ᠶᠠᠩ ᠵᠢᠢ ᠴᠢᠶᠠᠩ
ᠨᠡᠶᠢᠲᠡᠯᠡᠭᠰᠡᠨ ᠴᠠᠭ᠄
2021/12/9
    ᠶᠠᠩ ᠵᠢᠢ ᠴᠢᠶᠠᠩ᠄ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠲᠣᠭᠤᠶᠢᠯᠠᠩ ᠤᠨ ᠪᠦᠷᠢᠯᠳᠦᠭᠦᠨ᠂ ᠬᠤᠰᠢᠭᠤ ᠲᠡᠳ᠋ ᠲᠠᠷᠤᠭ᠎ᠠ     ᠬᠤᠪᠢᠳᠠᠨ ᠬᠠᠮᠢᠶᠠᠷᠬᠤ ᠠᠵᠢᠯ᠄ ᠶᠠᠩ ᠶᠢᠩ ᠰᠢᠨ ᠣᠷᠣᠯᠠᠭᠴᠢ ᠬᠤᠰᠢᠭᠤ ᠲᠠᠷᠤᠭ᠎ᠠ ᠶᠢ ᠬᠠᠪᠰᠣᠷᠣᠨ ᠠᠵᠣ ᠣᠶᠢᠯᠠᠳᠪᠦᠷᠢ ᠠᠵᠣ ᠠᠬᠤᠢ ᠶᠢᠨ ᠡᠷᠬᠢᠯᠳᠡ᠂ ᠦᠭᠡᠷᠡᠴᠢᠯᠡᠯᠳᠡ ᠪᠣᠯᠣᠨ ᠬᠦᠭᠵᠢᠭᠦᠯᠦᠯᠳᠡ᠂ ᠪᠠᠶᠢᠭᠠᠯᠠᠢ ᠶᠢᠨ ᠡᠬᠢ ᠪᠠᠶᠠᠯᠢᠭ᠂ ᠲᠤᠭ᠎ᠠ ᠪᠦᠷᠢᠳᠬᠡᠯ᠂ ᠠᠷᠠᠯᠵᠢᠶ᠎ᠡ ᠬᠤᠳᠠᠯᠳᠣᠯᠭ᠎ᠠ ᠭᠦᠢᠯᠭᠡᠭᠡ᠂ ᠰᠢᠨᠵᠢᠯᠡᠭᠡ ᠮᠡᠷᠭᠡᠵᠢᠯ ᠴᠢᠮᠡᠭᠡ ᠨᠡᠪᠳᠡᠷᠡᠯᠭᠡ᠂ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ᠂ ᠳ᠋ᠠᠶᠢᠲᠨ᠂ ᠡᠨᠧᠷᠬᠢ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠳᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃     ᠪᠣᠳᠠᠳᠠᠢ ᠬᠤᠪᠢᠳᠠᠨ ᠬᠠᠮᠢᠶᠠᠷᠬᠤ᠄ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ᠂ ᠬᠤᠰᠢᠭᠤ ᠬᠦᠭᠵᠢᠭᠦᠯᠦᠯᠲᠡ ᠪᠠ ᠥᠭᠡᠷᠡᠴᠢᠯᠡᠯᠲᠡ ᠤᠨ ᠵᠦᠪᠯᠡᠯ ︵ᠬᠤᠰᠢᠭᠤ ᠠᠮᠤ ᠪᠤᠳᠠᠭ᠎ᠠ ᠪᠠ ᠡᠳ᠋ ᠪᠠᠷᠠᠭ᠎ᠠ ᠨᠦᠭᠡᠴᠡᠯᠡᠬᠦ ᠲᠤᠪᠴᠢᠶ᠎ᠠ︶᠂ ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ ︵ᠬᠤᠰᠢᠭᠤ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ︶᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤ ᠲᠤᠭ᠎ᠠ ᠪᠦᠷᠢᠳᠬᠡᠯ ᠤᠨ ᠲᠣᠪᠴᠢᠶ᠎ᠠ᠂ ᠬᠤᠰᠢᠭᠤ ᠡᠨᠧᠷᠬᠢ ᠶᠢᠨ ᠲᠣᠪᠴᠢᠶ᠎ᠠ᠂ ᠬᠤᠰᠢᠭᠤ ᠳ᠋ᠠᠶᠢᠲᠨ ᠲᠦᠪ᠂ ᠦᠪᠦᠷ ᠮᠣᠩᠭᠤᠯ ᠤᠨ ᠣᠷᠳᠣᠰ ᠤᠨ ᠪᠠᠷᠠᠭᠤᠨ ᠪᠡᠶ᠎ᠡ ᠶᠢᠨ ᠡᠨᠧᠷᠬᠢ ᠶᠢᠨ ᠪᠦᠯᠦᠭᠯᠡᠯ ᠤᠨ ᠬᠢᠵᠠᠭᠠᠷᠳᠦ ᠬᠠᠷᠢᠭᠤᠴᠠᠯᠭ᠎ᠠ ᠶᠢᠨ ᠺᠣᠮᠫᠠᠨᠢ᠃     ᠲᠣᠪᠴᠢ ᠨᠠᠮᠳᠠᠷ᠄     ᠶᠠᠩ ᠵᠢᠢ ᠴᠢᠶᠠᠩ᠂ ᠡᠷᠡᠭᠳᠡᠢ᠂ ᠬᠢᠳᠠᠳ ᠦᠨᠳᠦᠰᠦᠳᠡᠨ᠂ 1983 ᠣᠨ ᠤ 8 ᠰᠠᠷ᠎ᠠ ᠳᠤ ᠲᠦᠷᠦᠪᠠ᠂ ᠭᠠᠨᠰᠦ ᠮᠣᠵᠢ ᠶᠢᠨ ᠬᠤᠸᠠᠨ ᠰᠢᠶᠠᠨ ᠤ ᠬᠦᠮᠦᠨ᠂ 2009 ᠣᠨ ᠤ 8 ᠰᠠᠷ᠎ᠠ ᠳᠤ ᠠᠵᠢᠯ ᠳᠤ ᠣᠷᠣᠵᠣ᠂ 2006 ᠣᠨ 6 ᠰᠠᠷ᠎ᠠ ᠳᠤ ᠲᠣᠮᠳᠠᠳᠦ ᠣᠯᠣᠰ ᠤᠨ ᠡᠪ ᠬᠠᠮᠳᠦ ᠨᠡᠮ ᠳᠤ ᠣᠷᠣᠪᠠ᠂ ᠠᠰᠫᠢᠷᠠᠨᠲ ᠤᠨ ᠰᠤᠷᠤᠯᠭ᠎ᠠ  ᠶᠢᠨ ᠨᠠᠮᠳᠠᠷ ᠲᠠᠢ᠃ ᠡᠳᠦᠭᠡ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠲᠣᠭᠤᠶᠢᠯᠠᠩ ᠤᠨ ᠪᠦᠷᠢᠯᠳᠦᠭᠦᠨ᠂ ᠬᠤᠰᠢᠭᠤ ᠲᠡᠳ᠋ ᠲᠠᠷᠤᠭ᠎ᠠ ᠶᠢᠨ ᠲᠣᠰᠢᠶᠠᠯ ᠢ ᠡᠭᠦᠷᠭᠡᠯᠡᠵᠣ ᠪᠣᠢ᠃     2006.09 — 2009.07 ᠱᠧᠨ᠋ᠶᠠᠩ ᠤᠨ ᠪᠡᠶ᠎ᠡ ᠲᠠᠮᠢᠷ ᠤᠨ ᠲᠡᠭᠡᠳᠦ ᠰᠣᠷᠭᠠᠭᠤᠯᠢ ᠶᠢᠨ ᠬᠦᠳᠡᠯᠭᠡᠭᠡᠨ ᠬᠢᠭᠡᠳ ᠬᠦᠮᠦᠨ ᠤ ᠪᠡᠶ᠎ᠡ ᠶᠢᠨ ᠰᠢᠨᠵᠢᠯᠡᠭᠦ ᠣᠬᠠᠭᠠᠨ ᠤ ᠲᠣᠰᠬᠠᠢ ᠮᠡᠷᠭᠡᠵᠢᠯ ᠳᠤ ᠰᠣᠷᠣᠯᠴᠠᠪᠠ︔     2009.07 — 2009.08 ᠠᠵᠢᠯ ᠬᠦᠯᠢᠶᠡᠪᠡ︔     2009.08 — 2012.11 ᠣᠷᠳᠣᠰ ᠬᠤᠳᠠ ᠶᠢᠨ ᠪᠡᠶ᠎ᠡ ᠲᠠᠮᠢᠷ ᠤᠨ ᠲᠣᠪᠴᠢᠶᠠᠨ ᠳᠤ ᠠᠵᠢᠯᠯᠠᠵᠣ᠂ 2012.05 ᠣᠯᠠᠨ ᠲᠦᠮᠠᠨ ᠤ ᠪᠡᠶ᠎ᠡ ᠲᠠᠮᠢᠷ ᠤᠨ ᠬᠦᠳᠡᠯᠭᠡᠭᠡᠨ ᠤ ᠲᠦᠪ ᠤᠨ ᠲᠡᠳ᠋ ᠡᠷᠬᠢᠯᠡᠭᠴᠢ ᠪᠠᠷ ᠠᠵᠢᠯᠯᠠᠪᠠ︔     2012.11 — 2021.06 ᠣᠷᠳᠣᠰ ᠬᠤᠳᠠ ᠶᠢᠨ ᠵᠣᠬᠢᠶᠠᠨ ᠪᠠᠶᠢᠭᠤᠯᠬᠤ ᠬᠡᠯᠳᠡᠰ ᠲᠤ ᠠᠵᠢᠯᠯᠠᠵᠣ᠂ 2014.05 ᠠᠯᠪᠠᠨ ᠭᠡᠷ ᠤᠨ ᠲᠡᠳ᠋ ᠡᠷᠬᠢᠯᠡᠭᠴᠢ ᠶᠢᠨ ᠲᠣᠰᠢᠶᠠᠯ ᠢ ᠡᠭᠦᠷᠭᠡᠯᠡᠵᠣ᠂ 2016.05 ᠡᠷᠬᠢᠯᠡᠬᠦ ᠬᠡᠰᠢᠬᠦᠴᠢ ᠪᠣᠯᠵᠣ᠂ 2018.02 ᠰᠣᠳᠣᠯᠭᠠᠨ ᠤ ᠲᠠᠰᠤᠭ ᠤᠨ ᠡᠷᠬᠢᠯᠡᠭᠴᠢ ᠪᠠᠷ ᠠᠵᠢᠯᠯᠠᠵᠣ᠂ 2021.03 ᠵᠣᠬᠢᠶᠠᠨ ᠪᠠᠶᠢᠭᠤᠯᠬᠤ ᠬᠤᠶᠠᠳᠣᠭᠠᠷ ᠰᠠᠯᠠᠭᠠᠨ ᠤ ᠲᠠᠷᠤᠭ᠎ᠠ ᠪᠠᠷ ᠠᠵᠢᠯᠯᠠᠪᠠ︔     2021.06 — 2021.07 ᠣᠳᠤᠭ ᠤᠨ ᠡᠮᠦᠨᠡᠳᠦ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠲᠡᠳ᠋ ᠲᠠᠷᠤᠭ᠎ᠠ ᠪᠠᠷ ᠵᠢᠱᠢᠭᠳᠡᠪᠡ︔     2021.07 — ᠡᠳᠦᠭᠡ ᠪᠣᠯᠳᠠᠯ᠎ᠠ ᠣᠳᠤᠭ ᠤᠨ ᠡᠮᠦᠨᠡᠳᠦ ᠬᠤᠰᠢᠭᠤᠨ ᠤ ᠵᠠᠰᠠᠭ ᠤᠨ ᠣᠷᠳᠣᠨ ᠤ ᠨᠠᠮ  ᠤᠨ ᠣᠳᠣᠷᠢᠳᠬᠤ ᠲᠣᠭᠤᠶᠢᠯᠠᠩ ᠤᠨ ᠪᠦᠷᠢᠯᠳᠦᠭᠦᠨ᠂ ᠬᠤᠰᠢᠭᠤ ᠲᠡᠳ᠋ ᠲᠠᠷᠤᠭ᠎ᠠ ᠶᠢᠨ ᠲᠣᠰᠢᠶᠠᠯ ᠢ ᠡᠭᠦᠷᠭᠡᠯᠡᠵᠣ ᠪᠣᠢ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号