ᠸᠠᠩ ᠢᠦᠢ ᠴᠢᠶᠠᠩ ᠤᠷᠳᠤᠰ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠰᠠᠭᠤᠷᠢ ᠮᠦᠩᠬᠦ  ᠶᠢᠨ ᠳᠤᠰᠬᠠᠢ ᠮᠡᠷᠬᠡᠵᠢᠯᠳᠠᠨ ᠬᠡᠰᠢᠬᠦᠨ᠂ ᠪᠡᠯᠡ ᠤᠷᠤᠭᠤᠯᠤᠯᠳᠠ ᠶᠢᠨ ᠵᠦᠪᠯᠡᠭᠴᠢ ᠨᠢᠤ ᠢ ᠫᠢᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2021/12/24
    12 ᠰᠠᠷ᠎ᠠ ᠶᠢᠨ 21 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠤᠷᠳᠤᠰ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠰᠠᠭᠤᠷᠢ ᠮᠦᠩᠬᠦ ᠶᠢᠨ ᠳᠤᠰᠬᠠᠢ ᠮᠡᠷᠬᠡᠵᠢᠯᠳᠠᠨ ᠬᠡᠰᠢᠬᠦᠨ᠂ ᠪᠡᠯᠡ ᠤᠷᠤᠭᠤᠯᠤᠯᠳᠠ ᠶᠢᠨ ᠵᠦᠪᠯᠡᠭᠴᠢ ᠨᠢᠤ ᠢ ᠫᠢᠩ ᠨᠠᠷ ᠲᠠᠢ ᠠᠭᠤᠯᠵᠠᠵᠤ᠂ ᠬᠤᠶᠠᠷ ᠳᠠᠯ᠎ᠠ ᠪᠠᠷ ᠢᠶᠠᠨ ᠤᠷᠤᠨ ᠨᠤᠳᠤᠭ ᠠᠵᠤ ᠠᠬᠤᠶᠢᠯᠠᠯ ᠤᠨ ᠬᠠᠮᠳᠤᠷᠠᠯᠴᠠᠭᠠᠨ ᠤ ᠳᠤᠬᠠᠢ ᠶᠠᠷᠢᠯᠴᠠᠪᠠ᠃     ᠸᠠᠩ ᠢᠦᠢ ᠴᠢᠶᠠᠩ ᠠᠴᠠ ᠨᠢᠦ ᠢ ᠫᠢᠩ ᠨᠠᠷ ᠤᠨ ᠬᠦᠷᠤᠯᠴᠡᠨ ᠢᠷᠡᠭᠰᠡᠨ ᠳᠤ ᠪᠠᠶᠠᠷᠯᠡᠨ ᠤᠭᠳᠤᠵᠤ ᠪᠠᠶᠢᠭ᠎ᠠ  ᠪᠠᠨ ᠢᠯᠡᠤᠨᠬᠡᠪᠡ᠃ ᠸᠠᠩ ᠢᠦᠢ ᠴᠢᠶᠠᠩ᠂ ᠤᠳᠤᠬᠠᠨ ᠳᠤ ᠤᠳᠤᠭ ᠤᠨ ᠡᠮᠤᠨᠡᠳᠤ ᠬᠤᠰᠢᠭᠤ ᠴᠢᠬᠤᠯᠠ ᠪᠠᠶᠢᠯᠳᠤᠬᠤ ᠪᠤᠳᠤᠯᠭ᠎ᠠ ᠶᠢᠨ ᠳᠤᠬᠢᠶᠠᠯ ᠤᠨ ᠬᠤᠭᠤᠴᠠᠭ᠎ᠠ ᠶᠢ ᠴᠢᠩᠭ᠎ᠠ ᠡᠵᠡᠮᠳᠡᠨ᠂ ᠦᠪᠡᠷᠮᠢᠴᠠ ᠤᠷᠤᠨ ᠪᠠᠶᠢᠷᠢ  ᠶᠢᠨ ᠳᠠᠪᠠᠭᠤᠯᠢᠭ᠂ ᠰᠤᠶᠤᠯ ᠢᠷᠬᠡᠨᠰᠢᠯ ᠤᠨ ᠤᠷᠴᠢᠨ ᠠᠬᠤᠢ ᠪᠠ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠵᠤ᠂ ᠰᠤᠶᠤᠯ ᠵᠢᠭᠤᠯᠴᠢᠯᠠᠯ ᠤᠨ ᠤᠶᠢᠯᠡᠰ ᠤᠨ ᠰᠢᠨ᠎ᠠ ᠡᠵᠡᠩᠨᠡᠯᠳᠠ ᠶᠢᠨ ᠬᠡᠯᠪᠡᠷᠢ ᠶᠢ ᠢᠳᠡᠪᠬᠢᠳᠠᠢ ᠪᠤᠵᠠᠭᠠᠶᠢᠷᠠᠭᠤᠯᠤᠨ᠂ ᠰᠤᠶᠤᠯ ᠵᠢᠭᠤᠯᠴᠢᠯᠠᠯ ᠤᠨ ᠤᠶᠢᠯᠡᠰ ᠤᠨ ᠠᠭᠤᠰᠤᠩᠭᠤᠢ ᠬᠦᠭᠵᠢᠯᠳᠠ ᠶᠢ ᠶᠡᠬᠡᠪᠡᠷ ᠠᠬᠢᠭᠤᠯᠵᠤ ᠪᠤᠢ᠃ ᠤᠷᠤᠨ ᠨᠤᠳᠤᠭ ᠠᠵᠤ ᠠᠬᠤᠶᠢᠯᠠᠯ ᠬᠤᠶᠠᠷ ᠳᠠᠯ᠎ᠠ ᠪᠠᠷ ᠢᠶᠠᠨ ᠬᠠᠮᠳᠤᠷᠠᠯᠴᠠᠭ᠎ᠠ ᠪᠠᠨ ᠤᠯᠠᠮ ᠴᠢᠩᠭᠠᠤᠨᠬᠠᠵᠤ᠂ ᠠᠵᠤ ᠤᠶᠢᠯᠡᠰ ᠤᠨ ᠬᠦᠭᠵᠢᠯᠳᠠ ᠶᠢ ᠬᠠᠮᠳᠤᠪᠠᠷ  ᠠᠬᠢᠭᠤᠯᠤᠨ᠂ ᠪᠤᠳᠠᠳᠠᠢ ᠬᠠᠮᠳᠤᠷᠠᠯᠴᠠᠭ᠎ᠠ ᠪᠠᠷ ᠳᠠᠮᠵᠢᠨ ᠤᠳᠤᠬᠢ ᠡᠬᠢ ᠪᠠᠶᠠᠯᠢᠭ ᠢᠶᠠᠨ ᠪᠦᠳᠤᠮᠵᠢᠳᠠᠢ ᠠᠮᠢᠳᠤᠯᠢᠭᠵᠢᠭᠤᠯᠤᠨ ᠰᠠᠶᠢᠳᠤᠷ ᠬᠡᠷᠡᠭᠯᠡᠵᠤ᠂ ᠰᠤᠶᠤᠯ ᠵᠢᠭᠤᠯᠴᠢᠯᠠᠯ ᠤᠨ ᠤᠶᠢᠯᠡᠰ ᠤᠨ ᠬᠦᠨᠵᠡᠬᠡᠢ ᠠᠭᠤᠰᠤᠯᠴᠠᠯ ᠬᠦᠭᠵᠢᠯᠳᠠ ᠶᠢ ᠬᠠᠮᠳᠤᠪᠡᠷ ᠠᠬᠢᠭᠤᠯᠬᠤ ᠶᠢ ᠬᠦᠰᠡᠵᠤ ᠪᠠᠶᠢᠨ᠎ᠠ᠃ ᠤᠳᠤᠭ ᠤᠨ ᠡᠮᠤᠨᠡᠳᠤ ᠬᠤᠰᠢᠭᠤ ᠤᠶᠢᠯᠡᠴᠢᠯᠡᠭᠡ ᠶᠢᠨ ᠪᠠᠳᠤᠯᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠤᠨᠬᠠᠨ᠂ ᠬᠦᠨᠵᠡᠬᠡᠢ ᠬᠠᠷᠢᠯᠴᠠᠭ᠎ᠠ ᠶᠢ ᠠᠬᠢᠭᠤᠯᠵᠤ᠂ ᠠᠵᠤ ᠠᠬᠤᠶᠢᠯᠠᠯ ᠤᠨ ᠬᠦᠭᠵᠢᠯᠳᠠ ᠳᠤ ᠤᠬᠢ ᠰᠠᠶᠢᠨ ᠤᠷᠴᠢᠨ ᠬᠠᠩᠭᠠᠨ᠂ ᠤᠷᠤᠨ ᠨᠤᠳᠤᠭ ᠠᠵᠤ ᠠᠬᠤᠶᠢᠯᠠᠯ ᠬᠠᠮᠳᠤ ᠪᠠᠷ ᠠᠰᠢᠭ ᠬᠦᠷᠳᠡᠨ ᠬᠠᠮᠳᠤᠪᠠᠷ ᠬᠦᠭᠵᠢᠬᠦ ᠶᠢ ᠴᠢᠷᠮᠠᠶᠢᠨ ᠪᠡᠶᠡᠯᠡᠬᠦᠯᠤᠨ᠎ᠠ ᠬᠡᠵᠤ ᠵᠢᠭᠠᠭᠰᠡᠨ ᠪᠠᠶᠢᠨ᠎ᠠ᠃     ᠨᠢᠦ ᠢ ᠫᠢᠩ ᠢᠷᠡᠭᠰᠡᠨ ᠵᠤᠷᠢᠯᠭ᠎ᠠ ᠪᠠᠨ ᠳᠠᠨᠢᠯᠴᠠᠭᠤᠯᠵᠤ᠂ ᠳᠤᠰ ᠤᠳᠠᠭᠠᠨ ᠤ ᠰᠠᠭᠤᠳᠠᠯ ᠤᠨ ᠬᠤᠷᠠᠯ ᠢᠶᠠᠷ ᠳᠤᠬᠢᠶᠠᠯ ᠪᠤᠯᠭᠠᠨ᠂ ᠤᠷᠤᠨ ᠨᠤᠳᠤᠭ ᠯᠤᠭ᠎ᠠ ᠶᠢᠨ ᠬᠠᠮᠳᠤᠷᠠᠯᠴᠠᠭ᠎ᠠ ᠪᠠᠨ ᠤᠯᠠᠮ ᠴᠢᠩᠭᠠᠤᠨᠬᠠᠵᠤ᠂ ᠬᠠᠮᠳᠤ ᠶᠢᠨ ᠳᠠᠨᠢᠯᠳᠠ ᠶᠢ ᠪᠦᠷᠢᠯᠳᠤᠬᠦᠯᠤᠨ᠂ ᠢᠳᠡᠬᠡᠯᠴᠡᠭᠡ ᠪᠠᠨ ᠨᠡᠮᠡᠭᠳᠡᠬᠦᠯᠵᠤ᠂ ᠬᠤᠶᠠᠷ ᠳᠠᠯ᠎ᠠ ᠶᠢᠨ ᠳᠠᠪᠠᠭᠤᠯᠢᠭ ᠲᠤ ᠠᠩᠬᠠᠷᠤᠯ ᠢᠶᠠᠨ ᠲᠦᠪᠯᠡᠷᠡᠬᠦᠯᠤᠨ᠂ ᠡᠷᠳᠡᠬᠡᠨ ᠬᠠᠮᠳᠤᠷᠠᠨ ᠠᠵᠢᠯᠯᠠᠬᠤ ᠰᠠᠨᠠᠮᠵᠢ ᠳᠤᠭᠳᠠᠭᠠᠵᠤ᠂ ᠤᠷᠤᠨ ᠨᠤᠳᠤᠭ ᠠᠵᠤ ᠠᠬᠤᠶᠢᠯᠠᠯ ᠤᠨ ᠬᠠᠷᠢᠯᠴᠠᠨ ᠠᠰᠢᠭᠳᠠᠢ᠂ ᠦᠨᠳᠤᠷ ᠪᠦᠳᠤᠮᠵᠢᠳᠠᠢ᠂ ᠪᠤᠳᠠᠳᠠᠢ ᠬᠠᠮᠳᠤᠷᠠᠯᠴᠠᠭ᠎ᠠ ᠶᠢ ᠪᠦᠬᠦ ᠬᠦᠴᠤᠨ ᠢᠶᠠᠷ ᠠᠬᠢᠭᠤᠯᠤᠨ᠂ ᠤᠷᠤᠨ ᠨᠤᠳᠤᠭ ᠤᠨ ᠠᠵᠤ ᠠᠬᠤᠢ ᠶᠢᠨ ᠪᠠᠶᠢᠭᠤᠯᠤᠯᠳᠠ ᠳᠤ ᠬᠤᠪᠢ ᠨᠡᠮᠡᠷᠢ ᠦᠵᠡᠬᠦᠯᠤᠨ᠎ᠡ ᠬᠡᠵᠤ ᠢᠯᠡᠷᠬᠡᠶᠢᠯᠡᠭᠰᠡᠨ ᠪᠠᠶᠢᠨ᠎ᠠ᠃     ᠬᠤᠰᠢᠭᠤ ᠤᠳᠤᠷᠢᠳᠤᠯᠭ᠎ᠠ ᠳᠤᠳᠢ᠂ ᠹᠦ᠋ ᠺᠧ᠂ ᠶᠢᠤ ᠵᠢᠶᠠᠨ ᠴᠢᠩ᠂ ᠵᠠᠩ ᠱᠢ ᠹᠦ᠋᠂ ᠱᠠᠩᠬᠠᠢ ᠶᠢᠨ ᠰᠦᠮ᠎ᠡ ᠪᠠᠯᠭᠠᠰᠤ᠂ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠤᠨ᠂ ᠶᠤᠸᠠᠨ ᠰᠢᠩ ᠡᠨᠧᠷᠬᠢ ᠶᠢᠨ ᠴᠢᠶᠠᠨ ᠶᠤᠸᠠᠨ ᠪᠡᠯᠡ ᠤᠷᠤᠭᠤᠯᠤᠯᠳᠠ ᠶᠢᠨ ᠺᠤᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠰᠠᠭᠤᠳᠠᠯ ᠤᠨ ᠬᠤᠷᠠᠯ ᠳᠤ ᠤᠷᠤᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号