ᠬᠤᠰᠢᠭᠤ ᠨᠡᠬᠦᠷᠡᠰᠦᠨ ᠤ ᠡᠬᠢ ᠰᠣᠷᠪᠣᠯᠵᠢ ᠶᠢᠨ ᠬᠦᠷᠢᠶ᠎ᠡ ᠴᠠᠷᠠᠭᠠᠨ ᠳᠠᠬᠢ ᠬᠠᠤᠯᠢ ᠳᠦᠷᠢᠮ ᠵᠦᠷᠢᠴᠡᠭᠰᠡᠨ ᠠᠰᠠᠭᠤᠳᠠᠯ ᠢ ᠲᠦᠪᠯᠡᠷᠡᠩᠭᠦᠢ ᠪᠠᠷ ᠴᠡᠭᠴᠡᠯᠡᠨ ᠬᠠᠷᠭᠤᠭᠤᠯᠵᠤ  ᠢᠯᠡᠷᠡᠭᠦᠯᠦᠭᠰᠡᠨ ᠠᠰᠠᠭᠤᠳᠠᠯ ᠤᠨ ᠴᠡᠭᠴᠡᠯᠡᠯᠲᠡ ᠶᠢᠨ ᠠᠵᠢᠯ ᠤᠨ ᠣᠳᠣᠷᠢᠳᠬᠤ ᠳᠣᠭᠤᠶᠢᠯᠠᠩ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/12/23
    12 ᠰᠠᠷ᠎ᠠ ᠶᠢᠨ 20 ᠤ ᠡᠳᠦᠷ᠂ ᠬᠤᠰᠢᠭᠤ ᠨᠡᠬᠦᠷᠡᠰᠦᠨ ᠤ ᠡᠬᠢ ᠰᠣᠷᠪᠣᠯᠵᠢ ᠶᠢᠨ ᠬᠦᠷᠢᠶ᠎ᠡ ᠴᠠᠷᠠᠭᠠᠨ ᠳᠠᠬᠢ ᠬᠠᠤᠯᠢ ᠳᠦᠷᠢᠮ ᠵᠦᠷᠢᠴᠡᠭᠰᠡᠨ ᠠᠰᠠᠭᠤᠳᠠᠯ ᠢ ᠲᠦᠪᠯᠡᠷᠡᠩᠭᠦᠢ ᠪᠠᠷ ᠴᠡᠭᠴᠡᠯᠡᠨ ᠬᠠᠷᠭᠤᠭᠤᠯᠵᠤ ᠢᠯᠡᠷᠡᠭᠦᠯᠦᠭᠰᠡᠨ ᠠᠰᠠᠭᠤᠳᠠᠯ ᠤᠨ ᠴᠡᠭᠴᠡᠯᠡᠯᠲᠡ ᠶᠢᠨ ᠠᠵᠢᠯ ᠤᠨ ᠣᠳᠣᠷᠢᠳᠬᠤ ᠳᠣᠭᠤᠶᠢᠯᠠᠩ ᠤᠨ ᠬᠤᠷᠠᠯ ᠬᠤᠷᠠᠯᠳᠣᠵᠣ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠶᠠᠩ ᠶᠢᠩ ᠰᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠶᠠᠩ ᠶᠢᠩ ᠰᠢᠨ ᠠᠴᠠ ᠣᠳᠣᠬᠠᠨ ᠳᠤ᠂ ᠨᠡᠬᠦᠷᠡᠰᠦᠨ ᠤ ᠡᠬᠢ ᠰᠣᠷᠪᠣᠯᠵᠢ ᠶᠢᠨ ᠬᠦᠷᠢᠶ᠎ᠡ ᠴᠠᠷᠠᠭᠠᠨ ᠳᠠᠬᠢ ᠬᠠᠤᠯᠢ ᠳᠦᠷᠢᠮ ᠵᠦᠷᠢᠴᠡᠭᠰᠡᠨ ᠠᠰᠠᠭᠤᠳᠠᠯ ᠢ ᠲᠦᠪᠯᠡᠷᠡᠩᠭᠦᠢ ᠪᠠᠷ ᠴᠡᠭᠴᠡᠯᠡᠨ ᠬᠠᠷᠭᠤᠭᠤᠯᠵᠤ ᠢᠯᠡᠷᠡᠭᠦᠯᠦᠭᠰᠡᠨ ᠠᠰᠠᠭᠤᠳᠠᠯ ᠤᠨ ᠴᠡᠭᠴᠡᠯᠡᠯᠲᠡ ᠶᠢᠨ ᠠᠵᠢᠯ ᠨᠢᠭᠡᠨᠲᠡ ᠲᠦᠪᠯᠡᠷᠡᠩᠭᠦᠢ ᠰᠢᠪᠲᠤᠯᠤᠯᠲᠠ ᠶᠢᠨ ᠵᠠᠩᠬᠢᠯᠠᠭ᠎ᠠ ᠶᠢᠨ ᠬᠤᠭᠤᠴᠠᠭᠠᠨ ᠳᠤ ᠬᠦᠷᠦᠭᠰᠡᠨ ᠪᠤᠯᠬᠤᠷ ᠡᠯ᠎ᠡ ᠲᠤᠰᠬᠠᠢ ᠠᠵᠢᠯ ᠤᠨ ᠳᠤᠭᠤᠶᠢᠯᠠᠩ ᠠᠴᠠ ᠲᠤᠯᠤᠭᠠᠶᠢᠯᠠᠭᠴᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠤᠨ᠂ ᠡᠯ᠎ᠡ ᠭᠤᠭᠴᠤᠭᠠᠨ ᠤ ᠠᠵᠢᠯ ᠢ ᠨᠢᠭᠡᠳᠦᠯᠲᠡᠢ ᠲᠦᠯᠦᠪᠵᠢᠬᠦᠯᠦᠨ ᠲᠤᠬᠢᠷᠠᠭᠤᠯᠵᠤ᠂ ᠠᠵᠢᠯ ᠤᠨ ᠠᠬᠢᠴᠠ ᠪᠠᠨ ᠬᠤᠭᠤᠴᠠᠭᠠᠯᠠᠵᠤ ᠲᠤᠭᠲᠠᠭᠠᠨ᠂ ᠠᠵᠢᠯ ᠤᠨ ᠲᠡᠰ ᠳᠠᠷᠠᠭ᠎ᠠ ᠪᠠᠨ ᠤᠨᠤᠪᠴᠢᠲᠠᠢ ᠲᠤᠬᠢᠷᠠᠭᠤᠯᠵᠤ᠂ ᠠᠰᠠᠭᠤᠳᠠᠯ ᠤᠨ ᠴᠡᠭᠴᠡᠯᠡᠯᠲᠡ ᠶᠢᠨ ᠠᠵᠢᠯ ᠤᠨ ᠭᠤᠭᠴᠤᠭ᠎ᠠ ᠵᠠᠩᠭᠢᠯᠠᠭ᠎ᠠ ᠶᠢ ᠵᠠᠪᠳᠣᠨ᠂ ᠦᠳᠲᠡᠷ ᠲᠦᠷᠬᠡᠨ ᠨᠠᠶᠢᠲᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠣᠳᠣᠷᠢᠳᠬᠤ ᠳᠣᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠠᠴᠠ ᠬᠠᠷᠢᠯᠴᠠᠨ ᠵᠤᠬᠢᠴᠠᠭᠤᠯᠬᠤ ᠪᠠᠨ ᠴᠢᠩᠭᠠᠳᠬᠠᠵᠤ᠂ ᠬᠠᠮᠢᠶ᠎ᠠ ᠪᠦᠬᠦᠢ ᠲᠦᠷᠦ  ᠶᠢᠨ ᠪᠤᠳᠤᠯᠭ᠎ᠠ ᠶᠢ ᠬᠢᠨᠠᠮᠠᠭᠠᠢ ᠰᠣᠳᠣᠯᠣᠨ᠂ ᠶᠠᠪᠤᠴᠠ ᠠᠯᠬᠤᠮ ᠳᠠᠷᠠᠭ᠎ᠠ ᠶᠤᠰᠤᠭᠠᠷ ᠴᠡᠭᠴᠡᠯᠡᠯᠲᠡ ᠶᠢᠨ ᠠᠵᠢᠯ ᠤᠨ ᠴᠢᠩᠭ᠎ᠠ ᠪᠣᠲᠠᠲᠠᠶᠢᠵᠢᠵᠦ ᠬᠦᠨᠵᠡᠭᠡᠶᠢᠷᠡᠬᠦ ᠶᠢ ᠠᠬᠢᠭᠤᠯᠵᠤ᠂ ᠬᠠᠤᠯᠢ ᠳᠦᠷᠢᠮ ᠶᠤᠰᠤᠭᠠᠷ ᠬᠤᠬᠢᠷᠠᠯ ᠢ ᠮᠦᠷᠳᠡᠨ ᠠᠪᠤᠷᠠᠬᠤ ᠬᠤᠯᠪᠤᠭᠳᠠᠯ ᠪᠦᠬᠦᠢ ᠠᠵᠢᠯ ᠢ ᠠᠬᠢᠭᠤᠯᠬᠤ ᠬᠡᠷᠡᠭᠲᠡᠢ᠃ ᠨᠡᠭᠦᠷᠡᠰᠦᠨ ᠠᠭᠤᠷᠬᠠᠢ ᠶᠢᠨ ᠭᠠᠷᠳᠠᠮ ᠤᠨ ᠬᠦᠢᠴᠡᠳᠬᠡᠯᠲᠡ ᠶᠢᠨ ᠴᠢᠬᠤᠯᠠ ᠲᠤᠬᠢᠶᠠᠯ ᠤᠨ ᠬᠤᠭᠤᠴᠠᠭ᠎ᠠ ᠶᠢ ᠪᠠᠲᠤ ᠡᠵᠡᠮᠳᠡᠨ᠂ ᠬᠠᠮᠢᠶ᠎ᠠ ᠪᠦᠬᠦᠢ ᠠᠵᠤ ᠠᠬᠤᠶᠢᠯᠠᠯ ᠯᠤᠭ᠎ᠠ ᠶᠢᠨ ᠬᠠᠷᠢᠯᠴᠠᠭᠠᠨ ᠤ ᠡᠷᠴᠢᠮ ᠢᠶᠠᠨ ᠴᠢᠩᠭᠠᠳᠬᠠᠵᠤ᠂ ᠳᠡᠭᠡᠳᠦ ᠱᠠᠲᠤ ᠲᠠᠢ ᠰᠠᠨᠠᠭᠠᠴᠢᠯᠠᠭ᠎ᠠ  ᠠᠴᠠ ᠪᠠᠨ ᠬᠠᠷᠢᠯᠴᠠᠨ᠂ ᠨᠡᠬᠦᠷᠡᠰᠦᠨ ᠠᠭᠤᠷᠬᠠᠢ ᠶᠢᠨ ᠭᠠᠷᠳᠠᠮ ᠤᠨ ᠬᠦᠢᠴᠡᠳᠬᠡᠯᠲᠡ ᠪᠠ ᠠᠰᠠᠭᠤᠳᠠᠯ ᠤᠨ ᠴᠡᠭᠴᠡᠯᠡᠯᠲᠡ ᠶᠢᠨ ᠠᠵᠢᠯ ᠵᠡᠷᠭᠡᠪᠡᠷ ᠠᠬᠢᠭᠤᠯᠤᠭᠳᠠᠵᠤ᠂ ᠪᠦᠲᠦᠮᠵᠢ ᠭᠠᠷᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃    ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠵᠢᠢ ᠴᠢᠶᠠᠩ ᠬᠤᠷᠠᠯ ᠢ ᠡᠷᠬᠢᠯᠡᠵᠦ᠂ ᠬᠤᠰᠢᠭᠤ ᠨᠡᠬᠦᠷᠡᠰᠦᠨ ᠤ ᠡᠬᠢ ᠰᠣᠷᠪᠣᠯᠵᠢ ᠶᠢᠨ ᠬᠦᠷᠢᠶ᠎ᠡ ᠴᠠᠷᠠᠭᠠᠨ ᠳᠠᠬᠢ ᠬᠠᠤᠯᠢ ᠳᠦᠷᠢᠮ ᠵᠦᠷᠢᠴᠡᠭᠰᠡᠨ ᠠᠰᠠᠭᠤᠳᠠᠯ ᠢ ᠲᠦᠪᠯᠡᠷᠡᠩᠭᠦᠢ ᠪᠠᠷ ᠴᠡᠭᠴᠡᠯᠡᠨ ᠬᠠᠷᠭᠤᠭᠤᠯᠵᠤ ᠢᠯᠡᠷᠡᠭᠦᠯᠦᠭᠰᠡᠨ ᠠᠰᠠᠭᠤᠳᠠᠯ ᠤᠨ ᠴᠡᠭᠴᠡᠯᠡᠯᠲᠡ ᠶᠢᠨ ᠠᠵᠢᠯ ᠤᠨ ᠣᠳᠣᠷᠢᠳᠬᠤ ᠳᠣᠭᠤᠶᠢᠯᠠᠩ ᠤᠨ ᠡᠯ᠎ᠡ ᠳᠡᠳ᠋ ᠳᠣᠭᠤᠶᠢᠯᠠᠩ ᠤᠨ  ᠳᠠᠷᠤᠭ᠎ᠠ᠂ ᠡᠯ᠎ᠡ ᠪᠦᠷᠢᠯᠳᠦᠬᠦᠨ ᠨᠢᠬᠡᠴᠡ ᠶᠢᠨ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号