ᠮᠠᠨ ᠤ ᠬᠤᠰᠢᠭᠤ ᠬᠤᠸᠠᠵᠦ᠋ᠩ ᠳᠠᠷᠢᠶᠠᠯᠠᠩ ᠤᠨ ᠶᠡᠭᠡ ᠰᠤᠷᠭᠠᠭᠤᠯᠢ ᠲᠠᠢ ᠰᠠᠭᠤᠳᠠᠯ ᠤᠨ ᠬᠤᠷᠠᠯ ᠬᠢᠪᠠ
ᠨᠡᠶᠢᠲᠡᠯᠡᠭᠰᠡᠨ ᠴᠠᠭ᠄
2021/12/21
    12 ᠰᠠᠷ᠎ᠠ ᠶᠢᠨ 17 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ  ᠤ ᠤᠷᠤᠯᠠᠭᠴᠢ ᠬᠤᠰᠢᠭᠤ ᠳᠠᠷᠤᠭ᠎ᠠ ᠶᠠᠩ ᠶᠢᠩ ᠰᠢᠨ ᠬᠤᠸᠠᠵᠦ᠋ᠩ ᠳᠠᠷᠢᠶᠠᠯᠠᠩ ᠤᠨ ᠶᠡᠭᠡ ᠰᠤᠷᠭᠠᠭᠤᠯᠢ ᠶᠢᠨ ᠬᠤᠷᠸ᠎ᠠ ᠳᠠᠷᠢᠶᠠᠯᠠᠩ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠶᠢᠤ ᠯᠢᠶᠠᠩ ᡁᠢ ᠨᠠᠷ ᠲᠠᠢ ᠤᠷᠤᠨ ᠨᠤᠳᠤᠭ ᠪᠠ ᠰᠤᠷᠭᠠᠭᠤᠯᠢ ᠶᠢᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠬᠦ ᠳᠤᠬᠠᠢ ᠰᠠᠭᠤᠳᠠᠯ ᠤᠨ ᠬᠤᠷᠠᠯ ᠬᠢᠪᠠ᠃     ᠰᠠᠭᠤᠳᠠᠯ ᠤᠨ ᠬᠤᠷᠠᠯ ᠳᠡᠬᠡᠷ᠎ᠡ᠂ ᠬᠤᠶᠠᠷ ᠳᠠᠯ᠎ᠠ ᠪᠠᠷ ᠢᠶᠠᠨ ᠤᠳᠤᠭ ᠤᠨ ᠡᠮᠤᠨᠡᠳᠤ ᠬᠤᠰᠢᠭᠤ — ᠬᠤᠸᠠᠵᠦ᠋ᠩ ᠳᠠᠷᠢᠶᠠᠯᠠᠩ ᠤᠨ ᠶᠡᠭᠡ ᠰᠤᠷᠭᠠᠭᠤᠯᠢ ᠶᠢᠨ ᠤᠶᠤᠨᠴᠢ ᠳᠠᠷᠢᠶᠠᠯᠠᠩ ᠤᠨ ᠬᠠᠮᠳᠤᠷᠠᠭᠰᠡᠨ ᠳᠤᠷᠰᠢᠯᠳᠠ ᠶᠢᠨ ᠳᠠᠰᠤᠭ᠂ ᠳᠤᠭᠠᠴᠠᠯᠠᠭᠰᠡᠨ ᠬᠦᠳᠡᠭᠡ ᠳᠤᠰᠬᠤᠨ ᠤ ᠰᠤᠳᠤᠯᠭᠠᠨ ᠤ ᠬᠦᠷᠢᠶᠡᠯᠡᠩ ᠤᠨ ᠪᠠᠶᠢᠭᠤᠯᠤᠯᠳᠠ ᠵᠡᠷᠬᠡ ᠳᠠᠯ᠎ᠠ  ᠶᠢᠨ ᠠᠭᠤᠯᠭ᠎ᠠ ᠶᠢᠨ ᠳᠤᠭᠤᠷᠢᠨ ᠳᠤ ᠨᠠᠷᠢᠯᠢᠭ ᠶᠠᠷᠢᠯᠴᠠᠪᠠ᠃ ᠶᠠᠩ ᠶᠢᠩ ᠰᠢᠨ ᠠᠴᠠ ᠶᠢᠤ ᠯᠢᠶᠠᠩ ᡁᠢ ᠨᠠᠷ ᠤᠨ ᠬᠦᠷᠤᠯᠴᠡᠨ ᠢᠷᠡᠭᠰᠡᠨ ᠳᠤ ᠪᠠᠶᠠᠷᠯᠠᠨ ᠤᠭᠳᠤᠵᠤ ᠪᠠᠶᠢᠭ᠎ᠠ ᠪᠠᠨ ᠢᠯᠡᠤᠨᠬᠡᠵᠤ᠂ ᠤᠳᠤᠭ ᠤᠨ ᠡᠮᠤᠨᠡᠳᠤ ᠬᠤᠰᠢᠭᠤᠨ  ᠤ ᠮᠠᠯ ᠳᠠᠷᠢᠶᠠᠯᠠᠩ ᠤᠨ ᠤᠶᠢᠯᠡᠰ ᠤᠨ ᠰᠠᠭᠤᠷᠢ ᠨᠦᠬᠦᠴᠡᠯ ᠰᠠᠶᠢᠨ᠂ ᠬᠦᠭᠵᠢᠯᠳᠠ ᠶᠢᠨ ᠢᠷᠡᠬᠡᠳᠤᠢ ᠦᠷᠬᠡᠨ ᠪᠤᠢ᠃ ᠤᠶᠢᠷ᠎ᠠ ᠶᠢᠨ ᠵᠢᠯ ᠳᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠮᠠᠯ ᠳᠠᠷᠢᠶᠠᠯᠠᠩ ᠤᠨ ᠤᠶᠢᠯᠡᠰ ᠳᠠᠬᠢ ᠳᠡᠤᠨᠬᠦᠯᠳᠠ ᠪᠡᠯᠡ ᠤᠷᠤᠭᠤᠯᠤᠯᠳᠠ ᠶᠢᠨ ᠬᠦᠴᠤᠯᠡᠴᠠ ᠪᠠᠨ ᠳᠠᠰᠤᠷᠠᠯᠳᠠ ᠦᠬᠡᠢ ᠶᠡᠬᠡᠤᠨᠬᠡᠭᠰᠡᠨ ᠠᠴᠠ ᠳᠠᠷᠢᠶᠠᠯᠠᠩ ᠮᠠᠯ ᠠᠵᠤ ᠠᠬᠤᠢ ᠶᠢᠨ ᠠᠵᠤ ᠤᠶᠢᠯᠡᠰᠵᠢᠯᠳᠠ ᠶᠢᠨ ᠬᠦᠭᠵᠢᠯᠳᠠ ᠵᠤᠬᠢᠬᠤ ᠠᠮᠵᠢᠯᠳᠠ ᠤᠯᠪᠠ᠃ ᠬᠤᠸᠠᠵᠦ᠋ᠩ ᠳᠠᠷᠢᠶᠠᠯᠠᠩ ᠤᠨ ᠶᠡᠭᠡ ᠰᠤᠷᠭᠠᠭᠤᠯᠢ ᠯᠤᠭ᠎ᠠ ᠶᠢᠨ ᠪᠤᠳᠠᠳᠠᠢ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠤᠨ᠂ ᠮᠠᠨ ᠤ ᠬᠤᠰᠢᠭᠤᠨ ᠤ ︽ᠬᠦᠳᠡᠭᠡ ᠳᠤᠰᠬᠤᠨ ᠢ ᠬᠦᠴᠤᠷᠬᠡᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠬᠦᠯᠬᠦ ᠲᠦᠰᠤᠯ︾ ᠪᠠ ︽ᠳᠤᠭᠠᠴᠠᠯᠠᠭᠰᠡᠨ ᠤᠳᠤᠭ ᠤᠨ ᠡᠮᠤᠨᠡᠳᠤ ᠬᠤᠰᠢᠭᠤᠨ ᠤ ᠬᠦᠭᠵᠢᠯᠳᠠ ᠶᠢᠨ      ︿ᠠᠷᠪᠠᠨ ᠲᠦᠷᠪᠡᠳᠤᠬᠡᠷ ᠳᠠᠪᠤᠨ ᠵᠢᠯ﹀ ᠤᠨ ᠲᠦᠯᠤᠪᠵᠢᠬᠦᠯᠬᠡ︾ ᠲᠠᠢ ᠤᠶᠠᠯᠳᠤᠭᠤᠯᠬᠤ ᠪᠠᠷ ᠳᠠᠮᠵᠢᠭᠤᠯᠤᠨ᠂ ᠬᠠᠮᠳᠤᠷᠠᠯᠴᠠᠭᠠᠨ ᠤ ᠳᠤᠭᠳᠠᠴᠠ ᠪᠠᠨ ᠤᠯᠠᠮ ᠨᠢᠬᠡ ᠠᠯᠬᠤᠮ ᠪᠠᠶᠢᠭᠤᠯᠤᠨ ᠳᠡᠬᠦᠯᠳᠡᠷᠵᠢᠬᠦᠯᠵᠤ᠂ ᠬᠠᠮᠳᠤᠷᠠᠯᠴᠠᠭᠠᠨ  ᠤ ᠵᠠᠭᠪᠤᠷ ᠢ ᠡᠷᠢᠯᠬᠢᠯᠡᠵᠤ ᠪᠦᠷᠢᠨᠰᠢᠬᠦᠯᠤᠨ᠂ ᠤᠶᠢᠯᠡᠤᠨᠪᠤᠷᠢᠯᠡᠬᠦ ᠵᠢᠭᠠᠬᠤ ᠰᠤᠳᠤᠯᠬᠤ ᠪᠤᠷᠤᠯᠠᠭᠤᠯᠬᠤ ᠶᠢ ᠨᠢᠬᠡ ᠴᠤᠭᠴᠠᠵᠢᠭᠤᠯᠤᠭᠰᠡᠨ ᠪᠤᠳᠠᠳᠤ ᠬᠡᠷᠡᠭᠯᠡᠬᠡᠨ ᠤ ᠳᠠᠪᠴᠠᠩ ᠢ ᠬᠠᠮᠳᠤ ᠪᠠᠷ ᠪᠠᠶᠢᠭᠤᠯᠤᠨ᠂ ᠮᠠᠨ ᠤ ᠬᠤᠰᠢᠭᠤᠨ ᠤ ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠠ ᠶᠢ ᠬᠢᠵᠠᠭᠠᠷᠯᠠᠵᠤ ᠪᠠᠶᠢᠭ᠎ᠠ ᠪᠤᠭᠤᠮᠢ ᠬᠢᠵᠠᠭᠠᠷᠯᠠᠯ ᠤᠨ ᠠᠰᠠᠭᠤᠳᠠᠯ  ᠢ ᠪᠦᠳᠤᠮᠵᠢᠳᠠᠢ ᠰᠢᠢᠤᠨᠪᠤᠷᠢᠯᠡᠵᠤ᠂ ᠮᠠᠨ ᠤ ᠬᠤᠰᠢᠭᠤᠨ ᠤ ᠳᠠᠷᠢᠶᠠᠯᠠᠩ ᠮᠠᠯ ᠠᠵᠤ ᠠᠬᠤᠢ ᠶᠢᠨ ᠴᠢᠨᠠᠷᠯᠢᠭ ᠬᠦᠭᠵᠢᠯᠳᠠ ᠶᠢ ᠠᠬᠢᠭᠤᠯᠬᠤ ᠳᠤ ︽ᠤᠶᠤᠨᠴᠢ ᠤᠬᠠᠭᠠᠨ︾ ᠬᠠᠩᠭᠠᠨ᠂ ︽ᠳᠡᠬᠦᠯᠢᠬᠦ ᠵᠢᠬᠦᠷ︾ ᠪᠦᠷᠢᠳᠤᠬᠦᠯᠬᠦ ᠶᠢ ᠦᠨᠡᠨᠴᠢ ᠪᠠᠷ ᠬᠦᠰᠡᠵᠤ ᠪᠠᠶᠢᠨ᠎ᠠ᠃ ᠬᠤᠰᠢᠭᠤ ᠰᠢᠭᠤᠤᠨ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠶᠢᠯᠡᠴᠢᠯᠡᠬᠡᠨ ᠤ ᠪᠠᠳᠤᠯᠠᠭ᠎ᠠ ᠪᠠᠨ ᠴᠢᠩᠭᠠᠤᠨᠬᠠᠨ᠂ ᠬᠦᠨᠵᠡᠬᠡᠢ ᠬᠠᠷᠢᠯᠴᠠᠭ᠎ᠠ ᠪᠠᠨ ᠠᠬᠢᠭᠤᠯᠵᠤ᠂ ᠬᠤᠸᠠᠵᠦ᠋ᠩ ᠳᠠᠷᠢᠶᠠᠯᠠᠩ ᠤᠨ ᠶᠡᠭᠡ ᠰᠤᠷᠭᠠᠭᠤᠯᠢ ᠶᠢᠨ ᠴᠢᠳᠠᠪᠤᠷᠢᠳᠠᠨ᠂ ᠮᠡᠷᠬᠡᠵᠢᠯ᠂ ᠤᠶᠤᠨᠴᠢ ᠬᠦᠮᠤᠷᠬᠡ ᠵᠡᠷᠬᠡ ᠳᠠᠯ᠎ᠠ ᠶᠢᠨ ᠳᠠᠪᠠᠭᠤᠯᠢᠭ ᠢ ᠬᠦᠢᠴᠡᠤᠨ ᠠᠰᠢᠭᠯᠠᠨ᠂ ᠴᠢᠳᠠᠪᠤᠷᠢᠳᠠᠨ ᠡᠯᠰᠡᠵᠤ ᠤᠶᠤᠨ ᠤᠷᠤᠭᠤᠯᠬᠤ᠂ ᠮᠡᠳᠡᠭᠡ ᠵᠠᠩᠬᠢ ᠰᠤᠯᠢᠯᠴᠠᠬᠤ᠂ ᠠᠷᠠᠯᠵᠢᠶᠠᠴᠢᠨ ᠤᠷᠢᠵᠤ ᠪᠡᠯᠡ ᠳᠠᠳᠠᠬᠤ ᠬᠦᠴᠤᠯᠡᠴᠠ ᠪᠠᠨ ᠳᠠᠰᠤᠷᠠᠯᠳᠠ ᠦᠬᠡᠢ ᠶᠡᠬᠡᠤᠨᠬᠡᠨ᠂ ᠰᠢᠨᠡᠴᠢᠯᠡᠯᠳᠠ ᠪᠠᠷ ᠠᠵᠤ ᠤᠶᠢᠯᠡᠰ ᠤᠨ ᠬᠦᠭᠵᠢᠯᠳᠠ ᠶᠢ ᠳᠠᠶᠢᠴᠢᠯᠠᠵᠤ᠂ ᠤᠶᠤᠨᠴᠢ ᠳᠠᠷᠢᠶᠠᠯᠠᠩ᠂ ᠳᠤᠭᠠᠴᠠᠯᠠᠭᠰᠡᠨ ᠬᠦᠳᠡᠭᠡ ᠳᠤᠰᠬᠤᠨ ᠤ ᠪᠠᠶᠢᠭᠤᠯᠤᠯᠳᠠ ᠶᠢ ᠳᠠᠭᠤᠷᠢᠶᠡᠯ ᠦᠵᠡᠬᠦᠯᠤᠨ ᠳᠠᠶᠢᠴᠢᠯᠠᠨ ᠳᠠᠭᠠᠭᠠᠤᠯᠵᠤ᠂ ᠬᠦᠳᠡᠭᠡ ᠳᠤᠰᠬᠤᠨ ᠢ ᠬᠦᠴᠤᠷᠬᠡᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠦᠨᠵᠡᠬᠡᠢ ᠬᠡᠷᠡᠭᠵᠢᠬᠦᠯᠤᠯᠳᠠ ᠶᠢ  ᠠᠬᠢᠭᠤᠯᠬᠤ ᠬᠡᠷᠡᠭᠳᠠᠢ ᠬᠡᠪᠡ᠃     ᠶᠢᠤ ᠯᠢᠶᠠᠩ ᡁᠢ ᠨᠠᠷ ᠠᠴᠠ ᠬᠤᠸᠠᠵᠦ᠋ᠩ ᠳᠠᠷᠢᠶᠠᠯᠠᠩ ᠤᠨ ᠶᠡᠭᠡ ᠰᠤᠷᠭᠠᠭᠤᠯᠢ ᠶᠢᠨ ᠬᠤᠷᠸ᠎ᠠ ᠳᠠᠷᠢᠶᠠᠯᠠᠩ ᠤᠨ ᠰᠤᠳᠤᠯᠭᠠᠨ ᠤ ᠬᠦᠷᠢᠶᠡᠯᠡᠩ ᠤᠨ ᠦᠨᠳᠤᠰᠤᠨ ᠪᠠᠶᠢᠳᠠᠯ ᠵᠢᠴᠢ ᠤᠳᠤᠭ ᠤᠨ ᠡᠮᠤᠨᠡᠳᠤ ᠬᠤᠰᠢᠭᠤ — ᠬᠤᠸᠠᠵᠦ᠋ᠩ ᠳᠠᠷᠢᠶᠠᠯᠠᠩ ᠤᠨ ᠶᠡᠭᠡ ᠰᠤᠷᠭᠠᠭᠤᠯᠢ ᠶᠢᠨ ᠤᠶᠤᠨᠴᠢ ᠳᠠᠷᠢᠶᠠᠯᠠᠩ ᠤᠨ ᠬᠠᠮᠳᠤᠷᠠᠭᠰᠡᠨ ᠳᠤᠷᠰᠢᠯᠳᠠ ᠶᠢᠨ ᠳᠠᠰᠤᠭ᠂ ᠳᠤᠭᠠᠴᠠᠯᠠᠭᠰᠡᠨ ᠬᠦᠳᠡᠭᠡ ᠳᠤᠰᠬᠤᠨ ᠤ ᠰᠤᠳᠤᠯᠭᠠᠨ ᠤ ᠬᠦᠷᠢᠶᠡᠯᠡᠩ ᠤᠨ ᠪᠠᠶᠢᠭᠤᠯᠤᠯᠳᠠ ᠶᠢᠨ ᠱᠠᠳᠤᠴᠢ ᠴᠢᠨᠠᠷᠳᠠᠢ ᠠᠬᠢᠴᠠ ᠶᠢ  ᠳᠠᠨᠢᠯᠴᠠᠭᠤᠯᠵᠤ᠂ ᠬᠤᠸᠠᠵᠦ᠋ᠩ ᠳᠠᠷᠢᠶᠠᠯᠠᠩ ᠤᠨ ᠶᠡᠭᠡ ᠰᠤᠷᠭᠠᠭᠤᠯᠢ ᠪᠠ ᠬᠤᠷᠸ᠎ᠠ ᠳᠠᠷᠢᠶᠠᠯᠠᠩ ᠤᠨ ᠰᠤᠳᠤᠯᠭᠠᠨ ᠤ ᠬᠦᠷᠢᠶᠡᠯᠡᠩ ᠤᠨ ᠰᠢᠨᠵᠢᠯᠬᠡ ᠮᠡᠷᠬᠡᠵᠢᠯ ᠰᠤᠳᠤᠯᠭᠠᠨ ᠤ ᠳᠠᠪᠠᠭᠤᠯᠢᠭ ᠢᠶᠠᠨ ᠬᠦᠢᠴᠡᠤᠨ ᠪᠠᠳᠠᠷᠠᠭᠤᠯᠤᠨ᠂ ᠪᠠᠶᠢᠴᠠᠭᠠᠨ ᠰᠤᠳᠤᠯᠤᠯᠳᠠ ᠪᠠᠨ ᠤᠯᠠᠮ ᠨᠢᠬᠡ ᠠᠯᠬᠤᠮ ᠬᠦᠨᠵᠡᠬᠡᠶᠢᠷᠡᠬᠦᠯᠵᠤ᠂ ᠪᠦᠬᠦ ᠬᠤᠰᠢᠭᠤᠨ ᠤ ᠬᠠᠮᠢᠶ᠎ᠠ ᠪᠦᠬᠦᠢ ᠦᠨᠳᠤᠰᠤᠨ ᠪᠠᠶᠢᠳᠠᠯ ᠢ ᠰᠠᠶᠢᠳᠤᠷ ᠡᠵᠡᠮᠳᠡᠨ᠂ ᠰᠡᠤᠨᠬᠢᠮᠵᠢ ᠪᠠᠨ ᠵᠤᠷᠢᠭᠳᠠᠢ ᠰᠢᠨᠡᠴᠢᠯᠡᠵᠤ᠂ ᠤᠳᠤᠭ ᠤᠨ ᠡᠮᠤᠨᠡᠳᠤ ᠬᠤᠰᠢᠭᠤ ᠯᠤᠭ᠎ᠠ ᠶᠢᠨ ᠳᠡᠪᠴᠠᠩ ᠤᠨ ᠪᠠᠶᠢᠭᠤᠯᠤᠯᠳᠠ᠂ ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠠ ᠪᠠ ᠦᠷ᠎ᠠ ᠪᠦᠳᠤᠮᠵᠢ ᠶᠢᠨ ᠬᠤᠪᠢᠷᠠᠭᠤᠯᠤᠯᠳᠠ᠂ ᠮᠡᠷᠬᠡᠵᠢᠯ ᠤᠨ ᠳᠡᠯᠬᠡᠷᠡᠬᠦᠯᠤᠯᠳᠠ᠂ ᠴᠢᠳᠠᠪᠤᠷᠢᠳᠠᠨ ᠤ ᠰᠤᠯᠢᠯᠴᠠᠭ᠎ᠠ ᠵᠡᠷᠬᠡ ᠳᠠᠯ᠎ᠠ ᠶᠢᠨ ᠪᠤᠳᠠᠳᠠᠢ ᠬᠠᠮᠳᠤᠷᠠᠯᠴᠠᠭ᠎ᠠ ᠪᠠᠨ ᠢᠳᠡᠪᠬᠢᠳᠠᠢ ᠡᠷᠢᠯᠬᠢᠯᠡᠨ ᠠᠬᠢᠭᠤᠯᠵᠤ᠂ ᠭᠠᠵᠠᠷ ᠤᠷᠤᠨ ᠤ ᠠᠵᠤ ᠠᠬᠤᠢ ᠶᠢᠨ ᠴᠢᠨᠠᠷᠯᠢᠭ ᠬᠦᠭᠵᠢᠯᠳᠠ ᠶᠢ ᠠᠬᠢᠭᠤᠯᠬᠤ ᠳᠤ  ᠤᠶᠤᠨᠴᠢ ᠳᠡᠮᠵᠢᠯᠬᠡ ᠬᠠᠩᠭᠠᠨ᠎ᠠ ᠬᠡᠵᠤ ᠢᠯᠡᠷᠬᠡᠶᠢᠯᠡᠪᠡ᠃     ᠬᠤᠰᠢᠭᠤ ᠤᠳᠤᠷᠢᠳᠤᠯᠭ᠎ᠠ ᠯᠢ ᠵᠢᠶᠠ ᠭᠤᠸᠠᠨ᠂ ᠶᠠᠩ ᠵᠢᠢ ᠴᠢᠶᠠᠩ ᠵᠢᠴᠢ ᠬᠤᠰᠢᠭᠤ ᠵᠠᠰᠠᠭ ᠤᠨ ᠤᠷᠳᠤᠨ ᠤ ᠠᠯᠪᠠᠨ ᠬᠡᠷ᠂ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠤᠨ ᠰᠠᠭᠤᠳᠠᠯ ᠤᠨ ᠬᠤᠷᠠᠯ ᠳᠤ ᠤᠷᠤᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号