12 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ | ᠣᠯᠵᠠᠴᠢ ᠪᠠᠯᠭᠠᠰᠣᠨ ᠳᠤ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠦᠷ᠎ᠠ ᠪᠦᠳᠤᠮᠵᠢ ᠶᠢ | ᠦᠷᠬᠡᠤᠨᠬᠡᠬᠦ ᠶᠢ ᠬᠦᠳᠡᠭᠡ ᠳᠤᠰᠬᠤᠨ ᠢ ᠬᠦᠴᠤᠷᠬᠡᠭᠵᠢᠬᠦᠯᠤᠨ ᠮᠠᠨᠳᠤᠭᠤᠯᠬᠤ ᠲᠠᠢ ᠪᠦᠳᠤᠮᠵᠢᠳᠠᠢ ᠠᠪᠴᠠᠯᠳᠤᠭᠤᠯᠬᠤ | ᠠᠵᠢᠯ ᠢ ᠪᠠᠶᠢᠴᠠᠭᠠᠨ ᠰᠣᠳᠣᠯᠪᠠ᠃ | ᠸᠠᠩ ᠢᠦᠢ ᠴᠢᠶᠠᠩ ᠣᠷᠢᠳ ᠬᠤᠵᠢᠳ ᠠᠳᠣᠭᠤᠨ ᠬᠤᠳᠳᠤᠭ ᠲᠣᠰᠬᠤᠨ ᠤ ᠨᠡᠭᠦᠳᠠᠯ ᠠᠷᠠᠳ ᠤᠨ | ᠲᠣᠭᠤᠷᠢᠭ ᠤᠨ ᠲᠦᠩ ᠵᠢᠶᠦ᠋ᠨ᠂ ᠱᠧᠨ ᡁᠢ ᠴᠢᠩ᠂ ᠲᠠᠬᠢᠯᠳᠦ ᠲᠣᠰᠬᠤᠨ ᠤ ᠵᠣᠣ ᠵᠦᠩ ᠶᠣᠣ᠂ ᠶᠠᠨ ᠵᠧᠩ | ᠷᠥᠩ ᠵᠡᠷᠭᠡ ᠶᠠᠳᠠᠭᠤ ᠬᠦᠴᠢᠷᠳᠡᠯᠳᠡᠢ ᠡᠷᠦᠭᠡ ᠳᠤ ᠬᠦᠷᠴᠦ᠂ ᠲᠡᠳᠡᠨ ᠲᠠᠢ ᠲᠣᠳᠣᠨᠣᠰᠤᠭ ᠢᠶᠠᠷ ᠶᠠᠷᠢᠯᠴᠠᠨ | ᠣᠷᠣᠯᠭ᠎ᠠ᠂ ᠣᠷᠣᠨ ᠰᠠᠭᠤᠴᠠ᠂ ᠲᠣᠯᠠᠭᠠᠯᠠᠭ᠎ᠠ᠂ ᠴᠠᠬᠢᠯᠭᠠᠨ᠂ ᠣᠰᠣ᠂ ᠡᠪᠦᠯᠵᠢᠬᠦ ᠡᠳ᠋ ᠪᠣᠳᠠᠰ ᠤᠨ ᠨᠦᠭᠡᠴᠡ | ᠵᠡᠷᠭᠡ ᠪᠠᠶᠢᠳᠠᠯ ᠢ ᠨᠠᠷᠢᠨ ᠣᠶᠢᠯᠠᠭᠠᠵᠣ᠂ ᠶᠠᠳᠠᠭᠤ ᠶᠢ ᠲᠡᠳᠬᠦᠵᠣ ᠬᠢᠨᠠᠨ ᠰᠢᠯᠭᠠᠬᠤ ᠡᠳᠡᠭᠡᠳ ᠤᠨ ᠬᠠᠮᠢᠶᠠᠷᠣᠯᠳᠠ | ᠶᠢᠨ ᠲᠡᠪᠳᠡᠷ ᠢ ᠬᠢᠨᠠᠮᠠᠭᠠᠢ ᠦᠵᠡᠵᠣ᠂ ᠬᠤᠶᠢᠰᠢᠳᠠ ᠶᠢᠨ ᠬᠠᠪᠰᠣᠷᠣᠨ ᠲᠡᠳᠬᠦᠬᠦ ᠲᠦᠷᠦ ᠶᠢᠨ ᠪᠣᠳᠣᠯᠭ᠎ᠠ ᠶᠢᠨ | ᠨᠠᠶᠢᠳᠠᠪᠦᠷᠢᠵᠢᠭᠤᠯᠣᠯᠳᠠ ᠪᠣᠯᠣᠨ ᠲᠡᠳᠡᠨ ᠤ ᠡᠪᠡᠳᠴᠢᠨ ᠦᠵᠡᠭᠦᠯᠬᠦ᠂ ᠰᠣᠷᠭᠠᠭᠤᠯᠢ ᠳᠤ ᠰᠠᠭᠤᠬᠤ ᠵᠢᠴᠢ | ᠣᠶᠢᠯᠠᠳᠪᠦᠷᠢᠯᠠᠯ ᠠᠮᠢᠳᠣᠷᠠᠯ ᠤᠨ ᠪᠠᠶᠢᠳᠠᠯ᠂ ᠬᠤᠶᠢᠰᠢᠳᠠ ᠶᠢᠨ ᠬᠦᠭᠵᠢᠯᠳᠡ ᠶᠢᠨ ᠲᠦᠯᠦᠪᠵᠢᠭᠦᠯᠭᠡ ᠶᠢ ᠨᠠᠷᠢᠨ | ᠠᠰᠠᠭᠤᠵᠣ᠂ ᠠᠮᠢᠳᠣᠷᠠᠯ ᠳᠤ ᠪᠠᠨ ᠢᠳᠡᠭᠡᠯ ᠲᠡᠭᠦᠯᠳᠡᠷ᠂ ᠪᠡᠶ᠎ᠡ ᠪᠠᠨ ᠭᠠᠮᠨᠠᠵᠣ᠂ ᠬᠤᠶᠢᠴᠢ ᠦᠶ᠎ᠡ ᠪᠠᠨ ᠰᠠᠶᠢᠳᠦᠷ | ᠬᠦᠮᠦᠵᠢᠭᠦᠯᠦᠨ᠂ ᠠᠮᠢᠳᠣᠷᠠᠯ ᠢᠶᠠᠨ ᠣᠯᠠᠮ ᠰᠠᠶᠢᠨ ᠪᠣᠯᠭᠠᠬᠤ ᠪᠠᠷ ᠴᠢᠷᠮᠠᠶᠢᠭᠠᠷᠠᠢ ᠭᠡᠵᠣ ᠵᠣᠷᠢᠭᠵᠢᠭᠤᠯᠪᠠ᠃ | ᠸᠠᠩ ᠢᠦᠢ ᠴᠢᠶᠠᠩ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠦᠷ᠎ᠠ ᠪᠦᠳᠤᠮᠵᠢ ᠶᠢ | ᠦᠷᠬᠡᠤᠨᠬᠡᠬᠦ ᠶᠢ ᠬᠦᠳᠡᠭᠡ ᠳᠤᠰᠬᠤᠨ ᠢ ᠬᠦᠴᠤᠷᠬᠡᠭᠵᠢᠬᠦᠯᠤᠨ ᠮᠠᠨᠳᠤᠭᠤᠯᠬᠤ ᠲᠠᠢ ᠪᠦᠳᠤᠮᠵᠢᠳᠠᠢ ᠠᠪᠴᠠᠯᠳᠤᠭᠤᠯᠬᠤ | ᠠᠵᠢᠯ ᠪᠣᠯ ᠣᠳᠣᠬᠠᠨ ᠤ ᠠᠵᠢᠯ ᠤᠨ ᠭᠤᠣᠯᠳᠠᠯᠭ᠎ᠠ ᠶᠢᠨ ᠵᠠᠩᠬᠢᠯᠠᠭ᠎ᠠ ᠪᠣᠯᠬᠤᠷ ᠡᠷᠬᠡᠪᠰᠢ ᠦᠵᠡᠯᠳᠡ ᠲᠠᠨᠢᠯᠳᠠ ᠪᠠᠨ | ᠣᠯᠠᠮ ᠨᠢᠭᠡ ᠠᠯᠬᠤᠮ ᠲᠡᠭᠡᠭᠰᠢᠯᠡᠭᠦᠯᠵᠣ᠂ ᠡᠭᠦᠷᠭᠡ ᠪᠠᠨ ᠪᠣᠳᠠᠳᠠᠶᠢᠵᠢᠭᠤᠯᠣᠨ᠂ ᠴᠢᠩᠭ᠎ᠠ ᠮᠦᠷᠳᠡᠭᠡᠨ ᠪᠣᠳᠠᠳᠠᠢ | ᠪᠠᠶᠢᠬᠤ ᠰᠣᠷᠳᠠᠯ ᠢᠶᠠᠷ ᠡᠯ᠎ᠡ ᠲᠦᠷᠦᠯ ᠤᠨ ᠠᠵᠢᠯ ᠤᠨ ᠴᠢᠨᠠᠷᠯᠢᠭ ᠨᠠᠶᠢᠳᠠᠪᠦᠷᠢᠵᠢᠭᠤᠯᠣᠯᠳᠠ ᠶᠢ ᠰᠠᠶᠢᠳᠦᠷ | ᠠᠳᠬᠤᠬᠤ ᠬᠡᠷᠡᠭᠳᠡᠢ ᠭᠡᠵᠣ ᠵᠢᠭᠠᠭᠰᠠᠨ ᠪᠠᠶᠢᠨ᠎ᠠ᠃ | ᠸᠠᠩ ᠢᠦᠢ ᠴᠢᠶᠠᠩ᠂ ᠶᠠᠳᠠᠭᠤ ᠠᠴᠠ ᠠᠩᠬᠢᠵᠢᠷᠠᠭᠤᠯᠣᠭᠰᠠᠨ ᠡᠷᠦᠭᠡ ᠶᠢᠨ ᠬᠦᠳᠡᠯᠦᠩᠭᠦᠢ ᠬᠢᠨᠠᠨ ᠰᠢᠯᠭᠠᠯᠳᠠ | ᠶᠢ ᠦᠨᠡᠨ ᠬᠦ ᠰᠠᠶᠢᠳᠦᠷ ᠬᠢᠨ᠂ ᠶᠠᠳᠠᠭᠤ ᠠᠴᠠ ᠠᠩᠬᠢᠵᠢᠷᠠᠭᠤᠯᠣᠭᠰᠠᠨ ᠡᠷᠦᠭᠡ ᠶᠢᠨ ᠣᠷᠣᠯᠭ᠎ᠠ ᠶᠢᠨ ᠬᠤᠪᠢᠷᠠᠯᠳᠠ | ᠶᠢ ᠨᠢᠭᠳᠠ ᠠᠩᠬᠠᠷᠴᠦ᠂ ᠬᠢᠨᠠᠨ ᠰᠢᠯᠭᠠᠯᠳᠠ ᠶᠢᠨ ᠣᠷᠢᠳᠴᠢᠯᠠᠨ ᠰᠡᠷᠡᠮᠵᠢᠯᠡᠭᠦᠯᠬᠦ ᠠᠷᠭ᠎ᠠ ᠪᠠᠷᠢᠯ ᠢ ᠲᠠᠰᠣᠷᠠᠯᠳᠠ | ᠦᠭᠡᠢ ᠲᠡᠭᠦᠯᠳᠡᠷᠵᠢᠭᠦᠯᠦᠨ᠂ ᠬᠦᠳᠡᠯᠦᠩᠭᠦᠢ ᠬᠠᠪᠰᠣᠷᠣᠨ ᠲᠡᠳᠬᠦᠬᠦ ᠠᠪᠣᠷᠠᠨ ᠲᠣᠰᠠᠯᠠᠯᠳᠠ ᠶᠢ ᠴᠢᠩᠭᠠᠳᠬᠠᠵᠣ᠂ | ᠲᠠᠬᠢᠨ ᠶᠠᠳᠠᠭᠤᠷᠠᠬᠤ ᠠᠴᠠ ᠡᠷᠡᠰ ᠰᠡᠷᠭᠡᠶᠢᠯᠡᠭᠦ ᠬᠡᠷᠡᠭᠳᠡᠢ᠃ ᠨᠡᠭᠦᠳᠡᠯ ᠠᠷᠠᠳ ᠤᠨ ᠲᠣᠭᠤᠷᠢᠭ ᠤᠨ ᠪᠦᠬᠦᠯᠢ | ᠴᠣᠭᠴᠠ ᠶᠢᠨ ᠲᠦᠯᠦᠪᠵᠢᠭᠦᠯᠭᠡ ᠪᠣᠯᠣᠨ ᠬᠠᠮᠢᠶᠠᠷᠣᠯᠳᠠ ᠶᠢ ᠴᠢᠩᠭᠠᠷᠠᠭᠤᠯᠣᠨ᠂ ᠰᠠᠭᠤᠭ᠎ᠠ ᠡᠷᠦᠭᠡ ᠶᠢᠨ ᠣᠷᠴᠢᠨ | ᠲᠣᠭᠤᠷᠢᠨ ᠤ ᠵᠠᠮ ᠤᠨ ᠬᠠᠳᠠᠭᠤᠷᠠᠵᠢᠭᠤᠯᠣᠯᠳᠠ ᠪᠣᠯᠣᠨ ᠣᠶᠢᠵᠢᠭᠤᠯᠣᠯᠳᠠ ᠶᠢᠨ ᠠᠵᠢᠯ ᠢ ᠴᠢᠩᠭᠠᠳᠬᠠᠵᠣ᠂ ᠠᠷᠠᠳ | ᠲᠦᠮᠡᠨ ᠤ ᠣᠷᠣᠰᠢᠨ ᠰᠠᠭᠤᠷᠢᠰᠢᠬᠤ ᠨᠦᠬᠦᠴᠡᠯ ᠪᠣᠯᠣᠨ ᠠᠮᠢᠳᠣᠷᠠᠯ ᠤᠨ ᠣᠷᠴᠢᠨ ᠢ ᠪᠦᠬᠦ ᠬᠦᠴᠦᠨ ᠢᠶᠠᠷ | ᠦᠭᠡᠷᠡᠴᠢᠯᠡᠨ ᠰᠠᠶᠢᠵᠢᠷᠠᠭᠤᠯᠵᠣ᠂ ᠨᠡᠭᠦᠨ ᠰᠠᠭᠤᠷᠢᠰᠢᠭᠰᠠᠨ ᠲᠠᠷᠠᠭᠠᠬᠢ ᠬᠤᠶᠢᠰᠢᠳᠠ ᠶᠢᠨ ᠲᠡᠮᠵᠢᠯᠭᠡ ᠶᠢᠨ ᠠᠵᠢᠯ ᠢ | ᠦᠷᠭᠦᠯᠵᠢᠯᠡᠨ ᠴᠢᠩᠭᠠᠳᠬᠠᠨ ᠲᠡᠭᠦᠯᠳᠡᠷᠵᠢᠭᠦᠯᠵᠣ᠂ ᠨᠡᠭᠦᠯᠭᠡᠨ ᠰᠢᠯᠵᠢᠭᠦᠯᠦᠭᠰᠡᠨ ᠡᠷᠦᠭᠡ ᠪᠣᠯᠭᠠᠨ ᠨᠡᠭᠦᠵᠣ | ᠭᠠᠷᠣᠭᠠᠳ ᠲᠣᠭᠳᠠᠭᠤᠨ ᠰᠠᠭᠤᠷᠢᠰᠢᠵᠣ᠂ ᠰᠠᠶᠢᠬᠠᠨ ᠠᠮᠢᠳᠣᠷᠠᠬᠤ ᠶᠢ ᠪᠠᠳᠣᠯᠠᠬᠤ ᠬᠡᠷᠡᠭᠳᠡᠢ᠃ ᠬᠠᠶᠢᠷ᠎ᠠ ᠬᠠᠯᠠᠮᠵᠢ | ᠶᠢᠨ ᠠᠵᠢᠯᠯᠠᠭᠠᠨ ᠢ ᠦᠷᠭᠦᠯᠵᠢᠯᠡᠨ ᠦᠷᠨᠢᠭᠦᠯᠵᠣ᠂ ᠠᠵᠣ ᠣᠶᠢᠯᠠᠰ ᠢᠶᠠᠷ ᠬᠠᠪᠰᠣᠷᠣᠨ ᠲᠡᠳᠬᠦᠬᠦ᠂ ᠠᠵᠢᠯ | ᠣᠯᠭᠤᠯᠳᠠ ᠪᠠᠷ ᠬᠠᠪᠰᠣᠷᠣᠨ ᠲᠡᠳᠬᠦᠬᠦ᠂ ᠨᠡᠶᠢᠭᠡᠮ ᠠᠴᠠ ᠬᠠᠪᠰᠣᠷᠣᠨ ᠲᠡᠳᠬᠦᠬᠦ᠂ ᠶᠡᠷᠦᠩᠬᠡᠶᠢᠯᠡᠭᠰᠡᠨ ᠪᠠᠳᠣᠯᠠᠬᠤ | ᠵᠡᠷᠭᠡ ᠣᠷᠣᠯᠭ᠎ᠠ ᠶᠢ ᠨᠡᠮᠡᠭᠳᠡᠭᠦᠯᠬᠦ ᠠᠷᠭ᠎ᠠ ᠠᠪᠴᠠᠯ ᠢ ᠬᠠᠨᠳᠣᠯᠭᠠᠳᠦ ᠴᠢᠨᠠᠷᠳᠠᠢ ᠨᠠᠶᠢᠳᠠᠪᠦᠷᠢᠵᠢᠭᠤᠯᠣᠨ᠂ ᠠᠷᠠᠳ | ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠵᠣ᠂ ᠰᠠᠶᠢᠨ ᠶᠠᠪᠣᠳᠠᠯ ᠬᠢᠨ᠂ ᠪᠣᠳᠠᠳᠦ ᠣᠴᠢᠷ ᠪᠦᠳᠦᠭᠡᠵᠣ᠂ | ᠠᠷᠠᠳ ᠲᠦᠮᠡᠨ ᠤ ᠬᠠᠨᠣᠮᠵᠢ᠂ ᠠᠰᠢᠭ ᠵᠢᠷᠭᠠᠯ ᠢ ᠨᠡᠮᠡᠭᠳᠡᠭᠦᠯᠬᠦ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃ | ᠬᠤᠰᠢᠭᠤ ᠣᠳᠣᠷᠢᠳᠣᠯᠭ᠎ᠠ ᠹᠦ᠋ ᠺᠧ᠂ ᠶᠢᠣ ᠵᠢᠶᠠᠨ ᠴᠢᠩ ᠵᠢᠴᠢ ᠣᠯᠵᠠᠴᠢ ᠪᠠᠯᠭᠠᠰᠣ᠂ ᠬᠤᠰᠢᠭᠤ ᠰᠢᠭᠤᠳ | ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠠᠮᠳᠦ ᠪᠠᠶᠢᠴᠠᠭᠠᠨ ᠰᠣᠳᠣᠯᠪᠠ᠃ |