦ ᠬᠤᠰᠢᠭᠤᠨ ᠤ ᠴᠠᠬᠢᠯᠭᠠᠨ ᠳᠤᠤᠷ ᠤᠨ ᠲᠦᠯᠤᠪᠵᠢᠬᠦᠯᠬᠡ ᠪᠠᠶᠢᠭᠤᠯᠤᠯᠳᠠ᠂ ᠴᠠᠬᠢᠯᠭᠠᠨ ᠬᠡᠷᠡᠭᠯᠡᠬᠦ ᠱᠠᠭᠠᠷᠳᠠᠯᠭ᠎ᠠ᠂  ᠤᠷᠤᠰᠢᠵᠤ ᠪᠠᠶᠢᠭ᠎ᠠ ᠠᠰᠠᠭᠤᠳᠠᠯ ᠪᠠ ᠳᠠᠷᠠᠭᠠᠴᠢ ᠶᠢᠨ ᠪᠤᠳᠠᠳᠠᠢ ᠬᠠᠮᠳᠤᠷᠠᠯᠴᠠᠭ᠎ᠠ ᠵᠡᠷᠬᠡ ᠳᠠᠯ᠎ᠠ ᠪᠠᠷ ᠨᠠᠷᠢᠯᠢᠭ ᠶᠠᠷᠢᠯᠴᠠᠨ ᠵᠦᠪᠳᠡᠯᠴᠡᠪᠡ᠃     ᠰᠠᠭᠤᠳᠠᠯ ᠤᠨ ᠬᠤᠷᠠᠯ ᠳᠡᠬᠡᠷ᠎ᠡ᠂ ᠸᠠᠩ ᠢᠦᠢ ᠴᠢᠶᠠᠩ ᠤᠷᠳᠤᠰ ᠬᠤᠳᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠤᠮᠫᠠᠨᠢ ᠶᠢᠨ ᠤᠳᠤᠭ ᠤᠨ ᠡᠮᠤᠨᠡᠳᠤ ᠬᠤᠰᠢᠭᠤᠨ ᠤ ᠬᠦᠭᠵᠢᠯᠳᠠ ᠶᠢ ᠬᠠᠯᠠᠮᠵᠢᠯᠠᠵᠤ ᠳᠡᠮᠵᠢᠭᠰᠡᠬᠡᠷ ᠢᠷᠡᠭᠰᠡᠨ ᠳᠤ ᠳᠠᠯᠠᠷᠬᠠᠵᠤ ᠪᠠᠶᠢᠭ᠎ᠠ ᠪᠠᠨ ᠢᠯᠡᠤᠨᠬᠡᠭᠰᠡᠨ ᠮᠦᠷᠳᠡᠬᠡᠨ ᠤᠳᠤᠭ ᠤᠨ ᠡᠮᠤᠨᠡᠳᠤ ᠬᠤᠰᠢᠭᠤᠨ ᠤ ᠤᠶᠢᠯᠡᠤᠨᠪᠤᠷᠢᠯᠡᠯ ᠠᠮᠢᠳᠤᠷᠠᠯ᠂ ᠲᠦᠷᠤᠯ ᠵᠦᠢᠯ ᠤᠨ ᠪᠠᠶᠢᠭᠤᠯᠤᠯᠳᠠ᠂ ᠨᠠᠷᠠᠨ ᠴᠡᠨᠡᠭ ᠤᠨ ᠴᠠᠬᠢᠯᠭᠠᠨ ᠭᠠᠷᠭᠠᠯᠳᠠ᠂ ᠨᠡᠬᠦᠷᠡᠰᠤ ᠶᠢ ᠴᠠᠬᠢᠯᠭᠠᠨ ᠪᠤᠯᠭᠠᠬᠤ ᠦᠬᠡᠷᠡᠴᠢᠯᠡᠯᠳᠠ᠂ ᠬᠦᠷᠢᠶᠡᠯᠡᠩ ᠳᠤᠭᠤᠷᠢᠭ ᠤᠨ ᠬᠦᠭᠵᠢᠯᠳᠠ ᠵᠡᠷᠬᠡ ᠬᠦᠷᠢᠶ᠎ᠡ ᠴᠡᠷᠠᠭᠠᠨ ᠤ ᠴᠠᠬᠢᠯᠭᠠᠨ ᠬᠡᠷᠡᠭᠯᠡᠬᠦ ᠱᠠᠭᠠᠷᠳᠠᠯᠭ᠎ᠠ ᠶᠢ ᠨᠠᠷᠢᠯᠢᠭ ᠳᠠᠨᠢᠯᠴᠠᠭᠤᠯᠪᠠ᠃ ᠸᠠᠩ ᠢᠦᠢ ᠴᠢᠶᠠᠩ᠂ ᠴᠠᠬᠢᠯᠭᠠᠨ ᠬᠦᠴᠤᠨ ᠤ ᠬᠦᠭᠵᠢᠯᠳᠠ ᠪᠤᠯ ᠭᠠᠵᠠᠷ ᠤᠷᠤᠨ ᠤ ᠠᠵᠤ ᠠᠬᠤᠢ ᠶᠢᠨ ᠬᠦᠭᠵᠢᠯᠳᠠ ᠪᠠ ᠠᠷᠠᠤᠨ ᠤᠨ ᠤᠶᠢᠯᠡᠤᠨᠪᠤᠷᠢᠯᠡᠯ ᠠᠮᠢᠳᠤᠷᠠᠯ ᠳᠤ ᠮᠠᠰᠢ ᠴᠢᠬᠤᠯᠠ ᠠᠴᠢ ᠬᠤᠯᠪᠤᠭᠳᠠᠯ ᠲᠠᠢ ᠶᠤᠮ᠂ ᠤᠳᠤᠭ ᠤᠨ ᠡᠮᠤᠨᠡᠳᠤ ᠬᠤᠰᠢᠭᠤᠨ ᠤ ᠠᠵᠤ ᠠᠬᠤᠢ ᠨᠠᠶᠢᠬᠡᠮ ᠤᠨ ᠡᠯ᠎ᠡ ᠲᠦᠷᠤᠯ ᠤᠨ ᠤᠶᠢᠯᠡᠰ ᠤᠨ ᠬᠦᠭᠵᠢᠯᠳᠠ ᠶᠢ ᠳᠠᠭᠠᠯᠳᠤᠨ᠂ ᠴᠠᠬᠢᠯᠭᠠᠨ ᠬᠦᠴᠤᠨ ᠤ ᠬᠡᠷᠡᠭᠴᠡᠭᠡ ᠤᠯᠠᠮ ᠢᠶᠠᠷ ᠨᠡᠮᠡᠭᠳᠡᠵᠤ᠂ ᠤᠨᠴᠠᠭᠠᠶᠢᠯᠠᠨ ᠡᠨᠡ ᠵᠢᠯ ᠤᠨ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠳᠤᠭᠤᠷᠢᠨ ᠳᠤ ᠰᠢᠨ᠎ᠠ ᠱᠠᠭᠠᠷᠳᠠᠯᠭ᠎ᠠ  ᠳᠤᠷᠠᠤᠨᠴᠤ᠂ ᠴᠢᠬᠤᠯᠠ ᠶᠡᠭᠡ ᠲᠦᠷᠤᠯ ᠵᠦᠢᠯ ᠤᠨ ᠪᠠᠶᠢᠭᠤᠯᠤᠯᠳᠠ᠂ ᠰᠢᠨ᠎ᠠ ᠡᠨᠧᠷᠬᠢ ᠶᠢᠨ ᠠᠵᠤ ᠤᠶᠢᠯᠡᠰ ᠤᠨ ᠬᠦᠭᠵᠢᠯᠳᠠ ᠵᠡᠷᠬᠡ ᠳᠠᠯ᠎ᠠ ᠪᠠᠷ ᠴᠠᠬᠢᠯᠭᠠᠨ ᠬᠦᠴᠤᠨ ᠳᠤ ᠯᠤᠳᠤ ᠶᠡᠭᠡ ᠬᠡᠷᠡᠭᠯᠡᠬᠡᠨ ᠤ ᠱᠠᠭᠠᠷᠳᠠᠯᠭ᠎ᠠ ᠪᠠ ᠵᠠᠬ᠎ᠠ ᠳᠡᠯᠬᠡᠬᠦᠷ ᠤᠨ ᠪᠠᠭᠳᠠᠭᠠᠮᠵᠢ ᠠᠪᠴᠢᠷᠠᠭᠰᠡᠨ ᠪᠠᠶᠢᠨ᠎ᠠ᠃ ᠤᠷᠳᠤᠰ ᠬᠤᠳᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠤᠮᠫᠠᠨᠢ ᠤᠳᠤᠭ ᠤᠨ ᠡᠮᠤᠨᠡᠳᠤ ᠬᠤᠰᠢᠭᠤᠨ ᠤ ᠬᠦᠭᠵᠢᠯᠳᠠ ᠶᠢ ᠤᠤᠯ ᠲᠠᠢ ᠪᠠᠨ ᠠᠳᠠᠯᠢ ᠳᠡᠮᠵᠢᠵᠤ ᠬᠠᠯᠠᠮᠵᠢᠯᠠᠨ᠂ ᠠᠵᠤ ᠤᠶᠢᠯᠡᠤᠨᠪᠤᠷᠢ  ᠶᠢᠨ ᠴᠠᠬᠢᠯᠭᠠᠨ ᠬᠡᠷᠡᠭᠯᠡᠯᠳᠠ᠂ ᠴᠠᠬᠢᠯᠭᠠᠨ ᠳᠤᠤᠷ ᠤᠨ ᠦᠬᠡᠷᠡᠴᠢᠯᠡᠯᠳᠠ᠂ ᠰᠢᠨ᠎ᠠ ᠡᠨᠧᠷᠬᠢ ᠶᠢᠨ ᠲᠦᠷᠤᠯ ᠵᠦᠢᠯ ᠤᠨ ᠪᠠᠶᠢᠭᠤᠯᠤᠯᠳᠠ᠂ ᠮᠠᠯᠵᠢᠬᠤ ᠳᠠᠷᠢᠶᠠᠯᠠᠬᠤ ᠤᠷᠤᠨ ᠤ ᠨᠡᠬᠦᠷᠡᠰᠤ ᠶᠢ ᠴᠠᠬᠢᠯᠭᠠᠨ ᠪᠤᠯᠭᠠᠬᠤ ᠦᠬᠡᠷᠡᠴᠢᠯᠡᠯᠳᠠ ᠵᠡᠷᠬᠡ ᠳᠠᠯ᠎ᠠ ᠪᠠᠷ ᠨᠠᠩ ᠢᠯᠡᠬᠦᠤ ᠳᠡᠮᠵᠢᠯᠬᠡ ᠦᠵᠡᠬᠦᠯᠬᠦ ᠶᠢ ᠬᠦᠰᠡᠵᠤ ᠪᠠᠶᠢᠨ᠎ᠠ᠃ ᠤᠳᠤᠭ ᠤᠨ ᠡᠮᠤᠨᠡᠳᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠦᠷᠬᠦᠯᠵᠢᠯᠡᠨ ᠪᠦᠬᠦ ᠬᠦᠴᠤᠨ ᠢᠶᠠᠷ ᠢᠶᠠᠨ ᠤᠷᠳᠤᠰ ᠬᠤᠳᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠤᠮᠫᠠᠨᠢ ᠳᠤ ᠰᠢᠯᠢᠳᠡᠭ ᠤᠶᠢᠯᠡᠴᠢᠯᠡᠭᠡ ᠬᠠᠩᠭᠠᠵᠤ᠂ ᠬᠤᠰᠢᠭᠤ ᠵᠠᠰᠠᠭ ᠤᠨ ᠤᠷᠳᠤᠨ᠂ ᠨᠡᠬᠡᠬᠡᠯᠳᠠ ᠶᠢᠨ ᠤᠷᠤᠨ ᠪᠠ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠤᠷᠳᠤᠰ ᠬᠤᠳᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠤᠮᠫᠠᠨᠢ ᠯᠤᠭ᠎ᠠ ᠶᠢᠨ ᠬᠠᠷᠢᠯᠴᠠᠭ᠎ᠠ ᠪᠠᠨ ᠤᠯᠠᠮ ᠨᠢᠬᠡ ᠠᠯᠬᠤᠮ ᠴᠢᠩᠭᠠᠤᠨᠬᠠᠵᠤ᠂ ᠴᠠᠬᠢᠯᠭᠠᠨ ᠬᠦᠴᠤᠨ ᠤ ᠲᠦᠷᠤᠯ ᠵᠦᠢᠯ ᠤᠨ ᠲᠦᠯᠤᠪᠵᠢᠬᠦᠯᠬᠡ᠂ ᠪᠠᠶᠢᠭᠤᠯᠤᠯᠳᠠ ᠵᠡᠷᠬᠡ ᠠᠵᠢᠯ ᠢ ᠰᠠᠶᠢᠳᠤᠷ ᠬᠠᠮᠵᠢᠯᠴᠠᠨ ᠬᠢᠵᠤ᠂ ︽ᠠᠷᠪᠠᠨ ᠲᠦᠷᠪᠡᠳᠤᠬᠡᠷ ᠳᠠᠪᠤᠨ ᠵᠢᠯ︾ ᠤᠨ ᠲᠦᠯᠤᠪᠵᠢᠬᠦᠯᠬᠡ ᠶᠢᠨ ᠬᠤᠭᠤᠴᠠᠭᠠᠨ ᠳᠠᠬᠢ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠡᠯ᠎ᠡ ᠲᠦᠷᠤᠯ ᠤᠨ ᠤᠶᠢᠯᠡᠰ ᠤᠨ ᠬᠦᠭᠵᠢᠯᠳᠠ ᠳᠤ ᠴᠠᠬᠢᠯᠭᠠᠨ ᠬᠦᠴᠤᠨ ᠤ ᠬᠦᠴᠤᠳᠤ ᠪᠠᠳᠤᠯᠠᠭ᠎ᠠ ᠬᠠᠩᠭᠠᠨ᠎ᠠ ᠬᠡᠵᠤ ᠵᠢᠭᠠᠭᠰᠡᠨ ᠪᠠᠶᠢᠨ᠎ᠠ᠃     ᠲᠢᠶᠠᠨ ᠪᠢᠨ᠂ ᠤᠷᠳᠤᠰ ᠬᠤᠳᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠤᠮᠫᠠᠨᠢ ᠠᠴᠠ ᠤᠳᠤᠭ ᠤᠨ ᠡᠮᠤᠨᠡᠳᠤ ᠬᠤᠰᠢᠭᠤ ᠲᠠᠢ ᠤᠷᠳᠤ ᠬᠤᠭᠤᠴᠠᠭᠠᠨ ᠤ ᠨᠦᠬᠦᠷᠰᠡᠭ ᠬᠠᠮᠳᠤᠷᠠᠯᠴᠠᠭ᠎ᠠ ᠪᠠᠨ ᠢᠮᠠᠭᠳᠠ ᠪᠠᠳᠤᠯᠠᠵᠤ᠂ ᠠᠵᠢᠯ ᠤᠨ ᠳᠠᠯ᠎ᠠ ᠪᠠᠷ ᠬᠠᠷᠢᠯᠴᠠᠨ ᠬᠠᠪᠰᠤᠷᠤᠯᠴᠠᠨ ᠬᠠᠮᠳᠤ ᠪᠠᠷ ᠳᠠᠪᠰᠢᠵᠤ᠂ ᠤᠳᠤᠭ ᠤᠨ ᠡᠮᠤᠨᠡᠳᠤ ᠬᠤᠰᠢᠭᠤᠨ ᠤ ᠬᠤᠶᠢᠰᠢᠳᠠ ᠶᠢᠨ ᠬᠦᠭᠵᠢᠯᠳᠠ ᠳᠤ ᠴᠣ᠋ ᠮᠠᠰᠢ ᠢᠳᠡᠬᠡᠯ ᠲᠠᠢ ᠪᠠᠶᠢᠨ᠎ᠠ᠃ ᠬᠤᠶᠢᠰᠢᠳᠠ ᠶᠢᠨ ᠠᠵᠢᠯ ᠤᠨ ᠳᠤᠮᠳᠠ  ᠪᠠᠨ ᠤᠳᠤᠭ ᠤᠨ ᠡᠮᠤᠨᠡᠳᠤ ᠬᠤᠰᠢᠭᠤᠨ ᠤ ᠬᠦᠭᠵᠢᠯᠳᠠ ᠶᠢ ᠯᠠᠪᠳᠠᠢ ᠪᠦᠬᠦ ᠬᠦᠴᠤᠨ ᠢᠶᠠᠷ ᠳᠡᠮᠵᠢᠵᠤ᠂ ᠬᠦᠭᠵᠢᠯᠳᠠ  ᠶᠢᠨ ᠰᠡᠤᠨᠬᠢᠮᠵᠢ ᠪᠠᠨ ᠤᠯᠠᠮ ᠨᠢᠬᠡᠤᠨᠬᠡᠨ᠂ ᠴᠠᠬᠢᠯᠭᠠᠨ ᠬᠦᠴᠤᠨ ᠤ ᠲᠦᠷᠤᠯ ᠵᠦᠢᠯ ᠤᠨ ᠲᠦᠯᠤᠪᠵᠢᠬᠦᠯᠬᠡ᠂ ᠴᠠᠬᠢᠯᠭᠠᠨ ᠳᠤᠤᠷ ᠤᠨ ᠪᠠᠶᠢᠭᠤᠯᠤᠯᠳᠠ᠂ ᠰᠢᠨ᠎ᠠ ᠡᠨᠧᠷᠬᠢ ᠶᠢᠨ ᠬᠦᠭᠵᠢᠯᠳᠠ ᠵᠡᠷᠬᠡ ᠳᠠᠯ᠎ᠠ ᠪᠠᠷ ᠰᠤᠯᠢᠯᠴᠠᠭ᠎ᠠ ᠪᠠᠨ ᠤᠯᠠᠮ ᠨᠢᠬᠡ ᠠᠯᠬᠤᠮ ᠴᠢᠩᠭᠠᠤᠨᠬᠠᠨ᠂ ᠬᠠᠮᠳᠤ ᠶᠢᠨ ᠳᠠᠨᠢᠯᠳᠠ ᠶᠢ ᠪᠦᠷᠢᠯᠳᠤᠬᠦᠯᠵᠤ᠂ ᠤᠳᠤᠭ ᠤᠨ ᠡᠮᠤᠨᠡᠳᠤ ᠬᠤᠰᠢᠭᠤᠨ ᠤ ᠴᠢᠨᠠᠷᠯᠢᠭ ᠬᠦᠭᠵᠢᠯᠳᠠ ᠶᠢ ᠬᠢᠵᠠᠭᠠᠷᠯᠠᠵᠤ ᠪᠠᠶᠢᠭ᠎ᠠ ᠴᠠᠬᠢᠯᠭᠠᠨ ᠬᠦᠴᠤᠨ ᠤ ᠡᠯᠧᠮᠧᠨ᠋ᠲ ᠢ ᠦᠨᠡᠨᠬᠦ ᠰᠢᠢᠤᠨᠪᠤᠷᠢᠯᠡᠨ᠂ ᠭᠠᠵᠠᠷ ᠤᠷᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠳᠤ ᠬᠦᠴᠤᠨ ᠴᠢᠳᠠᠯ ᠢᠶᠠᠨ ᠨᠡᠮᠡᠷᠢᠯᠡᠨ᠎ᠡ ᠬᠡᠵᠤ ᠢᠯᠡᠷᠬᠡᠶᠢᠯᠡᠭᠰᠡᠨ ᠪᠠᠶᠢᠨ᠎ᠠ᠃     ᠬᠤᠰᠢᠭᠤ ᠤᠳᠤᠷᠢᠳᠤᠯᠭ᠎ᠠ ᠰᠢᠶᠧ ᠶᠥᠩ ᠹᠧᠩ᠂ ᠵᠣᠣ ᠱᠤᠸᠠᠨ᠂ ᠹᠦ᠋ ᠺᠧ᠂ ᠾᠧ ᠵᠢᠶᠦ᠋ᠨ ᠶᠧ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠤᠨ ᠰᠠᠭᠤᠳᠠᠯ ᠤᠨ ᠬᠤᠷᠠᠯ ᠳᠤ ᠤᠷᠤᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号