ᠰᠥᠩ ᠰᠢᠶᠣᠣ ᠯᠧᠢ᠄ ᠵᠠᠰᠠᠭ ᠤᠨ ᠣᠷᠳᠣᠨ ᠤ ᠬᠤᠰᠢᠭᠤ ᠲᠡᠳ᠋ ᠲᠠᠷᠤᠭ᠎ᠠ | ᠬᠤᠪᠢᠳᠠᠨ ᠬᠠᠮᠢᠶᠠᠷᠬᠤ ᠠᠵᠢᠯ᠄ ᠶᠠᠩ ᠶᠢᠩ ᠰᠢᠨ ᠣᠷᠣᠯᠠᠭᠴᠢ ᠬᠤᠰᠢᠭᠤ ᠲᠠᠷᠤᠭ᠎ᠠ ᠶᠢ ᠬᠠᠪᠰᠣᠷᠣᠨ ᠡᠷᠡᠭᠦᠯ | ᠬᠠᠮᠠᠭᠠᠯᠠᠯ ᠡᠷᠡᠭᠦᠯ ᠮᠡᠨᠳᠦ᠂ ᠡᠮ ᠡᠮᠴᠢᠯᠡᠭᠡ ᠶᠢᠨ ᠪᠠᠳᠣᠯᠠᠭ᠎ᠠ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ᠂ | ᠬᠦᠮᠦᠨ ᠤ ᠬᠦᠴᠦᠨ ᠤ ᠡᠬᠢ ᠪᠠᠶᠠᠯᠢᠭ᠂ ᠨᠡᠶᠢᠭᠡᠮ ᠤᠨ ᠪᠠᠳᠣᠯᠠᠭ᠎ᠠ᠂ ᠣᠶᠢᠯᠠᠰ ᠪᠦᠳᠦᠭᠡᠯᠳᠡ ᠠᠵᠢᠯ ᠣᠯᠭᠤᠯᠳᠠ᠂ | ᠠᠷᠠᠳ ᠤᠨ ᠶᠠᠪᠣᠳᠠᠯ ᠤᠨ ᠠᠪᠣᠷᠠᠨ ᠲᠣᠰᠠᠯᠠᠯᠳᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠲᠠᠯ᠎ᠠ ᠶᠢᠨ | ᠠᠵᠢᠯ ᠢ ᠬᠠᠷᠢᠭᠤᠴᠠᠨ᠎ᠠ᠃ | ᠪᠣᠳᠠᠳᠠᠢ ᠬᠤᠪᠢᠳᠠᠨ ᠬᠠᠮᠢᠶᠠᠷᠬᠤ᠄ ᠬᠤᠰᠢᠭᠤ ᠠᠷᠠᠳ ᠤᠨ ᠶᠠᠪᠣᠳᠠᠯ ᠤᠨ ᠲᠣᠪᠴᠢᠶ᠎ᠠ᠂ ᠬᠤᠰᠢᠭᠤ ᠬᠦᠮᠦᠨ ᠤ | ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠳᠣᠯᠠᠭ᠎ᠠ ᠶᠢᠨ ᠲᠣᠪᠴᠢᠶ᠎ᠠ᠂ ᠬᠤᠰᠢᠭᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠦᠪᠯᠡᠯ ︵ᠬᠤᠰᠢᠭᠤ ᠮᠣᠩᠭᠤᠯ ᠬᠢᠳᠠᠳ ᠡᠮ ᠡᠮᠨᠡᠯᠭᠡ ᠶᠢᠨ ᠬᠠᠮᠢᠶᠠᠷᠣᠯᠳᠠ ᠶᠢᠨ ᠲᠣᠪᠴᠢᠶ᠎ᠠ᠂ | ᠬᠤᠰᠢᠭᠤ ᠣᠯᠣᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠤ ᠵᠥᠪᠯᠡᠯ ᠤᠨ ᠠᠯᠪᠠᠨ ᠭᠡᠷ᠂ | ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠦᠪ︶᠂ ᠬᠤᠰᠢᠭᠤ ᠴᠡᠷᠢᠭ ᠠᠴᠠ ᠬᠠᠯᠠᠭᠳᠠᠭᠰᠠᠳ ᠤᠨ ᠶᠠᠪᠣᠳᠠᠯ ᠤᠨ | ᠲᠣᠪᠴᠢᠶ᠎ᠠ᠂ ᠬᠤᠰᠢᠭᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ ︵ᠬᠤᠰᠢᠭᠤ ᠮᠡᠳᠡᠯᠭᠡ ᠶᠢᠨ | ᠦᠮᠴᠢᠯᠠᠯ ᠤᠨ ᠡᠷᠭᠡ ᠶᠢᠨ ᠲᠣᠪᠴᠢᠶ᠎ᠠ︶᠂ ᠬᠤᠰᠢᠭᠤ ᠡᠮ ᠡᠮᠴᠢᠯᠡᠭᠡ ᠶᠢᠨ ᠪᠠᠳᠣᠯᠠᠭ᠎ᠠ ᠶᠢᠨ ᠲᠣᠪᠴᠢᠶ᠎ᠠ᠃ | ᠲᠣᠪᠴᠢ ᠨᠠᠮᠳᠠᠷ᠄ | ᠰᠥᠩ ᠰᠢᠶᠣᠣ ᠯᠧᠢ᠂ ᠡᠮᠡᠭᠳᠡᠢ᠂ ᠬᠢᠳᠠᠳ ᠦᠨᠳᠦᠰᠦᠳᠡᠨ᠂ 1980 ᠣᠨ ᠤ 3 ᠰᠠᠷ᠎ᠠ ᠳᠤ ᠲᠦᠷᠦᠪᠡ᠂ | ᠦᠪᠦᠷ ᠮᠣᠩᠭᠤᠯ ᠤᠨ ᠬᠠᠩᠬᠢᠨ ᠬᠤᠰᠢᠭᠤᠨ ᠤ ᠬᠦᠮᠦᠨ᠂ 2002 ᠣᠨ ᠤ 7 ᠰᠠᠷ᠎ᠠ ᠳᠤ ᠠᠵᠢᠯ ᠳᠤ ᠣᠷᠣᠪᠠ᠂ | ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠃ ᠡᠳᠦᠭᠡ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠬᠤᠰᠢᠭᠤ ᠲᠡᠳ᠋ ᠲᠠᠷᠤᠭ᠎ᠠ ᠶᠢᠨ ᠲᠣᠰᠢᠶᠠᠯ ᠢ ᠡᠭᠦᠷᠭᠡᠯᠡᠵᠣ ᠪᠣᠢ᠃ | 1998.09 — 2002.07 ᠭᠠᠨᠰᠦ ᠮᠣᠵᠢ ᠶᠢᠨ ᠯᠠᠨᠵᠸᠣ ᠠᠷᠠᠯᠵᠢᠶ᠎ᠡ ᠬᠤᠳᠠᠯᠳᠣᠭᠠᠨ ᠤ ᠲᠡᠭᠡᠳᠦ | ᠰᠣᠷᠭᠠᠭᠤᠯᠢ ᠶᠢᠨ ᠠᠷᠠᠯᠵᠢᠶ᠎ᠡ ᠠᠵᠣ ᠠᠬᠤᠢ ᠶᠢᠨ ᠲᠣᠰᠬᠠᠢ ᠮᠡᠷᠭᠡᠵᠢᠯ ᠳᠤ ᠰᠣᠷᠣᠯᠴᠠᠪᠠ︔ | 200.07 — 2015.05 ᠣᠷᠳᠣᠰ ᠬᠤᠳᠠ ᠶᠢᠨ ᠡᠳ᠋ ᠤᠨ ᠵᠠᠰᠠᠭ ᠤᠨ ᠲᠣᠪᠴᠢᠶᠠᠨ ᠤ ᠠᠵᠣ | ᠠᠬᠤᠢ ᠶᠢᠨ ᠪᠠᠶᠢᠭᠤᠯᠣᠯᠳᠠ ᠶᠢᠨ ᠰᠠᠯᠠᠭᠠᠨ ᠤ ᠭᠡᠰᠢᠭᠦᠴᠢ ᠪᠠᠷ ᠠᠵᠢᠯᠯᠠᠪᠠ︔ 2006.04 ᠰᠠᠷ᠎ᠠ ᠳᠤ ᠲᠡᠳ᠋ | ᠡᠷᠬᠢᠯᠡᠭᠦ ᠭᠡᠰᠢᠭᠦᠴᠢ ᠶᠢᠨ ᠲᠣᠰᠢᠶᠠᠯ ᠡᠭᠦᠷᠭᠡᠯᠡᠪᠡ ︵ᠡᠨᠡ ᠬᠤᠭᠤᠴᠠᠭᠠᠨ ᠳᠤ᠄ 2004.06 — 2006.06 | ᠡᠳ᠋ ᠤᠨ ᠵᠠᠰᠠᠭ ᠤᠨ ᠶᠠᠮᠣᠨ ᠤ ᠡᠳ᠋ ᠤᠨ ᠶᠠᠪᠣᠳᠠᠯ ᠤᠨ ᠰᠢᠨᠵᠢᠯᠡᠭᠡ ᠮᠡᠷᠭᠡᠵᠢᠯ ᠤᠨ ᠰᠣᠳᠣᠯᠭᠠᠨ ᠤ ᠭᠠᠵᠠᠷ ᠤᠨ | ᠨᠢᠭᠳᠠᠯᠠᠨ ᠪᠣᠳᠣᠭᠴᠢ ᠶᠢᠨ ᠲᠣᠰᠬᠠᠢ ᠮᠡᠷᠭᠡᠵᠢᠯ ᠳᠤ ᠰᠣᠷᠣᠯᠴᠠᠪᠠ︶︔ | 2015.05 — 2021.06 ᠣᠷᠳᠣᠰ ᠬᠤᠳᠠ ᠶᠢᠨ ᠡᠳ᠋ ᠤᠨ ᠵᠠᠰᠠᠭ ᠲᠣᠪᠴᠢᠶᠠᠨ ᠤ ᠣᠯᠣᠰ ᠤᠨ | ᠬᠦᠮᠦᠷᠭᠡ ᠶᠢᠨ ᠰᠠᠯᠠᠭᠠᠨ ᠤ ᠲᠠᠷᠤᠭ᠎ᠠ ᠪᠠᠷ ᠠᠵᠢᠯᠯᠠᠪᠠ︔ | 2021.06 — 2021.07 ᠣᠳᠤᠭ ᠤᠨ ᠡᠮᠦᠨᠡᠳᠦ ᠬᠤᠰᠢᠭᠤᠨ ᠤ ᠵᠠᠰᠠᠭ ᠤᠨ ᠣᠷᠳᠣᠨ ᠤ | ᠬᠤᠰᠢᠭᠤ ᠲᠡᠳ᠋ ᠲᠠᠷᠤᠭ᠎ᠠ ᠪᠠᠷ ᠵᠢᠱᠢᠭᠳᠡᠪᠡ︔ | 2021.07 — ᠡᠳᠦᠭᠡ ᠪᠣᠯᠳᠠᠯ᠎ᠠ ᠣᠳᠤᠭ ᠤᠨ ᠡᠮᠦᠨᠡᠳᠦ ᠬᠤᠰᠢᠭᠤᠨ ᠤ ᠵᠠᠰᠠᠭ ᠤᠨ ᠣᠷᠳᠣᠨ ᠤ ᠲᠡᠳ᠋ | ᠬᠤᠰᠢᠭᠤ ᠲᠠᠷᠤᠭ᠎ᠠ ᠶᠢᠨ ᠲᠣᠰᠢᠶᠠᠯ ᠢ ᠡᠭᠦᠷᠭᠡᠯᠡᠵᠣ ᠪᠣᠢ᠃ |