12 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ | ᠤ ᠣᠷᠣᠯᠠᠭᠴᠢ ᠬᠤᠰᠢᠭᠤ ᠲᠠᠷᠤᠭ᠎ᠠ ᠶᠠᠩ ᠶᠢᠩ ᠰᠢᠨ ᠣᠯᠵᠠᠴᠢ ᠪᠠᠯᠭᠠᠰᠣᠨ ᠳᠤ ᠭᠦᠨᠵᠡᠭᠡᠶᠢᠷᠡᠨ ᠬᠦᠳᠡᠭᠡ | ᠲᠣᠰᠬᠤᠨ ᠢ ᠬᠦᠭᠵᠢᠭᠦᠯᠦᠨ ᠮᠠᠨᠳᠣᠭᠤᠯᠬᠤ ᠪᠠ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠵᠡᠷᠭᠡ ᠠᠵᠢᠯ ᠢ | ᠪᠠᠶᠢᠴᠠᠭᠠᠨ ᠰᠣᠳᠣᠯᠪᠠ᠃ | ᠶᠠᠩ ᠶᠢᠩ ᠰᠢᠨ᠂ ᠲᠠᠬᠢᠯᠳᠦ ᠳᠠᠬᠢ ᠠᠮᠢᠳᠦ ᠮᠠᠯ ᠤᠨ ᠠᠷᠠᠯᠵᠢᠶᠠᠨ ᠤ ᠵᠠᠬ᠎ᠠ ᠲᠯᠡᠭᠡᠭᠦᠷ ᠲᠤ ᠬᠦᠷᠴᠦ | ᠠᠷᠠᠯᠵᠢᠶᠠᠨ ᠤ ᠵᠠᠬ᠎ᠠ ᠲᠡᠯᠭᠡᠭᠦᠷ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ᠂ ᠠᠷᠠᠯᠵᠢᠶᠠᠨ ᠤ ᠵᠠᠭᠪᠣᠷ᠂ | ᠠᠷᠠᠯᠵᠢᠶᠠᠨ ᠤ ᠲᠤᠭ᠎ᠠ ᠬᠡᠮᠵᠢᠶ᠎ᠡ ᠵᠢᠴᠢ ᠡᠵᠡᠩᠨᠡᠯᠳᠡ ᠲᠣᠮᠳᠠ ᠣᠷᠣᠰᠢᠵᠣ ᠪᠠᠶᠢᠭ᠎ᠠ ᠬᠦᠴᠢᠷᠳᠡᠯ ᠵᠡᠷᠭᠡ ᠪᠠᠶᠢᠳᠠᠯ ᠢ | ᠨᠠᠷᠢᠨ ᠣᠶᠢᠯᠠᠭᠠᠪᠠ᠃ ᠲᠡᠷᠡ᠂ ᠲᠠᠬᠢᠯᠳᠦ ᠳᠠᠬᠢ ᠠᠮᠢᠳᠦ ᠮᠠᠯ ᠤᠨ ᠠᠷᠠᠯᠵᠢᠶᠠᠨ ᠤ ᠵᠠᠬ᠎ᠠ ᠲᠡᠯᠭᠡᠭᠦᠷ ᠨᠢ ᠲᠣᠮᠳᠠᠳᠦ | ᠣᠯᠣᠰ ᠤᠨ ᠪᠠᠷᠠᠭᠤᠨ ᠬᠤᠶᠢᠳᠦ ᠣᠷᠣᠨ ᠤ ᠬᠡᠪᠴᠢᠶ᠎ᠡ ᠪᠠᠷ ᠬᠠᠮᠤᠭ ᠶᠡᠭᠡ᠂ ᠲᠦᠷᠦᠯ ᠵᠣᠶᠢᠯ ᠢᠶᠠᠷ ᠬᠠᠮᠤᠭ ᠪᠦᠷᠢᠨ᠂ | ᠠᠮᠢᠵᠢᠷᠠᠯ ᠤᠨ ᠬᠦᠴᠦᠨ ᠢᠶᠠᠷ ᠬᠠᠮᠤᠭ ᠲᠡᠭᠦᠯᠳᠡᠷ ᠠᠮᠢᠳᠦ ᠮᠠᠯ ᠤᠨ ᠠᠷᠠᠯᠵᠢᠶᠠᠨ ᠤ ᠵᠠᠬ᠎ᠠ ᠲᠡᠯᠭᠡᠭᠦᠷ ᠪᠣᠯᠣᠭᠰᠠᠨ | ᠤ ᠬᠤᠪᠢ ᠳᠤ ᠦᠪᠡᠷ ᠤᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠣ᠂ ᠡᠵᠡᠩᠨᠡᠯᠳᠡ ᠬᠠᠮᠢᠠᠶᠠᠷᠣᠯᠳᠠ ᠪᠠᠨ ᠣᠯᠠᠮ | ᠨᠢᠭᠡ ᠠᠯᠬᠤᠮ ᠲᠦᠷᠢᠮᠵᠢᠭᠦᠯᠦᠨ᠂ ᠵᠠᠬ᠎ᠠ ᠲᠡᠯᠭᠡᠭᠦᠷ ᠤᠨ ᠵᠠᠳᠠᠯᠣᠯᠳᠠ ᠪᠠᠨ ᠴᠢᠩᠭᠠᠳᠬᠵᠣ᠂ ᠦᠨᠳᠦᠰᠦᠨ ᠳ᠋ᠠᠶᠢᠲᠨ | ᠬᠦᠮᠦᠷᠭᠡ ᠪᠠᠶᠢᠭᠤᠯᠣᠨ᠂ ᠮᠠᠯᠴᠢᠨ ᠲᠠᠷᠢᠶᠠᠴᠢᠳ ᠤᠨ ᠠᠮᠢᠳᠦ ᠮᠠᠯ ᠤᠨ ᠠᠷᠠᠯᠵᠢᠶᠠᠨ ᠤ ᠬᠦᠴᠢᠷ ᠠᠰᠠᠭᠤᠳᠠᠯ ᠢ | ᠪᠦᠳᠦᠮᠵᠢᠳᠡᠢ ᠰᠢᠢᠳᠪᠦᠷᠢᠯᠡᠵᠣ᠂ ᠪᠠᠭ᠎ᠠ ᠲᠣᠭᠠᠨ ᠤ ᠢᠳᠡᠭᠡᠮᠵᠢᠳᠦ ᠵᠢᠭᠡᠯᠡᠯᠭᠡ ᠶᠢᠨ ᠮᠦᠩᠭᠦᠨ ᠭᠦᠢᠯᠭᠡᠭᠡ ᠪᠠᠷ | ᠲᠡᠳᠬᠦᠬᠦ ᠵᠠᠭᠪᠣᠷ ᠢ ᠰᠦᠪᠡᠭᠴᠢᠯᠡᠨ ᠪᠠᠶᠢᠭᠤᠯᠵᠣ᠂ ᠠᠮᠢᠳᠦ ᠮᠠᠯ ᠤᠨ ᠵᠢᠵᠢᠭ ᠬᠤᠳᠠᠯᠳᠣᠭᠠᠴᠢᠨ ᠳᠤ ᠴᠢᠨᠠᠷᠯᠢᠭ | ᠮᠦᠩᠭᠦᠨ ᠭᠦᠢᠯᠭᠡᠭᠡᠨ ᠤ ᠣᠶᠢᠯᠡᠴᠢᠯᠡᠭᠡᠨ ᠤ ᠪᠠᠳᠣᠯᠠᠭ᠎ᠠ ᠬᠠᠩᠭᠠᠬᠤ ᠬᠡᠷᠡᠭᠳᠡᠢ᠃ ᠡᠭᠦᠨ ᠤ ᠬᠠᠮᠳᠦ ᠠᠮᠢᠳᠦ ᠮᠠᠯ ᠤᠨ | ᠠᠷᠠᠯᠵᠢᠶᠠᠨ ᠤ ᠵᠠᠬ᠎ᠠ ᠲᠠᠯᠭᠡᠭᠦᠷ ᠤᠨ ᠡᠮᠬᠢ ᠲᠢᠭᠯᠢᠮ ᠲᠠᠢ ᠬᠠᠮᠢᠶᠠᠷᠣᠯᠳᠠ ᠶᠢ ᠣᠯᠠᠮ ᠨᠢᠭᠡ ᠠᠯᠬᠤᠮ ᠴᠢᠩᠭᠠᠳᠬᠠᠨ᠂ | ᠡᠯ᠎ᠡ ᠲᠦᠷᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠴᠢᠩᠭ᠎ᠠ | ᠨᠠᠶᠢᠳᠠᠪᠦᠷᠢᠵᠢᠭᠤᠯᠵᠣ᠂ ᠠᠮᠢᠳᠠᠨ ᠤ ᠬᠢᠵᠢᠭ ᠡᠪᠡᠳᠴᠢᠨ ᠤ ᠰᠣᠯᠪᠢᠴᠠᠯ ᠬᠠᠯᠳᠠᠪᠦᠷᠢᠯᠠᠯ ᠪᠠ ᠰᠢᠨ᠎ᠡ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠦᠷᠢᠯᠠᠯ ᠠᠴᠠ ᠴᠢᠩᠭ᠎ᠠ ᠰᠡᠷᠭᠡᠶᠢᠯᠡᠨ᠂ ᠠᠮᠢᠳᠦ ᠮᠠᠯ ᠤᠨ | ᠠᠷᠠᠯᠵᠢᠶᠠᠨ ᠤ ᠵᠠᠬ᠎ᠠ ᠲᠡᠯᠭᠡᠭᠦᠷ ᠤᠨ ᠠᠮᠣᠷ ᠲᠦᠪᠰᠢᠨ ᠡᠮᠬᠢ ᠵᠠᠮᠪᠠᠷᠠᠭ᠎ᠠ ᠲᠠᠢ ᠡᠵᠡᠩᠨᠡᠯᠳᠡ ᠶᠢ ᠦᠨᠡᠨ ᠬᠦ | ᠪᠠᠳᠣᠯᠠᠬᠤ ᠬᠡᠷᠡᠭᠳᠡᠢ ᠭᠡᠵᠣ ᠵᠢᠭᠠᠭᠰᠠᠨ ᠪᠠᠶᠢᠨ᠎ᠠ᠃ | ᠶᠠᠩ ᠶᠢᠩ ᠰᠢᠨ᠂ ᠣᠣᠯ ᠤᠨ ᠣᠯᠵᠠᠴᠢ ᠪᠠᠯᠭᠠᠰᠣᠨ ᠤ ᠠᠵᠣ ᠣᠶᠢᠯᠠᠳᠪᠦᠷᠢ ᠤᠨ ᠬᠦᠷᠢᠶᠡᠯᠡᠩ ᠲᠣᠭᠤᠷᠢᠭ᠂ | ᠣᠯᠠᠭᠠᠨ ᠰᠢᠨ᠎ᠡ ᠲᠣᠭᠤᠷᠢᠭ ᠠᠴᠠ ᠣᠯᠵᠠᠴᠢ ᠪᠠᠯᠭᠠᠰᠣᠨ ᠤ ᠶᠡᠷᠦᠩᠬᠡᠶᠢᠯᠡᠭᠰᠡᠨ ᠠᠵᠣ ᠣᠶᠢᠯᠠᠰ ᠤᠨ ᠬᠦᠷᠢᠶᠡᠯᠡᠩ | ᠳᠤ ᠬᠦᠷᠬᠦ ᠵᠠᠰᠠᠮᠠᠯ ᠵᠠᠮ ᠤᠨ ᠢᠨ᠋ᠵᠧᠨᠧᠷᠢᠩ ᠤᠨ ᠵᠠᠮ ᠱᠣᠭᠤᠮ ᠪᠣᠯᠣᠨ ᠣᠯᠵᠠᠴᠢ ᠪᠠᠯᠭᠠᠰᠣᠨ ᠤ ᠬᠤᠭ ᠨᠣᠪᠰᠢ | ᠰᠢᠢᠳᠪᠦᠷᠢᠯᠡᠭᠦ ᠲᠠᠯᠠᠪᠣᠷ ᠤᠨ ᠲᠦᠷᠦᠯ ᠵᠣᠶᠢᠯ ᠤᠨ ᠪᠡᠯᠡᠳᠬᠡᠯ ᠰᠣᠩᠭᠤᠯᠳᠠ ᠶᠢᠨ ᠭᠠᠵᠠᠷ ᠢ ᠪᠠᠶᠢᠴᠠᠭᠠᠨ ᠦᠵᠡᠵᠣ᠂ | ᠬᠦᠷᠢᠶᠡᠯᠡᠩ ᠲᠣᠭᠤᠷᠢᠭ ᠤᠨ ᠲᠦᠯᠦᠪᠵᠢᠭᠦᠯᠭᠡ ᠶᠢᠨ ᠪᠠᠶᠢᠷᠢᠯᠠᠭᠤᠯᠣᠯᠳᠠ᠂ ᠭᠠᠵᠠᠷ ᠰᠢᠷᠣᠢ ᠶᠢᠨ ᠠᠰᠢᠭᠯᠠᠯᠳᠠ ᠵᠢᠴᠢ | ᠵᠠᠰᠠᠮᠠᠯ ᠵᠠᠮ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠭᠦ ᠲᠠᠯᠠᠪᠦᠷ ᠤᠨ ᠲᠦᠷᠦᠯ ᠵᠣᠶᠢᠯ ᠤᠨ | ᠲᠦᠯᠦᠪᠵᠢᠭᠦᠯᠭᠡ ᠶᠢᠨ ᠭᠠᠵᠠᠷ ᠤᠨ ᠰᠣᠩᠭᠤᠯᠳᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ ᠲᠠᠷᠠᠭ᠎ᠠ᠂ | ᠬᠦᠷᠢᠶᠠᠯᠠᠩ ᠲᠣᠭᠤᠷᠢᠭ ᠤᠨ ᠨᠢᠭᠡᠳᠦᠯᠳᠡᠢ ᠬᠠᠮᠢᠶᠠᠷᠣᠯᠳᠠ ᠶᠢ ᠴᠢᠩᠭᠠᠳᠬᠠᠵᠣ᠂ ᠠᠵᠢᠯ ᠤᠨ ᠰᠡᠳᠬᠢᠮᠵᠢ ᠪᠠᠨ ᠣᠯᠠᠮ | ᠨᠢᠭᠡ ᠠᠯᠬᠤᠮ ᠲᠣᠳᠣᠷᠬᠠᠶᠢᠯᠠᠨ᠂ ᠴᠢᠳᠠᠪᠬᠢ ᠶᠢᠨ ᠪᠠᠶᠢᠷᠢᠰᠢᠭᠤᠯᠣᠯᠳᠠ ᠪᠠᠨ ᠲᠠᠬᠢᠨ ᠲᠣᠭᠳᠠᠭᠠᠵᠣ᠂ ᠬᠦᠷᠢᠶᠠᠯᠠᠩ | ᠲᠣᠭᠤᠷᠢᠭ ᠤᠨ ᠠᠵᠣ ᠠᠬᠤᠶᠢᠯᠠᠯ ᠤᠨ ᠰᠣᠯᠠ ᠭᠠᠵᠠᠷ ᠡᠵᠡᠯᠡᠵᠣ ᠪᠠᠶᠢᠭ᠎ᠠ ᠪᠠᠶᠢᠳᠠᠯ ᠢ ᠪᠠᠶᠢᠴᠠᠭᠠᠬᠤ ᠬᠦᠴᠦᠨ ᠢᠶᠠᠨ | ᠡᠷᠴᠢᠮᠵᠢᠭᠦᠯᠦᠨ᠂ ᠨᠢᠭᠡ ᠪᠦᠯᠦᠭ ᠲᠦᠷᠦᠯ ᠵᠣᠶᠢᠯ᠂ ᠣᠶᠢᠯᠠᠳᠪᠦᠷᠢ ᠶᠢᠨ ᠭᠡᠷ ᠪᠠᠶᠢᠰᠢᠩ ᠪᠣᠯᠣᠨ ᠭᠠᠵᠠᠷ ᠰᠢᠷᠣᠢ | ᠵᠡᠷᠭᠡ ᠰᠣᠯᠠ ᠣᠷᠬᠢᠭᠳᠠᠭᠰᠠᠨ ᠡᠬᠢ ᠰᠣᠷᠪᠣᠯᠵᠢ ᠶᠢᠨ ᠬᠡᠷᠡᠭᠯᠡᠯᠳᠡ ᠶᠢ ᠠᠮᠢᠳᠣᠯᠢᠭᠵᠢᠭᠤᠯᠬᠤ ᠶᠢᠨ ᠬᠠᠮᠳᠦ ︽ | ᠠᠷᠪᠢᠯᠠᠨ ᠡᠷᠴᠢᠮᠵᠢᠭᠦᠯᠵᠣ᠂ ᠬᠡᠷᠡᠭᠯᠡᠯᠳᠡ ᠶᠢ ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠳᠠᠯᠠᠵᠣ᠂ ᠰᠣᠯᠠ ᠪᠠᠶᠢᠭ᠎ᠠ | ᠭᠠᠵᠠᠷ ᠤᠨ ᠲᠠᠬᠢᠨ ᠠᠰᠢᠭᠯᠠᠯᠳᠠ ᠶᠢᠨ ᠰᠢᠨᠵᠢᠯᠡᠭᠦ ᠣᠬᠠᠭᠠᠨᠴᠢ ᠴᠢᠨᠠᠷ ᠪᠣᠯᠣᠨ ᠪᠦᠳᠦᠮᠵᠢᠳᠦ ᠴᠢᠨᠠᠷ ᠢ ᠪᠠᠳᠣᠯᠠᠵᠣ᠂ | ᠬᠠᠳᠠᠭᠠᠯᠠᠮᠵᠢ ᠶᠢ ᠠᠮᠢᠳᠣᠯᠢᠭᠵᠢᠭᠤᠯᠣᠨ᠂ ᠨᠡᠮᠡᠭᠳᠡᠯ ᠢ ᠰᠢᠯᠢᠳᠡᠭᠵᠢᠭᠦᠯᠬᠦ ᠶᠢ ᠦᠨᠡᠨ ᠬᠦ ᠰᠠᠶᠢᠳᠦᠷ ᠬᠢᠬᠦ ᠬᠡᠷᠡᠭᠳᠡᠢ᠃ | ᠵᠠᠰᠠᠮᠠᠯ ᠵᠠᠮ ᠤᠨ ᠢᠨᠵᠧᠨᠧᠷᠢᠩ ᠪᠣᠯᠣᠨ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠭᠦ ᠲᠠᠯᠠᠪᠣᠷ ᠤᠨ | ᠪᠠᠶᠢᠭᠤᠯᠣᠯᠳᠠ ᠶᠢᠨ ᠲᠦᠷᠦᠯ ᠵᠣᠶᠢᠯ ᠢ ᠠᠷᠠᠳ ᠤᠨ ᠠᠮᠢᠳᠣᠷᠠᠯ ᠤᠨ ᠬᠠᠷᠠᠭᠠᠯᠵᠠᠯ ᠤᠨ ᠴᠢᠬᠤᠯᠠ ᠢᠨᠵᠧᠨᠧᠷᠢᠩ | ᠪᠣᠯᠭᠠᠨ ᠬᠡᠷᠡᠭᠵᠢᠭᠦᠯᠵᠣ᠂ ᠪᠣᠳᠠᠳᠠᠢ ᠲᠠᠢ ᠨᠢᠭᠳᠠ ᠣᠶᠠᠯᠳᠣᠭᠤᠯᠬᠤ᠂ ᠭᠦᠢᠴᠡᠳ ᠰᠣᠳᠣᠯᠣᠨ ᠨᠣᠳᠠᠯᠠᠭᠰᠠᠨ | ᠰᠠᠭᠤᠷᠢᠨ ᠲᠡᠭᠡᠷ᠎ᠡ ᠲᠦᠯᠦᠪᠵᠢᠭᠦᠯᠭᠡ ᠶᠢᠨ ᠭᠠᠵᠠᠷ ᠤᠨ ᠰᠣᠩᠭᠤᠯᠳᠠ ᠶᠢ ᠣᠯᠠᠮ ᠨᠢᠭᠡ ᠠᠯᠬᠤᠮ ᠰᠢᠯᠢᠳᠡᠭᠵᠢᠭᠦᠯᠵᠣ᠂ | ᠠᠷᠠᠳ ᠤᠨ ᠠᠮᠢᠳᠣᠷᠠᠯ ᠤᠨ ᠢᠨᠵᠧᠨᠧᠷᠢᠩ ᠢ ᠠᠷᠠᠳ ᠢ ᠬᠠᠷᠠᠭᠠᠯᠵᠠᠭᠰᠠᠨ᠂ ᠠᠷᠠᠳ ᠤᠨ ᠰᠡᠳᠬᠢᠯ ᠳᠤ ᠨᠡᠶᠢᠴᠡᠭᠰᠡᠨ | ᠢᠨᠵᠧᠨᠧᠷᠢᠩ ᠪᠣᠯᠭᠠᠬᠤ ᠶᠢ ᠪᠠᠳᠣᠯᠠᠬᠤ ᠬᠡᠷᠡᠭᠳᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠬᠠᠷᠢᠯᠴᠠᠭ᠎ᠠ | ᠬᠠᠮᠳᠣᠷᠠᠯᠴᠠᠭ᠎ᠠ ᠪᠠᠨ ᠴᠢᠩᠭᠠᠳᠬᠠᠨ᠂ ᠰᠠᠨᠠᠭᠠᠴᠢᠯᠠᠭ᠎ᠠ ᠠᠴᠠ ᠪᠠᠨ ᠣᠶᠢᠯᠡᠴᠢᠯᠡᠵᠣ᠂ ᠲᠦᠷᠦᠯ ᠵᠣᠶᠢᠯ ᠤᠨ ᠡᠮᠦᠨ᠎ᠡ | ᠬᠤᠭᠤᠴᠠᠭᠠᠨ ᠤ ᠡᠯ᠎ᠡ ᠲᠦᠷᠦᠯ ᠤᠨ ᠪᠡᠯᠡᠳᠬᠡᠯ ᠠᠵᠢᠯ ᠢ ᠲᠦᠷᠭᠡᠳᠬᠡᠨ᠂ ᠲᠦᠷᠦᠯ ᠵᠣᠶᠢᠯ ᠢ ᠡᠷᠳᠡᠭᠡᠨ ᠪᠠᠷᠢᠯᠭ᠎ᠠ | ᠡᠬᠢᠯᠡᠭᠦᠯᠬᠦ ᠪᠠᠷ ᠴᠢᠷᠮᠠᠶᠢᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠡᠶᠢᠨ᠎ᠠ᠃ | ᠬᠤᠰᠢᠭᠤ ᠣᠳᠣᠷᠢᠳᠣᠯᠭ᠎ᠠ ᠱᠢ ᠬᠤᠢ᠂ ᠶᠠᠩ ᠵᠢᠢ ᠴᠢᠶᠠᠩ ᠵᠢᠴᠢ ᠬᠤᠰᠢᠭᠤ ᠵᠠᠰᠭᠭ ᠤᠨ ᠣᠷᠳᠣᠨ ᠤ | ᠠᠯᠪᠠᠨ ᠭᠡᠷ᠂ ᠣᠯᠵᠠᠴᠢ ᠪᠠᠯᠭᠠᠰᠦ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠳᠠᠳ ᠬᠠᠮᠳᠦ ᠪᠠᠶᠢᠴᠠᠭᠠᠨ ᠰᠣᠳᠣᠯᠪᠠ᠃ | | |