12 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ | ᠤ ᠣᠷᠣᠯᠠᠭᠴᠢ ᠬᠤᠰᠢᠭᠤ ᠲᠠᠷᠤᠭ᠎ᠠ ᠶᠠᠩ ᠶᠢᠩ ᠰᠢᠨ ᠣᠷᠢᠳ ᠬᠤᠵᠢᠳ ᠬᠤᠰᠢᠭᠤ ᠡᠳ᠋ ᠤᠨ ᠵᠠᠰᠠᠭ ᠤᠨ | ᠲᠣᠪᠴᠢᠶ᠎ᠠ᠂ ᠭᠠᠶᠢᠯᠢ ᠶᠢᠨ ᠶᠠᠪᠣᠳᠠᠯ ᠤᠨ ᠲᠣᠪᠴᠢᠶ᠎ᠠ᠂ ᠭᠠᠶᠢᠯᠢ ᠶᠢᠨ ᠶᠠᠪᠣᠳᠠᠯ ᠤᠨ ᠣᠶᠢᠯᠡᠴᠢᠯᠡᠭᠡᠨ ᠤ ᠲᠦᠪ ᠲᠤ | ᠬᠦᠷᠴᠦ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠠᠵᠢᠯ ᠢ ᠪᠠᠶᠢᠴᠠᠭᠠᠵᠣ᠂ ᠪᠦᠬᠦ ᠬᠤᠰᠢᠭᠤᠨ ᠤ ᠡᠳ᠋ ᠤᠨ | ᠵᠠᠰᠠᠭ ᠭᠠᠶᠢᠯᠢ ᠶᠢᠨ ᠶᠠᠪᠣᠳᠠᠯ ᠤᠨ ᠠᠵᠢᠯ ᠪᠣᠯᠣᠨ ᠭᠠᠶᠢᠯᠢ ᠶᠢᠨ ᠶᠠᠪᠣᠳᠠᠯ ᠤᠨ ᠵᠠᠷᠣᠳᠠᠯ ᠲᠣᠰᠢᠶᠠᠬᠤ ᠣᠶᠢᠯᠡᠴᠢᠯᠡᠭᠡᠨ | ᠤ ᠠᠵᠢᠯ ᠤᠨ ᠪᠣᠳᠠᠳᠦ ᠪᠠᠶᠢᠳᠠᠯ ᠢ ᠨᠠᠷᠢᠨ ᠣᠶᠢᠯᠠᠭᠠᠪᠠ᠃ | ᠶᠠᠩ ᠶᠢᠩ ᠰᠢᠨ᠂ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠰᠠᠯᠠᠭ᠎ᠠ ᠮᠦᠴᠢᠷ ᠪᠣᠯ ᠭᠠᠵᠠᠷ ᠣᠷᠣᠨ ᠤ | ᠠᠵᠣ ᠠᠬᠤᠢ ᠶᠢᠨ ᠠᠵᠢᠯᠯᠠᠮᠵᠢ ᠶᠢᠨ ᠲᠦᠪ ᠪᠣᠯᠬᠤᠷ᠂ ᠬᠤᠰᠢᠭᠤ ᠬᠡᠪᠴᠢᠶᠡᠨ ᠤ ᠠᠵᠣ ᠠᠬᠤᠢ ᠶᠢᠨ ᠬᠦᠭᠵᠢᠯᠳᠡ | ᠶᠢᠨ ᠪᠦᠬᠦ ᠲᠠᠯ᠎ᠠ ᠶᠢᠨ ᠲᠣᠬᠢᠷᠠᠭᠤᠯᠣᠯ ᠡᠵᠡᠮᠳᠡᠯ ᠤᠨ ᠣᠶᠢᠯᠠᠳᠣᠯ ᠢ ᠡᠭᠦᠷᠭᠡᠯᠡᠵᠣ ᠪᠣᠢ᠃᠃ ᠣᠯᠣᠰ ᠲᠦᠷᠦ ᠶᠢᠨ | ᠡᠭᠦᠷᠭᠡ ᠬᠠᠷᠢᠭᠤᠴᠠᠯᠭ᠎ᠠ ᠪᠠ ᠶᠡᠭᠡ ᠲᠠᠯ᠎ᠠ ᠶᠢᠨ ᠣᠬᠠᠮᠰᠠᠷ ᠢᠶᠠᠨ ᠴᠢᠩᠭᠠᠳᠬᠠᠵᠣ᠂ ᠺᠠᠳ᠋ᠷ ᠠᠵᠢᠯᠳᠠᠨ ᠤ ᠡᠩᠨᠡᠭᠡᠨ ᠤ | ᠪᠠᠶᠢᠭᠤᠯᠣᠯᠳᠠ᠂ ᠡᠳ᠋ ᠤᠨ ᠵᠠᠰᠠᠭ ᠤᠨ ᠠᠵᠢᠯ ᠤᠨ ᠣᠶᠢᠯᠠᠰ ᠤᠨ ᠬᠦᠭᠵᠢᠯᠳᠡ ᠶᠢ ᠲᠠᠶᠢᠴᠢᠯᠡᠨ᠂ ᠵᠠᠰᠠᠭ ᠤᠨ | ᠣᠷᠳᠣᠨ ᠤ ︽ᠭᠠᠮᠨᠠᠳᠠᠢ ᠠᠮᠢᠳᠣᠷᠠᠯ︾ ᠢᠶᠠᠷ ᠠᠷᠠᠳ ᠲᠦᠮᠡᠨ ᠳᠤ ︽ᠰᠠᠶᠢᠨ ᠠᠮᠢᠳᠣᠷᠠᠯ︾ ᠡᠳ᠋ᠯᠡᠭᠦᠯᠬᠦ ᠪᠠᠷ | ᠴᠢᠷᠮᠠᠶᠢᠬᠤ ᠬᠡᠷᠡᠭᠳᠡᠢ᠃ ᠣᠷᠣᠯᠭ᠎ᠠ ᠵᠠᠷᠣᠯᠭ᠎ᠠ ᠶᠢᠨ ᠬᠠᠷᠢᠴᠠᠭ᠎ᠠ ᠶᠢ ᠰᠠᠶᠢᠳᠦᠷ ᠰᠢᠢᠳᠪᠦᠷᠢᠯᠡᠨ᠂ ︽ᠣᠷᠣᠯᠭ᠎ᠠ ᠶᠢ | ᠨᠡᠮᠡᠭᠳᠡᠭᠦᠯᠵᠣ᠂ ᠵᠠᠷᠣᠯᠭ᠎ᠠ ᠶᠢ ᠪᠠᠭᠠᠰᠬᠠᠬᠤ︾ ᠬᠤᠶᠠᠷ ᠶᠡᠭᠡ ᠴᠢᠳᠠᠪᠬᠢ ᠶᠢᠨ ᠲᠣᠭᠤᠷᠢᠨ ᠳᠤ ᠡᠳ᠋ ᠤᠨ ᠵᠠᠰᠠᠭ | ᠭᠠᠶᠢᠯᠢ ᠶᠢᠨ ᠶᠠᠪᠣᠳᠠᠯ ᠤᠨ ︽ᠬᠦᠮᠦᠷᠭᠡ︾ ᠪᠠᠨ ᠪᠣᠵᠠᠭᠠᠶᠢᠷᠠᠭᠤᠯᠣᠨ ᠬᠦᠴᠦᠷᠬᠡᠭᠵᠢᠭᠦᠯᠵᠣ᠂ ᠨᠠᠷᠢᠨ ᠨᠢᠭᠳᠠ | ᠲᠦᠯᠦᠪᠯᠡᠨ᠂ ᠣᠷᠣᠯᠭ᠎ᠠ ᠵᠠᠷᠣᠯᠭ᠎ᠠ ᠶᠢᠨ ᠬᠠᠷᠢᠴᠠᠭ᠎ᠠ ᠪᠠᠨ ᠲᠣᠬᠢᠷᠠᠭᠤᠯᠵᠣ᠂ ᠡᠳ᠋ ᠤᠨ ᠵᠠᠰᠠᠭ ᠤᠨ ᠪᠡᠯᠡ ᠮᠦᠩᠭᠦᠨ | ᠤ ᠬᠡᠷᠡᠭᠯᠡᠯᠳᠡ ᠶᠢᠨ ᠪᠦᠳᠦᠮᠵᠢ ᠶᠢ ᠲᠡᠭᠡᠭᠰᠢᠯᠡᠭᠦᠯᠦᠨ᠂ ᠵᠣᠭᠤᠰ ᠨᠢᠭᠡᠪᠦᠷᠢ ᠶᠢ ᠴᠦᠮ ᠵᠠᠩᠭᠢᠯᠠᠭ᠎ᠠ ᠶᠢᠨ ᠭᠠᠵᠠᠷ | ᠬᠡᠷᠡᠭᠯᠡᠭᠦ ᠬᠡᠷᠡᠭᠳᠡᠢ᠃ ︽ᠨᠢᠳᠦᠨ ᠡᠮᠦᠨᠡᠬᠢ ᠪᠣᠯᠣᠨ ᠢᠷᠡᠭᠡᠳᠦᠢ︾ ᠶᠢᠨ ᠬᠠᠷᠢᠴᠠᠭ᠎ᠠ ᠶᠢ ᠰᠠᠶᠢᠳᠦᠷ ᠰᠢᠢᠳᠪᠦᠷᠢᠯᠡᠨ᠂ | ᠲᠡᠣᠬᠡᠴᠢ ᠬᠦᠭᠵᠢᠯᠳᠡ ᠶᠢᠨ ᠦᠵᠡᠯ ᠰᠠᠨᠠᠭ᠎ᠠ ᠪᠠᠷ ᠲᠣᠭᠳᠠᠩᠭᠤᠢ ᠰᠡᠳᠬᠢᠮᠵᠢ ᠪᠠᠨ ᠰᠢᠨᠡᠴᠢᠯᠡᠵᠣ᠂ ᠭᠠᠶᠢᠯᠢ ᠶᠢᠨ | ᠢᠷᠠᠯᠳᠠ ᠶᠢᠨ ᠪᠣᠵᠠᠭᠠᠶᠢᠷᠠᠭᠤᠯᠣᠯᠳᠠ᠂ ᠣᠷᠣᠯᠭ᠎ᠠ ᠶᠢᠨ ᠡᠵᠡᠮᠳᠡᠯ᠂ ᠬᠦᠭᠵᠢᠯᠳᠡ ᠶᠢᠨ ᠠᠬᠢᠭᠤᠯᠣᠯᠳᠠ ᠳᠤ ᠬᠦᠴᠦᠨ | ᠢᠶᠠᠨ ᠲᠦᠪᠯᠡᠷᠡᠭᠦᠯᠵᠣ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠳᠤ ᠨᠡᠩ ᠶᠡᠭᠡ | ᠬᠤᠪᠢ ᠨᠡᠮᠡᠷᠢ ᠪᠠᠨ ᠦᠵᠡᠭᠦᠯᠭᠦ ᠬᠡᠷᠡᠭᠳᠡᠢ᠃ ᠭᠠᠶᠢᠯᠢ ᠲᠠᠳᠠᠪᠦᠷᠢ ᠶᠢᠨ ᠬᠤᠳᠠᠯᠳᠤᠭ᠎ᠠ ᠡᠵᠡᠩᠨᠡᠯᠳᠡ ᠶᠢᠨ ᠣᠷᠴᠢᠨ ᠤ | ᠪᠠᠶᠢᠭᠤᠯᠣᠯᠳᠠ ᠶᠢ ᠣᠯᠠᠮ ᠨᠢᠭᠡ ᠠᠯᠬᠤᠮ ᠴᠢᠩᠭᠠᠳᠬᠠᠵᠣ᠂ ᠣᠶᠢᠯᠡᠴᠢᠯᠡᠭᠡ ᠶᠢ ᠰᠢᠯᠢᠳᠡᠭᠵᠢᠭᠦᠯᠦᠨ᠂ ᠶᠠᠪᠣᠴᠠ ᠶᠢ | ᠴᠣᠮᠬᠠᠳᠬᠠᠵᠣ᠂ ᠭᠠᠶᠢᠯᠢ ᠶᠢᠨ ᠶᠠᠪᠣᠳᠠᠯ ᠤᠨ ᠣᠶᠢᠯᠡᠴᠢᠯᠡᠭᠡᠨ ᠤ ᠣᠳᠣᠬᠢᠴᠢᠯᠠᠯᠳᠠ᠂ ᠲᠦᠭᠦᠮᠴᠢᠯᠡᠯᠳᠡ ᠶᠢ ᠪᠦᠬᠦ | ᠬᠦᠴᠦᠨ ᠢᠶᠠᠷ ᠠᠬᠢᠭᠤᠯᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃ | ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠲᠡᠳ᠋ | ᠲᠠᠷᠤᠭ᠎ᠠ ᠵᠣᠣ ᠱᠤᠸᠠᠨ ᠵᠢᠴᠢ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ | ᠭᠠᠶᠢᠯᠢ ᠶᠢᠨ ᠶᠠᠪᠣᠳᠠᠯ ᠤᠨ ᠲᠣᠪᠴᠢᠶᠠᠨ ᠤ ᠭᠤᠣᠯ ᠬᠠᠷᠢᠭᠤᠴᠠᠯᠭᠠᠳᠠᠳ ᠬᠠᠮᠳᠦ ᠪᠠᠶᠢᠴᠠᠭᠠᠨ ᠰᠣᠳᠣᠯᠪᠠ᠃ | |