ᠶᠠᠩ ᠶᠢᠩ ᠰᠢᠨ ᠬᠤᠰᠢᠭᠤ ᠠᠷᠠᠳ ᠤᠨ ᠵᠠᠰᠠᠭ ᠤᠨ ᠣᠷᠳᠣᠨ ᠤ 2021 ᠣᠨ ᠤ 18 ᠳ᠋ᠣᠭᠠᠷ ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/12/20
    12 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ  ᠤ ᠣᠷᠣᠯᠠᠭᠴᠢ ᠬᠤᠰᠢᠭᠤ ᠲᠠᠷᠤᠭ᠎ᠠ ᠶᠠᠩ ᠶᠢᠩ ᠰᠢᠨ ᠬᠤᠰᠢᠭᠤ ᠠᠷᠠᠳ ᠤᠨ ᠵᠠᠰᠠᠭ ᠤᠨ ᠣᠷᠳᠣᠨ ᠤ 2021 ᠣᠨ ᠤ 18 ᠳ᠋ᠣᠭᠠᠷ ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃     ᠬᠤᠷᠠᠯ ᠠᠴᠠ ᠲᠦᠪ ᠤᠨ ᠠᠵᠣ ᠠᠬᠤᠢ ᠶᠢᠨ ᠠᠵᠢᠯ ᠤ ᠬᠤᠷᠠᠯ᠂ ᠦᠪᠡᠷᠳᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ᠂ ︽ᠦᠷᠢ ᠦᠭᠴᠡᠭᠡ ᠬᠦᠨᠳᠦ ᠨᠣᠴᠢᠳᠠᠢ ᠬᠡᠰᠡᠭ ᠭᠠᠵᠠᠷ ᠣᠷᠣᠨ ᠳᠤ ᠲᠦᠷᠢᠮ ᠵᠦᠷᠢᠴᠡᠵᠣ ᠰᠢᠨ᠎ᠡ ᠪᠠᠷ ᠠᠰᠠᠷ ᠲᠠᠩᠬᠢᠮ᠂ ᠪᠠᠭᠤᠳᠠᠯ ᠪᠠᠶᠢᠭᠤᠯᠣᠭᠰᠠᠨ ᠲᠣᠬᠠᠢ ᠲᠦᠷᠦ ᠶᠢᠨ ᠶᠠᠪᠣᠳᠠᠯ ᠤᠨ ᠬᠤᠷᠢᠶᠠᠨ ᠤ ᠨᠡᠶᠢᠳᠡᠯᠡᠯ︾ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠨᠦᠬᠦᠷ ᠤᠨ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠣᠯᠢ ᠪᠠᠷ ᠬᠤᠳᠠ ᠪᠠᠨ ᠵᠠᠰᠠᠬᠤ ᠠᠵᠢᠯ  ᠤᠨ ᠬᠤᠷᠠᠯ ᠲᠡᠭᠡᠷᠡᠭᠢ ᠶᠠᠷᠢᠶᠠᠨ ᠤ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠬᠤᠷᠠᠯ ᠠᠴᠠ᠂ ᠡᠯ᠎ᠡ ᠬᠤᠪᠢᠳᠠᠨ ᠬᠠᠮᠢᠶᠠᠷᠬᠤ ᠣᠳᠣᠷᠢᠳᠣᠯᠭ᠎ᠠ᠂ ᠨᠡᠭᠡᠭᠡᠯᠳᠡ ᠶᠢᠨ ᠣᠷᠣᠨ᠂ ᠡᠯ᠎ᠡ ᠪᠠᠯᠭᠠᠰᠣ᠂ ᠡᠯ᠎ᠡ ᠰᠠᠯᠠᠭ᠎ᠠ ᠮᠦᠴᠢᠷ ᠭᠦᠨᠵᠡᠭᠡᠢ ᠰᠢᠰᠲ᠋ᠧᠮᠳᠠᠢ ᠰᠣᠷᠣᠯᠴᠠᠨ᠂ ᠬᠤᠷᠠᠯ ᠤᠨ ᠵᠣᠷᠢᠭ ᠰᠠᠨᠠᠭᠠᠨ ᠤ ᠮᠦᠨ ᠴᠢᠨᠠᠷ ᠪᠣᠯᠣᠨ ᠪᠠᠶᠠᠯᠢᠭ ᠠᠭᠤᠯᠬᠤᠨ  ᠢ ᠭᠦᠨᠵᠡᠭᠡᠢ ᠣᠶᠢᠯᠠᠭᠠᠨ ᠣᠨᠣᠪᠴᠢᠳᠠᠢ ᠡᠵᠡᠮᠰᠢᠵᠣ᠂ ᠦᠵᠡᠯ ᠰᠠᠨᠠᠭ᠎ᠠ ᠪᠣᠯᠣᠨ ᠣᠶᠢᠯᠠ ᠠᠵᠢᠯᠯᠠᠭᠠᠨ ᠢᠶᠠᠨ ᠲᠦᠪ  ᠤᠨ ᠠᠵᠣ ᠠᠬᠤᠢ ᠶᠢᠨ ᠠᠵᠢᠯ ᠤᠨ ᠬᠤᠷᠠᠯ᠂ ᠦᠪᠡᠷᠳᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠯᠤᠭ᠎ᠠ ᠨᠢᠭᠡᠳᠬᠡᠨ᠂ ᠣᠶᠣᠨ ᠣᠬᠠᠭᠠᠨ ᠪᠣᠯᠣᠨ ᠬᠦᠴᠦᠨ ᠴᠢᠳᠠᠯ ᠢᠶᠠᠨ ᠬᠤᠷᠠᠯ ᠠᠴᠠ ᠲᠣᠷᠠᠳᠣᠭᠰᠠᠨ ᠬᠠᠷᠠᠯᠳᠠ ᠡᠭᠦᠷᠭᠡ ᠲᠡᠭᠡᠷ᠎ᠡ ᠨᠢᠭᠳᠠᠷᠠᠭᠤᠯᠵᠣ᠂ ᠮᠠᠨ ᠬᠤᠰᠢᠭᠤᠨ ᠤ ᠪᠣᠳᠠᠳᠦ ᠪᠠᠶᠢᠳᠠᠯ ᠲᠠᠢ ᠣᠶᠠᠯᠳᠣᠭᠤᠯᠣᠨ᠂ ᠯᠠᠪᠳᠠᠭᠤᠨ ᠢᠶᠠᠷ ᠲᠣᠣᠱᠯᠠᠭᠤᠯᠣᠨ ᠨᠠᠶᠢᠳᠠᠪᠦᠷᠢᠵᠢᠭᠤᠯᠬᠤ ᠬᠡᠷᠡᠭᠳᠡᠢ ᠭᠡᠵᠣ ᠱᠠᠭᠠᠷᠳᠠᠭᠰᠠᠨ ᠪᠠᠶᠢᠨ᠎ᠠ᠃     ᠬᠤᠷᠠᠯ ᠲᠡᠭᠡᠷ᠎ᠡ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ︵ᠶᠠᠷᠢᠯᠴᠠᠭᠠᠨ ᠤ ᠨᠣᠣᠷᠠᠭ︶ ᠢ ᠰᠣᠳᠣᠯᠣᠨ ᠶᠠᠷᠢᠯᠴᠠᠪᠠ᠃ ᠬᠤᠷᠠᠯ ᠠᠴᠠ᠂ ᠵᠠᠰᠠᠭ ᠤᠨ ᠣᠷᠳᠣᠨ ᠠᠴᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠮᠡᠳᠡᠭᠦᠯᠬᠦ ᠪᠣᠯ ᠬᠠᠣᠯᠢ ᠪᠠᠷ ᠲᠣᠭᠳᠠᠭᠠᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠮᠦᠨ᠂ ᠵᠠᠰᠠᠭ ᠤᠨ ᠣᠷᠳᠣᠨ ᠠᠷᠠᠳ ᠲᠦᠮᠡᠨ ᠤ ᠬᠢᠨᠠᠯᠳᠠ ᠶᠢ ᠬᠦᠯᠢᠶᠡᠬᠦ ᠴᠢᠬᠤᠯᠠ ᠬᠡᠯᠪᠡᠷᠢ ᠪᠣᠯᠬᠤᠷ ︽ᠢᠯᠡᠳᠬᠡᠯ︾ ᠢ ᠲᠣᠭᠤᠷᠪᠢᠬᠤ ᠠᠵᠢᠯ ᠢ ᠡᠷᠬᠡᠪᠰᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠳᠡᠢ᠃ ᠣᠳᠤᠭ ᠤᠨ ᠡᠮᠦᠨᠡᠳᠦ ᠬᠤᠰᠢᠭᠤᠨ ᠤ ᠪᠣᠳᠠᠳᠦ ᠪᠠᠶᠢᠳᠠᠯ ᠤᠨ ᠵᠣᠭᠰᠣᠴᠠ ᠠᠴᠠ᠂ ᠲᠦᠪ᠂ ᠦᠪᠡᠷᠳᠡᠭᠡᠨ ᠵᠠᠰᠠᠬᠤ ᠣᠷᠣᠨ᠂ ᠬᠤᠳᠠ ᠪᠣᠯᠣᠨ ᠬᠤᠰᠢᠭᠤ ᠨᠠᠮ ᠤᠨ ᠬᠤᠷᠢᠶ᠎ᠠ ᠶᠢᠨ ᠡᠯ᠎ᠡ ᠲᠦᠷᠦᠯ ᠤᠨ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠲᠠᠢ ᠭᠦᠢᠴᠡᠳ ᠣᠶᠠᠯᠳᠣᠭᠤᠯᠣᠨ᠂ ᠢᠷᠡᠭᠦ ᠲᠠᠪᠣᠨ ᠵᠢᠯ ᠤᠨ ᠡᠯ᠎ᠡ ᠲᠦᠷᠦᠯ ᠤᠨ ᠭᠤᠣᠯᠳᠠᠯᠭᠠᠳᠦ ᠠᠵᠢᠯ ᠢᠶᠠᠨ ᠨᠠᠷᠢᠯᠢᠭ ᠲᠦᠯᠦᠪᠯᠡᠵᠣ᠂ ᠦᠨᠡᠨ ᠢ ᠪᠠᠷᠢᠮᠳᠠᠯᠠᠨ ᠪᠣᠳᠠᠳᠠᠢ ᠶᠢ ᠡᠷᠬᠢᠮᠯᠡᠭᠰᠡᠨ᠂ ᠨᠡᠭᠡᠭᠡᠯᠳᠡ ᠲᠠᠢ ᠪᠠᠷ ᠰᠢᠨ᠎ᠡ ᠶᠢ ᠡᠭᠦᠳᠦᠭᠰᠡᠨ᠂ ᠵᠣᠷᠢᠭᠵᠢᠭᠤᠯᠣᠯ ᠤᠨ ᠴᠢᠨᠠᠷᠳᠠᠢ ᠴᠢᠨᠠᠷᠯᠢᠭ ᠮᠡᠳᠡᠭᠦᠯᠦᠯᠳᠡ ᠲᠣᠭᠤᠷᠪᠢᠬᠤ ᠪᠠᠷ ᠴᠢᠷᠮᠠᠶᠢᠨ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠳᠤ ᠰᠢᠨᠵᠢᠯᠡᠬᠦ ᠣᠬᠠᠭᠠᠨᠴᠢ ᠵᠢᠯᠣᠭᠤᠳᠣᠯᠭ᠎ᠠ ᠬᠠᠩᠭᠠᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠷᠠᠯ ᠲᠡᠭᠡᠷ᠎ᠡ ᠪᠠᠰᠠ ᠬᠤᠰᠢᠭᠤ ᠨᠠᠮ ᠤᠨ ᠰᠣᠷᠭᠠᠭᠤᠯᠢ᠂ ᠬᠤᠪᠢᠰᠬᠠᠯᠳᠦ ᠬᠦᠮᠦᠵᠢᠯ ᠤᠨ ᠰᠣᠳᠣᠯᠭᠠᠨ ᠤ ᠣᠶᠢᠯᠡᠳᠦᠯᠭᠡ ᠶᠢᠨ ᠰᠠᠭᠤᠷᠢᠨ᠂ ᠬᠤᠰᠢᠭᠤᠨ ᠤ ᠬᠤᠶᠠᠳᠣᠭᠠᠷ ᠲᠣᠮᠳᠠᠳᠦ ᠰᠣᠷᠭᠠᠭᠤᠯᠢ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠡᠨᠧᠷᠬᠢ ᠬᠢᠮᠢ ᠶᠢᠨ ᠠᠵᠣ ᠣᠶᠢᠯᠠᠳᠪᠦᠷᠢ ᠶᠢᠨ ᠰᠠᠭᠤᠷᠢᠨ ᠤ ᠲᠦᠬᠦᠭᠡᠷᠦᠮᠵᠢ᠂ ᠬᠤᠳᠠ ᠶᠢᠨ ᠵᠠᠮ ᠵᠡᠭᠡᠯᠢ ᠵᠢᠴᠢ ᠲᠣᠣᠷ ᠬᠤᠭᠤᠯᠠᠢ ᠵᠡᠷᠭᠡ ᠪᠠᠶᠢᠭᠤᠯᠣᠯᠳᠠ ᠶᠢᠨ ᠲᠦᠷᠦᠯ ᠵᠣᠶᠢᠯ  ᠤᠨ ᠬᠤᠯᠪᠣᠭᠳᠠᠯ ᠪᠦᠬᠦᠢ ᠠᠵᠢᠯ ᠢ ᠰᠣᠳᠣᠯᠣᠨ ᠶᠠᠷᠢᠯᠴᠠᠪᠠ᠃ ᠬᠤᠷᠠᠯ ᠠᠴᠠ᠂ ᠵᠠᠰᠠᠭ ᠤᠨ ᠣᠷᠳᠣᠨ ᠤ ᠪᠡᠯᠡ ᠣᠷᠣᠭᠤᠯᠣᠯᠳᠠ ᠶᠢᠨ ᠲᠦᠷᠦᠯ ᠵᠣᠶᠢᠯ ᠤᠨ ᠬᠠᠮᠢᠶᠠᠷᠣᠯᠳᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠣᠮᠯᠠᠨ᠂ ᠬᠠᠣᠯᠢ ᠲᠣᠭᠳᠠᠭᠠᠯ ᠢᠶᠠᠷ ᠨᠣᠳᠠᠯᠠᠬᠤ᠂ ᠲᠣᠭᠳᠠᠭᠠᠬᠤ᠂ ᠲᠠᠩᠰᠠᠯᠠᠭᠤᠯᠬᠤ ᠵᠡᠷᠭᠡ ᠠᠯᠬᠤᠮ ᠲᠠᠷᠠᠭ᠎ᠠ ᠪᠠᠷ ᠭᠦᠢᠴᠡᠳᠬᠡᠵᠣ᠂ ᠲᠦᠷᠦᠯ ᠵᠣᠶᠢᠯ ᠤᠨ ᠲᠦᠯᠦᠪᠵᠢᠭᠦᠯᠭᠡ ᠪᠣᠯᠣᠨ ᠪᠡᠯᠡ ᠣᠷᠣᠭᠤᠯᠣᠯᠳᠠ ᠶᠢ ᠴᠢᠩᠭ᠎ᠠ ᠡᠵᠡᠮᠳᠡᠨ᠂ ᠪᠡᠯᠡ ᠮᠦᠩᠭᠦ ᠶᠢ ᠰᠢᠨᠵᠢᠯᠡᠭᠦ ᠣᠬᠠᠭᠠᠨᠴᠢ ᠪᠠᠷ ᠵᠣᠬᠢᠰᠳᠠᠢ ᠲᠣᠬᠢᠷᠠᠭᠤᠯᠵᠣ᠂ ᠦᠪᠡᠷ ᠤᠨ ᠦᠷᠳᠡᠭ ᠢ ᠠᠷᠪᠢᠯᠠᠨ᠂ ᠰᠢᠨᠵᠢᠯᠡᠭᠦ ᠣᠬᠠᠭᠠᠨᠴᠢ ᠪᠠᠷ ᠪᠠᠶᠢᠷᠢᠯᠠᠭᠤᠯᠬᠤ ᠵᠠᠷᠴᠢᠮ ᠢ ᠪᠠᠷᠢᠮᠳᠠᠯᠠᠵᠣ᠂ ᠨᠢᠭᠡᠳᠦᠯᠳᠡᠢ ᠲᠦᠯᠦᠪᠵᠢᠭᠦᠯᠦᠨ᠂ ᠲᠦᠷᠦᠯ ᠵᠣᠶᠢᠯ ᠢ ᠴᠢᠨᠠᠷᠯᠢᠭ ᠪᠠᠶᠢᠭᠤᠯᠵᠣ᠂ ᠰᠠᠶᠢᠳᠦᠷ ᠬᠡᠷᠡᠭᠯᠡᠭᠦ ᠶᠢ ᠪᠠᠳᠣᠯᠠᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠷᠠᠯ ᠲᠡᠭᠡᠷ᠎ᠡ ᠪᠠᠰᠠ ︽ᠭᠡᠷ ᠭᠠᠵᠠᠷ ᠬᠦᠷᠦᠩᠭᠡ ᠶᠢᠨ ᠵᠠᠬ᠎ᠠ ᠲᠡᠯᠭᠡᠭᠦᠷ ᠢ ᠲᠣᠬᠢᠷᠠᠭᠤᠯᠣᠨ ᠡᠵᠡᠮᠳᠡᠬᠦ ᠠᠵᠢᠯ  ᠤᠨ ᠬᠡᠷᠡᠭᠵᠢᠭᠦᠯᠬᠦ ᠲᠦᠰᠦᠯ︾ ᠬᠢᠬᠡᠳ ᠲᠣᠮᠳᠠᠳᠦ ᠪᠠᠭ᠎ᠠ ᠰᠣᠷᠭᠠᠭᠤᠯᠢ᠂ ᠴᠡᠴᠡᠷᠯᠢᠭ ᠤᠨ ᠠᠮᠦᠷ ᠲᠦᠪᠰᠢᠨ ᠤ ᠰᠡᠷᠭᠡᠶᠢᠯᠡᠯᠳᠡ ᠪᠠᠶᠢᠭᠤᠯᠣᠯᠳᠠ ᠶᠢ ᠴᠢᠩᠭᠠᠳᠬᠠᠬᠤ ᠵᠡᠷᠭᠡ ᠠᠵᠢᠯ ᠤᠨ ᠪᠣᠳᠠᠳᠦ ᠪᠠᠶᠢᠳᠠᠯ ᠢ ᠰᠣᠳᠣᠯᠪᠠ᠃     ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠲᠣᠭᠤᠶᠢᠯᠠᠩ ᠤᠨ ᠪᠦᠷᠢᠯᠳᠦᠭᠦᠨ᠂ ᠣᠳᠣᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠣ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤ ᠣᠯᠣᠰ ᠲᠦᠷᠦ ᠶᠢᠨ ᠵᠦᠪᠯᠡᠯᠭᠡᠨ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠬᠠᠮᠢᠶ᠎ᠠ ᠪᠦᠬᠦᠢ ᠣᠳᠣᠷᠢᠳᠣᠯᠭ᠎ᠠ ᠵᠢᠴᠢ ᠡᠯ᠎ᠡ ᠪᠠᠯᠭᠠᠰᠦ᠂ ᠬᠤᠰᠢᠭᠤᠨ ᠤ ᠰᠢᠭᠤᠳ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号