3 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠪᠦᠷᠢᠨᠴᠢᠮᠡᠭ ᠶᠢᠰᠦᠳᠦᠭᠡᠷ | ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 144 ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠣᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ | ᠲᠠᠷᠤᠭ᠎ᠠ ᠦ᠋ ᠶᠦᠨ ᠵᠡᠷᠭᠡ ᠪᠠᠶᠢᠩᠭᠤ ᠶᠢᠨ ᠬᠤᠷᠢᠶᠠᠨ ᠤ ᠪᠠᠭ ᠤᠨ ᠬᠡᠰᠢᠭᠦᠳ ᠣᠷᠣᠯᠴᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠣᠯᠣᠰ ᠲᠦᠷᠦ ᠶᠢᠨ ᠲᠣᠪᠴᠢᠶᠠᠨ ᠤ | ᠬᠤᠷᠢᠨ ᠨᠠᠢᠮᠠᠳᠣᠭᠠᠷ ᠣᠳᠠᠭᠠᠨ ᠤ ᠬᠠᠮᠳᠦ ᠶᠢᠨ ᠰᠣᠷᠣᠯᠴᠠᠯᠭ᠎ᠠ ᠪᠠ ᠠᠷᠪᠠᠨ ᠭᠤᠷᠪᠠᠳᠣᠭᠠᠷ ᠬᠤᠭᠤᠴᠠᠭᠠᠨ ᠤ ᠪᠦᠬᠦ | ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠣᠳᠠᠭᠠᠨ ᠤ ᠬᠤᠷᠠᠯ ᠤᠨ | ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠬᠤᠷᠠᠯ ᠲᠡᠭᠡᠷᠡᠬᠢ ᠴᠢᠬᠤᠯᠠ ᠶᠠᠷᠢᠶᠠᠨ | ᠤ ᠵᠣᠷᠢᠭ ᠰᠠᠨᠠᠭ᠎ᠠ᠂ ᠦᠪᠡᠷᠳᠡᠭᠡᠨ ᠵᠠᠰᠠᠬᠤ ᠣᠷᠣᠨ ᠪᠣᠯᠣᠨ ᠬᠤᠳᠠ ᠶᠢᠨ ︽ᠬᠤᠶᠠᠷ ᠬᠤᠷᠠᠯ︾ ᠤᠨ ᠵᠣᠷᠢᠭ | ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠪᠦᠬᠦ ᠬᠤᠰᠢᠭᠤᠨ ᠤ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ | ᠰᠢᠯᠢᠳᠡᠭᠵᠢᠭᠦᠯᠬᠦ ᠠᠵᠢᠯ ᠪᠣᠯᠣᠨ ᠨᠠᠮ ᠪᠠᠶᠢᠭᠤᠯᠣᠭᠳᠠᠭᠰᠠᠨ 100 ᠵᠢᠯ ᠤᠨ ᠣᠢ ᠶᠢ ᠪᠡᠯᠡᠭᠯᠡᠬᠦ ᠮᠡᠳᠡᠭᠡᠯᠡᠯ ᠤᠨ | ᠣᠷᠠᠨ ᠵᠣᠬᠢᠶᠠᠯ᠂ ᠲᠧᠯᠸᠢᠰ ᠣᠯᠣᠰ ᠲᠦᠷᠦ ᠶᠢᠨ ᠰᠢᠭᠦᠮᠵᠢ ᠵᠣᠬᠢᠶᠠᠨ ᠪᠦᠳᠦᠭᠡᠬᠦ ᠬᠤᠯᠪᠣᠭᠳᠠᠯ ᠪᠦᠬᠦᠢ ᠬᠡᠷᠡᠭ | ᠣᠴᠢᠷ ᠢ ᠰᠣᠳᠣᠯᠣᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠣᠷᠣᠯᠴᠠᠨ ᠨᠠᠶᠢᠳᠠᠪᠦᠷᠢᠵᠢᠭᠤᠯᠵᠣ᠂ ᠦᠪᠡᠷᠳᠡᠭᠡᠨ ᠵᠠᠰᠠᠬᠤ ᠣᠷᠣᠨ ᠪᠣᠯᠣᠨ ᠬᠤᠳᠠ ᠶᠢᠨ ︽ᠬᠤᠶᠠᠷ ᠬᠤᠷᠠᠯ︾ ᠤᠨ | ᠵᠣᠷᠢᠭ ᠰᠠᠨᠠᠭ᠎ᠠ ᠶᠢ ᠲᠣᠣᠱᠯᠠᠭᠤᠯᠬᠤ ᠪᠠᠷ ᠣᠯᠣᠰ ᠲᠦᠷᠦ ᠶᠢᠨ ᠴᠢᠬᠤᠯᠠ ᠡᠭᠦᠷᠭᠡ ᠪᠠ ᠣᠷᠳᠦ ᠬᠤᠭᠤᠴᠠᠭᠠᠨ ᠤ | ᠪᠠᠶᠢᠯᠳᠣᠬᠤ ᠪᠣᠳᠣᠯᠭ᠎ᠠ ᠶᠢᠨ ᠡᠭᠦᠷᠭᠡ ᠪᠣᠯᠭᠠᠨ᠂ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠣ᠂ ᠰᠣᠷᠣᠯᠴᠠᠨ | ᠲᠣᠣᠱᠯᠠᠭᠤᠯᠬᠤ ᠠᠵᠢᠯ ᠤᠨ ᠣᠯᠣᠰ ᠲᠦᠷᠦ ᠶᠢᠨ ᠣᠬᠠᠮᠰᠠᠷ᠂ ᠦᠵᠡᠯ ᠰᠠᠨᠠᠭᠠᠨ ᠤ ᠣᠬᠠᠮᠰᠠᠷ ᠪᠣᠯᠣᠨ ᠣᠶᠢᠯᠠ | ᠠᠵᠢᠯᠯᠠᠭᠠᠨ ᠤ ᠣᠬᠠᠮᠰᠠᠷ ᠢᠶᠠᠨ ᠣᠯᠠᠮ ᠨᠢᠭᠡ ᠠᠯᠬᠤᠮ ᠲᠡᠭᠡᠭᠰᠢᠯᠡᠭᠦᠯᠦᠨ᠂ ᠲᠡᠭᠡᠳᠦ ᠱᠠᠳᠣᠨ ᠤ ᠡᠯ᠎ᠡ ᠲᠦᠷᠦᠯ ᠤᠨ | ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠮᠠᠨ ᠤ ᠬᠤᠰᠢᠭᠤᠨ ᠳᠤ ᠪᠦᠳᠦᠮᠵᠢᠳᠡᠢ ᠨᠠᠶᠢᠳᠠᠪᠦᠷᠢᠵᠢᠭᠤᠯᠬᠤ | ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃ | ᠬᠤᠷᠠᠯ ᠠᠴᠠ᠂ ᠦᠪᠡᠷᠳᠡᠭᠡᠨ ᠵᠠᠰᠠᠬᠤ ᠣᠷᠣᠨ ᠬᠤᠳᠠᠯᠳᠤᠭ᠎ᠠ ᠡᠵᠡᠩᠨᠡᠯᠳᠡ ᠶᠢᠨ ᠣᠷᠴᠢᠨ ᠤ | ᠰᠢᠯᠢᠳᠡᠭᠵᠢᠭᠦᠯᠦᠯᠳᠡ ᠶᠢ ᠦᠪᠦᠷ ᠮᠣᠩᠭᠤᠯ ᠤᠨ ︽ᠠᠷᠪᠠᠨ ᠲᠦᠷᠪᠡᠳᠦᠭᠡᠷ ᠲᠠᠪᠣᠨ ᠵᠢᠯ︾ ᠤᠨ ᠡᠬᠢᠯᠡᠯᠳᠡ᠂ ᠰᠢᠨ᠎ᠡ | ᠠᠶᠠᠨ ᠤ ᠭᠠᠷᠤᠭ᠎ᠠ ᠶᠢᠨ ᠲᠡᠷᠢᠭᠦᠨ ᠴᠢᠬᠤᠯᠠ ᠣᠯᠣᠰ ᠲᠦᠷᠦ ᠶᠢᠨ ᠡᠭᠦᠷᠭᠡ ᠪᠣᠯᠭᠠᠬᠤ ᠪᠠᠷ ᠲᠣᠭᠳᠠᠭᠠᠭᠰᠠᠨ | ᠪᠣᠯᠬᠤᠷ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ | ᠲᠦᠰᠦᠯ ᠤᠨ ᠠᠭᠤᠯᠭ᠎ᠠ ᠨᠠᠷᠢᠯᠢᠭ ᠪᠣᠳᠠᠳᠠᠢ᠂ ᠮᠠᠨ ᠤ ᠬᠤᠰᠢᠭᠤᠨ ᠤ ᠪᠣᠳᠠᠳᠦ ᠪᠠᠶᠢᠳᠠᠯ ᠳᠤ ᠨᠡᠶᠢᠴᠡᠭᠰᠡᠨ | ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠰᠢᠯᠢᠳᠡᠭᠵᠢᠭᠦᠯᠬᠦ ᠰᠢᠪᠳᠣᠯᠣᠯᠳᠠ ᠶᠢᠨ ᠠᠵᠢᠯᠯᠠᠭᠠᠨ ᠤ ᠲᠦᠰᠦᠯ ᠢ | ᠲᠣᠭᠳᠠᠭᠠᠭᠰᠠᠨ ᠪᠠᠶᠢᠨ᠎ᠠ᠃ ᠪᠦᠬᠦ ᠬᠤᠰᠢᠭᠤ ᠪᠠᠷ ᠢᠶᠠᠨ ᠠᠵᠢᠯ ᠤᠨ ᠨᠠᠶᠢᠳᠠᠪᠦᠷᠢᠵᠢᠭᠤᠯᠣᠯᠳᠠ ᠶᠢ ᠠᠬᠢᠭᠤᠯᠣᠨ᠂ | ᠬᠤᠰᠢᠭᠤᠨ ᠤ ᠡᠯ᠎ᠡ ᠱᠠᠳᠣᠨ ᠤ ᠡᠯ᠎ᠡ ᠰᠠᠯᠠᠭ᠎ᠠ ᠮᠦᠴᠢᠷ ᠦᠪᠡᠷᠰᠡᠳ ᠤᠨ ᠡᠭᠦᠷᠭᠡ ᠲᠣᠰᠢᠶᠠᠯ ᠢᠶᠠᠨ ᠰᠠᠶᠢᠳᠦᠷ | ᠭᠦᠢᠴᠡᠳᠬᠡᠵᠣ᠂ ᠪᠦᠬᠦ ᠬᠦᠴᠦᠨ ᠢᠶᠠᠷ ᠢᠶᠠᠨ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠰᠢᠯᠢᠳᠡᠭᠵᠢᠭᠦᠯᠬᠦ | ᠰᠢᠪᠳᠣᠯᠣᠯᠳᠠ ᠶᠢᠨ ᠠᠵᠢᠯᠯᠠᠭᠠᠨ ᠤ ᠪᠦᠳᠦᠮᠵᠢᠳᠡᠢ ᠨᠠᠶᠢᠳᠠᠪᠦᠷᠢᠵᠢᠭᠤᠯᠣᠯᠳᠠ ᠶᠢ ᠭᠤᠶᠢᠪᠢᠰᠢ ᠦᠭᠡᠢ ᠠᠬᠢᠭᠤᠯᠣᠨ᠂ | ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠳᠤ ᠬᠦᠴᠦᠨ ᠨᠡᠮᠡᠷᠢᠯᠡᠬᠦ ᠬᠡᠷᠡᠭᠳᠡᠢ ᠭᠡᠵᠣ | ᠵᠢᠭᠠᠭᠰᠠᠨ ᠪᠠᠶᠢᠨ᠎ᠠ᠃ | ᠬᠤᠷᠠᠯ ᠠᠴᠠ᠂ ᠣᠳᠤᠭ ᠤᠨ ᠡᠮᠦᠨᠡᠳᠦ ᠬᠤᠰᠢᠭᠤᠨ ᠤ ᠬᠤᠪᠢᠰᠬᠠᠯᠳᠦ ᠲᠡᠮᠴᠡᠯ ᠤᠨ ᠲᠡᠣᠬᠡ ᠪᠠᠷ ᠭᠤᠣᠯ | ᠰᠡᠳᠦᠪ ᠪᠣᠯᠭᠠᠨ᠂ ᠨᠠᠮ ᠪᠠᠶᠢᠭᠤᠯᠣᠭᠳᠠᠭᠰᠠᠨ 100 ᠵᠢᠯ ᠤᠨ ᠣᠢ ᠶᠢ ᠪᠡᠯᠡᠭᠯᠡᠬᠦ ᠮᠡᠳᠡᠭᠡᠯᠡᠯ ᠤᠨ ᠣᠷᠠᠨ ᠵᠣᠬᠢᠶᠠᠯ᠂ | ᠲᠧᠯᠸᠢᠰ ᠣᠯᠣᠰ ᠲᠦᠷᠦ ᠶᠢᠨ ᠰᠢᠭᠦᠮᠵᠢ ᠵᠣᠬᠢᠶᠠᠨ ᠪᠦᠳᠦᠭᠡᠵᠣ᠂ ᠬᠤᠰᠢᠭᠤᠨ ᠤ ᠬᠤᠪᠢᠰᠬᠠᠯᠳᠦ ᠬᠦᠮᠦᠵᠢᠯ ᠤᠨ | ᠡᠬᠢ ᠪᠠᠶᠠᠯᠢᠭ ᠳᠤ ᠪᠠᠨ ᠲᠦᠰᠢᠭᠯᠡᠨ ᠨᠠᠮ ᠤᠨ ᠲᠡᠣᠬᠡ ᠶᠢᠨ ᠰᠣᠷᠣᠯᠴᠠᠯᠭ᠎ᠠ ᠬᠦᠮᠦᠵᠢᠯ ᠤᠨ ᠰᠢᠨ᠎ᠡ ᠠᠷᠭ᠎ᠠ ᠠᠪᠴᠠᠯ | ᠪᠣᠯᠭᠠᠬᠤ ᠬᠡᠷᠡᠭᠳᠡᠢ᠃ ᠵᠣᠬᠢᠶᠠᠨ ᠪᠦᠳᠦᠭᠡᠬᠦ ᠶᠠᠪᠣᠴᠠ ᠳᠤ ᠪᠠᠨ ᠨᠠᠮ ᠤᠨ ᠲᠡᠣᠭᠡᠴᠢ ᠴᠢᠨᠠᠷᠳᠠᠢ ᠪᠦᠳᠦᠮᠵᠢ ᠪᠣᠯᠣᠨ | ᠠᠭᠤᠣ ᠶᠡᠭᠡ ᠵᠣᠷᠢᠭ ᠰᠠᠨᠠᠭ᠎ᠠ ᠶᠢ ᠲᠣᠪᠣᠶᠢᠯᠭᠠᠨ᠂ ᠬᠤᠪᠢᠰᠬᠠᠯᠳᠦ ᠬᠦᠮᠦᠵᠢᠯ ᠪᠣᠯᠪᠠᠰᠣᠷᠠᠯ ᠤᠨ ᠰᠠᠭᠤᠷᠢᠨ ᠭᠠᠵᠠᠷ | ᠤᠨ ᠪᠠᠶᠢᠭᠤᠯᠣᠯᠳᠠ ᠶᠢᠨ ᠣᠭ ᠰᠠᠨᠠᠭ᠎ᠠ ᠪᠠᠨ ᠪᠠᠳᠦ ᠪᠠᠷᠢᠮᠳᠠᠯᠠᠵᠣ᠂ ︽ᠶᠠᠭᠤᠨ ᠤ ᠲᠦᠯᠦᠭᠡ ᠪᠠᠶᠢᠭᠤᠯᠬᠤ᠂ | ᠶᠠᠭᠠᠬᠢᠵᠣ ᠪᠠᠶᠢᠭᠤᠯᠬᠤ᠂ ᠶᠠᠭᠠᠬᠢᠵᠣ ᠬᠡᠷᠡᠭᠯᠡᠬᠦ︾ ᠶᠢ ︽ᠠᠮᠢᠨ ᠰᠦᠨᠡᠰᠦ︾ ᠪᠣᠯᠭᠠᠬᠤ ᠶᠢ ᠪᠦᠬᠦ ᠶᠠᠪᠣᠴᠠ ᠳᠤ | ᠲᠣᠣᠱᠯᠠᠭᠤᠯᠣᠨ᠂ ᠬᠤᠪᠢᠰᠬᠠᠯᠳᠦ ᠬᠦᠮᠦᠵᠢᠯ ᠪᠣᠯᠪᠠᠰᠣᠷᠠᠯ ᠢ ᠨᠡᠩ ᠣᠳᠬ᠎ᠠ ᠠᠭᠤᠯᠭ᠎ᠠ ᠲᠠᠢ ᠪᠣᠯᠭᠠᠵᠣ᠂ | ᠬᠤᠪᠢᠰᠬᠠᠯ ᠤᠨ ᠦᠯᠢᠭᠡᠷ ᠲᠡᠣᠬᠡ ᠶᠢ ᠶᠠᠷᠢᠬᠤ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠬᠤᠪᠢᠰᠬᠠᠯ | ᠤᠨ ᠣᠳᠣᠮᠰᠢᠯ ᠢ ᠣᠯᠠᠮᠵᠢᠯᠠᠬᠤ ᠣᠶᠢᠯᠠᠳᠣᠯ ᠢᠶᠠᠨ ᠨᠡᠩ ᠪᠠᠳᠠᠷᠠᠭᠤᠯᠵᠣ᠂ ᠪᠦᠬᠦ ᠣᠷᠣᠨ ᠴᠢᠨᠠᠭᠰᠢᠯᠠᠭᠠᠳ ᠪᠦᠬᠦ | ᠣᠯᠣᠰ ᠲᠤ ᠢᠳᠡᠪᠬᠢᠳᠠᠢ ᠨᠦᠯᠦᠭᠡ ᠲᠣᠰᠬᠠᠯ ᠭᠠᠷᠭᠠᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃ | ᠬᠤᠷᠠᠯ ᠠᠴᠠ ᠪᠠᠰᠠ ᠪᠣᠰᠣᠳ ᠣᠴᠢᠷ ᠶᠠᠪᠤᠳᠠᠯ ᠢ ᠰᠣᠳᠣᠯᠪᠠ᠃ | ᠯᠢᠦ ᠶᠤᠸᠠᠨ᠂ ᠭᠤᠣ ᠷᠦᠩ ᠲᠠᠩ᠂ ᠶᠢᠣ ᠵᠢᠶᠦ᠋ᠨ ᠪᠣᠣ᠂ ᠬᠤᠰᠢᠭᠤ ᠠᠷᠠᠳ ᠤᠨ ᠵᠠᠰᠠᠭ ᠤᠨ ᠣᠷᠳᠣᠨ ᠤ | ᠬᠠᠮᠢᠶ᠎ᠠ ᠪᠦᠬᠦᠢ ᠣᠳᠣᠷᠢᠳᠣᠯᠭ᠎ᠠ ᠵᠢᠴᠢ ᠡᠯ᠎ᠡ ᠪᠠᠯᠭᠠᠰᠦ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ | ᠮᠦᠴᠢᠷ ᠤᠨ ᠬᠠᠷᠢᠭᠤᠴᠠᠯᠭᠠᠳᠠᠳ ᠰᠣᠯᠠ ᠣᠷᠣᠯᠴᠠᠪᠠ᠃ |