12 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠳᠣᠮᠳᠠᠳᠣ | ᠣᠯᠣᠰ ᠤᠨ ᠪᠣᠣ ᠬᠤᠸᠠ ᠬᠤᠪᠢ ᠤᠷᠤᠭᠤᠯᠤᠯᠲᠠ ᠶᠢ ᠡᠷᠬᠡᠰᠢᠶᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠳ᠋ | ᠶᠠᠷᠦᠩᠬᠡᠢ ᠵᠠᠬᠢᠷᠣᠯ ᠵᠣᠣ ᠯᠢᠩ᠂ ᠣᠯᠣᠰ ᠤᠨ ᠴᠠᠬᠢᠯᠭᠠᠨ ᠬᠦᠴᠦᠨ ᠤ ᠭᠤᠸᠠᠩᠰᠢ ᠶᠢᠨ ᠰᠠᠯᠬᠢᠨ ᠬᠦᠴᠦᠨ ᠤ | ᠴᠠᠬᠢᠯᠭᠠᠨ ᠤ ᠨᠡᠭᠡᠭᠡᠨ ᠠᠰᠢᠭᠯᠠᠯᠲᠠ ᠶᠢᠨ ᠬᠢᠵᠠᠭᠠᠷᠲᠤ ᠺᠣᠮᠫᠠᠨᠢ ᠶᠢᠨ ᠲᠦᠯᠦᠪᠵᠢᠬᠦᠯᠬᠡ ᠬᠦᠭᠵᠢᠬᠦᠯᠦᠯᠲᠡ ᠶᠢᠨ | ᠬᠡᠯᠲᠡᠰ ᠤᠨ ᠳᠡᠳ᠋ ᠡᠷᠬᠢᠯᠡᠭᠴᠢ ᠬᠤᠤ ᠲᠧᠩ ᠨᠠᠷ ᠲᠠᠢ ᠰᠠᠭᠤᠳᠠᠯ ᠤᠨ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ | ᠣᠷᠣᠨ ᠨᠣᠲᠤᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠣᠴᠢᠷ ᠶᠠᠪᠤᠳᠠᠯ ᠤᠨ ᠲᠤᠬᠠᠢ ᠵᠦᠪᠳᠡᠯᠴᠡᠪᠡ᠃ | ᠸᠠᠩ ᠢᠦᠢ ᠴᠢᠶᠠᠩ ᠠᠴᠠ ᠵᠣᠣ ᠯᠢᠩ᠂ ᠬᠤᠤ ᠲᠧᠩ ᠨᠠᠷ ᠤᠨ ᠬᠦᠷᠦᠯᠴᠠᠨ ᠢᠷᠡᠭᠰᠡᠨ ᠳᠤ ᠪᠠᠶᠠᠷᠯᠠᠨ | ᠣᠭᠳᠣᠵᠣ ᠪᠠᠶᠢᠬᠤ ᠰᠡᠳᠬᠢᠯ ᠢᠶᠠᠨ ᠢᠯᠡᠳᠬᠡᠪᠡ᠃ ᠣᠲᠤᠭ ᠤᠨ ᠡᠮᠦᠨᠡᠲᠦ ᠬᠤᠰᠢᠭᠤ ᠳᠣᠪᠣᠶᠢᠮ᠎ᠠ ᠣᠷᠣᠨ ᠪᠠᠶᠢᠷᠢ | ᠶᠢᠨ ᠳᠠᠪᠠᠭᠤᠯᠢᠭ ᠲᠠᠢ᠂ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠱᠣᠭᠤᠮ ᠢ ᠪᠠᠶᠢᠭᠤᠯᠤᠨ ᠠᠰᠢᠭᠯᠠᠯᠲᠠ ᠳᠤ | ᠣᠷᠣᠭᠤᠯᠵᠣ᠂ ᠨᠢᠩᠳᠦ᠋ᠩ ᠤᠨ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠲᠠᠢ ᠬᠦᠷᠰᠢᠯᠡᠨ᠂ | ᠴᠡᠪᠡᠷ ᠡᠨᠧᠷᠬᠢ ᠶᠢ ᠬᠦᠭᠵᠢᠬᠦᠯᠬᠦ ᠬᠡᠷᠡᠭᠴᠡᠭᠡ ᠶᠡᠭᠡ᠂ ᠵᠠᠬ᠎ᠠ ᠳᠡᠯᠭᠡᠭᠦᠷ ᠦᠷᠭᠡᠨ ᠠᠭᠤᠳᠠᠮ ᠪᠣᠯᠬᠤᠷ ᠰᠢᠨ᠎ᠡ ᠡᠨᠧᠷᠬᠢ | ᠶᠢ ᠬᠦᠭᠵᠢᠬᠦᠯᠬᠦ ᠳᠤ ᠨᠡᠯᠢᠶᠡᠳ ᠰᠠᠶᠢᠨ ᠨᠦᠬᠦᠴᠡᠯ ᠪᠦᠷᠢᠯᠳᠦᠬᠦᠯᠦᠭᠰᠡᠨ ᠪᠠᠶᠢᠨ᠎ᠠ᠃ ᠣᠷᠣᠨ ᠨᠣᠲᠤᠭ ᠪᠠ ᠠᠵᠤ | ᠠᠬᠤᠶᠢᠯᠠᠯ ᠬᠤᠶᠠᠷ ᠲᠠᠯ᠎ᠠ ᠪᠠᠷ ᠢᠶᠠᠨ ᠪᠤᠲᠠᠲᠠᠢ ᠬᠠᠮᠲᠤᠷᠠᠯᠴᠠᠭ᠎ᠠ ᠪᠠᠨ ᠬᠦᠨᠵᠡᠭᠡᠶᠢᠷᠡᠬᠦᠯᠵᠦ᠂ ᠣᠳᠣᠬᠠᠨ ᠤ | ᠬᠦᠭᠵᠢᠯᠲᠡ ᠶᠢᠨ ᠲᠤᠬᠢᠶᠠᠯ ᠢ ᠵᠠᠪᠳᠣᠨ᠂ ᠣᠯᠣᠰ ᠤᠨ ︽ᠨᠡᠬᠦᠷᠡᠰᠦᠳᠦ᠋ᠷᠦᠭᠴᠢ ᠶᠢᠨ ᠤᠷᠬᠢᠯᠰᠢᠯ᠂ | ᠨᠡᠬᠦᠷᠡᠰᠦᠳᠦ᠋ᠷᠦᠭᠴᠢ ᠶᠢᠨ ᠰᠠᠭᠠᠷᠮᠠᠭᠵᠢᠭᠤᠯᠤᠯ︾ ᠤᠨ ᠬᠦᠭᠵᠢᠯᠲᠡ ᠶᠢᠨ ᠱᠠᠭᠠᠷᠳᠠᠯᠭ᠎ᠠ ᠶᠢᠨ ᠲᠤᠭᠤᠷᠢᠨ ᠳᠤ᠂ | ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ᠂ ᠣᠰᠣᠳᠦ᠋ᠷᠦᠭᠴᠢ ᠦᠢᠯᠡᠳᠬᠦ ᠵᠡᠷᠭᠡ ᠰᠢᠨ᠎ᠡ ᠡᠨᠧᠷᠬᠢ ᠶᠢᠨ ᠠᠵᠤ | ᠦᠢᠯᠡᠰ ᠤᠨ ᠬᠡᠯᠬᠢᠶᠡᠵᠢᠯ ᠢ ᠲᠠᠰᠣᠷᠠᠯᠲᠠ ᠦᠬᠡᠢ ᠣᠷᠳᠣᠳᠬᠠᠵᠤ᠂ ᠰᠢᠨ᠎ᠡ ᠡᠨᠧᠷᠬᠢ ᠶᠢᠨ ᠬᠦᠭᠵᠢᠯᠲᠡ ᠪᠠᠷ | ᠣᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠳᠡᠰ ᠳᠡᠪᠰᠢᠯᠲᠡ ᠶᠢ ᠠᠬᠢᠭᠤᠯᠬᠤ ᠪᠠᠷ | ᠳᠠᠮᠵᠢᠭᠤᠯᠤᠨ ᠡᠷᠲᠡᠬᠡᠨ ᠬᠠᠮᠲᠤᠷᠠᠯᠴᠠᠭᠠᠨ ᠤ ᠵᠣᠷᠢᠯᠭ᠎ᠠ ᠪᠠᠨ ᠨᠢᠭᠡᠳᠬᠡᠬᠦ ᠶᠢ ᠬᠦᠰᠡᠵᠦ ᠪᠠᠶᠢᠨ᠎ᠠ᠃ ᠣᠲᠤᠭ ᠤᠨ | ᠡᠮᠦᠨᠡᠲᠦ ᠬᠤᠰᠢᠭᠤᠨ ᠠᠴᠠ ᠠᠵᠤ ᠠᠬᠤᠶᠢᠯᠠᠯ ᠳᠤ ᠬᠠᠮᠤᠭ ᠤᠨ ᠰᠢᠯᠢᠳᠡᠭ ᠦᠢᠯᠡᠴᠢᠯᠡᠭᠡ᠂ ᠬᠠᠮᠤᠭ ᠤᠨ | ᠬᠠᠷᠠᠭᠠᠯᠵᠠᠯ ᠲᠠᠢ ᠲᠦᠷᠦ ᠶᠢᠨ ᠪᠤᠳᠤᠯᠭ᠎ᠠ᠂ ᠬᠠᠮᠤᠭ ᠤᠨ ᠣᠬᠢ ᠰᠠᠶᠢᠨ ᠣᠷᠴᠢᠨ ᠠᠬᠤᠢ ᠶᠢ ᠬᠠᠩᠭᠠᠨ᠂ ᠣᠷᠣᠨ | ᠨᠣᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤᠪᠡᠷ ᠪᠠᠶᠢᠭᠤᠯᠵᠤ ᠬᠠᠮᠲᠤᠪᠡᠷ ᠴᠡᠴᠡᠭᠯᠡᠬᠦ ᠬᠠᠮᠲᠤ ᠪᠠᠷ ᠡᠳ᠋ᠯᠡᠬᠦ | ᠶᠢ ᠪᠡᠶᠡᠯᠡᠬᠦᠯᠬᠦ ᠶᠢ ᠴᠢᠷᠮᠠᠶᠢᠨ ᠠᠬᠢᠭᠤᠯᠤᠨ᠎ᠠ ᠬᠡᠵᠦ ᠬᠡᠯᠡᠭᠰᠡᠨ ᠪᠠᠶᠢᠨ᠎ᠠ᠃ | ᠵᠤᠤ ᠯᠢᠩ᠂ ᠬᠤᠤ ᠲᠧᠩ ᠨᠠᠷ ᠠᠴᠠ ᠠᠵᠤ ᠠᠬᠤᠶᠢᠯᠠᠯ ᠤᠨ ᠢᠶᠠᠨ ᠦᠨᠳᠦᠰᠦᠨ ᠪᠠᠶᠢᠳᠠᠯ ᠪᠠ ᠪᠡᠯᠡ | ᠣᠷᠣᠭᠤᠯᠣᠯᠲᠠ ᠶᠢᠨ ᠪᠤᠳᠤᠯ ᠰᠠᠨᠠᠯ ᠢᠶᠠᠨ ᠲᠠᠨᠢᠯᠴᠠᠭᠤᠯᠵᠤ᠂ ᠠᠵᠤ ᠠᠬᠤᠶᠢᠯᠠᠯ ᠣᠷᠣᠨ ᠨᠣᠲᠤᠭ ᠬᠤᠶᠠᠷ ᠲᠠᠯ᠎ᠠ | ᠪᠠᠷ ᠢᠶᠠᠨ ᠰᠢᠨ᠎ᠡ ᠡᠨᠧᠷᠬᠢ ᠶᠢᠨ ᠨᠡᠭᠡᠭᠡᠨ ᠠᠰᠢᠭᠯᠠᠯᠲᠠ᠂ ᠲᠦᠷᠦᠯ ᠵᠦᠢᠯ ᠤᠨ ᠪᠠᠶᠢᠭᠤᠯᠤᠯᠲᠠ ᠵᠡᠷᠭᠡ ᠲᠠᠯ᠎ᠠ ᠪᠠᠷ | ᠬᠢ ᠨᠡᠩ ᠦᠷᠭᠡᠨ ᠳᠡᠯᠭᠡᠷ ᠬᠦᠷᠢᠶ᠎ᠡ ᠬᠡᠪᠴᠢᠶ᠎ᠡ᠂ ᠨᠡᠩ ᠬᠦᠨᠵᠡᠬᠡᠢ ᠲᠡᠰ ᠳᠠᠪᠬᠤᠷᠭ᠎ᠠ᠂ ᠨᠡᠩ ᠦᠨᠳᠦᠷ ᠳᠦᠪᠰᠢᠨ | ᠪᠦᠬᠦᠢ ᠬᠠᠮᠲᠤᠷᠠᠯᠴᠠᠭ᠎ᠠ ᠶᠢ ᠪᠣᠢ ᠪᠣᠯᠭᠠᠵᠤ᠂ ᠠᠵᠤ ᠠᠬᠤᠶᠢᠯᠠᠯ ᠤᠷᠤᠨ ᠨᠤᠲᠤᠭ ᠤᠨ ᠬᠠᠷᠢᠯᠴᠠᠨ ᠬᠠᠷᠠᠭᠠᠯᠵᠠᠬᠤ᠂ | ᠬᠠᠮᠲᠤᠪᠡᠷ ᠠᠰᠢᠭ ᠬᠦᠷᠲᠡᠬᠦ ᠶᠢ ᠠᠬᠢᠭᠤᠯᠤᠨ᠎ᠠ ᠭᠡᠰᠡᠨ ᠪᠠᠶᠢᠨ᠎ᠠ᠃ | ᠬᠤᠰᠢᠭᠤ ᠤᠳᠤᠷᠢᠳᠤᠯᠭ᠎ᠠ ᠹᠦ᠋ ᠺᠧ᠂ ᠶᠠᠩ ᠵᠢᠢ ᠴᠢᠶᠠᠩ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠳ ᠰᠠᠭᠤᠳᠠᠯ ᠤᠨ ᠬᠤᠷᠠᠯ ᠳᠤ ᠣᠷᠣᠯᠴᠠᠪᠠ᠃ |